ᠵᠢᠨᠢᠩ ᠲᠣᠭᠤᠷᠢᠭ ︽ᠺᠠᠳ᠋ᠷ ᠦᠨᠳᠦᠰᠦᠨ ᠱᠠᠲᠤᠨ ᠳᠤ ᠪᠠᠭᠤᠵᠤ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ︾ ᠵᠢᠴᠢ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠪᠡᠷᠬᠡ ︾᠎ ᠶᠢᠨ ᠠᠰᠠᠭᠤᠳᠠᠯ ᠤᠨ ᠵᠠᠭᠤᠨ ᠡᠳᠦᠷ ᠤᠨ ᠪᠡᠷᠬᠡ ᠰᠡᠳᠦᠪ ᠢ ᠰᠢᠶᠳᠪᠦᠷᠢᠯᠡᠬᠦ ᠲᠤᠰᠬᠠᠶ ᠠᠵᠢᠯᠯᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/17
       11 ᠰᠠᠷ᠎ᠠ ᠶᠢᠨ 26᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠬᠢᠨ ︽ᠺᠠᠳ᠋ᠷ ᠦᠨᠳᠦᠰᠦᠨ ᠱᠠᠲᠤᠨ ᠳᠤ ᠪᠠᠭᠤᠵᠤ ᠠᠷᠠᠳ ᠤᠨ ᠲᠥᠯᠥᠭᠡ ᠪᠣᠳᠠᠲᠠᠶ ᠠᠵᠢᠯ ᠬᠢᠬᠦ︾ ᠵᠢᠴᠢ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠪᠡᠷᠬᠡ︾ ᠠᠰᠠᠭᠤᠳᠠᠯ ᠤᠨ ᠵᠠᠭᠤᠨ ᠡᠳᠦᠷ ᠤᠨ ᠪᠡᠷᠬᠡ ᠰᠡᠳᠦᠪ ᠢ ᠰᠢᠶᠳᠪᠦᠷᠢᠯᠡᠬᠦ ᠲᠤᠰᠬᠠᠶ ᠠᠵᠢᠯᠯᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃       ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠲᠣᠭᠤᠷᠢᠭ ᠤᠨ ᠳᠠᠷᠤᠭ᠎ᠠ ᠺᠠᠩ ᠬᠠᠢ ᠷᠦᠢ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠵᠤ᠂ ᠲᠣᠭᠤᠷᠢᠭ ᠤᠨ ᠤᠳᠤᠷᠢᠳᠤᠯᠭ᠎ᠠ  ᠶᠤᠤ ᠬᠠᠢ ᠮᠢᠩ᠂ ᠸᠠᠩ ᠯᠢ ᠰᠢᠨ᠂ ᠠᠨ ᠵᠦᠩ ᠫᠢᠩ᠂ ᠹᠠᠨ ᠷᠦ᠋ ᠴᠧᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃         ᠬᠤᠷᠠᠯ ᠠᠴᠠ ᠴᠢᠶᠣᠤ ᠰᠢ ᠵᠡᠭᠡᠯᠢ ᠭᠤᠳᠤᠮᠵᠢ ᠶᠢᠨ ᠪᠣᠭᠤᠮᠲᠠ ᠰᠢᠪᠲᠤᠯᠬᠤ ᠬᠤᠰᠢᠭᠤᠴᠢ ᠠᠩᠬᠢ ᠪᠣᠯᠤᠨ ᠤᠷᠤᠭᠰᠢᠯᠠᠯᠲᠠ ᠶᠢᠨ ᠵᠠᠮ ᠤᠨ ᠵᠡᠭᠡᠯᠢ ᠭᠤᠳᠤᠮᠵᠢ ᠶᠢᠨ ᠪᠣᠭᠤᠮᠲᠠ ᠰᠢᠪᠲᠤᠯᠬᠤ ᠬᠤᠰᠢᠭᠤᠴᠢ ᠠᠩᠬᠢ ᠶᠢᠨ ᠭᠡᠷ ᠭᠠᠵᠠᠷ ᠤᠨ ᠬᠦᠷᠦᠩᠭᠡ ᠶᠢᠨ ᠬᠦᠷᠢᠶᠡᠨ ᠤ ︽ᠭᠤᠷᠪᠠᠨ ᠬᠦᠴᠢᠷᠳᠡᠯ︾᠎ ᠤᠨ ᠠᠰᠠᠭᠤᠳᠠᠯ ᠢ ᠰᠢᠢᠳᠪᠦᠷᠢᠯᠡᠬᠦ ᠬᠠᠮᠢᠶ᠎ᠠ ᠪᠦᠬᠦᠢ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠤᠭᠰᠠᠨ ᠪᠥᠭᠡᠳ ᠣᠷᠣᠰᠢᠵᠤ ᠪᠠᠶᠢᠭ᠎ᠠ ᠠᠰᠠᠭᠤᠳᠠᠯ ᠢ ᠲᠥᠪᠯᠡᠷᠡᠭᠦᠯᠦᠨ ᠰᠤᠳᠤᠯᠤᠨ ᠮᠠᠭᠠᠳᠯᠠᠵᠤ᠂ ᠳᠠᠷᠠᠭᠠᠴᠢ ᠶᠢᠨ ᠠᠯᠬᠤᠮ ᠤᠨ ᠠᠵᠢᠯ ᠳᠤ ᠳᠤᠬᠢᠷᠠᠭᠤᠯᠤᠯᠳᠠ ᠬᠢᠵᠡᠢ᠃         ᠺᠠᠩ ᠬᠠᠶ ᠷᠦᠢ  ᠵᠢᠭᠠᠭᠰᠠᠨ ᠨᠢ᠂ ︽ᠺᠠᠳ᠋ᠷ ᠦᠨᠳᠦᠰᠦᠨ ᠱᠠᠲᠤᠨ ᠳᠤ ᠪᠠᠭᠤᠵᠤ᠂ ᠠᠷᠠᠳ ᠤᠨ ᠲᠥᠯᠥᠭᠡ ᠪᠣᠳᠠᠲᠠᠶ ᠠᠵᠢᠯ ᠬᠢᠬᠦ︾ ᠵᠢᠴᠢ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠪᠡᠷᠬᠡ︾ ᠠᠰᠠᠭᠤᠳᠠᠯ ᠤᠨ ᠵᠠᠭᠤᠨ ᠡᠳᠦᠷ ᠤᠨ ᠪᠡᠷᠬᠡ ᠰᠡᠳᠦᠪ ᠢ ᠰᠢᠶᠳᠪᠦᠷᠢᠯᠡᠬᠦ ᠲᠤᠰᠬᠠᠶ ᠠᠵᠢᠯᠯᠠᠭ᠎ᠠ ᠶᠢ ᠥᠷᠨᠢᠭᠦᠯᠬᠦ ᠪᠣᠯ  ᠲᠤᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠣᠳᠠᠲᠠᠶ ᠪᠠᠶᠢᠳᠠᠯ ᠲᠠᠢ ᠪᠠᠨ ᠤᠶᠠᠯᠳᠤᠭᠤᠯᠤᠨ ᠳᠤᠷᠠᠳᠤᠭᠰᠠᠨ ᠨᠢᠭᠡ ᠵᠦᠶᠯ ᠤᠨ ᠰᠢᠰᠲ᠋ᠧᠮᠲᠦ ᠴᠢᠨᠠᠷᠲᠠᠶ ᠠᠵᠢᠯ ᠪᠣᠯᠤᠨ᠎ᠠ᠃ ᠡᠯ᠎ᠡ ᠪᠣᠭᠤᠮᠲᠠ ᠰᠢᠪᠲᠤᠯᠬᠤ ᠬᠤᠰᠢᠭᠤᠴᠢ ᠠᠩᠭᠢ ᠶᠢᠨ ᠨᠢᠭᠡ ᠰᠠᠷ᠎ᠠ ᠰᠢᠬᠠᠮ ᠤᠨ ᠪᠣᠭᠤᠮᠲᠠ ᠰᠢᠪᠲᠤᠯᠬᠤ ᠶᠢ ᠠᠬᠢᠭᠤᠯᠬᠤ ᠪᠠᠷ ᠳᠡᠮᠵᠢᠨ᠂ ᠮᠠᠨ ᠤ  ᠲᠤᠭᠤᠷᠢᠭ ᠤᠨ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠪᠡᠷᠬᠡ︾᠎ ᠶᠢᠨ ᠠᠰᠠᠭᠤᠳᠠᠯ ᠢ ᠰᠢᠶᠳᠪᠦᠷᠢᠯᠡᠬᠦ ᠳᠤ ᠵᠣᠬᠢᠬᠤ ᠦᠷ᠎ᠡ ᠪᠦᠲᠦᠮᠵᠢ ᠣᠯᠵᠤ᠂ ᠠᠮᠵᠢᠯᠲᠠ ᠪᠦᠲᠦᠮᠵᠢ ᠶᠢ ᠨᠤᠲᠠᠯᠠᠭᠤᠰᠢᠲᠠᠶ ᠪᠣᠯᠪᠠᠴᠤ ᠣᠷᠣᠰᠢᠵᠤ ᠪᠠᠶᠢᠭ᠎ᠠ ᠵᠠᠷᠢᠮ ᠠᠰᠠᠭᠤᠳᠠᠯ ᠢ ᠮᠥᠨ ᠬᠦ ᠰᠡᠷᠭᠡᠭ ᠢᠶᠠᠷ ᠲᠠᠨᠢᠬᠤ ᠬᠡᠷᠡᠭᠲᠡᠶ᠃ ᠲᠠᠷᠠᠭᠠᠴᠢ ᠶᠢᠨ ᠠᠯᠬᠤᠮ ᠤᠨ ᠠᠵᠢᠯ ᠤᠨ ᠳᠤᠮᠳᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠬᠦᠴᠢᠷ︾᠎ ᠤᠨ ᠠᠰᠠᠭᠤᠳᠠᠯ ᠢ ᠰᠢᠶᠳᠪᠦᠷᠢᠯᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ ᠬᠠᠷᠢᠯᠴᠠᠨ ᠬᠠᠮᠵᠢᠯᠴᠠᠵᠤ᠂ ᠬᠠᠷᠢᠯᠴᠠᠨ ᠵᠣᠬᠢᠴᠠᠭᠤᠯᠵᠤ᠂ ᠠᠷᠭ᠎ᠠ ᠬᠡᠮᠵᠢᠶ᠎ᠡ ᠪᠠᠨ ᠴᠢᠩᠭᠠᠷᠠᠭᠤᠯᠤᠨ᠂ ᠬᠦᠴᠦ ᠪᠠᠨ ᠬᠠᠮᠲᠤᠳᠬᠠᠨ ᠪᠣᠭᠤᠮᠲᠠ ᠰᠢᠪᠲᠤᠯᠵᠤ᠂ ᠮᠠᠨ ᠤ  ᠲᠤᠭᠤᠷᠢᠭ ᠤᠨ  ᠬᠡᠷ ᠪᠠᠶᠢᠰᠢᠩ ᠭᠠᠵᠠᠷ ᠬᠥᠷᠥᠩᠭᠡ ᠶᠢᠨ ᠬᠦᠷᠢᠶᠡᠨ ᠳᠠᠬᠢ ︽ᠭᠤᠷᠪᠠᠨ ᠬᠦᠴᠢᠷ︾᠎ ᠤᠨ ᠠᠰᠠᠭᠤᠳᠠᠯ ᠢ ᠦᠨᠡᠨᠬᠦ ᠲᠣᠭᠲᠠᠭᠰᠠᠨ ᠬᠤᠭᠤᠴᠠᠭᠠᠨ ᠳᠤ ᠰᠢᠶᠳᠪᠦᠷᠢᠯᠡᠵᠦ᠂ ᠵᠠᠭᠤᠨ ᠡᠳᠦᠷ ᠤᠨ ᠪᠣᠭᠤᠮᠲᠠ ᠰᠢᠪᠲᠤᠯᠬᠤ ᠲᠤᠰᠬᠠᠶ ᠠᠵᠢᠯᠯᠠᠭ᠎ᠠ ᠶᠢᠨ ᠦᠨᠡᠨ ᠪᠣᠳᠠᠲᠠᠶ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃         ᠺᠠᠩ ᠬᠠᠶ ᠷᠦᠢ ᠴᠢᠬᠤᠯᠠᠴᠢᠯᠠᠬᠤ ᠳᠠᠭᠠᠨ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠠᠵᠢᠯ ᠤᠨ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠵᠤ᠂ ᠠᠵᠢᠯ ᠤᠨ ᠠᠬᠢᠴᠠ ᠪᠠᠨ ᠲᠦᠷᠭᠡᠳᠬᠡᠵᠦ᠂ ᠠᠵᠢᠯ ᠤᠨ ᠪᠠᠶᠢᠳᠠᠯ ᠢ ᠤᠷᠢᠳᠴᠢᠯᠠᠨ ᠵᠠᠳᠠᠯᠵᠤ ᠰᠤᠳᠤᠯᠤᠨ ᠮᠠᠭᠠᠳᠯᠠᠵᠤ᠂ ᠭᠤᠤᠯ ᠵᠥᠷᠢᠴᠡᠯ ᠢ ᠣᠨᠣᠪᠴᠢᠲᠠᠶ ᠡᠷᠢᠨ ᠣᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠨᠠᠷᠢᠯᠢᠬᠵᠢᠭᠤᠯᠵᠤ᠂ ᠨᠡᠪᠲᠡᠷᠡᠯᠴᠡᠨ ᠵᠣᠯᠭᠠᠭᠤᠯᠬᠤ ᠶᠢ ᠴᠢᠩᠭᠠᠷᠠᠭᠤᠯᠤᠨ᠂ ᠣᠯᠠᠨ ᠲᠦᠮᠡᠨ ᠤ ︽ᠣᠷᠣᠵᠤ ᠰᠠᠭᠤᠬᠤ ᠳᠤ ᠬᠦᠴᠢᠷ︾ ︽  ᠨᠤᠷᠠᠭᠠᠵᠤ ᠨᠡᠭᠦᠬᠦ ᠳᠤ ᠬᠦᠴᠢᠷ︾ ︽ᠦᠨᠡᠮᠯᠡᠯ ᠠᠪᠬᠤ ᠳᠤ ᠬᠦᠴᠢᠷ︾ ᠵᠡᠷᠭᠡ ᠠᠰᠠᠭᠤᠳᠠᠯ ᠢ ᠬᠦᠴᠦᠨ ᠢᠶᠠᠨ ᠲᠥᠪᠯᠡᠷᠡᠭᠦᠯᠦᠨ ᠰᠠᠶᠢᠲᠤᠷ ᠰᠢᠶᠳᠪᠦᠷᠢᠯᠡᠵᠦ᠂ ᠢᠯᠠᠩᠭᠤᠶ᠎ᠠ ᠣᠨᠳᠣᠤ ᠭᠠᠵᠠᠷ ᠲᠤ ᠨᠡᠭᠦᠬᠦ ᠳᠤ ᠬᠤᠯᠪᠣᠭᠳᠠᠭᠰᠠᠨ ᠲᠥᠷᠥᠯ ᠵᠦᠶᠯ ᠢ ᠲᠠᠰ ᠳᠠᠷᠠᠭᠠᠯᠠᠯ ᠤᠨ ᠵᠢᠷᠤᠮᠵᠢᠭᠤᠯᠤᠯᠲᠠ ᠶᠢ ᠴᠢᠩᠳᠠᠯᠠᠵᠤ᠂ ᠬᠠᠤᠯᠢ ᠴᠠᠭᠠᠵᠠ᠂ ᠬᠠᠤᠯᠢ ᠲᠣᠭᠲᠠᠭᠠᠯ᠂ ᠲᠥᠷᠥ ᠶᠢᠨ ᠪᠣᠳᠣᠯᠭ᠎ᠠ ᠪᠠ ᠵᠠᠰᠠᠭ ᠵᠠᠬᠢᠷᠭᠠᠨ᠂ ᠵᠠᠬ᠎ᠠ ᠳᠡᠯᠭᠡᠭᠦᠷ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ ᠪᠠᠶᠢᠭᠠᠳ ᠰᠢᠶᠳᠪᠦᠷᠢᠯᠡᠬᠦ ᠶᠢ ᠠᠬᠢᠭᠤᠯᠬᠤ ᠬᠡᠷᠡᠭᠲᠡᠶ᠃ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠰᠠᠯᠠᠭ᠎ᠠ ᠮᠥᠴᠢᠷ ᠤᠨ ᠬᠢᠨ ᠬᠠᠤᠯᠢ ᠪᠠᠷ ᠵᠠᠰᠠᠬᠤ ᠤᠳᠤᠷᠢᠳᠤᠮᠵᠢ ᠶᠢ ᠪᠠᠷᠢᠮᠲᠠᠯᠠᠵᠤ᠂ ᠲᠤᠰᠬᠠᠢ ᠮᠡᠷᠭᠡᠵᠢᠯ ᠤᠨ ᠬᠦᠴᠦᠨ ᠢ ᠭᠦᠢᠴᠡᠳ ᠰᠠᠶᠢᠲᠤᠷ ᠠᠰᠢᠭᠯᠠᠵᠤ᠂ ᠬᠠᠤᠯᠢ ᠴᠠᠭᠠᠵᠠ ᠶᠢᠨ ᠬᠠᠷᠢᠴᠠᠭ᠎ᠠ ᠶᠢ ᠤᠯᠠᠮ ᠴᠢᠨᠠᠭᠰᠢᠳᠠ ᠲᠣᠳᠣᠷᠬᠠᠶᠢᠯᠠᠵᠤ᠂ ᠬᠠᠤᠯᠢ ᠲᠣᠭᠲᠠᠭᠠᠯ ᠢ ᠵᠢᠷᠤᠮᠯᠠᠵᠤ᠂ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ︽ᠬᠡᠷᠡᠭ ᠶᠠᠪᠤᠳᠠᠯ ᠢ ᠰᠢᠢᠳᠪᠦᠷᠢᠯᠡᠬᠦ︾᠎ ᠶᠢ ᠢᠳᠡᠪᠬᠢᠲᠡᠢ ᠠᠬᠢᠭᠤᠯᠵᠤ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠢ᠃ ᠡᠯ᠎ᠡ ᠪᠣᠭᠤᠮᠲᠠ ᠰᠢᠪᠲᠤᠯᠬᠤ ᠬᠤᠰᠢᠭᠤᠴᠢ ᠠᠩᠬᠢ ᠶᠢᠨ ᠬᠢᠨ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠵᠢᠯ ᠤᠨ ᠠᠷᠭ᠎ᠠ  ᠬᠡᠮᠵᠢᠶ᠎ᠡ  ᠪᠠᠨ ᠴᠢᠩᠭᠠᠳᠬᠠᠵᠤ᠂ ᠠᠵᠢᠯ ᠤᠨ ᠲᠥᠰᠦᠯ ᠢᠶᠠᠨ ᠨᠠᠷᠢᠯᠢᠬᠵᠢᠭᠤᠯᠵᠤ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠨ ᠲᠣᠳᠣᠷᠬᠠᠶᠢᠯᠠᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠵᠢᠷᠤᠮᠯᠠᠨ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠦᠷᠭᠦᠯᠵᠢᠯᠡᠨ ᠡᠷᠦᠭᠡ ᠳᠤ ᠬᠦᠷᠴᠦ ᠲᠠᠶᠢᠢᠴᠢᠯᠠᠵᠦ᠂ ᠤᠯᠠᠨ ᠲᠦᠮᠡᠨ ᠤ ᠲᠠᠶᠢᠯᠪᠤᠷᠢᠯᠠᠬᠤ᠂ ᠨᠡᠪᠲᠡᠷᠡᠯᠴᠡᠬᠦ ᠪᠠ ᠤᠬᠠᠭᠤᠯᠬᠤ ᠠᠵᠢᠯ ᠢ ᠰᠠᠶᠢᠲᠤᠷ ᠬᠢᠬᠦ ᠬᠡᠷᠡᠭᠲᠡᠢ᠃ ᠬᠢᠨᠠᠨ ᠵᠢᠯᠣᠭᠤᠳᠴᠤ ᠪᠠᠶᠢᠴᠠᠭᠠᠬᠤ ᠳᠤᠭᠤᠶᠢᠯᠠᠩ ᠤᠨ ᠬᠢᠨ ᠨᠢᠭᠡᠳᠦᠭᠡᠷ ᠹᠷᠣᠨᠲ ᠲᠤ ᠪᠠᠭᠤᠵᠤ᠂ ᠪᠦᠬᠦ ᠶᠠᠪᠤᠴᠠ ᠳᠤ ᠣᠷᠣᠯᠴᠠᠵᠤ᠂ ᠮᠥᠷᠳᠡᠨ ᠪᠠᠶᠢᠴᠠᠭᠠᠵᠤ᠂ ᠡᠯ᠎ᠡ ᠵᠡᠭᠡᠯᠢ ᠭᠤᠳᠤᠮᠵᠢ᠂ ᠳᠠᠭᠠᠭᠠᠴᠢᠯᠠᠨ ᠬᠤᠯᠪᠣᠭᠠᠯᠠᠭᠰᠠᠨ ᠨᠢᠭᠡᠴᠡ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠠᠬᠢᠭᠤᠯᠵᠤ᠂ ᠭᠡᠷ ᠭᠠᠵᠠᠷ ᠤᠨ ᠬᠦᠷᠦᠩᠭᠡ ᠶᠢᠨ ᠬᠦᠷᠢᠶᠡᠨ ᠤ ︽ᠭᠤᠷᠪᠠᠨ ᠬᠦᠴᠢᠷ︾᠎ ᠤᠨ ᠠᠰᠠᠭᠤᠳᠠᠯ ᠢ ᠰᠢᠢᠳᠪᠦᠷᠢᠯᠡᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠂ ᠲᠤᠰ ᠤᠳᠠᠭ᠎ᠠ ᠶᠢᠨ ︽ᠵᠠᠭᠤᠨ ᠡᠳᠦᠷ ᠤᠨ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠤ ᠢᠯᠠᠯᠲᠠ ᠶᠢ ᠵᠠᠪᠠᠯ ᠤᠯᠬᠤ ᠬᠡᠷᠡᠭᠲᠡᠢ ᠭᠡᠵᠦ ᠵᠢᠭᠠᠪᠠ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2