ᠡᠷᠡᠮᠡᠬᠡᠶᠢᠯᠡᠨ ᠤᠷᠤᠭᠰᠢᠯᠠᠬᠤ ᠴᠠᠭ ᠦᠶ᠎ᠡ ᠶᠢᠨ ᠵᠢᠷᠤᠭ ᠲᠥᠰᠦᠪ ᠢ ᠨᠢᠭᠡᠨᠲᠡ ᠵᠢᠷᠤᠭᠯᠠᠪᠠ
ᠨᠡᠶᠢᠲᠡᠯᠡᠭᠰᠡᠨ ᠴᠠᠭ᠄
2021/2/3
         ᠰᠤᠷᠪᠤᠯᠵᠢᠯᠠᠭᠰᠠᠨ ᠴᠠᠭ᠄ 2021 - 01 - 25          ᠰᠤᠷᠪᠤᠯᠵᠢᠯᠠᠭᠰᠠᠨ ᠵᠣᠴᠢᠨ᠄ ᠵᠢᠢ ᠬᠤᠩ
          ︽ᠰᠠᠶ᠋ᠢᠬᠠᠨ ᠬᠤᠷᠠᠯᠳᠤᠭᠰᠠᠨ ᠬᠤᠳᠠ ᠶᠢᠨ ᠨᠠᠮ ᠤᠨ ᠬᠤᠷᠢᠶᠠᠨ ᠤ ᠳᠥᠷᠪᠡᠳᠦᠭᠡᠷ ᠬᠤᠭᠤᠴᠠᠭᠠᠨ ᠤ ᠠᠷᠪᠠᠳᠤᠭᠠᠷ ᠪᠦᠬᠦᠳᠡ ᠬᠤᠷᠠᠯ ᠵᠢᠴᠢ ᠪᠦᠬᠦ ᠬᠤᠳᠠ ᠶᠢᠨ ᠠᠵᠤ ᠠᠬᠤᠢ ᠶᠢᠨ ᠠᠵᠢᠯ ᠤᠨ ᠬᠤᠷᠠᠯ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︿ᠬᠤᠣᠰ ᠢᠯᠠᠯᠲᠠ﹀᠎ ᠶᠢ ᠬᠦᠴᠦᠯᠡᠨ  ᠲᠡᠮᠡᠴᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠠᠵᠢᠯ ᠤᠨ ᠰᠢᠢᠳᠪᠦᠷᠢᠲᠦ ᠴᠢᠨᠠᠷᠲᠠᠢ ᠠᠮᠵᠢᠯᠲᠠ ᠣᠯᠵᠤ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠰᠢᠨ᠎ᠡ ᠠᠶᠠᠨ ᠢ ᠡᠬᠢᠯᠡᠭᠦᠯᠬᠦ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ  ᠤᠳᠠᠭᠠᠨ ᠤ  ᠴᠢᠬᠤᠯᠠ ᠬᠤᠷᠠᠯ ᠪᠣᠯᠤᠨ᠎ᠠ᠃ ᠬᠤᠷᠠᠯ ᠳᠡᠭᠡᠷ᠎ᠡ ᠹᠸᠢ ᠳ᠋ᠦᠩ ᠪᠢᠨ ᠱᠦᠵᠢ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢ ᠲᠥᠯᠥᠭᠡᠯᠡᠨ ᠠᠵᠢᠯ ᠤᠨ ᠢᠯᠡᠳᠬᠡᠯ ᠬᠢᠭᠰᠡᠨ ᠪᠥᠭᠡᠳ ᠪᠥᠬᠦ ᠬᠤᠲᠠ ᠶᠢᠨ ᠠᠵᠤ ᠠᠬᠤᠶ ᠨᠡᠶᠢᠭᠡᠮ ᠤᠨ ᠡᠯ᠎ᠡ ᠵᠦᠶᠯ ᠤᠨ ᠠᠵᠢᠯ ᠳᠤ ᠲᠣᠬᠢᠷᠠᠭᠤᠯᠤᠯᠲᠠ ᠬᠢᠪᠠ᠃ ᠬᠤᠷᠠᠯ ᠤᠨ ᠭᠤᠤᠯ ᠰᠡᠳᠦᠪ ᠢᠯᠡ ᠲᠣᠳᠣ᠂ ᠭᠤᠣᠯᠳᠠᠯᠭ᠎ᠠ ᠲᠣᠪᠤᠶᠢᠮ᠎ᠠ᠂ ᠬᠠᠷᠠᠯᠲᠠ ᠲᠣᠳᠣᠷᠬᠠᠶ ᠪᠠᠶᠢᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠪᠣᠯᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠪᠠ᠃ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠳᠠᠷᠤᠭ᠎ᠠ ᠵᠢᠢ ᠬᠤᠩ ᠰᠤᠷᠪᠤᠯᠵᠢᠯᠠᠭᠴᠢ ᠶᠢᠨ ᠰᠤᠷᠪᠤᠯᠵᠢᠯᠠᠭ᠎ᠠ ᠶᠢ ᠬᠦᠯᠢᠶᠡᠬᠦ ᠳᠡᠭᠡᠨ᠂ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ︽ᠤᠯᠠᠭᠠᠨᠴᠠᠪ ᠬᠤᠳᠠ ᠶᠢᠨ ᠤᠯᠤᠰ ᠠᠷᠠᠳ ᠤᠨ ᠠᠵᠤ ᠠᠬᠤᠢ ᠪᠣᠯᠤᠨ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠣᠯᠤᠨ 2035 ᠣᠨ ᠤ ᠠᠯᠤᠰ ᠤᠨ ᠬᠠᠷᠠᠯᠲᠠ ᠶᠢᠨ ᠰᠠᠨᠠᠭᠤᠯᠭ᠎ᠠ︾᠎ ᠨᠢ ᠢᠷᠡᠭᠡᠳᠦᠢ ᠶᠢᠨ ᠲᠠᠪᠤᠨ ᠵᠢᠯ ᠴᠢᠨᠠᠭᠰᠢᠯᠠᠪᠠᠯ ᠨᠡᠩ ᠤᠷᠳᠤ ᠬᠤᠭᠤᠴᠠᠭᠠᠨ ᠤ ᠮᠠᠨ ᠤ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ  ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠵᠢᠷᠤᠭᠯᠠᠵᠤ᠂ ᠬᠤᠳᠠ ᠶᠢᠨ ᠨᠠᠮ ᠤᠨ ᠬᠤᠷᠢᠶᠠᠨ ᠤ ᠨᠠᠮ ᠤᠨ ᠲᠥᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠲᠡ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠡᠷᠡᠰ ᠵᠣᠷᠢᠭ ᠢ ᠭᠦᠢᠴᠡᠳ ᠢᠯᠡᠷᠡᠭᠦᠯᠪᠡ᠂ ᠡᠨᠡ ᠪᠣᠯ ᠮᠠᠨ ᠤ ᠬᠤᠳᠠ ᠶᠢᠨ ᠰᠢᠨ᠎ᠡ ᠠᠶᠠᠨ ᠢᠶᠠᠨ ᠪᠦᠬᠦ ᠲᠠᠯ᠎ᠠ ᠪᠠᠷ ᠡᠬᠢᠯᠡᠭᠦᠯᠬᠦ ᠤᠷᠤᠭᠰᠢᠯᠠᠯᠲᠠ ᠶᠢᠨ  ᠪᠦᠷᠢᠶ᠎ᠡ ᠪᠣᠯᠤᠨ᠎ᠠ ᠭᠡᠵᠦ ᠢᠯᠡᠳᠬᠡᠪᠡ᠃            ︽ᠳᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠬᠢᠨ ᠬᠤᠷᠠᠯ ᠤᠨ ᠬᠠᠷᠠᠯᠲᠠ ᠡᠭᠦᠷᠭᠡ ᠪᠠᠷ ᠭᠤᠣᠯᠳᠠᠭᠤᠯᠵᠤ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠬᠠᠮᠲᠤ᠂ ᠭᠤᠣᠯᠳᠠᠭᠤ ᠬᠡᠯᠬᠢᠶ᠎ᠡ ᠶᠢ ᠤᠷᠲᠤᠳᠬᠠᠬᠤ ᠬᠡᠯᠬᠢᠶ᠎ᠡ ᠶᠢ ᠨᠥᠬᠦᠪᠥᠷᠢᠯᠡᠬᠦ ᠬᠡᠯᠬᠢᠶ᠎ᠡ ᠶᠢ ᠬᠦᠴᠦᠷᠬᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠳᠠ ᠶᠢᠨ ᠰᠢᠨᠡᠴᠢᠯᠡᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠪᠣᠳᠠᠲᠤ ᠴᠣᠭᠴᠠ ᠶᠢᠨ ᠠᠵᠤ ᠠᠬᠤᠢ ᠶᠢ ᠪᠦᠬᠦ ᠬᠦᠴᠦ ᠪᠠᠷ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠬᠤᠳᠠ ᠬᠥᠳᠡᠭᠡ ᠶᠢᠨ ᠨᠢᠭᠡ ᠴᠤᠬᠴᠠᠵᠢᠬᠰᠠᠨ ᠬᠥᠭᠵᠢᠯᠲᠡ ᠶᠢ ᠠᠬᠢᠭᠤᠯᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠨᠡᠮᠡᠭᠳᠡᠭᠦᠯᠦᠨ᠎ᠡ  