ᠵᠢᠨᠢᠩ ᠲᠣᠭᠤᠷᠢᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/17
       11 ᠳ᠋ᠦ᠋ᠭᠡᠷ ᠰᠠᠷ᠎ᠠ ᠶᠢᠨ 29᠎ ᠤ ᠡᠳᠦᠷ ᠤᠨ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠣᠷᠣᠯᠠᠭᠴᠢ ᠲᠣᠭᠤᠷᠢᠭ ᠤᠨ ᠳᠠᠷᠤᠭ᠎ᠠ ᠺᠠᠩ ᠬᠠᠶ ᠷᠦᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠴᠢᠮ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠨᠠᠶᠢᠳᠠᠪᠤᠷᠢᠵᠢᠭᠤᠯᠬᠤ ᠶᠢᠨ ᠬᠠᠮᠲᠤ ᠮᠠᠨ ᠤ  ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠸᠠᠺᠼᠢᠨ ᠤ ᠲᠠᠷᠢᠯᠭ᠎ᠠ ᠶᠢᠨ ᠠᠵᠢᠯ ᠤᠨ ᠲᠤᠬᠠᠶ ᠳᠠᠬᠢᠨ ᠲᠣᠬᠢᠷᠠᠭᠤᠯᠤᠯᠲᠠ᠂ ᠳᠠᠬᠢᠨ ᠪᠠᠶᠢᠷᠢᠯᠠᠭᠤᠯᠤᠯᠲᠠ ᠬᠢᠪᠠ᠃          ᠲᠣᠭᠤᠷᠢᠭ ᠤᠨ ᠤᠳᠤᠷᠢᠳᠤᠯᠭ᠎ᠠ  ᠶᠤᠤ ᠬᠠᠢ ᠮᠢᠩ᠂ ᠸᠠᠩ ᠯᠢ ᠰᠢᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃         ᠺᠠᠩ ᠬᠠᠶ ᠷᠦᠢ  ᠵᠢᠭᠠᠭᠰᠠᠨ ᠨᠢ᠂ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠮᠠᠨᠵᠤᠤᠷ᠂ ᠲᠦᠩᠯᠢᠶᠣᠤ ᠬᠤᠲᠠ ᠳᠤ  ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠠᠷᠭ᠎ᠠ ᠴᠢᠨᠠᠷᠲᠠᠶ ᠡᠪᠡᠳᠴᠢᠨ ᠤ ᠵᠢᠱᠢᠶ᠎ᠡ ᠵᠠᠯᠭᠠᠭ᠎ᠠ ᠪᠠᠷ ᠢᠯᠡᠷᠡᠵᠦ᠂ ᠮᠠᠨ ᠤ  ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠳᠤ ᠳᠠᠬᠢᠨᠲᠠ ᠰᠡᠷᠡᠮᠵᠢ ᠶᠢᠨ ᠳᠣᠬᠢᠶ᠎ᠠ ᠥᠭᠭᠦᠭᠰᠡᠨ ᠪᠠᠶᠢᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠠᠷᠢᠨ ᠪᠤᠳᠤᠯᠢᠶᠠᠨᠲᠠᠶ ᠬᠦᠨᠳᠦ ᠬᠡᠴᠡᠭᠦᠦ ᠪᠠᠶᠢᠳᠠᠯ ᠢ ᠰᠡᠷᠭᠡᠭ ᠢᠶᠠᠷ ᠲᠠᠨᠢᠵᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠮᠢᠨᠴᠦᠭᠦᠷᠡᠬᠦ ᠦᠵᠡᠯ ᠰᠠᠨᠠᠭ᠎ᠠ᠂ ᠳᠠᠶᠢᠨ ᠠᠴᠠ ᠬᠠᠯᠠᠰᠢᠷᠠᠬᠤ ᠰᠡᠳᠬᠢᠯᠭᠡ᠂ ᠠᠵᠠ ᠵᠠᠪᠰᠢᠶᠠᠨ ᠢᠶᠠᠷ ᠭᠤᠷᠢᠳᠠᠬᠤ ᠰᠡᠳᠬᠢᠯᠭᠡ᠂ ᠰᠤᠯᠠᠷᠠᠬᠤ ᠰᠡᠳᠬᠢᠯᠭᠡ ᠶᠢ ᠡᠷᠡᠰ ᠲᠡᠪᠴᠢᠵᠦ᠂ ᠬᠢᠵᠢᠭ ᠤᠨ ᠪᠠᠶᠢᠳᠠᠯ ᠤᠨ ᠲᠤᠬᠠᠶ ᠳᠡᠭᠡᠳᠦ ᠬᠡᠮᠵᠢᠶᠡᠨ ᠤ ᠰᠣᠨᠣᠷ ᠰᠡᠷᠡᠮᠵᠢ᠂ ᠰᠡᠷᠭᠡᠭ ᠴᠢᠨᠠᠷ ᠢ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠴᠢᠩᠭ᠎ᠠ ᠵᠢᠷᠤᠮᠯᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠤᠨ ᠰᠢᠨᠵᠢᠯᠡᠬᠦ ᠤᠬᠠᠭᠠᠨᠴᠢ ᠴᠢᠨᠠᠷ᠂ ᠬᠠᠨᠳᠤᠯᠭᠠᠲᠤ ᠴᠢᠨᠠᠷ ᠪᠠ ᠨᠠᠷᠢᠯᠢᠭ ᠣᠨᠣᠪᠴᠢᠲᠤ ᠴᠢᠨᠠᠷ ᠢ ᠴᠢᠩᠭᠠᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠷᠭ᠎ᠠ ᠬᠡᠮᠵᠢᠶ᠎ᠡ ᠶᠢ ᠨᠠᠷᠢᠯᠢᠭ ᠪᠥᠭᠡᠳ ᠪᠣᠳᠠᠲᠠᠶ ᠪᠥᠭᠡᠳ ᠭᠦᠨᠵᠡᠭᠡᠶ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠶᠯ ᠤᠨ ᠠᠵᠢᠯ ᠢ ᠴᠢᠩᠭ᠎ᠠ ᠪᠥᠭᠡᠳ ᠪᠣᠳᠠᠲᠠᠶ ᠪᠥᠭᠡᠳ ᠴᠢᠩᠭ᠎ᠠ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ ᠪᠥᠬᠦ ᠬᠦᠴᠦᠨ ᠢᠶᠠᠷ ᠢᠶᠠᠨ ᠪᠠᠬᠢᠵᠢᠭᠦᠯᠦᠨ᠎ᠡ᠃         ᠺᠠᠩ ᠬᠠᠶ ᠷᠦᠢ ᠱᠠᠭᠠᠷᠳᠠᠭᠰᠠᠨ ᠨᠢ᠂ ᠬᠢᠵᠢᠭ ᠤᠨ ᠪᠠᠶᠢᠳᠠᠯ ᠤᠨ ᠬᠤᠪᠢᠷᠠᠯᠲᠠ ᠶᠢ ᠦᠨᠳᠦᠰᠦᠯᠡᠵᠦ᠂ ᠰᠡᠷᠭᠡᠶᠢᠯᠡᠨ ᠡᠵᠡᠮᠳᠡᠬᠦ ᠠᠷᠭ᠎ᠠ ᠪᠣᠳᠣᠯᠭ᠎ᠠ ᠪᠠᠨ ᠴᠠᠭ ᠲᠤᠬᠠᠶ ᠳᠤᠨᠢ ᠳᠣᠭᠢᠷᠠᠭᠤᠯᠵᠤ᠂ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠡᠵᠡᠮᠳᠡᠬᠦ᠂ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠴᠢᠩᠭᠠᠷᠠᠭᠤᠯᠤᠨ᠂ ᠲᠣᠮᠣ ᠳ᠋ᠠᠶᠢᠲ᠋ᠠ ᠶᠢᠨ ᠮᠡᠷᠭᠡᠵᠢᠯ ᠢ ᠤᠶᠢᠯᠠᠭᠠᠨ ᠵᠢᠭᠰᠠᠭᠠᠬᠤ᠂ ᠨᠡᠶᠢᠭᠡᠮ ᠲᠣᠭᠤᠷᠢᠭ ᠤᠨ ᠰᠦᠯᠵᠢᠶ᠎ᠡ ᠶᠢ ᠤᠶᠢᠯᠠᠭᠠᠨ ᠵᠢᠭᠰᠠᠭᠠᠬᠤ ᠵᠡᠷᠭᠡ ᠦᠶᠯᠡᠳᠦᠯ ᠢ ᠭᠦᠶᠴᠡᠳ ᠪᠠᠳᠠᠷᠠᠭᠤᠯᠵᠤ᠂ ᠮᠠᠨᠵᠤᠤᠷ᠂ ᠲᠦᠩᠯᠢᠶᠣᠤ ᠬᠤᠲᠠ ᠵᠢᠴᠢ ᠪᠣᠭᠤᠮᠲᠠ ᠶᠢᠨ ᠭᠠᠵᠠᠷ ᠣᠷᠣᠨ ᠤ ᠴᠤᠭᠯᠠᠷᠠᠨ ᠢᠷᠡᠬᠦ ᠪᠠ ᠪᠤᠴᠠᠵᠤ ᠢᠷᠡᠬᠦ ᠬᠥᠮᠦᠰ ᠢ ᠤᠶᠢᠯᠠᠭᠠᠨ ᠭᠠᠳᠠᠭᠰᠢᠯᠠᠭᠤᠯᠬᠤ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ᠡᠷᠡᠰ ᠢᠶᠠᠷ ᠵᠢᠭᠰᠠᠭᠠᠨ ᠪᠠᠶᠢᠴᠠᠭᠠᠵᠤ ᠪᠣᠳᠠᠲᠠᠶᠢᠵᠢᠭᠤᠯᠤᠨ᠂ ᠴᠠᠭ ᠲᠤᠬᠠᠶ ᠳᠤᠨᠢ ᠣᠨᠣᠪᠴᠢᠲᠠᠶ ᠳᠡᠭᠡᠭᠰᠢ ᠮᠡᠳᠡᠭᠦᠯᠵᠦ᠂ ᠡᠷᠲᠡ ᠢᠯᠡᠷᠡᠭᠦᠯᠬᠦ᠂ ᠡᠷᠲᠡ ᠰᠢᠶᠳᠪᠦᠷᠢᠯᠡᠬᠦ᠂ ᠣᠷᠬᠢᠭᠳᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠵᠤ᠂ ᠮᠠᠨ ᠤ  ᠲᠤᠭᠤᠷᠢᠭ ᠤᠨ  ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠲᠣᠭᠲᠠᠭᠤᠨ ᠪᠠᠶᠢᠬᠤ ᠪᠠᠶᠢᠳᠠᠯ ᠢ ᠦᠨᠡᠨᠬᠦ ᠬᠠᠮᠠᠭᠠᠯᠠᠬᠤ ᠬᠡᠷᠡᠭᠲᠡᠶ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠡᠷᠭᠡᠶᠢᠯᠡᠨ ᠡᠵᠡᠮᠳᠡᠬᠦ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠠᠵᠢᠯ ᠲᠥᠷᠥᠯ᠂ ᠭᠤᠣᠯᠳᠠᠯᠭ᠎ᠠ ᠲᠠᠢ ᠬᠥᠮᠦᠰ ᠢ ᠰᠡᠷᠭᠡᠶᠢᠯᠡᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠵᠢᠭᠰᠠᠭᠠᠨ ᠪᠠᠶᠢᠴᠠᠭᠠᠵᠤ ᠳᠠᠩᠰᠠᠯᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠠᠮᠠᠪᠴᠢ ᠶᠢ ᠵᠡᠭᠦᠬᠦ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠢᠯᠠᠩᠭᠤᠶ᠎ᠠ ᠬᠦᠶᠲᠡᠨ ᠬᠡᠯᠬᠢᠶ᠎ᠡ᠂ ᠡᠯᠧᠺᠲᠷᠣᠨ ᠬᠤᠳᠠᠯᠳᠤᠭᠠᠨ ᠤ ᠪᠠᠷᠠᠭᠠᠨ ᠤ ᠭᠦᠶᠯᠭᠡᠭᠡᠨ ᠤ ᠪᠠᠶᠢᠴᠠᠭᠠᠯᠲᠠ ᠪᠠ ᠴᠤᠭᠯᠠᠭᠤᠯᠬᠤ ᠪᠠᠷ ᠢᠷᠡᠭᠰᠡᠨ ᠬᠥᠮᠦᠰ ᠤᠨ ᠮᠡᠳᠡᠭᠡ ᠵᠠᠩᠭᠢ ᠶᠢ ᠮᠡᠳᠡᠭᠦᠯᠦᠨ ᠳᠠᠩᠰᠠᠯᠠᠭᠤᠯᠬᠤ ᠵᠡᠷᠭᠡ ᠭᠤᠤᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠠᠩᠬᠠᠷᠴᠤ᠂ ᠤᠰᠠᠳᠬᠠᠬᠤ᠂ ᠵᠢᠭᠰᠠᠭᠠᠨ ᠪᠠᠶᠢᠴᠠᠭᠠᠬᠤ᠂ ᠪᠠᠶᠢᠴᠠᠭᠠᠨ ᠰᠢᠯᠭᠠᠬᠤ ᠡᠷᠴᠢᠮ ᠢᠶᠠᠨ ᠴᠢᠩᠭᠠᠷᠠᠭᠤᠯᠵᠤ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ᠂ ᠨᠢᠭᠡ ᠪᠣᠳᠠᠰ ᠢ ᠴᠤ ᠣᠷᠬᠢᠭᠳᠠᠭᠤᠯᠬᠤ ᠥᠬᠡᠶ᠂ ᠴᠢᠩᠭ᠎ᠠ ᠰᠡᠷᠭᠡᠶᠢᠯᠡᠨ ᠰᠠᠬᠢᠵᠤ᠂ ᠠᠮᠤᠷ ᠲᠦᠪᠰᠢᠨ ᠢ ᠦᠨᠡᠨ ᠬᠦ  ᠪᠠᠲᠤᠯᠠᠬᠤ  ᠬᠡᠷᠡᠭᠲᠡᠢ ᠃        ᠺᠠᠩ ᠬᠠᠶ ᠷᠦᠢ ᠴᠢᠬᠤᠯᠠᠴᠢᠯᠠᠬᠤ ᠳᠠᠭᠠᠨ᠂ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠱᠠᠭᠠᠷᠳᠠᠯᠭ᠎ᠠ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠲᠥᠰᠦᠯ᠂ ᠡᠳ᠋ ᠪᠣᠳᠠᠰ᠂ ᠠᠵᠢᠯᠲᠠᠨ ᠤ ᠲᠣᠬᠢᠷᠠᠭᠤᠯᠤᠯᠲᠠ ᠵᠡᠷᠭᠡ ᠡᠯ᠎ᠡ ᠵᠦᠶᠯ ᠤᠨ ᠪᠡᠯᠡᠳᠬᠡᠯ ᠠᠵᠢᠯ ᠢ ᠰᠠᠶᠢᠲᠤᠷ ᠬᠢᠵᠦ᠂  ᠰᠠᠭᠤᠭᠠᠯᠢ ᠲᠣᠭᠤᠷᠢᠭ ᠤᠨ ᠪᠢᠲᠡᠭᠦᠮᠵᠢᠯᠡᠨ ᠡᠵᠡᠮᠳᠡᠬᠦ ᠬᠦᠷᠢᠶ᠎ᠡ᠂ ᠡᠷᠬᠢᠨ ᠲᠣᠭᠤᠷᠢᠨ ᠤ ᠰᠡᠷᠭᠡᠶᠢᠯᠡᠨ ᠡᠵᠡᠮᠳᠡᠬᠦ ᠬᠦᠷᠢᠶ᠎ᠡ᠂ ᠬᠤᠲᠠ ᠶᠢᠨ ᠲᠣᠭᠤᠷᠢᠭ ᠤᠨ ᠰᠡᠷᠭᠡᠶᠢᠯᠡᠯᠲᠡ ᠶᠢᠨ ᠬᠦᠷᠢᠶ᠎ᠡ ᠶᠢᠨ ︽ᠭᠤᠷᠪᠠᠨ ᠬᠦᠷᠢᠶ᠎ᠡ︾᠎ ᠶᠢᠨ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠭᠡᠨᠡᠳᠲᠡ ᠡᠭᠦᠰᠦᠭᠰᠡᠨ ᠬᠢᠵᠢᠭ ᠤᠨ ᠪᠠᠶᠢᠳᠠᠯ ᠢ ᠰᠢᠶᠳᠪᠦᠷᠢᠯᠡᠬᠦ ᠴᠢᠳᠠᠪᠤᠷᠢ ᠶᠢᠨ ᠬᠢᠷᠢ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ ᠃ ᠸᠠᠺᠼᠢᠨ ᠤ ︽ᠲᠠᠷᠢᠯᠭ᠎ᠠ ᠶᠢ ᠴᠢᠩᠭᠠᠳᠬᠠᠬᠤ︾ ᠲᠠᠷᠢᠯᠭ᠎ᠠ ᠶᠢ ᠤᠯᠠᠮ ᠨᠢᠭᠡ ᠠᠯᠬᠤᠮ ᠲᠦᠷᠭᠡᠳᠬᠡᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠬᠤ ᠶᠢ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠡᠯᠢᠯᠡᠭᠡ ᠶᠢᠨ ᠲᠠᠷᠢᠯᠭ᠎ᠠ ᠶᠢᠨ ᠠᠵᠢᠯ ᠢ ᠨᠠᠷᠢᠯᠢᠭ ᠣᠨᠣᠴᠠᠲᠠᠶ᠂ ᠯᠠᠪᠳᠠᠭᠤᠨ᠂ ᠡᠮᠬᠢ ᠵᠢᠷᠤᠮ ᠲᠠᠢ ᠪᠠᠷ ᠠᠬᠢᠭᠤᠯᠤᠨ ᠴᠢᠩᠭᠠᠳᠬᠠᠵᠤ᠂ ᠭᠥᠯᠢᠶᠡᠨ ᠠᠪᠤᠪᠠᠯ ᠵᠣᠬᠢᠬᠤ ᠶᠢ ᠨᠢ ᠴᠥᠮ ᠭᠥᠯᠢᠶᠡᠨ ᠠᠪᠴᠤ᠂ ᠭᠥᠯᠢᠶᠡᠨ ᠠᠪᠤᠪᠠᠯ ᠵᠣᠬᠢᠬᠤ ᠶᠢ ᠨᠢ ᠲᠦᠷᠭᠡᠨ ᠭᠥᠯᠢᠶᠡᠨ ᠠᠪᠴᠤ᠂ ᠸᠠᠺᠼᠢᠨ ᠤ ᠲᠠᠷᠢᠯᠭ᠎ᠠ ᠶᠢᠨ ᠪᠦᠷᠬᠦᠴᠡ ᠶᠢᠨ ᠨᠣᠷᠮ᠎ᠠ ᠶᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠶ ᠃  ᠲᠤᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠨᠢ ᠵᠢᠯᠣᠭᠤᠳᠤᠨ ᠵᠣᠬᠢᠴᠠᠭᠤᠯᠬᠤ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠥᠨᠳᠥᠷ ᠪᠦᠲᠦᠮᠵᠢᠲᠡᠶ ᠪᠠᠷ ᠠᠵᠢᠯᠯᠠᠭᠤᠯᠤᠨ᠂ ᠳᠡᠭᠡᠭᠰᠢ ᠳᠣᠷᠣᠭᠰᠢ ᠳᠠᠮᠵᠢᠭᠤᠯᠵᠤ᠂ ᠴᠠᠭ ᠲᠤᠬᠠᠶ ᠳᠤᠨᠢ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠪᠠ ᠰᠡᠷᠭᠡᠶᠢᠯᠡᠨ ᠡᠵᠡᠮᠳᠡᠬᠦ ᠠᠬᠢᠴᠠ ᠶᠢᠨ ᠪᠠᠶᠢᠳᠠᠯ ᠢ ᠨᠡᠶᠢᠲᠡᠯᠡᠵᠦ᠂ ᠡᠳᠦᠷ ᠲᠤ ᠮᠡᠳᠡᠭᠦᠯᠬᠦ᠂ ᠥᠴᠦᠬᠡᠨ ᠴᠦ ᠮᠡᠳᠡᠭᠦᠯᠬᠦ ᠥᠬᠡᠶ ᠪᠠᠶᠢᠬᠤ ᠲᠦᠷᠢᠮ ᠢ ᠴᠢᠩᠭ᠎ᠠ ᠬᠡᠷᠡᠭᠵᠢᠭᠦᠯᠦᠨ᠂ ᠮᠡᠳᠡᠭᠡ ᠵᠠᠩᠭᠢ ᠶᠢᠨ ᠬᠠᠷᠢᠯᠴᠠᠨ ᠨᠡᠪᠲᠡᠷᠡᠯᠴᠡᠬᠦ ᠪᠠ ᠠᠷᠭ᠎ᠠ ᠬᠡᠮᠵᠢᠶ᠎ᠡ ᠶᠢᠨ ᠬᠠᠷᠢᠯᠴᠠᠨ ᠦᠶᠯᠡᠳᠦᠯᠴᠡᠬᠦ ᠶᠢ ᠴᠢᠩᠭᠠᠳᠬᠠᠵᠤ᠂ ᠲᠦᠷᠦᠭᠦᠯᠡᠨ ᠶᠡᠷᠦᠩᠬᠡᠶ ᠠᠵᠢᠯ ᠢ ᠠᠳᠬᠤᠬᠤ ᠦᠶᠯᠡᠳᠦᠯ ᠢ ᠦᠨᠡᠨᠬᠦ ᠰᠠᠶᠢᠲᠤᠷ ᠪᠠᠳᠠᠷᠠᠭᠤᠯᠬᠤ ᠬᠡᠷᠡᠭᠲᠡᠶ ᠃ ᠤᠬᠠᠭᠤᠯᠬᠤ ᠰᠠᠯᠠᠭ᠎ᠠ ᠮᠥᠴᠢᠷ ᠤᠳ ᠤᠬᠠᠭᠤᠯᠤᠨ ᠳᠠᠶᠢᠴᠢᠯᠠᠬᠤ ᠶᠢ ᠪᠥᠬᠦ ᠲᠠᠯ᠎ᠠ ᠪᠠᠷ ᠴᠢᠩᠭᠠᠳᠬᠠᠵᠤ᠂ ᠣᠯᠠᠨ ᠵᠦᠶᠯ ᠤᠨ ᠵᠠᠭᠤᠴᠢᠯᠠᠭᠤᠷ ᠢ ᠠᠰᠢᠭᠯᠠᠨ᠂ ᠣᠯᠠᠨ ᠶᠠᠩᠵᠤ ᠶᠢᠨ ᠠᠷᠭ᠎ᠠ ᠪᠠᠷᠢᠯ ᠢ ᠬᠡᠷᠡᠭᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠸᠠᠺᠼᠢᠨ ᠤ ᠲᠠᠷᠢᠯᠭ᠎ᠠ ᠶᠢᠨ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠥᠷᠭᠡᠨ ᠣᠯᠠᠨ ᠬᠤᠲᠠ ᠶᠢᠨ ᠠᠷᠠᠳ ᠢ ᠬᠥᠲᠥᠯᠦᠨ ᠵᠢᠯᠣᠭᠤᠳᠴᠤ ᠪᠠᠶᠢᠭᠠᠳ ᠥᠪᠡᠷ ᠢ ᠪᠠᠨ ᠬᠠᠮᠠᠭᠠᠯᠠᠬᠤ ᠦᠵᠡᠯ ᠤᠬᠠᠮᠰᠠᠷ ᠢ ᠨᠢ ᠴᠢᠩᠭᠠᠳᠬᠠᠬᠤ ᠬᠡᠷᠡᠭᠲᠡᠶ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2