ᠴᠢ᠊ ·  ᠳᠠᠯᠠᠨᠲᠠᠢ᠄ ︽  ᠡᠮᠦᠨᠡᠰᠢ ᠭᠦᠢᠵᠸᠦ  ᠤᠮᠠᠷᠠᠰᠢ ᠤᠯᠠᠭᠠᠨᠴᠠᠪ︾ ᠲᠣᠮᠣ ᠳ᠋ᠠᠶᠢᠲ᠋ᠠ ᠶᠢᠨ ᠬᠥᠭᠵᠢᠯᠲᠡ ᠶᠢᠨ ᠪᠠᠶᠢᠷᠢᠰᠢᠯ ᠢ ᠤᠯᠠᠮ ᠨᠢᠭᠡ ᠠᠯᠬᠤᠮ ᠪᠠᠲᠤᠳᠬᠠᠪᠠ
ᠨᠡᠶᠢᠲᠡᠯᠡᠭᠰᠡᠨ ᠴᠠᠭ᠄
2021/12/2
图片1.png
        ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠳᠤ᠂ ᠲᠣᠭᠠᠴᠢᠯᠠᠭᠰᠠᠨ ᠠᠵᠤ ᠦᠢᠯᠡᠰᠵᠢᠯᠲᠡ ᠪᠠ ᠠᠵᠤ ᠦᠢᠯᠡᠰ ᠤᠨ ᠲᠣᠭᠠᠴᠢᠯᠠᠭᠰᠠᠨ ᠠᠯᠬᠤᠴᠠ ᠶᠢ ᠲᠦᠷᠭᠡᠳᠬᠡᠵᠦ᠂ ᠲᠣᠭᠠᠴᠢᠯᠠᠭᠰᠠᠨ ᠠᠵᠤ ᠠᠬᠤᠢ ᠶᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠬᠡᠷᠡᠭᠲᠡᠢ ᠭᠡᠵᠦ ᠳᠤᠷᠠᠳᠴᠠᠢ᠃ ᠤᠯᠠᠭᠠᠨᠴᠠᠪ ᠬᠤᠳᠠ ᠶᠢᠨ ᠲᠥᠯᠥᠭᠡᠯᠡᠭᠴᠢᠳ ᠤᠨ ᠪᠦᠯᠬᠦᠮ ᠤᠨ ᠴᠢ · ᠳᠠᠯᠠᠨᠲᠠᠢ᠄ ︽ᠤᠯᠠᠭᠠᠨᠴᠠᠪ ᠬᠤᠳᠠ ᠤᠶᠢᠷ᠎ᠠ ᠶᠢᠨ ᠵᠢᠯ ᠳᠤ ᠳᠤᠮᠳᠠᠳᠤ ᠤᠯᠤᠰ ᠤᠨ ᠤᠮᠠᠷᠠᠲᠤ ᠶᠢᠨ ᠲᠤᠭ᠎ᠠ ᠪᠠᠷᠢᠮᠲᠠ ᠶᠢᠨ ᠲᠥᠪ ᠢ ᠪᠦᠬᠦ ᠬᠦᠴᠦᠨ ᠢᠶᠠᠷ ᠢᠶᠠᠨ ᠪᠠᠶᠢᠭᠤᠯᠵᠤ ᠪᠤᠢ᠂ ᠠᠳᠡᠬᠢ ᠭᠠᠵᠠᠷ ᠰᠢᠨᠵᠢᠯᠡᠭᠡ ᠲᠣᠭᠲᠠᠭᠤᠨ᠂ ᠠᠭᠤᠷ ᠠᠮᠢᠰᠬᠤᠯ ᠬᠦᠢᠳᠡᠨ ᠰᠡᠷᠢᠭᠦᠨ᠂ ᠴᠠᠬᠢᠯᠭᠠᠨ ᠤ ᠦᠨ᠎ᠡ ᠬᠠᠷᠠᠭᠠᠯᠵᠠᠯ ᠲᠠᠢ ᠂ ᠲᠤᠮᠤ ᠳ᠋ᠠᠶᠢᠲ᠋ᠠ ᠶᠢᠨ ᠠᠵᠤ ᠦᠢᠯᠡᠰ ᠢ ᠬᠥᠭᠵᠢᠭᠦᠯᠬᠦ ᠳᠤ ᠤᠯᠠᠨ ᠠᠴᠠ ᠣᠨᠴᠠᠭᠠᠢ ᠳᠠᠪᠠᠭᠤᠯᠢᠭ ᠲᠠᠯ᠎ᠠ ᠲᠠᠢ ᠶᠤᠮ᠃ ᠤᠶᠢᠷ᠎ᠠ ᠶᠢᠨ ᠵᠢᠯ ᠠᠴᠠ᠂ ᠪᠢᠳᠠ ᠲᠤᠮᠤ ᠳ᠋ᠠᠶᠢᠲ᠋ᠠ ᠶᠢᠨ ᠠᠵᠤ ᠦᠢᠯᠡᠰ ᠢ ᠲᠠᠪᠤᠨ ᠶᠡᠭᠡ ᠠᠵᠤ ᠦᠢᠯᠡᠰ ᠤᠨ ᠨᠢᠭᠡ ᠪᠣᠯᠭᠠᠵᠤ᠂ ᠪᠦᠬᠦ ᠬᠤᠳᠠ ᠶᠢᠨ ᠳᠤᠮᠳᠠᠳᠤ ᠤᠯᠤᠰ ᠤᠨ ᠤᠮᠠᠷᠠᠲᠤ ᠶᠢᠨ ᠳ᠋ᠠᠶᠢᠲ᠋ᠠ ᠶᠢᠨ ᠲᠥᠪ ᠢ ᠪᠦᠳᠦᠭᠡᠨ ᠪᠠᠶᠢᠭᠤᠯᠬᠤ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠳ᠋ᠠᠶᠢᠲ᠋ᠠ ᠶᠢᠨ ᠲᠥᠪ᠂ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ᠂  ᠡᠵᠡᠩᠨᠡᠯᠲᠡ ᠶᠢᠨ ᠬᠡᠯᠪᠡᠷᠢ ᠶᠢ ᠵᠡᠷᠭᠡᠪᠡᠷ ᠬᠥᠭᠵᠢᠭᠦᠯᠬᠦ ᠶᠢ ᠪᠠᠷᠢᠮᠲᠠᠯᠠᠵᠤ᠂ ᠠᠯᠢᠪᠠᠪᠠ᠂ ᠠᠯᠮᠤᠷᠠᠳ᠂ ᠬᠤᠸᠠ ᠸᠧᠢ ᠵᠡᠷᠭᠡ 13 ᠳ᠋ᠠᠶᠢᠲ᠋ᠠ ᠶᠢᠨ ᠲᠥᠪ ᠤᠨ ᠲᠦᠷᠦᠯ ᠵᠦᠢᠯ ᠢ ᠠᠮᠵᠢᠯᠲᠠ ᠲᠠᠢ ᠣᠷᠣᠭᠤᠯᠤᠨ ᠠᠪᠴᠢᠷᠠᠵᠤ᠂ ᠦᠢᠯᠡᠴᠢᠯᠡᠭᠦᠷ ᠤᠨ ᠳᠠᠭᠠᠭᠠᠴᠠ ᠶᠢᠨ ᠴᠢᠳᠠᠪᠤᠷᠢ 200 ᠲᠦᠮᠡ ᠶᠢ ᠳᠠᠪᠠᠵᠤ᠂ ᠪᠡᠯᠡ ᠣᠷᠣᠭᠤᠯᠤᠯᠲᠠ ᠶᠢᠨ  ᠬᠡᠪᠴᠢᠶ᠎ᠡ 420 ᠳ᠋ᠦᠩᠰᠢᠭᠤᠷ ᠲᠥᠭᠦᠷᠢᠭ ᠲᠤ ᠬᠦᠷᠴᠡᠢ ᠃ ᠦᠶᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ 15 ᠠᠵᠤ ᠠᠬᠤᠶᠢᠯᠠᠯ ᠭᠡᠷ᠎ᠡ ᠲᠣᠭᠲᠠᠨ ᠨᠠᠶᠢᠳᠠᠪᠤᠷᠢᠵᠢᠵᠤ᠂ ᠰᠠᠭᠤᠳᠠᠯ ᠤᠨ ᠬᠡᠪᠴᠢᠶ᠎ᠡ ᠨᠢ 1 ᠲᠦᠮᠡᠨ ᠰᠠᠭᠤᠳᠠᠯ ᠳᠤ ᠬᠦᠷᠴᠦ᠂ ᠮᠥᠩᠭᠦᠨ ᠭᠦᠶᠯᠭᠡᠭᠡ ᠂ ᠳᠠᠭᠠᠳᠬᠠᠯ᠂ ᠲᠤᠭ᠎ᠠ ᠪᠠᠷᠢᠮᠲᠠ ᠶᠢᠨ ᠰᠢᠶᠳᠪᠦᠷᠢᠯᠡᠯᠲᠡ ᠵᠡᠷᠭᠡ 11 ᠬᠦᠷᠢᠶ᠎ᠡ ᠶᠢ ᠬᠠᠮᠤᠷᠪᠠ ᠃ ᠤᠯᠤᠰ ᠤᠨ ᠳᠣᠲᠣᠭᠠᠳᠤ ᠶᠢᠨ ᠣᠳᠣᠬᠠᠨ ᠤ ᠬᠠᠮᠤᠭ ᠤᠨ ᠲᠤᠮᠤ ᠪᠡᠶ᠎ᠡ ᠪᠠᠨ ᠳᠠᠭᠠᠭᠠᠵᠤ ᠡᠵᠡᠮᠳᠡᠵᠦ ᠪᠣᠯᠬᠤ ᠯᠠᠨ ᠭᠤᠸᠠᠩ ᠬᠠᠳᠠᠭᠠᠯᠠᠬᠤ ᠲᠦᠷᠦᠯ ᠵᠦᠢᠯ ᠪᠣᠯᠬᠤ ᠥᠪᠥᠷ ᠮᠣᠩᠭᠤᠯ ᠤᠨ ᠵᠠᠰᠠᠭ ᠤᠨ ᠶᠠᠪᠤᠳᠠᠯ ᠤᠨ ᠡᠭᠦᠯᠡᠨ ᠲᠤᠮᠤ ᠳ᠋ᠠᠶᠢᠲ᠋ᠠ ᠶᠢᠨ ᠭᠠᠮᠰᠢᠭ ᠲᠤ ᠪᠡᠯᠡᠳᠬᠡᠬᠦ ᠲᠥᠪ ᠤᠷᠤᠭᠰᠢᠲᠠᠢ ᠪᠠᠷ ᠠᠰᠢᠭᠯᠠᠯᠲᠠ ᠳᠤ ᠣᠷᠣᠵᠤ᠂ ᠴᠢᠩᠬᠤᠸᠠ ᠶᠡᠭᠡ ᠰᠤᠷᠭᠠᠭᠤᠯᠢ ᠶᠢᠨ ᠲᠦᠩ ᠹᠠᠩ ᠦᠢᠯᠡᠴᠢᠯᠡᠭᠡᠨ ᠤ ᠮᠠᠰᠢᠨ ᠢ ᠠᠦ᠋ᠲ᠋ᠣᠴᠢᠯᠠᠨ ᠦᠢᠯᠡᠳᠬᠦ ᠲᠦᠷᠦᠯ ᠵᠦᠢᠯ ᠤᠨ ᠦᠢᠯᠡᠳᠬᠦᠨ ᠤ ᠦᠷᠳᠡᠭ 60 ᠳ᠋ᠦᠩᠰᠢᠭᠤᠷ ᠲᠥᠭᠦᠷᠢᠭ ᠢ ᠳᠠᠪᠠᠵᠤ ᠂ ᠲᠤᠮᠤ ᠳ᠋ᠠᠶᠢᠲ᠋ᠠ ᠶᠢᠨ ᠠᠵᠤ ᠦᠢᠯᠡᠰ ᠦᠭᠡᠢ ᠠᠴᠠ ᠪᠠᠨ ᠪᠠᠶᠢᠬᠤ ᠪᠤᠯᠵᠤ᠂ ᠡᠭᠦᠯᠡᠨ ᠪᠤᠳᠤᠯᠳᠠ ᠠᠴᠠ ᠦᠵᠦᠭᠦᠷ ᠬᠦᠷᠲᠡᠯ᠎ᠡ᠂ ︽ᠡᠮᠦᠨᠡᠲᠦ ᠶᠢᠨ ᠬᠢ ᠭᠦᠢᠵᠧᠦ ᠤᠮᠠᠷᠠᠲᠤ ᠶᠢᠨ ᠤᠯᠠᠭᠠᠨᠴᠠᠪ︾ ᠲᠤᠮᠤ ᠳ᠋ᠠᠶᠢᠲ᠋ᠠ ᠶᠢᠨ ᠬᠥᠭᠵᠢᠯᠲᠡ ᠶᠢᠨ ᠪᠠᠶᠢᠷᠢᠰᠢᠯ ᠢ ᠤᠯᠠᠮ ᠴᠢᠨᠠᠭᠰᠢᠳᠠ ᠪᠠᠲᠤᠳᠬᠠᠵᠤ᠂ ᠲᠦᠷᠦ ᠶᠢᠨ ᠶᠠᠪᠤᠳᠠᠯ ᠤᠨ  ᠬᠤᠷᠢᠶ᠎ᠠ ᠎ ᠠᠴᠠ ᠨᠡᠶᠢᠲᠡᠯᠡᠨ ᠰᠠᠶᠢᠰᠢᠶᠠᠭᠳᠠᠵᠠᠢ᠃        ᠴᠢ᠊ ·  ᠳᠠᠯᠠᠨᠲᠠᠢ ᠬᠡᠯᠡᠬᠦ ᠳᠡᠭᠡᠨ᠄ ︽ᠳᠠᠷᠠᠭᠠᠴᠢ ᠶᠢᠨ ᠠᠯᠬᠤᠮ ᠳᠤ᠂ ᠪᠢᠳᠡ ᠣᠳᠣ ᠪᠠᠶᠢᠭ᠎ᠠ ᠲᠤᠭ᠎ᠠ ᠪᠠᠷᠢᠮᠲᠠ ᠶᠢᠨ ᠲᠥᠪ ᠲᠤ ᠲᠦᠰᠢᠭᠯᠡᠨ ᠳᠠᠪᠠᠭᠤᠯᠢᠭ ᠢᠶᠠᠨ ᠲᠥᠪᠯᠡᠷᠡᠭᠦᠯᠵᠦ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠶ ᠥᠷᠭᠡᠳᠬᠡᠵᠦ᠂ ᠨᠢᠭᠡ ᠪᠦᠯᠦᠭ ᠲᠣᠮᠣ ᠲᠤᠭ᠎ᠠ ᠪᠠᠷᠢᠮᠲᠠ ᠴᠤᠭᠯᠠᠭᠤᠯᠬᠤ᠂ ᠬᠠᠳᠠᠭᠠᠯᠠᠬᠤ᠂ ᠤᠬᠢᠶᠠᠵᠤ ᠴᠡᠪᠡᠷᠯᠡᠬᠦ᠂ ᠡᠳ᠋ᠰᠢᠭᠦᠯᠬᠦ ᠠᠵᠤ ᠠᠬᠤᠶᠢᠯᠠᠯ ᠢ ᠲᠦᠷᠭᠡᠬᠡᠨ ᠴᠤᠭᠯᠠᠭᠤᠯᠵᠤ᠂ ᠣᠷᠣᠨ ᠲᠣᠭᠤᠷᠢᠭ ᠤᠨ ᠬᠡᠯᠬᠢᠶ᠎ᠡ᠂ ᠵᠣᠬᠢᠶᠠᠮᠠᠯ ᠣᠶᠤᠨᠴᠢ ᠴᠢᠳᠠᠪᠤᠷᠢ ᠵᠡᠷᠭᠡ ᠰᠢᠨ᠎ᠡ ᠪᠠᠷ ᠮᠠᠨᠳᠤᠭᠰᠠᠨ ᠲᠣᠭᠠᠴᠢᠯᠠᠭᠰᠠᠨ ᠠᠵᠤ ᠦᠢᠯᠡᠰ ᠢ ᠵᠡᠷᠭᠡᠪᠡᠷ ᠪᠤᠶᠢᠵᠢᠭᠤᠯᠤᠨ ᠬᠥᠭᠵᠢᠭᠦᠯᠵᠦ᠂ ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ᠂ 5G ᠮᠡᠷᠭᠡᠵᠢᠯ ᠤᠨ ᠬᠡᠷᠡᠭᠯᠡᠭᠡ ᠶᠢ ᠥᠷᠭᠡᠳᠬᠡᠬᠦ᠂ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ︿ᠭᠤᠷᠪᠠᠨ ᠶᠡᠭᠡ ᠠᠵᠢᠯᠯᠠᠭ᠎ᠠ﹀᠎ ᠶᠢ ᠭᠤᠣᠯᠳᠠᠯᠭ᠎ᠠ ᠲᠠᠢ ᠥᠷᠨᠢᠭᠦᠯᠵᠦ᠂ ᠲᠣᠭᠠᠴᠢᠯᠠᠭᠰᠠᠨ ᠨᠡᠶᠢᠭᠡᠮ᠂ ᠲᠣᠭᠠᠴᠢᠯᠠᠭᠰᠠᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠯᠬᠤᠴᠠ ᠶᠢ ᠲᠦᠷᠭᠡᠳᠬᠡᠵᠦ᠂ ᠣᠯᠠᠨ ᠨᠡᠶᠢᠲᠡ ᠶᠢᠨ ᠦᠶᠯᠡᠴᠢᠯᠡᠭᠡ᠂ ᠨᠡᠶᠢᠭᠡᠮ ᠤᠨ ᠵᠠᠰᠠᠯᠲᠠ᠂ ᠠᠵᠤ ᠦᠶᠯᠡᠰ ᠤᠨ ᠬᠥᠭᠵᠢᠯᠲᠡ ᠶᠢᠨ ᠤᠶᠤᠨᠴᠢᠯᠠᠯᠲᠠ᠂ ᠲᠣᠭᠠᠴᠢᠯᠠᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠣᠭᠠᠴᠢᠯᠠᠯᠲᠠ ᠶᠢ ᠬᠡᠷᠡᠭᠯᠡᠭᠡᠨ ᠤ ᠳᠤᠮᠳᠠ ︿ᠪᠡᠯᠡᠨ ᠵᠣᠭᠤᠰ ᠪᠣᠯᠭᠠᠬᠤ﹀᠂ ᠠᠮᠢᠳᠤᠷᠠᠯ ᠢ ᠲᠣᠭᠠᠴᠢᠯᠠᠯᠲᠠ ᠶᠢᠨ ᠳᠤᠮᠳᠠ ᠴᠢᠳᠠᠪᠤᠷᠢ ᠣᠯᠭᠤᠵᠤ᠂ ᠥᠪᠡᠷᠲᠡᠭᠡᠨ ᠵᠠᠰᠠᠬᠤ ᠣᠷᠣᠨ ᠤ ᠲᠣᠭᠠᠴᠢᠯᠠᠭᠰᠠᠨ ᠠᠵᠤ ᠠᠬᠤᠶ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠲᠤᠷᠰᠢᠯᠲᠠ ᠶᠢᠨ ᠣᠷᠣᠨ ᠢ ᠬᠦᠴᠦᠯᠡᠨ ᠴᠣᠭᠴᠠᠯᠠᠨ᠎ᠠ︾  ᠭᠡᠵᠡᠢ᠃ᠥᠪᠥᠷ ᠮᠣᠩᠭᠤᠯ ᠤᠨ ᠡᠳᠦᠷ ᠤᠨ ᠰᠣᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ ᠤᠨ ᠰᠤᠷᠪᠤᠯᠵᠢᠯᠠᠭᠴᠢ᠄  ᠹᠸᠡᠭ ᠰᠢᠤᠸᠠᠢ ᠢᠦᠶ︶                           ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ                          ᠤᠷᠴᠢᠭᠤᠯᠤᠭᠴᠢ᠄ ᠲᠤᠶᠠᠭ᠎ᠠ 
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2