ᠭᠡᠵᠡᠢ᠃             ᠵᠢᠢ ᠬᠤᠩ᠂ ᠵᠢᠨᠢᠩ ᠲᠣᠭᠤᠷᠢᠭ ᠤᠨ ᠬᠢᠨ ᠪᠦᠬᠦᠳᠡ ᠬᠤᠷᠠᠯ ᠠᠴᠠ ᠳᠤᠷᠠᠳᠤᠭᠰᠠᠨ ︽ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠭᠦᠯᠬᠦ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ᠂ ᠪᠣᠬᠢᠷᠲᠤᠯ ᠦᠭᠡᠢ ᠠᠵᠤ ᠠᠬᠤᠢ ᠂ ᠲᠣᠭᠠᠴᠢᠯᠠᠭᠰᠠᠨ ᠠᠵᠤ ᠠᠬᠤᠢ᠂ ᠬᠦᠢᠰᠦ ᠠᠵᠤ ᠠᠬᠤᠢ᠂ ᠣᠷᠣᠨ ᠪᠦᠰᠡ ᠶᠢᠨ ᠠᠵᠤ ᠠᠬᠤᠢ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢᠨ ᠬᠤᠯᠪᠣᠭᠠᠯᠠᠨ ᠬᠥᠭᠵᠢᠬᠦ ᠶᠢ ᠠᠬᠢᠭᠤᠯᠬᠤ︾ ᠬᠠᠷᠠᠯᠲᠠ ᠶᠢᠨ ᠲᠣᠭᠤᠷᠢᠨ ᠳᠤ᠂ ᠲᠤᠮᠤ ᠳ᠋ᠠᠶᠢᠲ᠋ᠠ᠂ ᠰᠢᠨ᠎ᠡ ᠡᠨᠧᠷᠭᠢ᠂ ᠪᠣᠬᠢᠷᠲᠤᠯ ᠦᠭᠡᠢ ᠢᠳᠡᠭᠡᠨ ᠢ ᠡᠳ᠋ᠰᠢᠭᠦᠯᠦᠨ ᠪᠣᠯᠪᠠᠰᠤᠷᠠᠭᠤᠯᠬᠤ ᠵᠡᠷᠭᠡ ᠠᠵᠤ ᠦᠢᠯᠡᠰ ᠢᠶᠠᠷ ᠭᠤᠣᠯ ᠪᠣᠯᠭᠠᠭᠰᠠᠨ ᠪᠦᠬᠦ ᠠᠵᠤ ᠦᠢᠯᠡᠰ ᠤᠨ ᠬᠡᠯᠬᠢᠶ᠎ᠡ ᠶᠢ ᠭᠤᠣᠯᠳᠠᠯᠭ᠎ᠠ ᠲᠠᠢ ᠪᠤᠶᠢᠵᠢᠭᠤᠯᠤᠨ᠎ᠠ᠃             ᠡᠭᠦᠨ ᠤ ᠬᠠᠮᠲᠤ᠂ ᠥᠪᠡᠷᠮᠢᠴᠡ ᠣᠷᠣᠨ ᠪᠠᠶᠢᠷᠢ ᠶᠢᠨ ᠵᠠᠮ ᠬᠠᠷᠢᠯᠴᠠᠭ᠎ᠠ ᠪᠠ ᠠᠭᠤᠷ ᠠᠮᠢᠰᠬᠤᠯ ᠤᠨ ᠳᠠᠪᠠᠭᠤᠯᠢᠭ ᠲᠤ ᠭᠦᠶᠴᠡᠳ ᠲᠦᠰᠢᠭᠯᠡᠨ᠂ ᠢᠯᠠᠩᠭᠤᠶ᠎ᠠ ᠭᠤᠤᠯ ᠬᠤᠲᠠ ᠲᠣᠭᠤᠷᠢᠭ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠶᠢᠨ ᠲᠣᠭᠤᠷᠢᠨ ᠳᠤ᠂ ᠬᠦᠶᠰᠦ ᠪᠠᠷᠠᠭᠠᠨ ᠤ ᠭᠦᠶᠯᠭᠡᠭᠡ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠵᠡᠷᠭᠡ ᠣᠲᠣ ᠦᠶ᠎ᠡ ᠶᠢᠨ ᠦᠶᠯᠡᠴᠢᠯᠡᠭᠡᠨ ᠤ ᠳᠠᠪᠠᠭᠤᠯᠢᠭ ᠠᠵᠤ ᠦᠶᠯᠡᠰ ᠢ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠥᠳᠡᠯᠭᠡᠭᠦᠷ ᠪᠣᠯᠭᠠᠵᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠴᠢᠨᠠᠷ ᠰᠠᠶᠢᠲᠠᠶ ᠬᠥᠭᠵᠢᠬᠦ ᠶᠢ ᠦᠨᠡᠨ ᠬᠦ ᠪᠠᠲᠤᠯᠠᠨ᠎ᠠ᠃             ︽ᠪᠥᠬᠦᠳᠡ ᠬᠤᠷᠠᠯ ᠠᠴᠠ᠂ ᠬᠤᠲᠠ ᠶᠢ ᠰᠢᠨᠡᠴᠢᠯᠡᠵᠦ᠂ ᠶᠡᠭᠡ ᠬᠦᠴᠦ ᠣᠷᠣᠭᠤᠯᠤᠨ ᠬᠤᠲᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠪᠤᠢ ᠪᠤᠯᠭᠠᠵᠤ᠂ ᠰᠢᠨ᠎ᠡ ᠴᠠᠭ  ᠦᠶ᠎ᠡ ᠶᠢᠨ᠂ ᠰᠢᠨ᠎ᠡ ᠶᠢ ᠡᠭᠦᠳᠬᠦ᠂ ᠨᠡᠭᠡᠭᠡᠯᠲᠡ‌‍ᠲ᠋ᠠᠢ  ᠦᠵᠡᠰᠬᠦᠯᠡᠩᠲᠦ ᠰᠠᠶᠢᠬᠠᠨ‌ᠤᠯᠠᠭᠠᠨᠴᠠᠪ ᠤᠨ ᠰᠢᠨ᠎ᠡ ᠨᠡᠷ᠎ᠡ ᠶᠢᠨ ᠬᠠᠭᠤᠳᠠᠰᠤ ᠪᠣᠯᠭᠠᠬᠤ ᠬᠡᠷᠡᠭᠲᠡᠶ ᠭᠡᠵᠦ ᠳᠤᠷᠠᠳᠪᠠ᠃ ᠵᠢᠢ ᠬᠤᠩ  ᠬᠡᠯᠡᠭᠰᠡᠨ ᠨᠢ᠂ ᠵᠢᠨᠢᠩ ᠲᠣᠭᠤᠷᠢᠭ ᠨᠢ ᠮᠠᠨ ᠤ ᠬᠤᠳᠠ ᠶᠢᠨ ᠭᠤᠣᠯ ᠬᠤᠳᠠ ᠶᠢᠨ ᠲᠣᠭᠤᠷᠢᠭ ᠪᠣᠯᠤᠭᠰᠠᠨ ᠤ ᠬᠤᠪᠢ ᠳᠤ᠂ ᠯᠠᠪᠲᠠᠢ ᠬᠤᠳᠠ ᠶᠢᠨ ᠴᠢᠳᠠᠪᠬᠢ ᠶᠠᠰᠤ ᠴᠢᠨᠠᠷ ᠢ ᠳᠡᠭᠡᠭᠰᠢᠯᠡᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠰᠠᠭᠤᠷᠢ ᠲᠥᠬᠦᠭᠡᠷᠦᠮᠵᠢ ᠪᠣᠯᠤᠨ ᠤᠯᠠᠨ ᠨᠡᠶᠢᠲᠡ ᠶᠢᠨ ᠦᠢᠯᠡᠴᠢᠯᠡᠭᠡ ᠶᠢ ᠬᠥᠳᠡᠭᠡ ᠲᠣᠰᠬᠤᠨ ᠲᠡᠰᠢ  ᠲᠦᠭᠡᠮᠵᠢᠯᠡᠭᠦᠯᠬᠦ  ᠶᠢ ᠬᠠᠮᠤᠭ ᠤᠨ ᠶᠡᠭᠡ ᠡᠷᠴᠢᠮ ᠢᠶᠠᠷ ᠠᠬᠢᠭᠤᠯᠵᠤ᠂ ᠬᠤᠳᠠ ᠶᠢᠨ ᠴᠢᠳᠠᠪᠬᠢ ᠶᠢ ᠪᠦᠬᠦ ᠲᠠᠯ᠎ᠠ ᠪᠠᠷ ᠴᠢᠩᠭᠠᠳᠬᠠᠵᠤ᠂ ᠬᠤᠳᠠ ᠶᠢᠨ ᠬᠠᠮᠢᠶᠠᠷᠤᠯᠲᠠ ᠶᠢ ᠰᠢᠯᠢᠳᠡᠭᠵᠢᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ︽ᠪᠡᠭᠡᠵᠢᠩ ᠠᠴᠠ ᠪᠠᠷᠠᠭᠤᠨᠰᠢ ᠨᠢᠭᠡ ᠠᠯᠬᠤᠮ ᠶᠠᠪᠤᠪᠠᠯ ᠳᠠᠷᠤᠢ ᠤᠯᠠᠭᠠᠨᠴᠠᠪ ᠬᠤᠳᠠ ᠪᠣᠯᠤᠨ᠎ᠠ︾ ᠭᠡᠬᠦ ᠨᠡᠷ᠎ᠡ ᠶᠢᠨ ᠬᠠᠭᠤᠳᠠᠰᠤ ᠶᠢ ᠪᠦᠬᠦ ᠲᠠᠯ᠎ᠠ ᠪᠠᠷ ᠪᠢᠴᠢᠭᠯᠡᠵᠦ᠂   ᠰᠢᠨ᠎ᠡ ᠴᠠᠭ ᠦᠶ᠎ᠡ ᠶᠢᠨ᠂ ᠰᠢᠨ᠎ᠡ ᠶᠢ ᠡᠭᠦᠳᠬᠦ᠂ ᠨᠡᠭᠡᠭᠡᠯᠲᠡᠲᠦ ᠬᠤᠳᠠ ᠶᠢᠨ ᠲᠦᠷᠢ ᠲᠥᠷᠬᠦ ᠶᠢ ᠬᠦᠴᠦᠯᠡᠨ ᠪᠤᠢ ᠪᠣᠯᠭᠠᠵᠤ᠂ ᠵᠢᠨᠢᠩ ᠲᠣᠭᠤᠷᠢᠭ ᠢ ᠦᠨᠡᠨ ᠬᠦ ᠪᠣᠬᠢᠷᠲᠤᠯ ᠦᠭᠡᠢ᠂ ᠣᠶᠤᠨᠴᠢ ᠣᠳᠣᠬᠢᠴᠢᠯᠠᠭᠰᠠᠨ ᠭᠤᠣᠯ ᠬᠤᠳᠠ ᠶᠢᠨ ᠲᠣᠭᠤᠷᠢᠭ ᠪᠣᠯᠭᠠᠨ ᠪᠦᠳᠦᠭᠡᠨ ᠪᠠᠶᠢᠭᠤᠯᠤᠨ᠎ᠠ  ᠭᠡᠵᠡᠢ  ᠃              ᠤᠶᠢᠷ᠎ᠠ ᠶᠢᠨ ᠵᠢᠯ ᠠᠴᠠ᠂ ᠵᠢᠨᠢᠩ ᠲᠣᠭᠤᠷᠢᠭ ᠤᠷᠳᠤ ᠬᠤᠭᠤᠴᠠᠭ᠎ᠠ ᠪᠠᠷ ᠰᠠᠭᠤᠷᠢ ᠲᠠᠯᠪᠢᠵᠤ᠂ ᠠᠯᠤᠰ ᠬᠡᠳᠤ ᠳᠤ ᠠᠰᠢᠭᠲᠠᠢ᠂ ᠬᠥᠭᠵᠢᠯᠲᠡ ᠶᠢᠨ ᠰᠠᠭᠤᠷᠢ ᠤᠯᠠᠮ ᠴᠢᠨᠠᠭᠰᠢᠳᠠ ᠪᠠᠬᠢᠵᠢᠵᠦ᠂ ᠠᠷᠠᠳ ᠤᠯᠠᠨ ᠤ ᠠᠮᠢᠳᠤᠷᠠᠯ ᠦᠢᠯᠡᠳᠪᠦᠷᠢᠯᠡᠯ ᠤᠨ ᠨᠥᠬᠦᠴᠡᠯ ᠠᠯᠬᠤᠮ ᠠᠯᠬᠤᠮ ᠢᠶᠠᠷ ᠰᠠᠶᠢᠵᠢᠷᠠᠪᠠ᠃  ᠵᠢᠨᠢᠩ ᠲᠣᠭᠤᠷᠢᠭ ᠤᠨ ᠬᠢᠨ ᠪᠦᠬᠦᠳᠡ ᠬᠤᠷᠠᠯ ᠠᠴᠠ ᠳᠤᠷᠠᠳᠤᠭᠰᠠᠨ ︽ᠤᠯᠠᠭᠠᠨᠴᠠᠪ ᠤᠨ ᠬᠥᠭᠵᠢᠯᠲᠡ ᠶᠢ ᠨᠡᠩ ᠬᠠᠯᠠᠭᠤᠨ ᠳᠤᠯᠠᠭᠠᠨ ᠪᠣᠯᠭᠠᠵᠤ᠂ ᠤᠯᠠᠭᠠᠨᠴᠠᠪ ᠤᠨ ᠠᠷᠠᠳ ᠲᠦᠮᠡᠨ ᠤ ᠠᠮᠢᠳᠤᠷᠠᠯ ᠢ ᠨᠡᠩ  ᠰᠠᠶᠢᠨ ᠰᠠᠶᠢᠬᠠᠨ ᠪᠣᠯᠭᠠᠨ᠎ᠠ︾ ᠭᠡᠵᠦ ᠡᠷᠡᠰ ᠪᠠᠲᠤ ᠢᠯᠡᠳᠬᠡᠪᠡ᠃ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ ᠠᠵᠢᠯ ᠣᠯᠭᠤᠯᠲᠠ᠂ ᠨᠠᠰᠤᠵᠢᠯ ᠤᠨ ᠠᠰᠠᠷᠠᠮᠵᠢ᠂ ᠰᠤᠷᠭᠠᠨ ᠬᠥᠮᠦᠵᠢᠯ᠂ ᠡᠮ ᠡᠮᠨᠡᠯᠭᠡ᠂ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠢ ᠥᠭᠡᠷᠡᠴᠢᠯᠡᠨ ᠪᠠᠶᠢᠭᠤᠯᠬᠤ ᠵᠢᠴᠢ ︽ᠪᠤᠴᠠᠵᠤ ᠨᠡᠭᠦᠬᠦ ᠳᠤ ᠬᠦᠴᠢᠷ᠂ ᠣᠷᠣᠵᠤ ᠰᠠᠭᠤᠬᠤ ᠳᠤ ᠬᠦᠴᠢᠷ᠂ ᠦᠨᠡᠮᠯᠡᠯ ᠠᠪᠬᠤ ᠳᠤ ᠬᠦᠴᠢᠷ︾ ᠵᠡᠷᠭᠡ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠤᠨ ᠲᠣᠭᠤᠷᠢᠨ ᠳᠤ᠂ ᠨᠡᠶᠢᠭᠡᠮ ᠤᠨ ᠪᠠᠲᠤᠯᠠᠭ᠎ᠠ᠂ ᠰᠤᠷᠭᠠᠨ ᠬᠥᠮᠦᠵᠢᠯ ᠤᠨ ᠪᠠᠲᠤᠯᠠᠭ᠎ᠠ᠂ ᠡᠮ ᠡᠮᠨᠡᠯᠭᠡ ᠶᠢᠨ ᠪᠠᠲᠤᠯᠠᠭ᠎ᠠ᠂ ᠣᠷᠣᠨ ᠰᠠᠭᠤᠴᠠ ᠶᠢᠨ ᠪᠠᠲᠤᠯᠠᠭ᠎ᠠ᠂ ᠵᠠᠬᠢᠳᠠᠯ ᠰᠤᠷᠪᠤᠯᠵᠢᠯᠠᠭ᠎ᠠ ᠪᠠ ᠲᠣᠭᠲᠠᠭᠤᠨ ᠢ ᠬᠠᠮᠠᠭᠠᠯᠠᠬᠤ᠂ ᠨᠡᠶᠢᠭᠡᠮ ᠤᠨ ᠵᠠᠰᠠᠯᠲᠠ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠵᠤ᠂ ᠠᠷᠠᠳ ᠲᠦᠮᠡᠨ ᠤ ᠠᠮᠤᠷ ᠲᠠᠶᠢᠪᠤᠩ ᠠᠵᠤ ᠲᠦᠷᠦᠭᠦ᠂ ᠨᠡᠶᠢᠭᠡᠮ ᠤᠨ ᠠᠮᠤᠷ ᠲᠣᠭᠲᠠᠭᠤᠨ ᠡᠮᠬᠢ ᠳᠢᠭᠯᠢᠮ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2