ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ 11 ᠳ᠋ᠦ᠋ᠭᠡᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2021/11/9
           2021 ᠣᠨ ᠤ 9 ᠰᠠᠷ᠎ᠠ ᠶᠢᠨ 10᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠺᠠᠩ ᠬᠠᠢ ᠷᠦᠢ ᠲᠣᠭᠤᠷᠢᠭ ᠤᠨ ᠵᠠᠰᠠᠭ ᠤᠨ ᠣᠷᠳᠣᠨ ᠤ 11 ᠳ᠋ᠦ᠋ᠭᠡᠷ  ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃            ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠤᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾᠎ ᠢ ᠤᠯᠠᠮᠵᠢᠯᠠᠨ ᠰᠤᠷᠤᠯᠴᠠᠪᠠ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠷᠪᠠᠨ ᠳᠥᠷᠪᠡᠳᠦᠭᠡᠷ ᠤᠳᠠᠭ᠎ᠠ ᠶᠢᠨ ᠪᠦᠬᠦᠳᠠ ᠲᠣᠭᠤᠷᠢᠭ ᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠬᠢ ᠶᠢᠨ 2021 ᠣᠨ ᠤ ᠳᠡᠭᠡᠷ᠎ᠡ ᠬᠠᠭᠠᠰ ᠵᠢᠯ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠤᠨ ᠲᠤᠬᠠᠢ ᠪᠠᠶᠢᠷᠢᠯᠠᠭᠤᠯᠤᠯᠲᠠ ᠬᠢᠵᠡᠢ᠃          ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠳᠡᠭᠡᠳᠦ ᠱᠠᠲᠤᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠲᠡᠭᠦᠨ ᠤ ᠳᠣᠲᠣᠷᠠᠬᠢ ᠡᠯᠪᠡᠭ ᠪᠠᠶᠠᠯᠢᠭ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠡᠯ᠎ᠡ ᠵᠦᠢᠯ ᠤᠨ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠮᠠᠨ ᠤ ᠣᠷᠣᠨ ᠤ ᠪᠣᠳᠠᠲᠠᠢ ᠳᠤ ᠰᠠᠭᠤᠷᠢᠯᠠᠵᠤ᠂ ᠬᠠᠮᠢᠶ᠎ᠠ ᠪᠦᠬᠦᠢ ᠠᠵᠢᠯ ᠢ ᠰᠠᠶᠢᠲᠤᠷ ᠬᠢᠬᠦ ᠴᠢᠳᠠᠪᠤᠷᠢ ᠪᠣᠯᠤᠨ ᠲᠦᠪᠰᠢᠨ ᠢᠶᠠᠨ ᠳᠠᠰᠤᠷᠠᠯᠳᠠ ᠦᠬᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ ᠠᠵᠢᠯ ᠤᠨ ᠲᠥᠰᠦᠯ ᠢᠶᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠠᠵᠢᠯ ᠤᠨ ᠬᠦᠷᠢᠶ᠎ᠡ ᠬᠡᠪᠴᠢᠶ᠎ᠡ ᠪᠠᠨ ᠢᠯᠭᠠᠨ ᠲᠣᠳᠣᠷᠬᠠᠶᠢᠯᠠᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠤᠨ᠂ ᠦᠨᠡᠨᠬᠦ ᠠᠳᠬᠤᠵᠤ ᠪᠣᠳᠠᠲᠠᠶ ᠪᠠᠷ ᠠᠵᠢᠯᠯᠠᠬᠤ ᠠᠵᠢᠯ ᠤᠨ ᠰᠤᠷᠲᠠᠯ ᠢᠶᠠᠷ ᠦᠷᠭᠦᠯᠵᠢᠯᠡᠨ ᠬᠦᠴᠦᠯᠡᠵᠦ᠂ ᠡᠯ᠎ᠡ ᠵᠦᠶᠯ ᠤᠨ ᠬᠠᠷᠠᠯᠲᠠ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃             ᠬᠤᠷᠠᠯ ᠠᠴᠠ ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ 2022 ᠣᠨ ᠤ ᠡᠪᠦᠯ ᠤᠨ ᠣᠯᠧᠮᠫᠢᠺ ᠴᠤᠭᠯᠠᠭᠠᠨ᠂ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠠᠭᠠᠷ ᠤᠨ ᠶᠠᠰᠤ ᠴᠢᠨᠠᠷ ᠢ ᠪᠠᠲᠤᠯᠠᠬᠤ ᠠᠵᠢᠯ ᠤᠨ ᠬᠤᠯᠪᠣᠭᠳᠠᠯ ᠪᠥᠬᠦᠶ ᠵᠦᠶᠯᠡᠰ ᠢ ᠰᠤᠳᠤᠯᠤᠨ ᠬᠢᠨᠠᠨ ᠵᠥᠪᠯᠡᠪᠡ︔ ᠵᠢᠨᠢᠩ ᠲᠣᠭᠤᠷᠢᠭ ᠤᠨ 2021 ᠣᠨ ᠠᠴᠠ 2022 ᠣᠨ ᠪᠣᠯᠲᠠᠯᠠᠬᠢ ᠰᠤᠯᠠ ᠨᠡᠭᠦᠷᠡᠰᠦ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠭᠰᠡᠨ ᠪᠥᠭᠡᠳ ᠳᠠᠷᠠᠭᠠᠴᠢ ᠶᠢᠨ ᠠᠯᠬᠤᠮ ᠤᠨ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃               ᠬᠤᠷᠠᠯ ᠠᠴᠠ᠂ ᠡᠪᠦᠯ ᠤᠨ ᠣᠯᠧᠮᠫᠢᠺ ᠴᠤᠭᠯᠠᠭᠠᠨ ᠪᠣᠯᠤᠨ ᠡᠪᠦᠯ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠤᠨ ᠠᠭᠠᠷ ᠤᠨ ᠶᠠᠰᠤ ᠴᠢᠨᠠᠷ ᠢ ᠪᠠᠲᠤᠯᠠᠬᠤ ᠠᠵᠢᠯ ᠢ ᠰᠠᠶᠢᠲᠤᠷ ᠬᠢᠬᠦ ᠪᠣᠯ ᠰᠢ ᠶᠢᠨ ᠫᠢᠩ ᠤ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠵᠠᠶᠢᠯᠠᠰᠢ ᠦᠬᠡᠢ ᠱᠠᠭᠠᠷᠳᠠᠯᠭ᠎ᠠ ᠪᠣᠯᠤᠨ᠎ᠠ᠂ ᠮᠥᠨᠴᠦ ᠪᠣᠬᠢᠷᠲᠤᠯ ᠦᠬᠡᠢ ᠣᠯᠢᠮᠫᠢᠺ ᠤᠨ ᠲᠠᠮᠢᠷ ᠤᠨ ᠴᠤᠭᠯᠠᠭᠠᠨ ᠢ ᠡᠷᠬᠢᠯᠡᠬᠦ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠶᠢᠨ ᠪᠣᠳᠠᠲᠠᠢ ᠢᠯᠡᠷᠡᠯ ᠪᠣᠯᠤᠨ᠎ᠠ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠤᠷᠠᠯ ᠢᠶᠠᠷ ᠶᠠᠷᠢᠯᠴᠠᠭᠰᠠᠨ ᠰᠠᠨᠠᠯ ᠢ ᠬᠢᠨᠠᠮᠠᠭᠠᠶ ᠭᠥᠯᠢᠶᠡᠨ ᠠᠪᠴᠤ᠂ ᠡᠯ᠎ᠡ ᠵᠦᠶᠯ ᠤᠨ ᠵᠥᠪᠯᠡᠬᠦ ᠰᠡᠳᠦᠪ ᠤᠨ ᠪᠣᠳᠠᠲᠠᠶ ᠬᠡᠷᠡᠭᠵᠢᠭᠦᠯᠬᠦ ᠠᠭᠤᠯᠭ᠎ᠠ ᠶᠢ ᠲᠡᠭᠦᠯᠳᠡᠷᠵᠢᠭᠦᠯᠦᠨ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠵᠤ᠂ ᠪᠣᠳᠠᠲᠠᠶ ᠠᠵᠢᠯ ᠶᠠᠪᠤᠳᠠᠯ᠂ ᠬᠠᠷᠢᠭᠤᠴᠠᠯᠭ᠎ᠠ ᠶᠢ ᠬᠥᠮᠦᠨ ᠳᠤᠨᠢ ᠨᠠᠶᠢᠳᠠᠪᠤᠷᠢᠵᠢᠭᠤᠯᠵᠤ᠂ ᠡᠯ᠎ᠡ ᠵᠦᠶᠯ ᠤᠨ ᠠᠵᠢᠯ ᠢ ᠯᠠᠪᠳᠠᠭᠤᠨ ᠪᠠᠲᠤᠲᠠᠶ ᠡᠮᠬᠢ ᠵᠢᠷᠤᠮ ᠲᠠᠢ ᠥᠷᠨᠢᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ︽ᠡᠬᠢ ᠡᠭᠦᠰᠦᠯ ᠤᠨ ᠪᠣᠭᠤᠮᠲᠠ︾᠎ ᠶᠢ ᠴᠢᠩᠭ᠎ᠠ ᠠᠳᠬᠤᠵᠤ᠂ ᠬᠠᠮᠲᠤᠷᠠᠨ ᠬᠠᠤᠯᠢ ᠬᠡᠷᠡᠭᠵᠢᠭᠦᠯᠬᠦ ᠶᠢ ᠴᠢᠩᠭᠠᠷᠠᠭᠤᠯᠤᠨ᠂ ᠲᠠᠷᠠᠬᠠᠶ ᠪᠤᠲᠠᠷᠬᠠᠶ ᠨᠡᠭᠦᠷᠡᠰᠦᠨ ᠤ ᠲᠡᠭᠡᠭᠡᠪᠦᠷᠢ ᠶᠢᠨ ᠲᠡᠷᠭᠡ ᠬᠥᠰᠬᠡ ᠳᠤ ᠬᠢᠨᠠᠯᠲᠠ ᠲᠠᠯᠪᠢᠬᠤ ᠡᠷᠴᠢᠮ ᠢᠶᠠᠨ ᠴᠢᠩᠭᠠᠷᠠᠭᠤᠯᠵᠤ᠂ ᠲᠠᠷᠠᠬᠠᠶ ᠪᠤᠲᠠᠷᠬᠠᠶ ᠨᠡᠭᠦᠷᠡᠰᠦᠨ ᠤ ᠭᠦᠶᠯᠭᠡᠭᠡᠨ ᠤ ᠠᠷᠭ᠎ᠠ ᠵᠠᠮ ᠢ ᠡᠷᠡᠰ ᠲᠠᠰᠤᠯᠬᠤ ᠬᠡᠷᠡᠭᠲᠡᠶ᠃ ᠤᠬᠠᠭᠤᠯᠭ᠎ᠠ ᠬᠥᠮᠦᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠲᠠᠷᠠᠬᠠᠶ ᠨᠡᠭᠦᠷᠡᠰᠦ ᠶᠢ ᠵᠠᠰᠠᠬᠤ ᠤᠬᠠᠭᠤᠯᠭ᠎ᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠪᠥᠬᠦ ᠨᠡᠶᠢᠭᠡᠮ ᠢᠶᠠᠷ ᠢᠶᠠᠨ ᠲᠠᠷᠠᠬᠠᠶ ᠨᠡᠭᠦᠷᠡᠰᠦ ᠶᠢ ᠵᠠᠰᠠᠬᠤ ᠠᠵᠢᠯ ᠳᠤ ᠢᠳᠡᠪᠬᠢᠲᠡᠶ ᠣᠷᠣᠯᠴᠠᠬᠤ ᠶᠢ ᠴᠢᠷᠮᠠᠶᠢᠨ ᠬᠥᠲᠥᠯᠦᠨ ᠵᠢᠯᠣᠭᠤᠳᠴᠤ᠂ ᠬᠥᠮᠦᠨ ᠪᠣᠯᠭᠠᠨ ᠮᠡᠳᠡᠵᠦ ᠂ ᠬᠥᠮᠦᠨ ᠪᠣᠯᠭᠠᠨ ᠵᠢᠷᠤᠮᠯᠠᠬᠤ ᠶᠢ ᠦᠨᠡᠨᠬᠦ ᠪᠡᠶᠡᠯᠡᠭᠦᠯᠬᠦ ᠬᠡᠷᠡᠭᠲᠡᠶ᠃           ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                         ᠤᠷᠴᠢᠭᠤᠯᠤᠭᠴᠢ᠄  ᠪᠤᠥ ᠯᠢᠩ ᠶᠤᠸᠠᠨ                         ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2