ᠵᠢᠨᠢᠩ ᠲᠣᠭᠤᠷᠢᠭ ᠤᠨ ᠬᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠰᠣᠯᠢᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/12/17
       11 ᠰᠠᠷ᠎ᠠ ᠶᠢᠨ 30᠎ ᠤ ᠦᠳᠡ ᠶᠢᠨ ᠬᠤᠶᠢᠨ᠎ᠠ᠂ ᠵᠢᠨᠢᠩ ᠲᠣᠭᠤᠷᠢᠭ ᠤᠨ ᠬᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠣᠯᠢᠯᠴᠠᠭᠠᠨ ᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠪᠠ ᠣᠷᠣᠨ ᠤ ᠨᠠᠮ ᠤᠨ ᠬᠤᠷᠢᠶ᠎ᠠ ᠶᠢᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠵᠢᠴᠢ ᠣᠷᠣᠨ ᠤ ᠨᠠᠮ ᠤᠨ ᠬᠤᠷᠢᠶ᠎ᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠳᠠᠬᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠦᠷ᠎ᠡ ᠪᠦᠲᠦᠮᠵᠢ ᠶᠢ ᠳ᠋ᠦᠩᠨᠡᠨ ᠰᠣᠯᠢᠯᠴᠠᠵᠤ᠂ ᠲᠠᠷᠠᠭᠠᠴᠢ ᠶᠢᠨ ᠨᠢᠭᠡ ᠱᠠᠲᠤᠨ ᠤ ᠪᠥᠬᠦ ᠣᠷᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠵᠤ᠂ ᠮᠠᠨ ᠤ ᠲᠤᠭᠤᠷᠢᠭ ᠤᠨ ᠡᠯ᠎ᠡ ᠬᠦᠷᠢᠶᠡᠨ ᠳᠠᠬᠢ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠭᠦᠨᠵᠡᠭᠡᠶ ᠠᠭᠤᠰᠤᠯᠴᠠᠬᠤ ᠶᠢ ᠤᠯᠠᠮ ᠨᠢᠭᠡ  ᠠᠯᠬᠤᠮ ᠠᠬᠢᠭᠤᠯᠬᠤ ᠬᠡᠷᠡᠭᠲᠡᠢ᠃      ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠠᠩ ᠱᠦᠨ ᠯᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃        ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂  ᠲᠤᠭᠤᠷᠢᠭ ᠤᠨ ᠨᠠᠮ ᠤᠨ ᠬᠤᠷᠢᠶ᠎ᠠ ᠶᠢᠨ ᠣᠷᠣᠨ ᠲᠤᠭ᠎ᠠ ᠶᠢᠨ ᠠᠯᠪᠠᠨ ᠬᠡᠷ ᠤᠨ ᠡᠷᠬᠢᠯᠡᠭᠴᠢ ᠶᠠᠨ ᠮᠠᠨ ᠯᠢ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂  ᠲᠤᠭᠤᠷᠢᠭ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ  ᠂ ᠲᠤᠭᠤᠷᠢᠭ ᠤᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠬᠡᠯᠲᠡᠰ ᠤᠨ ᠶᠠᠪᠤᠳᠠᠯ ᠤᠨ ᠬᠤᠷᠠᠯ ᠤᠨ ᠪᠦᠷᠢᠯᠳᠦᠬᠦᠨ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠨᠠᠮ ︵ᠠᠵᠢᠯᠴᠢᠨ︶᠎ ᠤᠨ  ᠬᠤᠷᠢᠶ᠎ᠠ ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠬᠤᠷᠠᠯ ᠳᠤ ᠣᠷᠣᠯᠴᠠᠪᠠ᠃          ᠵᠠᠩ ᠱᠦᠨ  ᠯᠢ ᠶᠠᠷᠢᠶᠠᠨ ᠳᠠᠭᠠᠨ᠂ 11 ᠰᠠᠷ᠎ᠠ ᠶᠢᠨ 16᠎ ᠤ ᠡᠳᠦᠷ ᠠᠴᠠ ᠡᠬᠢᠯᠡᠵᠦ᠂ ᠮᠠᠨ ᠤ  ᠲᠤᠭᠤᠷᠢᠭ ᠬᠠᠭᠠᠰ ᠰᠠᠷ᠎ᠠ ᠰᠢᠬᠠᠮ ᠤᠨ ᠴᠠᠭ ᠵᠠᠷᠤᠴᠠᠭᠤᠯᠵᠤ ᠪᠠᠶᠢᠭᠠᠳ ᠪᠦᠬᠦ  ᠲᠤᠭᠤᠷᠢᠭ ᠤᠨ  ᠡᠯ᠎ᠡ  ᠬᠦᠷᠢᠶᠠᠨ ᠤ ᠡᠯ᠎ᠡ ᠠᠵᠢᠯ ᠲᠦᠷᠦᠯ ᠤᠨ 49 ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠴᠡᠭ ᠲᠤ ᠲᠤᠬᠠᠢ ᠶᠢᠨ ᠲᠠᠯᠠᠪᠤᠷ ᠤᠨ ᠲᠣᠭᠤᠷᠢᠨ ᠦᠵᠡᠵᠦ ᠰᠢᠯᠭᠠᠨ ᠦᠨᠡᠯᠡᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠲᠠᠯ᠎ᠠ ᠶᠢ ᠬᠠᠮᠵᠢᠯᠴᠠᠭᠤᠯᠵᠤ᠂ ᠦᠨᠳᠦᠰᠦᠨ ᠱᠠᠳᠤ ᠶᠢ ᠶᠡᠬᠡᠪᠡᠷ ᠠᠳᠬᠤᠬᠤ︾ ᠦᠷ᠎ᠡ ᠪᠦᠲᠦᠮᠵᠢ ᠶᠢ ᠭᠦᠨᠵᠡᠭᠡᠶᠢᠷᠡᠭᠦᠯᠦᠨ ᠥᠷᠭᠡᠳᠬᠡᠵᠦ᠂ ᠪᠦᠬᠦ  ᠲᠤᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠳᠤ ︽ᠨᠡᠶᠢᠲᠡᠯᠢᠭ  ᠵᠢᠱᠢᠶ᠎ᠡ  ᠶᠢ ᠪᠤᠢ ᠪᠣᠯᠭᠠᠵᠤ᠂ ᠲᠦᠪᠰᠢᠨ ᠢ ᠳᠡᠭᠡᠭᠰᠢᠯᠡᠭᠦᠯᠵᠦ᠂ ᠡᠮᠦᠨ᠎ᠡ ᠡᠩᠨᠡᠭᠡᠨ ᠳᠤ ᠣᠷᠣᠬᠤ︾᠎ ᠶᠢ ᠠᠬᠢᠭᠤᠯᠬᠤ ᠪᠠᠷ ᠵᠣᠷᠢᠯᠲᠠ ᠪᠠᠨ ᠪᠣᠯᠭᠠᠵᠠᠢ᠃ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠡᠷᠬᠡᠪᠰᠢ ᠰᠤᠷᠤᠯᠴᠠᠯᠭ᠎ᠠ ᠶᠢᠨ ᠳᠤᠮᠳᠠ ᠲᠤᠯᠢ ᠪᠣᠯᠭᠠᠬᠤ ᠬᠡᠷᠡᠭᠲᠡᠢ᠂ ᠠᠳᠠᠯᠢ  ᠬᠦᠷᠢᠶ᠎ᠡ᠂ ᠠᠳᠠᠯᠢ ᠠᠵᠢᠯ ᠲᠦᠷᠦᠯ ᠤᠨ ᠬᠢᠨ ᠳᠤ ᠬᠠᠷᠢᠯᠴᠠᠨ ᠰᠤᠷᠤᠯᠴᠠᠵᠤ ᠬᠠᠷᠢᠯᠴᠠᠨ ᠲᠤᠯᠢ ᠪᠣᠯᠭᠠᠬᠤ ᠪᠠᠷ ᠪᠠᠷᠠᠬᠤ ᠦᠭᠡᠢ  ᠠᠵᠢᠯ ᠲᠦᠷᠦᠯ ᠤᠨ ᠬᠢᠵᠠᠭᠠᠷᠯᠠᠯ ᠢ ᠡᠪᠳᠡᠵᠦ᠂ ᠠᠭᠤᠰᠤᠯᠴᠠᠭᠤᠯᠤᠨ ᠰᠤᠷᠤᠯᠴᠠᠵᠤ᠂ ᠠᠪᠴᠢᠷᠠᠨ ᠲᠤᠯᠢ ᠪᠣᠯᠭᠠᠬᠤ ᠬᠡᠷᠡᠭᠲᠡᠢ ᠂ ᠠᠯᠪᠠ ᠪᠠᠷ ᠨᠡᠭᠦᠯᠭᠡᠨ ᠬᠡᠷᠡᠭᠯᠡᠵᠦ ᠪᠣᠯᠬᠤ ᠦᠭᠡᠢ᠃ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠪᠦᠬᠦ  ᠲᠤᠭᠤᠷᠢᠭ ᠤᠨ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠵᠦ ᠪᠣᠳᠠᠲᠠᠢ ᠬᠢᠵᠦ ᠦᠷ᠎ᠡ ᠪᠦᠲᠦᠮᠵᠢ ᠭᠠᠷᠭᠠᠵᠤ᠂ ᠪᠦᠬᠦ  ᠲᠤᠭᠤᠷᠢᠭ ᠤᠨ  ᠨᠠᠮ ᠤᠨ ᠪᠠᠶᠢᠭᠤᠯᠤᠯᠲᠠ ᠶᠢ ︽ᠴᠡᠭ ᠳᠡᠭᠡᠷ᠎ᠡ ᠠᠴᠠ ᠴᠡᠴᠡᠭᠯᠡᠬᠦ︾᠎ ᠠᠴᠠ ︽ᠪᠦᠬᠦ ᠲᠠᠯ᠎ᠠ ᠠᠴᠠ ᠦᠷ᠎ᠡ ᠪᠦᠲᠦᠮᠵᠢ ᠤᠯᠬᠤ︾ ᠲᠡᠰᠢ ᠬᠤᠪᠢᠷᠠᠭᠤᠯᠬᠤ ᠶᠢ ᠴᠢᠨᠠᠭᠰᠢᠳᠠ ᠠᠬᠢᠭᠤᠯᠵᠤ᠂ ᠪᠦᠬᠦ  ᠲᠤᠭᠤᠷᠢᠭ ᠤᠨ ᠴᠢᠨᠠᠷ ᠰᠠᠶᠢᠲᠠᠢ ᠨᠠᠮ ᠤᠨ ᠪᠠᠶᠢᠭᠤᠯᠤᠯᠲᠠ ᠪᠠᠷ ᠴᠢᠨᠠᠷ ᠰᠠᠶᠢᠲᠠᠢ ᠬᠥᠭᠵᠢᠯᠲᠡ ᠶᠢ ᠬᠦᠳᠦᠯᠦᠨ ᠳᠠᠭᠠᠭᠤᠯᠬᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ  ᠵᠢᠭᠠᠪᠠ᠃          ᠵᠠᠩ ᠱᠦᠨ  ᠯᠢ ᠱᠠᠭᠠᠷᠳᠠᠭᠰᠠᠨ ᠨᠢ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠨᠠᠮ ᠤᠨ ᠪᠠᠶᠢᠭᠤᠯᠤᠯᠲᠠ ᠶᠢ ᠠᠳᠬᠤᠬᠤ ︽ᠲᠦᠷᠪᠡᠨ ᠶᠡᠭᠡ ᠣᠶᠢᠯᠠᠭᠠᠭᠳᠠᠬᠤᠨ︾᠎ ᠢ ᠪᠠᠲᠤ ᠪᠤᠢ ᠪᠣᠯᠭᠠᠵᠤ᠂ ︽ᠨᠠᠮ ᠤᠨ ᠦᠢᠯᠡᠰ ᠢ ᠨᠢᠭᠡ ᠴᠤᠭᠴᠠᠵᠢᠭᠤᠯᠬᠤ᠂ ᠬᠥᠮᠦᠨ ᠢᠶᠠᠷ ᠦᠨᠳᠦᠰᠦ ᠪᠣᠯᠭᠠᠬᠤ᠂ ᠨᠠᠮ ᠤᠨ ᠪᠠᠶᠢᠭᠤᠯᠤᠯᠲᠠ᠂ ᠨᠠᠮ ᠤᠨ ᠪᠠᠶᠢᠭᠤᠯᠤᠯᠲᠠ ᠶᠢᠨ ᠲᠦᠷᠦᠯ ᠲᠡᠮᠳᠡᠭ ᠢ ᠠᠭᠤᠰᠤᠯᠴᠠᠭᠤᠯᠬᠤ︾ ᠤᠶᠢᠯᠠᠭᠠᠭᠳᠠᠬᠤᠨ ᠢ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠤ ᠡᠩᠨᠡᠭᠡ ᠶᠢᠨ ᠪᠠᠶᠢᠭᠤᠯᠤᠯᠲᠠ ᠳᠤ ᠦᠨᠡᠨᠬᠦ ᠠᠭᠤᠰᠤᠯᠴᠠᠭᠤᠯᠵᠤ᠂ ᠤᠷᠢᠶᠠᠯᠠᠬᠤ ᠬᠦᠴᠦᠨ᠂ ᠨᠢᠭᠲᠠᠷᠠᠭᠤᠯᠬᠤ ᠬᠦᠴᠦᠨ᠂ ᠲᠠᠶᠢᠴᠢᠨ ᠬᠦᠴᠦᠨ ᠢ ᠠᠳᠬᠤᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠪᠦᠬᠦ  ᠲᠤᠭᠤᠷᠢᠭ ᠤᠨ  ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠥᠷᠭᠡᠨ ᠤᠯᠠᠨ ᠠᠷᠠᠳ ᠲᠦᠮᠡᠨ ᠳᠤ ᠬᠥᠭᠵᠢᠯᠲᠡ ᠶᠢᠨ ᠦᠷ᠎ᠡ ᠪᠦᠲᠦᠭᠡᠯ ᠢ ᠨᠡᠩ ᠤᠯᠠᠨ ᠨᠡᠩ ᠰᠠᠶᠢᠨ ᠡᠳ᠋ᠯᠡᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠲᠣᠳᠣᠷᠬᠠᠢ ᠪᠣᠯᠭᠠᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ᠂ ᠲᠦᠷᠢᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ ᠤᠨ ᠶᠡᠷᠦᠩᠬᠡᠢ ᠡᠭᠦᠷᠭᠡ ᠶᠢ ᠲᠣᠳᠣᠷᠬᠠᠢ ᠪᠣᠯᠭᠠᠵᠤ᠂ ᠭᠤᠣᠯᠳᠠᠯᠭ᠎ᠠ ᠶᠢᠨ ᠲᠣᠭᠤᠷᠢᠨ ᠳᠤ ᠡᠩᠨᠡᠭᠡ ᠶᠢ ᠪᠠᠶᠢᠭᠤᠯᠵᠤ᠂ ᠬᠥᠭᠵᠢᠯᠲᠡ ᠶᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠠᠵᠢᠯ ᠪᠣᠯᠤᠨ ᠲᠤᠬᠠᠶᠢᠯᠠᠭᠰᠠᠨ ᠠᠵᠢᠯ ᠤᠨ ᠬᠠᠷᠠᠯᠲᠠ ᠶᠢ ᠠᠳᠠᠯᠢ ᠴᠢᠭᠯᠡᠯ ᠲᠠᠢ ᠪᠠᠶᠢᠯᠭᠠᠵᠤ᠂ ᠠᠵᠢᠯ ᠢ ᠨᠢᠭᠡᠳᠦᠯᠲᠡᠢ ᠲᠥᠯᠥᠪᠵᠢᠭᠦᠯᠵᠦ᠂ ᠠᠷᠭ᠎ᠠ  ᠬᠡᠮᠵᠢᠶ᠎ᠡ  ᠶᠢ ᠢᠵᠢ ᠪᠦᠷᠢᠳᠦᠭᠦᠯᠵᠦ᠂ ᠨᠠᠮ ᠤᠨ ᠪᠠᠶᠢᠭᠤᠯᠤᠯᠲᠠ ᠪᠣᠯᠤᠨ ᠲᠤᠬᠠᠶᠢᠯᠠᠭᠰᠠᠨ ᠠᠵᠢᠯ ᠤᠨ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠦᠨᠡᠨᠬᠦ ᠪᠡᠶᠡᠯᠡᠭᠦᠯᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ ᠤᠨ ᠶᠡᠷᠦᠩᠬᠡᠶ ᠰᠡᠳᠬᠢᠮᠵᠢ ᠶᠢ ᠣᠶᠢᠯᠠᠭᠠᠵᠤ᠂ ᠣᠷᠣᠨ ᠤ ᠨᠠᠮ ᠤᠨ ᠬᠤᠷᠢᠶ᠎ᠠ ᠶᠢᠨ ᠳᠤᠷᠠᠳᠤᠭᠰᠠᠨ ᠨᠠᠮ ᠤᠨ ᠪᠠᠶᠢᠭᠤᠯᠤᠯᠲᠠ ᠶᠢᠨ ᠠᠵᠢᠯ ᠤᠨ ︽ᠨᠡᠶᠢᠲᠡᠯᠢᠭ ᠵᠢᠱᠢᠶ᠎ᠡ ᠶᠢ ᠪᠣᠶ ᠪᠣᠯᠭᠠᠬᠤ᠂ ᠬᠢᠷᠢ ᠲᠦᠪᠰᠢᠨ ᠢ ᠳᠡᠭᠡᠭᠰᠢᠯᠡᠭᠦᠯᠬᠦ᠂ ᠲᠡᠷᠢᠭᠦᠨ ᠤ ᠡᠩᠨᠡᠭᠡᠨ ᠳᠤ ᠣᠷᠣᠬᠤ︾ ᠱᠠᠭᠠᠷᠳᠠᠯᠭ᠎ᠠ ᠶᠣᠰᠣᠭᠠᠷ᠂ ︽ᠲᠤᠯᠤᠭᠠᠨ ᠶᠡᠭᠡ ᠪᠥᠲᠥᠭᠡᠨ ᠪᠠᠶᠢᠭᠤᠯᠤᠯᠲᠠ ᠪᠠᠷ ᠲᠤᠯᠤᠭᠠᠨ ᠴᠢᠳᠠᠪᠤᠷᠢᠲᠠᠨ ᠢ ᠠᠬᠢᠭᠤᠯᠬᠤ︾ ᠨᠠᠮ ᠤᠨ ᠪᠠᠶᠢᠭᠤᠯᠤᠯᠲᠠ ᠶᠢᠨ ᠠᠵᠢᠯ ᠤᠨ ᠰᠡᠳᠬᠢᠮᠵᠢ ᠶᠢ ᠪᠣᠶ ᠪᠣᠯᠭᠠᠵᠤ᠂ ᠡᠩᠨᠡᠭᠡ ᠪᠠᠶᠢᠭᠤᠯᠬᠤ᠂ ᠵᠣᠬᠢᠶᠠᠨ ᠪᠠᠶᠢᠭᠤᠯᠤᠯᠲᠠ ᠶᠢ ᠴᠢᠩᠭᠠᠳᠬᠠᠬᠤ᠂ ᠬᠠᠮᠢᠶᠠᠷᠤᠯᠲᠠ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠨᠠᠮ ᠤᠨ ᠪᠠᠶᠢᠭᠤᠯᠤᠯᠲᠠ ᠶᠢᠨ ᠠᠵᠢᠯ ᠤᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃ ᠨᠠᠮ ᠤᠨ ᠪᠠᠶᠢᠭᠤᠯᠤᠯᠲᠠ ᠶᠢᠨ ᠠᠵᠢᠯ ᠤᠨ ᠶᠡᠷᠦᠩᠬᠡᠢ ᠬᠠᠷᠠᠯᠲᠠ ᠶᠢ ᠣᠶᠢᠯᠠᠭᠠᠵᠤ᠂ ᠬᠥᠮᠦᠨ ᠢ ᠵᠥᠪ ᠲᠠᠨᠢᠵᠤ᠂ ᠺᠠᠳ᠋ᠷ ᠢ ᠰᠠᠶᠢᠲᠤᠷ ᠬᠡᠷᠡᠭᠯᠡᠵᠦ᠂ ᠪᠠᠭ ᠢ ᠠᠳᠬᠤᠨ ᠡᠩᠨᠡᠭᠡ ᠶᠢ ᠳᠠᠭᠠᠭᠤᠯᠵᠤ᠂ ᠬᠠᠮᠢᠶᠠᠷᠤᠯᠲᠠ ᠶᠢ ᠴᠢᠩᠭᠠᠳᠬᠠᠨ ᠬᠥᠮᠦᠰ ᠤᠨ ᠬᠦᠷᠢᠶᠡᠯᠡᠯ ᠢ ᠨᠢᠭᠲᠠᠷᠠᠭᠤᠯᠵᠤ᠂ ᠨᠠᠮ ᠤᠨ ᠪᠠᠶᠢᠭᠤᠯᠤᠯᠲᠠ ᠶᠢᠨ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠬᠤ᠂ ᠠᠵᠢᠯ ᠤᠨ ᠡᠭᠦᠷᠭᠡ ᠶᠢ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ ᠤᠨ ᠶᠡᠷᠦᠩᠬᠡᠢ ᠭᠠᠷᠳᠠᠴᠠ ᠶᠢ ᠣᠨᠣᠪᠴᠢᠲᠠᠢ ᠣᠯᠵᠤ᠂ ︽  ᠲᠤᠯᠤᠭᠠᠨ ᠬᠠᠷᠢᠭᠤᠴᠠᠯᠭ᠎ᠠ ᠲᠠᠪᠤᠨ ᠡᠭᠦᠷᠭᠡ ᠴᠢᠳᠠᠪᠬᠢ ᠲᠠᠢ ᠪᠠᠶᠢᠬᠤ︾᠎ ᠶᠢ ᠨᠠᠷᠢᠨ ᠬᠢᠨᠠᠮᠠᠭᠠᠢ ᠭᠦᠢᠴᠡᠳᠬᠡᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠦᠳᠦᠯᠦᠨ ᠳᠠᠭᠠᠭᠤᠯᠬᠤ᠂ ᠬᠤᠳᠠ ᠶᠢᠨ ᠨᠠᠮ ᠤᠨ ᠪᠠᠶᠢᠭᠤᠯᠤᠯᠲᠠ ᠶᠢ ᠠᠭᠤᠰᠤᠯᠴᠠᠭᠤᠯᠤᠨ ᠬᠠᠮᠲᠤᠪᠠᠷ ᠪᠠᠶᠢᠭᠤᠯᠬᠤ᠂ ᠪᠠᠶᠢᠭᠤᠯᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠲᠠᠯ᠎ᠠ ᠪᠠᠷ ᠠᠬᠢᠭᠤᠯᠬᠤ ᠬᠡᠷᠡᠭᠲᠡᠢ᠃ ᠨᠠᠮ ᠤᠨ ᠪᠠᠶᠢᠭᠤᠯᠤᠯᠲᠠ ᠶᠢᠨ ᠠᠵᠢᠯ ᠤᠨ ᠶᠡᠷᠦᠩᠬᠡᠢ ᠠᠷᠭ᠎ᠠ ᠶᠢ ᠰᠠᠶᠢᠲᠤᠷ ᠬᠡᠷᠡᠭᠯᠡᠵᠦ᠂ ᠨᠡᠶᠢᠲᠡᠯᠢᠭ ᠵᠢᠱᠢ᠊ ᠡᠶ᠎ᠡ ᠪᠠᠷ ᠵᠠᠮ ᠳᠠᠭᠠᠭᠤᠯᠬᠤ ᠶᠢ ᠪᠠᠷᠢᠮᠲᠠᠯᠠᠵᠤ᠂ ᠴᠡᠭ ᠢᠶᠠᠷ ᠨᠡᠶᠢᠳᠡᠮ ᠢ ᠲᠠᠶᠢᠢᠴᠢᠯᠠᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃ ᠬᠤᠷᠠᠯ ᠢᠶᠠᠷ ᠪᠦᠲᠦᠭᠡᠨ ᠪᠠᠶᠢᠭᠤᠯᠤᠯᠲᠠ ᠶᠢ ᠠᠬᠢᠭᠤᠯᠬᠤ᠂ ᠬᠠᠷᠢᠯᠴᠠᠨ ᠦᠵᠡᠵᠦ ᠬᠠᠷᠢᠯᠴᠠᠨ ᠠᠳᠠᠯᠢᠳᠬᠠᠨ ᠶᠠᠰᠤ ᠴᠢᠨᠠᠷ ᠢ ᠳᠡᠭᠡᠭᠰᠢᠯᠡᠭᠦᠯᠬᠦ ᠶᠢ ᠪᠠᠷᠢᠮᠲᠠᠯᠠᠬᠤ ᠬᠡᠷᠡᠭᠲᠡᠢ ᠃ ᠲᠤᠰᠢᠶᠠᠯ ᠤᠨ ᠮᠡᠳᠡᠭᠦᠯᠦᠯᠲᠡ ᠶᠢ ᠰᠢᠯᠭᠠᠨ ᠦᠨᠡᠯᠡᠬᠦ ᠶᠢ ᠪᠠᠷᠢᠮᠲᠠᠯᠠᠵᠤ᠂ ᠬᠠᠷᠢᠭᠤᠴᠠᠯᠭ᠎ᠠ ᠶᠢ ᠬᠡᠳᠡᠷᠬᠦ ᠰᠢᠬᠠᠮᠳᠠᠭᠤᠯᠵᠤ ᠪᠠᠶᠢᠭᠠᠳ ᠶᠠᠰᠤ ᠴᠢᠨᠠᠷ ᠢ ᠳᠡᠭᠡᠭᠰᠢᠯᠡᠭᠦᠯᠦᠨ᠎ᠡ ᠃ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠶᠢ ᠪᠠᠷᠢᠮᠲᠠᠯᠠᠵᠤ᠂ ᠪᠠᠶᠢᠴᠠᠭᠠᠬᠤ ᠪᠠᠷ ᠥᠭᠡᠷᠡᠴᠢᠯᠡᠨ ᠰᠠᠶᠢᠵᠢᠷᠠᠭᠤᠯᠵᠤ ᠶᠠᠰᠤ ᠴᠢᠨᠠᠷ ᠢ ᠳᠡᠭᠡᠭᠰᠢᠯᠡᠭᠦᠯᠬᠦ ᠶᠢ ᠠᠬᠢᠭᠤᠯᠵᠤ᠂ ᠯᠠᠪᠳᠠᠭᠤᠨ ᠪᠠᠲᠤᠲᠠᠶ ᠠᠵᠢᠯᠯᠠᠵᠤ᠂ ᠡᠷᠡᠰ ᠰᠢᠭᠤᠷᠬᠠᠶ ᠪᠠᠷ ᠤᠷᠤᠭᠰᠢᠯᠠᠨ ᠳᠡᠪᠰᠢᠵᠦ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠨᠡᠭᠡᠭᠡᠨ ᠡᠭᠦᠳᠴᠦ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠠᠭᠤᠷᠢ ᠶᠢ ᠪᠠᠲᠤᠳᠬᠠᠨ ᠰᠠᠭᠤᠷᠢ ᠶᠢ ᠪᠠᠬᠢᠵᠢᠭᠦᠯᠵᠦ᠂ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ᠃       ᠬᠤᠷᠠᠯ ᠳᠡᠭᠡᠷ᠎ᠡ᠂ ᠨᠠᠮ ᠤᠨ ᠵᠣᠬᠢᠶᠠᠨ ᠪᠠᠶᠢᠭᠤᠯᠤᠯᠲᠠ ᠶᠢᠨ 6 ᠱᠦᠵᠢ ᠲᠣᠰᠬᠤᠨ᠂ ᠨᠡᠶᠢᠭᠡᠮ ᠲᠣᠭᠤᠷᠢᠭ᠂ ᠪᠠᠶᠢᠭᠤᠯᠤᠯᠭ᠎ᠠ ᠠᠵᠢᠯ ᠦᠢᠯᠡᠰ ᠤᠨ ᠨᠢᠭᠡᠴᠡ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠪᠣᠯᠤᠨ ᠨᠡᠶᠢᠲᠡ ᠶᠢᠨ ᠥᠮᠴᠢᠯᠡᠯ ᠤᠨ ᠪᠤᠰᠤ  ᠬᠦᠷᠢᠶ᠎ᠡ ᠶᠢ ᠲᠤᠰ ᠲᠤᠰ ᠲᠥᠯᠥᠭᠡᠯᠡᠵᠦ᠂ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠵᠠᠢ᠃ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2