ᠵᠢᠨᠢᠩ ᠲᠣᠭᠤᠷᠢᠭ ︽ᠮᠢᠩᠭᠠᠨ ᠭᠠᠯᠪᠠ ᠶᠢᠨ ᠮᠣᠷᠢᠨ ᠤ ᠮᠠᠭᠲᠠᠭᠤ︾ ᠲᠥᠷᠥᠯ ᠵᠦᠶᠯ ᠢ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/11/16
       10 ᠰᠠᠷ᠎ᠠ ᠶᠢᠨ 15᠎ ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ︽ᠮᠢᠩᠭᠠᠨ ᠭᠠᠯᠪᠠ ᠶᠢᠨ ᠮᠣᠷᠢᠨ ᠤ ᠮᠠᠭᠲᠠᠭᠤ︾ ᠲᠥᠷᠥᠯ ᠵᠦᠶᠯ ᠢ ᠠᠬᠢᠭᠤᠯᠬᠤ ᠠᠵᠢᠯ ᠤᠨ ᠶᠠᠷᠢᠯᠴᠠᠬᠤ ᠬᠤᠷᠠᠯ ᠬᠤᠷᠠᠯᠳᠤᠵᠤ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠰᠡᠳᠬᠢᠮᠵᠢ ᠪᠠ ᠠᠷᠭ᠎ᠠ ᠬᠡᠮᠵᠢᠶ᠎ᠡ ᠶᠢ ᠭᠦᠨᠵᠡᠭᠡᠶ ᠰᠤᠳᠤᠯᠤᠨ ᠶᠠᠷᠢᠯᠴᠠᠵᠤ᠂ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠬᠠᠮᠲᠤ ᠪᠠᠷ ᠰᠤᠳᠤᠯᠤᠨ ᠰᠢᠶᠳᠪᠦᠷᠢᠯᠡᠵᠦ᠂ ᠲᠥᠷᠥᠯ ᠵᠦᠶᠯ ᠤᠨ ᠠᠬᠢᠴᠠ ᠪᠠᠨ ᠲᠦᠷᠭᠡᠳᠬᠡᠨ᠂ ᠠᠯᠢ ᠲᠦᠷᠭᠡᠨ ᠢᠶᠠᠷ ᠪᠣᠳᠠᠲᠠᠶ ᠳᠤ ᠨᠠᠶᠢᠳᠠᠪᠤᠷᠢᠵᠢᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠶᠢ ᠠᠬᠢᠭᠤᠯᠪᠠ᠃       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠤᠨ ᠨᠠᠮ ᠤᠨ ᠬᠤᠷᠢᠶᠠᠨ ᠤ ᠱᠦᠵᠢ᠂ ᠬᠤᠷᠢᠶᠠᠨ ᠳᠠᠷᠤᠭ᠎ᠠ ᠯᠢ ᠯᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠢᠩᠬᠢᠮ ᠤᠨ ᠳᠠᠷᠤᠭ᠎ᠠ ᠰᠢᠨ ᠨᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ᠊·  ᠳᠠᠯᠠᠨᠲᠠᠢ ᠶᠠᠷᠢᠯᠴᠠᠬᠤ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠪᠠ᠃       ᠲᠤᠭᠤᠷᠢᠭ ᠤᠨ ᠤᠳᠤᠷᠢᠳᠤᠯᠭ᠎ᠠ ᠯᠢ ᠵᠢᠩ᠂ ᠵᠠᠩ ᡁᠢ ᠷᠦᠩ ᠵᠢᠴᠢ ᠬᠤᠳᠠ᠂ ᠲᠣᠭᠤᠷᠢᠭ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠶᠠᠷᠢᠯᠴᠠᠬᠤ ᠬᠤᠷᠠᠯ ᠳᠤ ᠣᠷᠣᠯᠴᠠᠵᠠᠢ᠃       ᠶᠠᠷᠢᠯᠴᠠᠬᠤ ᠬᠤᠷᠠᠯ ᠳᠡᠭᠡᠷ᠎ᠡ᠂ ᠵᠢᠨᠢᠩ ᠲᠣᠭᠤᠷᠢᠭ ᠤᠨ ᠭᠦᠸᠧ ᠷᠦᠩ ᠺᠣᠮᠫᠠᠨᠢ ᠶᠢᠨ ᠬᠠᠷᠢᠭᠤᠴᠠᠯᠭᠠᠲᠠᠨ ︽ᠮᠢᠩᠭᠠᠨ ᠭᠠᠯᠪᠠ ᠶᠢᠨ ᠮᠣᠷᠢᠨ ᠤ ᠮᠠᠭᠲᠠᠭᠤ︾ ᠰᠣᠶᠣᠯ ᠵᠢᠭᠤᠯᠴᠢᠯᠠᠯ ᠤᠨ ᠲᠥᠷᠥᠯ ᠵᠦᠶᠯ ᠤᠨ ᠠᠬᠢᠴᠠ ᠶᠢᠨ ᠪᠠᠶᠢᠳᠠᠯ ᠢ ᠬᠠᠷᠢᠭᠤ ᠮᠡᠳᠡᠭᠦᠯᠵᠦ᠂ ᠬᠤᠷᠠᠯ ᠳᠤ ᠣᠷᠣᠯᠴᠠᠭᠰᠠᠳ ᠥᠪᠡᠷ ᠥᠪᠡᠷ ᠤᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠥᠷᠥᠯ ᠵᠦᠶᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠤᠨ ᠪᠠᠶᠢᠳᠠᠯ ᠵᠢᠴᠢ ︽ᠮᠢᠩᠭᠠᠨ ᠭᠠᠯᠪᠠ ᠶᠢᠨ ᠮᠣᠷᠢᠨ ᠤ ᠮᠠᠭᠲᠠᠭᠤ︾ ᠲᠥᠷᠥᠯ ᠵᠦᠶᠯ ᠢ ᠤᠷᠤᠭᠰᠢᠲᠠᠶ ᠨᠠᠶᠢᠳᠠᠪᠤᠷᠢᠵᠢᠭᠤᠯᠤᠭᠰᠠᠨ ᠵᠡᠷᠭᠡ ᠶᠠᠪᠤᠳᠠᠯ ᠤᠨ ᠲᠤᠬᠠᠶ ᠰᠠᠨᠠᠯ ᠢᠶᠠᠨ ᠭᠦᠨᠵᠡᠭᠡᠶ ᠰᠣᠯᠢᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠰᠠᠶᠢᠲᠤᠷ ᠬᠢᠬᠦ ᠳᠤ ᠰᠡᠳᠬᠢᠴᠡ ᠪᠠᠨ ᠲᠣᠳᠣᠷᠬᠠᠶᠢᠯᠠᠵᠤ᠂ ᠵᠢᠯᠣᠭᠤᠳᠣᠯᠭ᠎ᠠ ᠬᠠᠩᠭᠠᠪᠠ᠃          ᠯᠢ ᠯᠢ  ᠵᠢᠭᠠᠭᠰᠠᠨ ᠨᠢ᠂ ︽ᠪᠡᠭᠡᠵᠢᠩ ᠠᠴᠠ ᠪᠠᠷᠠᠭᠤᠨᠰᠢ ᠨᠢᠭᠡ ᠠᠯᠬᠤᠮ ᠶᠠᠪᠤᠪᠠᠯ ᠳᠠᠷᠤᠢ ᠤᠯᠠᠭᠠᠨᠴᠠᠪ ᠪᠣᠯᠤᠨ᠎ᠠ︾᠂ ᠤᠯᠠᠭᠠᠨᠴᠠᠪ ᠬᠤᠳᠠ ᠶᠢᠨ ᠵᠢᠨᠢᠩ ᠲᠣᠭᠤᠷᠢᠭ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠪᠠ ᠰᠠᠶᠢᠨ ᠰᠠᠶᠢᠬᠠᠨ ᠵᠤᠭᠠᠴᠠᠯ᠂ ᠰᠣᠶᠣᠯ ᠤᠨ ᠰᠠᠭᠤᠷᠢ ᠲᠥᠬᠦᠭᠡᠷᠦᠮᠵᠢ ᠲᠠᠢ ᠪᠠᠶᠢᠵᠤ᠂ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠯᠦᠭᠡ ᠰᠣᠶᠣᠯ᠂ ᠵᠤᠭᠠᠴᠠᠯ ᠤᠨ ᠦᠢᠯᠡᠰ ᠵᠡᠷᠭᠡ ᠲᠠᠯ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠬᠤ ᠳᠤ ᠪᠠᠶᠢᠭᠠᠯᠢ ᠶᠢᠨ ᠨᠥᠬᠦᠴᠡᠯ ᠪᠠ ᠰᠠᠶᠢᠨ ᠰᠠᠶᠢᠬᠠᠨ ᠰᠠᠭᠤᠷᠢ ᠲᠠᠢ ᠶᠤᠮ᠃ ᠬᠠᠮᠲᠤᠷᠠᠯᠴᠠᠭᠠᠨ ᠤ ᠡᠬᠢ ᠪᠠᠶᠠᠯᠢᠭ ᠦᠷᠭᠦᠯᠵᠢᠯᠡᠨ ᠥᠷᠭᠡᠳᠴᠦ᠂ ᠬᠠᠮᠲᠤᠷᠠᠯᠴᠠᠭᠠᠨ ᠤ ᠨᠥᠬᠦᠴᠡᠯ ᠲᠠᠰᠤᠷᠠᠯᠲᠠ ᠥᠬᠡᠶ ᠪᠣᠯᠪᠠᠰᠤᠷᠠᠩᠭᠤᠶ ᠪᠣᠯᠬᠤ ᠶᠢ ᠳᠠᠭᠠᠯᠳᠤᠨ᠂ ᠬᠤᠶᠠᠷ ᠲᠠᠯ᠎ᠠ ᠪᠠᠷ ᠢᠶᠠᠨ ︽ᠮᠢᠩᠭᠠᠨ ᠭᠠᠯᠪᠠ ᠶᠢᠨ ᠮᠣᠷᠢᠨ ᠤ  ᠮᠠᠭᠲᠠᠭᠤ︾᠎  ᠲᠣᠭᠯᠠᠯᠲᠠ ᠶᠢᠨ ᠲᠥᠷᠥᠯ ᠵᠦᠶᠯ ᠢ ᠬᠥᠭᠵᠢᠭᠦᠯᠦᠨ ᠴᠡᠴᠡᠭᠯᠡᠭᠦᠯᠬᠦ ᠶᠢ ᠦᠷᠭᠦᠯᠵᠢᠯᠡᠨ ᠬᠠᠮᠲᠤ ᠶᠢᠨ ᠬᠠᠷᠠᠯᠲᠠ ᠪᠣᠯᠭᠠᠵᠤ᠂ ᠵᠠᠬ᠎ᠠ ᠳᠡᠯᠭᠡᠭᠦᠷ ᠤᠨ ᠦᠶᠯᠡᠴᠢᠯᠡᠭᠡᠨ ᠤ ᠡᠲᠡᠭᠡᠳ᠂ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ᠂ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠲᠥᠰᠦᠪᠯᠡᠯ ᠵᠡᠷᠭᠡ ᠣᠯᠠᠨ ᠲᠠᠯ᠎ᠠ ᠶᠢᠨ ᠠᠭᠤᠯᠭ᠎ᠠ ᠳᠤ ᠨᠢᠭᠡᠳᠦᠯᠲᠡᠶ ᠲᠥᠯᠥᠪᠵᠢᠭᠦᠯᠭᠡ ᠬᠢᠵᠦ᠂ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠬᠤ᠂ ᠣᠨᠴᠠᠯᠢᠭᠲᠤ ᠡᠬᠢ ᠪᠠᠶᠠᠯᠢᠭ ᠢ ᠠᠭᠤᠳᠠᠯᠬᠤ᠂ ᠵᠢᠭᠤᠯᠴᠢᠯᠠᠯ ᠤᠨ ᠪᠦᠲᠦᠭᠡᠭᠳᠡᠬᠦᠨ ᠢ ᠪᠠᠶᠠᠯᠢᠭᠵᠢᠭᠤᠯᠬᠤ ᠵᠡᠷᠭᠡ ᠠᠮᠢᠳᠤᠯᠢᠭ ᠣᠯᠠᠨ ᠶᠠᠩᠵᠤ ᠶᠢᠨ ᠠᠷᠭ᠎ᠠ ᠬᠡᠯᠪᠡᠷᠢ ᠪᠠᠷ ᠲᠥᠷᠥᠯ ᠵᠦᠶᠯ ᠤᠨ ᠰᠢᠨ᠎ᠡ ᠶᠢ ᠡᠭᠦᠳᠬᠦ ᠬᠠᠮᠲᠤᠷᠠᠯᠴᠠᠭ᠎ᠠ ᠬᠥᠭᠵᠢᠯᠲᠡ ᠶᠢ ᠦᠨᠡᠨ ᠬᠦ ᠠᠬᠢᠭᠤᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠪᠠᠳᠠᠷᠠᠭᠤᠯᠵᠤ᠂ ︽ᠮᠢᠩᠭᠠᠨ ᠭᠠᠯᠪᠠ ᠶᠢᠨ ᠮᠣᠷᠢᠨ ᠤ ᠮᠠᠭᠲᠠᠭᠠᠯ︾᠎ ᠤᠨ ᠲᠣᠭᠯᠠᠯᠲᠠ ᠶᠢᠨ ᠲᠥᠷᠥᠯ ᠵᠦᠶᠯ ᠢ ᠥᠪᠥᠷ ᠮᠣᠩᠭᠤᠯ ᠠᠴᠠ ᠭᠠᠷᠭᠠᠵᠤ᠂ ᠪᠥᠬᠦ ᠤᠯᠤᠰ ᠲᠤ ᠬᠠᠨᠳᠤᠭᠤᠯᠬᠤ ᠶᠢ ᠬᠦᠰᠡᠵᠦ ᠪᠠᠶᠢᠨ᠎ᠠ᠃         ᠰᠢᠨ᠎ᠡ ᠶᠠᠷᠢᠶᠠᠨ ᠳᠠᠭᠠᠨ᠂ ︽ᠮᠢᠩᠭᠠᠨ ᠭᠠᠯᠪᠠ ᠶᠢᠨ ᠮᠤᠷᠢᠨ ᠤ  ᠮᠠᠭᠲᠠᠭᠤ︾᠎  ᠲᠦᠷᠦᠯ ᠵᠦᠢᠯ ᠨᠢ ᠳᠤᠮᠳᠠᠳᠤ ᠤᠯᠤᠰ ᠤᠨ ᠠᠩᠬᠠᠳᠠᠭᠴᠢ ᠲᠤᠮᠤ ᠬᠡᠯᠪᠡᠷᠢ ᠶᠢᠨ ᠠᠳᠤᠭᠤᠨ ᠰᠣᠶᠣᠯ ᠤᠨ ᠪᠦᠷᠢᠨ ᠦᠵᠡᠮᠵᠢ ᠶᠢᠨ ᠬᠡᠯᠪᠡᠷᠢ ᠶᠢᠨ ᠲᠣᠭᠯᠠᠯᠲᠠ ᠪᠣᠯᠤᠭᠰᠠᠨ ᠤ ᠬᠤᠪᠢ ᠳᠤ᠂ ᠥᠪᠡᠷᠲᠡᠭᠡᠨ ᠵᠠᠰᠠᠬᠤ ᠣᠷᠣᠨ ᠤ ᠠᠳᠤᠭᠤᠨ ᠰᠣᠶᠣᠯ ᠤᠨ ᠪᠡᠯᠭᠡ ᠲᠡᠮᠳᠡᠭ ᠤᠨ ᠴᠢᠨᠠᠷᠲᠠᠢ ᠲᠦᠷᠦᠯ ᠲᠡᠮᠳᠡᠭ ᠪᠣᠯᠤᠨ᠎ᠠ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠪᠠᠳᠠᠷᠠᠭᠤᠯᠬᠤ ᠂ ᠰᠣᠶᠣᠯ ᠤᠨ ᠬᠥᠭᠵᠢᠯ ᠴᠡᠴᠡᠭᠯᠡᠯ ᠤᠨ ᠦᠵᠡᠮᠵᠢ ᠶᠢᠨ ᠣᠷᠣᠨ ᠢ ᠴᠣᠭᠴᠠᠯᠠᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠪᠣᠯᠤᠨ ᠵᠢᠨᠢᠩ ᠲᠣᠭᠤᠷᠢᠭ ᠬᠠᠮᠲᠤᠷᠠᠯᠴᠠᠭ᠎ᠠ ᠬᠢᠵᠦ ᠬᠠᠮᠲᠤ ᠪᠠᠷ ᠠᠰᠢᠭ ᠬᠦᠷᠳᠡᠬᠦ ᠤᠷᠢᠲᠠᠯ ᠳᠣᠣᠷ᠎ᠠ᠂ ᠬᠤᠳᠠ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠲᠠᠢ ᠤᠶᠠᠯᠳᠤᠭᠤᠯᠵᠤ᠂ ᠣᠷᠣᠨ ᠨᠤᠲᠤᠭ ᠤᠨ ᠤᠨᠴᠠᠯᠢᠬᠳᠤ ᠰᠣᠶᠣᠯ ᠤᠨ ᠡᠬᠢ ᠪᠠᠶᠠᠯᠢᠭ ᠤᠨ ᠳᠠᠪᠠᠭᠤᠯᠢᠭ ᠲᠤ ᠰᠠᠭᠤᠷᠢᠯᠠᠵᠤ᠂ ᠠᠵᠤ ᠠᠬᠤᠢ ᠨᠡᠶᠢᠭᠡᠮ ᠤᠨ ᠵᠣᠬᠢᠴᠠᠩᠭᠤᠢ ᠬᠥᠭᠵᠢᠯᠲᠡ ᠶᠢᠨ ᠰᠢᠨ᠎ᠡ ᠣᠶᠢᠯᠠᠭᠠᠭᠳᠠᠬᠤᠨ᠂ ᠰᠢᠨ᠎ᠡ ᠰᠡᠳᠬᠢᠴᠡ ᠶᠢ ᠪᠠᠲᠤ ᠪᠤᠢ ᠪᠣᠯᠭᠠᠵᠤ᠂ ︽ᠮᠢᠩᠭᠠᠨ ᠭᠠᠯᠪᠠ ᠶᠢᠨ ᠮᠤᠷᠢᠨ ᠤ  ᠮᠠᠭᠲᠠᠭᠤ ︾᠎ ᠢ ᠦᠷᠭᠦᠯᠵᠢᠯᠡᠬᠦ ᠬᠥᠭᠵᠢᠯᠲᠡ ᠶᠢᠨ ᠲᠦᠷᠤᠯ ᠵᠦᠢᠯ ᠪᠣᠯᠭᠠᠨ ᠪᠦᠳᠤᠬᠡᠨ ᠪᠠᠶᠢᠭᠤᠯᠵᠤ᠂ ᠦᠷᠭᠦᠯᠵᠢᠯᠡᠨ ᠰᠢᠯᠢᠳᠡᠭᠵᠢᠭᠦᠯᠵᠦ᠂ ᠲᠥᠰᠦᠯ ᠢᠶᠠᠨ ᠨᠠᠷᠢᠯᠢᠬᠵᠢᠭᠤᠯᠵᠤ᠂ ᠲᠥᠯᠥᠪᠵᠢᠭᠦᠯᠭᠡ ᠪᠠᠨ ᠨᠡᠩ ᠰᠢᠨᠵᠢᠯᠡᠬᠦ ᠤᠬᠠᠭᠠᠨᠴᠢ᠂ ᠨᠡᠩ ᠵᠦᠢ ᠵᠣᠬᠢᠰᠲᠠᠢ᠂ ᠨᠡᠩ ᠲᠡᠭᠦᠯᠳᠡᠷ ᠪᠣᠯᠭᠠᠵᠤ᠂ ᠣᠷᠣᠨ ᠨᠤᠲᠤᠭ ᠤᠨ ᠰᠣᠶᠣᠯ ᠤᠨ ᠠᠵᠤ ᠦᠢᠯᠡᠰ ᠪᠣᠯᠤᠨ ᠵᠤᠭᠠᠴᠠᠯ ᠤᠨ ᠦᠢᠯᠡᠰ ᠤᠨ ᠭᠦᠨᠵᠡᠭᠡᠢ ᠠᠭᠤᠰᠤᠯᠴᠠᠯ ᠢ ᠴᠢᠨᠠᠭᠰᠢᠳᠠ ᠠᠬᠢᠭᠤᠯᠬᠤ ᠬᠡᠷᠡᠭᠲᠡᠢ ᠭᠡᠵᠡᠢ  ᠃     ᠴᠢ᠊·  ᠳᠠᠯᠠᠨᠲᠠᠢ  ᠂ ᠯᠢ ᠯᠢ ᠨᠡᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ︽ᠮᠢᠩᠭᠠᠨ ᠭᠠᠯᠪᠠ ᠶᠢᠨ ᠮᠤᠷᠢᠨ ᠤ  ᠮᠠᠭᠲᠠᠭᠤ︾᠎  ᠲᠦᠷᠦᠯ ᠵᠦᠢᠯ ᠪᠣᠯ ᠥᠪᠡᠷᠲᠡᠭᠡᠨ ᠵᠠᠰᠠᠬᠤ ᠣᠷᠣᠨ ᠤ ᠰᠣᠶᠣᠯ ᠤᠨ ᠠᠵᠤ ᠦᠢᠯᠡᠰ ᠤᠨ ᠭᠤᠣᠯᠳᠠᠯᠭ᠎ᠠ ᠲᠠᠢ ᠲᠦᠷᠦᠯ ᠵᠦᠢᠯ ᠪᠣᠯᠤᠨ᠎ᠠ᠂ ᠰᠣᠶᠣᠯ ᠪᠠ ᠵᠢᠭᠤᠯᠴᠢᠯᠠᠯ ᠭᠦᠨᠵᠡᠭᠡᠢ ᠠᠭᠤᠰᠤᠯᠴᠠᠭᠰᠠᠨ ᠪᠦᠬᠦ ᠦᠵᠡᠮᠵᠢ ᠶᠢᠨ ᠮᠠᠶ᠋ᠢᠭ ᠤᠨ ᠲᠤᠮᠤ ᠬᠡᠯᠪᠡᠷᠢ ᠶᠢᠨ ᠮᠤᠷᠢᠨ ᠪᠥᠵᠢᠭᠲᠦ ᠵᠦᠴᠦᠭᠡ ᠪᠣᠯᠤᠨ᠎ᠠ᠃ ᠲᠥᠰᠦᠯ ᠢ ᠤᠷᠤᠭᠰᠢᠲᠠᠶ  ᠨᠠᠶᠢᠳᠠᠪᠤᠷᠢᠵᠢᠭᠤᠯᠵᠤ᠂ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠵᠢᠭᠤᠯᠴᠢᠯᠠᠯ ᠤᠨ ᠦᠶᠯᠡᠰ ᠤᠨ ᠪᠠᠶᠢᠳᠠᠯ ᠢ ᠪᠠᠶᠠᠯᠢᠭᠵᠢᠭᠤᠯᠤᠨ᠎ᠠ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠂ ᠮᠠᠰᠢ ᠴᠢᠬᠤᠯᠠ ᠠᠬᠢᠭᠤᠯᠬᠤ ᠪᠠ ᠲᠠᠲᠠᠬᠤ ᠦᠶᠯᠡᠳᠦᠯ ᠦᠵᠡᠭᠦᠯᠦᠨ᠎ᠡ᠂ ᠬᠤᠶᠠᠷ ᠲᠠᠯ᠎ᠠ ᠪᠠᠷ ᠢᠶᠠᠨ ᠣᠨᠣᠪᠴᠢᠲᠠᠶ ᠵᠠᠳᠠᠯᠤᠯᠲᠠ ᠬᠢᠬᠦ ᠬᠡᠷᠡᠭᠲᠡᠶ᠂ ᠤᠯᠤᠰ ᠎ ᠤᠨ ᠳᠣᠲᠣᠭᠠᠳᠤ ᠶᠢᠨ ᠲᠣᠮᠣ ᠬᠡᠯᠪᠡᠷᠢ ᠶᠢᠨ ᠵᠦᠴᠦᠭᠡ ᠶᠢᠨ ᠰᠠᠶᠢᠨ ᠲᠤᠷᠰᠢᠯᠭ᠎ᠠ ᠶᠢ ᠨᠠᠷᠢᠨ ᠬᠢᠨᠠᠮᠠᠭᠠᠶ ᠳ᠋ᠦᠩᠨᠡᠬᠦ ᠬᠡᠷᠡᠭᠲᠡᠶ᠂ ᠰᠠᠶᠢᠨ ᠠᠷᠭ᠎ᠠ᠂ ᠬᠤᠶᠠᠷ ᠲᠠᠯ᠎ᠠ ᠶᠢᠨ ᠲᠥᠷᠥᠯ ᠵᠦᠶᠯ ᠤᠨ ᠬᠠᠮᠲᠤᠷᠠᠯᠴᠠᠭᠠᠨ ᠤ ᠵᠠᠭᠪᠤᠷ ᠢ ᠢᠳᠡᠪᠬᠢᠲᠡᠶ ᠰᠤᠳᠤᠯᠤᠨ ᠰᠦᠪᠡᠭᠴᠢᠯᠡᠨ᠎ᠡ᠂ ᠡᠵᠡᠩᠨᠡᠯᠲᠡ ᠶᠢᠨ ᠵᠠᠭᠪᠤᠷ ᠵᠢᠴᠢ ᠪᠡᠯᠡ ᠣᠷᠣᠭᠤᠯᠤᠯᠲᠠ ᠶᠢᠨ ᠵᠠᠭᠪᠤᠷ᠂ ᠣᠨᠣᠪᠴᠢᠲᠠᠶ ᠪᠠᠶᠢᠷᠢ ᠲᠣᠭᠲᠠᠭᠠᠬᠤ᠂ ᠤᠷᠢᠳᠴᠢᠯᠠᠨ ᠲᠥᠯᠥᠪᠯᠡᠬᠦ᠂ ᠲᠤᠰᠬᠠᠶ ᠮᠡᠷᠭᠡᠵᠢᠯ ᠤᠨ ᠡᠵᠡᠩᠨᠡᠯᠲᠡ ᠶᠢᠨ ᠪᠦᠯᠬᠦᠮ ᠢ ᠣᠷᠣᠭᠤᠯᠤᠨ ᠠᠪᠴᠢᠷᠠᠬᠤ ᠪᠠᠷ ᠳᠠᠮᠵᠢᠨ᠂ ᠰᠢᠨᠵᠢᠯᠡᠬᠦ ᠤᠬᠠᠭᠠᠨᠴᠢ ᠪᠠᠷ ᠬᠠᠮᠲᠤᠷᠠᠨ ᠠᠵᠢᠯᠯᠠᠬᠤ ᠲᠣᠭᠲᠠᠴᠠ ᠶᠢ ᠪᠠᠶᠢᠭᠤᠯᠬᠤ ᠵᠡᠷᠭᠡ ᠠᠷᠭ᠎ᠠ᠂ ᠣᠷᠣᠨ ᠨᠤᠲᠤᠭ ᠤᠨ ᠣᠨᠴᠠᠯᠢᠭ ᠲᠠᠢ ᠲᠣᠮᠣ ᠬᠡᠯᠪᠡᠷᠢ ᠶᠢᠨ ᠮᠣᠷᠢᠨ ᠪᠥᠵᠢᠭᠲᠦ ᠵᠦᠴᠦᠭᠡ ᠶᠢ ᠪᠦᠬᠦ ᠬᠦᠴᠦᠨ ᠢᠶᠠᠷ ᠢᠶᠠᠨ ᠴᠣᠭᠴᠠᠯᠠᠨ᠎ᠠ  ᠃ ᠵᠢᠨᠢᠩ ᠲᠣᠭᠤᠷᠢᠭ ᠲᠤᠰ ᠤᠳᠠᠭ᠎ᠠ ᠶᠢᠨ ᠶᠠᠷᠢᠯᠴᠠᠬᠤ ᠬᠤᠷᠠᠯ ᠢᠶᠠᠷ ᠠᠵᠠ ᠲᠣᠬᠢᠶᠠᠯ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠢᠯᠠᠩᠭᠤᠶ᠎ᠠ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠯᠦᠭᠡ ᠶᠢᠨ ᠤᠯᠤᠯᠴᠠᠭ᠎ᠠ ᠵᠣᠯᠭᠠᠯᠴᠠᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠲᠤᠰᠬᠠᠢ ᠠᠩᠬᠢ ᠶᠢᠨ ᠲᠤᠰᠬᠠᠢ ᠬᠥᠮᠦᠨ ᠬᠠᠷᠢᠭᠤᠴᠠᠨ ᠲᠦᠷᠦᠯ ᠵᠦᠢᠯ ᠢ ᠠᠬᠢᠭᠤᠯᠵᠤ᠂ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠬᠠᠮᠤᠭ ᠤᠨ ᠶᠡᠭᠡ ᠴᠢᠷᠮᠠᠶᠢᠯᠭ᠎ᠠ ᠪᠠᠷ ᠰᠢᠢᠳᠪᠦᠷᠢᠯᠡᠵᠦ᠂ ᠲᠦᠷᠦᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ᠂ ᠡᠷᠲᠡᠬᠡᠨ ᠡᠬᠢᠯᠡᠭᠦᠯᠵᠦ᠂ ᠡᠷᠲᠡᠬᠡᠨ ᠲᠣᠭᠯᠠᠬᠤ ᠪᠠᠷ ᠴᠢᠷᠮᠠᠶᠢᠨ᠎ᠠ ᠭᠡᠵᠦ ᠢᠯᠡᠳᠬᠡᠪᠡ᠃      ᠣᠶᠢᠯᠠᠭᠠᠭᠰᠠᠨ ᠢᠶᠠᠷ᠂ ᠤᠯᠠᠭᠠᠨᠴᠠᠪ ᠤᠨ ᠮᠣᠩᠭᠤᠯ ᠮᠣᠷᠢᠨ ᠮᠠᠭᠲᠠᠭᠠᠯ ᠤᠨ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠬᠦᠷᠢᠶᠡᠯᠡᠩ ᠤᠨ ᠲᠥᠷᠥᠯ ᠵᠦᠶᠯ ᠤᠨ ᠶᠡᠷᠦᠩᠬᠡᠶ ᠲᠠᠯᠠᠪᠠᠶ ᠨᠢ ᠪᠠᠷᠤᠭ 94000 ᠲᠡᠭᠰᠢ ᠳᠥᠷᠪᠡᠯᠵᠢᠨ ᠮᠧᠲᠷ ᠪᠠᠶᠢᠵᠤ᠂ ᠮᠣᠷᠢᠨ ᠮᠡᠷᠭᠡᠵᠢᠯ ᠤᠨ ᠤᠷᠤᠯᠳᠤᠭᠠᠨ᠂ ᠮᠣᠷᠢᠨ ᠮᠡᠷᠭᠡᠵᠢᠯ ᠤᠨ ᠲᠣᠭᠯᠠᠯᠲᠠ᠂ ᠮᠣᠷᠢᠨ ᠮᠡᠷᠭᠡᠵᠢᠯ ᠤᠨ ᠪᠣᠯᠪᠠᠰᠤᠷᠠᠯ᠂ ᠤᠨᠤᠵᠤ ᠨᠠᠭᠠᠳᠬᠤ᠂ ᠢᠳᠡᠭᠡᠨ ᠤᠮᠳᠠᠭᠠᠨ ᠬᠤᠳᠠᠯᠳᠤᠨ ᠠᠪᠬᠤ ᠵᠡᠷᠭᠡ ᠣᠯᠠᠨ ᠵᠦᠶᠯ ᠤᠨ ᠵᠤᠭ᠎ᠠ ᠴᠡᠩᠭᠡᠯ ᠢ ᠨᠢᠭᠡ ᠴᠣᠭᠴᠠᠵᠢᠭᠤᠯᠤᠭᠰᠠᠨ ᠶᠡᠷᠦᠩᠬᠡᠶᠢᠯᠡᠭᠰᠡᠨ ᠴᠢᠨᠠᠷᠲᠠᠶ ᠬᠥᠳᠡᠯᠭᠡᠭᠡᠨ ᠤ ᠲᠥᠪ ᠪᠣᠯᠤᠨ᠎ᠠ᠃ ᠲᠣᠰ ᠲᠥᠷᠥᠯ ᠵᠦᠶᠯ ᠨᠢ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠶᠢᠨ ᠳᠤᠮᠳᠠ ᠳᠤᠲᠠᠭᠳᠠᠵᠤ ᠪᠠᠶᠢᠭ᠎ᠠ ᠤᠷᠠᠨ ᠲᠣᠭᠯᠠᠯᠲᠠ ᠶᠢᠨ ᠲᠥᠷᠥᠯ ᠵᠦᠶᠯ ᠤᠨ ᠳᠤᠲᠠᠭᠤᠳᠠᠯ ᠢ ᠨᠥᠬᠦᠪᠥᠷᠢᠯᠡᠭᠰᠡᠨ ᠢᠶᠠᠷ ᠪᠠᠷᠠᠬᠤ ᠥᠬᠡᠶ᠂ ᠪᠠᠰᠠ ᠵᠢᠨᠢᠩ ᠤᠨ ᠣᠯᠠᠨ ᠤᠯᠤᠰ ᠤᠨ ᠠᠷᠠᠰᠤᠨ ᠬᠤᠲᠠ ᠪᠠ ᠴᠠᠰᠤᠨ ᠴᠠᠨ᠎ᠠ ᠶᠢᠨ ᠲᠠᠯᠠᠪᠠᠶ ᠶᠢᠨ ᠡᠪᠦᠯ ᠤᠨ ᠤᠯᠠᠷᠢᠯ ᠤᠨ ᠠᠶᠠᠨᠴᠢᠳ ᠤᠨ ᠬᠡᠷᠡᠭᠯᠡᠭᠡᠨ ᠤ ᠳᠠᠯᠳᠠ ᠬᠦᠴᠦᠨ ᠢ ᠤᠯᠠᠮ ᠨᠢᠭᠡ ᠠᠯᠬᠤᠮ ᠠᠭᠤᠳᠠᠯᠵᠤ᠂ ᠮᠠᠨ ᠤ  ᠲᠤᠭᠤᠷᠢᠭ ᠤᠨ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠬᠥᠭᠵᠢᠯᠲᠡ ᠶᠢᠨ ᠠᠯᠤᠰ ᠬᠡᠲᠦ ᠶᠢᠨ ᠬᠠᠷᠠᠯᠲᠠ ᠲᠠᠢ ᠮᠠᠰᠢ ᠶᠡᠭᠡ ᠨᠡᠶᠢᠴᠡᠵᠦ ᠪᠠᠶᠢᠨ᠎ᠠ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2