ᠵᠢᠨᠢᠩ ᠲᠣᠭᠤᠷᠢᠭ ᠤᠨ ᠨᠡᠭᠡᠭᠡᠨ ᠬᠥᠭᠵᠢᠭᠦᠯᠦᠯᠲᠡ ᠶᠢᠨ ᠵᠦᠪᠯᠡᠯ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/12/17
      11  ᠳ᠋ᠦ᠋ᠭᠡᠷ ᠰᠠᠷ᠎ᠠ ᠶᠢᠨ 25᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠨᠡᠭᠡᠭᠡᠨ ᠬᠥᠭᠵᠢᠭᠦᠯᠦᠯᠲᠡ ᠶᠢᠨ  ᠵᠦᠪᠯᠡᠯ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠨᠡᠭᠡᠭᠡᠨ ᠬᠥᠭᠵᠢᠭᠦᠯᠦᠯᠲᠡ ᠶᠢᠨ ᠵᠦᠪᠯᠡᠯ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯᠲᠠᠨ ᠢ ᠪᠠᠶᠢᠷᠢᠯᠠᠭᠤᠯᠬᠤ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠦᠳᠲᠡᠷ ᠲᠦᠷᠭᠡᠨ  ᠲᠤᠭᠤᠰᠢᠯᠠᠭᠤᠯᠤᠨ  ᠨᠠᠶᠢᠳᠠᠪᠤᠷᠢᠵᠢᠭᠤᠯᠵᠤ᠂ ᠵᠢᠨᠢᠩ ᠲᠣᠭᠤᠷᠢᠭ ᠤᠨ ᠨᠡᠭᠡᠭᠡᠨ ᠬᠥᠭᠵᠢᠭᠦᠯᠦᠯᠲᠡ ᠶᠢᠨ ᠵᠦᠪᠯᠡᠯ  ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃          ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠳᠠᠷᠤᠭ᠎ᠠ ᠺᠠᠩ ᠬᠠᠶ ᠷᠦᠢ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠯᠢ ᡁᠢ ᠭᠠᠩ ᠠᠵᠢᠯ ᠤᠨ ᠱᠠᠭᠠᠷᠳᠠᠯᠭ᠎ᠠ ᠳᠤᠷᠠᠳᠪᠠ᠃  ᠲᠤᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠣᠯᠤᠨ ᠮᠡᠳᠡᠭᠡ ᠵᠠᠩᠭᠢᠵᠢᠯᠲᠠ ᠶᠢᠨ  ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ  ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ          ᠺᠠᠩ ᠬᠠᠶ ᠷᠦᠢ  ᠵᠢᠭᠠᠭᠰᠠᠨ ᠨᠢ᠂ ᠨᠡᠭᠡᠭᠡᠨ ᠬᠥᠭᠵᠢᠭᠦᠯᠬᠦ ᠣᠷᠣᠨ ᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠪᠣᠯ ᠪᠥᠬᠦ ᠲᠤᠭᠤᠷᠢᠭ ᠤᠨ ᠨᠠᠮ ᠤᠨ ᠭᠡᠰᠢᠭᠦᠨ ᠺᠠᠳ᠋ᠷᠴᠤᠳ ᠲᠤ ᠬᠢᠭᠰᠡᠨ ᠨᠢᠭᠡ ᠤᠳᠠᠭᠠᠨ ᠤ ᠭᠦᠨ ᠭᠦᠨᠵᠡᠭᠡᠶ ᠦᠵᠡᠯ ᠰᠠᠨᠠᠭᠠᠨ ᠤ ᠬᠥᠮᠦᠵᠢᠯ᠂ ᠤᠯᠤᠰ ᠲᠥᠷᠥ ᠶᠢᠨ ᠬᠥᠮᠦᠵᠢᠯ᠂ ᠰᠡᠷᠡᠮᠵᠢᠯᠡᠭᠦᠯᠬᠦ ᠬᠥᠮᠦᠵᠢᠯ᠂ ᠠᠷᠢᠭᠤᠨ ᠴᠢᠬᠡᠴᠢ ᠪᠠᠷ ᠵᠠᠰᠠᠭ ᠪᠠᠷᠢᠬᠤ ᠬᠥᠮᠦᠵᠢᠯ ᠮᠥᠨ ᠪᠥᠭᠡᠳ ᠪᠠᠰᠠ ᠴᠤ ᠨᠢᠭᠡ ᠤᠳᠠᠭᠠᠨ ᠤ ᠥᠪᠡᠷ ᠢ ᠪᠠᠨ ᠴᠡᠪᠡᠷᠰᠢᠭᠦᠯᠬᠦ᠂ ᠥᠪᠡᠷ ᠢ ᠪᠠᠨ ᠲᠡᠭᠦᠯᠳᠡᠷᠵᠢᠭᠦᠯᠬᠦ᠂ ᠥᠪᠡᠷ ᠢ ᠪᠠᠨ ᠰᠢᠨᠡᠴᠢᠯᠡᠬᠦ᠂ ᠥᠪᠡᠷ ᠢ ᠪᠠᠨ ᠳᠡᠭᠡᠭᠰᠢᠯᠡᠭᠦᠯᠬᠦ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠃ ᠡᠯ᠎ᠡ ᠰᠠᠯᠠᠭ᠎ᠠ ᠮᠥᠴᠢᠷ ᠨᠢᠭᠡᠴᠡ ᠶᠢᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠳᠡᠭᠡᠳᠦ ᠬᠡᠮᠵᠢᠶ᠎ᠡ ᠪᠠᠷ ᠰᠡᠷᠡᠮᠵᠢ ᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ  ᠦᠭᠡᠷᠡᠴᠢᠯᠡᠯᠲᠡ ᠶᠢ ᠠᠬᠢᠭᠤᠯᠬᠤ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠦᠳᠲᠡᠷ ᠲᠦᠷᠭᠡᠨ ᠬᠥᠳᠡᠯᠦᠯᠴᠡᠵᠦ᠂ ᠪᠦᠬᠦ ᠲᠠᠯ᠎ᠠ ᠪᠠᠷ ᠳᠡᠯᠭᠡᠷᠡᠭᠦᠯᠵᠦ᠂ ᠠᠰᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠳᠡᠯᠭᠡᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠲᠥᠪ ᠴᠢᠩᠭ᠎ᠠ ᠰᠤᠷᠲᠠᠯ ᠲᠠᠢ ᠪᠠᠶᠢᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠴᠢᠩᠭ᠎ᠠ ᠠᠳᠬᠤᠨ ᠰᠠᠶᠢᠲᠤᠷ ᠠᠳᠬᠤᠵᠤ᠂ ᠨᠠᠷᠢᠯᠢᠭ ᠪᠣᠳᠠᠲᠠᠢ ᠬᠢᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠪᠣᠳᠠᠲᠠᠢ ᠳᠤ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠵᠤ᠂ ᠨᠡᠭᠡᠭᠡᠨ ᠬᠥᠭᠵᠢᠭᠦᠯᠦᠯᠲᠡ ᠶᠢᠨ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ          ᠺᠠᠩ ᠬᠠᠶ ᠷᠦᠢ ᠴᠢᠬᠤᠯᠠᠴᠢᠯᠠᠭᠰᠠᠨ ᠨᠢ᠂ ᠠᠵᠢᠯ ᠢᠶᠠᠨ ᠦᠳᠲᠡᠷ ᠲᠦᠷᠭᠡᠨ ᠥᠷᠨᠢᠭᠦᠯᠵᠦ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠰᠢᠰᠲ᠋ᠧᠮ ᠢᠶᠠᠨ ᠲᠡᠭᠦᠯᠳᠡᠷᠵᠢᠭᠦᠯᠵᠦ᠂  ᠲᠤᠭᠤᠷᠢᠭ ᠤᠨ ᠳᠡᠰ ᠤᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠵᠤ᠂ ᠠᠵᠢᠯ ᠤᠨ ᠲᠥᠰᠦᠯ ᠢ ᠲᠣᠭᠲᠠᠭᠠᠨ ᠲᠡᠭᠦᠯᠳᠡᠷᠵᠢᠭᠦᠯᠵᠦ᠂ ᠲᠣᠭᠲᠠᠭᠠᠭᠰᠠᠨ ᠠᠯᠬᠤᠮ ᠳᠠᠷᠠᠭ᠎ᠠ ᠪᠠ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠡᠭᠡᠭᠡᠯᠲᠡ ᠶᠢᠨ ᠲᠣᠭᠤᠷᠢᠭ ᠤᠨ ᠭᠠᠵᠠᠷ ᠰᠢᠷᠣᠶ ᠶᠢᠨ ᠬᠠᠮᠢᠶᠠᠷᠤᠯᠲᠠ᠂ ᠪᠠᠯᠠ ᠮᠥᠩᠭᠦ ᠶᠢᠨ ᠬᠠᠮᠢᠶᠠᠷᠤᠯᠲᠠ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠬᠥᠮᠦᠨ ᠰᠣᠩᠭᠤᠨ ᠬᠡᠷᠡᠭᠯᠡᠬᠦ᠂ ᠲᠦᠷᠢᠮ ᠲᠣᠭᠲᠠᠴᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠵᠡᠷᠭᠡ ᠵᠢᠷᠭᠤᠭᠠᠨ ᠲᠠᠯ᠎ᠠ ᠳᠤ ᠥᠪᠡᠷ ᠢᠶᠠᠨ ᠪᠠᠶᠢᠴᠠᠭᠠᠵᠤ ᠥᠪᠡᠷ ᠢᠶᠠᠨ ᠵᠠᠯᠠᠷᠠᠭᠤᠯᠬᠤ ᠪᠠ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠶᠢ ᠥᠷᠨᠢᠭᠦᠯᠵᠦ᠂ ᠵᠤᠷᠪᠤᠰ ᠵᠤᠷᠪᠤᠰ ᠳᠠᠷᠠᠭᠠᠯᠠᠨ ᠴᠠᠭ ᠤᠨ ᠬᠦᠰᠦᠨᠦᠭᠲᠦ᠂ ᠡᠭᠦᠷᠭᠡ ᠶᠢᠨ ᠬᠠᠭᠤᠳᠠᠰᠤ᠂ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠪᠠᠶᠢᠴᠠᠭᠠᠬᠤ ᠶᠢᠨ ᠳᠠᠭᠠᠤ ᠥᠭᠡᠷᠡᠴᠢᠯᠡᠨ ᠰᠠᠶᠢᠵᠢᠷᠠᠭᠤᠯᠵᠤ᠂ ᠳᠠᠷᠦ᠋ᠢᠬᠠᠨ ᠬᠡᠷᠡᠭᠵᠢᠭᠦᠯᠵᠦ ᠳᠠᠷᠦ᠋ᠢᠬᠠᠨ ᠥᠭᠡᠷᠡᠴᠢᠯᠡᠨ᠂ ᠴᠢᠩᠭ᠎ᠠ ᠠᠳᠬᠤᠵᠤ ᠪᠣᠳᠠᠲᠠᠶ ᠪᠠᠷ ᠬᠠᠯᠠᠨ ᠰᠠᠶᠢᠵᠢᠷᠠᠭᠤᠯᠬᠤ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠰᠠᠶᠢᠲᠤᠷ ᠠᠳᠬᠤᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠨᠡᠪᠲᠡᠷᠡᠯᠴᠡᠨ ᠵᠣᠯᠭᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠨ᠂ ᠨᠢᠭᠲᠠ ᠬᠠᠮᠵᠢᠯᠴᠠᠵᠤ᠂ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠠᠵᠢᠯ ᠤᠨ ᠵᠣᠯᠭᠠᠭᠤᠯᠬᠤ ᠲᠣᠭᠲᠠᠴᠠ᠂ ᠠᠰᠠᠭᠤᠳᠠᠯ ᠤᠨ ᠰᠦᠪᠡᠭᠴᠢ ᠶᠢ ᠰᠢᠯᠵᠢᠭᠦᠯᠦᠨ ᠲᠤᠰᠢᠶᠠᠵᠤ ᠰᠤᠳᠤᠯᠤᠨ ᠮᠠᠭᠠᠳᠯᠠᠬᠤ ᠲᠣᠭᠲᠠᠴᠠ᠂ ᠰᠢᠮᠳᠠᠭᠤᠯᠤᠨ ᠪᠠᠶᠢᠴᠠᠭᠠᠵᠤ ᠨᠠᠶᠢᠳᠠᠪᠤᠷᠢᠵᠢᠭᠤᠯᠬᠤ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠬᠦᠯᠦᠨ ᠲᠡᠭᠦᠯᠳᠡᠷᠵᠢᠭᠦᠯᠵᠦ᠂ ᠥᠪᠡᠷᠲᠡᠭᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠪᠣᠳᠠᠲᠠᠶ ᠪᠠᠷ ᠨᠠᠶᠢᠳᠠᠪᠤᠷᠢᠵᠢᠭᠤᠯᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠦᠨᠡᠨ ᠪᠣᠳᠠᠲᠠᠶ ᠦᠷ᠎ᠡ ᠪᠦᠲᠦᠭᠡᠯ ᠤᠯᠬᠤ ᠶᠢ ᠪᠠᠲᠤᠯᠠᠬᠤ ᠬᠡᠷᠡᠭᠲᠡᠶ᠃         ᠯᠢ ᡁᠢ ᠭᠠᠩ ᠱᠠᠭᠠᠷᠳᠠᠭᠰᠠᠨ ᠨᠢ᠂  ᠲᠤᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠳᠡᠭᠡᠳᠦ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠣᠯᠤᠨ ᠣᠷᠣᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠰᠠᠶᠢᠲᠤᠷ ᠠᠳᠬᠤᠬᠤ ᠦᠵᠡᠯ ᠰᠠᠨᠠᠭᠠᠨ ᠤ ᠤᠬᠠᠮᠰᠠᠷ᠂ ᠤᠯᠤᠰ ᠲᠥᠷᠥ ᠶᠢᠨ ᠤᠬᠠᠮᠰᠠᠷ ᠪᠣᠯᠤᠨ ᠦᠶᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠬᠤ ᠬᠡᠷᠡᠭᠲᠡᠶ᠃ ᠤᠯᠤᠰ ᠲᠦᠷᠦ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠱᠠᠯᠠᠪᠳᠠᠭᠤᠯᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠩᠬᠠᠷᠴᠤ᠂ ᠲᠦᠷᠢᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠭᠡᠯ ᠢ ᠥᠷᠭᠡᠳᠬᠡᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠵᠤ ᠂ ᠬᠡᠷᠡᠭ ᠢᠶᠠᠷ ᠵᠠᠰᠠᠬᠤ ᠶᠢ ᠠᠬᠢᠭᠤᠯᠵᠤ᠂ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠴᠡᠪᠡᠷᠰᠢᠭᠦᠯᠦᠨ ᠰᠡᠷᠭᠦᠭᠡᠵᠦ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠮᠠᠨ ᠤ  ᠲᠤᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠵᠢᠭᠠᠪᠠ᠃ ᠬᠠᠷᠢᠭᠤᠴᠠᠯᠭ᠎ᠠ ᠶᠢ ᠡᠷᠡᠰ ᠪᠠᠲᠤᠳᠬᠠᠵᠤ᠂ ᠬᠢᠨᠠᠯᠲᠠ ᠲᠠᠯᠪᠢᠬᠤ ᠰᠠᠬᠢᠯᠭ᠎ᠠ ᠪᠠᠲᠤ ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠢᠯᠡᠷᠡᠭᠦᠯᠦᠭᠰᠡᠨ ᠠᠰᠠᠭᠤᠳᠠᠯ ᠤᠨ ᠰᠦᠪᠡᠭᠴᠢ ᠶᠢ ᠴᠠᠭ ᠲᠤᠬᠠᠢ ᠳᠤᠨᠢ ᠬᠢᠨᠠᠨ ᠪᠠᠶᠢᠴᠠᠭᠠᠵᠤ ᠰᠢᠢᠳᠪᠦᠷᠢᠯᠡᠨ᠂ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠳᠠᠯᠠᠵᠤ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2