ᠵᠢᠨᠢᠩ ᠤᠨ ᠡᠷᠲᠡᠨ ᠤ ᠬᠤᠳᠠ
ᠨᠡᠶᠢᠲᠡᠯᠡᠭᠰᠡᠨ ᠴᠠᠭ᠄
2021/11/16
       ᠵᠢᠨᠢᠩ ᠤᠨ ᠡᠷᠲᠡᠨ ᠤ ᠬᠤᠲᠠ ᠳᠤ ᠨᠡᠶᠢᠲᠡ 16 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ 360 ᠮᠥ ᠲᠠᠯᠠᠪᠠᠶ ᠲᠠᠢ᠂ ᠪᠠᠷᠢᠯᠭ᠎ᠠ ᠶᠢᠨ ᠲᠠᠯᠠᠪᠠᠶ ᠨᠢ 30 ᠲᠦᠮᠡᠨ ᠲᠡᠭᠰᠢ ᠳᠥᠷᠪᠡᠯᠵᠢᠨ ᠮᠧᠲᠷ ᠪᠠᠶᠢᠨ᠎ᠠ᠃ ᠲᠥᠷᠥᠯ ᠵᠦᠶᠯ ᠢ ᠨᠡᠶᠢᠲᠡ ᠶᠢᠰᠦᠨ ᠲᠣᠮᠣ ᠬᠤᠳᠠᠯᠳᠤᠭᠠᠨ ᠤ ᠭᠠᠵᠠᠷ ᠬᠤᠪᠢᠶᠠᠵᠤ᠂ 2 ᠲᠦᠮᠡᠨ ᠲᠡᠭᠰᠢ ᠳᠥᠷᠪᠡᠯᠵᠢᠨ ᠮᠧᠲᠷ ᠤᠨ ᠳᠡᠭᠡᠳᠦ ᠲᠠᠰ ᠤᠨ ᠪᠠᠭᠤᠳᠠᠯ᠂ ᠶᠠᠪᠠᠭᠠᠨ ᠵᠡᠭᠡᠯᠢ᠂ ᠵᠣᠴᠢᠳ ᠤᠨ ᠪᠠᠭᠤᠳᠠᠯ ᠮᠠᠶ᠋ᠢᠭ ᠤᠨ ᠳᠡᠭᠡᠳᠦ ᠲᠠᠰ ᠤᠨ ᠨᠡᠶᠢᠲᠡ ᠶᠢᠨ ᠪᠠᠶᠢᠷᠢ ᠪᠠ ᠨᠠᠷᠠᠲᠤ ᠲᠡᠮᠳᠡᠭ ᠤᠨ ᠬᠡᠲᠦ ᠳᠡᠯᠭᠡᠭᠦᠷ᠂ 3 ᠲᠦᠮᠡᠨ ᠲᠡᠭᠰᠢ ᠳᠥᠷᠪᠡᠯᠵᠢᠨ ᠮᠧᠲᠷ ᠤᠨ ᠭᠤᠤᠯ ᠬᠦᠴᠦᠨ ᠤ ᠪᠦᠷᠢᠨ ᠪᠠᠷᠠᠭᠠᠲᠤ ᠳᠡᠯᠭᠡᠭᠦᠷ᠂ ᠵᠣᠴᠢᠳ ᠤᠨ ᠪᠠᠭᠤᠳᠠᠯ ᠮᠠᠶ᠋ᠢᠭ ᠤᠨ ᠳᠡᠭᠡᠳᠦ ᠲᠠᠰ ᠤᠨ ᠨᠡᠶᠢᠲᠡ ᠶᠢᠨ ᠪᠠᠶᠢᠷᠢ᠂ ᠰᠤᠪᠤᠳ ᠡᠷᠳᠡᠨᠢ ᠬᠠᠰ ᠡᠳ᠋ᠯᠡᠯ ᠵᠢᠴᠢ ᠡᠷᠲᠡᠨ ᠤ ᠡᠳ᠋ ᠥᠰᠥᠭ ᠵᠢᠷᠤᠭ ᠤᠨ ᠬᠤᠳᠠᠯᠳᠤᠭᠠᠨ ᠤ ᠲᠠᠯᠠᠪᠤᠷ᠂ ᠲᠣᠮᠣ ᠬᠡᠯᠪᠡᠷᠢ ᠶᠢᠨ ᠬᠡᠷ ᠤᠨ ᠬᠡᠷᠡᠭᠰᠡᠯ ᠪᠠ ᠬᠡᠷ ᠤᠨ ᠬᠡᠷᠡᠭᠰᠡᠯ ᠤᠨ ᠬᠤᠳᠠᠯᠳᠤᠭᠠᠨ ᠤ ᠲᠠᠯᠠᠪᠠᠶ᠂ ︽ᠮᠠᠨᠵᠤ ᠥᠪᠥᠷ ᠮᠣᠩᠭᠤᠯ ᠤᠨ ᠨᠢᠭᠡᠳᠦᠭᠡᠷ ᠠᠰᠠᠷ︾᠎ ᠢᠶᠠᠷ ᠰᠣᠶᠣᠯ ᠤᠨ ᠪᠠᠶᠢᠷᠢᠰᠢᠯ ᠪᠣᠯᠭᠠᠭᠰᠠᠨ ᠬᠤᠶᠠᠷ ᠲᠣᠮᠣ ᠡᠷᠲᠡᠨ ᠤ ᠪᠠᠷᠢᠯᠭ᠎ᠠ ᠨᠤᠭᠤᠳ ᠢ ᠪᠥᠲᠥᠭᠡᠨ ᠪᠠᠶᠢᠭᠤᠯᠵᠠᠢ᠃ ᠲᠤᠰ ᠲᠦᠷᠦᠯ ᠵᠦᠢᠯ ᠨᠢ ᠤᠯᠠᠭᠠᠨᠴᠠᠪ ᠤᠨ ᠭᠦᠨ ᠵᠤᠵᠠᠭᠠᠨ ᠰᠣᠶᠣᠯ ᠢᠷᠭᠡᠨᠰᠢᠯ᠂ ᠠᠷᠠᠯᠵᠢᠶ᠎ᠠ ᠬᠤᠳᠠᠯᠳᠤᠭ᠎ᠠ ᠵᠢᠴᠢ ᠲᠡᠦᠬᠡ ᠶᠢᠨ ᠠᠭᠤᠯᠬᠤᠨ ᠲᠠᠢ ᠤᠶᠠᠯᠳᠤᠭᠤᠯᠵᠤ᠂ ︽ᠪᠠᠷᠢᠯᠭ᠎ᠠ ᠪᠠᠷ ᠳᠦᠷᠰᠦ ᠪᠣᠯᠭᠠᠵᠤ᠂ ᠰᠣᠶᠣᠯ ᠢᠶᠠᠷ ᠰᠦᠭ ᠰᠦᠨᠡᠰᠦ ᠪᠣᠯᠭᠠᠬᠤ︾ ᠣᠶᠢᠯᠠᠭᠠᠭᠳᠠᠬᠤᠨ ᠢᠶᠠᠷ ᠡᠷᠲᠡᠨ ᠤ ᠪᠠᠷᠢᠯᠭ᠎ᠠ ᠶᠢᠨ ᠠᠭᠤᠯᠤᠭᠳᠠᠬᠤᠨ ᠢ ᠳᠠᠭᠤᠷᠢᠶᠠᠵᠤ᠂ ᠤᠳᠤ ᠦᠶ᠎ᠡ ᠶᠢᠨ ᠪᠠᠷᠢᠯᠭ᠎ᠠ ᠶᠢᠨ ᠣᠨᠴᠠᠯᠢᠭ ᠲᠠᠢ ᠤᠶᠠᠯᠳᠤᠭᠤᠯᠵᠤ᠂ ᠬᠤᠳᠠᠯᠳᠤᠭ᠎ᠠ᠂ ᠰᠣᠶᠣᠯ᠂ ᠵᠤᠭᠠᠴᠠᠯ ᠢ ᠨᠢᠭᠡ ᠴᠤᠬᠴᠠᠵᠢᠭᠤᠯᠤᠬᠰᠠᠨ ᠲᠤᠮᠤ ᠬᠡᠯᠪᠡᠷᠢ ᠶᠢᠨ ᠬᠤᠳᠠ ᠶᠢᠨ ᠴᠢᠳᠠᠮᠵᠢᠳᠤ ᠰᠣᠶᠣᠯ ᠢᠷᠭᠡᠨᠰᠢᠯ ᠤᠨ ᠡᠷᠲᠡᠨ ᠤ ᠬᠢ ᠶᠢ ᠳᠠᠭᠤᠷᠢᠶᠠᠭᠰᠠᠨ ᠬᠤᠳᠠᠯᠳᠤᠭᠠᠨ ᠤ ᠶᠡᠷᠦᠩᠬᠡᠶᠢᠯᠡᠭᠰᠡᠨ ᠴᠣᠭᠴᠠ  ᠪᠤᠯᠤᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2