ᠵᠠᠭᠤᠨ ᠵᠢᠯ ᠤᠨ ᠨᠠᠮ ᠤᠨ ᠲᠡᠦᠬᠡ ᠠᠴᠠ ᠤᠷᠤᠭᠰᠢᠯᠠᠯᠲᠠ ᠶᠢᠨ ᠤᠶᠤᠨ ᠤᠬᠠᠭᠠᠨ ᠢ ᠰᠢᠩᠭᠡᠭᠡᠨ ᠠᠪᠴᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠ ᠵᠢᠨᠢᠩ ᠬᠦᠴᠦᠨ ᠴᠢᠳᠠᠯ ᠎ ᠢᠶᠠᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2021/11/26
ᠰᠤᠷᠪᠤᠯᠵᠢᠯᠠᠭᠰᠠᠨ ᠴᠠᠭ ᠄ 2021-11-24ᠰᠤᠷᠪᠤᠯᠵᠢᠯᠠᠭᠰᠠᠨ ᠵᠣᠴᠢᠨ ᠄ ᠴᠢ᠊· ᠳᠠᠯᠠᠨᠲᠠᠢ
jnqzfw_20211124112054[1].jpg
        ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠪᠣᠯ ᠮᠠᠨ ᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢᠨ ᠴᠢᠬᠤᠯᠠ ᠲᠡᠦᠬᠡᠨ ᠴᠠᠭ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠲᠦᠢᠯ ᠤᠨ ᠴᠢᠬᠤᠯᠠ ᠬᠤᠷᠠᠯ ᠪᠣᠯᠤᠨ᠎ᠠ᠂ ᠡᠨᠡ ᠨᠢ ᠪᠦᠬᠦ ᠨᠠᠮ ᠤᠨ ᠬᠦᠰᠡᠯ ᠵᠣᠷᠢᠯᠲᠠ ᠶᠢ ᠢᠯᠡᠷᠡᠭᠦᠯᠵᠦ᠂ ᠠᠷᠠᠳ ᠲᠦᠮᠡᠨ ᠤ ᠬᠦᠰᠡᠯ ᠰᠠᠨᠠᠭ᠎ᠠ ᠶᠢ ᠲᠤᠰᠬᠠᠵᠠᠢ᠃ ᠪᠥᠬᠦᠳᠡ ᠬᠤᠷᠠᠯ ᠠᠴᠠ ᠪᠠᠲᠤᠯᠠᠭᠰᠠᠨ ︽ᠰᠢᠶᠳᠪᠦᠷᠢ︾ ᠪᠣᠯ ᠬᠥᠰᠢᠶ᠎ᠡ ᠳᠤᠷᠠᠰᠬᠠᠯ ᠤᠨ ᠠᠴᠢ ᠬᠤᠯᠪᠣᠭᠳᠠᠯ ᠲᠠᠢ ᠬᠥᠲᠥᠯᠪᠦᠷᠢ ᠶᠢᠨ ᠴᠢᠨᠠᠷᠲᠠᠶ ᠲᠤᠯᠭᠤᠷ ᠪᠢᠴᠢᠭ ᠮᠥᠨ᠂ ᠲᠡᠷᠡ ᠨᠢ ᠪᠢᠳᠡᠨ ᠤ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠪᠠᠨ ᠪᠡᠶᠡᠯᠡᠭᠦᠯᠬᠦ ᠳᠤ ᠴᠢᠬᠤᠯᠠ ᠶᠡᠭᠡ ᠪᠥᠭᠡᠳ ᠠᠯᠤᠰ ᠬᠡᠳᠤ ᠶᠢᠨ ᠠᠴᠢ ᠬᠤᠯᠪᠣᠭᠳᠠᠯ ᠲᠠᠢ ᠶᠤᠮ᠃        ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ  ᠴᠢ᠊· ᠳᠠᠯᠠᠨᠲᠠᠢ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠮᠠᠨ ᠤ ᠲᠤᠭᠤᠷᠢᠭ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ  ᠶᠢ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠪᠦᠬᠦ  ᠲᠤᠭᠤᠷᠢᠭ ᠤᠨ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠰᠤᠷᠤᠯᠴᠠᠨ ᠲᠤᠭᠤᠰᠢᠯᠠᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠶ ᠪᠣᠯᠭᠠᠵᠤ᠂ ︽ᠠᠷᠪᠠ ᠶᠢ ᠪᠠᠷᠢᠮᠲᠠᠯᠠᠬᠤ︾ ᠡᠷᠬᠢᠮ ᠨᠠᠨᠳᠢᠨ ᠲᠤᠷᠰᠢᠯᠭ᠎ᠠ ᠶᠢ ᠶᠡᠬᠡᠪᠡᠷ ᠪᠠᠳᠠᠷᠠᠭᠤᠯᠵᠤ᠂ ︽ᠬᠤᠶᠠᠷ ᠢ ᠲᠣᠭᠲᠠᠭᠠᠬᠤ︾᠎ ᠶᠢ ᠪᠠᠷᠢᠮᠲᠠᠯᠠᠬᠤ ᠪᠠ ᠬᠠᠮᠠᠭᠠᠯᠠᠬᠤ ᠶᠢ ᠢᠮᠠᠭᠲᠠ  ᠲᠤᠭᠤᠰᠢᠯᠠᠭᠤᠯᠵᠤ᠂ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠳᠤᠷᠠᠳᠤᠭᠰᠠᠨ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠪᠦᠬᠦ ᠲᠠᠯ᠎ᠠ ᠪᠠᠷ ᠬᠠᠷᠢᠴᠠᠭᠤᠯᠤᠨ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠰᠠᠶᠢᠲᠤᠷ ᠵᠠᠮᠨᠠᠵᠤ᠂ ᠢᠯᠠᠩᠭᠤᠶ᠎ᠠ ᠥᠪᠡᠷ ᠤᠨ ᠣᠷᠣᠨ ᠪᠠᠶᠢᠷᠢ ᠪᠠᠨ ᠣᠨᠣᠪᠴᠢᠲᠠᠶ ᠣᠯᠵᠤ᠂ ᠬᠦᠴᠦᠨ ᠢᠶᠠᠨ ᠲᠥᠪᠯᠡᠷᠡᠭᠦᠯᠦᠨ ᠪᠣᠭᠤᠮᠲᠠ ᠶᠢ ᠰᠢᠪᠲᠤᠯᠵᠤ᠂ ︽ᠨᠡᠶᠢᠰᠯᠡᠯ ᠳᠤ ᠦᠢᠯᠡᠴᠢᠯᠡᠵᠦ᠂ ᠣᠷᠣᠨ ᠤ ᠲᠥᠪ ᠲᠤ ᠠᠭᠤᠰᠤᠯᠴᠠᠬᠤ︾ ᠬᠥᠭᠵᠢᠯᠲᠡ ᠶᠢᠨ ᠵᠣᠬᠢᠶᠠᠯ᠂ ︽ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ᠂ ᠪᠣᠬᠢᠷᠲᠤᠯ ᠦᠭᠡᠶ ᠣᠷᠴᠢᠨ ᠲᠣᠭᠤᠷᠢᠨ ᠢ ᠬᠠᠮᠠᠭᠠᠯᠠᠬᠤ︾ ᠠᠮᠢ ᠠᠬᠤᠶ ᠶᠢᠨ  ᠬᠠᠮᠠᠭᠠᠯᠠᠯᠲᠠ᠂ ︽ᠣᠷᠴᠢᠨ ᠲᠣᠭᠤᠷᠢᠨ ᠢ ᠰᠢᠯᠢᠳᠡᠭᠵᠢᠭᠦᠯᠦᠨ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ ︾ ᠵᠠᠰᠠᠯᠲᠠ ᠶᠢᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠰᠢᠨ᠎ᠡ ᠶᠢ ᠡᠭᠦᠳᠬᠦ ᠬᠥᠭᠵᠢᠯᠲᠡ᠂ ᠴᠢᠳᠠᠪᠤᠷᠢᠲᠠᠨ ᠤ ᠴᠤᠭᠯᠠᠷᠠᠯ ᠪᠠ ᠦᠢᠯᠡᠴᠢᠯᠡᠭᠡᠨ ᠤ ᠨᠡᠭᠡᠭᠡᠯᠲᠡ ᠶᠢᠨ ︽ᠭᠤᠷᠪᠠᠨ ᠥᠨᠳᠥᠷ ︾᠎ ᠢ ᠪᠤᠶ ᠪᠣᠯᠭᠠᠵᠤ᠂ ᠲᠣᠮᠣ ᠳ᠋ᠠᠶᠢᠲ᠋ᠠ᠂ ᠠᠷᠠᠯᠵᠢᠶ᠎ᠠ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡᠨ ᠤ ᠡᠳ᠋ᠰᠢᠭᠦᠯᠦᠯᠲᠡ᠂ ᠰᠣᠶᠣᠯ ᠵᠤᠭᠠᠴᠠᠯ ᠪᠡᠶ᠎ᠡ ᠶᠢᠨ ᠲᠠᠮᠢᠷ ᠡᠷᠡᠭᠦᠯᠵᠢᠯ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠳ᠋ᠰᠢᠭᠦᠯᠦᠯᠲᠡ᠂ ᠡᠯᠧᠺᠲᠷᠣᠨ ᠮᠡᠳᠡᠭᠡ ᠵᠠᠩᠭᠢ ᠶᠢᠨ ᠮᠠᠲ᠋ᠧᠷᠢᠶᠠᠯ ᠤᠨ ᠡᠳ᠋ᠰᠢᠭᠦᠯᠦᠯᠲᠡ ᠶᠢᠨ ︽ᠲᠠᠪᠤᠨ ᠶᠡᠭᠡ ᠠᠵᠤ ᠦᠢᠯᠡᠰ ᠤᠨ ᠪᠦᠯᠦᠭᠯᠡᠯ︾᠎ ᠢ ᠪᠤᠶᠢᠵᠢᠭᠤᠯᠤᠨ᠎ᠠ᠃ ᠴᠠᠭ ᠤᠨ ᠦᠡᠭᠭᠡ ᠶᠢ ᠲᠠᠭᠠᠬᠰᠠᠨ᠂ ᠪᠠᠭᠲᠠᠭᠠᠮᠵᠢᠲᠠᠢ᠂ ᠰᠢᠨ᠎ᠡ ᠶᠢ ᠡᠭᠦᠳᠦᠭᠰᠡᠨ ᠂ ᠨᠡᠭᠡᠭᠡᠯᠲᠡᠲᠡᠢ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠭᠤᠣᠯ ᠬᠤᠳᠠ ᠶᠢᠨ ᠲᠣᠭᠤᠷᠢᠭ ᠢ ᠪᠦᠳᠦᠭᠡᠨ ᠪᠠᠶᠢᠭᠤᠯᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠵᠢᠨᠢᠩ ᠤᠨ ᠬᠤᠪᠢ ᠨᠡᠮᠡᠷᠢ ᠪᠠᠨ ᠦᠵᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠶ᠎ᠠ︕  
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2