ᠺᠠᠩ ᠬᠠᠶ ᠷᠦᠢ ᠰᠢᠲᠠᠭᠠᠯᠭ᠎ᠠ ᠶᠢᠨ ᠨᠡᠭᠦᠷᠡᠰᠦᠨ ᠤ  ᠳᠠᠷᠠᠬᠠᠢ ᠰᠢᠲᠠᠭᠠᠯᠭ᠎ᠠ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/11/16
      11 ᠰᠠᠷ᠎ᠠ ᠶᠢᠨ 14᠎ ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠲᠣᠭᠤᠷᠢᠭ ᠤᠨ ᠳᠠᠷᠤᠭ᠎ᠠ ᠺᠠᠩ ᠬᠠᠶ ᠷᠦᠢ ᠪᠠᠶᠢᠴᠠᠭᠠᠨ ᠰᠤᠳᠤᠯᠬᠤ ᠳᠤᠭᠤᠶᠢᠯᠠᠩ ᠢ ᠳᠠᠭᠠᠭᠤᠯᠤᠨ ᠤᠷᠢᠳ ᠬᠤᠵᠢᠳ ᠰᠢᠩ ᠬᠥᠩ ᠵᠠᠮ ᠤᠨ ᠢᠯᠴᠢ ᠶᠢᠨ ᠬᠦᠴᠦᠨ ᠤ ᠺᠣᠮᠫᠠᠨᠢ ᠶᠢᠨ ᠴᠡᠪᠡᠷ ᠨᠡᠭᠦᠷᠡᠰᠦ ᠪᠣᠷᠣᠯᠠᠭᠤᠯᠬᠤ ᠴᠡᠭ᠂ ᠹᠦ᠋ ᠱᠸᠦ ᠭᠠᠩ  ᠲᠡᠮᠦᠷ ᠵᠠᠮ ᠤᠨ ᠶᠡᠭᠡ ᠬᠦᠷᠢᠶᠡᠨ ᠤ ᠴᠡᠪᠡᠷ ᠨᠡᠭᠦᠷᠡᠰᠦ ᠪᠣᠷᠣᠯᠠᠭᠤᠯᠬᠤ ᠴᠡᠭ᠂ ᠪᠠᠷᠠᠭᠤᠨ ᠬᠤᠶᠢᠲᠤ ᠶᠢᠨ ᠴᠠᠬᠢᠯᠭᠠᠨ ᠬᠦᠴᠦᠨ ᠤ ᠬᠦᠷᠢᠶᠡᠨ ᠤ ᠴᠡᠪᠡᠷ ᠨᠡᠭᠦᠷᠡᠰᠦ ᠪᠣᠷᠣᠯᠠᠭᠤᠯᠬᠤ ᠴᠡᠭ ᠲᠤ ᠬᠦᠷᠴᠦ᠂  ᠴᠢᠶᠣᠤ ᠰᠢ  ᠪᠠᠷᠠᠭᠤᠨ ᠬᠦᠷᠢᠶᠡᠯᠡᠩ ᠤᠨ  ᠪᠠᠶᠢᠰᠢᠩ ᠲᠣᠭᠤᠷᠢᠭ᠂ ᠰᠢᠨ ᠲᠢ ᠵᠠᠮ ᠤᠨ 165 ᠳ᠋ᠤᠭᠠᠷ ᠨᠣᠮᠧᠷᠲᠤ ᠪᠠᠶᠢᠰᠢᠩ ᠲᠣᠭᠤᠷᠢᠭ᠂ ᠴᠠᠩ ᠴᠢᠩ ᠵᠡᠭᠡᠯᠢ ᠭᠤᠳᠤᠮᠵᠢ ᠶᠢᠨ ᠡᠦ ᠯᠦ ᠨᠡᠶᠢᠭᠡᠮ ᠲᠣᠭᠤᠷᠢᠭ ᠤᠨ ᠬᠢᠨ ᠰᠢᠲᠠᠭᠠᠯᠭ᠎ᠠ ᠶᠢᠨ ᠨᠡᠭᠦᠷᠡᠰᠦ ᠶᠢ ᠲᠠᠷᠠᠬᠠᠢ ᠰᠢᠲᠠᠭᠠᠬᠤ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠤᠨ ᠲᠤᠬᠠᠢ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠵᠡᠢ᠃ ᠲᠡᠷᠡ ᠴᠢᠬᠤᠯᠠᠴᠢᠯᠠᠭᠰᠠᠨ ᠨᠢ  ᠂ ᠴᠡᠪᠡᠷ ᠨᠡᠭᠦᠷᠡᠰᠦ ᠶᠢ ᠳᠡᠯᠭᠡᠷᠡᠭᠦᠯᠦᠨ ᠬᠡᠷᠡᠭᠯᠡᠬᠦ ᠠᠵᠢᠯ ᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢᠨ  ᠬᠡᠯᠬᠢᠶ᠎ᠡ  ᠶᠢ ᠴᠢᠩᠭ᠎ᠠ ᠳᠠᠷᠤᠵᠤ᠂ ᠨᠠᠷᠢᠨ ᠣᠨᠣᠪᠴᠢᠲᠠᠢ ᠪᠠᠷ ᠡᠬᠡ ᠳᠠᠩᠰᠠ ᠪᠠᠶᠢᠭᠤᠯᠵᠤ᠂ ᠤᠯᠠᠨ ᠲᠦᠮᠡᠨ ᠢ ᠵᠥᠪ ᠬᠦᠳᠦᠯᠦᠨ ᠵᠢᠯᠣᠭᠤᠳᠴᠤ᠂ ᠠᠷᠠᠳ ᠤᠯᠠᠨ ᠤ ᠳᠤᠯᠠᠭᠠᠨ ᠪᠦᠯᠢᠶᠡᠨ ᠡᠪᠦᠯᠵᠢᠬᠦ᠂ ᠠᠷᠢᠭᠤᠨ ᠴᠡᠪᠡᠷ ᠢᠶᠠᠷ ᠡᠪᠦᠯᠵᠢᠬᠦ᠂ ᠠᠮᠤᠷ ᠲᠦᠪᠰᠢᠨ ᠢᠶᠠᠷ ᠡᠪᠦᠯᠵᠢᠬᠦ ᠶᠢ ᠪᠠᠲᠤᠯᠠᠬᠤ ᠬᠡᠷᠡᠭᠲᠡᠢ ᠭᠡᠵᠡᠢ  ᠃       《ᠠᠷᠢᠭᠤᠨ ᠴᠡᠪᠡᠷ ᠨᠡᠭᠦᠷᠡᠰᠦ ᠶᠢ ᠳᠡᠯᠭᠡᠷᠡᠭᠦᠯᠦᠨ ᠬᠡᠷᠡᠭᠯᠡᠭᠰᠡᠨ ᠪᠠᠶᠢᠳᠠᠯ ᠶᠠᠮᠠᠷ ᠪᠠᠶᠢᠨ᠎ᠠ︖ 》   ︽《 ᠵᠠᠰᠠᠭ ᠤᠨ ᠣᠷᠳᠣᠨ ᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠨᠢ ᠰᠠᠭᠤᠭᠠᠯᠢ ᠠᠷᠠᠳ ᠤᠨ ᠰᠠᠨᠠᠭᠠᠨ ᠳᠤ ᠨᠡᠶᠢᠴᠡᠨ᠎ᠡ  ᠤᠤ ᠦᠭᠡᠶ  ᠤᠤ᡼  》  ᠲᠤᠬᠠᠢ ᠺᠠᠩ ᠬᠠᠶ ᠷᠦᠢ ᠴᠡᠪᠡᠷ ᠨᠡᠭᠦᠷᠡᠰᠦ ᠪᠣᠷᠣᠯᠠᠭᠤᠯᠬᠤ ᠡᠯ᠎ᠡ ᠴᠡᠭ ᠲᠤ ᠬᠦᠷᠴᠦ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠢ ᠰᠣᠨᠣᠰᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠡᠪᠡᠷ ᠨᠡᠭᠦᠷᠡᠰᠦᠨ ᠤ ᠬᠠᠩᠭᠠᠯᠭ᠎ᠠ ᠶᠢᠨ ᠢᠷᠡᠯᠲᠡ᠂ ᠵᠠᠬ᠎ᠠ ᠳᠡᠯᠭᠡᠭᠦᠷ ᠤᠨ ᠦᠨ᠎ᠡ ᠬᠠᠩᠰᠢ᠂ ᠣᠯᠠᠨ ᠲᠦᠮᠡᠨ ᠤ ᠬᠤᠳᠠᠯᠳᠤᠨ ᠠᠪᠬᠤ ᠲᠤᠭ᠎ᠠ ᠬᠡᠮᠵᠢᠶ᠎ᠡ ᠵᠢᠴᠢ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠲᠤᠬᠠᠶ ᠶᠢᠨ ᠲᠠᠯᠠᠪᠤᠷ ᠲᠤᠨᠢ ᠬᠤᠯᠪᠣᠭᠳᠠᠯ ᠪᠥᠬᠦᠶ ᠠᠰᠠᠭᠤᠳᠠᠯ ᠢ ᠵᠣᠬᠢᠴᠠᠭᠤᠯᠤᠨ ᠰᠢᠶᠳᠪᠦᠷᠢᠯᠡᠪᠡ᠃ ᠲᠡᠷᠡ ᠵᠢᠭᠠᠭᠰᠠᠨ ᠨᠢ᠂ ᠰᠢᠲᠠᠭᠠᠯᠭ᠎ᠠ ᠶᠢ ᠶᠡᠷᠦᠩᠬᠡᠶᠢᠯᠡᠨ ᠵᠠᠰᠠᠬᠤ ᠠᠵᠢᠯ ᠨᠢ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠳᠤ ᠬᠤᠯᠪᠣᠭᠳᠠᠵᠤ᠂ ᠣᠯᠠᠨ ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠪᠣᠯᠤᠨ ᠵᠣᠯ ᠵᠢᠷᠭᠠᠯ ᠤᠨ ᠵᠢᠭᠠᠯᠲᠠ ᠲᠤᠭ᠎ᠠ ᠳᠤ ᠬᠤᠯᠪᠣᠭᠳᠠᠵᠤ᠂ ᠴᠢᠬᠤᠯᠠ ᠶᠡᠭᠡ ᠣᠷᠴᠢᠨ ᠠᠬᠤᠶ ᠶᠢᠨ ᠢᠨᠵᠧᠨᠧᠷᠢᠩ ᠪᠣᠯᠬᠤ ᠪᠥᠭᠡᠳ ᠪᠠᠰᠠ ᠴᠤ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠶᠤᠮ᠃ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠮᠢᠶ᠎ᠠ ᠪᠦᠬᠦᠢ ᠲᠦᠷᠦ ᠶᠢᠨ ᠪᠤᠳᠤᠯᠭ᠎ᠠ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠵᠦ᠂ ᠴᠡᠪᠡᠷ ᠨᠡᠭᠦᠷᠡᠰᠦᠨ ᠤ ᠬᠠᠩᠭᠠᠯᠭ᠎ᠠ ᠶᠢᠨ  ᠴᠡᠭ ᠤᠨ ᠶᠠᠰᠤ ᠴᠢᠨᠠᠷ ᠤᠨ ᠪᠠᠲᠤᠯᠠᠪᠤᠷᠢ ᠶᠢᠨ  ᠰᠢᠰᠲ᠋ᠧᠮ ᠢ ᠴᠢᠨᠠᠭᠰᠢᠳᠠ ᠪᠦᠷᠢᠨᠰᠢᠬᠦᠯᠵᠦ᠂ ᠬᠦᠴᠢᠷ ᠢ ᠰᠦᠷᠦᠨ ᠤᠷᠤᠭᠰᠢᠯᠠᠵᠤ᠂ ᠤᠨᠢᠨ ᠳᠡᠭᠡᠷ᠎ᠡ ᠨᠢ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠵᠤ᠂ ᠪᠠᠶᠢᠭᠤᠯᠤᠮᠵᠢ ᠲᠣᠭᠲᠠᠴᠠ ᠶᠢ ᠲᠡᠭᠦᠯᠳᠡᠷᠵᠢᠭᠦᠯᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠬᠠᠷᠢᠭᠤᠴᠠᠯᠭ᠎ᠠ ᠶᠢᠨ ᠬᠡᠯᠬᠢᠶ᠎ᠡ ᠶᠢ ᠪᠣᠳᠠᠲᠠᠶᠢᠵᠢᠭᠤᠯᠵᠤ᠂ ᠨᠡᠭᠦᠷᠡᠰᠦ  ᠬᠤᠳᠠᠯᠳᠤᠨ ᠣᠷᠣᠭᠤᠯᠤᠭᠰᠠᠨ ᠡᠬᠡ ᠲᠠᠩᠰᠠ ᠪᠣᠯᠤᠨ ᠴᠡᠪᠡᠷ ᠨᠡᠭᠦᠷᠡᠰᠦ ᠶᠢ ᠦᠶᠯᠡᠳᠪᠦᠷᠢᠯᠡᠵᠦ ᠪᠣᠷᠣᠯᠠᠭᠤᠯᠤᠭᠰᠠᠨ ᠡᠬᠡ ᠲᠠᠩᠰᠠ ᠶᠢ ᠪᠠᠶᠢᠭᠤᠯᠤᠨ ᠪᠦᠷᠢᠨᠰᠢᠬᠦᠯᠵᠦ᠂ ᠪᠣᠷᠣᠯᠠᠭᠤᠯᠤᠭᠰᠠᠨ ᠲᠤᠭ᠎ᠠ ᠬᠡᠮᠵᠢᠶ᠎ᠡ᠂ ᠦᠶᠯᠡᠳᠬᠦᠨ ᠤ ᠪᠥᠭᠡᠮ ᠤᠨ ᠳ᠋ᠤᠭᠠᠷ᠂ ᠬᠤᠳᠠᠯᠳᠤᠨ ᠠᠪᠤᠭᠰᠠᠨ ᠪᠠ ᠪᠣᠷᠣᠯᠠᠭᠤᠯᠤᠭᠰᠠᠨ ᠨᠢᠭᠡᠴᠡ ᠵᠡᠷᠭᠡ ᠶᠢᠨ ᠮᠡᠳᠡᠭᠡ ᠵᠠᠩᠭᠢ ᠶᠢᠨ ᠲᠡᠮᠳᠡᠭᠯᠡᠯ ᠢ ᠰᠠᠶᠢᠲᠤᠷ ᠬᠢᠵᠦ᠂ ᠨᠡᠭᠦᠷᠡᠰᠦ ᠬᠤᠳᠠᠯᠳᠤᠨ ᠠᠪᠤᠭᠰᠠᠨ ᠡᠷᠦᠬᠡ ᠶᠢᠨ ᠬᠢᠷᠢ ᠬᠡᠮ ᠢ ᠴᠢᠩᠭ᠎ᠠ ᠬᠢᠨᠠᠨ ᠪᠠᠶᠢᠴᠠᠭᠠᠵᠤ᠂ ᠴᠡᠪᠡᠷ ᠨᠡᠭᠦᠷᠡᠰᠦ ᠬᠡᠷᠡᠭᠯᠡᠬᠦ ᠨᠥᠬᠦᠴᠡᠯ ᠳᠤ ᠨᠡᠶᠢᠴᠡᠬᠦ ᠶᠢ ᠦᠨᠡᠨᠬᠦ ᠪᠠᠲᠤᠯᠠᠵᠤ᠂ ᠨᠡᠭᠦᠷᠡᠰᠦᠨ ᠤ ᠢᠷᠡᠯᠲᠡ ᠶᠢ ᠨᠡᠬᠡᠮᠵᠢᠯᠡᠨ ᠪᠠᠶᠢᠴᠠᠭᠠᠵᠤ ᠪᠣᠯᠬᠤ᠂ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠬᠤ ᠬᠡᠷᠡᠭᠲᠡᠶ᠃ ᠴᠢᠶᠣᠤ ᠰᠢ ᠶᠢᠨ ᠪᠠᠷᠠᠭᠤᠨ ᠶᠡᠭᠡ ᠬᠦᠷᠢᠶᠡᠨ ᠤ ᠪᠠᠶᠢᠰᠢᠩ ᠬᠡᠷ ᠤᠨ ᠲᠣᠭᠤᠷᠢᠭ ᠤᠨ ᠬᠠᠷᠢᠶ᠎ᠠ ᠴᠢᠶᠣᠤ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠲᠦᠩ ᠵᠢᠶᠠ ᠨᠡᠶᠢᠭᠡᠮ ᠲᠣᠭᠤᠷᠢᠭ ᠲᠤ᠂ ᠤᠳᠤ 90 ᠰᠢᠬᠠᠮ ᠬᠡᠷ ᠪᠠᠶᠢᠰᠢᠩ ᠲᠠᠢ᠂ ᠰᠦᠩ ᠬᠦᠢ ᠷᠦᠩ ᠨᠠᠰᠤᠲᠠᠨ ᠠᠳᠡ ᠰᠠᠭᠤᠵᠤ ᠪᠤᠢ᠂ ᠨᠠᠰᠤᠲᠠᠨ ᠤ ᠬᠡᠯᠡᠬᠦ ᠪᠠᠷ᠂ 2018 ᠣᠨ ᠤ ᠡᠪᠦᠯ ᠠᠴᠠ ᠡᠬᠢᠯᠡᠨ ᠲᠡᠷᠡ ᠨᠢᠭᠡᠨᠲᠡ ᠴᠡᠪᠡᠷ ᠨᠡᠭᠦᠷᠡᠰᠦ ᠬᠡᠷᠡᠭᠯᠡᠵᠡᠢ᠃ ︽ᠨᠥᠬᠦᠪᠥᠷᠢ ᠮᠥᠩᠭᠦ ᠶᠢ ᠣᠯᠤᠭᠰᠠᠨ  ᠤᠤ︖ ᠡᠳᠦᠷ ᠪᠦᠷᠢ ᠶᠢᠨ ᠶᠡᠭᠡ ᠲᠥᠯᠥᠪ ᠵᠠᠷᠤᠳᠠᠯ ᠨᠢ ᠬᠡᠳᠦᠶ ᠪᠤᠢ︖︾ ᠺᠠᠩ ᠬᠠᠢ ᠷᠦᠢ  ᠂ ᠰᠦᠩ ᠬᠦᠢ ᠷᠦᠩ ᠤᠨ ᠭᠡᠷ ᠲᠤ ᠨᠠᠰᠤᠲᠠᠨ ᠲᠠᠢ ᠳᠣᠲᠣᠨᠣ ᠪᠠᠷ ᠶᠠᠷᠢᠯᠴᠠᠵᠤ᠂ ᠥᠪᠡᠷ ᠤᠨ ᠦᠷᠳᠡᠭ ᠤᠨ ᠳᠠᠩᠰᠠ᠂ ᠡᠷᠡᠭᠦᠯ ᠬᠠᠮᠠᠭᠠᠯᠠᠯ ᠤᠨ ᠳᠠᠩᠰᠠ᠂ ᠠᠮᠤᠷ ᠲᠦᠪᠰᠢᠨ ᠤ ᠳᠠᠩᠰᠠ ᠶᠢ ᠬᠠᠮᠲᠤ ᠪᠠᠷ ᠪᠤᠳᠤᠬᠤ ᠶᠢᠨ ᠬᠠᠮᠲᠤ ᠴᠡᠪᠡᠷ ᠨᠡᠭᠦᠷᠡᠰᠦ ᠶᠢᠨ ᠬᠡᠷᠡᠭᠯᠡᠯᠲᠡ ᠶᠢᠨ ᠠᠮᠤᠷ ᠲᠦᠪᠰᠢᠨ ᠢ ᠡᠷᠬᠡᠪᠰᠢ ᠠᠩᠬᠠᠷᠬᠤ ᠬᠡᠷᠡᠭᠲᠡᠢ ᠭᠡᠵᠦ ᠵᠠᠬᠢᠪᠠ᠃ ᠺᠠᠩ ᠬᠠᠶ ᠷᠦᠢ ᠱᠠᠭᠠᠷᠳᠠᠭᠰᠠᠨ ᠨᠢ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠴᠡᠪᠡᠷ ᠨᠡᠭᠦᠷᠡᠰᠦ ᠶᠢ ᠳᠡᠯᠭᠡᠷᠡᠭᠦᠯᠬᠦ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠡᠭᠦᠷᠭᠡ ᠪᠠᠨ ᠨᠠᠷᠢᠯᠢᠬᠵᠢᠭᠤᠯᠤᠨ᠂ ᠬᠦᠴᠦ ᠪᠠᠨ ᠬᠠᠮᠲᠤᠳᠬᠠᠨ ᠪᠡᠷᠬᠡ ᠰᠡᠳᠦᠪ ᠢ ᠰᠢᠶᠳᠪᠦᠷᠢᠯᠡᠵᠦ᠂ ᠪᠠᠯᠠ ᠣᠷᠣᠭᠤᠯᠤᠯᠲᠠ ᠶᠢᠨ ᠥᠪᠡᠷ ᠤᠨ ᠥᠷᠲᠡᠭ ᠢ ᠨᠠᠷᠢᠨ ᠨᠢᠮᠪᠠᠶ ᠲᠥᠰᠦᠭᠡᠯᠡᠨ ᠪᠤᠳᠤᠵᠤ᠂ ᠲᠤᠭ᠎ᠠ ᠪᠦᠷᠢᠳᠬᠡᠯ ᠤᠨ ᠬᠡᠷᠡᠭᠴᠡᠭᠡ ᠶᠢ ᠨᠠᠷᠢᠨ ᠨᠢᠮᠪᠠᠶ ᠰᠠᠶᠢᠲᠤᠷ ᠬᠢᠵᠦ᠂ ᠰᠠᠭᠤᠭᠠᠯᠢ ᠠᠷᠠᠳ ᠤᠨ ᠴᠡᠪᠡᠷ ᠨᠡᠭᠦᠷᠡᠰᠦ ᠪᠠᠷ ᠡᠪᠦᠯ ᠢ ᠳᠤᠯᠠᠭᠠᠬᠠᠨ ᠥᠩᠭᠡᠷᠡᠭᠦᠯᠬᠦ ᠶᠢ ᠪᠠᠲᠤᠯᠠᠬᠤ ᠬᠡᠷᠡᠭᠲᠡᠶ ᠭᠡᠵᠡᠶ᠃ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂  ᠲᠧᠯᠸᠢᠰ ᠠᠯᠪᠠᠨ ᠵᠠᠷ᠂  ᠷᠠᠳᠢᠣ᠋ ᠨᠡᠪᠲᠡᠷᠡᠭᠦᠯᠭᠡ  ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠴᠡᠪᠡᠷ ᠨᠡᠭᠦᠷᠡᠰᠦ ᠬᠡᠷᠡᠭᠯᠡᠬᠦ ᠶᠢᠨ ᠴᠢᠬᠤᠯᠠ ᠠᠴᠢ ᠬᠤᠯᠪᠣᠭᠳᠠᠯ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠵᠢᠴᠢ ᠠᠮᠤᠷ ᠲᠦᠪᠰᠢᠨ ᠢᠶᠠᠷ ᠬᠡᠷᠡᠭᠯᠡᠬᠦ ᠳᠤ ᠠᠩᠬᠠᠷᠬᠤ ᠵᠦᠶᠯᠡᠰ ᠢ ᠥᠷᠭᠡᠨ ᠢᠶᠠᠷ ᠤᠬᠠᠭᠤᠯᠤᠨ ᠳᠡᠯᠭᠡᠷᠡᠭᠦᠯᠵᠦ᠂ ᠣᠯᠠᠨ ᠲᠦᠮᠡᠨ ᠳᠤ ᠴᠡᠪᠡᠷ ᠨᠡᠭᠦᠷᠡᠰᠦ ᠶᠢ ᠵᠥᠪ ᠲᠠᠨᠢᠭᠤᠯᠵᠤ᠂ ᠠᠮᠤᠷ ᠲᠦᠪᠰᠢᠨ ᠢᠶᠠᠷ ᠬᠡᠷᠡᠭᠯᠡᠭᠦᠯᠬᠦ ᠬᠡᠷᠡᠭᠲᠡᠶ ᠭᠡᠵᠡᠢ  ᠃  
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2