2021ᠤᠨ ᠤ ᠵᠢᠨᠢᠩ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2021/3/22
2021ᠤᠨ ᠤ ᠵᠢᠨᠢᠩ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ         —— 2021 ᠣᠨ ᠤ 3 ᠰᠠᠷ᠎ᠠ ᠶᠢᠨ 2᠎ ᠤᠨ ᠡᠳᠦᠷ ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ  ᠳᠡᠭᠡᠷ᠎ᠡ         ᠲᠤᠭᠤᠷᠢᠭ ᠤᠨ ᠵᠠᠰᠠᠭ ᠤᠨ ᠤᠷᠳᠤᠨ ᠤ ᠳᠠᠷᠤᠭ᠎ᠠ      ᠵᠢᠶ ᠬᠤᠩ ᠲᠥᠯᠥᠭᠡᠯᠡᠭᠴᠢᠳ ᠡ᠄              ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠡᠷᠬᠢᠮ ᠨᠠᠨᠳᠢᠨ ᠰᠠᠨᠠᠯ ᠢᠶᠠᠨ ᠳᠤᠷᠠᠳᠬᠤ ᠪᠣᠯᠪᠠᠤ᠃                ᠨᠢᠭᠡ᠂ 2020 ᠣᠨ ᠵᠢᠴᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠷᠭᠢᠴᠡᠭᠦᠯᠦᠯ             ᠥᠩᠭᠡᠷᠡᠭᠰᠡᠨ ᠨᠢᠭᠡ ᠵᠢᠯ ᠪᠣᠯ ᠮᠠᠨ ᠤ  ᠲᠤᠭᠤᠷᠢᠭ ᠤᠨ ᠬᠥᠭᠵᠢᠯᠲᠡ ᠶᠢᠨ ᠠᠬᠢᠴᠠ ᠳᠠᠬᠢ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠲᠠ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠶᠳᠪᠦᠷᠢᠲᠦ ᠢᠯᠠᠯᠲᠠ ᠶᠢ ᠤᠯᠬᠤ ᠳᠠᠪᠬᠤᠷ ︽ᠶᠡᠭᠡ ᠰᠢᠯᠭᠠᠯᠲᠠ︾᠎ ᠶᠢᠨ ᠡᠮᠦᠨ᠎ᠡ᠂  ᠲᠤᠭᠤᠷᠢᠭ ᠤᠨ ᠵᠠᠰᠠᠭ ᠤᠨ ᠣᠷᠳᠣᠨ  ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠢᠮᠠᠭᠲᠠ ᠪᠠᠷᠢᠮᠲᠠᠯᠠᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠬᠠᠲᠠᠭᠤ ᠴᠢᠩᠭ᠎ᠠ ᠰᠢᠯᠭᠠᠯᠲᠠ ᠶᠢᠨ ᠳᠤᠮᠳᠠ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠪᠠ᠃ ᠪᠥᠬᠦ ᠵᠢᠯ ᠳᠤ ᠭᠠᠵᠠᠷ ᠣᠷᠣᠨ ᠤ ᠦᠶᠯᠡᠳᠪᠦᠷᠢᠯᠡᠯ ᠤᠨ ᠪᠥᠬᠦ ᠥᠷᠲᠡᠭ ᠢ 215.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2.7%᠎ ᠪᠠᠷ ᠨᠡᠮᠡᠭᠳᠡᠪᠡ᠃  ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ 15.7%᠎ ᠳᠤ ᠬᠦᠷᠴᠡᠢ  ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 74.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ 17.2%᠎ ᠢᠶᠠᠷ ᠨᠡᠮᠡᠭᠳᠡᠪᠡ  ᠃ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 13.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ 3.4%᠎ ᠪᠠᠷ ᠨᠡᠮᠡᠭᠳᠡᠭᠦᠯᠪᠡ  ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 91.3 ᠳ᠋ᠦᠩᠰᠢᠭᠤᠷ ᠲᠥᠭᠦᠷᠢᠭ ᠲᠤ ᠬᠦᠷᠴᠡᠶ  ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 35702 ᠲᠥᠭᠦᠷᠢᠭ᠂ 19408 ᠲᠥᠭᠦᠷᠢᠭ ᠲᠤ ᠬᠦᠷᠴᠦ᠂ ᠲᠣᠰ ᠲᠣᠰ 1.0% ᠪᠠ 8.3%᠎ ᠪᠠᠷ ᠨᠡᠮᠡᠭᠳᠡᠪᠡ᠃             ᠡᠨᠡ ᠨᠢᠭᠡ ᠵᠢᠯ ᠳᠤ᠂ ᠭᠡᠨᠡᠳᠲᠡ ᠡᠭᠦᠰᠦᠭᠰᠡᠨ  ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠠᠯ᠎ᠠ ᠪᠠᠷ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠣᠯᠤᠭᠰᠠᠨ ᠪᠠᠶᠢᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ︽ᠭᠠᠳᠠᠨ᠎ᠠ ᠠᠴᠠ ᠤᠷᠤᠵᠤ ᠢᠷᠡᠬᠦ ᠶᠢ ᠰᠡᠷᠭᠡᠶᠢᠯᠡᠬᠦ︾᠎ ᠶᠢ ᠴᠢᠩᠭ᠎ᠠ ᠠᠳᠬᠤᠵᠤ᠂ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠡ  ᠶᠢᠨ 1 ᠲᠦᠮᠡ ᠰᠢᠬᠠᠮ ᠨᠠᠮ ᠤᠨ ᠭᠡᠰᠢᠭᠦᠨ ᠺᠠᠳ᠋ᠷ ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ︵ᠲᠣᠰᠬᠤᠨ︶᠎ ᠤᠨ ᠠᠵᠢᠯᠳᠠᠨ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠲᠤ ᠰᠠᠨᠠᠭᠠᠴᠢᠯᠠᠭ᠎ᠠ ᠠᠴᠠ ᠪᠠᠨ ᠣᠷᠣᠯᠴᠠᠪᠠ  ᠃ 2000 ᠭᠠᠷᠤᠢ ᠡᠮᠨᠡᠯᠭᠡ ᠶᠢᠨ ᠠᠵᠢᠯᠳᠠᠨ ᠠᠵᠢᠯ ᠤᠨ ᠪᠠᠶᠢᠷᠢ ᠪᠠᠨ ᠪᠠᠲᠤ ᠰᠠᠬᠢᠪᠠ  ᠃ 8 ᠡᠮᠴᠢ ᠰᠤᠪᠢᠯᠠᠭᠴᠢ ᠰᠠᠨᠠᠭᠠᠴᠢᠯᠠᠭ᠎ᠠ ᠠᠴᠠ ᠪᠠᠨ ᠬᠤᠪᠸᠢ ᠶᠢ ᠲᠤᠰᠠᠯᠠᠵᠤ ᠬᠢᠵᠢᠭ ᠢ ᠡᠰᠡᠷᠭᠦᠴᠡᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ  ᠃ 40 ᠭᠠᠷᠤᠢ ᠲᠦᠮᠡᠨ ᠠᠷᠠᠳ ᠤᠯᠠᠨ ᠬᠦᠴᠢᠷ ᠪᠡᠷᠬᠡᠰᠢᠶᠡᠯ ᠢ ᠬᠠᠮᠲᠤᠪᠠᠷ ᠲᠤᠭᠤᠯᠵᠥ᠂ ᠴᠠᠭ ᠤᠨ ᠪᠡᠷᠬᠡ ᠶᠢ ᠬᠠᠮᠲᠤᠪᠠᠷ ᠲᠤᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠠᠢ᠃ ᠤᠷᠢᠳᠴᠢᠯᠠᠨ ᠰᠤᠳᠤᠯᠤᠨ ᠮᠠᠭᠠᠳᠯᠠᠬᠤ᠂ ᠤᠷᠢᠳᠴᠢᠯᠠᠨ ᠪᠠᠶᠢᠷᠢᠯᠠᠭᠤᠯᠬᠤ᠂ ᠤᠷᠢᠳᠴᠢᠯᠠᠨ ᠠᠵᠢᠯᠯᠠᠬᠤ ᠶᠢ ᠪᠠᠷᠢᠮᠲᠠᠯᠠᠵᠤ᠂ ᠪᠥᠬᠦ ᠬᠤᠲᠠ ᠳᠤ ᠤᠷᠢᠳᠠᠪᠠᠷ ᠲᠤᠰᠠᠭᠠᠷᠯᠠᠬᠤ ᠪᠠᠭᠤᠳᠠᠯ ᠢ ᠡᠬᠢᠯᠡᠭᠦᠯᠵᠦ᠂ ᠭᠤᠤᠯᠳᠠᠯᠭ᠎ᠠ ᠲᠠᠢ ᠬᠢᠵᠢᠭᠲᠦ ᠣᠷᠣᠨ ᠎ ᠠᠴᠠ ᠪᠤᠴᠠᠵᠤ ᠢᠷᠡᠭᠰᠡᠨ 2633 ᠬᠥᠮᠦᠨ ᠤᠳᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠭᠠᠳᠠᠨ᠎ᠠ ᠤᠯᠤᠰ ᠲᠠᠭᠠᠨ ᠪᠤᠴᠠᠵᠤ ᠢᠷᠡᠭᠰᠡᠨ ᠬᠥᠮᠦᠰ ᠢ ᠲᠤᠰᠠᠭᠠᠷᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ  ᠃ ᠬᠠᠮᠤᠭ ᠤᠨ ᠲᠦᠷᠦᠭᠦᠨ ᠳᠤ ︽ᠬᠤᠳᠠ ᠶᠢ ᠬᠥᠮᠦᠨ ᠪᠦᠬᠦᠨ ᠬᠠᠮᠢᠶᠠᠷᠬᠤ︾᠎ ᠶᠢ ᠰᠦᠯᠵᠢᠶᠡᠨ ᠳᠤ ᠣᠷᠣᠭᠤᠯᠵᠤ᠂ ᠨᠢᠭᠡ ᠭᠠᠷᠠᠭ ᠤᠨ ᠳᠣᠲᠣᠷ᠎ᠠ ᠦᠨᠡᠨ ᠨᠡᠷ᠎ᠡ ᠪᠠᠷ 37 ᠲᠦᠮᠡᠨ ᠬᠥᠮᠦᠨ ᠢ ᠳᠠᠩᠰᠠᠯᠠᠭᠤᠯᠵᠤ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠬᠢᠵᠢᠭ ᠢ ᠡᠰᠡᠷᠭᠦᠴᠡᠬᠦ ︽ ᠪᠦᠷᠬᠦᠴᠢᠯᠡᠭᠰᠡᠨ ᠲᠣᠣᠷ ᠰᠦᠯᠵᠢᠶ᠎ᠡ ᠶᠢᠨ ᠬᠠᠮᠢᠶᠠᠷᠤᠯᠲᠠ︾᠎ ᠎ ᠶᠢ ᠦᠳᠲᠡᠷ ᠲᠦᠷᠭᠡᠨ ᠴᠣᠭᠴᠠᠯᠠᠪᠠ  ᠃ ︽ᠴᠡᠭ ᠠᠴᠠ ᠴᠡᠭ ᠲᠤ ᠬᠥᠷᠬᠦ᠂ ᠨᠢᠭᠡ ᠯᠡ ᠥᠷᠲᠡᠭᠡᠨ ᠤ ᠮᠠᠶ᠋ᠢᠭ︾᠎ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠰᠢᠭᠤᠳ ᠨᠡᠪᠲᠡᠷᠡᠬᠦ ᠲᠡᠷᠭᠡ ᠶᠢ ᠤᠷᠢᠳᠠᠪᠠᠷ ᠨᠡᠪᠲᠡᠷᠡᠭᠦᠯᠵᠦ᠂ ᠠᠵᠤ ᠠᠬᠤᠶᠢᠯᠠᠯ ᠤᠨ ᠬᠤᠪᠸᠢ ᠵᠡᠷᠭᠡ ᠭᠠᠵᠠᠷ ᠲᠤ ᠬᠦᠷᠴᠦ  ᠂ ᠠᠵᠢᠯᠲᠠᠨ ᠠᠵᠢᠯᠴᠢᠨ ᠢᠶᠠᠨ ᠲᠤᠰᠴᠤ ᠠᠪᠴᠢᠷᠠᠬᠤ ᠳᠤ ᠬᠠᠪᠰᠤᠷᠴᠤ᠂ ᠠᠵᠤ ᠠᠬᠤᠶᠢᠯᠠᠯ ᠤᠨ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ ᠪᠡᠶᠡᠯᠡᠭᠦᠯᠪᠡ  ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠯᠭ᠎ᠠ ᠪᠠᠨ ᠰᠡᠷᠭᠦᠭᠡᠵᠦ ᠬᠢᠴᠢᠶᠡᠯ ᠢᠶᠠᠨ ᠰᠡᠷᠭᠦᠭᠡᠬᠦ᠂ ᠢᠳᠡᠭᠡᠨ ᠤᠮᠳᠠᠭᠠᠨ ᠠᠷᠠᠯᠵᠢᠶ᠎ᠠ ᠬᠤᠳᠠᠯᠳᠤᠭ᠎ᠠ᠂ ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠬᠤᠳᠠᠯᠳᠤᠭ᠎ᠠ ᠪᠠᠨ ᠰᠡᠷᠭᠦᠭᠡᠵᠦ ᠵᠠᠬ᠎ᠠ ᠳᠡᠯᠭᠡᠭᠦᠷ ᠢᠶᠠᠨ ᠰᠡᠷᠭᠦᠭᠡᠬᠦ ᠶᠢ  ᠪᠡᠶᠡᠯᠡᠭᠦᠯᠵᠡᠢ᠃ ᠬᠢᠨᠠᠨ ᠪᠠᠶᠢᠴᠠᠭᠠᠬᠤ ᠦᠶ᠎ᠡ ᠳᠤ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠲᠦᠷᠦ ᠶᠢᠨ ᠪᠤᠳᠤᠯᠭ᠎ᠠ ᠶᠢ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ ᠡᠵᠡᠮᠳᠡᠵᠦ᠂ ᠪᠦᠬᠦ ᠵᠢᠯ ᠳᠤ 52 ᠬᠤᠭᠤᠴᠠᠭᠠᠨ ᠤ ᠰᠡᠷᠭᠡᠶᠢᠯᠡᠨ ᠬᠢᠵᠠᠭᠠᠷᠯᠠᠬᠤ ᠠᠯᠪᠠᠨ ᠵᠠᠷ ᠨᠡᠶᠢᠲᠡᠯᠡᠵᠦ᠂ ᠲᠣᠭᠲᠠᠴᠠ ᠪᠠᠶᠢᠭᠤᠯᠬᠤ᠂ ᠲᠣᠣᠷ ᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ ᠪᠠᠷ ᠳᠠᠮᠵᠢᠭᠤᠯᠤᠨ᠂ ︽ᠡᠪᠡᠳᠴᠢᠨ ᠤ ᠵᠢᠱᠢᠶ᠎ᠡ ᠶᠢ ᠨᠢᠭᠡ ᠴᠦ ᠣᠷᠣᠭᠤᠯᠬᠤ ᠦᠭᠡᠢ  ᠂  ᠡᠵᠡᠮᠳᠡᠯ ᠢᠶᠠᠨ ᠨᠢᠭᠡ ᠴᠦ ᠠᠯᠳᠠᠬᠤ ᠦᠭᠡᠢ︾  ᠰᠠᠶᠢᠨ ᠬᠢᠷᠢ ᠪᠦᠲᠦᠮᠵᠢ ᠶᠢ ᠣᠯᠤᠭᠰᠠᠨ ᠪᠠᠶᠢᠨ᠎ᠠ᠃            ᠡᠨᠡ ᠨᠢᠭᠡ ᠵᠢᠯ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠲᠡᠦᠬᠡ ᠶᠢᠨ ᠬᠦᠨᠳᠦ ᠡᠭᠦᠷᠭᠡ ᠶᠢᠨ ᠡᠮᠦᠨ᠎ᠡ᠂  ᠡᠷᠴᠢ ᠵᠣᠷᠢᠭ ᠢᠶᠠᠨ ᠬᠥᠪᠴᠢᠯᠡᠵᠦ᠂ ᠡᠷᠡᠯᠬᠡᠭᠯᠡᠨ ᠪᠠᠶᠢᠯᠳᠤᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠵᠠᠩᠭᠢᠯᠠᠭ᠎ᠠ ᠶᠢᠨ ᠴᠢᠨᠠᠷᠲᠠᠢ ᠠᠬᠢᠴᠠ ᠲᠠᠢ ᠪᠣᠯᠪᠠ᠃ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠯᠠᠪᠳᠠᠭᠤᠨ ᠲᠣᠭᠲᠠᠭᠤᠨ ᠪᠠᠶᠢᠯᠭᠠᠪᠠ᠃  ᠰᠦᠢᠳᠭᠡᠯ ᠵᠣᠭᠤᠰ ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠪᠠ ᠴᠢᠬᠤᠯᠠ ᠭᠠᠵᠠᠷ ᠲᠤ ᠬᠡᠷᠡᠭᠯᠡᠬᠦ ᠶᠢ ᠪᠠᠷᠢᠮᠲᠠᠯᠠᠵᠤ᠂ ᠪᠦᠬᠦ ᠵᠢᠯ ᠳᠤ ᠵᠠᠰᠠᠭ ᠤᠨ ᠣᠷᠳᠣᠨ ᠤ ᠥᠷᠢ ᠥᠭᠴᠡᠭᠡ ᠶᠢ  ᠨᠡᠶᠢᠲᠡ 314 ᠳ᠋ᠦᠩᠰᠢᠭᠤᠷ ᠲᠥᠭᠦᠷᠢᠭ  ᠲᠦᠯᠦᠵᠦ᠂ ᠣᠨ ᠤ ᠡᠭᠦᠷᠭᠡ ᠶᠢ 118%᠎ ᠪᠠᠷ ᠪᠡᠶᠡᠯᠡᠭᠦᠯᠪᠡ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠤᠨ ᠵᠥᠷᠢᠯᠳᠦᠭᠡᠨ ᠥᠬᠡᠶ ᠲᠠᠩᠰᠠᠨ ᠵᠣᠭᠤᠰ ᠢ ᠪᠦᠬᠦᠨ ᠢ 2020 ᠣᠨ ᠤ ᠤᠯᠤᠰ ᠤᠨ ᠪᠠᠶᠢᠭᠤᠯᠤᠮᠵᠢᠲᠤ ᠰᠢᠶᠠᠨ ᠲᠣᠭᠤᠷᠢᠭ ᠤᠨ ᠳᠠᠯᠳᠠ ᠥᠭᠴᠡᠭᠡᠨ ᠤ ᠲᠦᠭᠰᠢᠭᠦᠷᠢ ᠶᠢ ᠠᠷᠢᠯᠭᠠᠬᠤ ᠲᠤᠷᠰᠢᠯᠲᠠ ᠶᠢᠨ ᠴᠢᠭ ᠎ ᠢ ᠠᠮᠵᠢᠯᠲᠠ ᠲᠠᠢ ᠪᠠᠷ ᠵᠥᠪᠰᠢᠶᠡᠷᠡᠵᠦ᠂ ᠵᠢᠭᠡᠯᠡᠯᠭᠡ ᠶᠢᠨ ᠲᠡᠮᠳᠡᠭᠲᠦ ᠰᠣᠯᠢᠬᠤ ᠪᠡᠯᠡ ᠮᠥᠩᠭᠦ ᠶᠢ 31.6 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠣᠷᠣᠨ ᠪᠦᠰᠡ ᠶᠢᠨ ᠴᠢᠨᠠᠷᠲᠠᠶ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠦᠲᠦᠮᠵᠢᠲᠡᠶ ᠪᠠᠷ ᠰᠠᠬᠢᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠪᠠ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠠᠵᠢᠯᠯᠠᠭ᠎ᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠬᠤᠳᠠ ᠳᠤ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠢᠯᠴᠢ ᠬᠠᠩᠭᠠᠬᠤ ᠲᠠᠯᠠᠪᠠᠢ ᠶᠢ 100 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠠᠷᠢᠭᠤᠨ ᠴᠡᠪᠡᠷ ᠬᠡᠯᠪᠡᠷᠢ ᠶᠢᠨ ᠨᠡᠭᠦᠷᠡᠰᠦ ᠶᠢ 6000 ᠲᠣᠨ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠵᠤ᠂ ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ 61 ᠠᠵᠤ ᠠᠬᠤᠶᠢᠯᠠᠯ ᠢ ᠴᠡᠭᠴᠡᠯᠡᠨ ᠵᠠᠰᠠᠵᠤ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠢᠨ ᠡᠳᠦᠷ ᠤᠨ ᠲᠤᠭ᠎ᠠ ᠶᠢ 345 ᠡᠳᠦᠷ ᠪᠣᠯᠭᠠᠪᠠ᠃ ᠬᠤᠸᠠᠩ ᠴᠢ ᠬᠠᠶ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠥᠯᠥᠪᠵᠢᠭᠦᠯᠭᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠤᠰᠤᠨ ᠤ ᠡᠬᠢ ᠰᠤᠷᠪᠤᠯᠵᠢ ᠶᠢᠨ ᠭᠠᠵᠠᠷ ᠢ ᠪᠢᠲᠡᠭᠦᠮᠵᠢᠯᠡᠨ ᠬᠠᠮᠢᠶᠠᠷᠬᠤ ᠶᠢ ᠪᠡᠶᠡᠯᠡᠭᠦᠯᠪᠡ᠃ ᠭᠤᠣᠯ ᠮᠥᠷᠡᠨ ᠤ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠥᠷᠥᠰᠥ ᠰᠢᠷᠣᠶ ᠶᠢᠨ ᠪᠣᠬᠢᠷᠲᠤᠯ ᠤᠨ ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠪᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠲᠠᠰᠤᠷᠠᠯᠲᠠ ᠥᠬᠡᠶ ᠪᠠᠬᠢᠵᠢᠪᠡ᠃ ᠲᠥᠪ ᠤᠨ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾᠂ ᠤᠯᠤᠰ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠵᠡᠷᠭᠡ ᠬᠠᠷᠢᠭᠤ ᠲᠤᠰᠬᠠᠬᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ︽ᠲᠦᠷᠪᠡ ᠶᠢ ᠬᠠᠰᠤᠬᠤ ᠦᠭᠡᠢ︾ ᠪᠠᠶᠢᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠰᠬᠤᠨ ᠤ ᠨᠡᠶᠢᠲᠡ ᠶᠢᠨ ᠲᠦᠷᠦᠯ ᠵᠦᠢᠯ 58 ᠎ ᠶᠢ ᠬᠡᠷᠡᠭᠵᠢᠭᠦᠯᠵᠦ᠂ 4376 ᠡᠪᠡᠳᠴᠢᠲᠡᠶ ᠬᠥᠮᠦᠨ ᠠᠮᠠ ᠶᠢ ᠠᠪᠤᠷᠠᠨ ᠲᠤᠰᠠᠯᠠᠵᠤ᠂ 58 ᠰᠤᠷᠤᠭᠴᠢ ᠎ ᠶᠢᠨ  ᠰᠤᠷᠤᠯᠭ᠎ᠠ ᠶᠢ ᠲᠡᠳᠬᠦᠨ ᠲᠤᠰᠠᠯᠠᠵᠤ᠂ 80 ᠬᠥᠮᠦᠨ ᠢ ᠲᠥᠪᠬᠢᠨᠡᠭᠦᠯᠦᠨ ᠠᠵᠢᠯ ᠣᠯᠭᠤᠪᠠ᠃ ᠶᠠᠳᠠᠭᠤ ᠬᠦᠴᠢᠷᠳᠡᠯᠲᠡᠢ ᠬᠥᠮᠦᠨ ᠠᠮᠠ ᠶᠢ ᠰᠡᠷᠭᠡᠶᠢᠯᠡᠬᠦ ᠪᠠᠲᠤᠯᠠᠪᠤᠷᠢ ᠶᠢᠨ ᠲᠣᠭᠲᠠᠴᠠ ᠶᠢ ᠪᠠᠶᠢᠭᠤᠯᠵᠤ᠂ ᠲᠠᠬᠢᠨ ᠶᠠᠳᠠᠭᠤᠷᠠᠬᠤ ᠵᠢᠴᠢ ᠰᠢᠨ᠎ᠡ ᠪᠠᠷ ᠶᠠᠳᠠᠭᠤᠷᠠᠬᠤ ᠦᠵᠡᠭᠳᠡᠯ ᠡᠭᠦᠰᠬᠦ ᠶᠢ ᠡᠬᠢ ᠡᠭᠦᠰᠦᠯ ᠠᠴᠠ ᠨᠢ  ᠬᠤᠷᠢᠭᠯᠠᠵᠠᠢ᠃          ᠡᠨᠡ ᠨᠢᠭᠡ ᠵᠢᠯ ᠳᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠪᠢᠳᠡ ᠢᠳᠡᠪᠬᠢᠲᠡᠶ ᠪᠠᠷ ᠠᠵᠢᠯ ᠶᠠᠪᠤᠳᠠᠯ ᠪᠦᠲᠦᠭᠡᠵᠦ᠂ ᠠᠰᠢᠭᠲᠠᠶ ᠪᠠᠶᠢᠳᠠᠯ ᠢ ᠠᠮᠵᠢᠨ ᠤᠷᠤᠭᠰᠢᠯᠠᠵᠤ᠂ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠯᠠᠪᠳᠠᠭᠤᠨ ᠪᠠᠲᠤᠲᠠᠶ ᠠᠯᠬᠤᠮ ᠢ ᠠᠯᠬᠤᠪᠠ᠃ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠣᠭᠲᠠᠭᠤᠨ ᠢᠶᠠᠷ  ᠬᠦᠭᠵᠢᠪᠡ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠵᠢᠴᠢ ᠭᠠᠵᠠᠷ ᠰᠢᠷᠣᠶ ᠶᠢᠨ ᠳᠦᠷᠢᠮ ᠤᠨ ᠥᠭᠡᠷᠡᠴᠢᠯᠡᠯᠲᠡ ᠶᠢ ᠪᠦᠬᠦ 6000  ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 50 ᠰᠠᠭᠤᠷᠢ ᠬᠦᠯᠡᠮᠵᠢᠲᠦ ᠲᠤᠮᠤ ᠹᠸᠡᠭ ᠰᠠᠷᠠᠪᠴᠢ ᠪᠠᠶᠢᠭᠤᠯᠵᠠᠢ  ᠃ ᠳ᠋ᠠ ᠾᠧ ᠸᠠᠨ ᠣᠯᠠᠨ ᠤᠯᠤᠰ ᠤᠨ ᠴᠠᠰᠤᠨ  ᠴᠠᠨ᠎ᠠ ᠶᠢᠨ ᠲᠠᠯᠠᠪᠠᠶ ᠪᠥᠬᠦ ᠲᠠᠯ᠎ᠠ ᠪᠠᠷ ᠲᠠᠰ ᠳᠡᠪᠰᠢᠵᠦ᠂ ︽ᠨᠢᠭᠡ ᠬᠤᠩᠭᠢᠯ ᠬᠤᠶᠠᠷ ᠴᠠᠭᠠᠷᠢᠭ︾᠎ ᠤᠨ ᠲᠠᠷᠢᠶᠠᠯᠠᠩ ᠤᠨ ᠵᠢᠭᠤᠯᠴᠢᠯᠠᠯ ᠤᠨ ᠪᠦᠰᠡ ᠶᠢᠨ ᠳᠠᠷᠢᠬᠤ ᠲᠠᠯᠠᠪᠠᠶ 3 ᠲᠦᠮᠡᠨ ᠮᠥ ᠳᠤ ᠬᠦᠷᠴᠦ᠂ ᠠᠩᠬᠠᠳᠤᠭᠠᠷ ᠬᠤᠭᠤᠴᠠᠭᠠᠨ ᠤ ᠠᠯᠲᠠᠨ ᠰᠢᠷᠭᠠᠯ ᠴᠡᠴᠡᠭᠲᠦ ᠲᠠᠩᠭᠢᠰ ᠤᠨ ᠰᠣᠶᠣᠯ ᠵᠢᠭᠤᠯᠴᠢᠯᠠᠯ ᠤᠨ ᠨᠠᠶᠢᠷ᠂ ᠰᠦᠯᠵᠢᠶᠡᠨ ᠤ  ᠨᠡᠷ᠎ᠡ ᠠᠯᠳᠠᠷᠰᠢᠭᠰᠠᠨ ᠳᠠᠭᠤᠤ ᠬᠥᠭᠵᠢᠮ ᠤᠨ ᠨᠠᠶᠢᠷ ᠢ ᠠᠮᠵᠢᠯᠲᠠᠲᠠᠶ ᠡᠷᠭᠢᠯᠡᠵᠦ᠂ 20 ᠲᠦᠮᠡ ᠰᠢᠬᠠᠮ ᠵᠤᠭᠠᠴᠠᠭᠰᠠᠳ ᠢ ᠲᠠᠲᠠᠪᠠ᠃ ᠪᠡᠭᠡᠵᠢᠩ ᠤᠨ ᠨᠡᠷᠡᠨ ᠬᠡᠷᠡᠯ ᠤᠨ ᠣᠷᠣᠨ ᠪᠦᠰᠡ ᠲᠠᠢ ᠠᠮᠵᠢᠯᠲᠠ ᠲᠠᠢ ᠬᠠᠮᠲᠤᠷᠠᠯᠴᠠᠵᠤ᠂ ᠨᠡᠷᠡᠨ ᠬᠡᠷᠡᠯ ᠤᠨ ᠲᠠᠯ᠎ᠠ ᠨᠤᠲᠤᠭ · ᠠᠷᠠᠳ ᠤᠨ ᠣᠷᠣᠨ ᠰᠠᠭᠤᠴᠠ ᠶᠢᠨ ᠰᠠᠭᠤᠷᠢᠰᠢᠯ ᠢᠶᠠᠷ ᠭᠤᠤᠯ ᠪᠣᠯᠭᠠᠭᠰᠠᠨ ᠤᠨᠴᠠᠯᠢᠬᠳᠤ ᠵᠢᠭᠤᠯᠴᠢᠯᠠᠯ ᠤᠨ ᠵᠣᠷᠢᠭᠰᠠᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ  ᠬᠦᠭᠵᠢᠶᠡᠨᠲᠡᠢ  ᠪᠣᠯᠪᠠ᠃ ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠪᠠ ᠦᠷ᠎ᠡ ᠠᠰᠢᠭ ᠵᠡᠷᠭᠡᠪᠡᠷ ᠳᠡᠭᠡᠭᠰᠢᠯᠡᠪᠡ᠃ ᠬᠤᠸᠠ ᠸᠧᠶ  ᠬᠤᠶᠠᠳᠤᠭᠠᠷ ᠭᠤᠷᠪᠠᠳᠤᠭᠠᠷ ᠬᠤᠭᠤᠴᠠᠭᠠᠨ ᠳᠤ᠂ ᠠᠯᠢ᠂ ᠠᠯᠮᠤᠷᠠᠳ ᠡᠵᠡᠩᠨᠡᠯᠲᠡ ᠳᠤ ᠣᠷᠣᠵᠤ᠂ ᠶᠢᠦ  ᠺᠧ ᠳ᠋ᠧ  ᠂ ᠵᠥᠩ ᠯᠢᠶᠠᠨ ᠯᠢ ᠰᠢᠨ ᠺᠣᠮᠫᠠᠨᠢ ᠶᠢᠨ ᠭᠤᠤᠯ ᠴᠣᠭᠴᠠ ᠶᠢᠨ ᠠᠵᠢᠯ ᠳᠠᠭᠤᠰᠴᠤ᠂  ᠪᠤᠰᠢᠭᠤ ᠭᠠᠷ ᠤᠶᠤᠨᠲᠤ ᠡᠭᠦᠯᠡ ᠤᠯᠠᠭᠠᠨᠴᠠᠪ ᠤᠨ ᠠᠩᠬᠠᠳᠠᠭᠴᠢ ᠵᠠᠭᠤᠨ ᠳ᠋ᠦᠩᠰᠢᠭᠤᠷ ᠢ ᠳᠠᠪᠠᠭᠰᠠᠨ  ᠲᠤᠮᠤ ᠳ᠋ᠠᠶᠢᠲ᠋ᠠ  ᠶᠢᠨ ᠲᠤᠭ᠎ᠠ ᠪᠠᠷᠢᠮᠲᠠ ᠶᠢᠨ ᠲᠥᠪ ᠢ ᠠᠮᠵᠢᠯᠲᠠ ᠲᠠᠢ ᠪᠠᠷ ᠨᠠᠶᠢᠳᠠᠪᠤᠷᠢᠵᠢᠭᠤᠯᠪᠠ᠃ ᠵᠢᠩ ᠨᠢᠩ  ᠬᠤᠶᠠᠳᠤᠭᠠᠷ ᠬᠤᠭᠤᠴᠠᠭᠠᠨ ᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠬᠠᠨ ᠯᠠᠨ ᠠᠮᠢᠳᠤᠷᠠᠯ ᠤᠨ ᠬᠤᠭ ᠨᠣᠪᠰᠢ ᠶᠢᠨ ᠴᠠᠬᠢᠯᠭᠠᠨ ᠭᠠᠷᠭᠠᠯᠲᠠ ᠶᠢ ᠵᠢᠩᠬᠢᠨᠢ ᠪᠠᠷ  ᠠᠰᠢᠭᠯᠠᠯᠲᠠ ᠳᠤ ᠤᠷᠤᠭᠤᠯᠵᠠᠢ  ᠃ ᠳ᠋ᠦᠩ ᠶᠠᠩ ᠭᠤᠸᠠᠩ᠂ ᠬᠠᠶ ᠯᠢ ᠶᠢᠨ ᠦᠶᠯᠡᠳᠪᠦᠷᠢᠯᠡᠯ ᠤᠨ ᠱᠤᠭᠤᠮ ᠨᠡᠮᠡᠭᠳᠡᠭᠡᠳ 76 ᠵᠤᠷᠪᠤᠰ ᠪᠣᠯᠪᠠ᠃  ᠴᠢᠦ ᠱᠢ ᠠᠮᠢᠳᠤ ᠪᠣᠳᠠᠰ ᠤᠨ ᠦᠢᠯᠡᠳᠪᠦᠷᠢᠯᠡᠯ ᠤᠨ ᠱᠤᠭᠤᠮ ᠢ 32 ᠰᠢᠨ᠎ᠡ ᠪᠠᠷ ᠨᠡᠮᠡᠭᠳᠡᠭᠦᠯᠵᠦ᠂  ᠮᠸᠡᠭ ᠭᠧᠨ ᠱᠠᠨ ᠲᠣᠰᠣᠨ ᠤ ᠦᠢᠯᠡᠳᠪᠦᠷᠢ ᠶᠢᠨ ᠪᠠᠶᠢᠰᠢᠩ ᠢ ᠪᠦᠬᠦᠨ ᠢ ᠪᠠᠶᠢᠭᠤᠯᠵᠤ ᠳᠠᠭᠤᠰᠬᠠᠪᠠ᠃ ᠵᠢᠯ ᠳᠤ 20 ᠲᠦᠮᠡᠨ ᠦᠢᠯᠡᠴᠢᠯᠡᠭᠡᠨ ᠤ ᠮᠠᠰᠢᠨ ᠦᠢᠯᠡᠳᠪᠦᠷᠢᠯᠡᠳᠡᠭ ᠴᠢᠩᠬᠤᠸᠠ  ᠲᠦᠩ ᠹᠠᠩ ᠪᠦᠬᠦ ᠲᠠᠯ᠎ᠠ ᠪᠠᠷ ᠠᠰᠢᠭᠯᠠᠯᠲᠠ ᠳᠤ ᠣᠷᠣᠵᠤ᠂ ᠵᠢᠯ ᠳᠤ 800 ᠲᠦᠮᠡᠨ ᠬᠦᠬᠡ ᠭᠡᠷᠡᠯ ᠤᠨ ᠳ᠋ᠢᠰᠺ ᠦᠢᠯᠡᠳᠪᠦᠷᠢᠯᠡᠳᠡᠭ ᠵᠦᠩ ᠬᠤᠩ ᠽᠢ ᠵᠢᠩ ᠦᠢᠯᠡᠳᠪᠦᠷᠢᠯᠡᠯ ᠤᠨ ᠨᠥᠬᠦᠴᠡᠯ ᠢ ᠪᠦᠷᠢᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠭᠠᠮᠰᠢᠭ ᠤᠨ ᠪᠡᠯᠡᠳᠬᠡᠯ ᠲᠥᠪ ᠢ ᠬᠦᠴᠦᠯᠡᠨ ᠪᠠᠶᠢᠭᠤᠯᠵᠤ᠂ ᠲᠡᠦᠬᠡ ᠶᠢ ᠬᠠᠳᠠᠭᠠᠯᠠᠵᠤ᠂ ᠪᠣᠯᠪᠠᠰᠤᠨ ᠢ ᠪᠡᠯᠡᠳᠬᠡᠪᠡ᠃ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ  ᠳᠡᠰ ᠳᠡᠪᠰᠢᠪᠡ᠃ ᠳᠣᠯᠣᠳᠤᠭᠠᠷ ᠰᠤᠮᠤᠨ ᠤ ᠪᠠᠷᠠᠭᠠᠨ ᠤ ᠭᠦᠶᠯᠭᠡᠭᠡᠨ ᠤ ᠰᠠᠭᠤᠷᠢᠨ ᠭᠠᠵᠠᠷ ᠤᠨ ᠬᠤᠶᠠᠳᠤᠭᠠᠷ ᠬᠤᠭᠤᠴᠠᠭᠠᠨ ᠤ ᠠᠵᠢᠯ ᠪᠥᠬᠦ ᠲᠠᠯ᠎ᠠ ᠪᠠᠷ ᠠᠰᠢᠭᠯᠠᠯᠲᠠ ᠳᠤ ᠣᠷᠣᠵᠤ᠂ B ᠳᠠᠭᠠᠳᠬᠠᠯ ᠤᠨ ᠪᠠᠷᠠᠭᠠᠨ ᠤ ᠭᠦᠶᠯᠭᠡᠭᠡᠨ ᠤ ᠲᠥᠪ ᠤᠨ ᠪᠣᠭᠤᠮᠲᠠ ᠶᠢ ᠪᠢᠲᠡᠭᠦᠮᠵᠢᠯᠡᠨ ᠡᠵᠡᠩᠨᠡᠵᠦ᠂ ᠤᠮᠠᠷᠠᠲᠤ ᠶᠢᠨ ᠡᠬᠡ ᠬᠠᠭᠤᠷᠠᠶ ᠶᠢᠨ ᠭᠠᠷᠠᠮ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠣᠷᠣᠨ᠂ ᠬᠢᠯᠢ ᠠᠯᠤᠰᠯᠠᠭᠰᠠᠨ ᠲᠦᠷᠭᠡᠨ ᠬᠦᠷᠭᠡᠯᠲᠡ ᠶᠢᠨ ᠲᠠᠪᠴᠠᠩ ᠢ ᠠᠰᠢᠭᠯᠠᠯᠲᠠ ᠳᠤ  ᠤᠷᠤᠭᠤᠯᠵᠤ  ᠂ ᠴᠠᠬᠠᠷ ᠮᠥᠩᠭᠦᠨ ᠰᠠᠭᠤᠳᠠᠯ᠂ ᠿᠢ ᠱᠧᠩ  ᠎ ᠶᠢᠨ ᠮᠸᠡᠭ᠂  ᠳᠤᠮᠳᠠᠳᠤ ᠤᠯᠤᠰ ᠤᠨ ᠮᠠᠰᠢᠨ ᠲᠡᠷᠭᠡᠨ ᠤ ᠬᠤᠯᠪᠣᠭ᠎ᠠ ᠶᠢᠨ ᠬᠢᠨ ᠪᠦᠬᠦ ᠲᠠᠯ᠎ᠠ ᠪᠠᠷ ᠠᠵᠢᠯ ᠢᠶᠠᠨ ᠰᠡᠷᠭᠦᠭᠡᠵᠦ᠂ ᠸᠠᠨ ᠳ᠋ᠠ ᠠᠭᠤᠳᠠᠮ ᠲᠠᠯᠠᠪᠠᠢ ᠦᠪᠡᠳᠡᠭᠰᠢ ᠶᠡᠭᠡ ᠪᠠᠷ ᠠᠵᠢᠯ ᠢᠶᠠᠨ ᠡᠬᠢᠯᠡᠭᠦᠯᠪᠡ᠃ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠲᠠᠢ ᠠᠮᠵᠢᠯᠲᠠ ᠲᠠᠢ ᠬᠠᠮᠲᠤᠷᠠᠯᠴᠠᠵᠤ᠂ ᠮᠣᠩᠭᠤᠯ ᠮᠣᠷᠢᠨ ᠤ ᠮᠠᠭᠲᠠᠭᠠᠯ ᠤᠨ ᠲᠣᠮᠣ ᠬᠡᠯᠪᠡᠷᠢ ᠶᠢᠨ ᠲᠣᠭᠯᠠᠯᠲᠠ ᠶᠢᠨ ᠲᠥᠷᠥᠯ ᠵᠦᠶᠯ ᠢ ᠣᠷᠣᠭᠤᠯᠤᠨ ᠠᠪᠴᠢᠷᠠᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾᠎ ᠪᠠᠷ ᠭᠤᠤᠯ ᠰᠡᠳᠦᠪ ᠪᠣᠯᠭᠠᠭᠰᠠᠨ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠬᠦᠷᠢᠶᠡᠯᠡᠩ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠪᠠ᠃ ᠡᠷᠡᠭᠦᠯ ᠮᠡᠨᠳᠦ ᠶᠢᠨ ᠲᠣᠮᠣ ᠠᠵᠤ ᠦᠶᠯᠡᠰ ᠢ ᠲᠦᠷᠭᠡᠳᠬᠡᠨ ᠬᠥᠭᠵᠢᠭᠦᠯᠵᠦ᠂ ᠪᠠᠶ ᠸᠠᠩ᠂ ᠬᠤᠩ ᠬᠠᠶ ᠽᠢ᠂ ᠪᠠᠶ ᠬᠠᠶ ᠽᠢ ᠭᠤᠷᠪᠠᠨ ᠲᠣᠮᠣ ᠺᠠᠩ ᠶᠠᠩ ᠲᠣᠭᠤᠷᠢᠭ ᠤᠨ ᠲᠥᠯᠥᠪᠵᠢᠭᠦᠯᠭᠡ ᠶᠢ ᠪᠡᠶᠡᠯᠡᠭᠦᠯᠪᠡ᠃ ᠪᠥᠬᠦ ᠵᠢᠯ ᠳᠤ 203 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ 10.9 ᠳ᠋ᠦᠩᠰᠢᠭᠤᠷ ᠲᠥᠭᠦᠷᠢᠭ ᠤᠨ ᠬᠡᠷᠡᠭᠯᠡᠭᠡᠨ ᠤ ᠣᠷᠣᠯᠭ᠎ᠠ ᠶᠢ ᠪᠡᠶᠡᠯᠡᠭᠦᠯᠵᠦ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃          ᠡᠨᠡ ᠨᠢᠭᠡ ᠵᠢᠯ ᠳᠤ᠂ ᠣᠳᠣᠬᠢᠴᠢᠯᠠᠭᠰᠠᠨ ᠲᠥᠪ ᠬᠤᠳᠠ ᠶᠢᠨ ᠲᠣᠭᠤᠷᠢᠭ ᠢ ᠪᠠᠶᠢᠭᠤᠯᠬᠤ ᠳᠤᠲᠠᠭᠤᠳᠠᠯ ᠤᠨ ᠡᠮᠦᠨ᠎ᠡ᠂ ᠪᠢᠳᠡ ᠬᠦᠨᠳᠦ ᠡᠭᠦᠷᠭᠡ ᠶᠢ ᠡᠭᠦᠷᠭᠡᠯᠡᠨ ᠡᠷᠡᠯᠬᠡᠭᠯᠡᠨ ᠲᠡᠮᠡᠴᠡᠵᠦ᠂ ᠦᠨᠡᠨᠬᠦ  ᠪᠣᠳᠠᠲᠠᠢ ᠠᠵᠢᠯᠯᠠᠵᠤ᠂ ᠬᠤᠳᠠ ᠶᠢᠨ ᠴᠢᠳᠠᠪᠬᠢ ᠴᠢᠨᠠᠷ ᠴᠢᠨᠰᠠᠭ᠎ᠠ ᠦᠷᠭᠦᠯᠵᠢᠯᠡᠨ ᠳᠡᠭᠡᠭᠰᠢᠯᠡᠵᠡᠢ᠃ ᠬᠤᠲᠠ ᠶᠢᠨ ᠣᠷᠣᠨ ᠵᠠᠶ ᠶᠢᠨ ᠪᠠᠶᠢᠷᠢᠰᠢᠯ ᠢ ᠲᠠᠰᠤᠷᠠᠯᠲᠠ ᠥᠬᠡᠶ ᠰᠢᠯᠢᠳᠡᠭᠵᠢᠭᠦᠯᠵᠡᠢ᠃ ︽ᠤᠯᠠᠨ ᠲᠥᠯᠥᠪᠵᠢᠭᠦᠯᠭᠡ ᠶᠢ ᠨᠢᠭᠡᠳᠬᠡᠬᠦ︾᠎ ᠶᠢ ᠭᠦᠨᠵᠡᠭᠡᠶ ᠲᠦᠯᠬᠢᠨ ᠠᠬᠢᠭᠤᠯᠵᠤ᠂ ᠲᠥᠪ ᠬᠤᠳᠠ ᠲᠣᠭᠤᠷᠢᠭ ᠤᠨ 4 ᠬᠡᠰᠡᠭ ᠲᠣᠭᠤᠷᠢᠭ ᠤᠨ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠵᠠᠰᠠᠨ ᠨᠠᠶᠢᠷᠠᠭᠤᠯᠵᠤ ᠳᠠᠭᠤᠰᠬᠠᠨ᠂ 2 ᠲᠥᠪ ᠪᠠᠯᠭᠠᠰᠤ ᠶᠢᠨ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠲᠥᠯᠥᠪᠵᠢᠭᠦᠯᠭᠡ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠬᠤᠳᠠ ᠶᠢᠨ ᠰᠠᠭᠤᠷᠢ ᠴᠢᠳᠠᠮᠵᠢ ᠶᠢ ᠢᠵᠢ ᠪᠦᠷᠢᠳᠦᠭᠦᠯᠬᠦ ᠶᠢ ᠶᠡᠬᠡᠪᠡᠷ ᠲᠦᠯᠬᠢᠨ  ᠠᠬᠢᠭᠤᠯᠵᠠᠢ᠃ ᠨᠠᠨ ᠱᠠ ᠾᠧ ᠭᠤᠣᠯ ᠢ ᠶᠡᠷᠦᠩᠬᠡᠶᠢᠯᠡᠨ ᠵᠠᠰᠠᠬᠤ ᠠᠵᠢᠯ ᠢ ᠲᠦᠷᠭᠡᠪᠴᠢᠯᠡᠨ ᠠᠬᠢᠭᠤᠯᠵᠤ᠂ ᠨᠥᠬᠦᠷᠯᠡᠯ ᠤᠰᠤᠨ ᠴᠥᠭᠦᠷᠥᠮ ᠤᠨ ᠦᠵᠡᠮᠵᠢ ᠰᠣᠨᠢᠷᠬᠠᠬᠤ ᠠᠭᠤᠳᠠᠮ ᠲᠠᠯᠠᠪᠠᠢ ᠶᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠃ ᠺᠠᠩ ᠨᠢᠩ ᠬᠤᠶᠢᠲᠤ ᠵᠠᠮ ᠵᠡᠷᠭᠡ 23 ᠵᠠᠮ ᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠡᠯ᠎ᠡ ᠲᠦᠷᠦᠯ ᠤᠨ ᠬᠤᠭᠤᠯᠠᠶ ᠶᠢᠨ ᠲᠣᠣᠷ ᠢ 90 ᠺᠢᠯᠣᠮᠧᠲᠷ ᠳᠡᠪᠢᠰᠦᠨ᠎ᠡ᠃ ᠳ᠋ᠦᠩ ᠶᠠᠩ ᠭᠤᠸᠠᠩ ᠵᠡᠷᠭᠡ 15 ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠵᠦ᠂ ᠬᠤᠩ ᠬᠠᠶ ᠽᠢ ᠵᠡᠷᠭᠡ 3 ᠠᠶᠤᠯᠭᠦᠶ ᠪᠠᠷ ᠤᠰᠤ ᠬᠠᠩᠭᠠᠬᠤ ᠢᠨᠵᠧᠨᠧᠷᠢᠩ ᠢ ᠤᠷᠤᠭᠰᠢᠲᠠᠶ ᠲᠦᠯᠬᠢᠨ ᠠᠬᠢᠭᠤᠯᠪᠠ᠃ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ︾ ᠴᠢᠭᠯᠡᠯᠲᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠶᠠᠮᠤᠨ ᠳᠤ ᠪᠦᠬᠦ ᠤᠯᠤᠰ ᠤᠨ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢᠶᠠᠷ ᠦᠨᠡᠯᠡᠭᠳᠡᠪᠡ᠃ 11 ᠨᠡᠶᠢᠲᠡ ᠶᠢᠨ ᠮᠠᠰᠢᠨ ᠲᠡᠷᠭᠡᠨ ᠤ ᠱᠤᠭᠤᠮ ᠢ ᠰᠢᠨ᠎ᠡ ᠪᠠᠷ ᠨᠡᠮᠡᠵᠦ ᠰᠢᠯᠢᠳᠡᠭᠵᠢᠭᠦᠯᠦᠨ᠂ 477 ᠨᠡᠶᠢᠲᠡ ᠶᠢᠨ ᠮᠠᠰᠢᠨ ᠲᠡᠷᠭᠡ ᠶᠢ ᠰᠢᠨ᠎ᠡ ᠡᠨᠧᠷᠭᠢ ᠶᠢᠨ ᠰᠣᠯᠢᠭᠳᠠᠯ ᠢ ᠨᠢᠭᠡ ᠯᠡ ᠤᠳᠠᠭ᠎ᠠ ᠳᠤ ᠪᠡᠶᠡᠯᠡᠭᠦᠯᠵᠦ᠂ ᠪᠣᠬᠢᠷᠲᠤᠯ ᠥᠬᠡᠶ ᠣᠷᠴᠢᠨ ᠠᠬᠤᠶ ᠶᠢ ᠬᠠᠮᠠᠭᠠᠯᠠᠬᠤ ᠠᠶᠠᠯᠠᠯ ᠤᠨ ᠰᠢᠨ᠎ᠡ ᠴᠠᠭ ᠦᠶ᠎ᠡ ᠶᠢ ᠨᠡᠭᠡᠭᠡᠪᠡ᠃ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ  ᠳᠡᠭᠡᠭᠰᠢᠯᠡᠭᠦᠯᠵᠡᠢ᠃ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠨᠡᠶᠢᠭᠡᠮ ᠲᠣᠭᠤᠷᠢᠭ ᠲᠤ ᠣᠷᠣᠭᠤᠯᠬᠤ᠂  ᠰᠠᠭᠤᠭᠠᠯᠢ ᠲᠣᠭᠤᠷᠢᠭ ᠲᠤ  ᠤᠷᠤᠭᠤᠯᠵᠦ᠂ ᠱᠠᠨᠳᠦ᠋ᠩ ᠤᠨ ᠱᠢ ᠵᠢᠶ ᠲᠠᠢ ᠬᠠᠮᠲᠤᠷᠠᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠡᠯ᠎ᠡ ᠲᠥᠷᠥᠯ ᠤᠨ ᠬᠤᠭ ᠨᠣᠪᠰᠢ ᠶᠢ ᠰᠢᠶᠳᠪᠦᠷᠢᠯᠡᠬᠦ ᠲᠥᠬᠦᠭᠡᠷᠦᠮᠵᠢ ᠶᠢ 1051 ᠰᠢᠨ᠎ᠡ ᠪᠠᠷ ᠨᠡᠮᠡᠭᠳᠡᠭᠦᠯᠵᠦ᠂ ᠮᠠᠰᠢᠨᠴᠢᠯᠠᠭᠰᠠᠨ ᠴᠡᠪᠡᠷᠯᠡᠯᠲᠡ ᠶᠢᠨ ᠨᠣᠷᠮ᠎ᠠ ᠶᠢ 80% ᠪᠠᠶᠢᠭᠰᠠᠨ ᠠᠴᠠ 95% ᠪᠣᠯᠭᠠᠨ ᠳᠡᠭᠡᠭᠰᠢᠯᠡᠭᠦᠯᠪᠡ᠃ ᠪᠡᠭᠡᠵᠢᠩ ᠤᠨ ᠠᠶ  ᠹᠧᠨ ᠯᠸᠢ ᠲᠠᠢ ᠲᠥᠷᠥᠯ ᠬᠤᠪᠢᠶᠠᠨ ᠬᠠᠮᠲᠤᠷᠠᠯᠴᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠥᠬᠡᠶ ᠪᠣᠯᠭᠠᠨ ᠰᠢᠶᠳᠪᠦᠷᠢᠯᠡᠬᠦ ᠵᠠᠩᠭᠢᠯᠠᠭ᠎ᠠ ᠶᠢᠨ ᠠᠯᠬᠤᠮ ᠢ ᠠᠯᠬᠤᠪᠠ᠃ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠶᠤᠨᠲᠤ ᠠᠳᠠᠯ ᠠᠬᠤᠶ᠂ ᠤᠶᠤᠨᠲᠤ ᠬᠤᠲᠠ ᠶᠢᠨ ᠬᠠᠮᠢᠶᠠᠷᠤᠯᠲᠠ᠂ ᠤᠶᠤᠨᠲᠤ ᠵᠠᠮ ᠬᠠᠷᠢᠯᠴᠠᠭ᠎ᠠ ᠶᠢ ᠲᠣᠭᠲᠠᠭᠤᠨ ᠢᠶᠠᠷ ᠠᠬᠢᠭᠤᠯᠵᠤ᠂ ︽ᠵᠣᠬᠢᠶᠠᠮᠠᠯ ᠤᠶᠤᠨᠲᠤ ᠬᠤᠲᠠ︾᠎ ᠶᠢᠨ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃           ᠡᠨᠡ ᠨᠢᠭᠡ ᠵᠢᠯ ᠳᠤ ᠪᠢᠳᠡ ᠥᠭᠡᠷᠡᠴᠢᠯᠡᠯᠲᠡ ᠬᠥᠭᠵᠢᠭᠦᠯᠦᠯᠲᠡ ᠶᠢᠨ ᠪᠡᠷᠬᠡ ᠬᠠᠲᠠᠭᠤᠵᠢᠯᠲᠠᠶ ᠨᠠᠷᠢᠨ ᠪᠤᠳᠤᠯᠢᠶᠠᠨᠲᠠᠶ ᠡᠭᠦᠷᠭᠡ ᠶᠢᠨ ᠡᠮᠦᠨ᠎ᠡ᠂ ᠰᠢᠨ᠎ᠡ ᠶᠢ ᠡᠭᠦᠳᠴᠦ᠂ ᠣᠯᠠᠨ ᠲᠠᠯ᠎ᠠ ᠠᠴᠠ ᠬᠦᠴᠦᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠲᠠᠰᠤᠷᠠᠯᠲᠠ ᠦᠭᠡᠶ ᠰᠢᠯᠢᠳᠡᠭᠵᠢᠭᠦᠯᠵᠡᠶ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠭᠤᠤᠯ ᠰᠢᠵᠢᠮ ᠪᠣᠯᠭᠠᠵᠤ᠂ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠬᠡᠷᠡᠭᠵᠢᠭᠦᠯᠦᠨ᠂ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ 445 ᠴᠥᠭᠡᠳᠬᠡᠵᠦ᠂ 138 ᠭᠦᠶᠴᠡᠳᠬᠡᠬᠦ ᠴᠤᠪᠤᠷᠠᠯ ᠢ ᠰᠢᠯᠢᠳᠡᠭᠵᠢᠭᠦᠯᠦᠨ᠂ ᠴᠤᠪᠤᠷᠠᠯ ᠢ ᠰᠢᠯᠢᠳᠡᠭᠵᠢᠭᠦᠯᠬᠦ ᠨᠣᠷᠮ᠎ᠠ 45%᠎ ᠳᠤ ᠬᠥᠷᠪᠡ  ᠃  ︽ᠣᠶᠢᠷ᠎ᠠ ᠬᠠᠪᠢ ᠳᠠᠭᠠᠨ ᠭᠦᠶᠴᠡᠳᠬᠡᠬᠦ︾ ︽ᠳᠠᠷᠦ᠋ᠢᠬᠠᠨ ᠭᠦᠶᠴᠡᠳᠬᠡᠬᠦ︾ ︽ᠲᠤᠬᠠᠶ ᠶᠢᠨ ᠭᠠᠵᠠᠷ ᠲᠤᠨᠢ ᠭᠦᠶᠴᠡᠳᠬᠡᠬᠦ︾᠎ ᠶᠢ ᠶᠡᠬᠡᠪᠡᠷ ᠬᠡᠷᠡᠭᠵᠢᠭᠦᠯᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠥᠬᠡᠶ ᠪᠠᠷ ᠨᠡᠭᠡᠭᠡᠨ ᠡᠷᠭᠢᠯᠡᠬᠦ ᠶᠢ 2 ᠠᠵᠢᠯ ᠤᠨ ᠡᠳᠦᠷ ᠪᠣᠯᠭᠠᠨ ᠪᠠᠭᠠᠰᠬᠠᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ 3 ᠠᠵᠢᠯ ᠤᠨ ᠡᠳᠦᠷ ᠪᠣᠯᠭᠠᠨ ᠪᠠᠭᠠᠰᠬᠠᠵᠤ᠂ ᠵᠠᠰᠠᠭ ᠤᠨ ᠣᠷᠳᠣᠨ᠂ ᠨᠡᠶᠢᠭᠡᠮ ᠤᠨ ᠪᠠᠯᠠ ᠣᠷᠣᠭᠤᠯᠤᠯᠲᠠ ᠶᠢᠨ ᠲᠥᠷᠥᠯ ᠤᠨ ᠲᠥᠷᠥᠯ ᠵᠦᠶᠯ ᠤᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠲᠣᠰ ᠲᠣᠰ 70 ᠪᠠ 60 ᠠᠵᠢᠯ ᠤᠨ ᠡᠳᠦᠷ ᠤᠨ ᠳᠣᠲᠣᠷ᠎ᠠ ᠪᠣᠯᠭᠠᠨ ᠪᠠᠭᠠᠰᠬᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠴᠠᠭ ᠲᠤᠬᠠᠶ ᠳᠤᠨᠢ ᠭᠦᠶᠴᠡᠳᠬᠡᠵᠦ ᠳᠠᠭᠤᠰᠬᠠᠭᠰᠠᠨ ᠨᠣᠷᠮ᠎ᠠ ᠶᠢ 100%᠎ ᠳᠤ ᠬᠦᠷᠦᠭᠦᠯᠦᠨ᠎ᠡ  ᠃ ᠭᠤᠷᠪᠠᠨ ᠱᠠᠲᠤᠨ ᠤ ᠪᠠᠷᠢᠮᠵᠢᠶᠠᠵᠢᠭᠤᠯᠤᠭᠰᠠᠨ ᠦᠶᠯᠡᠴᠢᠯᠡᠭᠡᠨ ᠤ ᠶᠡᠭᠡ ᠲᠢᠩᠬᠢᠮ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠨᠢᠭᠡᠳᠦᠭᠡᠷ ᠪᠦᠯᠦᠭ ᠤᠨ 45 ᠵᠦᠶᠯ ᠤᠨ ᠵᠠᠰᠠᠭ ᠵᠠᠬᠢᠷᠭᠠᠨ ᠤ ᠡᠷᠬᠡ᠂ 42 ᠵᠦᠶᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠢ ᠪᠦᠬᠦᠨ ᠢ ᠰᠢᠶᠠᠩ ᠪᠠᠯᠭᠠᠰᠤ᠂ ᠵᠡᠭᠡᠯᠢ ᠭᠤᠳᠤᠮᠵᠢ ᠳᠤ ᠪᠠᠭᠤᠯᠭᠠᠪᠠ᠃ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ ︾ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠢᠨᠠᠨ ᠵᠥᠪᠰᠢᠶᠡᠷᠡᠬᠦ ᠵᠦᠶᠯᠡᠰ᠂ ᠠᠵᠢᠯᠲᠠᠨ᠂ ᠡᠷᠬᠡ ᠮᠡᠳᠡᠯ ᠤᠨ ᠬᠡᠪᠴᠢᠶ᠎ᠡ ᠶᠢ ᠪᠦᠬᠦᠨ ᠢ ᠶᠡᠭᠡ ᠲᠢᠩᠬᠢᠮ ᠳᠤ ᠣᠷᠣᠭᠤᠯᠪᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ︽ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ︽ᠦᠨᠡᠮᠯᠡᠯ ᠪᠠ ᠭᠡᠷᠡᠴᠢ ᠶᠢ ᠰᠠᠯᠭᠠᠬᠤ︾᠎ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠪᠥᠬᠦ ᠵᠢᠯ ᠳᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ 5535 ᠡᠷᠦᠬᠡ ᠰᠢᠨ᠎ᠡ ᠪᠠᠷ ᠨᠡᠮᠡᠭᠳᠡᠭᠦᠯᠪᠡ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ ᠡᠯ᠎ᠡ ᠲᠦᠷᠦᠯ ᠤᠨ ᠭᠠᠶᠢᠯᠢ ᠰᠦᠢᠳᠬᠡᠯ ᠢ  ᠨᠡᠶᠢᠲᠡ 7.53 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ᠃ ᠢᠨᠵᠧᠨᠧᠷᠢᠩ ᠤᠨ ᠲᠦᠷᠦᠯ ᠵᠦᠢᠯ ᠢ ᠬᠢᠨᠠᠨ ᠵᠥᠪᠰᠢᠶᠡᠷᠡᠬᠦ ᠲᠦᠷᠢᠮ ᠪᠣᠯᠤᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠠᠮᠠᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂  ᠤᠷᠢᠳᠴᠢᠯᠠᠨ ᠬᠢᠨᠠᠬᠤ ᠲᠣᠭᠲᠠᠴᠠ ᠶᠢ ᠬᠡᠷᠡᠭᠵᠢᠭᠦᠯᠵᠦ ᠂ ᠪᠦᠬᠦ ᠬᠤᠳᠠ ᠳᠤ ᠤᠷᠢᠳᠠᠪᠠᠷ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠪᠦᠬᠦ ᠶᠠᠪᠤᠴᠠ ᠶᠢ ᠣᠷᠣᠯᠠᠨ ᠭᠦᠢᠴᠡᠳᠬᠡᠬᠦ ᠲᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠳᠤ 130 ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ︽ᠬᠠᠮᠤᠭ ᠤᠯᠠᠨ ᠳᠠᠭᠠᠨ ᠨᠢᠭᠡ ᠤᠳᠠᠭ᠎ᠠ ᠭᠦᠶᠦᠬᠦ︾᠂ ᠴᠢᠨᠠᠭᠰᠢᠯᠠᠪᠠᠯ ︽ᠥᠴᠦᠬᠡᠨ ᠴᠦ ᠭᠦᠶᠦᠯᠭᠡᠬᠦ ᠦᠭᠡᠢ︾ ᠪᠠᠶᠢᠬᠤ ᠶᠢ ᠦᠨᠡᠨᠬᠦ ᠪᠡᠶᠡᠯᠡᠭᠦᠯᠪᠡ᠃             ᠡᠨᠡ ᠨᠢᠭᠡ ᠵᠢᠯ ᠳᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠨᠡᠩ ᠥᠨᠳᠥᠷ ᠱᠠᠭᠠᠷᠳᠠᠯᠭ᠎ᠠ ᠶᠢᠨ ᠡᠮᠦᠨ᠎ᠡ᠂ ᠪᠢᠳᠡ ᠬᠥᠮᠦᠨ ᠢᠶᠠᠷ ᠦᠨᠳᠦᠰᠦ ᠪᠣᠯᠭᠠᠵᠤ᠂ ᠠᠷᠠᠳ ᠤᠨ ᠰᠡᠳᠬᠢᠯ ᠳᠤ ᠣᠶᠢᠷᠠᠳᠴᠤ᠂ ᠠᠷᠠᠳ ᠤᠨ ᠠᠮᠢᠳᠤᠷᠠᠯ ᠤᠨ ᠦᠢᠯᠡᠰ ᠲᠠᠬᠢᠨ ᠰᠢᠨ᠎ᠡ ᠳᠡᠭᠲᠡᠷ ᠲᠤ ᠭᠠᠷᠪᠠ᠃ ᠨᠡᠶᠢᠭᠡᠮ ᠤᠨ ᠪᠠᠲᠤᠯᠠᠭ᠎ᠠ ᠲᠠᠰᠤᠷᠠᠯᠳᠡ ᠦᠬᠡᠢ ᠴᠢᠩᠭᠠᠷᠠᠪᠠ᠃ ᠬᠤᠳᠠ ᠪᠠᠯᠭᠠᠰᠤᠨ ᠳᠤ 5892 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 18 ᠲᠦᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 1233 ᠬᠥᠮᠦᠨ ᠢ ᠲᠥᠪᠬᠢᠨᠡᠭᠦᠯᠵᠦ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠴᠡᠷᠢᠭ ᠠᠴᠠ ᠬᠠᠯᠠᠭᠳᠠᠭᠰᠠᠨ 88 ᠪᠠᠶᠢᠯᠳᠤᠭᠴᠢ ᠳᠤ ᠲᠠᠬᠢᠨ ᠠᠵᠢᠯ ᠣᠯᠭᠤᠬᠤ ᠶᠢ ᠪᠡᠶᠡᠯᠡᠭᠦᠯᠵᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.0%᠎ ᠶᠢᠨ ᠳᠣᠲᠣᠷ᠎ᠠ ᠲᠣᠭᠲᠠᠭᠤᠨ ᠢᠶᠠᠷ ᠬᠢᠵᠠᠭᠠᠷᠯᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠠᠵᠢᠯᠯᠠᠭᠴᠢ ᠠᠴᠠ ᠨᠡᠶᠢᠭᠡᠮ ᠲᠣᠭᠤᠷᠢᠭ ᠤᠨ ᠠᠵᠢᠯᠳᠠᠨ ᠪᠠ ᠬᠥᠳᠡᠭᠡ ᠲᠣᠰᠬᠤᠨ ᠤ 160 ᠰᠦᠯᠵᠢᠶᠡᠨ ᠤ ᠠᠵᠢᠯᠳᠠᠨ ᠢ ᠢᠯᠡ ᠪᠠᠷ ᠤᠷᠢᠪᠠ᠃ ᠨᠠᠰᠤᠵᠢᠯ ᠤᠨ ᠠᠰᠠᠷᠠᠮᠵᠢ ᠶᠢᠨ ᠮᠥᠩᠭᠦ᠂ ᠠᠵᠢᠯ ᠠᠯᠳᠠᠯᠲᠠ ᠶᠢᠨ ᠮᠥᠩᠭᠦ ᠦᠷᠭᠦᠯᠵᠢᠯᠡᠨ ᠨᠡᠮᠡᠭᠳᠡᠪᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠨᠢᠭᠡ ᠴᠤᠭᠴᠠᠵᠢᠭᠤᠯᠤᠨ ᠠᠵᠢᠯᠯᠠᠭᠤᠯᠵᠤ᠂ ᠬᠠᠮᠤᠭ ᠤᠨ ᠥᠨᠳᠥᠷ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 662 ᠲᠥᠭᠦᠷᠢᠭ ᠪᠣᠯᠭᠠᠨ ᠳᠡᠭᠡᠭᠰᠢᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.3%᠎ ᠪᠠᠷ ᠨᠡᠮᠡᠭᠳᠡᠪᠡ᠃ ᠬᠢᠮᠳᠠ ᠣᠷᠣᠨ ᠰᠠᠭᠤᠴᠠ ᠶᠢᠨ ᠢᠨᠵᠧᠨᠧᠷᠢᠩ ᠯᠠᠪᠳᠠᠭᠤᠨ ᠢᠶᠠᠷ ᠠᠬᠢᠪᠠ᠃ ᠰᠢᠨ ᠱᠠᠩ ᠬᠡᠷ ᠣᠷᠣᠨ ᠵᠡᠷᠭᠡ 8᠂ 8570 ᠢᠵᠢ ᠲᠥᠪᠬᠢᠨᠡᠭᠦᠯᠬᠦ ᠪᠠᠭ᠎ᠠ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠠᠢ᠃ 80 ᠰᠠᠭᠤᠭᠠᠯᠢ ᠲᠤᠭᠤᠷᠢᠭ᠂ 110.62 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠠᠭᠤᠴᠢᠨ  ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢᠨ ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠶᠢᠨ ᠴᠤᠭᠯᠠᠭᠠᠨ ᠢ ᠠᠮᠵᠢᠯᠲᠠ ᠲᠠᠢ ᠳᠠᠭᠠᠭᠠᠴᠢᠯᠠᠨ ᠡᠷᠭᠢᠯᠡᠪᠡ᠃ ᠪᠥᠬᠦ ᠵᠢᠯ ᠳᠤ 1100 ᠢᠵᠢ ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠢ ᠬᠤᠪᠢᠶᠠᠷᠢᠯᠠᠵᠤ᠂ 98 ᠲᠦᠮᠡᠨ ᠲᠥᠭᠦᠷᠢᠭ ᠤᠨ ᠲᠦᠷᠢᠶᠡᠰᠦᠯᠡᠯ ᠤᠨ ᠨᠥᠬᠦᠪᠥᠷᠢ ᠣᠯᠭᠤᠵᠤ᠂ ᠣᠷᠣᠨ ᠰᠠᠭᠤᠴᠠ ᠶᠢᠨ ᠬᠦᠴᠢᠷᠳᠡᠯ ᠲᠠᠢ ᠬᠡᠷ ᠪᠦᠯᠢ ᠶᠢᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠪᠡᠶᠡᠯᠡᠭᠦᠯᠪᠡ᠃ ᠨᠡᠶᠢᠭᠡᠮ ᠤᠨ ᠦᠢᠯᠡᠰ ᠦᠷᠭᠦᠯᠵᠢᠯᠡᠨ ᠰᠢᠯᠢᠳᠡᠭᠵᠢᠪᠡ᠃ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠧᠴᠤᠸᠠᠨ ᠤ ᠲᠢᠶᠠᠨ ᠯᠢ᠂ ᠪᠡᠭᠡᠵᠢᠩ ᠤᠨ ᠪᠠᠭᠰᠢ ᠶᠢᠨ ᠰᠤᠷᠭᠠᠭᠤᠯᠢ ᠶᠢᠨ ᠭᠠᠳᠠᠭᠠᠳᠤ ᠬᠡᠯᠡ ᠵᠡᠷᠭᠡ ᠨᠠᠷᠠᠲᠤ ᠰᠤᠷᠭᠠᠭᠤᠯᠢ ᠶᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠬᠦ ᠡᠷᠴᠢᠮ ᠢᠶᠠᠨ ᠴᠢᠩᠭᠠᠷᠠᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠪᠡ  ᠃ ᠵᠢᠶᠠᠩ ᠳ᠋ᠦᠩ ᠵᠢᠶᠦ᠋ᠨ ᠵᠡᠷᠭᠡ 5 ᠬᠡᠦᠬᠡᠳ ᠤᠨ ᠴᠡᠴᠡᠷᠯᠢᠭ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠵᠠᠩ ᠭᠠᠶ ᠶᠢᠩ᠂ ᠾᠧᠩ ᠳ᠋ᠡ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠭᠤᠣᠯ ᠴᠣᠭᠴᠠ ᠶᠢᠨ ᠠᠵᠢᠯ ᠢ ᠳᠠᠭᠤᠰᠬᠠᠵᠤ᠂ 4 ᠬᠡᠦᠬᠡᠳ ᠤᠨ ᠴᠡᠴᠡᠷᠯᠢᠭ ᠢ ᠰᠢᠨ᠎ᠡ ᠪᠠᠷ ᠠᠵᠢᠯ ᠡᠬᠢᠯᠡᠭᠦᠯᠪᠡ᠃ ᠭᠤᠷᠪᠠᠳᠤᠭᠠᠷ ᠡᠮᠨᠡᠯᠭᠡ ᠶᠢᠨ ᠬᠤᠷᠢᠶ᠎ᠠ ᠬᠢᠭᠡᠳ ᠪᠡᠭᠡᠵᠢᠩ ᠤᠨ ᠴᠠᠩ ᠴᠦᠨ ᠲᠧᠩ ᠡᠮᠨᠡᠯᠭᠡ ᠶᠢᠨ ᠤᠬᠠᠭᠠᠨ ᠤ ᠳᠡᠭᠡᠳᠦ ᠲᠠᠰ ᠤᠨ ᠴᠢᠳᠠᠪᠤᠷᠢᠲᠠᠨ ᠤ ᠬᠤᠯᠪᠣᠭ᠎ᠠ᠂ ᠳ᠋ᠠᠲ᠋ᠦ᠋ᠩ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠬᠠᠮᠲᠤᠷᠠᠯᠴᠠᠭ᠎ᠠ ᠲᠣᠪᠤᠶᠢᠮ᠎ᠠ ᠦᠷ᠎ᠡ ᠪᠦᠲᠦᠮᠵᠢ ᠣᠯᠵᠤ᠂ ᠡᠮᠨᠡᠯᠭᠡ ᠶᠢᠨ ᠬᠤᠷᠢᠶ᠎ᠠ ᠶᠢᠨ ᠰᠠᠷ᠎ᠠ ᠶᠢᠨ ᠡᠭᠦᠳᠡᠨ ᠡᠮᠨᠡᠯᠭᠡ ᠶᠢᠨ ᠬᠡᠮᠵᠢᠶ᠎ᠡ 1.3 ᠲᠦᠮᠡᠨ ᠬᠥᠮᠦᠨ ᠤᠳᠠᠭ᠎ᠠ ᠳᠤ ᠬᠦᠷᠴᠦ᠂ ᠡᠮᠨᠡᠯᠭᠡ ᠳᠤ ᠰᠠᠭᠤᠵᠤ ᠪᠠᠶᠢᠭ᠎ᠠ ᠵᠢᠯ ᠤᠨ ᠡᠪᠡᠳᠴᠢᠲᠡᠨ 8600 ᠬᠥᠮᠦᠨ ᠤᠳᠠᠭ᠎ᠠ ᠳᠤ ᠬᠦᠷᠴᠦ᠂ ᠴᠥᠮ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠠᠮᠤᠷ ᠲᠦᠪᠰᠢᠨ ᠤ ᠪᠠᠶᠢᠭᠤᠯᠤᠯᠲᠠ ᠲᠣᠪᠤᠶᠢᠮ᠎ᠠ ᠠᠮᠵᠢᠯᠲᠠ ᠪᠦᠲᠦᠮᠵᠢ ᠤᠯᠪᠠ᠃ ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠱᠠᠰᠢᠨ ᠰᠤᠷᠲᠠᠬᠤᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ  ᠲᠤᠤᠱᠯᠠᠭᠤᠯᠵᠠᠢ᠃ ᠴᠡᠷᠢᠭ ᠵᠠᠰᠠᠭ  ᠂ ᠴᠡᠷᠢᠭ ᠠᠷᠠᠳ ᠪᠦᠯᠬᠦᠮᠳᠡᠨ ᠡᠷᠡᠯᠬᠡᠭᠯᠡᠨ ᠤᠷᠤᠭᠰᠢᠯᠠᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠳᠠ ᠳᠤ ᠵᠠᠯᠭᠠᠪᠡᠷ ᠲᠦᠷᠪᠡ ᠤᠳᠠᠭ᠎ᠠ ᠮᠠᠩᠯᠠᠶᠢᠯᠠᠪᠠ᠃ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠵᠢᠯ ᠳᠤ ᠠᠶᠤᠯᠭᠦᠶ ᠦᠶᠯᠡᠳᠪᠦᠷᠢᠯᠡᠯ ᠤᠨ ᠬᠦᠨᠳᠦ ᠶᠡᠭᠡ ᠠᠳᠡᠯ ᠭᠠᠷᠤᠭᠰᠠᠨ ᠥᠬᠡᠶ᠂ ᠪᠡᠭᠡᠵᠢᠩ ᠳᠤ ᠢᠷᠡᠭᠰᠡᠨ᠂ ᠬᠥᠬᠡᠬᠤᠲᠠ ᠳᠤ ᠣᠴᠢᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 40.9% ᠪᠠ 50%᠎ ᠪᠠᠷ ᠪᠠᠭᠤᠷᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠲᠡᠭᠦᠰ ᠠᠮᠵᠢᠯᠲᠠ ᠲᠠᠢ ᠲᠡᠭᠦᠰᠴᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲᠧᠮ ᠨᠡᠩ ᠲᠡᠭᠦᠯᠳᠡᠷᠵᠢᠵᠦ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠬᠠᠨᠤᠮᠵᠢ ᠶᠢᠨ  ᠬᠡᠮᠵᠢᠶ᠎ᠡ ᠢᠯᠡᠳᠲᠡ ᠳᠡᠭᠡᠭᠰᠢᠯᠡᠪᠡ᠃         ᠡᠭᠦᠨ ᠤ ᠬᠠᠮᠲᠤ᠂ ᠪᠢᠳᠡ ᠨᠠᠮ ᠤᠨ ᠲᠥᠪ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠲᠠᠰᠤᠷᠠᠯᠲᠠ ᠥᠬᠡᠶ ᠴᠢᠩᠭᠠᠳᠬᠠᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠪᠠᠷ ᠡᠭᠦᠳᠦᠨ  ᠪᠠᠶᠢᠭᠤᠯᠵᠠᠢ᠃ ᠳᠡᠭᠡᠳᠦ ᠱᠠᠲᠤᠨ ᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ  ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠪᠠ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠲᠥᠪ ᠤᠨ ᠲᠣᠭᠤᠷᠢᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠠ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ︽ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠨᠠᠮ ᠤᠨ ᠭᠡᠰᠢᠭᠦᠨ ᠺᠠᠳ᠋ᠷ ᠤᠨ ︽ᠲᠦᠷᠪᠡᠨ ᠤᠬᠠᠮᠰᠠᠷ︾᠎ ᠢ ᠨᠡᠩ ᠪᠠᠲᠤᠳᠬᠠᠵᠤ᠂ ︽ᠲᠦᠷᠪᠡᠨ ᠢᠲᠡᠭᠡᠯ︾᠎ ᠢ ᠨᠡᠩ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠨᠡᠩ ᠤᠬᠠᠮᠰᠠᠷ ᠲᠠᠢ ᠪᠣᠯᠭᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠵᠤ᠂ ᠲᠥᠪ ᠤᠨ  ᠨᠠᠢᠮᠠᠨ ᠲᠣᠭᠲᠠᠭᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠪᠦᠬᠦ  ᠲᠤᠭᠤᠷᠢᠭ ᠤᠨ ᠺᠠᠳ᠋ᠷ ᠤᠨ ᠰᠤᠷᠲᠠᠯ ᠢ ᠢᠯᠡᠳᠲᠡ ᠰᠠᠶᠢᠵᠢᠷᠠᠭᠤᠯᠪᠠ᠃ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠥᠭᠡᠳ ᠠᠷᠠᠳᠴᠢᠯᠠᠯ ᠢᠶᠠᠷ ᠰᠢᠶᠳᠪᠦᠷᠢᠲᠦ ᠪᠤᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠬᠢᠨᠠᠮᠠᠭᠠᠶ  ᠬᠡᠷᠡᠭᠵᠢᠭᠦᠯᠵᠡᠢ᠃ ᠵᠣᠷᠢᠭᠲᠠᠶ ᠪᠠᠷ ᠡᠭᠦᠷᠭᠡᠯᠡᠬᠦ ᠬᠠᠷᠢᠭᠤᠴᠠᠯᠭ᠎ᠠ ᠪᠠᠷ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠦᠨᠡᠮᠯᠡᠯ ᠠᠪᠬᠤ ᠳᠤ ᠬᠦᠴᠢᠷ᠂ ᠣᠷᠣᠵᠤ ᠰᠠᠭᠤᠬᠤ ᠳᠤ ᠬᠦᠴᠢᠷ᠂ ᠪᠤᠴᠠᠵᠤ ᠨᠡᠭᠦᠬᠦ ᠳᠤ ᠬᠦᠴᠢᠷ᠂ ᠵᠠᠰᠠᠭ ᠤᠨ ᠣᠷᠳᠣᠨ ᠤ ᠥᠷᠢ ᠥᠭᠴᠡᠭᠡ᠂ ᠬᠠᠭᠠᠰ ᠳᠤᠲᠠᠭᠤ ᠢᠨᠵᠧᠨᠧᠷᠢᠩ᠂ ᠢᠨᠵᠧᠨᠧᠷᠢᠩ ᠢ ᠬᠢᠨᠠᠨ ᠪᠤᠳᠤᠬᠤ ᠵᠡᠷᠭᠡ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠦᠨᠡᠨᠬᠦ  ᠰᠢᠢᠳᠪᠦᠷᠢᠯᠡᠵᠡᠢ᠃  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠲᠠ  ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠳᠤ ᠬᠠᠷᠢᠭᠤᠯᠲᠠ ᠥᠭᠭᠦᠭᠰᠡᠨ ᠨᠡᠶᠢᠲᠡ 233 ᠬᠤᠪᠢ᠂ ᠠᠷᠠᠳ ᠤᠨ ᠰᠡᠳᠬᠢᠯ ᠤᠨ ᠰᠦᠯᠵᠢᠶ᠎ᠡ᠂ ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠵᠡᠷᠭᠡ ᠰᠢᠯᠵᠢᠭᠦᠯᠦᠨ ᠰᠢᠶᠳᠪᠦᠷᠢᠯᠡᠭᠰᠡᠨ 215 ᠬᠤᠪᠢ ᠬᠡᠷᠡᠭ ᠢ ᠰᠢᠶᠳᠪᠦᠷᠢᠯᠡᠵᠦ ᠳᠠᠭᠤᠰᠬᠠᠨ᠂ ᠰᠢᠶᠳᠪᠦᠷᠢᠯᠡᠵᠦ ᠳᠠᠭᠤᠰᠬᠠᠭᠰᠠᠨ ᠨᠣᠷᠮ᠎ᠠ 100%᠎ ᠳᠤ ᠬᠥᠷᠪᠡ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠬᠠᠮ ᠵᠠᠭᠤᠴᠢᠯᠠᠭᠤᠷ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠬᠠᠩᠭᠠᠨ ᠪᠣᠷᠣᠯᠠᠭᠤᠯᠬᠤ ᠬᠠᠮᠲᠤᠷᠠᠯᠴᠠᠭ᠎ᠠ᠂ ᠬᠢᠨᠠᠨ ᠪᠤᠳᠤᠯᠳᠠ᠂ ᠴᠠᠭ ᠠᠭᠤᠷ᠂ ᠠᠮᠤ ᠪᠤᠳᠠᠭ᠎ᠠ ᠂ ᠪᠠᠷᠠᠭᠠᠨ ᠤ ᠦᠨ᠎ᠡ᠂ ᠲᠤᠭ᠎ᠠ ᠪᠦᠷᠢᠳᠬᠡᠯ᠂ ᠳᠠᠩᠰᠠ ᠡᠪᠬᠡᠮᠡᠯ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ᠂ ᠤᠯᠠᠭᠠᠨ ᠵᠠᠭᠠᠯᠮᠠᠶᠢᠢᠳᠠᠨ ᠤ ᠨᠡᠶᠢᠭᠡᠮᠯᠢᠭ ᠵᠡᠷᠭᠡ ᠠᠵᠢᠯ ᠤᠨ ᠰᠢᠨ᠎ᠡ ᠳᠡᠭᠡᠭᠰᠢᠯᠡᠯᠲᠡ ᠶᠢ ᠱᠠᠳᠤ ᠦᠶ᠎ᠡ ᠶᠢᠨ ᠴᠢᠨᠠᠷᠲᠠᠶ ᠪᠠᠷ ᠪᠡᠶᠡᠯᠡᠭᠦᠯᠪᠡ᠃           ᠲᠥᠯᠥᠭᠡᠯᠡᠭᠴᠢᠳ ᠡ᠂ 2020 ᠣᠨ ᠤ ᠡᠯ᠎ᠡ ᠵᠦᠶᠯ ᠤᠨ ᠡᠭᠦᠷᠭᠡ ᠶᠢ ᠤᠷᠤᠭᠰᠢᠲᠠᠶ ᠪᠡᠶᠡᠯᠡᠭᠦᠯᠦᠭᠰᠡᠨ ᠨᠢ ᠪᠥᠬᠦ ᠲᠤᠭᠤᠷᠢᠭ ᠤᠨ ︽13 · 5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠡᠭᠦᠰ ᠠᠮᠵᠢᠯᠲᠠ ᠲᠠᠢ ᠲᠡᠭᠦᠰᠪᠡ᠃ ︽13 · 5︾᠎ ᠶᠢᠨ ᠬᠤᠭᠤᠴᠠᠭ᠎ᠠ ᠪᠣᠯ ᠮᠠᠨ ᠤ  ᠲᠤᠭᠤᠷᠢᠭ ᠤᠨ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ ᠪᠠᠶᠢᠳᠠᠯ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠢᠳᠡᠪᠬᠢᠲᠡᠶ ᠠᠷᠭᠠᠴᠠᠭᠰᠠᠨ ᠲᠠᠪᠤᠨ ᠵᠢᠯ ᠪᠣᠯᠤᠨ᠎ᠠ᠂ ᠥᠩᠭᠡᠷᠡᠭᠰᠡᠨ ᠲᠠᠪᠤᠨ ᠵᠢᠯ ᠢᠶᠠᠨ ᠡᠷᠭᠢᠴᠡᠭᠦᠯᠵᠦ ᠦᠵᠡᠪᠡᠯ᠂ ᠪᠥᠬᠦ ᠲᠤᠭᠤᠷᠢᠭ ᠢᠶᠠᠷ ᠢᠶᠠᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠦᠶᠯᠡᠳᠦᠯᠭᠡᠵᠢᠭᠦᠯᠵᠦ᠂ ᠬᠥᠭᠵᠢᠯᠲᠡ ᠶᠢᠨ ᠬᠠᠷᠠᠯᠲᠠ ᠪᠠᠨ ᠪᠠᠲᠤ ᠡᠵᠡᠮᠳᠡᠨ᠂ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ᠠᠶᠤᠯ ᠲᠦᠭᠰᠢᠭᠦᠷᠢ ᠥᠷᠢᠰᠥᠯᠳᠦᠭᠡᠨ ᠢ ᠯᠠᠪᠳᠠᠭᠤᠨ ᠲᠣᠭᠲᠠᠭᠤᠨ ᠢᠶᠠᠷ ᠠᠷᠭᠠᠴᠠᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠶᠳᠪᠦᠷᠢᠲᠦ ᠢᠯᠠᠯᠲᠠ ᠶᠢ ᠲᠡᠮᠡᠴᠡᠨ ᠤᠯᠬᠤ ᠰᠢᠶᠳᠪᠦᠷᠢᠯᠡᠭᠴᠢ ᠴᠢᠨᠠᠷᠲᠠᠶ ᠠᠮᠵᠢᠯᠲᠠ ᠪᠦᠲᠦᠮᠵᠢ ᠣᠯᠤᠭᠰᠠᠨ ᠪᠠᠶᠢᠨ᠎ᠠ᠃          —— ᠠᠵᠤ ᠠᠬᠤᠶ ᠶᠢᠨ ᠪᠣᠳᠠᠲᠤ ᠬᠦᠴᠦᠨ ᠢᠯᠡᠳᠲᠡ ᠴᠢᠩᠭᠠᠷᠠᠪᠠ᠃ ᠭᠠᠵᠠᠷ ᠣᠷᠣᠨ ᠤ ᠦᠶᠯᠡᠳᠪᠦᠷᠢᠯᠡᠯ ᠤᠨ ᠪᠥᠬᠦ ᠥᠷᠲᠡᠭ 200 ᠳ᠋ᠦᠩᠰᠢᠭᠤᠷ ᠲᠥᠭᠦᠷᠢᠭ ᠢ ᠳᠠᠪᠠᠵᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠶᠢ ᠨᠢᠭᠡ ᠵᠢᠯ ᠤᠷᠢᠳᠴᠢᠯᠠᠨ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 6.2%᠎ ᠢᠶᠠᠷ ᠨᠡᠮᠡᠭᠳᠡᠨ᠂ ᠪᠥᠬᠦ ᠬᠤᠲᠠ ᠶᠢᠨ 1.1 ᠵᠠᠭᠤᠨ ᠤ ᠨᠢᠭᠡᠴᠢ᠂ ᠪᠥᠬᠦ ᠥᠪᠡᠷᠲᠡᠭᠡᠨ ᠵᠠᠰᠠᠬᠤ ᠣᠷᠣᠨ ᠤ 1.8 ᠵᠠᠭᠤᠨ ᠤ ᠨᠢᠭᠡᠴᠢ ᠥᠨᠳᠥᠷ ᠪᠠᠶᠢᠵᠤ᠂ ︽ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ 1.5 ᠳᠠᠬᠢᠨ ᠪᠣᠯᠪᠠ  ᠃ ᠲᠥᠯᠥᠪᠵᠢᠭᠦᠯᠭᠡ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ 15.1% ᠪᠠᠶᠢᠵᠤ᠂ ᠪᠥᠬᠦ ᠬᠤᠲᠠ ᠶᠢᠨ 6.2 ᠵᠠᠭᠤᠨ ᠤ ᠨᠢᠭᠡᠴᠢ ᠠᠴᠠ ᠥᠨᠳᠥᠷ ᠪᠠᠶᠢᠵᠤ᠂ ᠪᠥᠬᠦ ᠥᠪᠡᠷᠲᠡᠭᠡᠨ ᠵᠠᠰᠠᠬᠤ ᠣᠷᠣᠨ ᠤ 10.3 ᠵᠠᠭᠤᠨ ᠤ ᠨᠢᠭᠡᠴᠢ ᠪᠠᠶᠢᠵᠤ᠂ ︽12 · 5︾᠎ ᠶᠢᠨ ᠲᠥᠯᠥᠪᠵᠢᠭᠦᠯᠭᠡ ᠶᠢᠨ ᠰᠡᠭᠦᠯᠴᠢ ᠶᠢᠨ 1.5 ᠳᠠᠬᠢᠨ ᠪᠣᠯᠵᠠᠶ᠃ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠨᠡᠶᠢᠲᠡ 467.7 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 3.4% ᠨᠡᠮᠡᠭᠳᠡᠪᠡ᠂ ᠡᠨᠡ ᠨᠢ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ 2.3 ᠳᠠᠬᠢᠨ ᠪᠣᠯᠵᠠᠶ  ᠃ ᠲᠣᠭᠲᠠᠮᠠᠯ ᠬᠦᠷᠦᠩᠬᠡ ᠶᠢᠨ ᠪᠡᠯᠡ ᠣᠷᠣᠭᠤᠯᠤᠯᠲᠠ  ᠨᠡᠶᠢᠲᠡ 3325 ᠳ᠋ᠦᠩᠰᠢᠭᠤᠷ ᠲᠥᠭᠦᠷᠢᠭ ᠲᠤ ᠬᠦᠷᠴᠡᠢ  ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠨᠡᠶᠢᠲᠡ 67.2 ᠳ᠋ᠦᠩᠰᠢᠭᠤᠷ ᠲᠥᠭᠦᠷᠢᠭ ᠪᠡᠶᠡᠯᠡᠭᠦᠯᠪᠡ  ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠯ ᠪᠦᠷᠢ ᠳᠤᠮᠳᠠᠴᠢ ᠪᠠᠷ ᠲᠣᠰ ᠲᠣᠰ 6.2%᠂ 8.5% ᠨᠡᠮᠡᠭᠳᠡᠵᠦ᠂ 35702 ᠲᠥᠭᠦᠷᠢᠭ᠂ 19408 ᠲᠥᠭᠦᠷᠢᠭ ᠲᠤ ᠬᠦᠷᠴᠦ᠂ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ 1.4 ᠳᠠᠬᠢᠨ᠂ 1.5 ᠳᠠᠬᠢᠨ ᠪᠣᠯᠵᠣ᠂ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠲᠠᠪᠤᠨ ᠵᠢᠯ ᠳᠠᠷᠠᠭᠠᠯᠠᠨ ᠪᠥᠬᠦ ᠬᠤᠲᠠ ᠳᠤ ᠲᠡᠷᠢᠭᠦᠯᠡᠪᠡ᠃        —— ᠠᠵᠤ ᠦᠢᠯᠡᠰ ᠤᠨ ᠪᠦᠲᠦᠴᠡ ᠶᠢ ᠢᠯᠡᠳᠲᠡ ᠰᠢᠯᠢᠳᠡᠭᠵᠢᠭᠦᠯᠪᠡ᠃ ᠭᠤᠷᠪᠠᠨ ᠠᠵᠤ ᠦᠶᠯᠡᠰ ᠤᠨ ᠪᠦᠲᠦᠴᠡ 3.7᠄ 43.3᠄ 53.0 ᠪᠠᠶᠢᠭᠰᠠᠨ ᠠᠴᠠ ᠪᠠᠨ 2.1᠄ 42.6᠄ 55.3 ᠪᠣᠯᠵᠣ ᠬᠤᠪᠢᠷᠠᠭᠠᠳ᠂ ᠦᠶᠯᠡᠴᠢᠯᠡᠭᠡᠨ ᠤ ᠦᠶᠯᠡᠰ ᠢᠶᠠᠷ ᠤᠳᠤᠷᠢᠳᠤᠮᠵᠢ ᠪᠣᠯᠭᠠᠭᠰᠠᠨ᠂ ᠣᠯᠠᠨ ᠡᠰᠢᠴᠢᠯᠡᠨ ᠬᠥᠭᠵᠢᠭᠦᠯᠦᠭᠰᠡᠨ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠠᠵᠤ ᠦᠶᠯᠡᠰ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠪᠠ᠃ ᠲᠥᠮᠥᠰᠥ᠂ ᠬᠦᠶᠲᠡᠨ ᠰᠡᠷᠢᠭᠦᠨ ᠢᠳᠡᠰᠢᠨ ᠨᠣᠭᠤᠭ᠎ᠠ ᠵᠡᠷᠭᠡ ᠲᠠᠷᠢᠮᠠᠯ ᠤᠨ ᠲᠠᠷᠢᠮᠠᠯ ᠤᠨ ᠲᠠᠯᠠᠪᠠᠶ ᠶᠢ 11 ᠲᠦᠮᠡᠨ ᠮᠥ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠮᠠᠯ ᠵᠢᠭᠦᠷᠲᠡᠨ ᠤ ᠶᠡᠷᠦᠩᠬᠡᠶ ᠲᠤᠭ᠎ᠠ 28.2 ᠲᠦᠮᠡ ᠳᠤ ᠬᠦᠷᠴᠦ᠂ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ 14᠂ ᠡᠯ᠎ᠡ ᠲᠥᠷᠥᠯ ᠤᠨ ᠲᠤᠰᠬᠠᠶ ᠬᠤᠷᠰᠢᠶ᠎ᠠ 182᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ 22  ᠪᠤᠯᠭᠠᠵᠠᠢ ᠃ ᠬᠤᠸᠠ ᠸᠧᠶ᠂ ᠠᠯᠮᠤᠷᠠᠳ᠂ ᠠᠯᠢ᠂  ᠪᠤᠰᠢᠭᠤ ᠭᠠᠷ ᠵᠡᠷᠭᠡ ᠨᠢᠭᠡ ᠪᠦᠯᠦᠭ ᠨᠠᠷᠠᠲᠤ ᠲᠤᠭ᠎ᠠ ᠪᠠᠷᠢᠮᠲᠠ ᠶᠢᠨ ᠲᠥᠪ ᠢ ᠵᠠᠯᠭᠠᠭ᠎ᠠ ᠪᠠᠷ ᠨᠠᠶᠢᠳᠠᠪᠤᠷᠢᠵᠢᠭᠤᠯᠵᠤ᠂ ᠪᠠᠶᠢᠭᠤᠯᠵᠤ ᠪᠠᠶᠢᠭ᠎ᠠ ᠦᠶᠯᠡᠴᠢᠯᠡᠭᠡᠨ ᠤ ᠮᠠᠰᠢᠨ ᠤ ᠬᠡᠪᠴᠢᠶ᠎ᠡ 190 ᠲᠦᠮᠡ ᠶᠢ ᠳᠠᠪᠠᠵᠤ᠂ ︽ ᠡᠮᠦᠨᠡᠰᠢ ᠭᠦᠶᠵᠧᠤ ᠤᠮᠠᠷᠠᠲᠤ ᠤᠯᠠᠭᠠᠨᠴᠠᠪ · ᠲᠠᠯ᠎ᠠ ᠨᠤᠲᠤᠭ ᠤᠨ ᠡᠭᠦᠯᠡᠨ ᠬᠥᠨᠳᠡᠶ︾᠎ ᠶᠢᠨ  ᠪᠠᠶᠢᠷᠢᠰᠢᠯ ᠎ ᠢ  ᠪᠥᠬᠦ ᠲᠠᠯ᠎ᠠ ᠪᠠᠷ ᠪᠠᠬᠢᠵᠢᠭᠦᠯᠪᠡ᠃ ᠵᠢᠩ ᠨᠢᠩ  ᠬᠤᠶᠠᠳᠤᠭᠠᠷ ᠬᠤᠭᠤᠴᠠᠭ᠎ᠠ ᠶᠢ ᠪᠦᠬᠦ ᠲᠠᠯ᠎ᠠ ᠪᠠᠷ ᠡᠬᠢᠯᠡᠭᠦᠯᠵᠦ᠂ ᠳ᠋ᠦᠩ ᠶᠠᠩ ᠭᠤᠸᠠᠩ᠂ ᠬᠠᠢ ᠯᠢ ᠬᠢᠮᠢ ᠶᠢᠨ ᠴᠠᠭᠠᠰᠤ ᠦᠢᠯᠡᠳᠪᠦᠷᠢᠯᠡᠬᠦ ᠴᠢᠳᠠᠪᠤᠷᠢ ᠪᠦᠬᠦ ᠪᠥᠮᠪᠥᠷᠴᠡᠭ ᠤᠨ 30%᠎ ᠠᠴᠠ ᠳᠡᠭᠡᠭᠰᠢᠬᠢ ᠶᠢ ᠡᠵᠡᠯᠡᠪᠡ  ᠃ ᠴᠢᠦ ᠱᠢ ᠠᠮᠢᠳᠤ ᠪᠣᠳᠠᠰ᠂ ᠳ᠋ᠦᠩ ᠯᠠᠶ ᠱᠦᠨ ᠠᠰᠢᠭᠯᠠᠯᠲᠠ ᠳᠤ ᠣᠷᠣᠵᠤ᠂ ᠯᠠᠨ ᠭᠧ  ᠭᠧ ᠡᠭᠡᠳᠡᠭᠰᠡᠨ  ᠰᠦ ᠶᠢᠨ ᠨᠠᠷᠠᠲᠤ ᠲᠡᠮᠳᠡᠭ ᠪᠥᠬᠦ ᠤᠯᠤᠰ ᠲᠤ ᠠᠯᠳᠠᠷᠰᠢᠵᠤ᠂ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠡᠭᠡᠳᠡᠭᠰᠡᠨ  ᠰᠦ ᠶᠢᠨ ᠬᠤᠲᠠ︾᠎ ᠪᠠᠷ ᠦᠨᠡᠯᠡᠭᠳᠡᠪᠡ ᠃ ᠳᠣᠯᠣᠳᠤᠭᠠᠷ ᠰᠤᠮᠤ ᠶᠢᠨ ᠪᠠᠷᠠᠭᠠᠨ ᠭᠦᠶᠯᠭᠡᠭᠡᠨ ᠤ ᠰᠠᠭᠤᠷᠢᠨ ᠭᠠᠵᠠᠷ ᠢ ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ B ᠪᠤᠤ  ᠪᠠᠷᠠᠭᠠᠨ  ᠭᠦᠶᠯᠭᠡᠭᠡᠨ ᠤ ᠲᠥᠪ ᠢ ᠠᠮᠵᠢᠯᠲᠠ ᠲᠠᠢ ᠪᠠᠷ ᠵᠥᠪᠰᠢᠶᠡᠷᠡᠭᠦᠯᠵᠦ᠂ ᠤᠮᠠᠷᠠᠲᠤ ᠶᠢᠨ ᠡᠬᠡ ᠬᠠᠭᠤᠷᠠᠶ ᠶᠢᠨ ᠭᠠᠷᠠᠮ ᠳᠤ ︽ᠲᠡᠷᠭᠡ ᠥᠬᠡᠶ ᠪᠠᠷ ᠳᠠᠭᠠᠭᠠᠴᠢᠯᠠᠨ ᠲᠡᠭᠡᠭᠡᠪᠦᠷᠢᠯᠡᠬᠦ︾ ᠲᠤᠷᠰᠢᠯᠲᠠ ᠶᠢᠨ ᠴᠢᠬ ᠪᠠ ︽ᠭᠤᠷᠪᠠᠨ ᠡᠦ ᠶᠢᠨ ᠨᠡᠪᠲᠡᠷᠡᠬᠦ ᠵᠠᠮ︾ ᠲᠡᠭᠡᠭᠡᠪᠦᠷᠢ ᠶᠢᠨ ᠵᠥᠪᠰᠢᠶᠡᠷᠡᠯ ᠢ ᠤᠯᠪᠠ᠃ ᠸᠠᠨ ᠳ᠋ᠠ ᠠᠭᠤᠳᠠᠮ ᠲᠠᠯᠠᠪᠠᠢ᠂ ᠦ᠋ ᠶᠤᠸᠠᠢ ᠠᠭᠤᠳᠠᠮ ᠲᠠᠯᠠᠪᠠᠢ ᠰᠠᠭᠤᠷᠢᠰᠢᠵᠤ᠂ ᠤᠯᠠᠭᠠᠨᠴᠠᠪ ᠤᠨ ᠬᠤᠷᠠᠯ ᠦᠵᠡᠰᠬᠦᠯᠡᠩ ᠤᠨ ᠲᠥᠪ ᠪᠦᠬᠦ ᠲᠠᠯ᠎ᠠ ᠪᠠᠷ ᠪᠠᠶᠢᠭᠤᠯᠤᠭᠳᠠᠵᠤ᠂ ᠳᠤᠮᠳᠠᠳᠤ ᠤᠷᠤᠰ ᠮᠣᠩᠭᠤᠯ ᠭᠤᠷᠪᠠᠨ ᠤᠯᠤᠰ ᠤᠨ ᠵᠤᠭᠠᠴᠠᠯ ᠤᠨ ᠶᠠᠮᠤᠨ ᠤ ᠰᠠᠶᠢᠳ ᠤᠨ ᠬᠤᠷᠠᠯ᠂ ᠳᠤᠮᠳᠠᠳᠤ ᠤᠯᠤᠰ ᠤᠨ ᠰᠢᠨ᠎ᠡ ᠶᠢ ᠡᠭᠦᠳᠬᠦ ᠦᠢᠯᠡᠰ ᠪᠤᠰᠬᠠᠬᠤ ᠦᠵᠡᠰᠬᠦᠯᠡᠩ ᠤᠨ ᠴᠤᠭᠯᠠᠭᠠᠨ ᠵᠡᠷᠭᠡ ᠨᠢᠭᠡ ᠪᠦᠯᠦᠭ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠴᠢᠬᠤᠯᠠ ᠬᠤᠷᠠᠯ ᠢ ᠠᠮᠵᠢᠯᠲᠠ ᠲᠠᠢ ᠡᠷᠬᠢᠯᠡᠨ ᠬᠤᠷᠠᠯᠳᠤᠭᠤᠯᠵᠤ᠂ ᠬᠤᠳᠠ ᠶᠢᠨ ᠨᠥᠯᠥᠭᠡᠯᠡᠬᠦ ᠬᠦᠴᠦᠨ ᠪᠠ ᠲᠠᠲᠠᠬᠤ ᠬᠦᠴᠦᠨ ᠶᠡᠬᠡᠪᠡᠷ ᠳᠡᠭᠡᠭᠰᠢᠯᠡᠪᠡ᠃           —— ᠬᠤᠳᠠ ᠬᠥᠳᠡᠭᠡ ᠶᠢᠨ ᠳᠦᠷᠰᠦ ᠪᠠᠶᠢᠳᠠᠯ ᠳᠤ ᠭᠦᠨᠵᠡᠭᠡᠶ ᠬᠤᠪᠢᠷᠠᠯᠲᠠ ᠭᠠᠷᠪᠠ᠃ ᠤᠯᠠᠭᠠᠨᠴᠠᠪ ᠤᠨ ᠨᠢᠰᠬᠡᠯ ᠤᠨ ᠪᠠᠭᠤᠳᠠᠯ ᠪᠠᠶᠢᠭᠤᠯᠤᠭᠳᠠᠨ ᠠᠶᠠᠯᠠᠯ ᠨᠡᠪᠲᠡᠷᠡᠵᠦ᠂ ᠪᠡᠭᠡᠵᠢᠩ ᠠᠴᠠ ᠬᠥᠬᠡᠬᠤᠲᠠ  ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠪᠥᠬᠦ ᠱᠤᠭᠤᠮ ᠢᠶᠠᠷ ᠲᠡᠷᠭᠡ ᠨᠡᠪᠲᠡᠷᠡᠵᠦ᠂  ᠵᠢᠨᠢᠩ ᠤᠨ ᠶᠡᠭᠡ ᠳᠡᠭᠡᠳᠦ ᠬᠤᠷᠳᠤᠴᠠᠲᠤ ᠲᠡᠮᠦᠷ ᠵᠠᠮ ᠲᠦᠷᠭᠡᠨ ᠢᠶᠠᠷ ᠠᠭᠢᠪᠠ᠃ ᠤᠯᠤᠰ ᠤᠨ ᠴᠡᠴᠡᠷᠯᠢᠭᠵᠢᠭᠦᠯᠦᠭᠰᠡᠨ ᠬᠤᠳᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠬᠤᠳᠠ ᠪᠠᠯᠭᠠᠰᠤᠵᠢᠯᠳᠠ ᠶᠢᠨ ᠨᠤᠷᠮ᠎ᠠ 93.7% ᠪᠠᠶᠢᠭᠰᠠᠨ ᠠᠴᠠ ᠪᠠᠨ ᠳᠡᠭᠡᠭᠰᠢᠯᠡᠭᠡᠳ 96.3% ᠪᠤᠯᠵᠤ᠂ ᠪᠠᠶᠢᠭᠤᠯᠤᠭᠰᠠᠨ ᠣᠷᠣᠨ ᠤ ᠲᠠᠯᠠᠪᠠᠢ 68 ᠲᠡᠭᠰᠢ ᠳᠥᠷᠪᠡᠯᠵᠢᠨ ᠺᠢᠯᠣᠮᠧᠲᠷ ᠪᠠᠶᠢᠭᠰᠠᠨ ᠠᠴᠠ ᠪᠠᠨ ᠨᠡᠮᠡᠭᠳᠡᠭᠡᠳ 78 ᠲᠡᠭᠰᠢ ᠳᠥᠷᠪᠡᠯᠵᠢᠨ ᠺᠢᠯᠣᠮᠧᠲᠷ ᠪᠣᠯᠵᠠᠶ᠃ 152 ᠵᠤᠷᠪᠤᠰ ᠰᠢᠨ᠎ᠡ ᠪᠠᠷ ᠥᠭᠡᠷᠡᠴᠢᠯᠡᠨ ᠵᠠᠰᠠᠵᠤ᠂ ᠵᠠᠮ ᠤᠨ ᠪᠥᠬᠦ ᠣᠷᠳᠣ ᠨᠢ 444 ᠺᠢᠯᠣᠮᠧᠲᠷ ᠲᠤ ᠬᠥᠷᠪᠡ  ᠃ ᠡᠯ᠎ᠡ ᠲᠦᠷᠦᠯ ᠤᠨ ᠬᠤᠭᠤᠯᠠᠶ ᠶᠢᠨ ᠲᠣᠣᠷ ᠢ 308.5 ᠺᠢᠯᠣᠮᠧᠲᠷ ᠳᠡᠪᠢᠰᠴᠦ᠂ ᠬᠤᠭᠤᠯᠠᠶ ᠶᠢᠨ ᠲᠣᠣᠷ ᠤᠨ ᠤᠷᠳᠤ ᠶᠢᠨ ᠬᠡᠮᠵᠢᠶ᠎ᠡ 1414 ᠺᠢᠯᠣᠮᠧᠲᠷ ᠢ ᠳᠠᠪᠠᠪᠠ  ᠃ ᠬᠤᠲᠠ ᠶᠢᠨ ᠪᠠᠶᠢᠭᠠᠯᠢ ᠶᠢᠨ ᠰᠢᠲᠠᠮᠠᠬᠠᠶ ᠬᠡᠶ ᠶᠢᠨ ᠳᠤᠮᠳᠠ ᠳᠠᠷᠤᠯᠲᠠᠲᠤ ᠬᠤᠭᠤᠯᠠᠶ ᠶᠢᠨ ᠱᠤᠭᠤᠮ ᠢ ᠱᠠᠨᠰᠢ ᠪᠡᠭᠡᠵᠢᠩ ᠤᠨ ᠳᠥᠷᠪᠡᠳᠦᠭᠡᠷ ᠱᠤᠭᠤᠮ ᠲᠠᠢ ᠠᠮᠵᠢᠯᠲᠠ ᠲᠠᠢ ᠪᠠᠷ ᠵᠣᠯᠭᠠᠭᠤᠯᠵᠤ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠡᠷᠦᠬᠡ ᠳᠤ ᠣᠷᠣᠬᠤ ᠨᠣᠷᠮ᠎ᠠ ᠶᠢ 39% ᠪᠣᠯᠲᠠᠯ᠎ᠠ ᠳᠡᠭᠡᠭᠰᠢᠯᠡᠭᠦᠯᠪᠡ  ᠃ ᠬᠤᠲᠠ ᠶᠢᠨ ᠲᠥᠪᠯᠡᠷᠡᠭᠦᠯᠦᠨ ᠢᠯᠴᠢ ᠬᠠᠩᠭᠠᠬᠤ ᠶᠢ ᠣᠶᠤᠨᠴᠢᠯᠠᠭᠰᠠᠨ ᠠᠵᠢᠯᠯᠠᠭᠠᠨ ᠢ ᠪᠡᠶᠡᠯᠡᠭᠦᠯᠵᠦ᠂ ᠢᠯᠴᠢ ᠬᠠᠩᠭᠠᠬᠤ ᠴᠢᠳᠠᠪᠤᠷᠢ ᠶᠢ 3900 ᠲᠦᠮᠡᠨ ᠲᠡᠭᠰᠢ ᠳᠥᠷᠪᠡᠯᠵᠢᠨ ᠮᠧᠲᠷ ᠲᠤ  ᠬᠦᠷᠦᠭᠦᠯᠵᠡᠢ᠃ 3 ᠤᠰᠤᠨ ᠰᠤᠷᠪᠤᠯᠵᠢ ᠶᠢᠨ ᠭᠠᠵᠠᠷ᠂ 4 ᠤᠰᠤᠨ ᠤ ᠦᠢᠯᠡᠳᠪᠦᠷᠢ ᠶᠢ ᠰᠢᠨ᠎ᠡ ᠪᠠᠷ ᠥᠷᠭᠡᠳᠬᠡᠨ ᠪᠠᠶᠢᠭᠤᠯᠵᠤ᠂ ᠡᠳᠦᠷ ᠤᠨ ᠤᠰᠤᠨ ᠤ ᠭᠠᠷᠤᠯᠲᠠ ᠶᠢᠨ ᠴᠢᠳᠠᠪᠤᠷᠢ ᠶᠢ 82 ᠲᠦᠮᠡᠨ ᠲᠣᠨ ᠪᠣᠯᠲᠠᠯ᠎ᠠ ᠳᠡᠭᠡᠭᠰᠢᠯᠡᠭᠦᠯᠵᠡᠢ᠃ ᠬᠤᠲᠠ ᠬᠥᠳᠡᠭᠡ ᠶᠢᠨ ︽ᠭᠤᠷᠪᠠ ᠶᠢ ᠨᠢᠭᠡ ᠴᠤᠭᠴᠠᠵᠢᠭᠤᠯᠬᠤ︾᠎ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠨᠡᠶᠢᠳᠡᠮ ᠬᠡᠷᠡᠭᠵᠢᠭᠦᠯᠦᠨ᠂ 2956 ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠵᠤ᠂ 9 ᠵᠤᠷᠪᠤᠰ᠂ 70.3 ᠺᠢᠯᠣᠮᠧᠲᠷ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾᠎ ᠢ ᠬᠡᠷᠡᠭᠵᠢᠭᠦᠯᠵᠦ᠂ 12 ᠵᠠᠰᠠᠭ ᠵᠠᠬᠢᠷᠭᠠᠨ ᠤ ᠲᠣᠰᠬᠤᠨ ᠤ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠪᠦᠬᠦᠨ ᠢ ᠳᠠᠭᠤᠰᠬᠠᠵᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠷᠮᠠᠶᠢᠨ ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃           —— ᠥᠭᠡᠷᠡᠴᠢᠯᠡᠯᠲᠡ ᠨᠡᠭᠡᠭᠡᠯᠳᠡ ᠶᠢᠨ ᠦᠷ᠎ᠡ ᠪᠦᠲᠦᠭᠡᠯ  ᠠᠮᠵᠢᠯᠲᠠ ᠤᠯᠪᠠ᠃ ᠰᠢᠨ᠎ᠡ ᠨᠢᠭᠡᠨ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠤᠳᠠ ᠶᠢᠨ ᠪᠡᠯᠡ ᠣᠷᠣᠭᠤᠯᠤᠯᠲᠠ᠂ ᠤᠯᠤᠰ ᠤᠨ ᠪᠡᠯᠡ ᠣᠷᠣᠭᠤᠯᠤᠯᠲᠠ ᠳᠤ ᠪᠡᠯᠡ ᠲᠤᠬᠢᠷᠠᠭᠤᠯᠭ᠎ᠠ ᠶᠢᠨ ᠲᠠᠪᠴᠠᠩ ᠤᠨ ᠪᠣᠳᠠᠲᠤ ᠭᠠᠵᠠᠷ ᠰᠢᠷᠣᠶ ᠶᠢ ᠬᠤᠷᠢᠶᠠᠨ ᠨᠥᠭᠡᠴᠡᠯᠡᠬᠦ ︽ᠨᠢᠭᠡ ᠰᠠᠨᠠᠯ᠂ ᠵᠢᠷᠭᠤᠭᠠᠨ ᠠᠷᠭ᠎ᠠ︾᠎ ᠶᠢ ᠲᠣᠭᠲᠠᠭᠠᠨ ᠨᠡᠶᠢᠲᠡᠯᠡᠵᠦ᠂ ᠭᠠᠵᠠᠷ ᠰᠢᠷᠣᠶ ᠶᠢᠨ ᠨᠥᠭᠡᠴᠡᠯᠡᠯᠲᠡ ᠶᠢᠨ ᠲᠥᠪ ᠪᠠᠶᠢᠭᠤᠯᠵᠤ᠂ ᠭᠠᠵᠠᠷ ᠰᠢᠷᠣᠶ ᠶᠢᠨ ᠠᠰᠢᠭᠯᠠᠯᠲᠠ ᠶᠢ ᠨᠡᠩ ᠵᠦᠢ ᠵᠣᠬᠢᠰᠲᠠᠶ ᠪᠣᠯᠭᠠᠪᠠ᠃ ᠳᠡᠭᠡᠳᠦ ᠱᠠᠲᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ 454 ᠵᠦᠢᠯ ᠤᠨ ᠴᠢᠬᠤᠯᠠ ᠡᠭᠦᠷᠭᠡ ᠶᠢ ᠨᠠᠶᠢᠳᠠᠪᠤᠷᠢᠵᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾᠂ ᠬᠤᠳᠠᠯᠳᠤᠭᠠᠨ ᠤ ᠶᠠᠪᠤᠳᠠᠯ ᠤᠨ ᠲᠦᠷᠢᠮ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢᠨ ᠦᠷ᠎ᠡ ᠪᠦᠲᠦᠮᠵᠢ ᠳᠤᠪᠤᠶᠢᠮ᠎ᠠ ᠪᠣᠯᠪᠠ᠃ ︽ᠨᠢᠭᠡ ᠪᠦᠰᠡ ᠨᠢᠭᠡ ᠵᠠᠮ︾ ᠪᠣᠯᠤᠨ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ︾᠎ ᠤᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠠᠭᠤᠰᠤᠯᠴᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠴᠤᠪᠤᠭ᠎ᠠ ᠲᠡᠷᠭᠡ 9 ᠵᠤᠷᠪᠤᠰ ᠣᠯᠠᠨ ᠤᠯᠤᠰ ᠤᠨ ᠱᠤᠭᠤᠮ ᠢ ᠨᠡᠪᠲᠡᠷᠡᠭᠦᠯᠵᠦ᠂ ᠨᠡᠶᠢᠲᠡ 376 ᠴᠤᠪᠤᠭ᠎ᠠ ᠲᠡᠷᠭᠡ ᠨᠡᠪᠲᠡᠷᠡᠵᠦ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠨᠡᠪᠲᠡᠷᠡᠭᠰᠡᠨ ᠬᠡᠮᠵᠢᠶᠡᠨ ᠤ 43.3%᠎ ᠶᠢ ᠡᠵᠡᠯᠡᠪᠡ᠃ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 8.7 ᠳ᠋ᠦᠩᠰᠢᠭᠤᠷ ᠳ᠋ᠣᠯᠯᠠᠷ ᠲᠤ ᠬᠦᠷᠴᠦ᠂ ᠵᠢᠯ ᠪᠦᠷᠢ ᠳᠤᠮᠳᠠᠴᠢ ᠪᠠᠷ 59.3%᠎ ᠪᠠᠷ ᠨᠡᠮᠡᠭᠳᠡᠨ᠂ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ 4.4 ᠳᠠᠬᠢᠨ ᠪᠣᠯᠪᠠ  ᠃  ᠪᠡᠭᠡᠵᠢᠩ ᠲᠢᠶᠠᠨᠵᠢᠨ ᠾᠧᠪᠧᠶ ᠶᠢᠨ ᠠᠵᠤ ᠦᠶᠯᠡᠰ ᠤᠨ ᠰᠢᠯᠵᠢᠯᠲᠡ ᠶᠢ ᠢᠳᠡᠪᠬᠢᠲᠡᠶ ᠪᠠᠷ ᠵᠠᠯᠭᠠᠨ ᠠᠪᠴᠤ᠂ ᠬᠥᠬᠡᠬᠤᠲᠠ ᠪᠤᠭᠤᠲᠤ ᠣᠷᠳᠣᠰ᠂ ᠤᠯᠠᠭᠠᠨᠴᠠᠪ  ᠴᠢᠭᠤᠯᠤᠯᠲᠤ ᠬᠠᠭᠠᠯᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠭᠡᠷ᠎ᠡ ᠲᠣᠭᠲᠠᠭᠰᠠᠨ ᠲᠥᠷᠥᠯ ᠵᠦᠶᠯ ᠨᠡᠶᠢᠲᠡ 80 ᠪᠠᠶᠢᠵᠤ᠂ ᠪᠣᠳᠠᠲᠠᠶᠢᠵᠢᠭᠤᠯᠤᠭᠰᠠᠨ ᠪᠠᠯᠠ ᠮᠥᠩᠭᠦ ᠨᠢ 222.7 ᠳ᠋ᠦᠩᠰᠢᠭᠤᠷ ᠲᠥᠭᠦᠷᠢᠭ ᠲᠤ ᠬᠦᠷᠴᠦ᠂ ︽12 · 5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠤ 2.43 ᠳᠠᠬᠢᠨ ᠪᠣᠯᠵᠣ᠂ ᠥᠪᠡᠷᠲᠡᠭᠡᠨ ᠵᠠᠰᠠᠬᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠰᠢᠨ᠎ᠡ  ᠠᠬᠢᠴᠠ ᠎ ᠶᠢ ᠪᠣᠶ ᠪᠣᠯᠭᠠᠬᠤ ᠳᠤ ᠯᠠᠪᠳᠠᠭᠤᠨ ᠪᠠᠲᠤᠲᠠᠶ ᠠᠯᠬᠤᠮ ᠢ ᠠᠯᠬᠤᠪᠠ᠃           —— ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠡᠭᠦᠷᠭᠡ ᠶᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠵᠦ᠂ 800 ᠡᠷᠦᠬᠡ᠂ 1488 ᠨᠡᠷ᠎ᠡ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠪᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠤᠳᠠ ᠪᠠᠯᠭᠠᠰᠤᠨ ᠤ 2.6 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠬᠤᠳᠠ ᠪᠠᠯᠭᠠᠰᠤᠨ ᠤ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯ ᠲᠠᠢ 11 ᠲᠦᠮᠡᠨ ᠡᠷᠦᠭᠡ ᠭᠡᠷ ᠪᠦᠯᠢ ᠶᠢᠨ ᠣᠷᠣᠨ ᠰᠠᠭᠤᠴᠠ ᠶᠢᠨ ᠠᠰᠠᠭᠤᠳᠠᠯ ᠢ ᠪᠦᠲᠦᠮᠵᠢᠲᠡᠶ ᠪᠠᠷ ᠰᠢᠶᠳᠪᠦᠷᠢᠯᠡᠪᠡ᠃ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠤᠷᠢᠳ ᠡᠮᠦᠨ᠎ᠡ ᠪᠠᠶᠢᠭ᠎ᠠ ᠦᠭᠡᠢ ᠬᠡᠪᠴᠢᠶ᠎ᠡ ᠪᠠᠷ ᠬᠡᠷᠡᠭᠵᠢᠭᠦᠯᠵᠦ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ 48 ᠲᠦᠮᠡ ᠰᠢᠬᠠᠮ ᠰᠠᠭᠤᠭᠠᠯᠢ ᠠᠷᠠᠳ ︽ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠠᠴᠠ ᠭᠠᠷᠴᠤ ᠠᠰᠠᠷ ᠲᠤ ᠣᠷᠣᠵᠤ︾᠂ ︽ᠪᠦᠬᠦ ᠤᠯᠤᠰ ᠤᠨ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠵᠣᠷᠢᠭᠵᠢᠭᠤᠯᠤᠨ ᠳᠡᠮᠵᠢᠬᠦ ᠬᠤᠳᠠ︾᠎ ᠪᠠᠷ ᠦᠨᠡᠯᠡᠭᠳᠡᠪᠡ᠃ ᠬᠦᠴᠦᠨ ᠢᠶᠠᠨ ᠲᠥᠪᠯᠡᠷᠡᠭᠦᠯᠦᠨ 100 ᠰᠠᠭᠤᠭᠠᠯᠢ ᠲᠤᠭᠤᠷᠢᠭ᠂ 152.5 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ 1.8 ᠲᠦᠮᠡᠨ ᠡᠷᠦᠭᠡ᠂ 4.5 ᠲᠦᠮᠡᠨ ᠰᠠᠭᠤᠭᠠᠯᠢ ᠠᠷᠠᠳ ᠲᠤ ᠠᠰᠢᠭ ᠬᠦᠷᠲᠡᠭᠡᠪᠡ᠃  ︽ ᠨᠤᠷᠠᠭᠠᠨ ᠨᠡᠭᠦᠬᠦ ᠳᠤ ᠬᠦᠴᠢᠷᠲᠡᠶ︾ 2900 ᠡᠷᠤᠭᠡ ᠂ ︽ᠣᠷᠣᠵᠤ ᠰᠠᠭᠤᠬᠤ ᠳᠤ ᠬᠦᠴᠢᠷᠲᠡᠶ︾7716 ᠡᠷᠤᠭᠡ   ᠂ ︽ᠦᠨᠡᠮᠯᠡᠯ ᠠᠪᠬᠤ ᠳᠤ ᠬᠦᠴᠢᠷᠲᠡᠶ︾ 5 ᠲᠦᠮᠡᠨ ᠡᠷᠤᠭᠡ   ᠎ ᠶᠢᠨ ᠭᠡᠷ ᠪᠠᠶᠢᠰᠢᠩ ᠭᠠᠵᠠᠷ ᠰᠢᠷᠣᠶ ᠶᠢᠨ ᠬᠥᠷᠤᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠦᠴᠦ ᠲᠠᠯᠪᠢᠨ ᠰᠢᠶᠳᠪᠦᠷᠢᠯᠡᠵᠦ᠂ ᠤᠯᠠᠨ ᠲᠦᠮᠡᠨ ᠢ ᠤᠯᠠᠨ ᠵᠢᠯ ᠭᠠᠴᠢᠭᠳᠠᠭᠤᠯᠵᠤ ᠪᠠᠶᠢᠭᠰᠠᠨ ᠠᠮᠤᠷ ᠲᠠᠶᠢᠪᠤᠩ ᠣᠷᠣᠨ ᠰᠠᠭᠤᠴᠠ ᠶᠢᠨ ᠬᠦᠰᠡᠯ ᠢ ᠲᠣᠭᠲᠠᠭᠤᠨ ᠢᠶᠠᠷ ᠪᠡᠶᠡᠯᠡᠭᠦᠯᠪᠡ᠃  ᠯᠢᠦᠢ ᠳ᠋ᠢ᠂ ᠹᠦ᠋ ᠯᠢ᠂ ᠸᠠᠨ ᠳ᠋ᠠ᠂ ᠾᠧᠩ ᠳ᠋ᠡ ᠵᠡᠷᠭᠡ ᠨᠠᠷᠠᠲᠤ ᠲᠡᠮᠳᠡᠭᠲᠦ ᠭᠠᠵᠠᠷ ᠬᠥᠷᠥᠩᠭᠡ ᠶᠢ ᠣᠷᠣᠭᠤᠯᠤᠨ ᠠᠪᠴᠢᠷᠠᠵᠤ᠂ ᠬᠤᠲᠠ ᠶᠢᠨ ᠠᠷᠠᠳ ᠤᠨ ᠴᠢᠨᠠᠷ ᠰᠠᠶᠢᠲᠠᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠨᠭ᠍ᠭᠠᠵᠠᠢ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠶ ᠬᠥᠭᠵᠢᠭᠦᠯᠵᠦ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠲᠣᠭᠲᠠᠭᠤᠨ ᠢᠶᠠᠷ ᠳᠡᠭᠡᠭᠰᠢᠯᠡᠵᠦ᠂ 2 ᠰᠣᠷᠣᠭᠴᠢ ᠰᠢᠯᠢᠳᠡᠭ ᠬᠢᠷᠢ ᠪᠦᠲᠦᠮᠵᠢ ᠪᠠᠷ ᠪᠡᠭᠡᠵᠢᠩ ᠶᠡᠭᠡ ᠰᠤᠷᠭᠠᠭᠤᠯᠢ ᠳᠤ ᠡᠯᠰᠡᠭᠳᠡᠵᠦ᠂ 11 ᠵᠢᠯ ᠤᠨ ᠲᠤᠷᠰᠢ ᠤᠯᠠᠭᠠᠨᠴᠠᠪ ᠣᠷᠣᠨ ᠤ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠳᠤ ᠰᠢᠯᠭᠠᠭᠤᠯᠤᠨ ᠣᠷᠣᠬᠤ ︽ᠨᠢᠭᠡ ᠴᠦ ᠰᠢᠪᠲᠤᠯᠤᠯᠲᠠ ᠥᠬᠡᠶ︾ ᠪᠠᠶᠢᠳᠠᠯ ᠢ ᠪᠡᠶᠡᠯᠡᠭᠦᠯᠪᠡ  ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 24 ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠪᠠ᠃ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠰᠣᠶᠣᠯ ᠪᠡᠶ᠎ᠡ ᠶᠢᠨ ᠲᠠᠮᠢᠷ ᠤᠨ ᠦᠶᠯᠡᠰ ᠢ ᠥᠷᠨᠢᠩᠭᠦᠶ ᠬᠥᠭᠵᠢᠭᠦᠯᠵᠦ᠂ ᠬᠠᠤᠯᠢ ᠪᠠᠷ ᠵᠠᠰᠠᠬᠤ ᠵᠢᠨᠢᠩ᠂ ᠠᠮᠤᠷ ᠠᠮᠤᠭᠤᠯᠠᠩ ᠵᠢᠨᠢᠩ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠪᠠ᠃             ᠲᠥᠯᠥᠭᠡᠯᠡᠭᠴᠢᠳ ᠡ︕ ᠬᠥᠭᠵᠢᠯᠲᠡ ᠳᠤ ᠬᠦᠴᠢᠷ ᠪᠡᠷᠬᠡᠰᠢᠶᠡᠯ ᠳᠠᠭᠠᠯᠳᠤᠵᠤ᠂ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ ᠶᠤᠮ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ‌‍ᠲ᠋ᠤᠭᠤᠷᠢᠭ ᠤᠨ ᠨᠠᠮ ᠤᠨ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ  ᠴᠢᠭᠯᠡᠭᠰᠡᠨ ᠤ ᠦᠷ᠎ᠡ ᠳ᠋ᠦᠩ ᠮᠥᠨ᠂  ᠲᠤᠭᠤᠷᠢᠭ ᠤᠨ  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂  ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠦᠴᠦᠲᠡᠢ ᠬᠢᠨᠠᠯᠲᠠ ᠲᠠᠯᠪᠢᠵᠤ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ  ᠲᠤᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠬᠦᠨᠳᠦ ᠶᠢ ᠡᠭᠦᠷᠭᠡᠯᠡᠨ ᠤᠷᠤᠭᠰᠢᠯᠠᠵᠤ᠂ ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠢᠯᠠᠩᠭᠤᠶ᠎ᠠ ᠬᠢᠵᠢᠭ ᠤᠨ ᠪᠠᠶᠢᠳᠠᠯ ᠢ ᠡᠰᠡᠷᠭᠦᠴᠡᠬᠦ ᠶᠡᠭᠡ ᠰᠢᠯᠭᠠᠯᠲᠠ ᠳᠤ ᠥᠷᠭᠡᠨ ᠣᠯᠠᠨ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠦᠨᠳᠦᠰᠦᠨ ᠱᠠᠲᠤᠨ ᠤ ᠺᠠᠳ᠋ᠷ᠂ ᠠᠵᠤ ᠠᠬᠤᠶᠢᠯᠠᠯᠲᠠᠨ ᠵᠡᠷᠭᠡ ᠪᠠᠷ ᠲᠥᠯᠥᠭᠡᠯᠡᠭᠦᠯᠦᠭᠰᠡᠨ ᠵᠢᠨᠢᠩ ᠤᠨ ᠬᠥᠪᠡᠭᠦᠳ ᠥᠬᠢᠳ ᠶᠡᠭᠡ ᠲᠠᠯ᠎ᠠ ᠶᠢ ᠬᠠᠷᠠᠭᠠᠯᠵᠠᠨ᠂ ᠬᠠᠷᠠᠮ ᠦᠭᠡᠶ ᠪᠠᠷ ᠬᠤᠪᠢ ᠨᠡᠮᠡᠷᠢ ᠭᠠᠷᠭᠠᠵᠤ᠂ ᠬᠦᠴᠢᠷ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠢᠯᠡᠷᠡᠭᠦᠯᠵᠦ᠂  ᠡᠷᠡᠯᠬᠡᠭᠯᠡᠨ ᠤᠷᠤᠭᠰᠢᠯᠠᠬᠤ᠂ ᠰᠠᠯᠬᠢ ᠰᠦᠷᠦᠨ ᠳᠡᠭᠦᠯᠢᠬᠦ ᠣᠮᠤᠭ ᠵᠣᠷᠢᠭ ᠢ ᠢᠯᠡᠷᠡᠭᠦᠯᠦᠭᠰᠡᠨ ᠪᠠᠶᠢᠨ᠎ᠠ︕᡽ ᠡ᠊ᠨᠳᠡ ᠪᠢ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ  ᠲᠤᠭᠤᠷᠢᠭ ᠤᠨ ᠠᠷᠠᠳ ᠲᠦᠮᠡᠨ᠂ ᠵᠠᠰᠠᠭ ᠤᠨ ᠣᠷᠳᠣᠨ ᠤ ᠠᠵᠢᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ᠂ ᠵᠢᠨᠢᠩ ᠤᠨ ᠪᠦᠳᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ᠂ ᠲᠡᠭᠦᠨ ᠳᠤ ᠣᠷᠣᠯᠴᠠᠭᠰᠠᠨ ᠪᠤᠢ ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕             ᠠᠶᠤᠯ ᠲᠦᠭᠰᠢᠭᠦᠷᠢ ᠶᠢ ᠪᠣᠳᠣᠯᠬᠢᠯᠠᠪᠠᠯ  ᠰᠠᠶ᠋ᠢ ᠠᠮᠤᠷ ᠲᠠᠶᠢᠪᠤᠩ ᠠᠮᠢᠳᠤᠷᠠᠵᠤ ᠴᠢᠳᠠᠨ᠎ᠠ᠂ ᠬᠦᠴᠢᠷ ᠵᠣᠪᠠᠭᠤᠷᠢ ᠶᠢ ᠮᠡᠳᠡᠪᠡᠯ  ᠰᠠᠶ᠋ᠢ ᠬᠦᠴᠢᠷ ᠪᠡᠷᠬᠡ ᠶᠢ ᠢᠯᠠᠨ ᠳᠠᠪᠠᠵᠤ ᠴᠢᠳᠠᠨ᠎ᠠ᠃ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠪᠠᠷᠢᠮᠵᠢᠶᠠᠯᠠᠬᠤ ᠳᠤ᠂ ᠮᠠᠨ ᠤ  ᠲᠤᠭᠤᠷᠢᠭ ᠲᠤ  ᠪᠠᠰᠠ ᠵᠠᠷᠢᠮ ᠠᠰᠠᠭᠤᠳᠠᠯ ᠪᠠ ᠳᠤᠲᠠᠭᠤᠳᠠᠯ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠣᠯᠵᠤ ᠬᠠᠷᠠᠨ᠎ᠠ᠃ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠦᠷᠭᠦᠯᠵᠢᠯᠡᠨ ᠨᠡᠮᠡᠭᠳᠡᠵᠦ᠂ ᠭᠠᠶᠢᠯᠢ ᠲᠠᠲᠠᠪᠤᠷᠢ ᠶᠢᠨ ᠨᠡᠮᠡᠭᠳᠡᠯ ᠤᠨ ᠬᠥᠳᠡᠯᠭᠡᠬᠦ ᠬᠦᠴᠦᠨ ᠬᠦᠷᠦᠯᠴᠡᠬᠦ ᠥᠬᠡᠶ ᠪᠠᠶᠢᠬᠤ ᠶᠢᠨ ᠳᠡᠭᠡᠷ᠎ᠡ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠡᠷᠬᠡ ᠬᠠᠲᠠᠭᠤᠵᠢᠯᠲᠠᠶ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠨᠠᠩ ᠲᠣᠪᠤᠶᠢᠮ᠎ᠠ ᠪᠣᠯᠪᠠ  ᠃ ᠠᠵᠤ ᠦᠶᠯᠡᠰ ᠤᠨ ᠲᠠᠰ ᠳᠠᠪᠬᠤᠷᠭ᠎ᠠ ᠳᠣᠤᠷ᠎ᠠ᠂ ᠪᠦᠲᠦᠴᠡ ᠰᠢᠯᠢᠳᠡᠭ ᠪᠤᠰᠤ᠂ ᠬᠡᠯᠬᠢᠶ᠎ᠡ ᠲᠡᠭᠦᠯᠳᠡᠷ ᠪᠤᠰᠤ᠂ ᠣᠷᠣᠨ ᠪᠠᠶᠢᠷᠢ  ᠵᠠᠮ ᠬᠠᠷᠢᠯᠴᠠᠭ᠎ᠠ ᠵᠢᠴᠢ ᠠᠭᠤᠷ ᠠᠮᠢᠰᠬᠤᠯ ᠤᠨ ᠳᠠᠪᠠᠭᠤᠯᠢᠭ ᠢ ᠪᠠᠰᠠ ᠢᠯᠡᠳᠲᠡ ᠠᠵᠤ ᠠᠬᠤᠶ ᠶᠢᠨ ᠦᠷ᠎ᠡ ᠠᠰᠢᠭ ᠪᠣᠯᠭᠠᠨ ᠬᠤᠪᠢᠷᠠᠭᠤᠯᠵᠤ ᠳᠡᠶᠢᠯᠦᠭᠡᠳᠦᠶ ᠪᠠᠶᠢᠭᠰᠠᠭᠠᠷ︔ ᠨᠡᠭᠡᠭᠡᠯᠳᠡ ᠶᠢᠨ ᠬᠢᠷᠢ ᠬᠡᠮᠵᠢᠶ᠎ᠡ ᠳᠣᠣᠷ᠎ᠠ᠂ ᠭᠠᠳᠠᠭᠰᠢ ᠴᠢᠭᠯᠡᠭᠦᠯᠦᠭᠰᠡᠨ ᠬᠡᠯᠪᠡᠷᠢ ᠶᠢᠨ ᠠᠵᠤ ᠠᠬᠤᠶ ᠶᠢᠨ ᠬᠡᠪᠴᠢᠶ᠎ᠡ ᠪᠠᠭ᠎ᠠ᠂ ᠬᠤᠳᠠ ᠶᠢᠨ ᠲᠥᠪᠯᠡᠷᠡᠯ ᠪᠠ ᠰᠠᠴᠤᠷᠠᠭ ᠤᠨ ᠴᠢᠳᠠᠪᠤᠷᠢ ᠪᠠᠭᠤᠷᠠᠶ᠂ ︽ᠬᠤᠣᠰ ᠡᠷᠭᠢᠯᠲᠡ︾᠎ ᠶᠢᠨ ᠰᠠᠭᠤᠷᠢ ᠪᠠᠰᠠ ᠪᠠᠲᠤ ᠪᠠᠬᠢ ᠪᠢᠰᠢ︔ ᠡᠵᠡᠩᠨᠡᠯᠲᠡ ᠶᠢᠨ ᠣᠷᠴᠢᠨ ᠲᠣᠭᠤᠷᠢᠨ ᠳᠤ ᠳᠤᠲᠠᠭᠤᠳᠠᠯ ᠣᠷᠣᠰᠢᠵᠤ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ︽ᠲᠦᠭᠵᠢᠷᠡᠯ︾ ︽ᠡᠪᠡᠷᠰᠢᠶᠡᠯ︾᠎ ᠢ ᠬᠠᠷᠠᠬᠠᠨ ᠪᠦᠷᠢᠮᠦᠰᠦᠨ ᠰᠢᠢᠳᠪᠦᠷᠢᠯᠡᠵᠦ ᠳᠡᠶᠢᠯᠦᠭᠡᠳᠦᠢ ᠪᠠᠶᠢᠭᠰᠠᠭᠠᠷ︔ ᠠᠷᠠᠳ ᠤᠨ ᠠᠮᠢᠳᠤᠷᠠᠯ ᠤᠨ ᠬᠦᠷᠢᠶᠡᠨ ᠳᠤ ᠥᠷᠢᠲᠦᠬᠦ ᠨᠢ ᠤᠯᠠᠨ ᠪᠠᠶᠢᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠨᠢ ᠠᠷᠠᠳ ᠲᠦᠮᠡᠨ ᠤ  ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠲᠠᠢ ᠪᠠᠰᠠ ᠵᠦᠷᠢᠶ᠎ᠠ ᠲᠠᠢ ᠪᠠᠶᠢᠨ᠎ᠠ︔ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠪᠣᠳᠠᠲᠠᠶᠢᠵᠢᠭᠤᠯᠤᠭᠰᠠᠨ ᠦᠭᠡᠢ᠂ ᠵᠠᠷᠢᠮ ᠬᠦᠷᠢᠶᠡᠨ ᠳᠤ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠪᠠᠰᠠ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠢᠶᠳᠪᠦᠷᠢᠯᠡᠬᠦ ᠬᠡᠷᠡᠭᠲᠡᠶ᠃               ᠬᠤᠶᠠᠷ᠂ ᠵᠢᠨᠢᠩ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ           ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠦᠭᠰᠡᠨ ᠤ ᠲᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠭᠰᠠᠨ ᠠᠩᠬᠠᠳᠤᠭᠠᠷ ᠲᠠᠪᠤᠨ ᠵᠢᠯ ᠮᠥᠨ᠃  ᠲᠤᠭᠤᠷᠢᠭ ᠤᠨ  ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠬᠦ  ᠲᠤᠭᠤᠷᠢᠭ ᠤᠨ  ᠠᠵᠤ ᠠᠬᠤᠶ ᠶᠢᠨ ᠠᠵᠢᠯ ᠤᠨ ᠬᠤᠷᠠᠯ ᠰᠢᠨ᠎ᠡ ᠲᠡᠦᠬᠡᠨ ᠭᠠᠷᠤᠭ᠎ᠠ ᠳᠡᠭᠡᠷ᠎ᠡ ᠵᠣᠭᠰᠣᠵᠤ᠂ ᠵᠢᠨᠢᠩ ᠲᠣᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠪᠠ 2035 ᠣᠨ ᠤ ᠬᠥᠭᠵᠢᠯᠲᠡ ᠶᠢᠨ ᠠᠤᠭ᠎ᠠ ᠲᠥᠰᠦᠪ ᠢ ᠵᠢᠷᠤᠭᠯᠠᠵᠤ᠂  ᠲᠤᠭᠤᠷᠢᠭ ᠤᠨ  ᠨᠠᠮ ᠤᠨ ᠬᠤᠷᠢᠶᠠᠨ ᠤ ︽ᠵᠢᠨᠢᠩ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾᠎ ᠶᠢ ᠦᠨᠳᠦᠰᠦᠯᠡᠨ᠂  ᠲᠤᠭᠤᠷᠢᠭ ᠤᠨ  ᠵᠠᠰᠠᠭ ᠤᠨ ᠣᠷᠳᠣᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠲᠣᠪᠴᠢ ︵ᠲᠥᠰᠦᠯ︶᠎ ᠶᠢ ᠨᠠᠶᠢᠷᠠᠭᠤᠯᠤᠨ ᠵᠣᠬᠢᠶᠠᠪᠠ᠂ ᠤᠳᠤ ᠶᠡᠭᠡ ᠬᠤᠷᠠᠯ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠦᠶ᠎ᠡ᠃            ᠲᠤᠭᠤᠷᠢᠭ ᠤᠨ ᠵᠠᠰᠠᠭ ᠤᠨ ᠣᠷᠳᠣᠨ  ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ︽ᠨᠢᠭᠡ ᠬᠠᠷᠠᠯᠲᠠ ᠶᠢ ᠲᠣᠳᠣᠷᠬᠠᠶᠢᠯᠠᠵᠤ᠂ ᠭᠤᠷᠪᠠᠨ ᠥᠨᠳᠦᠷᠯᠢᠭ ᠢ ᠪᠠᠶᠢᠭᠤᠯᠵᠤ᠂ ᠳᠥᠷᠪᠡᠨ ᠠᠵᠢᠯ ᠢ ᠰᠠᠶᠢᠲᠤᠷ ᠬᠢᠵᠦ᠂ ᠲᠠᠪᠤᠨ ᠶᠡᠭᠡ ᠠᠵᠤ ᠦᠶᠯᠡᠰ ᠤᠨ ᠰᠠᠭᠤᠷᠢᠨ ᠭᠠᠵᠠᠷ ᠢ ᠬᠥᠭᠵᠢᠭᠦᠯᠬᠦ︾ ᠬᠥᠭᠵᠢᠯᠲᠡ ᠶᠢᠨ ᠰᠡᠳᠬᠢᠮᠵᠢ ᠶᠢᠨ ᠲᠣᠭᠤᠷᠢᠨ ᠳᠤ᠂ ᠪᠥᠬᠦ  ᠲᠤᠭᠤᠷᠢᠭ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠨ᠂ ᠳᠣᠤᠷᠠᠬᠢ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠄           ︵ᠨᠢᠭᠡ︶ ᠠᠵᠤ ᠠᠬᠤᠶ ᠶᠢᠨ ᠪᠣᠳᠠᠲᠤ ᠬᠦᠴᠦᠨ ᠰᠢᠨ᠎ᠡ ᠳᠡᠭᠲᠡᠷ ᠲᠤ ᠭᠠᠷᠭᠠᠨ᠎ᠠ᠃ ᠠᠵᠤ ᠠᠬᠤᠶ ᠦᠷᠭᠦᠯᠵᠢᠯᠡᠨ ᠡᠷᠡᠭᠦᠯ ᠢᠶᠠᠷ ᠬᠥᠭᠵᠢᠵᠦ᠂ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ᠂ ᠠᠵᠤ ᠦᠶᠯᠡᠳᠪᠦᠷᠢ ᠶᠢᠨ ᠨᠡᠮᠡᠭᠳᠡᠯ ᠥᠷᠲᠡᠭ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠪᠥᠬᠦ ᠬᠤᠲᠠ ᠳᠤ ᠦᠷᠭᠦᠯᠵᠢᠯᠡᠨ ᠲᠡᠷᠢᠭᠦᠯᠡᠵᠦ᠂ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠴᠢᠳᠠᠪᠤᠷᠢ ᠦᠷᠭᠦᠯᠵᠢᠯᠡᠨ ᠴᠢᠩᠭᠠᠷᠠᠵᠤ᠂ ᠠᠵᠤ ᠦᠶᠯᠡᠰ ᠤᠨ ᠰᠠᠭᠤᠷᠢ ᠶᠢ ᠳᠡᠭᠡᠳᠦ ᠲᠠᠰ ᠪᠣᠯᠭᠠᠨ᠂ ᠠᠵᠤ ᠦᠶᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠢᠯᠡᠳᠲᠡ ᠳᠡᠭᠡᠭᠰᠢᠯᠡᠵᠦ᠂ ᠣᠯᠠᠨ ᠡᠰᠢᠴᠢᠯᠡᠨ ᠬᠥᠭᠵᠢᠭᠰᠡᠨ᠂ ᠣᠯᠠᠨ ᠱᠠᠲᠤ ᠪᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠶᠯᠡᠰ ᠤᠨ ᠰᠢᠰᠲ᠋ᠧᠮᠵᠢ ᠶᠢ ᠦᠨᠳᠦᠰᠦᠨ ᠳᠡᠭᠡᠨ ᠪᠡᠶᠡᠯᠡᠭᠦᠯᠦᠨ᠎ᠡ᠃           ︵ᠬᠤᠶᠠᠷ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠰᠢᠨ᠎ᠡ ᠲᠠᠪᠰᠢᠯᠳᠠ ᠶᠢ  ᠪᠡᠶᠡᠯᠡᠭᠦᠯᠦᠨ᠎ᠡ ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠨ ᠠᠰᠢᠭᠯᠠᠬᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠠᠵᠢᠯ  ᠢᠯᠡᠳᠲᠡ ᠦᠷ᠎ᠡ ᠪᠦᠲᠦᠮᠵᠢ ᠣᠯᠵᠤ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠲᠤᠬᠢᠷᠠᠭᠤᠯᠤᠯᠳᠠ ᠶᠢ ᠨᠡᠩ ᠵᠦᠢ ᠵᠣᠬᠢᠰᠲᠠᠶ ᠪᠣᠯᠭᠠᠵᠤ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠬᠠᠷᠠᠯᠲᠠ ᠶᠢ ᠪᠦᠲᠦᠮᠵᠢᠲᠡᠶ ᠪᠠᠷ ᠨᠠᠶᠢᠳᠠᠪᠤᠷᠢᠵᠢᠭᠤᠯᠤᠨ᠂ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠠᠰᠬᠠᠵᠤ᠂ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠰᠢᠰᠲ᠋ᠧᠮ ᠲᠠᠢ ᠪᠠᠷ ᠵᠠᠰᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠪᠠᠲᠤ ᠪᠠᠬᠢ ᠪᠣᠯᠭᠠᠵᠤ᠂ ᠬᠤᠳᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠤᠨ᠎ᠠ᠃            ︵ᠭᠤᠷᠪᠠ︶ ᠥᠭᠡᠷᠡᠴᠢᠯᠡᠯᠲᠡ ᠨᠡᠭᠡᠭᠡᠯᠳᠡ ᠰᠢᠨ᠎ᠡ ᠠᠯᠬᠤᠮ ᠢ  ᠠᠯᠬᠤᠨ᠎ᠠ᠃ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠴᠢᠬᠤᠯᠠ ᠶᠡᠭᠡ ᠰᠢᠪᠲᠤᠯᠤᠯᠲᠠ ᠲᠠᠢ ᠪᠣᠯᠵᠣ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠵᠦ᠂ ᠦᠶᠯᠡᠴᠢᠯᠡᠭᠡᠨ ᠤ ᠬᠢᠷᠢ ᠲᠦᠪᠰᠢᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠡᠩᠨᠡᠭᠡᠨ ᠳᠤ ᠣᠷᠣᠪᠠ᠃ ᠦᠢᠯᠡᠳᠪᠦᠷᠢᠯᠡᠯ ᠤᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠢ ᠲᠦᠷᠭᠡᠪᠴᠢᠯᠡᠨ ᠠᠬᠢᠭᠤᠯᠵᠤ᠂ ᠦᠢᠯᠡᠳᠪᠦᠷᠢᠯᠡᠯ ᠤᠨ ᠡᠯᠧᠮᠧᠨ᠋ᠲ ᠤᠨ ᠴᠢᠯᠥᠭᠡᠲᠡᠶ ᠰᠢᠯᠵᠢᠬᠦ ᠶᠢ ᠬᠠᠷᠰᠢᠯᠠᠵᠤ ᠪᠠᠶᠢᠭ᠎ᠠ ᠵᠠᠰᠠᠭ ᠵᠠᠬᠢᠷᠭᠠᠨ ᠤ ᠪᠠᠬᠢᠯᠡᠯᠲᠡ ᠪᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠦᠨᠳᠦᠰᠦᠨ ᠳᠡᠭᠡᠨ ᠠᠷᠢᠯᠭᠠᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠤᠨ᠎ᠠ᠃ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠬᠤᠣᠰ ᠣᠷᠴᠢᠯ ᠳᠤ ᠭᠦᠨᠵᠡᠭᠡᠶ ᠠᠭᠤᠰᠤᠯᠴᠠᠵᠤ᠂ ᠳᠣᠲᠣᠭᠠᠳᠤ ᠭᠠᠳᠠᠭᠠᠳᠤ ᠶᠢᠨ ᠨᠡᠭᠡᠭᠡᠯᠳᠡ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃           ︵ᠲᠦᠷᠪᠡ︶ ᠨᠡᠶᠢᠭᠡᠮ ᠤᠨ ᠪᠣᠯᠪᠠᠰᠤᠨ ᠰᠢᠨ᠎ᠡ ᠳᠡᠭᠡᠭᠰᠢᠯᠡᠯᠲᠡ ᠲᠠᠢ  ᠪᠤᠯᠭᠠᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠤᠯᠠᠮ ᠨᠢᠭᠡ ᠠᠯᠬᠤᠮ ᠢᠯᠡᠷᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠪᠦᠯᠬᠦᠮᠳᠡᠯ ᠲᠠᠪᠰᠢᠯᠳᠠ ᠶᠢ ᠪᠦᠬᠦ ᠦᠵᠡᠯ ᠰᠠᠨᠠᠭ᠎ᠠ ᠶᠣᠰᠣ ᠮᠣᠷᠠᠯ᠂ ᠰᠢᠨᠵᠢᠯᠡᠬᠦ ᠤᠬᠠᠭᠠᠨ ᠰᠣᠶᠣᠯ ᠪᠠ ᠪᠡᠶ᠎ᠡ ᠮᠠᠬᠠᠪᠣᠳ ᠰᠡᠳᠬᠢᠯ ᠰᠠᠨᠠᠭᠠᠨ ᠤ ᠡᠷᠡᠭᠦᠯ ᠮᠡᠨᠳᠤ ᠶᠢᠨ ᠬᠡᠪ ᠴᠢᠨᠠᠷ ᠢ ᠮᠡᠳᠡᠭᠳᠡᠬᠦ᠋ᠢᠴᠡ ᠳᠡᠭᠡᠭᠰᠢᠯᠡᠭᠦᠯᠦᠨ᠎ᠡ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠪᠠ ᠰᠣᠶᠣᠯ ᠤᠨ ᠠᠵᠤ ᠦᠢᠯᠡᠰ ᠤᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠠᠷᠠᠳ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠡᠳᠦᠷ ᠢᠷᠡᠬᠦᠶ᠎ᠡ ᠪᠠᠶᠠᠯᠢᠭᠵᠢᠭᠤᠯᠤᠨ᠎ᠠ᠃          ︵ᠲᠠᠪᠤ︶ ᠠᠷᠠᠳ ᠤᠨ ᠠᠮᠢᠳᠤᠷᠠᠯ ᠤᠨ ᠬᠢᠷᠢ ᠲᠦᠪᠰᠢᠨ ᠰᠢᠨ᠎ᠡ ᠳᠡᠭᠡᠭᠰᠢᠯᠡᠯᠲᠡ ᠲᠠᠢ  ᠪᠤᠯᠭᠠᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠦᠷᠭᠦᠯᠵᠢᠯᠡᠨ ᠨᠡᠮᠡᠭᠳᠡᠪᠡ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠪᠦᠬᠦ ᠠᠷᠠᠳ ᠤᠨ ᠰᠤᠷᠭᠠᠨ ᠬᠥᠮᠦᠵᠢᠯ ᠬᠦᠷᠳᠡᠬᠦ ᠬᠡᠮᠵᠢᠶ᠎ᠡ ᠶᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠤᠯᠠᠨ ᠳᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠪᠤᠷᠢ ᠶᠢᠨ ᠰᠢᠰᠲᠧᠮ ᠢ ᠨᠡᠩ ᠪᠦᠷᠢᠨᠰᠢᠬᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲᠧᠮ ᠢ ᠨᠡᠩ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠤᠨ᠎ᠠ᠃          ︵ᠵᠢᠷᠭᠤᠭ᠎ᠠ︶ ᠨᠡᠶᠢᠭᠡᠮ ᠤᠨ ᠵᠠᠰᠠᠯᠲᠠ ᠰᠢᠨ᠎ᠡ ᠦᠷ᠎ᠡ ᠪᠦᠲᠦᠮᠵᠢ  ᠎ ᠲᠠᠢ ᠪᠤᠯᠭᠠᠨ᠎ᠠ  ᠃ ᠨᠡᠶᠢᠭᠡᠮ ᠵᠢᠷᠤᠮ ᠤᠨ ᠠᠷᠠᠳᠴᠢᠯᠠᠯ ᠬᠠᠤᠯᠢ ᠪᠠᠷ ᠵᠠᠰᠠᠬᠤ ᠶᠢ ᠨᠡᠩ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠢᠯᠡᠳᠲᠡ ᠳᠡᠭᠡᠭᠰᠢᠯᠡᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢᠯᠠᠩᠭᠤᠶ᠎ᠠ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠬᠦᠯᠵᠦ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠤᠨ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠥᠭᠵᠢᠯᠲᠡ ᠶᠢᠨ ᠠᠮᠤᠷ ᠲᠦᠪᠰᠢᠨ ᠤ ᠪᠠᠲᠤᠯᠠᠭ᠎ᠠ ᠶᠢ ᠨᠠᠩ ᠬᠦᠴᠦᠲᠡᠶ ᠪᠣᠯᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠠᠩ ᠪᠠᠬᠢᠵᠢᠭᠦᠯᠦᠨ᠎ᠡ᠃         ᠲᠥᠯᠥᠭᠡᠯᠡᠭᠴᠢᠳ ᠡ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠢᠨ᠎ᠡ ᠠᠶᠠᠯᠠᠯ ᠢ ᠪᠠᠷᠠᠯᠠᠬᠤᠶ᠎ᠠ᠂ ᠠᠯᠤᠰ ᠢᠷᠡᠭᠡᠳᠦᠶ ᠨᠢ ᠲᠦᠢᠯ ᠤᠨ ᠰᠠᠷᠠᠭᠤᠯ ᠠᠭᠤᠳᠠᠮ ᠪᠠᠶᠢᠵᠤ᠂ ᠬᠠᠷᠠᠯᠲᠠ ᠨᠢ ᠬᠥᠮᠦᠰ ᠢ ᠤᠷᠮᠠᠰᠢᠭᠤᠯᠤᠨ ᠤᠷᠤᠭᠰᠢᠯᠠᠭᠤᠯᠵᠤ ᠪᠠᠶᠢᠨ᠎ᠠ᠃ ᠪᠢᠳᠡ ᠢᠲᠡᠭᠡᠯ ᠵᠣᠷᠢᠭ ᠢᠶᠠᠨ ᠪᠠᠲᠤᠳᠬᠠᠨ᠂ ᠬᠠᠷᠠᠯᠲᠠ ᠪᠠᠨ ᠪᠠᠲᠤ ᠰᠠᠬᠢᠵᠤ᠂ ᠦᠷᠭᠦᠯᠵᠢᠯᠡᠨ ᠲᠡᠮᠡᠴᠡᠵᠦ᠂ ᠰᠢᠷᠭᠠᠭᠤ ᠬᠠᠲᠠᠭᠤᠵᠢᠯᠲᠠᠶ ᠪᠠᠷ ᠪᠣᠳᠠᠲᠠᠶ ᠠᠵᠢᠯᠯᠠᠳᠠᠭ ᠯᠠ ᠶᠤᠮ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠠᠤᠭ᠎ᠠ ᠵᠢᠷᠤᠭ ᠲᠥᠰᠦᠪ ᠢ ᠯᠠᠪᠲᠠᠶ ᠪᠡᠶᠡᠯᠡᠭᠦᠯᠵᠦ ᠴᠢᠳᠠᠬᠤ ᠪᠥᠭᠡᠳ ᠵᠢᠨᠢᠩ ᠤᠨ ᠢᠷᠡᠭᠡᠳᠦᠶ ᠯᠠᠪᠲᠠᠶ ᠨᠡᠩ ᠰᠠᠶᠢᠢᠨ ᠰᠠᠶᠢᠬᠠᠨ ᠪᠣᠯᠬᠤ ᠶᠤᠮ︕            ᠭᠤᠷᠪᠠ᠂ 2021 ᠣᠨ ᠤ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠶ᠎ᠠ             ᠲᠥᠯᠥᠭᠡᠯᠡᠭᠴᠢᠳ ᠡ᠂ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠪᠠᠰᠠ ᠴᠤ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠤᠨ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠭᠦᠯᠬᠦ ᠠᠩᠬᠠᠨ ᠤ ᠵᠢᠯ ᠮᠥᠨ᠂ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃            ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂  ᠲᠤᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠶᠳᠪᠦᠷᠢᠲᠦ ᠪᠣᠳᠣᠯᠭ᠎ᠠ ᠶᠢᠨ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ︽ᠨᠡᠶᠢᠰᠯᠡᠯ ᠤᠨ ᠨᠢᠭᠡ ᠴᠠᠭ ᠤᠨ ᠠᠵᠤ ᠠᠬᠤᠢ ᠶᠢᠨ  ᠬᠦᠷᠢᠶ᠎ᠡ︾᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ᠬᠤᠳᠠ ᠶᠢᠨ ᠪᠦᠯᠦᠭᠵᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠯᠬᠤᠴᠠ ᠪᠠᠨ ᠲᠦᠷᠭᠡᠳᠬᠡᠵᠦ᠂ ᠪᠣᠬᠢᠷᠲᠤᠯ ᠦᠭᠡᠢ᠂ ᠤᠶᠤᠨ᠂ ᠲᠥᠪᠯᠡᠷᠡᠭᠰᠡᠨ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠲᠥᠪ ᠬᠤᠳᠠ ᠶᠢᠨ ᠲᠣᠭᠤᠷᠢᠭ ᠢ ᠪᠦᠳᠦᠭᠡᠨ ᠪᠠᠶᠢᠭᠤᠯᠵᠤ᠂ ᠵᠠᠯᠠᠭᠤ᠂ ᠴᠠᠭ ᠤᠨ ᠦᠡᠭᠭᠡ᠂ ᠰᠢᠨ᠎ᠡ ᠶᠢ ᠡᠭᠦᠳᠦᠭᠰᠡᠨ᠂ ᠨᠡᠭᠡᠭᠡᠯᠳᠡ ᠲᠠᠢ ᠬᠤᠳᠠ ᠶᠢᠨ ᠰᠢᠨ᠎ᠡ ᠨᠡᠷ᠎ᠡ ᠶᠢᠨ ᠬᠠᠭᠤᠳᠠᠰᠤ ᠶᠢ ᠬᠢᠯᠠᠯᠵᠠᠭᠤᠯᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠨᠡᠮᠡᠭᠳᠡᠯ ᠤᠨ ᠲᠦᠢᠯ ᠪᠣᠯᠤᠨ  ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠣᠷᠣᠨ ᠢ ᠬᠦᠴᠦᠯᠡᠨ ᠪᠠᠶᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ  ᠪᠡᠯᠭᠡᠯᠡᠶ᠎ᠡ᠃        ᠤᠷᠢᠳᠴᠢᠯᠠᠨ ᠲᠥᠰᠦᠪᠯᠡᠭᠰᠡᠨ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7.0%᠎ ᠪᠠᠷ ᠨᠡᠮᠡᠭᠳᠡᠭᠦᠯᠦᠨ᠎ᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 8.0%᠎ ᠪᠠᠷ ᠨᠡᠮᠡᠭᠳᠡᠭᠦᠯᠦᠨ᠎ᠡ᠃ ᠬᠡᠪᠴᠢᠶᠡᠳᠦ ᠠᠵᠤ ᠦᠢᠯᠡᠳᠪᠦᠷᠢ ᠶᠢᠨ ᠶᠡᠷᠦᠩᠭᠡᠢ ᠢ 10.0%᠎ ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠣᠬᠤ ᠬᠤᠳᠠᠯᠳᠤᠭᠠᠨ ᠤ ᠶᠡᠷᠦᠩᠭᠡᠢ ᠦᠷᠳᠡᠭ 8.0 %᠎ ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠵᠠᠷᠣᠯᠭ᠎ᠠ ᠣᠷᠣᠯᠭ᠎ᠠ ᠶᠢ ᠲᠤᠰ ᠲᠤᠰ 6.0% ᠪᠣᠯᠤᠨ 8.0%᠎ ᠪᠠᠷ ᠨᠡᠮᠡᠭᠳᠡᠭᠦᠯᠵᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.1%᠎ ᠤᠨ ᠳᠣᠲᠣᠷ᠎ᠠ ᠬᠢᠵᠠᠭᠠᠷᠯᠠᠵᠤ᠂ ᠪᠦᠬᠦᠢ ᠨᠢᠭᠡᠴᠢ ᠶᠢᠨ GDP᠎ ᠳᠠᠬᠢ ᠡᠨᠧᠷᠭᠢ ᠶᠢᠨ ᠬᠤᠷᠣᠭᠳᠠᠭᠤᠯᠤᠭ᠎ᠠ ᠶᠢ 3.2%᠎ ᠢᠶᠠᠷ ᠪᠠᠭᠤᠷᠠᠭᠤᠯᠤᠨ᠎ᠠ᠃          ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠤᠷᠢᠳᠠᠯ ᠳᠣᠣᠷ᠎ᠠ᠂ ᠳᠣᠣᠷᠠᠬᠢ 7 ᠲᠠᠯ᠎ᠠ ᠶᠢᠨ ᠠᠵᠢᠯ ᠳᠤ ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠃          ︵ᠨᠢᠭᠡ︶ ᠳᠤᠲᠠᠭᠤᠳᠠᠯ ᠢᠶᠠᠨ ᠨᠥᠬᠦᠪᠥᠷᠢᠯᠡᠨ᠂ ᠳᠠᠪᠠᠭᠤᠯᠢᠭ ᠢᠶᠠᠨ ᠳᠠᠪᠳᠠᠬᠤ ᠳᠤ ᠴᠢᠭᠯᠡᠭᠦᠯᠦᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠲᠠᠪᠰᠢᠬᠦ ᠶᠢ ᠠᠬᠢᠭᠤᠯᠬᠤ ᠳᠡᠭᠡᠷ᠎ᠡ ᠰᠢᠨ᠎ᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠨ᠎ᠠ᠃ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠪᠠᠷ ᠰᠢᠪᠲᠤᠯᠤᠯᠲᠠ ᠪᠣᠯᠭᠠᠬᠤ ᠶᠢ ᠪᠠᠷᠢᠮᠲᠠᠯᠠᠵᠤ᠂ ᠡᠯᠧᠮᠧᠨ᠋ᠲ ᠤᠨ ᠪᠠᠲᠤᠯᠠᠭ᠎ᠠ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠵᠡᠷᠭᠡ ᠠᠷᠭ᠎ᠠ ᠠᠪᠴᠠᠯ ᠢᠶᠠᠷ ᠤᠯᠠᠮᠵᠢᠯᠠᠯᠲᠤ ᠠᠵᠤ ᠦᠢᠯᠡᠰ ᠤᠨ ᠥᠭᠡᠷᠡᠴᠢᠯᠡᠯᠲᠡ ᠰᠢᠯᠢᠳᠡᠭᠵᠢᠭᠦᠯᠦᠯᠲᠡ ᠶᠢ ᠠᠬᠢᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠯᠬᠢᠶᠡᠵᠢᠯ ᠤᠨ ᠪᠦᠷᠢᠯᠳᠦᠴᠡ ᠶᠢ ᠤᠷᠲᠤᠳᠬᠠᠨ ᠬᠤᠯᠪᠣᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ︽ᠠᠵᠤ ᠦᠢᠯᠡᠳᠪᠦᠷᠢ ᠶᠢ ᠮᠠᠨᠳᠤᠭᠤᠯᠬᠤ ᠠᠵᠢᠯᠯᠠᠭ᠎ᠠ︾᠎ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠴᠢᠩ ᠬᠤᠸᠠ ᠲᠦᠩ ᠹᠠᠩ  ᠂ ᠠ ᠯᠢ ᠪᠠ ᠪᠠ ᠰᠦᠯᠵᠢᠶ᠎ᠡ ᠶᠢᠨ ᠦᠢᠯᠡᠳᠪᠦᠷᠢᠯᠡᠯ ᠢ ᠪᠠᠶᠢᠭᠤᠯᠣᠨ ᠠᠰᠢᠭᠯᠠᠯᠳᠠ ᠳᠤ ᠣᠷᠣᠭᠤᠯᠬᠤ ᠶᠢ ᠲᠦᠷᠭᠡᠳᠭᠡᠨ᠂ ᠴᠢᠩ ᠬᠤᠸᠠ ᠲᠦᠩ ᠹᠠᠩ᠂ ᠵᠦᠩ ᠬᠤᠩ ᠽᠢ ᠵᠢᠩ ᠠᠰᠢᠭᠯᠠᠯᠲᠠ ᠳᠤ ᠣᠷᠣᠵᠣ ᠦᠷ᠎ᠡ ᠠᠰᠢᠭ ᠣᠯᠵᠣ᠂ ᠳᠠᠭᠠᠭᠤᠯᠢ ᠣᠳᠣᠨ ᠤ ᠢᠨᠲ᠋ᠧᠷ ᠰᠦᠯᠵᠢᠶ᠎ᠡ ᠶᠢᠨ ᠰᠢᠩ ᠭᠦ᠋ ᠠᠵᠤ ᠦᠢᠯᠡᠰ ᠤᠨ ᠬᠦᠷᠢᠶᠡᠯᠡᠩ᠂ ᠸᠠᠨ ᠭᠦᠸᠧ ᠲᠤᠭ᠎ᠠ ᠪᠠᠷᠢᠮᠲᠠ᠂ ᠡᠷᠡᠨ ᠵᠠᠭᠤᠨ ᠢᠨᠲ᠋ᠧᠷᠨᠧᠲ ᠰᠦᠯᠵᠢᠶ᠎ᠡ ᠪᠠᠷᠢᠯᠭ᠎ᠠ ᠡᠬᠢᠯᠡᠭᠰᠡᠨ᠂ ᠤᠶᠢᠯᠡᠴᠢᠯᠡᠭᠦᠷ ᠢ ᠢᠳᠡᠪᠬᠢᠲᠡᠢ ᠣᠷᠢᠨ ᠣᠷᠣᠭᠤᠯᠬᠤ᠂ UPS ᠳ᠋ᠢᠶᠠᠨ ᡂᠢ᠂ ᠮᠠᠰᠢᠨ ᠤ ᠬᠤᠷᠭᠤ ᠵᠡᠷᠭᠡ ᠲᠤᠭ᠎ᠠ ᠪᠠᠷᠢᠮᠲᠠ ᠶᠢᠨ ᠲᠣᠨᠤᠭ ᠲᠥᠬᠦᠭᠡᠷᠦᠮᠵᠢ ᠦᠢᠯᠡᠳᠬᠦ ᠪᠠ ᠡᠳ᠋ᠰᠢᠭᠦᠯᠵᠦ ᠰᠢᠢᠳᠪᠦᠷᠢᠯᠡᠬᠦ᠂ ᠭᠠᠳᠠᠭᠰᠢ ᠦᠢᠯᠡᠴᠢᠯᠡᠬᠦ ᠠᠵᠤ ᠠᠬᠤᠶᠢᠯᠠᠯ᠂ ᠲᠤᠭ᠎ᠠ ᠪᠠᠷᠢᠮᠲᠠ ᠶᠢᠨ ᠲᠥᠬᠦᠭᠡᠷᠦᠮᠵᠢ ᠦᠢᠯᠡᠳᠬᠦ ᠶᠢ ᠬᠦᠴᠦᠯᠡᠨ ᠪᠠᠶᠢᠭᠤᠯᠤᠨ᠎ᠠ᠃ ᠳ᠋ᠠᠶᠢᠲ᠋ᠠ ᠶᠢᠨ ᠲᠥᠪ — ᠳ᠋ᠠᠶᠢᠲ᠋ᠠ ᠶᠢᠨ ᠬᠡᠷᠡᠭᠯᠡᠯᠳᠡ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠡᠯᠬᠢᠶ᠎ᠡ  ᠂ ᠳ᠋ᠦᠩ ᠶᠠᠩ ᠭᠤᠸᠠᠩ ᠶᠢ ᠳᠦᠯᠬᠢᠨ ᠠᠬᠢᠭᠤᠯᠬᠤ᠂ ᠬᠠᠢ ᠯᠢ ᠬᠢᠮᠢ ᠶᠢᠨ ᠢᠯᠳᠠᠰᠣᠨ ᠡᠨᠧᠷᠭᠢ ᠠᠷᠪᠢᠯᠠᠬᠤ ᠥᠭᠡᠷᠡᠴᠢᠯᠡᠯᠲᠡ ᠪᠠ ᠮᠡᠷᠭᠡᠵᠢᠯ ᠢ ᠳᠡᠭᠡᠭᠰᠢᠯᠡᠭᠦᠯᠬᠦ᠂ ᠬᠠᠢ ᠯᠢ ᠴᠠᠬᠢᠯᠭᠠᠨ ᠪᠠᠭᠲᠠᠭᠠᠭᠴᠢ ᠶᠢᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠣ᠂ ᠬᠢᠮᠢ ᠶᠢᠨ ᠢᠯᠳᠠᠰᠣ — ᠴᠠᠬᠢᠯᠭᠠᠨ ᠪᠠᠭᠲᠠᠭᠠᠭᠴᠢ — ᠬᠤᠷᠠᠮᠠᠯ ᠴᠠᠬᠢᠯᠭᠠᠨ ᠬᠡᠯᠬᠢᠶ᠎ᠡ ᠶᠢ ᠬᠦᠴᠦᠯᠡᠨ ᠪᠣᠢ ᠪᠣᠯᠭᠠᠨ᠎ᠠ᠃ ᠬᠤᠸᠠ ᠷᠦᠢ ᠨᠡᠭᠦᠷᠡᠰᠦᠲᠥ᠋ᠷᠥᠭᠴᠢ ᠢᠯᠭᠠᠷᠠᠭᠤᠯᠬᠤ ᠡᠳ᠋᠂ ᠰᠠᠨ ᠰᠢᠨ ᠠᠵᠤ ᠦᠢᠯᠡᠰ ᠵᠡᠷᠭᠡ ᠣᠳᠣ ᠶᠢᠨ ᠪᠠᠶᠢᠭ᠎ᠠ ᠠᠵᠤ ᠦᠢᠯᠡᠰ ᠤᠨ ᠳᠠᠪᠠᠭᠤᠯᠢᠭ ᠲᠠᠭᠠᠨ ᠲᠦᠰᠢᠭᠯᠡᠨ᠂ ᠫᠧᠩ ᠾᠦᠢ ᠯᠢᠲ᠋ᠢ ᠳ᠋ᠢᠶᠠᠨ ᡂᠢ᠂ ᠴᠢᠩᠲᠤᠤ ᠶᠢᠨ ᠬᠤᠸᠠ ᠯᠢᠶᠠᠨ ᠲᠤᠰᠠᠭᠠᠷᠯᠠᠭᠰᠠᠨ ᠪᠦᠷᠬᠦᠪᠴᠢ ᠵᠡᠷᠭᠡ ᠲᠥᠷᠥᠯ ᠵᠦᠢᠯ ᠢ ᠤᠷᠢᠨ ᠣᠷᠣᠭᠤᠯᠵᠤ᠂ ᠡᠶᠡᠷᠭᠦ ᠰᠥᠭᠡᠷᠭᠦ ᠲᠤᠶᠢᠯᠰᠢᠷᠠᠯ ᠤᠨ ᠮᠠᠲ᠋ᠧᠷᠢᠶᠠᠯ — ᠴᠠᠬᠢᠯᠭᠠᠨ ᠢᠶᠠᠷ ᠵᠠᠳᠠᠯᠬᠤ ᠰᠢᠩᠭᠡᠨ — ᠲᠤᠰᠠᠭᠠᠷᠯᠠᠭᠰᠠᠨ ᠪᠦᠷᠬᠦᠪᠴᠢ — ᠯᠢᠲ᠋ᠢ ᠳ᠋ᠢᠶᠠᠨ ᡂᠢ ᠶᠢᠨ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠪᠦᠲᠦᠭᠡᠨ᠎ᠡ᠃ ᠡᠮᠦᠨᠡᠲᠦ ᠶᠢᠨ ᠲᠣᠮᠣ ᠭᠡᠷᠡᠯ ᠴᠠᠬᠢᠯᠭᠠᠨ ᠤ ᠭᠤᠷᠪᠠᠨ ᠹᠯᠣᠷᠲᠤ ᠠᠽᠣᠲ ᠤᠨ ᠲᠥᠷᠥᠯ ᠵᠦᠢᠯ ᠲᠠᠢ ᠢᠳᠡᠪᠬᠢᠲᠠᠢ ᠵᠣᠯᠭᠠᠭᠤᠯᠵᠤ᠂ ᠭᠤᠷᠪᠠᠨ ᠹᠯᠣᠷᠲᠤ ᠠᠽᠣᠲ᠂ ᠠᠭᠤᠰᠤᠭᠳᠠᠮᠠᠯ ᠴᠢᠨᠠᠷᠲᠠᠢ ᠳᠥᠷᠪᠡᠨ ᠹᠯᠣᠷᠲᠤ ᠡᠲ᠋ᠢᠯᠧᠡ᠂ ᠹᠯᠣᠷ ᠤᠨ ᠪᠥᠭᠡᠭᠡᠨᠡᠷᠡᠯ ᠤᠨ ᠠᠼᠧᠲ ᠪᠠᠷ ᠭᠤᠣᠯ ᠪᠣᠯᠭᠠᠭᠰᠠᠨ ᠹᠯᠣᠷᠲᠤ ᠴᠠᠬᠢᠭᠤᠷ ᠤᠨ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠪᠦᠲᠦᠭᠡᠨ᠎ᠡ ᠃ ᠯᠠᠨ ᠭᠧ ᠭᠧ᠂ ᠲᠢᠶᠠᠨ ᠹᠦ᠋  ᠰᠦ ᠶᠢᠨ ᠦᠢᠯᠡᠰ᠂ ᠮᠠ ᠣᠪᠣᠭᠳᠣ ᠶᠢᠨ ᠯᠠᠯᠤ ᠶᠢᠨ ᠢᠳᠡᠭᠡᠨ ᠵᠡᠷᠭᠡ ᠨᠤᠲᠤᠭ ᠤᠨ ᠠᠵᠤ ᠠᠬᠤᠶᠢᠯᠠᠯ ᠤᠨ ᠠᠯᠳᠠᠷᠰᠢᠯ ᠢ ᠳᠡᠭᠡᠭᠰᠢᠯᠡᠭᠦᠯᠬᠦ ᠶᠢ ᠳᠡᠮᠵᠢᠨ᠎ᠡ᠃ ᠴᠢᠦ ᠱᠢ ᠠᠮᠢᠳᠤ ᠪᠣᠳᠠᠰ ᠤᠨ ᠡᠨᠧᠷᠭᠢ ᠶᠢ ᠥᠷᠭᠡᠳᠬᠡᠨ ᠤᠨᠠᠯᠲᠠ ᠶᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠂ ᠮᠧᠩ ᠭᠧᠨ ᠱᠠᠨ  ᠦᠭᠡᠬᠦ ᠲᠤᠰᠤ ᠠᠰᠢᠭᠯᠠᠯᠲᠠ ᠳᠤ ᠣᠷᠣᠵᠣ ᠦᠷ᠎ᠡ ᠠᠰᠢᠭ ᠣᠯᠵᠣ᠂ ᠱᠤᠸᠠᠩ ᠬᠤᠢ᠂ ᠯᠠᠨ ᠸᠧᠢ ᠰᠧ ᠳ᠋ᠦᠨ᠂ ᠭᠦᠸᠧ ᠮᠧᠩ ᠣᠨᠴᠠ ᠲᠠᠷᠢᠶᠠᠯᠠᠩ ᠠᠵᠢᠯ ᠡᠬᠢᠯᠡᠭᠦᠯᠦᠨ᠂ ᠣᠶᠢᠷ᠎ᠠ ᠬᠠᠪᠢ ᠶᠢᠨ ᠲᠠᠷᠢᠶᠠᠯᠠᠩ ᠤᠨ ᠣᠨᠴᠠ ᠭᠠᠷᠤᠯᠲᠠ ᠶᠢᠨ ᠡᠬᠢ ᠪᠠᠶᠠᠯᠢᠭ ᠢ ᠪᠦᠬᠦ ᠲᠠᠯ᠎ᠠ ᠪᠠᠷ ᠨᠢᠭᠡᠳᠭᠡᠵᠦ᠂ ᠵᠣᠬᠢᠬᠤ ᠬᠡᠪᠴᠢᠶᠡᠨ ᠤ ᠲᠠᠷᠢᠵᠤ ᠲᠡᠵᠢᠭᠡᠵᠦ ᠦᠷᠡᠵᠢᠭᠦᠯᠬᠦ — ᠲᠥᠪ ᠲᠣᠭᠤᠭᠠᠨ ᠭᠡᠷ ᠦᠢᠯᠡᠳᠪᠦᠷᠢᠯᠡᠬᠦ — ᠡᠯᠧᠺᠲᠷᠣᠨ ᠬᠤᠳᠠᠯᠳᠤᠭᠠᠨ ᠤ ᠪᠣᠷᠣᠯᠠᠭᠤᠯᠭ᠎ᠠ — ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠪᠣᠬᠢᠷᠲᠤᠯ ᠦᠭᠡᠢ ᠢᠳᠡᠭᠡᠨ ᠤ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠪᠠᠶᠢᠭᠤᠯᠤᠨ᠎ᠠ᠃ ︽ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ︾᠎ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠰᠣᠶᠣᠯ ᠵᠢᠭᠤᠯᠴᠢᠯᠠᠯ ᠤᠨ ᠪᠡᠶ᠎ᠡ ᠮᠠᠬᠠᠪᠣᠳ ᠪᠠ ᠠᠷᠠᠯᠵᠢᠶ᠎ᠠ ᠬᠤᠳᠠᠯᠳᠤᠭ᠎ᠠ ᠪᠣᠳᠠᠰ ᠤᠨ ᠭᠦᠢᠯᠭᠡᠭᠡᠨ ᠤ ︽ᠬᠤᠶᠠᠷ ᠢ ᠨᠢᠭᠡ ᠴᠣᠭᠴᠠᠵᠢᠭᠤᠯᠬᠤ︾ ᠬᠥᠭᠵᠢᠯᠲᠡ ᠶᠢ ᠪᠠᠷᠢᠮᠲᠠᠯᠠᠨ᠎ᠠ᠃ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠢᠶᠠᠷ ᠭᠤᠣᠯ ᠪᠣᠯᠭᠠᠨ ᠰᠣᠶᠢᠮᠧᠩ ᠴᠡᠷᠢᠭ ᠤᠨ ᠲᠣᠭᠤᠷᠢᠭ ᠤᠨ ᠰᠧᠯᠢᠩᠪᠦ ᠵᠡᠷᠭᠡ ᠬᠥᠭᠦᠷᠭᠡ ᠶᠢᠨ ᠪᠠᠷᠠᠭᠤᠨ ᠬᠡᠰᠡᠭ ᠤᠨ 7 ᠦᠯᠡᠳᠡᠭᠳᠡᠯ ᠪᠠᠭᠤᠷᠢ ᠶᠢ ᠨᠢᠭᠡᠳᠭᠡᠨ ᠰᠡᠯᠪᠢᠨ ᠵᠠᠰᠠᠵᠤ᠂ ᠬᠤᠪᠢᠰᠬᠠᠯ ᠤᠨ ᠲᠤᠬᠠᠢ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠠᠮ ᠱᠤᠭᠤᠮ ᠢ ᠬᠦᠴᠦᠯᠡᠨ ᠪᠣᠢ ᠪᠣᠯᠭᠠᠨ᠎ᠠ  ᠃ ᠮᠣᠩᠭᠤᠯ ᠮᠣᠷᠢ ᠶᠢᠨ ᠭᠠᠶᠢᠬᠠᠮᠰᠢᠭᠲᠤ ᠲᠣᠭᠯᠠᠯᠲᠠ ᠪᠠᠷ ᠬᠥᠲᠥᠯᠦᠭᠰᠡᠨ᠂ ᠣᠯᠠᠨ ᠤᠯᠤᠰ ᠤᠨ ᠠᠷᠠᠰᠤᠨ ᠡᠳ᠋ᠯᠡᠯ ᠤᠨ ᠬᠤᠲᠠ᠂ ᠵᠢᠨᠢᠩ ᠤᠨ ᠡᠷᠲᠡᠨ ᠤ ᠬᠤᠲᠠ᠂ ᠿᠢ ᠭᠤᠸᠠᠩ ᠲᠠᠯ᠎ᠠ ᠨᠤᠲᠤᠭ᠂ ᠠᠷᠠᠳ ᠤᠨ ᠬᠤᠨᠤᠭ ᠤᠨ ᠭᠠᠵᠠᠷ᠂ ᠦᠨᠳᠦᠰᠦᠲᠡᠨ ᠤ ᠵᠠᠩ ᠦᠢᠯᠡ ᠰᠣᠶᠣᠯ ᠢ ᠣᠶᠢᠯᠠᠭᠠᠬᠤ ᠵᠠᠮ ᠱᠤᠭᠤᠮ ᠢ ᠬᠦᠴᠦᠯᠡᠨ ᠪᠠᠶᠢᠭᠤᠯᠣᠨ᠎ᠠ  ᠃ ᠤᠮᠠᠷᠠᠲᠤ ᠶᠢᠨ ᠲᠠᠯ᠎ᠠ ᠨᠤᠲᠤᠭ ᠢᠶᠠᠷ ᠲᠤᠯᠭᠠᠭᠤᠷᠢ ᠪᠣᠯᠭᠠᠨ ᠲᠡᠭᠰᠢᠳᠭᠡᠯ ᠲᠡᠷᠭᠡᠨ ᠤᠷᠤᠯᠳᠤᠭᠠᠨ᠂ ᠣᠶᠤᠨᠲᠤ ᠭᠡᠷ ᠲᠡᠷᠭᠡ ᠶᠢᠨ ᠬᠤᠸᠠᠷᠠᠨ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ᠂ ᠴᠠᠰᠤ ᠮᠥᠰᠥᠨ ᠤ ᠬᠥᠳᠡᠯᠭᠡᠭᠡᠨ᠂ ᠲᠠᠯ᠎ᠠ ᠨᠤᠲᠤᠭ ᠤᠨ ᠵᠠᠩ ᠵᠠᠩᠰᠢᠯ ᠤᠨ ᠵᠤᠭᠠᠴᠠᠯ ᠤᠨ ᠱᠤᠭᠤᠮ ᠢ ᠬᠦᠴᠦᠯᠡᠨ ᠪᠠᠶᠢᠭᠤᠯᠣᠨ᠎ᠠ᠃ ᠣᠳᠣ ᠪᠠᠶᠢᠭ᠎ᠠ ᠡᠮᠴᠢᠯᠡᠭᠡᠨ ᠤ ᠡᠬᠢ ᠪᠠᠶᠠᠯᠢᠭ ᠢᠶᠠᠷ ᠭᠠᠷᠳᠠᠨ ᠬᠢᠬᠦ ᠴᠡᠭ ᠪᠣᠯᠭᠠᠵᠤ᠂ ᠯᠠᠨ ᠴᠧᠩ᠂ ᠬᠦᠢ ᠣᠥ ᠵᠡᠷᠭᠡ ᠲᠣᠮᠣ ᠬᠡᠯᠪᠡᠷᠢ ᠶᠢᠨ ᠡᠷᠡᠭᠦᠯᠵᠢᠯ ᠤᠨ ᠨᠡᠷᠡᠲᠦ ᠲᠡᠮᠳᠡᠭᠲᠦ ᠶᠢ ᠣᠷᠣᠭᠤᠯᠵᠤ᠂ ᠬᠤᠩ ᠬᠠᠢ ᠽᠢ᠂ ᠪᠠᠢ ᠬᠠᠢ ᠽᠢ᠂ ᠪᠠᠢ ᠸᠠᠩ ᠡᠷᠡᠭᠦᠯᠵᠢᠯ ᠰᠤᠪᠢᠯᠠᠯᠲᠠ ᠶᠢᠨ ᠲᠣᠭᠤᠷᠢᠭ ᠢᠶᠠᠷ ᠭᠤᠣᠯ ᠴᠣᠭᠴᠠ ᠪᠣᠯᠭᠠᠭᠰᠠᠨ ︽ᠬᠢᠲᠠᠳ ᠡᠮᠴᠢᠯᠡᠭᠡ ᠰᠤᠪᠢᠯᠠᠯᠲᠠ᠂ ᠮᠣᠩᠭᠤᠯ ᠡᠮᠴᠢᠯᠡᠭᠡ ᠡᠷᠡᠭᠦᠯᠵᠢᠯ᠂ ᠵᠢᠭᠤᠯᠴᠢᠯᠠᠯ ᠡᠷᠡᠭᠦᠯ ᠮᠡᠨᠳᠦ ᠶᠢᠨ ᠰᠤᠪᠢᠯᠠᠯᠲᠠ︾᠎ ᠪᠠᠷ ᠨᠢᠭᠡ ᠴᠣᠭᠴᠠ ᠪᠣᠯᠭᠠᠭᠰᠠᠨ ᠲᠣᠮᠣ ᠡᠷᠡᠭᠦᠯ ᠮᠡᠨᠳᠦ ᠬᠥᠭᠵᠢᠯᠲᠡ ᠶᠢᠨ ᠵᠠᠭᠪᠤᠷ ᠨᠢ ᠮᠠᠨ ᠤ ᠲᠣᠭᠤᠷᠢᠭ ᠦᠨᠡᠨᠬᠦ ᠪᠡᠭᠡᠵᠢᠩ ᠲᠢᠶᠠᠨᠵᠢᠨ ᠾᠧᠪᠧᠢ ᠳᠤ ᠬᠠᠨᠳᠤᠭᠤᠯᠤᠭᠰᠠᠨ ᠣᠨᠴᠠᠯᠢᠭᠲᠤ ᠵᠢᠭᠤᠯᠴᠢᠯᠠᠯ ᠤᠨ ᠡᠷᠡᠭᠦᠯᠵᠢᠯ ᠤᠨ ᠭᠠᠵᠠᠷ ᠪᠣᠯᠭᠠᠬᠤ ᠪᠠ ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠪᠤᠢ ᠪᠣᠯᠭᠠᠨ᠎ᠠ᠃ ᠤᠯᠠᠭᠠᠨᠴᠠᠪ ᠤᠨ ᠬᠤᠷᠠᠯ ᠦᠵᠡᠰᠬᠦᠯᠡᠩ ᠤᠨ ᠲᠥᠪ᠂ ᠪᠡᠶ᠎ᠡ ᠲᠠᠮᠢᠷ ᠤᠨ ᠲᠠᠯᠠᠪᠠᠢ᠂ ᠲᠣᠣᠷ ᠪᠥᠮᠪᠦᠭᠡ ᠶᠢᠨ ᠣᠷᠳᠣᠨ ᠵᠡᠷᠭᠡ ᠲᠣᠮᠣ ᠬᠡᠯᠪᠡᠷᠢ ᠶᠢᠨ ᠣᠷᠳᠣᠨ ᠲᠠᠯᠠᠪᠠᠢ ᠪᠠᠷ ᠲᠦᠰᠢᠭ ᠪᠣᠯᠭᠠᠵᠤ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠬᠤᠷᠠᠯ ᠵᠢᠴᠢ ᠪᠡᠶ᠎ᠡ ᠲᠠᠮᠢᠷ ᠤᠨ ᠤᠷᠤᠯᠳᠤᠭᠠᠨ ᠢ ᠢᠳᠡᠪᠬᠢᠲᠡᠢ ᠲᠡᠳᠡᠨ ᠣᠷᠣᠭᠤᠯᠵᠤ᠂ ᠠᠵᠣ ᠠᠬᠤᠢ ᠶᠢᠨ ᠬᠠᠮ ᠦᠵᠡᠰᠬᠦᠯᠡᠩ ᠂ ᠠᠵᠣ ᠠᠬᠤᠢ ᠶᠢᠨ ᠤᠷᠤᠯᠳᠤᠭᠠᠨ ᠶᠢ ᠶᠡᠬᠡᠪᠡᠷ ᠬᠥᠭᠵᠢᠭᠦᠯᠦᠨ᠎ᠡ᠃ ᠿᠢ ᠱᠧᠩ ᠶᠢᠨ ᠮᠧᠩ᠂ ᠥᠪᠥᠷ ᠮᠣᠩᠭᠤᠯ ᠤᠨ ᠪᠠᠩᠬᠢ ᠶᠢᠨ ᠪᠠᠭᠤᠳᠠᠯ ᠤᠨ ᠬᠤᠳᠠᠯᠳᠤᠭᠠᠴᠢᠨ ᠤᠷᠢᠵᠤ ᠡᠵᠡᠩᠨᠡᠬᠦ ᠠᠵᠢᠯᠯᠠᠭ᠎ᠠ ᠶᠢ ᠲᠦᠷᠭᠡᠳᠬᠡᠨ᠂ ᠰᠢᠨ᠎ᠡ ᠪᠠᠷ ᠪᠠᠶᠢᠭᠤᠯᠤᠭᠰᠠᠨ ᠷᠦᠢ ᠨᠢᠩ ᠪᠠᠭᠤᠳᠠᠯ᠂ ᠣᠯᠠᠨ ᠤᠯᠤᠰ ᠤᠨ ᠠᠷᠠᠰᠤᠨ ᠡᠳ᠋ᠯᠡᠯ ᠤᠨ ᠬᠤᠲᠠ ᠵᠡᠷᠭᠡ ᠣᠳᠣ ᠪᠠᠶᠢᠭ᠎ᠠ ᠬᠤᠳᠠᠯᠳᠤᠭᠠᠨ ᠤ ᠲᠠᠯᠠᠪᠠᠢ ᠶᠢᠨ ᠳᠡᠰ ᠳᠡᠪᠰᠢᠭᠦᠯᠦᠨ ᠳᠡᠭᠡᠭᠰᠢᠭᠦᠯᠵᠦ ᠵᠢᠨᠢᠩ ᠤᠨ ᠡᠷᠲᠡᠨ ᠤ ᠬᠤᠲᠠ᠂ ᠴᠠᠬᠠᠷ ᠡᠷᠳᠡᠨ ᠤ ᠵᠡᠭᠡᠯᠢ ᠭᠤᠳᠤᠮᠵᠢ ᠶᠢ ᠭᠦᠭᠵᠢᠶᠡᠨ ᠲᠠᠢ ᠪᠣᠯᠭᠠᠵᠣ᠂ ᠸᠠᠨ  ᠳ᠋ᠠ ᠠᠭᠤᠳᠠᠮ ᠲᠠᠯᠠᠪᠠᠢ᠂ ᠦ᠋ ᠶᠤᠸᠠᠢ ᠠᠭᠤᠳᠠᠮ ᠲᠠᠯᠠᠪᠠᠢ ᠶᠢᠨ ᠳᠡᠭᠡᠳᠦ ᠳᠡᠰ ᠤᠨ ᠬᠤᠳᠠᠯᠳᠤᠭᠠᠨ ᠤ ᠲᠣᠭᠤᠷᠢᠭ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃ ᠬᠤᠲᠠ ᠶᠢᠨ ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ᠂ ᠵᠤᠭ᠎ᠠ ᠴᠡᠩᠭᠡᠯ ᠵᠡᠷᠭᠡ ᠵᠤᠭᠠᠴᠠᠯ ᠤᠨ ᠢᠵᠢ ᠪᠦᠷᠢᠳᠦᠭᠰᠡᠨ ᠡᠵᠡᠩᠨᠡᠯᠲᠡ ᠶᠢᠨ ᠬᠡᠯᠪᠡᠷᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠫᠠᠶᠢᠰᠠ ᠲᠡᠮᠳᠡᠭ ᠢ ᠳᠦᠷᠢᠮᠵᠢᠭᠦᠯᠦᠨ ᠲᠡᠭᠡᠭᠰᠢᠯᠡᠭᠦᠯᠵᠦ᠂ ᠳᠠᠭ᠎ᠠ ᠶᠢᠨ ᠨᠠᠭᠤᠷ᠂ ᠬᠤᠸᠠᠩ ᠬᠤᠸᠠ ᠭᠧᠦ ᠵᠡᠷᠭᠡ ᠳᠠᠪᠠᠭᠤᠯᠢᠭ ᠵᠢᠭᠤᠯᠴᠢᠯᠠᠯ ᠤᠨ ᠡᠬᠢ ᠪᠠᠶᠠᠯᠢᠭ᠂ ᠵᠠᠰᠠᠮᠠᠯ ᠵᠠᠮ᠂ ᠥᠨᠳᠥᠷ ᠬᠤᠷᠳᠣᠴᠠᠳᠣ ᠲᠡᠮᠦᠷ ᠵᠠᠮ᠂ ᠨᠢᠰᠬᠡᠯ ᠤᠨ ᠪᠠᠭᠤᠳᠠᠯ ᠤᠨ ᠬᠥᠮᠦᠨ ᠤ ᠤᠷᠤᠰᠬᠠᠯ ᠤᠨ ᠳᠠᠪᠠᠭᠤᠯᠢᠭ ᠲᠤ ᠲᠦᠰᠢᠭᠯᠡᠵᠦ᠂ ᠥᠪᠡᠰᠦᠪᠡᠨ ᠲᠡᠷᠭᠡ ᠵᠢᠯᠣᠭᠤᠳᠬᠤ᠂ ᠥᠨᠳᠥᠷ ᠬᠤᠷᠳᠣᠴᠠᠳᠣ ᠲᠡᠮᠦᠷ ᠵᠠᠮ᠂ ᠠᠶᠠᠯᠠᠯ ᠨᠡᠪᠲᠡᠷᠡᠬᠦ ᠵᠡᠷᠭᠡ ᠵᠢᠭᠤᠯᠴᠢᠯᠠᠯ ᠤᠨ ᠬᠡᠷᠡᠭᠯᠡᠭᠡ ᠢ ᠶᠡᠭᠡᠪᠡᠷ ᠬᠦᠭᠵᠢᠭᠦᠯᠵᠦ᠂ ᠮᠠᠨ ᠤ ᠲᠣᠭᠤᠷᠢᠭ ᠦᠨᠡᠨᠬᠦ ︽ᠢᠳᠡᠵᠦ ᠤᠤᠭᠤᠬᠤ ᠵᠢᠭᠤᠴᠠᠬᠤ ᠪᠠᠷᠠᠭ᠎ᠠ ᠠᠪᠬᠤ ᠨᠠᠭᠠᠳᠴᠤ ᠴᠡᠩᠭᠡᠬᠦ︾᠎ ᠶᠢ ᠨᠢᠭᠡ ᠴᠤᠭᠴᠠᠵᠢᠭᠤᠯᠤᠭᠰᠠᠨ ᠣᠷᠣᠨ ᠪᠦᠰᠡ ᠶᠢᠨ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠪᠣᠯᠭᠠᠨ ᠪᠠᠶᠢᠭᠤᠯᠤᠨ᠎ᠠ᠃ ᠬᠠᠭᠤᠷᠠᠢ ᠭᠠᠷᠠᠮ ᠤᠨ ᠬᠡᠯᠪᠡᠷᠢᠲᠦ ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ ᠬᠦᠢᠰᠦ ᠬᠤᠲᠠ ᠪᠠᠷ ᠠᠴᠢᠶᠠᠯᠠᠭᠴᠢ ᠬᠤᠲᠠ ᠪᠠ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠬᠦᠢᠰᠦ ᠴᠡᠭ ᠤᠨ ᠬᠤᠲᠠ ᠶᠢ ᠠᠴᠢᠶᠠᠯᠠᠪᠤᠷᠢ ᠪᠣᠯᠭᠠᠨ᠂ ᠳᠣᠯᠣᠳᠤᠭᠠᠷ ᠰᠤᠮᠤ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ᠂ ᠲᠣᠮᠳᠠᠳᠣ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠵᠡᠷᠭᠡ ᠳᠠᠪᠠᠭᠤᠯᠢᠭ ᠡᠬᠢ ᠪᠠᠶᠠᠯᠢᠭ᠂ ᠣᠷᠣᠰ ᠮᠣᠩᠭᠤᠯ ᠤᠨ ᠠᠮᠤ ᠲᠣᠰᠣ᠂ ᠬᠥᠯᠳᠡᠭᠡᠭᠰᠡᠨ ᠵᠦᠢᠯ᠂ ᠮᠣᠳᠣᠨ ᠮᠠᠲ᠋ᠧᠷᠢᠶᠠᠯ ᠴᠠᠭᠠᠰᠤᠨ ᠡᠭᠡᠳᠡᠩ᠂ LNG ᠵᠡᠷᠭᠡ ᠶᠡᠭᠡ ᠬᠡᠮᠵᠢᠶᠡᠨ ᠤ ᠡᠳ᠋ ᠪᠣᠳᠠᠰ ᠢ ᠭᠦᠨᠵᠡᠭᠡᠢ ᠪᠣᠯᠪᠠᠰᠤᠷᠠᠭᠤᠯᠬᠤ ᠠᠵᠤ ᠠᠬᠤᠶᠢᠯᠠᠯ ᠢ ᠢᠳᠡᠪᠬᠢᠲᠡᠢ ᠣᠷᠣᠭᠤᠯᠵᠤ ᠢᠷᠡᠨ ᠲᠣᠮᠳᠠᠳᠣ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠪᠠᠷᠠᠭᠠᠨ ᠤ ᠨᠡᠮᠡᠯᠲᠡ ᠥᠷᠲᠡᠭ ᠤᠨ ᠬᠤᠪᠢᠷᠠᠯᠲᠠ ᠶᠢ ᠳᠡᠭᠡᠭᠰᠢᠯᠡᠭᠦᠯᠦᠨ᠎ᠡ᠃ ︽ᠵᠠᠮ ᠢ ᠨᠡᠪᠲᠡᠷᠡᠭᠦᠯᠬᠦ ᠠᠵᠤ ᠠᠬᠤᠢ︾᠎ ᠶᠢ ︽ᠲᠠᠯᠪᠢᠴᠠᠳᠣ ᠠᠵᠣ ᠠᠬᠤᠢ︾ ᠪᠣᠯᠭᠠᠨ ᠬᠤᠪᠢᠷᠠᠭᠤᠯᠤᠨ᠎ᠠ᠃ ᠤᠮᠠᠷᠠᠲᠤ ᠣᠷᠣᠨ ᠤ ᠡᠬᠡ ᠬᠠᠭᠤᠷᠠᠢ ᠶᠢᠨ ᠭᠠᠷᠠᠮ ᠤᠨ ᠠᠵᠢᠯᠯᠠᠭᠠᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠠᠭᠠᠨᠴᠠᠪ — ᠡᠷᠢᠶᠡᠨ ᠬᠤᠲᠠ ᠶᠢᠨ ᠬᠠᠭᠤᠷᠠᠢ ᠭᠠᠷᠠᠮ ᠤᠨ ᠬᠡᠯᠪᠡᠷᠢ ᠪᠦᠬᠦᠢ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠂ ᠳᠤᠮᠳᠠᠳᠤ ᠤᠯᠤᠰ ᠤᠨ AOPA ᠤᠯᠠᠭᠠᠨᠴᠠᠪ ᠤᠨ ᠠᠭᠠᠷ ᠤᠨ ᠠᠶᠠᠯᠠᠯ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠᠨ ᠤ ᠲᠣᠭᠤᠷᠢᠭ ᠦᠨᠡᠨᠬᠦ ᠬᠥᠬᠡᠬᠤᠲᠠ ᠪᠤᠭᠤᠲᠤ ᠣᠷᠳᠣᠰ ᠶᠢ ᠳᠦᠰᠢᠵᠦ᠂ ᠪᠡᠭᠡᠵᠢᠩ ᠲᠢᠶᠠᠨᠵᠢᠨ ᠾᠧᠪᠧᠢ ᠲᠠᠢ ᠠᠭᠤᠰᠣᠯᠠᠯᠴᠠᠵᠣ᠂ ᠣᠷᠣᠰ ᠮᠣᠩᠭᠤᠯ ᠧᠦ᠋ᠷᠣᠫᠠ ᠶᠢ ᠬᠤᠯᠪᠣᠭᠰᠠᠨ ᠡᠬᠡ ᠬᠠᠭᠤᠷᠠᠢ ᠶᠢᠨ ᠭᠠᠷᠠᠮ ᠤᠨ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ᠃ ︽ᠬᠦᠷᠢᠶᠡᠯᠡᠩ ᠲᠣᠭᠤᠷᠢᠭ ᠢ ᠲᠡᠰ ᠳᠡᠪᠰᠢᠭᠦᠯᠬᠦ ᠠᠵᠢᠯᠯᠠᠭ᠎ᠠ︾᠎ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠪᠠᠢ ᠬᠠᠢ ᠽᠢ ᠠᠵᠤ ᠦᠢᠯᠡᠳᠪᠦᠷᠢ ᠶᠢᠨ ᠬᠦᠷᠢᠶᠡᠯᠡᠩ᠂ ᠳᠣᠯᠣᠳᠤᠭᠠᠷ ᠰᠤᠮᠤ ᠶᠢᠨ ᠪᠣᠳᠠᠰ ᠤᠨ ᠭᠦᠢᠯᠭᠡᠭᠡᠨ ᠤ ᠬᠦᠷᠢᠶᠡᠯᠡᠩ ᠤᠨ ᠶᠡᠷᠦᠩᠬᠡᠢ ᠲᠥᠯᠥᠪᠵᠢᠭᠦᠯᠭᠡ ᠪᠠ ᠢᠵᠢ ᠪᠦᠷᠢᠳᠦᠭᠦᠯᠬᠦ ᠲᠥᠯᠥᠪᠵᠢᠭᠦᠯᠭᠡ ᠶᠢ ᠵᠠᠰᠠᠨ ᠨᠠᠶᠢᠷᠠᠭᠤᠯᠵᠤ᠂ ᠠᠵᠤ ᠦᠢᠯᠡᠰ ᠤᠨ ᠴᠢᠳᠠᠪᠬᠢ ᠶᠢᠨ ᠲᠣᠭᠤᠷᠢᠭ ᠢ ᠵᠣᠬᠢᠰᠲᠠᠢ ᠬᠤᠪᠢᠶᠠᠷᠢᠯᠠᠵᠤ᠂ ᠵᠠᠮ ᠵᠡᠷᠭᠡ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠭᠤᠷ᠂ ᠪᠠᠶᠢᠭᠠᠯᠢ ᠶᠢᠨ ᠰᠢᠲᠠᠮᠠᠬᠠᠢ ᠬᠡᠢ᠂ ᠲᠠᠬᠢᠨ ᠬᠡᠷᠡᠭᠯᠡᠬᠦ ᠤᠰᠤ ᠵᠡᠷᠭᠡ ᠶᠢ ᠬᠦᠷᠢᠶᠡᠯᠡᠩ ᠳᠤ ᠪᠦᠷᠢᠨ ᠪᠦᠷᠬᠦᠭᠦᠯᠬᠦ ᠶᠢ ᠲᠦᠯᠬᠢᠨ ᠠᠬᠢᠭᠤᠯᠤᠨ᠎ᠠ᠃ ︽ᠮᠦ ᠪᠦᠷᠢ ᠪᠠᠷ ᠦᠷ᠎ᠡ ᠪᠦᠳᠦᠮᠵᠢ ᠎ ᠶᠢ ᠥᠭᠦᠯᠡᠬᠦ︾ ᠦᠵᠡᠯᠳᠡ ᠢ ᠪᠠᠲᠤ ᠪᠠᠬᠢ ᠪᠣᠢ ᠪᠣᠯᠭᠠᠵᠤ᠂ ᠭᠠᠵᠠᠷ ᠬᠡᠷᠡᠭᠯᠡᠬᠦ ᠭᠦᠢᠴᠡᠳᠬᠡᠬᠦ ᠲᠤᠭ᠎ᠠ ᠶᠢ ᠢᠳᠡᠪᠬᠢᠲᠡᠢ ᠪᠠᠷ ᠴᠢᠷᠮᠠᠶᠢᠨ ᠣᠯᠵᠤ᠂ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠰᠤᠯᠠ ᠭᠠᠵᠠᠷ ᠢ ᠬᠡᠷᠡᠭᠯᠡᠬᠦ᠂ ︽ᠦᠬᠦᠰᠢᠷᠡᠮᠡᠯ ᠠᠵᠤ ᠠᠬᠤᠶᠢᠯᠠᠯ︾ ᠪᠣᠯᠤᠨ ᠵᠠᠳᠠᠭᠠᠢ᠂ ᠡᠮᠬᠢ ᠵᠠᠮᠪᠠᠷᠠᠭ᠎ᠠ ᠦᠭᠡᠢ ᠪᠣᠬᠢᠷᠳᠠᠯ ᠲᠠᠢ ᠠᠵᠤ ᠠᠬᠤᠶᠢᠯᠠᠯ ᠢ ᠴᠡᠪᠡᠷᠯᠡᠨ ᠠᠮᠢᠳᠤᠯᠢᠭ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠮᠦ ᠪᠦᠷᠢ ᠶᠢᠨ ᠭᠠᠷᠤᠯᠲᠠ ᠶᠢᠨ ᠦᠷ᠎ᠡ ᠠᠰᠢᠭ ᠢ ᠦᠨᠡᠯᠡᠬᠦ ᠪᠠ ᠳᠣᠣᠷ᠎ᠠ ᠦᠷ᠎ᠡ ᠠᠰᠢᠭ ᠢᠶᠠᠷ ᠪᠤᠴᠠᠭᠠᠬᠤ ᠲᠣᠭᠲᠠᠴᠠ ᠶᠢ ᠪᠠᠶᠢᠭᠤᠯᠤᠨ᠂ ᠡᠬᠢ ᠪᠠᠶᠠᠯᠢᠭ ᠢ ᠰᠤᠯᠠ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠵᠦ᠃ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠪᠣᠯᠤᠨ ᠦᠷᠢᠰᠦᠯᠳᠦᠬᠦ᠂ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠶ᠎ᠡ᠃ ︽ᠪᠦᠬᠦ ᠠᠵᠢᠯᠲᠠᠨ ᠤ ᠬᠤᠳᠠᠯᠳᠤᠭᠠᠴᠢᠨ ᠤᠷᠢᠬᠤ ᠠᠵᠢᠯᠯᠠᠭ᠎ᠠ︾᠎ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠪᠦᠬᠦ ᠬᠤᠲᠠ ᠪᠠᠷ ᠢᠶᠠᠨ ︽ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠣᠪᠣᠷ ᠰᠤᠷᠲᠠᠯ ᠢ ᠴᠡᠭᠴᠡᠯᠡᠨ ᠵᠠᠰᠠᠬᠤ ᠵᠢᠯ︾ ᠪᠣᠯᠤᠨ ︽ᠪᠦᠬᠦ ᠠᠵᠢᠯᠲᠠᠨ ᠠᠷᠠᠯᠵᠢᠶᠠᠴᠢᠨ ᠤᠷᠢᠬᠤ ᠵᠢᠯ︾᠎ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠨ᠂ ᠡᠨᠧᠷᠭᠢ ᠠᠷᠪᠢᠯᠠᠨ ᠬᠤᠷᠣᠭᠳᠠᠯ ᠪᠠᠭᠠᠰᠬᠠᠬᠤ ᠶᠢ ᠴᠢᠬᠤᠯᠠᠴᠢᠯᠠᠵᠤ᠂ ᠣᠷᠣᠨ ᠵᠠᠢ ᠶᠢ ᠠᠰᠢᠭᠯᠠᠨ᠂ ᠤᠰᠤ ᠬᠡᠷᠡᠭᠯᠡᠬᠦ ᠶᠢ ᠴᠢᠬᠤᠯᠠᠴᠢᠯᠠᠨ ᠬᠢᠵᠠᠭᠠᠷᠯᠠᠵᠤ᠂ ᠲᠤᠬᠠᠢ ᠶᠢᠨ ᠭᠠᠵᠠᠷ ᠲᠠᠭᠠᠨ ᠲᠣᠬᠢᠷᠠᠭᠤᠯᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠪᠡ᠃ ᠤᠳᠤᠷᠢᠳᠬᠤ ᠺᠠᠲᠠᠷ ᠲᠦᠷᠦᠭᠦᠯᠡᠨ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠣᠷᠣᠨ ᠪᠦᠰᠡ ᠶᠢ ᠴᠢᠩᠭ᠎ᠠ ᠠᠩᠬᠠᠷᠴᠤ᠂ ᠣᠨᠴᠠᠭᠠᠶᠢᠯᠠᠨ ᠪᠡᠭᠡᠵᠢᠩ ᠤᠨ ᠨᠡᠶᠢᠰᠯᠡᠯ ᠤᠨ ᠪᠤᠰᠤ ᠴᠢᠳᠠᠪᠬᠢ ᠶᠢᠨ ᠠᠵᠤ ᠦᠢᠯᠡᠰ ᠤᠨ ᠰᠢᠯᠵᠢᠯᠲᠡ᠂ ᠬᠦᠷᠢᠶ᠎ᠡ ᠬᠡᠪᠴᠢᠶ᠎ᠡ ᠬᠤᠪᠢᠶᠠᠨ ᠪᠦᠬᠦ ᠠᠵᠢᠯᠳᠠᠨ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶᠡᠵᠢᠯ ᠤᠨ ᠠᠷᠠᠯᠵᠢᠶᠠᠴᠢᠨ ᠤᠷᠢᠬᠤ ᠵᠡᠷᠭᠡ ᠨᠢᠭᠡ ᠪᠦᠯᠦᠭ ᠮᠠᠨ ᠤ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ ᠲᠣᠯᠣᠭᠠᠶᠢᠯᠠᠭᠴᠢ ᠬᠡᠯᠪᠡᠷᠢ᠂ ᠰᠠᠭᠤᠷᠢᠨ ᠭᠠᠵᠠᠷ ᠤᠨ ᠬᠡᠯᠪᠡᠷᠢ ᠶᠢᠨ ᠳᠠᠭᠠᠭᠤᠯᠤᠭᠴᠢ ᠠᠵᠤ ᠠᠬᠤᠶᠢᠯᠠᠯ ᠢ ᠤᠷᠢᠨ ᠣᠷᠣᠭᠤᠯᠵᠤ᠂ ᠵᠢᠯ ᠤᠨ ᠳᠣᠲᠣᠷ᠎ᠠ ᠳ᠋ᠦᠩᠰᠢᠭᠤᠷ ᠳᠦᠭᠦᠷᠢᠭ ᠠᠴᠠ ᠳᠡᠭᠡᠭᠰᠢᠬᠢ 20 ᠳᠦᠷᠥᠯ ᠠᠴᠠ ᠳᠡᠭᠡᠭᠰᠢᠬᠢ ᠭᠡᠷ᠎ᠡ ᠳᠣᠭᠳᠠᠨ ᠨᠠᠶᠢᠳᠠᠪᠣᠷᠵᠢᠭᠤᠯᠬᠤ ᠶᠢ ᠪᠠᠳᠣᠯᠠᠵᠣ᠂ ︽ᠨᠢᠭᠡ ᠪᠦᠯᠦᠭ ᠨᠢ ᠪᠠᠷᠢᠯᠭ᠎ᠠ ᠳᠠᠭᠤᠰᠬᠤ᠂ ᠨᠢᠭᠡ ᠪᠦᠯᠦᠭ ᠨᠢ ᠡᠵᠢᠯ ᠡᠬᠢᠯᠡᠭᠦᠯᠬᠦ᠂ ᠨᠢᠭᠡ ᠪᠦᠯᠦᠭ ᠨᠢ ᠨᠦᠬᠡᠴᠡᠯᠡᠬᠦ᠂ ᠨᠢᠭᠡ ᠪᠦᠯᠦᠭ ᠶᠢ ᠲᠥᠯᠥᠪᠯᠡᠬᠦ︾ ᠠᠵᠤ ᠦᠢᠯᠡᠰ ᠤᠨ ᠬᠥᠳᠡᠯᠦᠩᠭᠦᠢ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠪᠦᠷᠢᠯᠳᠦᠭᠦᠯᠬᠦ ᠬᠡᠷᠡᠭᠲᠡᠢ᠃             ︵ᠬᠤᠶᠠᠷ︶ ᠰᠢᠶᠠᠩ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣ ᠦᠶ᠎ᠡ ᠶᠢᠨ ᠲᠠᠷᠢᠶᠠᠯᠠᠩ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠳᠡᠭᠡᠷ᠎ᠡ ᠰᠢᠨ᠎ᠡ ᠰᠢᠪᠲᠤᠯᠤᠯᠲᠠ ᠭᠠᠷᠭᠠᠨ᠎ᠠ᠃ ᠲᠠᠷᠢᠶᠠᠯᠠᠩ ᠬᠥᠳᠡᠭᠡ ᠲᠣᠰᠬᠤᠨ ᠢ ᠤᠷᠢᠳᠠᠪᠡᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠠᠪᠴᠠᠯᠳᠤᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠲᠠᠷᠢᠶᠠᠯᠠᠩ ᠤᠨ ᠴᠢᠨᠠᠷ ᠰᠠᠶᠢᠲᠠᠢ ᠥᠨᠳᠥᠷ ᠦᠷ᠎ᠡ ᠠᠰᠢᠭᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ ᠬᠤᠲᠠ ᠶᠢᠨ ᠲᠡᠭᠦᠷᠭᠡ ᠶᠢᠨ ᠣᠨᠴᠠᠯᠢᠭᠲᠤ ᠲᠠᠷᠢᠶᠠᠯᠠᠩ ᠢ ᠬᠦᠴᠦ ᠲᠠᠯᠪᠢᠨ ᠬᠦᠭᠵᠢᠭᠦᠯᠦᠨ᠎ᠡ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠣ᠂ ᠿᠢ ᠭᠤᠸᠠᠩ ᠲᠠᠯ᠎ᠠ ᠨᠤᠲᠤᠭ · ᠠᠷᠠᠳ ᠤᠨ ᠬᠤᠨᠤᠭ ᠤᠨ ᠭᠠᠵᠠᠷ᠂ ᠤᠯᠠᠭᠠᠨᠴᠠᠪ ᠲᠠᠯ᠎ᠠ ᠨᠤᠲᠤᠭ ᠤᠨ ᠰᠣᠶᠣᠯ ᠵᠠᠩ ᠦᠢᠯᠡ ᠶᠢᠨ ᠬᠦᠷᠢᠶᠡᠯᠡᠩ᠂ ᠰᠢᠦᠢ ᠵᠢᠶᠠ ᠲᠣᠰᠬᠤᠨ ᠤ ᠡᠷᠡᠭᠦᠯᠵᠢᠯ ᠤᠨ ᠰᠡᠯᠡᠭᠦᠴᠡᠯᠲᠦ ᠲᠣᠰᠬᠤᠨ ᠵᠡᠷᠭᠡ ᠲᠥᠷᠥᠯ ᠵᠦᠢᠯ ᠢ ᠠᠵᠢᠯ ᠡᠬᠢᠯᠡᠭᠦᠯᠵᠦ᠂ ᠠᠮᠢ ᠠᠬᠤᠢ ᠶᠢᠨ ᠲᠠᠷᠢᠶᠠᠯᠠᠩ᠂ ᠲᠣᠭᠤᠷᠢᠨ ᠦᠵᠡᠬᠦ ᠲᠠᠷᠢᠶᠠᠯᠠᠩ᠂ ᠲᠡᠭᠦᠬᠦ ᠲᠠᠷᠢᠶᠠᠯᠠᠩ᠂ ᠵᠠᠬᠢᠶᠠᠯᠠᠭᠠᠲᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠰᠢᠶᠠᠩ ᠲᠣᠰᠬᠤᠨ ᠤ ᠵᠢᠭᠤᠯᠴᠢᠯᠠᠯ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ᠂ ᠰᠣᠶᠣᠯ ᠰᠡᠯᠡᠭᠦᠴᠡᠯ ᠪᠠᠷ ᠭᠤᠣᠯ ᠪᠣᠯᠭᠠᠭᠰᠠᠨ ᠬᠤᠳᠠ ᠶᠢᠨ ᠲᠡᠭᠦᠷᠭᠡ ᠶᠢᠨ ᠬᠡᠯᠪᠡᠷᠳᠦ ᠰᠢᠶᠠᠩ ᠲᠣᠰᠬᠤᠨ ᠬᠦᠭᠵᠢᠭᠰᠡᠨ ᠰᠢᠨ᠎ᠡ ᠪᠦᠳᠦᠴᠡ ᠶᠢ ᠬᠦᠴᠦᠯᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠣᠨ᠎ᠠ᠃ 25 ᠵᠠᠰᠠᠭ ᠵᠠᠬᠢᠷᠭᠠᠨ ᠤ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠲᠣᠭᠲᠠᠭᠠᠵᠤ᠂ ᠮᠠᠯ ᠵᠢᠭᠦᠷᠲᠡᠨ ᠤ ᠪᠠᠭᠠᠰᠤ ᠪᠤᠵᠠᠷᠲᠤᠯ ᠢ ᠡᠬᠢ ᠪᠠᠶᠠᠯᠢᠭ ᠪᠣᠯᠭᠠᠨ ᠠᠰᠢᠭᠯᠠᠬᠤ ᠢᠨᠵᠧᠨᠧᠷᠢᠩ ᠢ ᠪᠥᠬᠦ ᠲᠠᠯ᠎ᠠ ᠪᠠᠷ ᠪᠡᠶᠡᠯᠡᠭᠦᠯᠦᠨ᠎ᠡ᠂ ᠱᠧᠩ ᠵᠢᠶᠠ ᠶᠢᠩ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠪᠠ  ᠨᠠᠷᠠᠰᠤᠨ ᠭᠤᠤᠯ ᠵᠡᠷᠭᠡ 13 ᠠᠶᠢᠯ ᠲᠣᠰᠬᠤᠨ ᠤ ᠪᠤᠵᠠᠷ ᠤᠰᠤ ᠶᠢ ᠵᠠᠰᠠᠬᠤ ᠢᠨᠵᠧᠨᠧᠷᠢᠩ᠂ 1000 ᠡᠷᠦᠬᠡ ᠶᠢᠨ ᠵᠣᠷᠯᠣᠩ ᠢ ᠦᠭᠡᠷᠴᠢᠯᠡᠨ ᠪᠠᠶᠢᠭᠤᠯᠵᠤ᠂ 4 ᠵᠤᠷᠪᠤᠰ ᠵᠠᠰᠠᠮᠠᠯ ᠵᠠᠮ᠂ 53 ᠺᠢᠯᠣᠮᠧᠲᠷ ᠤᠨ ᠬᠦᠳᠡᠭᠡ ᠲᠣᠰᠬᠤᠨ ᠤ ᠰᠢᠨ᠎ᠡ ᠵᠠᠮ ᠢ ᠦᠷᠭᠦᠯᠵᠢᠯᠡᠨ ᠵᠠᠰᠠᠵᠣ᠂ ᠬᠤᠸᠠᠩ ᠎ ᠲᠤ ᠴᠠᠩ ᠵᠡᠷᠭᠡ 13 ᠵᠠᠰᠠᠭ ᠵᠠᠬᠢᠷᠭᠠᠨ ᠤ ᠲᠣᠰᠬᠤᠨ᠂ 71 ᠠᠶᠢᠯ ᠲᠣᠰᠬᠤᠨ ᠤ ᠨᠣᠭᠤᠭᠠᠷᠠᠭᠤᠯᠣᠯᠳᠠ ᠢᠨᠵᠧᠨ᠋ᠷᠢᠭ ᠢ ᠪᠡᠶᠡᠯᠡᠭᠦᠯᠵᠦ᠂ ᠰᠢᠶᠠᠩ ᠲᠣᠰᠬᠤᠨ ᠤ ᠠᠮᠢ ᠠᠬᠤᠢ ᠶᠢᠨ ᠭᠤᠶᠣ ᠰᠠᠶᠢᠬᠠᠨ ᠣᠷᠣᠨ ᠰᠠᠭᠤᠴᠠ ᠶᠢ ᠪᠠᠶᠢᠭᠤᠯᠣᠨ᠎ᠠ᠃ ᠬᠥᠳᠡᠭᠡ ᠲᠣᠰᠬᠤᠨ ᠤ ᠡᠯ᠎ᠡ ᠬᠦᠷᠢᠶᠡᠨ ᠳᠠᠬᠢ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠦᠨ᠎ᠡ᠃ ᠭᠠᠵᠠᠷ ᠰᠢᠷᠣᠢ ᠶᠢᠨ ᠡᠷᠬᠡ ᠶᠢ ᠲᠣᠳᠣᠯᠠᠨ ᠲᠣᠭᠲᠠᠭᠠᠭᠰᠠᠨ ᠦᠷ᠎ᠡ ᠪᠦᠲᠦᠭᠡᠯ ᠢ ᠭᠦᠢᠴᠡᠳ ᠠᠰᠢᠭᠯᠠᠵᠤ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠥᠮᠴᠢᠯᠡᠯ ᠤᠨ ᠡᠷᠬᠡ᠂ ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ ᠶᠢ ᠰᠠᠯᠭᠠᠨ ᠲᠣᠬᠢᠷᠠᠭᠤᠯᠵᠤ᠂ ᠡᠵᠡᠩᠨᠡᠯᠲᠡ ᠶᠢᠨ ᠡᠷᠬᠡ ᠶᠢ ᠡᠷᠭᠢᠯᠳᠦᠭᠦᠯᠬᠦ ᠪᠠ ᠪᠠᠷᠢᠴᠠᠭᠠᠯᠠᠬᠤ ᠬᠠᠮᠢᠶ᠎ᠠ ᠪᠦᠬᠦᠢ ᠳᠦᠷᠢᠮ ᠢ ᠪᠦᠷᠢᠨᠰᠢᠭᠦᠯᠦᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠡᠮᠬᠢ ᠵᠢᠷᠤᠮ ᠲᠠᠢ ᠪᠠᠷ ᠵᠢᠷᠤᠮᠵᠢᠭᠤᠯᠤᠨ ᠡᠷᠭᠢᠯᠳᠦᠭᠦᠯᠬᠦ ᠶᠢ ᠠᠬᠢᠭᠤᠯᠤᠨ᠎ᠠ᠃ ᠭᠡᠷ ᠪᠠᠶᠢᠰᠢᠩ ᠭᠠᠵᠠᠷ ᠰᠢᠷᠣᠢ ᠶᠢ ᠨᠢᠭᠡ ᠴᠣᠭᠴᠠᠵᠢᠭᠤᠯᠤᠭᠰᠠᠨ ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠬᠦ ᠳᠦᠷᠢᠮ ᠢ ᠰᠦᠪᠡᠭᠴᠢᠯᠡᠨ ᠪᠠᠶᠢᠭᠤᠯᠵᠤ᠂ ᠰᠤᠯᠠ ᠲᠠᠯᠪᠢᠵᠤ ᠪᠠᠶᠢᠭ᠎ᠠ ᠬᠥᠳᠡᠭᠡ ᠲᠣᠰᠬᠤᠨ ᠤ ᠭᠡᠷ ᠪᠠᠶᠢᠰᠢᠩ ᠢ ᠪᠦᠲᠦᠮᠵᠢᠲᠡᠢ ᠬᠥᠭᠵᠢᠭᠡᠨ᠂ ᠮᠠᠨ ᠤ ᠲᠣᠭᠤᠷᠢᠭ ᠤᠨ ᠬᠥᠳᠡᠭᠡ ᠠᠶᠢᠯ ᠤᠨ ᠵᠤᠭᠠᠴᠠᠯ᠂ ᠠᠷᠠᠳ ᠤᠨ ᠬᠤᠨᠤᠭ ᠤᠨ ᠠᠵᠤ ᠦᠢᠯᠡᠰ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠳᠤ ᠰᠠᠭᠤᠷᠢ ᠲᠠᠯᠪᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠪᠠᠨ ᠬᠦᠴᠦ ᠣᠷᠣᠭᠤᠯᠤᠨ ᠪᠠᠬᠢᠵᠢᠭᠦᠯᠦᠨ᠎ᠡ᠃ ︽ᠳᠥᠷᠪᠡ ᠶᠢ ᠦᠯᠦ ᠬᠠᠶᠠᠬᠤ︾᠎ ᠶᠢ ᠠᠯᠳᠠᠯ ᠦᠭᠡᠢ ᠠᠩᠬᠠᠷᠴᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠥᠨ ᠶᠠᠳᠠᠭᠤ ᠶᠢ ᠲᠡᠳᠬᠦᠬᠦ ᠲᠥᠷᠥᠯ ᠵᠦᠢᠯ ᠪᠠ ᠠᠵᠤ ᠦᠢᠯᠡᠰ ᠤᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠲᠣᠭᠲᠠᠭᠤᠨ ᠪᠤᠰᠤ ᠡᠷᠦᠬᠡ ᠪᠠ ᠬᠥᠪᠡᠭᠡ ᠵᠠᠬ᠎ᠠ ᠶᠢᠨ ᠡᠷᠦᠬᠡ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠬᠥᠳᠡᠯᠦᠩᠭᠦᠢ ᠬᠠᠪᠰᠤᠷᠤᠨ ᠲᠡᠳᠬᠦᠵᠦ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠣᠯᠠᠨ ᠲᠦᠮᠡᠨ ᠤ ᠦᠷᠭᠦᠯᠵᠢᠯᠡᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠠ ᠳᠠᠬᠢᠨ ᠶᠠᠳᠠᠭᠤᠷᠠᠬᠤ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃           ︵ᠭᠤᠷᠪᠠ︶ ᠬᠤᠲᠠ ᠶᠢᠨ ᠰᠢᠨᠡᠳᠬᠡᠬᠦ ᠠᠵᠢᠯᠯᠠᠭ᠎ᠠ ᠶᠢ ᠭᠤᠣᠯᠳᠠᠭᠤ ᠬᠤᠲᠠ ᠶᠢᠨ ᠴᠢᠳᠠᠪᠬᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠰᠢᠨ᠎ᠡ ᠳᠠᠪᠠᠯᠲᠠ ᠲᠠᠢ ᠪᠣᠯᠭᠠᠨ᠎ᠠ᠃ ︽ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠲᠥᠪ ᠬᠤᠲᠠ ᠲᠣᠭᠤᠷᠢᠭ ᠪᠠᠶᠢᠭᠤᠯᠬᠤ︾ ᠪᠦᠲᠦᠭᠡᠨ ᠪᠠᠶᠢᠭᠤᠯᠤᠯᠲᠠ ᠶᠢᠨ ᠵᠣᠷᠢᠯᠲᠠ ᠪᠠᠷ᠂ ᠬᠤᠲᠠ ᠶᠢᠨ ᠥᠩᠭᠡ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠬᠤᠲᠠ ᠶᠢᠨ ᠨᠡᠷ᠎ᠡ ᠶᠢᠨ ᠬᠠᠭᠤᠳᠠᠰᠤ ᠶᠢ ᠭᠡᠷᠡᠯᠲᠦᠭᠦᠯᠦᠨ᠎ᠡ᠃ ᠬᠤᠲᠠ ᠶᠢᠨ ᠴᠢᠳᠠᠪᠬᠢ ᠶᠢ ᠴᠢᠨᠠᠭᠰᠢᠳᠠ ᠡᠷᠴᠢᠮᠵᠢᠭᠦᠯᠦᠨ᠎ᠡ᠃ ᠰᠢᠨ᠎ᠡ ᠨᠢᠭᠡ ᠡᠭᠡᠯᠵᠢ ᠶᠢᠨ ᠬᠤᠲᠠ ᠶᠢᠨ ᠶᠡᠷᠦᠩᠬᠡᠢ ᠲᠦᠯᠦᠪᠵᠢᠭᠦᠯᠭᠡ᠂ ᠲᠦᠯᠦᠪᠵᠢᠭᠦᠯᠭᠡ ᠶᠢ ᠡᠵᠡᠮᠳᠡᠵᠣ᠂ ᠨᠠᠶᠢᠷᠠᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠡᠷᠴᠢᠮᠯᠢᠭ ᠠᠪᠰᠠᠷᠬᠠᠨ᠂ ᠨᠢᠭᠲᠠᠴᠠ ᠲᠠᠢ ᠣᠷᠣᠨ ᠵᠠᠢ ᠶᠢᠨ ᠪᠠᠶᠢᠷᠢᠰᠢᠯ ᠢ ᠦᠨᠡᠨᠬᠦ ᠪᠦᠷᠢᠯᠳᠦᠭᠦᠯᠦᠨ᠎ᠡ᠃ ᠵᠠᠮ ᠬᠠᠷᠢᠯᠴᠠᠭ᠎ᠠ᠂ ᠤᠰᠤ ᠴᠠᠬᠢᠯᠭᠠᠨ᠂ ᠬᠡᠢ᠂ ᠳᠤᠯᠠᠭᠠᠯᠠᠮᠵᠢ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠵᠦ ᠲᠦᠯᠬᠢᠨ ᠠᠬᠢᠭᠤᠯᠵᠣ᠂ ᠵᠢᠩ ᠬᠤᠩ ᠬᠤᠶᠢᠳᠣ ᠵᠠᠮ ᠵᠡᠷᠭᠡ 25 ᠵᠤᠷᠪᠤᠰ ᠵᠠᠮ ᠢ ᠰᠢᠨ᠎ᠡ ᠪᠠᠷ ᠦᠷᠭᠦᠯᠵᠢᠯᠡᠨ ᠪᠠᠶᠢᠭᠤᠯᠬᠤ ᠵᠢᠴᠢ 36 ᠺᠢᠯᠣᠮᠧᠲᠷ ᠬᠤᠭᠤᠯᠠᠢ ᠲᠣᠣᠷ ᠤᠨ ᠢᠨᠵᠧᠨᠧᠷᠢᠩ᠂ ᠤᠯᠠᠭᠠᠨᠴᠠᠪ ᠤᠨ ᠪᠠᠴᠢᠮ ᠪᠠᠶᠢᠳᠠᠯ ᠢ ᠠᠷᠭᠠᠴᠠᠬᠤ ᠤᠰᠤ ᠲᠠᠲᠠᠬᠤ ᠢᠨᠵᠧᠨᠧᠷᠢᠩ ᠢ ᠵᠣᠬᠢᠴᠠᠭᠤᠯᠤᠨ ᠠᠬᠢᠭᠤᠯᠵᠤ᠂ ᠮᠠ ᠯᠢᠶᠠᠨ ᠲᠠᠨ ᠤᠰᠤᠨ ᠤ ᠰᠤᠷᠪᠤᠯᠵᠢ᠂ ᠬᠤᠩ ᠬᠠᠢ ᠽᠢ ᠤᠰᠤᠨ ᠤ ᠦᠢᠯᠡᠳᠪᠦᠷᠢ ᠵᠢᠴᠢ ᠨᠢᠭᠡᠳᠦᠭᠡᠷ᠂ ᠬᠤᠶᠠᠳᠤᠭᠠᠷ ᠤᠰᠤᠨ ᠤ ᠦᠢᠯᠡᠳᠪᠦᠷᠢ ᠶᠢᠨ ᠬᠤᠭᠤᠯᠠᠢ ᠶᠢ ᠬᠤᠯᠪᠣᠨ ᠂ ᠰᠢᠨᠬᠤᠸ᠋ᠨ ᠵᠡᠭᠡᠯᠢ ᠶᠢᠨ ᠣᠰᠣᠨ ᠤ ᠦᠢᠯᠡᠳᠪᠦᠷᠢ ᠶᠢ ᠪᠠᠶᠢᠭᠤᠯᠵᠣ᠂ ᠪᠦᠬᠦ ᠲᠣᠭᠤᠷᠢᠭ ᠤᠨ ᠤᠰᠤ ᠬᠠᠩᠭᠠᠬᠤ ᠬᠤᠭᠤᠯᠠᠢ ᠶᠢ ᠬᠠᠷᠢᠯᠴᠠᠨ ᠬᠤᠯᠪᠣᠵᠣ ᠨᠡᠪᠳᠡᠷᠡᠭᠦᠯᠦᠨ᠂ ᠲᠥᠪ ᠬᠤᠳᠠ ᠲᠣᠭᠤᠷᠢᠭ ᠤᠨ ᠤᠰᠤ ᠬᠡᠷᠡᠭᠯᠡᠬᠦ ᠠᠮᠣᠷ ᠲᠦᠪᠰᠢᠨ ᠢ ᠪᠠᠳᠣᠯᠠᠨ᠎ᠠ᠃ ᠶᠦᠩ ᠠᠨ᠂ ᠲᠥᠪ ᠵᠡᠷᠭᠡ ᠵᠢᠷᠭᠤᠭᠠᠨ 110 KV ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠥᠪ ᠬᠤᠲᠠ ᠲᠣᠭᠤᠷᠢᠭ ᠤᠨ ᠴᠠᠬᠢᠯᠭᠠᠨ ᠤ ᠠᠶᠤᠯᠭᠦᠢ ᠶᠢ ᠪᠠᠲᠤᠯᠠᠨ᠎ᠠ  ᠃  ᠳᠤᠮᠳᠠᠳᠤ ᠤᠯᠤᠰ ᠤᠨ ᠰᠢᠲᠠᠮᠠᠬᠠᠢ ᠬᠡᠢ᠂ ᠲᠢᠶᠠᠨᠵᠢᠨ ᠤ ᠰᠢᠲᠠᠮᠠᠬᠠᠢ ᠬᠡᠢ ᠶᠢᠨ ᠺᠣᠮᠫᠠᠨᠢ ᠲᠠᠢ ᠬᠠᠮᠵᠢᠯᠴᠠᠬᠤ ᠬᠦᠴᠦᠯᠡᠴᠡ ᠪᠠᠨ ᠨᠡᠮᠡᠭᠳᠡᠭᠦᠯᠵᠦ᠂ ᠭᠤᠣᠯ ᠬᠤᠲᠠ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠢ ᠬᠡᠢ ᠶᠢ ᠡᠷᠦᠬᠡ ᠳᠤ ᠣᠷᠣᠭᠤᠯᠬᠤ ᠨᠣᠷᠮ᠎ᠠ ᠶᠢ 55%᠎ ᠳᠤ ᠬᠦᠷᠭᠡᠨ᠎ᠡ᠃ ᠵᠢᠩ ᠨᠢᠩ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠠᠬᠠᠷ᠂ ᠬᠤᠲᠠ ᠬᠥᠳᠡᠭᠡ ᠶᠢᠨ ᠨᠢᠭᠡᠳᠦᠯᠲᠡᠢ ᠢᠯᠴᠢ ᠶᠢᠨ ᠡᠨᠧᠷᠭᠢ ᠶᠢᠨ ᠦᠢᠯᠡᠳᠪᠦᠷᠢ ᠶᠢ ᠥᠷᠭᠡᠳᠬᠡᠨ ᠪᠠᠶᠢᠭᠤᠯᠵᠤ᠂ ᠢᠯᠴᠢ ᠰᠣᠯᠢᠬᠤ ᠥᠷᠲᠡᠭᠡᠨ ᠤ ᠥᠪᠡᠷ ᠢᠶᠠᠨ ᠡᠵᠡᠮᠰᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠣᠭᠲᠠᠭᠤᠨ ᠢᠶᠠᠷ ᠲᠦᠯᠬᠢᠨ ᠠᠬᠢᠭᠤᠯᠵᠣ᠂ ᠲᠥᠪ ᠬᠤᠳᠠ ᠲᠣᠭᠤᠷᠢᠭ ᠤᠨ ᠲᠣᠯᠠᠭᠠᠴᠠᠯᠭ᠎ᠠ ᠬᠠᠩᠭᠠᠬᠤ ᠶᠢ ᠪᠠᠳᠣᠯᠠᠨ᠎ᠠ᠃ ᠬᠤᠲᠠ ᠶᠢᠨ ᠳᠦᠷᠢ ᠲᠥᠷᠬᠦ ᠶᠢ ᠴᠢᠨᠠᠭᠰᠢᠳᠠ ᠳᠡᠭᠡᠭᠰᠢᠯᠡᠭᠦᠯᠦᠨ᠎ᠡ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠪᠥᠬᠦ ᠤᠯᠤᠰ ᠤᠨ ᠰᠢᠨ᠎ᠡ ᠨᠢᠭᠡ ᠡᠭᠡᠯᠵᠢ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠲᠣᠭᠠᠴᠢᠯᠠᠭᠰᠠᠨ᠂ ᠰᠦᠯᠵᠢᠶᠡᠵᠢᠯᠲᠡ᠂ ᠣᠶᠤᠨᠴᠢᠯᠠᠭᠰᠠᠨ ᠮᠡᠷᠭᠡᠵᠢᠯ ᠨᠢ ᠬᠤᠲᠠ ᠶᠢᠨ ᠨᠠᠷᠢᠯᠢᠭ ᠬᠠᠮᠢᠶᠠᠷᠤᠯᠲᠠ ᠳᠤ ᠪᠦᠬᠦ ᠲᠠᠯ᠎ᠠ ᠶᠢᠨ ᠴᠢᠳᠠᠪᠬᠢ ᠶᠢ ᠣᠯᠭᠤᠵᠠᠢ᠃ ᠬᠤᠲᠠ ᠶᠢᠨ ᠳᠦᠷᠢ ᠲᠥᠷᠬᠦ ᠶᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠤᠲᠠ ᠶᠢᠨ ︽ᠠᠷᠪᠠᠨ ᠰᠠᠮᠠᠭᠤᠷᠠᠯ︾᠎ ᠢ ᠲᠤᠶᠢᠯᠪᠤᠷᠢᠲᠠᠢ ᠴᠡᠪᠡᠷᠯᠡᠨ ᠠᠷᠢᠯᠭᠠᠵᠤ᠂ 16 ᠰᠠᠭᠤᠷᠢ ︽ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠠᠷᠠᠯ︾ ᠵᠡᠷᠭᠡ ᠶᠢ ᠰᠢᠨ᠎ᠡ ᠢᠶᠠᠷ ᠪᠠᠶᠢᠭᠤᠯᠵᠣ᠂ ᠣᠷᠴᠢᠨ ᠲᠣᠭᠤᠷᠢᠨ ᠢ ᠬᠠᠮᠠᠭᠠᠯᠠᠬᠤ ᠨᠡᠶᠢᠲᠡ ᠶᠢᠨ ᠵᠣᠷᠯᠣᠩ 24᠎ ᠢ ᠬᠤᠳᠠᠯᠳᠣᠨ ᠠᠪᠣᠨ᠎ᠠ᠃ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠠᠩᠬᠢᠯᠠᠬᠤ ᠶᠢ ᠡᠮᠬᠢ ᠳᠠᠷᠠᠭᠠᠯᠠᠯ ᠲᠠᠢ ᠠᠬᠢᠭᠤᠯᠵᠤ᠂ ᠵᠢᠯ ᠤᠨ ᠳᠣᠲᠣᠷ᠎ᠠ ᠣᠯᠠᠨ ᠨᠡᠶᠢᠲᠡ ᠶᠢᠨ ᠪᠠᠶᠢᠭᠤᠯᠤᠮᠵᠢ ᠶᠢᠨ ᠬᠤᠭ ᠨᠣᠪᠰᠢ ᠠᠩᠬᠢᠯᠠᠬᠤ ᠶᠢ ᠪᠦᠷᠬᠦᠭᠦᠯᠬᠦ ᠪᠠᠷ ᠴᠢᠷᠮᠠᠶᠢᠨ᠎ᠠ᠃ ᠬᠤᠲᠠ ᠶᠢᠨ ᠠᠷᠠᠳ ᠤᠨ ᠰᠡᠳᠬᠢᠯ ᠳᠤ ᠬᠠᠨᠤᠮᠵᠢᠲᠠᠢ ᠪᠠᠶᠢᠬᠤ ᠬᠡᠮᠵᠢᠶ᠎ᠡ ᠶᠢ ᠴᠢᠨᠠᠭᠰᠢᠳᠠ ᠳᠡᠭᠡᠭᠰᠢᠯᠡᠭᠦᠯᠦᠨ᠎ᠡ᠃ ᠰᠢᠨ ᠱᠠᠩ ᠭᠡᠷ ᠣᠷᠣᠨ ᠵᠡᠷᠭᠡ ᠵᠢᠷᠭᠤᠭᠠᠨ ᠲᠥᠪᠬᠢᠨᠡᠭᠦᠯᠬᠦ ᠰᠠᠭᠤᠭᠠᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠵᠢᠷᠠᠨ ᠨᠢᠭᠡᠨ᠂ 53.8 ᠲᠦᠮᠡᠨ ᠲᠡᠭᠰᠢ ᠳᠥᠷᠪᠡᠯᠵᠢᠨ  ᠮᠧᠲᠷ ᠤᠨ ᠬᠠᠭᠤᠴᠢᠨ ᠰᠠᠭᠤᠭᠠᠯᠢ ᠲᠣᠭᠤᠷᠢᠭ ᠪᠠ 1012 ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠡᠬᠢᠯᠡᠭᠦᠯᠦᠨ᠎ᠡ︔ ︽ᠣᠷᠣᠨ ᠰᠠᠭᠤᠴᠠ ᠪᠠᠨ ᠠᠷᠠᠯᠵᠢᠶᠠᠯᠠᠬᠤ ᠦᠭᠡᠢ︾᠎ ᠶᠢ ᠪᠠᠷᠢᠮᠳᠠᠯᠠᠵᠣ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠦᠷᠢᠶ᠎ᠡ ᠴᠠᠷ᠎ᠠ ᠶᠢ ᠴᠡᠭᠴᠡᠯᠡᠨ ᠵᠠᠰᠠᠬᠤ ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠵᠦ᠂ ᠵᠢᠯ ᠤᠨ ᠳᠣᠲᠣᠷ᠎ᠠ ︽ᠦᠨᠡᠮᠯᠡᠯ ᠠᠪᠬᠤ ᠳᠤ ᠬᠦᠴᠢᠷ︾ ᠂ ︽ᠪᠤᠴᠠᠭᠠᠨ ᠨᠡᠭᠦᠯᠭᠡᠬᠦ ᠳᠤ ᠬᠦᠴᠢᠷ︾᠂ ︽ᠣᠷᠣᠵᠤ ᠰᠠᠭᠤᠬᠤ ᠳᠤ ᠬᠦᠴᠢᠷ︾ ᠵᠡᠷᠭᠡ ᠲᠡᠦᠬᠡᠨ ᠠᠴᠠ ᠦᠯᠡᠳᠡᠭᠳᠡᠭᠰᠡᠨ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠬᠦ ᠪᠠᠷ ᠴᠢᠷᠮᠠᠶᠢᠨ᠎ᠠ᠃ ᠨᠠᠷᠠᠰᠤᠨ ᠠᠷᠢᠬᠢᠨ ᠤ ᠰᠣᠶᠣᠯ ᠤᠨ ᠴᠡᠴᠡᠷᠯᠢᠭ᠂ ᠠᠨ ᠵᠢᠦᠢ ᠠᠭᠤᠳᠠᠮ ᠲᠠᠯᠠᠪᠠᠢ ᠵᠡᠷᠭᠡ ᠴᠡᠴᠡᠷᠯᠢᠭ ᠤᠨ ᠠᠭᠤᠳᠠᠮ ᠲᠠᠯᠠᠪᠠᠢ ᠶᠢ 4᠂ ᠲᠡᠷᠭᠡ ᠵᠣᠭᠰᠣᠬᠤ ᠲᠠᠯᠠᠪᠠᠢ ᠶᠢ 28᠂ ᠴᠠᠬᠢᠯᠭᠠᠨ ᠴᠡᠨᠡᠭᠯᠡᠬᠦ ᠭᠠᠵᠠᠷ ᠢ 80᠂ ᠲᠡᠷᠭᠡ ᠵᠣᠭᠰᠣᠬᠤ ᠵᠣᠭᠰᠣᠭᠠᠯ 8932᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠴᠢᠭ 30᠎ ᠶᠢ ᠰᠢᠨ᠎ᠡ ᠪᠠᠷ ᠪᠠᠶᠢᠭᠤᠯᠵᠣ᠂ ᠨᠡᠶᠢᠲᠡ ᠶᠢᠨ ᠮᠠᠰᠢᠨ ᠲᠡᠷᠭᠡ ᠬᠦᠯᠢᠶᠡᠬᠦ ᠲᠢᠩᠬᠢᠮ ᠳᠤ 500 ᠰᠠᠭᠤᠳᠠᠯ ᠢ ᠰᠣᠯᠢᠨ᠂ ᠨᠡᠶᠢᠲᠡ ᠶᠢᠨ ᠮᠠᠰᠢᠨ ᠲᠡᠷᠭᠡᠨ ᠤ ᠣᠶᠤᠨᠲᠤ ᠲᠣᠬᠢᠷᠠᠭᠤᠯᠤᠨ ᠵᠢᠯᠣᠭᠤᠳᠬᠤ ᠲᠥᠪ ᠢ ᠡᠬᠢᠯᠡᠭᠦᠯᠦᠨ ᠪᠠᠶᠢᠭᠤᠯᠣᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠬᠦᠴᠦᠨ ᠢᠶᠠᠷ ᠳᠡᠭᠡᠭᠰᠢᠯᠡᠭᠦᠯᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠪᠦᠷᠬᠦᠯᠲᠡ ᠶᠢᠨ ᠨᠣᠷᠮ᠎ᠠ ᠶᠢ 80%᠎ ᠠᠴᠠ ᠳᠡᠭᠡᠭᠰᠢ ᠬᠦᠷᠭᠡᠬᠦ ᠪᠠᠷ ᠴᠢᠷᠮᠠᠶᠢᠨ᠎ᠠ᠃         ︵ᠳᠥᠷᠪᠡ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠡᠭᠡᠷ᠎ᠡ ᠰᠢᠨ᠎ᠡ ᠰᠢᠪᠲᠤᠯᠤᠯᠲᠠ ᠭᠠᠷᠭᠠᠨ᠎ᠠ᠃ ᠬᠤᠳᠠᠯᠳᠤᠭ᠎ᠠ  ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠭᠤᠣᠯᠳᠠᠯᠭ᠎ᠠ ᠪᠣᠯᠭᠠᠭᠰᠠᠨ ᠡᠷᠡᠰ ᠰᠢᠭᠤᠷᠬᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠣ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠣᠷᠢᠵᠢᠭᠤᠯᠣᠨ᠎ᠠ᠃ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠨᠡᠩ ᠡᠷᠴᠢᠮᠲᠡᠢ ᠰᠢᠯᠢᠳᠡᠭᠵᠢᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ︽120︾᠂ ︽112︾᠎ ᠤ ︽345︾᠎ ᠤ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠎ᠠ᠃ ᠮᠠᠲ᠋ᠧᠷᠢᠶᠠᠯ ᠢ ᠴᠥᠭᠡᠳᠬᠡᠨ᠂ ᠦᠨᠡᠮᠯᠡᠯ ᠬᠠᠰᠤᠬᠤ ᠥᠭᠡᠷᠡᠴᠢᠯᠡᠯᠲᠡ ᠶᠢ ᠦᠩᠭᠡᠷᠡᠭᠰᠡᠨ ᠵᠢᠯ ᠤᠨ ᠭᠡᠷᠡᠴᠢ ᠮᠠᠲ᠋ᠤᠷᠢᠶᠡᠯ ᠢ 30%᠎ ᠪᠠᠷ ᠴᠣᠮᠬᠠᠳᠬᠠᠭᠰᠠᠨ ᠰᠠᠭᠤᠷᠢᠨ ᠳᠡᠭᠡᠷ᠎ᠡ ᠲᠠᠬᠢᠨ 30᠎ %᠎ ᠶᠢ ᠴᠣᠮᠬᠠᠳᠬᠠᠵᠤ᠂ ︽ᠲᠣᠳᠣᠷᠬᠠᠢ ᠬᠠᠭᠤᠳᠠᠰᠤ ᠠᠴᠠ ᠭᠠᠳᠠᠭᠤᠷ ᠭᠡᠷᠡᠴᠢ ᠦᠭᠡᠢ︾ ᠪᠣᠯᠭᠠᠬᠤ ᠶᠢ ᠬᠡᠷᠡᠭᠵᠢᠭᠦᠯᠦᠨ᠎ᠡ᠃ ᠬᠡᠷᠡᠭ ᠶᠠᠪᠤᠳᠠᠯ ᠤᠨ ᠵᠦᠢᠯ ᠵᠣᠷᠪᠣᠰ᠂ ᠭᠤᠭᠴᠤᠭ᠎ᠠ ᠂ ᠴᠠᠭ ᠤᠨ ᠬᠢᠵᠠᠭᠠᠷ ᠢ ᠪᠠᠭᠠᠰᠬᠠᠬᠤ ᠥᠭᠡᠷᠡᠴᠢᠯᠡᠯᠲᠡ ᠶᠢᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠨᠢᠳᠤᠨᠤᠨ 30᠎ %᠎ ᠪᠠᠷ ᠪᠠᠭᠠᠰᠬᠠᠭᠰᠠᠨ ᠰᠠᠭᠤᠷᠢᠨ ᠳᠡᠭᠡᠷ᠎ᠡ ᠳᠠᠬᠢᠨ 30%᠎ ᠪᠠᠷ ᠪᠠᠭᠠᠰᠬᠠᠵᠤ ᠂ ︽ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠨ᠎ᠡ︾᠃ ︽ᠨᠢᠭᠡ ᠯᠡ ᠴᠣᠩᠬᠤ ᠪᠠᠷ ᠬᠦᠯᠢᠶᠡᠨ ᠠᠪᠬᠤ︾᠎ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ︾᠎ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠨᠡᠩ ᠶᠡᠭᠡ ᠡᠷᠴᠢᠮ ᠲᠠᠢ ᠪᠠᠷ ᠠᠬᠢᠭᠤᠯᠣᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠪᠦᠷᠢᠨᠰᠢᠭᠦᠯᠵᠦ᠂ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠳᠠᠭᠠᠭᠠᠮᠠᠯ ᠢ ᠢᠳᠡᠪᠬᠢᠲᠡᠢ ᠲᠡᠳᠡᠨ ᠣᠷᠣᠭᠤᠯᠬᠤ ᠪᠠ ᠬᠥᠮᠦᠵᠢᠭᠦᠯᠵᠦ᠂ ᠭᠤᠷᠪᠠᠳᠣᠭᠠᠷ ᠡᠮᠨᠡᠯᠭᠡ ᠶᠢᠨ ᠬᠤᠷᠢᠶᠠᠨ ᠤ ᠬᠥᠯᠥᠰᠥ ᠣᠯᠭᠤᠮᠵᠢ ᠶᠢᠨ ᠥᠭᠡᠷᠡᠴᠢᠯᠡᠯᠲᠡ ᠶᠢᠨ ᠳᠦᠷᠢᠮ ᠢᠶᠠᠷ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠭᠰᠡᠨ ᠬᠥᠯᠥᠰᠥ ᠣᠯᠭᠤᠮᠵᠢ ᠶᠢᠨ ᠳᠦᠷᠢᠮ ᠪᠣᠯᠤᠨ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯᠲᠦ ᠬᠥᠷᠥᠩᠭᠡ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠵᠦ ᠪᠤᠵᠠᠭᠠᠶᠢᠷᠠᠬᠤ ᠶᠢ ᠠᠬᠢᠭᠤᠯᠤᠨ᠎ᠠ᠃ ︽ᠤᠰᠤ ᠵᠠᠯᠠᠬᠤ ᠬᠠᠩᠭᠠᠬᠤ︾ ᠨᠢᠭᠡ ᠴᠣᠭᠴᠠᠵᠢᠯᠠᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠲᠦᠭᠡᠭᠡᠯ ᠤᠰᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠡᠵᠡᠩᠨᠡᠯᠲᠡ ᠶᠢᠨ ᠦᠷ᠎ᠡ ᠠᠰᠢᠭ ᠢ ᠬᠠᠮᠤᠭ ᠶᠡᠭᠡ ᠨᠡᠮᠡᠭᠳᠡᠭᠦᠯᠵᠦ᠂ ᠣᠯᠣᠰ ᠤᠨ ᠬᠦᠷᠦᠩᠭᠡ ᠶᠢᠨ ᠨᠡᠮᠡᠭᠳᠡᠯ ᠢ ᠪᠠᠳᠣᠯᠠᠨ᠎ᠠ᠃ ᠬᠤᠯᠢᠮᠠᠭ ᠥᠮᠴᠢᠯᠡᠯᠲᠦ ᠥᠭᠡᠷᠡᠴᠢᠯᠡᠯᠲᠡ ᠶᠢ ᠢᠳᠡᠪᠬᠢᠲᠡᠢ ᠰᠦᠪᠡᠭᠴᠢᠯᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠥᠪᠡᠷ ᠢᠶᠠᠨ ᠡᠵᠡᠨ ᠮᠡᠳᠡᠵᠦ ᠡᠵᠡᠩᠨᠡᠬᠦ ᠳᠡᠭᠡᠨ ᠣᠯᠵᠤ ᠠᠯᠳᠠᠬᠤ ᠪᠠᠨ ᠥᠪᠡᠷ ᠢᠶᠠᠨ ᠬᠠᠷᠢᠭᠤᠴᠠᠬᠤ ᠶᠢ ᠪᠡᠶᠡᠯᠡᠭᠦᠯᠦᠨ᠎ᠡ᠃ ᠦᠢᠯᠡᠴᠢᠯᠡᠭᠡᠨ ᠤ ᠤᠬᠠᠮᠰᠠᠷ ᠢ ᠨᠡᠩ ᠶᠡᠭᠡ ᠪᠠᠷ ᠳᠡᠭᠡᠭᠰᠢᠯᠡᠭᠦᠯᠦᠨ᠎ᠡ᠃ ︽ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾᠎ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠵᠠᠰᠠᠭ ᠢ ᠴᠣᠮᠠᠳᠬᠠᠵᠣ ᠡᠷᠬᠡ ᠶᠢ ᠲᠣᠷᠣᠭᠰᠢ ᠲᠠᠯᠪᠢᠬᠤ ᠶᠢ ᠦᠷᠭᠦᠯᠵᠢᠯᠡᠨ ᠠᠬᠢᠭᠤᠯᠵᠣ ᠡᠯ᠎ᠡ ᠵᠦᠢᠯ ᠤᠨ ︽ᠡᠪᠬᠡᠮᠡᠯ ᠡᠭᠦᠳᠡ᠂ ᠰᠢᠯ ᠡᠭᠦᠳᠡ᠂ ᠲᠣᠭᠤᠷᠢᠨ ᠡᠷᠭᠢᠬᠦ ᠡᠭᠦᠳᠡ︾᠎ ᠶᠢ ᠲᠤᠶᠢᠯᠪᠤᠷᠢᠲᠠᠢ ᠡᠪᠳᠡᠵᠣ ᠂ ︽ᠬᠥᠭ ᠬᠡᠯᠡᠯᠭᠡ ᠦᠨᠳᠦᠷ᠂ ᠦᠢᠯᠡ ᠠᠵᠢᠯᠯᠠᠭ᠎ᠠ ᠤᠳᠠᠭᠠᠨ᠂ ᠨᠠᠶᠢᠳᠠᠪᠤᠷᠢᠵᠢᠭᠤᠯᠤᠯᠲᠠ ᠠᠨᠠᠢ︾ ᠵᠡᠷᠭᠡ ᠠᠵᠢᠯᠯᠠᠭ᠎ᠠ ᠶᠢ ᠡᠷᠡᠰ ᠲᠡᠪᠴᠢᠵᠣ᠂ ᠬᠤᠶᠢᠷᠭᠤᠰᠢᠬᠤ ᠦᠵᠡᠭᠳᠡᠯ ᠢ ᠡᠷᠡᠰ ᠬᠤᠷᠢᠭᠯᠠᠨ᠂ ᠪᠥᠬᠦ ᠬᠦᠴᠦᠨ ᠢᠶᠠᠷ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ᠂ ᠬᠥᠮᠦᠨ ᠪᠦᠷᠢ᠂ ᠬᠡᠷᠡᠭ ᠶᠠᠪᠤᠳᠠᠯ ᠭᠠᠵᠠᠷ ᠪᠣᠯᠭᠠᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠤ᠂ ᠠᠵᠤ ᠠᠬᠤᠶᠢᠯᠠᠯᠲᠠᠨ ᠵᠢᠨᠢᠩ ᠳᠤ ᠰᠡᠳᠬᠢᠯ ᠠᠮᠠᠷ ᠪᠡᠯᠡ ᠣᠷᠣᠭᠤᠯᠵᠤ᠂ ᠬᠠᠨᠣᠮᠵᠢᠳᠠᠢ ᠦᠢᠯᠡᠰ ᠪᠣᠰᠬᠠᠵᠤ᠂ ᠰᠡᠳᠬᠢᠯ ᠠᠮᠠᠷ ᠬᠥᠭᠵᠢᠭᠦᠯᠦᠨ᠎ᠡ᠃ ᠴᠢᠳᠠᠪᠤᠷᠢᠲᠠᠨ ᠢ ᠨᠡᠩ ᠶᠡᠭᠡ ᠪᠠᠷ ᠲᠡᠳᠡᠨ ᠣᠷᠣᠭᠤᠯᠣᠨ᠎ᠠ᠃ ᠴᠢᠳᠠᠪᠤᠷᠢᠲᠠᠨ ᠢ ᠳᠠᠭᠠᠭᠤᠯᠵᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠪᠠᠲᠤ ᠪᠠᠬᠢ ᠪᠣᠢ ᠪᠣᠯᠭᠠᠵᠤ᠂ ᠣᠷᠣᠨ ᠰᠠᠭᠤᠴᠠ ᠶᠢᠨ ᠨᠥᠬᠦᠪᠥᠷᠢ ᠂ ᠨᠠᠰᠤᠵᠢᠯ ᠤᠨ ᠳᠠᠭᠠᠳᠬᠠᠯ ᠤᠨ ᠨᠥᠬᠦᠪᠥᠷᠢ᠂ ᠰᠤᠳᠤᠯᠤᠨ ᠨᠡᠭᠡᠭᠡᠬᠦ ᠰᠠᠭᠤᠷᠢ ᠮᠥᠩᠭᠦ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠳᠡᠪᠬᠢᠲᠡᠢ ᠰᠤᠳᠤᠯᠤᠨ ᠲᠣᠭᠲᠠᠭᠠᠵᠤ᠂ ᠪᠡᠭᠡᠵᠢᠩ ᠲᠢᠶᠠᠨᠵᠢᠨ ᠾᠧᠪᠧᠢ ᠶᠢᠨ ᠬᠥᠮᠦᠨ ᠠᠮᠠ ᠶᠢᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠠᠵᠢᠯ ᠢ ᠰᠠᠶᠢᠲᠤᠷ ᠬᠢᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ ᠪᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠦᠷᠭᠦᠯᠵᠢᠯᠡᠨ ᠣᠷᠣᠭᠤᠯᠵᠤ ᠢᠷᠡᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠣᠷᠣᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠪᠠᠷ ᠦᠪᠦᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ ᠶᠡᠭᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ ᠪᠠᠶᠢᠭᠤᠯᠤᠯᠭ᠎ᠠ ᠨᠤᠭᠤᠳ ᠲᠠᠢ ᠬᠠᠮᠳᠣᠷᠠᠬᠤ ᠬᠦᠴᠦᠯᠡᠴᠡ ᠪᠠᠨ ᠨᠡᠮᠡᠭᠳᠡᠭᠦᠯᠵᠦ᠂ ᠠᠵᠣ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠣᠷᠢ ᠶᠢ ᠳᠡᠭᠡᠭᠰᠢᠯᠡᠭᠦᠯᠦᠨ᠎ᠡ᠃            ︵ᠲᠠᠪᠤ︶ ᠪᠣᠬᠢᠷᠳᠠᠯ ᠦᠭᠡᠢ ᠬᠥᠭᠵᠢᠯᠲᠡ ᠶᠢᠨ ᠰᠠᠭᠤᠷᠢ ᠳᠤ ᠴᠢᠭᠯᠡᠭᠦᠯᠦᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠬᠦᠴᠦᠯᠡᠨ ᠴᠢᠷᠮᠠᠶᠢᠨ᠎ᠠ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠢ ᠬᠥᠭᠵᠢᠯᠲᠡ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠢ ᠠᠬᠤᠶᠢᠴᠢᠯᠠᠯᠲᠠ᠂ ᠡᠬᠢ ᠪᠠᠶᠠᠯᠢᠭ ᠤᠨ ᠠᠰᠢᠭᠯᠠᠯᠲᠠ ᠡᠷᠴᠢᠮᠵᠢᠭᠦᠯᠦᠭᠰᠡᠨ ᠦᠢᠯᠡᠳᠪᠦᠷᠢᠯᠡᠯ ᠤᠨ ᠶᠠᠪᠤᠴᠠ ᠳᠣᠣᠷ᠎ᠠ ᠨᠡᠭᠦᠷᠡᠰᠦᠲᠥ᠋ᠷᠦᠭᠴᠢᠲᠦ ᠪᠣᠬᠢᠷᠲᠤᠯ ᠥᠬᠡᠢ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠠᠶᠢᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ︽ᠤᠰᠤ ᠶᠢ ᠠᠷᠪᠢᠯᠠᠬᠤ ᠶᠢ ᠲᠡᠷᠢᠭᠦᠨ ᠳᠤ ᠲᠠᠯᠪᠢᠵᠤ᠂ ᠤᠰᠤ ᠶᠢ ᠬᠡᠮᠵᠢᠵᠦ ᠬᠢᠬᠦ︾᠎ ᠶᠢ ᠪᠠᠷᠢᠮᠲᠠᠯᠠᠨ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠶᠢ ᠴᠢᠩᠭ᠎ᠠ ᠬᠢᠵᠠᠭᠠᠷᠯᠠᠵᠤ᠂ ᠤᠰᠤ ᠶᠡᠭᠡ ᠬᠤᠷᠣᠭᠳᠠᠭᠤᠯᠬᠤ ᠰᠢᠨ᠎ᠡ ᠲᠥᠷᠥᠯ ᠵᠦᠢᠯ ᠢ ᠡᠷᠡᠰ ᠴᠠᠭᠠᠵᠢᠯᠠᠨ ᠠᠵᠤ ᠦᠢᠯᠡᠳᠪᠦᠷᠢ ᠶᠢᠨ ᠤᠰᠤ ᠠᠷᠪᠢᠯᠠᠬᠤ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠤᠰᠤᠨ ᠤ ᠪᠣᠬᠢᠷᠳᠠᠯ ᠢ ᠰᠡᠷᠭᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠴᠢᠶᠣᠤ ᠰᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠵᠢᠯ ᠤᠨ ᠳᠣᠲᠣᠷ᠎ᠠ ᠬᠤᠲᠠ ᠶᠢᠨ ᠪᠣᠬᠢᠷ ᠤᠰᠤ ᠰᠢᠢᠳᠪᠦᠷᠢᠯᠡᠬᠦ ᠨᠣᠷᠮ᠎ᠠ ᠶᠢ 96.5% ᠪᠣᠯᠲᠠᠯ᠎ᠠ ᠳᠡᠭᠡᠭᠰᠢᠯᠡᠭᠦᠯᠦᠨ᠎ᠡ᠃ ᠲᠠᠬᠢᠨ ᠬᠡᠷᠡᠭᠯᠡᠬᠦ ᠤᠰᠤ ᠶᠢ ᠡᠭᠡᠭᠦᠯᠦᠨ ᠬᠡᠷᠡᠭᠯᠡᠬᠦ᠂ ᠪᠣᠷᠣᠭᠠᠨ ᠤ ᠤᠰᠤ ᠶᠢ ᠬᠤᠷᠠᠮᠳᠤᠭᠤᠯᠬᠤ ᠢᠨᠵᠧᠨᠧᠷᠢᠩ ᠢ ᠬᠡᠷᠡᠭᠵᠢᠭᠦᠯᠵᠦ ᠲᠠᠬᠢᠨ ᠬᠡᠷᠡᠭᠯᠡᠬᠦ ᠤᠰᠤ ᠪᠠ ᠪᠣᠷᠣᠭᠠᠨ ᠤ ᠤᠰᠤ ᠶᠢ ᠰᠠᠯᠭᠠᠨ ᠭᠠᠷᠭᠠᠬᠤ ᠬᠤᠭᠤᠯᠠᠢ 41 ᠺᠢᠯᠣᠮᠧᠲᠷ ᠤᠷᠲᠤ ᠶᠢ ᠰᠢᠨ᠎ᠡ ᠪᠠᠷ ᠪᠠᠶᠢᠭᠤᠯᠵᠣ᠂ ᠵᠢᠯ ᠤᠨ ᠳᠣᠲᠣᠷ᠎ᠠ ᠲᠠᠬᠢᠯᠲᠠ ᠤᠰᠤ ᠶᠢ ᠠᠰᠢᠭᠯᠠᠬᠤ ᠨᠣᠷᠮ᠎ᠠ ᠶᠢ 80%᠎ ᠠᠴᠠ ᠳᠡᠭᠡᠭᠰᠢ ᠬᠡᠮᠵᠢᠶᠡᠨ ᠳᠤ ᠬᠦᠷᠲᠡᠯ᠎ᠡ ᠳᠡᠭᠡᠭᠰᠢᠯᠡᠭᠦᠯᠦᠨ᠎ᠡ᠃ ᠤᠰᠤᠨ ᠰᠤᠷᠪᠤᠯᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠤᠭᠤᠬᠤ ᠤᠰᠤᠨ ᠤ ᠲᠥᠪᠯᠡᠷᠡᠭᠰᠡᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ᠂ ᠴᠡᠩᠭᠡᠭ ᠤᠰᠤ ᠶᠢ ᠬᠠᠮᠠᠭᠠᠯᠠᠬᠤ ᠲᠡᠶᠢᠨ ᠢ ᠰᠠᠶᠢᠲᠤᠷ ᠬᠢᠨ᠎ᠡ᠃ ᠪᠣᠬᠢᠷᠳᠠᠯ ᠦᠭᠡᠢ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠠᠵᠢᠯ ᠢ ᠪᠦᠬᠦ ᠬᠦᠴᠦ ᠪᠠᠷ ᠰᠠᠶᠢᠲᠤᠷ ᠬᠢᠨ᠎ᠡ᠃ ᠣᠢ ᠮᠣᠳᠣ ᠡᠪᠡᠰᠦᠨ ᠤ ᠲᠠᠷᠤᠭ᠎ᠠ ᠶᠢᠨ ᠲᠥᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠃ ︽ᠭᠤᠷᠪᠠᠨ ᠠᠭᠤᠯᠠ ᠬᠤᠶᠠᠷ ᠭᠤᠣᠯ︾᠎ ᠤᠨ ᠬᠠᠮᠢᠶᠠᠷᠤᠯᠲᠠ ᠬᠠᠮᠠᠭᠠᠯᠠᠯᠲᠠ ᠶᠢᠨ ᠡᠷᠴᠢᠮ ᠢ ᠴᠢᠩᠭᠠᠳᠬᠠᠵᠤ᠂ ᠪᠠ ᠸᠠᠩ ᠾᠧ᠂ ᠪᠠᠢ ᠴᠢᠤᠸᠠᠨ ᠱᠠᠨ ᠠᠭᠤᠯᠠᠨ ᠤ ᠨᠣᠭᠤᠭᠠᠷᠠᠭᠤᠯᠬᠤ ᠵᠠᠢ ᠪᠠ ᠦᠵᠡᠮᠵᠢ ᠶᠢᠨ ᠳᠡᠭᠡᠭᠰᠢᠯᠡᠭᠦᠯᠬᠦ ᠢᠨᠵᠧᠨᠧᠷᠢᠩ ᠢ ᠡᠬᠢᠯᠡᠭᠦᠯᠵᠦ᠂ ᠴᠢᠳᠠᠪᠬᠢ ᠶᠢ ᠢᠵᠢ ᠪᠦᠷᠢᠳᠦᠭᠦᠯᠬᠦ᠂ ᠡᠷᠭᠢᠨ ᠲᠣᠭᠤᠷᠢᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠨ ᠲᠣᠬᠢᠷᠠᠭᠤᠯᠵᠤ᠂ ᠰᠡᠯᠡᠭᠦᠴᠡᠯ ᠵᠤᠭᠠᠴᠠᠯ ᠵᠡᠷᠭᠡ ᠡᠵᠡᠩᠨᠡᠯᠲᠡ ᠶᠢᠨ ᠪᠠᠶᠢᠳᠠᠯ ᠲᠥᠯᠥᠪ ᠢ ᠨᠡᠩ ᠰᠠᠶᠢᠲᠤᠷ ᠬᠠᠩᠭᠠᠵᠤ᠂ ᠣᠯᠠᠨ ᠲᠦᠮᠡᠨ ᠤ ᠰᠣᠶᠣᠯ ᠰᠡᠯᠡᠭᠦᠴᠡᠯ᠂ ᠡᠷᠡᠭᠦᠯ ᠮᠡᠨᠳᠦ ᠪᠡᠶ᠎ᠡ ᠰᠤᠪᠢᠯᠠᠯᠲᠠ ᠶᠢᠨ ᠬᠡᠷᠡᠭᠴᠡᠭᠡ ᠶᠢ ᠭᠦᠢᠴᠡᠳ ᠬᠠᠩᠭᠠᠨ᠎ᠠ᠃ ᠨᠠᠨ ᠱᠠ ᠾᠧ ᠭᠤᠣᠯ ᠤᠨ ᠬᠥᠭᠦᠷᠭᠡ ᠶᠢᠨ ᠵᠡᠭᠦᠨ ᠬᠡᠰᠡᠭ ᠤᠨ ᠭᠤᠣᠯ ᠤᠨ ᠵᠠᠮ ᠢ ᠶᠡᠷᠦᠩᠬᠡᠶᠢᠯᠡᠨ ᠵᠠᠰᠠᠬᠤ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠲᠣᠣᠷ᠂ ᠵᠠᠮ ᠬᠥᠭᠦᠷᠭᠡ ᠶᠢᠨ ᠥᠭᠡᠷᠡᠴᠢᠯᠡᠯᠲᠡ᠂ ᠬᠠᠷ᠎ᠠ ᠦᠮᠡᠬᠡᠢ ᠤᠰᠤᠨ ᠴᠣᠭᠴᠠ ᠶᠢ ᠵᠠᠰᠠᠬᠤ᠂ ᠠᠮᠢ ᠠᠬᠤᠢ ᠶᠢᠨ ᠴᠡᠴᠡᠷᠯᠢᠭ ᠵᠡᠷᠭᠡ ᠢᠨᠵᠧᠨᠧᠷᠢᠩ ᠤᠨ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠠᠮᠢᠳᠤᠷᠠᠬᠤ ᠪᠠ ᠬᠤᠲᠠ ᠶᠢᠨ ᠬᠤᠣᠰ ᠵᠠᠰᠠᠯᠲᠠ ᠬᠢᠬᠦ ᠵᠢᠱᠢᠶ᠎ᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠡᠨᠧᠷᠭᠢ ᠶᠢᠨ ᠬᠤᠷᠣᠭᠳᠠᠯ ᠬᠤᠣᠰ ᠡᠵᠡᠮᠳᠡᠯ ᠢ ᠪᠦᠬᠦ ᠲᠠᠯ᠎ᠠ ᠪᠠᠷ ᠰᠠᠶᠢᠲᠤᠷ ᠬᠢᠨ᠎ᠡ᠃ ᠨᠡᠭᠦᠷᠡᠰᠦᠲᠥ᠋ᠷᠥᠭᠴᠢ ᠭᠠᠳᠠᠭᠰᠢᠭᠤᠯᠣᠯᠳᠠ ᠶᠢ ᠣᠷᠬᠢᠯ ᠬᠡᠮᠵᠢᠭᠳᠡᠯ ᠳᠤ ᠬᠦᠷᠭᠡᠬᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠨᠡᠭᠦᠷᠡᠰᠦᠨ ᠬᠡᠷᠡᠭᠯᠡᠭᠡ ᠶᠢᠨ ᠤᠷᠢᠳᠴᠢᠯᠠᠨ ᠣᠷᠭᠢᠯ ᠳᠤ ᠬᠦᠷᠬᠦ ᠶᠢ ᠢᠳᠡᠪᠬᠢᠲᠡᠢ ᠲᠦᠯᠬᠢᠨ ᠠᠬᠢᠭᠤᠯᠤᠶ᠎ᠠ᠃ ᠲᠥᠷᠥᠯ ᠵᠦᠢᠯ ᠣᠷᠣᠭᠤᠯᠬᠤ ᠪᠣᠭᠤᠮᠲᠠ ᠶᠢ ᠴᠢᠩᠭ᠎ᠠ ᠡᠵᠡᠮᠳᠡᠵᠦ᠂ ᠡᠨᠧᠷᠭᠢ ᠶᠢᠨ ᠬᠤᠷᠣᠭᠳᠠᠯ ᠶᠡᠬᠡᠲᠡᠢ ᠠᠵᠤ ᠠᠬᠤᠶᠢᠯᠠᠯ ᠮᠠᠨ ᠤ ᠲᠣᠭᠤᠷᠢᠭ ᠳᠤ ᠣᠷᠣᠵᠤ ᠢᠷᠡᠬᠦ ᠶᠢ ᠡᠷᠡᠰ ᠬᠤᠷᠢᠭᠯᠠᠨ᠎ᠠ᠃ ᠣᠳᠣ ᠪᠠᠶᠢᠭ᠎ᠠ ᠡᠨᠧᠷᠭᠢ ᠬᠤᠷᠣᠭᠳᠠᠭᠤᠯᠵᠤ ᠪᠠᠶᠢᠭ᠎ᠠ ᠠᠵᠤ ᠠᠬᠤᠢ ᠶᠢᠨ ᠨᠢᠭᠡᠴᠡ ᠨᠦᠭᠦᠳ ᠤᠨ ᠬᠠᠮᠢᠶᠠᠷᠤᠨ ᠡᠵᠡᠮᠳᠡᠬᠦ ᠶᠢ ᠡᠷᠴᠢᠮᠵᠢᠭᠦᠯᠵᠦ᠂ ᠠᠵᠤ ᠠᠬᠤᠢ ᠶᠢᠨ ᠨᠢᠭᠡᠴᠡ ᠨᠦᠭᠦᠳ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠬᠢᠬᠦ ᠶᠢ ᠨᠢᠭᠡᠳᠦᠯᠲᠡᠢ ᠲᠥᠯᠥᠪᠯᠡᠵᠦ᠂ ᠡᠨᠧᠷᠭᠢ ᠶᠢᠨ ᠬᠤᠷᠣᠭᠳᠠᠯ ᠢ ᠪᠠᠭᠤᠷᠠᠭᠤᠯᠬᠤ ︽ᠬᠤᠣᠰ ᠡᠵᠡᠮᠳᠡᠯ︾ ᠵᠣᠷᠢᠯᠲᠠ ᠶᠢ ᠡᠷᠡᠰ ᠪᠡᠶᠡᠯᠡᠭᠦᠯᠦᠨ᠎ᠡ᠃           ︵ᠵᠢᠷᠭᠤᠭ᠎ᠠ︶ ᠠᠷᠠᠳ ᠲᠦᠮᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠡᠭᠡᠷ᠎ᠡ ᠰᠢᠨ᠎ᠡ ᠰᠢᠪᠲᠤᠯᠤᠯᠲᠠ ᠭᠠᠷᠭᠠᠨ᠎ᠠ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠴᠢᠭᠯᠡᠭᠦᠯᠦᠨ ᠬᠦᠴᠦᠯᠡᠨ ᠬᠢᠵᠦ᠂ ᠴᠢᠳᠠᠯ ᠤᠨ ᠬᠢᠷᠢ ᠪᠠᠷ ᠢᠶᠠᠨ ᠬᠢᠵᠦ ᠣᠯᠠᠨ ᠲᠦᠮᠡᠨ ᠤ ᠵᠣᠪᠠᠵᠤ ᠭᠤᠨᠢᠭᠰᠠᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠠᠵᠢᠯ ᠣᠯᠭᠤᠬᠤ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠬᠢᠨ᠎ᠡ᠃ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ ᠴᠡᠷᠢᠭ ᠤᠨ ᠠᠯᠪᠠᠨ ᠠᠴᠠ ᠪᠠᠭᠤᠭᠰᠠᠳ ᠵᠡᠷᠭᠡ ᠭᠤᠣᠯᠳᠠᠯᠭ᠎ᠠ ᠲᠠᠢ ᠣᠯᠠᠨ ᠲᠦᠮᠡᠨ ᠤ ᠲᠠᠬᠢᠨ ᠠᠵᠢᠯ ᠣᠯᠭᠤᠯᠲᠠ ᠶᠢᠨ ᠲᠤᠰᠠᠯᠠᠮᠵᠢ ᠪᠣᠯᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠬᠢᠵᠣ᠂ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ 4600 ᠬᠥᠮᠦᠨ᠂ ᠠᠵᠢᠯ ᠠᠯᠳᠠᠭᠰᠠᠨ ᠳᠠᠬᠢᠨ ᠠᠵᠢᠯ ᠣᠯᠤᠭᠰᠠᠨ 1200 ᠬᠥᠮᠦᠨ᠂ ᠠᠵᠢᠯ ᠣᠯᠬᠤ ᠳᠤ ᠬᠦᠴᠢᠷᠲᠡᠢ 1210 ᠬᠥᠮᠦᠨ ᠳᠤ ᠳᠠᠬᠢᠨ ᠠᠵᠢᠯ ᠣᠯᠭᠤᠵᠤ᠂ ᠠᠵᠢᠯ ᠣᠯᠤᠭᠰᠠᠨ ᠬᠥᠮᠦᠨ ᠥᠬᠡᠢ ᠭᠡᠷ ᠪᠦᠯᠢ ᠶᠢᠨ ᠬᠥᠳᠡᠯᠦᠩᠭᠦᠢ ᠪᠠᠷ ᠪᠦᠷ ᠪᠠᠶᠢᠬᠤ ᠶᠢ ᠪᠠᠲᠤᠯᠠᠨ᠎ᠠ᠃ ᠪᠦᠬᠦ ᠠᠷᠠᠳ ᠢᠶᠠᠷ ᠢᠶᠠᠨ ᠪᠠᠳᠣᠯᠠᠭ᠎ᠠ ᠳᠤ ᠣᠷᠣᠯᠴᠠᠬᠤ ᠠᠵᠢᠯᠯᠠᠭ᠎ᠠ ᠶᠢ ᠢᠳᠡᠪᠬᠢᠲᠡᠢ ᠲᠦᠯᠬᠢᠨ ᠠᠬᠢᠭᠤᠯᠵᠤ᠂ ᠪᠠᠳᠣᠯᠠᠭ᠎ᠠ ᠳᠤ ᠣᠷᠣᠬᠤ ᠵᠣᠬᠢᠰᠲᠠᠢ ᠪᠦᠬᠦᠨ ᠢ ᠪᠠᠳᠣᠯᠠᠭ᠎ᠠ ᠳᠤ ᠣᠷᠣᠯᠴᠠᠭᠤᠯᠣᠨ᠎ᠠ᠃ ᠨᠠᠰᠤᠵᠢᠯ ᠤᠨ ᠮᠥᠩᠭᠦ᠂ ᠠᠵᠢᠯ ᠠᠯᠳᠠᠭᠰᠠᠳ ᠤᠨ ᠮᠥᠩᠭᠦ ᠪᠠ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠲᠠᠪᠤᠨ ᠪᠠᠲᠤᠯᠠᠭᠠᠲᠤ ᠡᠷᠦᠬᠡ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠣᠨᠴᠠᠭᠠᠢ ᠬᠦᠴᠢᠷᠳᠡᠯᠲᠡᠢ ᠣᠯᠠᠨ ᠲᠦᠮᠡᠨ ᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠦᠴᠢᠷᠳᠡᠯᠲᠡᠢ ᠣᠯᠠᠨ ᠲᠦᠮᠡᠨ ᠤ ᠵᠣᠯ ᠵᠢᠷᠭᠠᠯᠲᠤ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠠᠷᠠᠳ ᠲᠦᠮᠡᠨ ᠬᠠᠨᠤᠮᠵᠢᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠨ᠎ᠡ᠃ ᠪᠦᠯᠦᠭᠴᠢᠯᠡᠭᠰᠡᠨ ᠰᠤᠷᠭᠠᠭᠤᠯᠢ ᠡᠷᠬᠢᠯᠡᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠰᠧᠴᠤᠸᠠᠨ ᠤ ᠲᠢᠶᠠᠨ ᠯᠢ᠂ ᠪᠡᠭᠡᠵᠢᠩ ᠤᠨ ᠪᠠᠭᠰᠢ ᠶᠢᠨ ᠰᠣᠷᠭᠠᠭᠤᠯᠢ ᠶᠢᠨ ᠭᠠᠳᠠᠭᠠᠳᠤ ᠬᠡᠯᠡ᠂ ᠬᠥᠬᠡᠬᠤᠲᠠ ᠶᠢᠨ ᠬᠤᠶᠠᠳᠤᠭᠠᠷ ᠳᠣᠮᠳᠠᠳᠣ ᠰᠣᠷᠭᠠᠭᠤᠯᠢ ᠵᠡᠷᠭᠡ ᠶᠢᠨ ᠨᠡᠷᠡᠲᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭᠠᠨ ᠤ ᠡᠷᠴᠢᠮ ᠢᠶᠠᠨ ᠨᠡᠮᠡᠭᠳᠡᠭᠦᠯᠵᠦ᠂ ᠰᠢᠯᠢᠳᠡᠭ ᠰᠤᠷᠭᠠᠨ ᠬᠥᠮᠦᠵᠢᠯ ᠤᠨ ᠪᠦᠷᠬᠦᠴᠡ ᠶᠢ ᠲᠠᠰᠤᠷᠠᠯᠲᠠ ᠦᠭᠡᠢ ᠦᠷᠭᠡᠳᠭᠡᠨ᠎ᠡ᠃ ︽ᠭᠤᠷᠪᠠᠨ ᠢᠨᠵᠧᠨᠧᠷᠢᠩ︾᠎ ᠢ ᠭᠦᠨᠵᠡᠭᠡᠢ ᠬᠡᠷᠡᠭᠵᠢᠭᠦᠯᠵᠦ ᠰᠢᠯᠢᠳᠡᠭ ᠴᠢᠳᠠᠪᠤᠷᠢᠲᠠᠨ ᠢ ᠲᠡᠳᠡᠨ ᠣᠷᠣᠭᠤᠯᠵᠤ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠵᠡᠷᠭᠡ 16 ᠳᠤᠮᠳᠠᠳᠤ ᠪᠠᠭ᠎ᠠ ᠰᠤᠷᠭᠠᠭᠤᠯᠢ ᠶᠢ ᠤᠯᠠᠭᠠᠨᠴᠠᠪ ᠤᠨ ︽ᠨᠡᠷᠡᠲᠦ ᠰᠤᠷᠭᠠᠭᠤᠯᠢ︾᠎ ᠶᠢᠨ ᠡᠩᠨᠡᠭᠡᠨ ᠳᠤ ᠣᠷᠣᠭᠤᠯᠵᠤ᠂ ᠵᠠᠷᠢᠮ ᠨᠢ ᠥᠪᠡᠷᠲᠡᠭᠡᠨ ᠵᠠᠰᠠᠬᠤ ᠣᠷᠣᠨ ᠤ ︽ᠨᠡᠷᠡᠲᠦ ᠰᠤᠷᠭᠠᠭᠤᠯᠢ︾᠎ ᠶᠢᠨ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠎ᠠ᠃ ᠾᠧᠩ ᠳ᠋ᠠ ᠲᠤᠷᠰᠢᠯᠲᠠ ᠶᠢᠨ ᠪᠠᠭ᠎ᠠ ᠰᠤᠷᠭᠠᠭᠤᠯᠢ᠂ ᠠᠷᠪᠠᠳᠤᠭᠠᠷ ᠬᠡᠦᠬᠡᠳ ᠤᠨ ᠴᠡᠴᠡᠷᠯᠢᠭ ᠵᠡᠷᠭᠡ 10 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠤᠶᠤ ᠦᠷᠭᠦᠯᠵᠢᠯᠡᠨ ᠪᠠᠶᠢᠭᠤᠯᠬᠤ ᠶᠢ ᠲᠦᠷᠭᠡᠳᠬᠡᠵᠦ ᠂ ᠵᠢᠯ ᠤᠨ ᠳᠣᠲᠣᠷ᠎ᠠ ᠨᠡᠶᠢᠳᠡᠮ ᠬᠠᠷᠠᠭᠠᠯᠵᠠᠬᠤ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 85%᠎ ᠳᠤ ᠬᠦᠷᠭᠡᠬᠦ ᠪᠠᠷ ᠴᠢᠷᠮᠠᠶᠢᠨ᠎ᠠ᠃ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠯ ᠪᠥᠮᠪᠦᠭᠡ᠂ ᠲᠣᠣᠷ ᠪᠥᠮᠪᠦᠭᠡ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠤᠭᠰᠠᠨ ᠤ ᠳᠠᠷᠠᠭ᠎ᠠ᠂ ᠤᠰᠤᠨ ᠳᠤ ᠤᠮᠪᠠᠭ᠋ᠤ᠂ ᠰᠤᠳᠤᠯᠤᠨ ᠰᠤᠷᠤᠯᠴᠠᠬᠤ ᠂ ᠪᠠᠴᠢᠮ ᠠᠪᠤᠷᠠᠯᠲᠠ ᠶᠢᠨ ᠪᠣᠯᠪᠠᠰᠤᠷᠠᠯ ᠳᠤ ᠣᠷᠣᠯᠴᠠᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠬᠡᠦᠬᠡᠳ ᠤᠨ ᠶᠡᠷᠦᠩᠬᠡᠢ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠷᠡᠭᠦᠯ ᠡᠩᠬᠡ ᠵᠢᠨᠢᠩ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠣᠯᠠᠨ ᠲᠦᠮᠡᠨ ᠤ ᠡᠷᠡᠭᠦᠯ ᠮᠡᠨᠳᠦ ᠶᠢᠨ ᠬᠥᠳᠡᠯᠭᠡᠭᠡᠨ ᠤ ᠡᠯ᠎ᠡ ᠵᠦᠢᠯ ᠤᠨ ᠲᠥᠬᠦᠭᠡᠷᠦᠮᠵᠢ᠂ ᠴᠢᠳᠠᠮᠵᠢ ᠶᠢ ᠲᠣᠬᠢᠷᠠᠭᠤᠯᠣᠨ ᠲᠡᠭᠦᠯᠳᠡᠷᠵᠢᠭᠤᠯᠬᠤ ᠶᠢ ᠲᠦᠯᠦᠪᠯᠡᠨ᠂ ᠤᠯᠤᠰ ᠤᠨ ᠳᠡᠰ ᠤᠨ ᠡᠷᠡᠭᠦᠯ ᠮᠡᠨᠳᠦ ᠶᠢ ᠠᠬᠢᠭᠤᠯᠬᠤ ᠣᠷᠣᠨ ᠤ ᠪᠠᠶᠢᠴᠠᠭᠠᠯᠲᠠ ᠶᠢ ᠤᠭᠲᠤᠬᠤ ᠪᠠ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠲᠣᠭᠤᠷᠢᠭ ᠡᠭᠦᠳᠦᠨ ᠪᠠᠶᠢᠭᠤᠯᠬᠤ ᠶᠢ ᠪᠥᠬᠦ ᠬᠦᠴᠦᠨ ᠢᠶᠠᠷ ᠰᠠᠶᠢᠲᠤᠷ ᠬᠢᠨ᠎ᠡ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠭᠤᠷᠪᠠᠳᠤᠭᠠᠷ ᠡᠮᠨᠡᠯᠭᠡ ᠶᠢᠨ ᠬᠤᠷᠢᠶ᠎ᠠ ᠪᠣᠯᠤᠨ ᠴᠠᠩ ᠴᠦᠨ ᠲᠧᠩ ᠠᠨᠠᠭᠠᠬᠤ ᠤᠬᠠᠭᠠᠨ ᠤ ᠬᠤᠯᠪᠣᠭᠠᠯᠠᠯ ᠬᠠᠮᠲᠤᠷᠠᠨ ᠠᠵᠢᠯᠯᠠᠯᠲᠠ ᠢ ᠤᠯᠠᠮ ᠨᠢᠭᠡ ᠠᠯᠬᠤᠮ ᠬᠦᠨᠵᠡᠭᠡᠶᠢᠷᠡᠭᠦᠯᠵᠦ᠂ ᠵᠢᠷᠭᠤᠭᠠᠨ ᠶᠡᠭᠡ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢ ᠴᠢᠷᠮᠠᠶᠢᠨ ᠴᠣᠭᠴᠠᠯᠠᠨ᠎ᠠ᠃ ᠬᠢᠲᠠᠳ ᠮᠣᠩᠭᠤᠯ ᠡᠮᠨᠡᠯᠭᠡ ᠪᠣᠯᠤᠨ ᠹᠦ᠋ ᠷᠦᠢ ᠵᠡᠷᠭᠡ ᠠᠵᠤ ᠠᠬᠤᠶᠢᠯᠠᠯ ᠤᠨ ᠬᠠᠮᠲᠤ ᠶᠢᠨ ᠠᠵᠢᠯᠯᠠᠭ᠎ᠠ ᠶᠢ ᠪᠦᠬᠦ ᠬᠦᠴᠦᠨ ᠢᠶᠠᠷ ᠠᠬᠢᠭᠤᠯᠵᠤ᠂ ᠡᠮᠴᠢᠯᠡᠭᠡ᠂ ᠰᠤᠪᠢᠯᠠᠯ᠂ ᠡᠷᠡᠭᠦᠯ ᠮᠡᠨᠳᠦ ᠶᠢ ᠤᠶᠠᠯᠳᠤᠭᠤᠯᠤᠭᠰᠠᠨ ︽ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ︾ ᠰᠢᠨ᠎ᠡ ᠵᠠᠭᠪᠤᠷ ᠢ ᠬᠦᠴᠦᠯᠡᠨ ᠪᠠᠶᠢᠭᠤᠯᠤᠨ᠎ᠠ᠃ ᠭᠤᠷᠪᠠᠳᠣᠭᠠᠷ ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠡᠭᠦᠳᠡᠨ ᠡᠮᠨᠡᠯᠭᠡ ᠪᠠ ᠬᠠᠯᠠᠭᠤᠷᠠᠵᠤ ᠪᠠᠶᠢᠭ᠎ᠠ ᠡᠪᠡᠳᠴᠢᠲᠡᠨ ᠤ ᠥᠷᠥᠭᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠴᠥᠮ᠎ᠡ ᠶᠢᠨ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠶᠢ ᠴᠢᠩᠭᠠᠳᠬᠠᠵᠣ᠃ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠪᠣᠯᠤᠨ ᠬᠢᠷᠢ ᠲᠦᠪᠰᠢᠨ ᠢ ᠲᠠᠰᠤᠷᠠᠯᠲᠠ ᠥᠬᠡᠢ ᠳᠡᠭᠡᠭᠰᠢᠯᠡᠭᠦᠯᠦᠨ᠎ᠡ᠃           ︵ᠳᠣᠯᠤᠭ᠎ᠠ︶ ᠠᠮᠤᠷ ᠠᠮᠤᠭᠤᠯᠠᠩ ᠵᠢᠨᠢᠩ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠴᠢᠬᠤᠯᠠ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠪᠠᠷ ᠬᠦᠴᠦᠯᠡᠨ ᠴᠢᠷᠮᠠᠶᠢᠨ᠎ᠠ᠃ ᠠᠮᠤᠷ ᠲᠦᠪᠰᠢᠨ ᠬᠥᠭᠵᠢᠯᠲᠡ ᠶᠢ ᠢᠮᠠᠭᠲᠠ ᠡᠵᠡᠮᠳᠡᠬᠦ ᠡᠨᠡᠬᠦ ᠬᠦᠪᠴᠢ ᠶᠢ ᠡᠷᠴᠢᠯᠡᠵᠣ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠯ᠎ᠡ ᠲᠥᠷᠥᠯ ᠤᠨ ᠠᠵᠢᠯ ᠢ ᠯᠠᠪᠳᠠᠭᠤᠨ ᠪᠠᠳᠣᠳᠠᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ ᠤᠯᠤᠰ ᠲᠥᠷᠥ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ᠎ᠡ᠃ ᠳᠠᠶᠢᠰᠤᠨ ᠢ ᠰᠡᠷᠭᠡᠶᠢᠯᠡᠬᠦ ᠦᠵᠡᠯ ᠤᠬᠠᠮᠰᠠᠷ ᠪᠠ ᠲᠡᠮᠡᠴᠡᠯ ᠤᠨ ᠵᠣᠷᠢᠭ ᠰᠠᠨᠠᠭ᠎ᠠ ᠶᠢ ᠦᠨᠡᠨ ᠬᠦ ᠴᠢᠩᠭᠠᠳᠬᠠᠵᠤ᠂ ᠳᠠᠶᠢᠰᠤᠩᠨᠠᠭᠴᠢ ᠬᠦᠴᠦᠨ ᠤ ᠨᠡᠪᠴᠢᠯᠲᠡ ᠪᠠ ᠡᠪᠳᠡᠯᠡᠭᠡ ᠬᠢᠬᠦ ᠨᠤᠷᠠᠭᠠᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠨᠠᠭᠰᠢᠳᠠ ᠪᠣᠳᠠᠲᠠᠶᠢᠵᠢᠭᠤᠯᠵᠤ᠂ ᠢᠯᠠᠩᠭᠤᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠭᠠᠬᠤ ᠪᠠᠷ ᠭᠤᠣᠯ ᠱᠤᠭᠤᠮ ᠪᠣᠯᠭᠠᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠢ ᠪᠦᠬᠦ ᠬᠦᠴᠦᠨ ᠢᠶᠠᠷ ᠬᠠᠮᠠᠭᠠᠯᠠᠶ᠎ᠠ᠃  ᠰᠢᠨ᠎ᠡ ᠲᠢᠳᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠨ᠎ᠠ᠃ ︽ᠭᠠᠳᠠᠭᠠᠳᠤ ᠠᠴᠠ ᠣᠷᠣᠬᠤ ᠶᠢ ᠰᠡᠷᠭᠡᠶᠢᠯᠡᠬᠦ︾᠎ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ ︽ᠳᠥᠷᠪᠡᠨ ᠡᠷᠲᠡ ᠰᠡᠷᠭᠡᠶᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠ ᠤᠷᠲᠤ ᠬᠤᠭᠤᠴᠠᠭᠠᠨ ᠤ ᠵᠣᠬᠢᠴᠠᠭᠤᠯᠬᠤ ᠲᠣᠭᠲᠠᠴᠠ ᠶᠢ ᠢᠳᠡᠪᠬᠢᠲᠡᠢ ᠪᠠᠶᠢᠭᠤᠯᠵᠣ᠂ ᠸᠠᠺᠼᠢᠨ ᠤ ᠲᠠᠷᠢᠯᠭ᠎ᠠ ᠶᠢᠨ ᠠᠵᠢᠯ ᠢ ᠯᠠᠪᠳᠠᠭᠤᠨ ᠲᠣᠭᠲᠠᠭᠤᠨ ᠢᠶᠠᠷ ᠰᠠᠶᠢᠲᠤᠷ ᠬᠢᠵᠣ᠂ ᠬᠡᠵᠢᠭ ᠢ ᠰᠡᠷᠭᠡᠶᠢᠯᠡᠨ ᠡᠵᠡᠮᠳᠡᠬᠦ ᠬᠠᠯᠠᠪᠴᠢ ᠶᠢ ᠪᠦᠬᠦ ᠲᠠᠯ᠎ᠠ ᠪᠠᠷ ᠪᠠᠲᠤ ᠪᠠᠬᠢ ᠪᠣᠯᠭᠠᠵᠣ᠃ ᠠᠵᠣ ᠠᠬᠤᠢ ᠨᠡᠶᠢᠭᠡᠮ ᠤᠨ ᠦᠷᠭᠦᠯᠵᠢᠯᠡᠨ ᠳᠡᠭᠡᠳᠦ ᠴᠢᠨᠠᠷ ᠲᠠᠢ ᠬᠦᠭᠵᠢᠯᠳᠡ ᠶᠢ ᠪᠠᠳᠣᠯᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠨ᠎ᠠ᠃ ᠡᠩ ᠤᠨ ᠴᠢᠨᠠᠷᠲᠠᠢ ᠵᠠᠷᠤᠯᠭ᠎ᠠ ᠪᠣᠯᠤᠨ ᠭᠤᠷᠪᠠᠨ ᠠᠯᠪᠠᠨ ᠵᠠᠷᠤᠳᠠᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠭᠰᠠᠨ ᠰᠠᠭᠤᠷᠢᠨ ᠳᠡᠭᠡᠷ᠎ᠡ ᠪᠠᠶᠢᠩᠭᠤ ᠶᠢᠨ ᠬᠢᠨᠠᠨ ᠡᠵᠡᠮᠳᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠨ᠎ᠡ ᠳᠠᠯᠳᠠ ᠥᠷᠢ ᠥᠭᠴᠡᠭᠡ ᠪᠠᠷ ᠳᠠᠮᠵᠢᠨ ᠰᠢᠨ᠎ᠡ ᠲᠥᠷᠥᠯ ᠵᠦᠢᠯ ᠭᠠᠷᠭᠠᠵᠤ᠂ ᠰᠢᠨ᠎ᠡ ᠵᠦᠢᠯ ᠲᠡᠯᠭᠡᠭᠦ ᠶᠢ ᠡᠷᠡᠰ ᠬᠤᠷᠢᠭᠯᠠᠨ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠵᠣᠭᠤᠰ ᠰᠠᠯᠭᠠᠨ ᠥᠭᠬᠦ ᠲᠣᠭᠲᠠᠴᠠ ᠶᠢ ᠬᠠᠤᠯᠢ ᠶᠣᠰᠣᠭᠠᠷ ᠪᠦᠷᠢᠨᠰᠢᠭᠦᠯᠵᠦ᠂ ᠠᠵᠣ ᠠᠬᠤᠢ ᠤᠨ ᠥᠷᠢ ᠥᠭᠴᠡᠭᠡ ᠶᠢᠨ ᠬᠡᠯᠪᠡᠷᠢ ᠪᠠᠷ ᠳᠠᠯᠳᠠ ᠴᠢᠨᠠᠷ ᠤᠨ ᠥᠷᠢ ᠥᠭᠴᠡᠭᠡ ᠭᠠᠷᠭᠠᠬᠤ ᠶᠢ ᠡᠷᠡᠰ ᠬᠤᠷᠢᠭᠯᠠᠨ᠎ᠠ᠃ ᠨᠡᠶᠢᠭᠡᠮ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨᠨ᠎ᠡ᠃ ᠠᠶᠤᠯᠭᠦᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠪᠠᠲᠤᠲᠠᠢ ᠥᠷᠨᠢᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠥᠬᠦ ᠲᠠᠯ᠎ᠠ ᠪᠠᠷ ᠠᠬᠢᠭᠤᠯᠣᠨ᠎ᠠ᠃ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠡᠳᠦᠷ᠂ ᠤᠳᠤᠷᠢᠳᠤᠯᠭ᠎ᠠ ᠬᠡᠷᠡᠭ ᠳᠠᠭᠠᠭᠠᠴᠢᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠨ ᠠᠷᠢᠯᠭᠠᠨ᠎ᠠ᠃ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠵᠠᠬᠢᠳᠠᠯ ᠰᠤᠷᠪᠤᠯᠵᠢᠯᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ︽ᠴᠣᠩᠬᠤ + ᠵᠠᠭᠪᠤᠷᠴᠢᠯᠠᠯᠳᠠ + ᠮᠡᠳᠡᠭᠡ ᠵᠠᠩᠭᠢᠵᠢᠯᠲᠡ︾ ᠦᠨᠳᠦᠰᠦᠨ ᠱᠠᠲᠤᠨ ᠤ ᠵᠥᠷᠢᠴᠡᠯ ᠢ ᠡᠶᠡᠳᠡᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠡᠭᠦᠰᠦᠯᠲᠡ ᠳᠤᠨᠢ ᠰᠢᠢᠳᠪᠦᠷᠢᠯᠡᠬᠦ ᠪᠠᠷ ᠴᠢᠷᠮᠠᠶᠢᠨ᠎ᠠ᠃ ︽ᠪᠢᠴᠢᠭ ᠤᠨ ᠰᠤᠷᠪᠤᠯᠵᠢᠲᠤ ᠵᠢᠨᠢᠩ︾ ᠲᠠᠭᠠᠭᠤᠯᠭ᠎ᠠ ᠪᠠᠷ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠲᠦᠯᠬᠢᠨ ᠠᠬᠢᠭᠤᠯᠵᠣ᠂ ︽ᠬᠡᠷᠡᠭ ᠵᠥᠪᠯᠡᠬᠦ︾ ᠵᠠᠭᠪᠤᠷ ᠢᠶᠠᠷ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠳᠡᠰ ᠳᠡᠪᠰᠢᠬᠦ ᠶᠢ ᠠᠬᠢᠭᠤᠯᠣᠨ᠎ᠠ᠃         ᠡᠭᠦᠨ ᠤ ᠬᠠᠮᠲᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠬᠠᠮᠢᠶᠠᠷᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠲᠠᠰᠤᠷᠠᠯᠲᠠ ᠥᠬᠡᠢ ᠳᠡᠭᠡᠭᠰᠢᠯᠡᠭᠦᠯᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠠᠷᠠᠳ ᠤᠨ ᠪᠦᠯᠬᠦᠮ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠠᠵᠢᠯᠴᠢᠨ ᠤ ᠡᠪᠯᠡᠯ᠂ ᠵᠡᠮᠳᠡᠭᠴᠦᠳ᠂ ᠤᠯᠠᠭᠠᠨ ᠵᠠᠭᠠᠯᠮᠠᠶᠢᠳᠠᠨ᠂ ᠤᠳᠬ᠎ᠠ ᠤᠷᠠᠯᠢᠭ ᠵᠡᠷᠭᠡ ᠦᠢᠯᠡᠰ ᠢ ᠢᠳᠡᠪᠬᠢᠲᠡᠢ ᠬᠥᠭᠵᠢᠭᠦᠯᠦᠨ᠎ᠡ᠃ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠶᠠᠪᠤᠳᠠᠯ᠂ ᠵᠠᠭᠤᠴᠢᠯᠠᠭᠤᠷ᠂ ᠲᠤᠭ᠎ᠠ ᠪᠦᠷᠢᠳᠬᠡᠯ᠂ ᠠᠮᠤ ᠪᠤᠳᠠᠭ᠎ᠠ᠂ ᠪᠠᠷᠠᠭᠠᠨ ᠤ ᠦᠨ᠎ᠡ ᠬᠠᠩᠰᠢ᠂ ᠳᠠᠩᠰᠠ ᠡᠪᠬᠡᠮᠡᠯ᠂ ᠴᠠᠭ ᠠᠭᠤᠷ᠂ ᠣᠷᠣᠨ ᠨᠤᠲᠤᠭ ᠤᠨ ᠤᠶᠢᠯᠠᠯᠭ᠎ᠠ ᠵᠡᠷᠭᠡ ᠠᠵᠢᠯ ᠢ ᠢᠳᠡᠪᠬᠢᠲᠡᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃              ᠲᠥᠯᠥᠭᠡᠯᠡᠭᠴᠢᠳ ᠡ︕         ᠬᠦᠨᠳᠦ ᠡᠭᠦᠷᠭᠡ ᠳᠦᠷᠦᠭᠡᠨ ᠳᠡᠭᠡᠷ᠎ᠡ ᠭᠠᠭᠴᠠᠭᠦ ᠡᠭᠦᠷᠭᠡᠯᠡᠨ᠎ᠡ᠃ ᠥᠭᠡᠷᠡᠴᠢᠯᠡᠯᠲᠡ ᠬᠦᠭᠵᠢᠯᠳᠡ ᠲᠣᠭᠲᠠᠭᠤᠨ ᠪᠠᠶᠢᠯᠭᠠᠬᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠣ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠲᠦᠮᠡᠨ ᠤ ᠬᠠᠨᠤᠮᠵᠢᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠡᠷᠡᠰ ᠭᠤᠶᠢᠪᠢᠰᠢ ᠥᠬᠡᠢ ᠪᠠᠷ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠠᠷᠠᠭᠤᠯᠤᠨ ᠦᠢᠯᠡᠳᠦᠯᠭᠡᠵᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠲᠥᠪᠯᠡᠷᠡᠩᠭᠦᠢ ᠥᠷᠨᠢᠭᠦᠯᠵᠦ᠂ ︽ᠳᠥᠷᠪᠡᠨ ᠤᠬᠠᠮᠰᠠᠷ︾᠎ ᠢ ᠪᠣᠢ ᠪᠣᠯᠭᠠᠵᠣ ︽ᠳᠦᠷᠪᠡᠨ ᠢᠲᠡᠭᠡᠯ︾᠎ ᠢ ᠪᠠᠳᠣᠳᠬᠠᠵᠣ᠂ ︽ᠬᠤᠶᠠᠷ ᠢ ᠬᠠᠮᠠᠭᠠᠯᠠᠬᠤ︾ ᠠᠵᠢᠯ ᠢ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠯᠲᠠ ᠶᠢᠨ ᠬᠦᠴᠦᠨ᠂ ᠤᠯᠤᠰ ᠲᠥᠷᠥ ᠶᠢᠨ ᠤᠬᠠᠭᠠᠭᠤᠯᠬᠤ ᠬᠦᠴᠦᠨ᠂ ᠤᠯᠤᠰ ᠲᠥᠷᠥ ᠶᠢᠨ ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯ ᠨᠠᠶᠢᠳᠠᠪᠤᠷᠢᠵᠢᠭᠤᠯᠵᠤ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠪᠠᠳᠣᠯᠠᠨ᠎ᠠ᠃ ᠬᠠᠤᠯᠢ ᠪᠠᠷ ᠵᠠᠰᠠᠬᠤ ᠰᠠᠭᠤᠷᠢ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠡᠷᠡᠰ ᠭᠤᠶᠢᠪᠢᠰᠢ ᠦᠭᠡᠢ ᠪᠠᠷ ᠲᠤᠤᠱᠯᠠᠭᠤᠯᠤᠨ ︽ᠢᠷᠭᠡᠨ ᠤ ᠬᠠᠤᠯᠢ ᠶᠢᠨ ᠪᠢᠴᠢᠭ︾᠎ ᠢ ᠭᠦᠨᠵᠡᠭᠡᠢ ᠤᠬᠠᠭᠤᠯᠤᠨ ᠬᠡᠷᠡᠭᠵᠢᠭᠦᠯᠵᠦ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ ᠤᠯᠤᠰ ᠤᠨ ᠳᠡᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠢᠳᠡᠪᠬᠢᠲᠡᠢ ᠡᠭᠦᠳᠦᠨ ᠪᠠᠶᠢᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠳᠠᠭᠠᠵᠣ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠣᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠨ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠢᠮᠪᠠᠢ ᠰᠠᠶᠢᠲᠤᠷ ᠭᠦᠢᠴᠡᠳᠬᠡᠨ᠎ᠡ᠃ ᠴᠢᠩᠭ᠎ᠠ ᠬᠡᠪ ᠰᠤᠷᠲᠠᠯ ᠢ ᠢᠮᠠᠭᠲᠠ ᠪᠠᠷᠢᠮᠲᠠᠯᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠨᠠᠶᠢᠳᠠᠪᠣᠷᠵᠢᠭᠤᠯᠵᠣ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠢ ᠡᠷᠡᠰ ᠴᠢᠩᠭ᠎ᠠ ᠬᠡᠷᠡᠭᠵᠢᠭᠦᠯᠵᠦ᠂ ᠬᠡᠯᠪᠡᠷᠢ ᠶᠢᠨ ᠦᠵᠡᠯ᠂ ᠨᠣᠶᠠᠨᠴᠢ ᠦᠵᠡᠯ ᠢ ᠦᠷᠬᠦᠯᠵᠢᠯᠡᠨ ᠴᠡᠭᠴᠡᠯᠡᠨ ᠵᠠᠰᠠᠵᠣ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠦᠷ᠎ᠡ ᠪᠦᠲᠦᠭᠡᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠬᠡᠨ᠎ᠡ᠂ ᠭᠤᠣᠯᠳᠠᠯᠭ᠎ᠠ ᠲᠠᠢ ᠬᠦᠷᠢᠶᠡᠨ ᠳᠠᠬᠢ ᠴᠢᠬᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢ ᠴᠢᠩᠭ᠎ᠠ ᠠᠳᠬᠤᠨ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ ᠠᠵᠢᠯᠴᠢ ᠠᠷᠪᠢᠴᠢ ᠭᠠᠮᠨᠠᠨ ᠠᠷᠪᠢᠯᠠᠬᠤ ᠰᠢᠯᠢᠳᠡᠭ ᠰᠤᠷᠲᠠᠯ ᠢ ᠪᠠᠳᠠᠷᠠᠭᠤᠯᠵᠣ᠂ ︽ᠬᠠᠲᠠᠭᠤᠵᠢᠯᠲᠠᠢ ᠠᠮᠢᠳᠤᠷᠠᠬᠤ︾ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠣᠳᠠᠲᠠᠢ ᠨᠠᠶᠢᠳᠠᠪᠣᠷᠢᠵᠢᠭᠤᠯᠬᠤ᠂ ᠵᠠᠰᠠᠭ ᠤᠨ ᠣᠷᠳᠣᠨ ᠤ ᠰᠢᠰᠲ᠋ᠧᠮ ᠤᠨ ︽ᠵᠦᠳᠡᠷᠡᠯ ᠤᠨ ᠵᠢᠭᠠᠯᠲᠠ ᠲᠤᠭ᠎ᠠ︾᠎ ᠪᠠᠷ ᠠᠷᠠᠳ ᠣᠯᠠᠨ ᠤ ︽ᠵᠣᠯ ᠵᠢᠷᠭᠠᠯ ᠤᠨ ᠵᠢᠭᠠᠯᠲᠠ ᠲᠤᠭ᠎ᠠ︾᠎ ᠶᠢ ᠰᠣᠯᠢᠵᠤ ᠠᠪᠴᠢᠷᠠᠨ᠎ᠠ᠃ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠳᠠᠯᠠᠬᠤ ᠬᠡᠷᠡᠭᠳᠡᠢ᠃ ︽ᠠᠷᠠᠳ ᠲᠦᠮᠡᠨ ᠳᠤ ᠠᠷᠠᠯ ᠤᠨ ᠱᠠᠷ ᠰᠢᠬ ᠵᠢᠳᠬᠦᠵᠦ᠂ ᠰᠢᠨ᠎ᠡ ᠶᠢ ᠡᠭᠦᠳᠦᠨ ᠬᠦᠭᠵᠢᠭᠦᠯᠬᠦ ᠳᠤ ᠠᠲᠠᠷ ᠬᠠᠭᠠᠯᠪᠣᠷᠢᠯᠠᠬᠤ ᠦᠬᠡᠷ᠂ ᠰᠢᠷᠭᠠᠭᠤ ᠬᠠᠲᠠᠭᠤᠵᠢᠯᠲᠠᠢ ᠪᠠᠷ ᠲᠡᠮᠡᠴᠡᠬᠦ ᠳᠤ ᠱᠠᠷ ᠦᠬᠡᠷ︾᠎ ᠤᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠪᠠᠳᠠᠷᠠᠭᠤᠯᠵᠤ᠂ ᠰᠠᠶᠢᠨ ᠳᠤᠷ᠎ᠠ ᠠᠴᠠ ᠪᠠᠨ ᠵᠣᠷᠢᠭᠲᠠᠢ ᠪᠠᠷ ᠡᠭᠦᠷᠭᠡᠯᠡᠬᠦ᠂ ᠬᠠᠲᠠᠭᠤ ᠵᠣᠷᠢᠭᠲᠠᠢ ᠪᠠᠶᠢᠯᠳᠤᠬᠤ ᠰᠥᠰᠥ ᠵᠣᠷᠢᠭ᠂ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠺᠠᠳᠠᠷ ᠤᠨ ᠡᠩᠨᠡᠭᠡ ᠶᠢ ᠬᠦᠴᠦᠯᠡᠨ ᠪᠠᠶᠢᠭᠤᠯᠤᠨ᠎ᠠ᠃            ᠲᠥᠯᠥᠭᠡᠯᠡᠭᠴᠢᠳ ᠡ᠂ ᠮᠢᠩᠭᠠᠨ ᠳᠠᠷᠪᠠᠭᠤᠯ ᠡᠷᠡᠯᠬᠡᠭᠯᠡᠨ ᠲᠡᠮᠡᠴᠡᠬᠦ ᠳᠤ ᠡᠷᠡᠯᠬᠡᠭᠯᠡᠨ ᠲᠡᠮᠡᠴᠡᠭᠰᠡᠳ ᠤᠷᠢᠳᠠᠪᠡᠷ ᠲᠣᠳᠣᠷᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ  ᠨᠢᠭᠲᠠᠷᠠᠨ ᠪᠦᠯᠬᠦᠮᠳᠡᠵᠦ᠂  ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠯᠥᠭᠡ ᠦᠳᠡᠰᠢ ᠶᠢ ᠲᠡᠮᠡᠴᠡᠨ ᠭᠤᠸ᠎ᠠ ᠰᠠᠶᠢᠬᠠᠨ ᠵᠠᠯᠠᠭᠤ ᠨᠠᠰᠤ ᠢ ᠬᠥᠰᠡᠷᠳᠡᠭᠦᠯᠬᠦ ᠥᠬᠡᠢ ᠪᠠᠷ ᠴᠢᠷᠮᠠᠶᠢᠨ ᠲᠡᠮᠡᠴᠡᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠵᠢᠨᠢᠩ ᠤᠨ ᠰᠢᠨ᠎ᠡ ᠬᠠᠭᠤᠳᠠᠰᠤ ᠶᠢ ᠪᠢᠴᠢᠭᠯᠡᠨ᠂ ᠰᠢᠯᠢᠳᠡᠭ ᠬᠢᠷᠢ ᠪᠦᠲᠦᠮᠵᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠣᠢ ᠶᠢ ᠪᠠᠶᠠᠷᠯᠠᠨ ᠤᠭᠲᠤᠵᠠᠭᠠᠶ᠎ᠠ︕2021ᠤᠨ ᠤ ᠵᠢᠨᠢᠩ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ         —— 2021 ᠣᠨ ᠤ 3 ᠰᠠᠷ᠎ᠠ ᠶᠢᠨ 2᠎ ᠤᠨ ᠡᠳᠦᠷ ᠵᠢᠨᠢᠩ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠤᠳᠠᠭᠠᠨ ᠤ ᠬᠤᠷᠠᠯᠳᠤᠭᠠᠨ  ᠳᠡᠭᠡᠷ᠎ᠡ         ᠲᠤᠭᠤᠷᠢᠭ ᠤᠨ ᠵᠠᠰᠠᠭ ᠤᠨ ᠤᠷᠳᠤᠨ ᠤ ᠳᠠᠷᠤᠭ᠎ᠠ      ᠵᠢᠶ ᠬᠤᠩ ᠲᠥᠯᠥᠭᠡᠯᠡᠭᠴᠢᠳ ᠡ᠄              ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠡᠷᠬᠢᠮ ᠨᠠᠨᠳᠢᠨ ᠰᠠᠨᠠᠯ ᠢᠶᠠᠨ ᠳᠤᠷᠠᠳᠬᠤ ᠪᠣᠯᠪᠠᠤ᠃                ᠨᠢᠭᠡ᠂ 2020 ᠣᠨ ᠵᠢᠴᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠷᠭᠢᠴᠡᠭᠦᠯᠦᠯ             ᠥᠩᠭᠡᠷᠡᠭᠰᠡᠨ ᠨᠢᠭᠡ ᠵᠢᠯ ᠪᠣᠯ ᠮᠠᠨ ᠤ  ᠲᠤᠭᠤᠷᠢᠭ ᠤᠨ ᠬᠥᠭᠵᠢᠯᠲᠡ ᠶᠢᠨ ᠠᠬᠢᠴᠠ ᠳᠠᠬᠢ ᠲᠦᠢᠯ ᠤᠨ ᠶᠡᠷᠦ ᠪᠤᠰᠤ ᠶᠢᠨ ᠨᠢᠭᠡ ᠵᠢᠯ ᠪᠣᠯᠤᠨ᠎ᠠ᠃ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠲᠠ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠶᠳᠪᠦᠷᠢᠲᠦ ᠢᠯᠠᠯᠲᠠ ᠶᠢ ᠤᠯᠬᠤ ᠳᠠᠪᠬᠤᠷ ︽ᠶᠡᠭᠡ ᠰᠢᠯᠭᠠᠯᠲᠠ︾᠎ ᠶᠢᠨ ᠡᠮᠦᠨ᠎ᠡ᠂  ᠲᠤᠭᠤᠷᠢᠭ ᠤᠨ ᠵᠠᠰᠠᠭ ᠤᠨ ᠣᠷᠳᠣᠨ  ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠤᠷ᠎ᠠ᠂ ᠰᠢ ᠶᠢᠨ ᠫᠢᠩ  ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠢᠮᠠᠭᠲᠠ ᠪᠠᠷᠢᠮᠲᠠᠯᠠᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠂ ᠬᠠᠲᠠᠭᠤ ᠴᠢᠩᠭ᠎ᠠ ᠰᠢᠯᠭᠠᠯᠲᠠ ᠶᠢᠨ ᠳᠤᠮᠳᠠ ᠬᠢᠷᠢ ᠲᠡᠩᠴᠡᠭᠰᠡᠨ ᠰᠢᠯᠭᠠᠯᠲᠠ ᠶᠢᠨ ᠬᠠᠭᠤᠳᠠᠰᠤ ᠶᠢ ᠲᠤᠰᠢᠶᠠᠪᠠ᠃ ᠪᠥᠬᠦ ᠵᠢᠯ ᠳᠤ ᠭᠠᠵᠠᠷ ᠣᠷᠣᠨ ᠤ ᠦᠶᠯᠡᠳᠪᠦᠷᠢᠯᠡᠯ ᠤᠨ ᠪᠥᠬᠦ ᠥᠷᠲᠡᠭ ᠢ 215.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2.7%᠎ ᠪᠠᠷ ᠨᠡᠮᠡᠭᠳᠡᠪᠡ᠃  ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠨᠡᠮᠡᠭᠳᠡᠯ ᠤᠨ ᠬᠤᠷᠳᠤᠴᠠ 15.7%᠎ ᠳᠤ ᠬᠦᠷᠴᠡᠢ  ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 74.2 ᠳ᠋ᠦᠩᠰᠢᠭᠤᠷ ᠲᠥᠭᠦᠷᠢᠭ ᠪᠡᠶᠡᠯᠡᠭᠦᠯᠵᠦ᠂ 17.2%᠎ ᠢᠶᠠᠷ ᠨᠡᠮᠡᠭᠳᠡᠪᠡ  ᠃ ᠡᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 13.1 ᠳ᠋ᠦᠩᠰᠢᠭᠤᠷ ᠲᠥᠭᠦᠷᠢᠭ ᠪᠡᠶᠡᠯᠡᠭᠦᠯᠵᠦ᠂ 3.4%᠎ ᠪᠠᠷ ᠨᠡᠮᠡᠭᠳᠡᠭᠦᠯᠪᠡ  ᠃ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠦᠬᠦ ᠲᠤᠭ᠎ᠠ 91.3 ᠳ᠋ᠦᠩᠰᠢᠭᠤᠷ ᠲᠥᠭᠦᠷᠢᠭ ᠲᠤ ᠬᠦᠷᠴᠡᠶ  ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 35702 ᠲᠥᠭᠦᠷᠢᠭ᠂ 19408 ᠲᠥᠭᠦᠷᠢᠭ ᠲᠤ ᠬᠦᠷᠴᠦ᠂ ᠲᠣᠰ ᠲᠣᠰ 1.0% ᠪᠠ 8.3%᠎ ᠪᠠᠷ ᠨᠡᠮᠡᠭᠳᠡᠪᠡ᠃             ᠡᠨᠡ ᠨᠢᠭᠡ ᠵᠢᠯ ᠳᠤ᠂ ᠭᠡᠨᠡᠳᠲᠡ ᠡᠭᠦᠰᠦᠭᠰᠡᠨ  ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠪᠢᠳᠡ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠦᠴᠢᠷ ᠪᠡᠷᠬᠡᠰᠢᠶᠡᠯ ᠢ ᠢᠯᠠᠨ ᠳᠠᠪᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠠᠯ᠎ᠠ ᠪᠠᠷ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠦᠷ᠎ᠡ ᠪᠦᠲᠦᠭᠡᠯ ᠣᠯᠤᠭᠰᠠᠨ ᠪᠠᠶᠢᠨ᠎ᠠ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠨ᠂ ︽ᠭᠠᠳᠠᠨ᠎ᠠ ᠠᠴᠠ ᠤᠷᠤᠵᠤ ᠢᠷᠡᠬᠦ ᠶᠢ ᠰᠡᠷᠭᠡᠶᠢᠯᠡᠬᠦ︾᠎ ᠶᠢ ᠴᠢᠩᠭ᠎ᠠ ᠠᠳᠬᠤᠵᠤ᠂ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ  ᠨᠢᠭᠡᠴᠡ  ᠶᠢᠨ 1 ᠲᠦᠮᠡ ᠰᠢᠬᠠᠮ ᠨᠠᠮ ᠤᠨ ᠭᠡᠰᠢᠭᠦᠨ ᠺᠠᠳ᠋ᠷ ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠨᠡᠶᠢᠭᠡᠮ ᠲᠣᠭᠤᠷᠢᠭ ︵ᠲᠣᠰᠬᠤᠨ︶᠎ ᠤᠨ ᠠᠵᠢᠯᠳᠠᠨ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠲᠤ ᠰᠠᠨᠠᠭᠠᠴᠢᠯᠠᠭ᠎ᠠ ᠠᠴᠠ ᠪᠠᠨ ᠣᠷᠣᠯᠴᠠᠪᠠ  ᠃ 2000 ᠭᠠᠷᠤᠢ ᠡᠮᠨᠡᠯᠭᠡ ᠶᠢᠨ ᠠᠵᠢᠯᠳᠠᠨ ᠠᠵᠢᠯ ᠤᠨ ᠪᠠᠶᠢᠷᠢ ᠪᠠᠨ ᠪᠠᠲᠤ ᠰᠠᠬᠢᠪᠠ  ᠃ 8 ᠡᠮᠴᠢ ᠰᠤᠪᠢᠯᠠᠭᠴᠢ ᠰᠠᠨᠠᠭᠠᠴᠢᠯᠠᠭ᠎ᠠ ᠠᠴᠠ ᠪᠠᠨ ᠬᠤᠪᠸᠢ ᠶᠢ ᠲᠤᠰᠠᠯᠠᠵᠤ ᠬᠢᠵᠢᠭ ᠢ ᠡᠰᠡᠷᠭᠦᠴᠡᠬᠦ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ  ᠃ 40 ᠭᠠᠷᠤᠢ ᠲᠦᠮᠡᠨ ᠠᠷᠠᠳ ᠤᠯᠠᠨ ᠬᠦᠴᠢᠷ ᠪᠡᠷᠬᠡᠰᠢᠶᠡᠯ ᠢ ᠬᠠᠮᠲᠤᠪᠠᠷ ᠲᠤᠭᠤᠯᠵᠥ᠂ ᠴᠠᠭ ᠤᠨ ᠪᠡᠷᠬᠡ ᠶᠢ ᠬᠠᠮᠲᠤᠪᠠᠷ ᠲᠤᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠨᠢᠭᠲᠠᠷᠠᠭᠤᠯᠵᠠᠢ᠃ ᠤᠷᠢᠳᠴᠢᠯᠠᠨ ᠰᠤᠳᠤᠯᠤᠨ ᠮᠠᠭᠠᠳᠯᠠᠬᠤ᠂ ᠤᠷᠢᠳᠴᠢᠯᠠᠨ ᠪᠠᠶᠢᠷᠢᠯᠠᠭᠤᠯᠬᠤ᠂ ᠤᠷᠢᠳᠴᠢᠯᠠᠨ ᠠᠵᠢᠯᠯᠠᠬᠤ ᠶᠢ ᠪᠠᠷᠢᠮᠲᠠᠯᠠᠵᠤ᠂ ᠪᠥᠬᠦ ᠬᠤᠲᠠ ᠳᠤ ᠤᠷᠢᠳᠠᠪᠠᠷ ᠲᠤᠰᠠᠭᠠᠷᠯᠠᠬᠤ ᠪᠠᠭᠤᠳᠠᠯ ᠢ ᠡᠬᠢᠯᠡᠭᠦᠯᠵᠦ᠂ ᠭᠤᠤᠯᠳᠠᠯᠭ᠎ᠠ ᠲᠠᠢ ᠬᠢᠵᠢᠭᠲᠦ ᠣᠷᠣᠨ ᠎ ᠠᠴᠠ ᠪᠤᠴᠠᠵᠤ ᠢᠷᠡᠭᠰᠡᠨ 2633 ᠬᠥᠮᠦᠨ ᠤᠳᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠢᠯᠢ ᠶᠢᠨ ᠭᠠᠳᠠᠨ᠎ᠠ ᠤᠯᠤᠰ ᠲᠠᠭᠠᠨ ᠪᠤᠴᠠᠵᠤ ᠢᠷᠡᠭᠰᠡᠨ ᠬᠥᠮᠦᠰ ᠢ ᠲᠤᠰᠠᠭᠠᠷᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ  ᠃ ᠬᠠᠮᠤᠭ ᠤᠨ ᠲᠦᠷᠦᠭᠦᠨ ᠳᠤ ︽ᠬᠤᠳᠠ ᠶᠢ ᠬᠥᠮᠦᠨ ᠪᠦᠬᠦᠨ ᠬᠠᠮᠢᠶᠠᠷᠬᠤ︾᠎ ᠶᠢ ᠰᠦᠯᠵᠢᠶᠡᠨ ᠳᠤ ᠣᠷᠣᠭᠤᠯᠵᠤ᠂ ᠨᠢᠭᠡ ᠭᠠᠷᠠᠭ ᠤᠨ ᠳᠣᠲᠣᠷ᠎ᠠ ᠦᠨᠡᠨ ᠨᠡᠷ᠎ᠡ ᠪᠠᠷ 37 ᠲᠦᠮᠡᠨ ᠬᠥᠮᠦᠨ ᠢ ᠳᠠᠩᠰᠠᠯᠠᠭᠤᠯᠵᠤ᠂ ᠲᠦᠮᠡᠨ ᠤᠯᠠᠨ ᠢᠶᠠᠷ ᠢᠶᠠᠨ ᠰᠡᠳᠬᠢᠯ ᠨᠢᠭᠡᠳᠦᠨ ᠬᠢᠵᠢᠭ ᠢ ᠡᠰᠡᠷᠭᠦᠴᠡᠬᠦ ︽ ᠪᠦᠷᠬᠦᠴᠢᠯᠡᠭᠰᠡᠨ ᠲᠣᠣᠷ ᠰᠦᠯᠵᠢᠶ᠎ᠡ ᠶᠢᠨ ᠬᠠᠮᠢᠶᠠᠷᠤᠯᠲᠠ︾᠎ ᠎ ᠶᠢ ᠦᠳᠲᠡᠷ ᠲᠦᠷᠭᠡᠨ ᠴᠣᠭᠴᠠᠯᠠᠪᠠ  ᠃ ︽ᠴᠡᠭ ᠠᠴᠠ ᠴᠡᠭ ᠲᠤ ᠬᠥᠷᠬᠦ᠂ ᠨᠢᠭᠡ ᠯᠡ ᠥᠷᠲᠡᠭᠡᠨ ᠤ ᠮᠠᠶ᠋ᠢᠭ︾᠎ ᠤᠨ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠰᠢᠭᠤᠳ ᠨᠡᠪᠲᠡᠷᠡᠬᠦ ᠲᠡᠷᠭᠡ ᠶᠢ ᠤᠷᠢᠳᠠᠪᠠᠷ ᠨᠡᠪᠲᠡᠷᠡᠭᠦᠯᠵᠦ᠂ ᠠᠵᠤ ᠠᠬᠤᠶᠢᠯᠠᠯ ᠤᠨ ᠬᠤᠪᠸᠢ ᠵᠡᠷᠭᠡ ᠭᠠᠵᠠᠷ ᠲᠤ ᠬᠦᠷᠴᠦ  ᠂ ᠠᠵᠢᠯᠲᠠᠨ ᠠᠵᠢᠯᠴᠢᠨ ᠢᠶᠠᠨ ᠲᠤᠰᠴᠤ ᠠᠪᠴᠢᠷᠠᠬᠤ ᠳᠤ ᠬᠠᠪᠰᠤᠷᠴᠤ᠂ ᠠᠵᠤ ᠠᠬᠤᠶᠢᠯᠠᠯ ᠤᠨ ᠪᠥᠬᠦ ᠲᠠᠯ᠎ᠠ ᠪᠠᠷ ᠠᠵᠢᠯ ᠢᠶᠠᠨ ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ ᠶᠢ ᠪᠡᠶᠡᠯᠡᠭᠦᠯᠪᠡ  ᠃ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠯᠭ᠎ᠠ ᠪᠠᠨ ᠰᠡᠷᠭᠦᠭᠡᠵᠦ ᠬᠢᠴᠢᠶᠡᠯ ᠢᠶᠠᠨ ᠰᠡᠷᠭᠦᠭᠡᠬᠦ᠂ ᠢᠳᠡᠭᠡᠨ ᠤᠮᠳᠠᠭᠠᠨ ᠠᠷᠠᠯᠵᠢᠶ᠎ᠠ ᠬᠤᠳᠠᠯᠳᠤᠭ᠎ᠠ᠂ ᠵᠤᠭ᠎ᠠ ᠴᠡᠩᠭᠡᠯ ᠤᠨ ᠲᠠᠯᠠᠪᠤᠷ ᠭᠠᠵᠠᠷ ᠤᠨ ᠬᠤᠳᠠᠯᠳᠤᠭ᠎ᠠ ᠪᠠᠨ ᠰᠡᠷᠭᠦᠭᠡᠵᠦ ᠵᠠᠬ᠎ᠠ ᠳᠡᠯᠭᠡᠭᠦᠷ ᠢᠶᠠᠨ ᠰᠡᠷᠭᠦᠭᠡᠬᠦ ᠶᠢ  ᠪᠡᠶᠡᠯᠡᠭᠦᠯᠵᠡᠢ᠃ ᠬᠢᠨᠠᠨ ᠪᠠᠶᠢᠴᠠᠭᠠᠬᠤ ᠦᠶ᠎ᠡ ᠳᠤ ᠡᠯ᠎ᠡ ᠵᠦᠢᠯ ᠤᠨ ᠬᠢᠵᠢᠭ ᠢ ᠰᠡᠷᠭᠡᠶᠢᠯᠡᠬᠦ ᠲᠦᠷᠦ ᠶᠢᠨ ᠪᠤᠳᠤᠯᠭ᠎ᠠ ᠶᠢ ᠨᠠᠷᠢᠯᠢᠭ ᠣᠨᠣᠴᠠᠲᠠᠶ ᠪᠠᠷ ᠲᠣᠬᠢᠷᠠᠭᠤᠯᠤᠨ ᠡᠵᠡᠮᠳᠡᠵᠦ᠂ ᠪᠦᠬᠦ ᠵᠢᠯ ᠳᠤ 52 ᠬᠤᠭᠤᠴᠠᠭᠠᠨ ᠤ ᠰᠡᠷᠭᠡᠶᠢᠯᠡᠨ ᠬᠢᠵᠠᠭᠠᠷᠯᠠᠬᠤ ᠠᠯᠪᠠᠨ ᠵᠠᠷ ᠨᠡᠶᠢᠲᠡᠯᠡᠵᠦ᠂ ᠲᠣᠭᠲᠠᠴᠠ ᠪᠠᠶᠢᠭᠤᠯᠬᠤ᠂ ᠲᠣᠣᠷ ᠢ ᠪᠣᠳᠠᠲᠠᠶᠢᠵᠢᠭᠤᠯᠬᠤ᠂ ᠠᠷᠭ᠎ᠠ ᠬᠡᠮᠵᠢᠶ᠎ᠡ ᠶᠢ ᠨᠠᠷᠢᠯᠢᠬᠵᠢᠭᠤᠯᠬᠤ ᠪᠠᠷ ᠳᠠᠮᠵᠢᠭᠤᠯᠤᠨ᠂ ︽ᠡᠪᠡᠳᠴᠢᠨ ᠤ ᠵᠢᠱᠢᠶ᠎ᠡ ᠶᠢ ᠨᠢᠭᠡ ᠴᠦ ᠣᠷᠣᠭᠤᠯᠬᠤ ᠦᠭᠡᠢ  ᠂  ᠡᠵᠡᠮᠳᠡᠯ ᠢᠶᠠᠨ ᠨᠢᠭᠡ ᠴᠦ ᠠᠯᠳᠠᠬᠤ ᠦᠭᠡᠢ︾  ᠰᠠᠶᠢᠨ ᠬᠢᠷᠢ ᠪᠦᠲᠦᠮᠵᠢ ᠶᠢ ᠣᠯᠤᠭᠰᠠᠨ ᠪᠠᠶᠢᠨ᠎ᠠ᠃            ᠡᠨᠡ ᠨᠢᠭᠡ ᠵᠢᠯ ᠳᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠲᠡᠦᠬᠡ ᠶᠢᠨ ᠬᠦᠨᠳᠦ ᠡᠭᠦᠷᠭᠡ ᠶᠢᠨ ᠡᠮᠦᠨ᠎ᠡ᠂  ᠡᠷᠴᠢ ᠵᠣᠷᠢᠭ ᠢᠶᠠᠨ ᠬᠥᠪᠴᠢᠯᠡᠵᠦ᠂ ᠡᠷᠡᠯᠬᠡᠭᠯᠡᠨ ᠪᠠᠶᠢᠯᠳᠤᠵᠤ᠂ ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ ᠵᠠᠩᠭᠢᠯᠠᠭ᠎ᠠ ᠶᠢᠨ ᠴᠢᠨᠠᠷᠲᠠᠢ ᠠᠬᠢᠴᠠ ᠲᠠᠢ ᠪᠣᠯᠪᠠ᠃ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠯᠠᠪᠳᠠᠭᠤᠨ ᠲᠣᠭᠲᠠᠭᠤᠨ ᠪᠠᠶᠢᠯᠭᠠᠪᠠ᠃  ᠰᠦᠢᠳᠭᠡᠯ ᠵᠣᠭᠤᠰ ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠪᠠ ᠴᠢᠬᠤᠯᠠ ᠭᠠᠵᠠᠷ ᠲᠤ ᠬᠡᠷᠡᠭᠯᠡᠬᠦ ᠶᠢ ᠪᠠᠷᠢᠮᠲᠠᠯᠠᠵᠤ᠂ ᠪᠦᠬᠦ ᠵᠢᠯ ᠳᠤ ᠵᠠᠰᠠᠭ ᠤᠨ ᠣᠷᠳᠣᠨ ᠤ ᠥᠷᠢ ᠥᠭᠴᠡᠭᠡ ᠶᠢ  ᠨᠡᠶᠢᠲᠡ 314 ᠳ᠋ᠦᠩᠰᠢᠭᠤᠷ ᠲᠥᠭᠦᠷᠢᠭ  ᠲᠦᠯᠦᠵᠦ᠂ ᠣᠨ ᠤ ᠡᠭᠦᠷᠭᠡ ᠶᠢ 118%᠎ ᠪᠠᠷ ᠪᠡᠶᠡᠯᠡᠭᠦᠯᠪᠡ᠃ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠤᠨ ᠵᠥᠷᠢᠯᠳᠦᠭᠡᠨ ᠥᠬᠡᠶ ᠲᠠᠩᠰᠠᠨ ᠵᠣᠭᠤᠰ ᠢ ᠪᠦᠬᠦᠨ ᠢ 2020 ᠣᠨ ᠤ ᠤᠯᠤᠰ ᠤᠨ ᠪᠠᠶᠢᠭᠤᠯᠤᠮᠵᠢᠲᠤ ᠰᠢᠶᠠᠨ ᠲᠣᠭᠤᠷᠢᠭ ᠤᠨ ᠳᠠᠯᠳᠠ ᠥᠭᠴᠡᠭᠡᠨ ᠤ ᠲᠦᠭᠰᠢᠭᠦᠷᠢ ᠶᠢ ᠠᠷᠢᠯᠭᠠᠬᠤ ᠲᠤᠷᠰᠢᠯᠲᠠ ᠶᠢᠨ ᠴᠢᠭ ᠎ ᠢ ᠠᠮᠵᠢᠯᠲᠠ ᠲᠠᠢ ᠪᠠᠷ ᠵᠥᠪᠰᠢᠶᠡᠷᠡᠵᠦ᠂ ᠵᠢᠭᠡᠯᠡᠯᠭᠡ ᠶᠢᠨ ᠲᠡᠮᠳᠡᠭᠲᠦ ᠰᠣᠯᠢᠬᠤ ᠪᠡᠯᠡ ᠮᠥᠩᠭᠦ ᠶᠢ 31.6 ᠳ᠋ᠦᠩᠰᠢᠭᠤᠷ ᠲᠥᠭᠦᠷᠢᠭ ᠴᠢᠷᠮᠠᠶᠢᠨ ᠣᠯᠵᠤ᠂ ᠣᠷᠣᠨ ᠪᠦᠰᠡ ᠶᠢᠨ ᠴᠢᠨᠠᠷᠲᠠᠶ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠦᠲᠦᠮᠵᠢᠲᠡᠶ ᠪᠠᠷ ᠰᠠᠬᠢᠪᠠ᠃ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠦᠷᠭᠦᠯᠵᠢᠯᠡᠨ ᠴᠢᠩᠭᠠᠳᠬᠠᠪᠠ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠯᠲᠠ ᠵᠢᠴᠢ ︽ᠡᠷᠬᠢᠨ ᠬᠠᠷᠠᠬᠤ︾ ᠠᠵᠢᠯᠯᠠᠭ᠎ᠠ ᠶᠢᠨ ᠬᠠᠷᠢᠭᠤ ᠲᠤᠰᠬᠠᠭᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ᠬᠤᠳᠠ ᠳᠤ ᠠᠷᠢᠭᠤᠨ ᠴᠡᠪᠡᠷ ᠡᠨᠧᠷᠭᠢ ᠶᠢᠨ ᠰᠤᠷᠪᠤᠯᠵᠢ ᠶᠢᠨ ᠢᠯᠴᠢ ᠬᠠᠩᠭᠠᠬᠤ ᠲᠠᠯᠠᠪᠠᠢ ᠶᠢ 100 ᠲᠦᠮᠡᠨ ᠲᠡᠭᠰᠢ ᠳᠥᠷᠪᠡᠯᠵᠢᠨ ᠮᠧᠲᠷ ᠰᠢᠨ᠎ᠡ ᠪᠠᠷ ᠨᠡᠮᠡᠭᠳᠡᠭᠦᠯᠵᠦ᠂ ᠠᠷᠢᠭᠤᠨ ᠴᠡᠪᠡᠷ ᠬᠡᠯᠪᠡᠷᠢ ᠶᠢᠨ ᠨᠡᠭᠦᠷᠡᠰᠦ ᠶᠢ 6000 ᠲᠣᠨ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠵᠤ᠂ ᠲᠠᠷᠠᠬᠠᠶ ᠪᠤᠲᠠᠷᠬᠠᠶ ᠡᠮᠬᠢ ᠵᠠᠮᠪᠠᠷᠠᠭ᠎ᠠ ᠦᠭᠡᠢ ᠪᠣᠬᠢᠷᠲᠤᠯ ᠲᠠᠢ 61 ᠠᠵᠤ ᠠᠬᠤᠶᠢᠯᠠᠯ ᠢ ᠴᠡᠭᠴᠡᠯᠡᠨ ᠵᠠᠰᠠᠵᠤ᠂ ᠠᠭᠠᠷ ᠤᠨ ᠶᠠᠰᠤ ᠴᠢᠨᠠᠷ ᠰᠢᠯᠢᠳᠡᠭ ᠰᠠᠶᠢᠢᠨ ᠡᠳᠦᠷ ᠤᠨ ᠲᠤᠭ᠎ᠠ ᠶᠢ 345 ᠡᠳᠦᠷ ᠪᠣᠯᠭᠠᠪᠠ᠃ ᠬᠤᠸᠠᠩ ᠴᠢ ᠬᠠᠶ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠲᠥᠯᠥᠪᠵᠢᠭᠦᠯᠭᠡ ᠶᠢ ᠰᠢᠯᠢᠳᠡᠭᠵᠢᠭᠦᠯᠦᠨ ᠲᠣᠬᠢᠷᠠᠭᠤᠯᠵᠤ᠂ ᠤᠰᠤᠨ ᠤ ᠡᠬᠢ ᠰᠤᠷᠪᠤᠯᠵᠢ ᠶᠢᠨ ᠭᠠᠵᠠᠷ ᠢ ᠪᠢᠲᠡᠭᠦᠮᠵᠢᠯᠡᠨ ᠬᠠᠮᠢᠶᠠᠷᠬᠤ ᠶᠢ ᠪᠡᠶᠡᠯᠡᠭᠦᠯᠪᠡ᠃ ᠭᠤᠣᠯ ᠮᠥᠷᠡᠨ ᠤ ᠳᠠᠷᠤᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠥᠷᠥᠰᠥ ᠰᠢᠷᠣᠶ ᠶᠢᠨ ᠪᠣᠬᠢᠷᠲᠤᠯ ᠤᠨ ︽ᠲᠦᠷᠪᠡ ᠶᠢ ᠬᠢᠵᠠᠭᠠᠷᠯᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠪᠠ᠃ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠲᠠᠰᠤᠷᠠᠯᠲᠠ ᠥᠬᠡᠶ ᠪᠠᠬᠢᠵᠢᠪᠡ᠃ ᠲᠥᠪ ᠤᠨ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾᠂ ᠤᠯᠤᠰ ᠤᠨ ᠦᠷ᠎ᠡ ᠪᠦᠲᠦᠮᠵᠢ ᠶᠢ ᠬᠢᠨᠠᠨ ᠰᠢᠯᠭᠠᠬᠤ ᠵᠡᠷᠭᠡ ᠬᠠᠷᠢᠭᠤ ᠲᠤᠰᠬᠠᠬᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ᠃ ︽ᠲᠦᠷᠪᠡ ᠶᠢ ᠬᠠᠰᠤᠬᠤ ᠦᠭᠡᠢ︾ ᠪᠠᠶᠢᠬᠤ ᠶᠢ ᠴᠢᠩᠭ᠎ᠠ ᠨᠠᠶᠢᠳᠠᠪᠤᠷᠢᠵᠢᠭᠤᠯᠵᠤ᠂ ᠲᠣᠰᠬᠤᠨ ᠤ ᠨᠡᠶᠢᠲᠡ ᠶᠢᠨ ᠲᠦᠷᠦᠯ ᠵᠦᠢᠯ 58 ᠎ ᠶᠢ ᠬᠡᠷᠡᠭᠵᠢᠭᠦᠯᠵᠦ᠂ 4376 ᠡᠪᠡᠳᠴᠢᠲᠡᠶ ᠬᠥᠮᠦᠨ ᠠᠮᠠ ᠶᠢ ᠠᠪᠤᠷᠠᠨ ᠲᠤᠰᠠᠯᠠᠵᠤ᠂ 58 ᠰᠤᠷᠤᠭᠴᠢ ᠎ ᠶᠢᠨ  ᠰᠤᠷᠤᠯᠭ᠎ᠠ ᠶᠢ ᠲᠡᠳᠬᠦᠨ ᠲᠤᠰᠠᠯᠠᠵᠤ᠂ 80 ᠬᠥᠮᠦᠨ ᠢ ᠲᠥᠪᠬᠢᠨᠡᠭᠦᠯᠦᠨ ᠠᠵᠢᠯ ᠣᠯᠭᠤᠪᠠ᠃ ᠶᠠᠳᠠᠭᠤ ᠬᠦᠴᠢᠷᠳᠡᠯᠲᠡᠢ ᠬᠥᠮᠦᠨ ᠠᠮᠠ ᠶᠢ ᠰᠡᠷᠭᠡᠶᠢᠯᠡᠬᠦ ᠪᠠᠲᠤᠯᠠᠪᠤᠷᠢ ᠶᠢᠨ ᠲᠣᠭᠲᠠᠴᠠ ᠶᠢ ᠪᠠᠶᠢᠭᠤᠯᠵᠤ᠂ ᠲᠠᠬᠢᠨ ᠶᠠᠳᠠᠭᠤᠷᠠᠬᠤ ᠵᠢᠴᠢ ᠰᠢᠨ᠎ᠡ ᠪᠠᠷ ᠶᠠᠳᠠᠭᠤᠷᠠᠬᠤ ᠦᠵᠡᠭᠳᠡᠯ ᠡᠭᠦᠰᠬᠦ ᠶᠢ ᠡᠬᠢ ᠡᠭᠦᠰᠦᠯ ᠠᠴᠠ ᠨᠢ  ᠬᠤᠷᠢᠭᠯᠠᠵᠠᠢ᠃          ᠡᠨᠡ ᠨᠢᠭᠡ ᠵᠢᠯ ᠳᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠪᠢᠳᠡ ᠢᠳᠡᠪᠬᠢᠲᠡᠶ ᠪᠠᠷ ᠠᠵᠢᠯ ᠶᠠᠪᠤᠳᠠᠯ ᠪᠦᠲᠦᠭᠡᠵᠦ᠂ ᠠᠰᠢᠭᠲᠠᠶ ᠪᠠᠶᠢᠳᠠᠯ ᠢ ᠠᠮᠵᠢᠨ ᠤᠷᠤᠭᠰᠢᠯᠠᠵᠤ᠂ ᠠᠵᠤ ᠦᠶᠯᠡᠰ ᠤᠨ ᠬᠡᠯᠪᠡᠷᠢ ᠪᠠᠨ ᠬᠤᠪᠢᠷᠠᠭᠤᠯᠬᠤ ᠲᠠᠯ᠎ᠠ ᠪᠠᠷ ᠯᠠᠪᠳᠠᠭᠤᠨ ᠪᠠᠲᠤᠲᠠᠶ ᠠᠯᠬᠤᠮ ᠢ ᠠᠯᠬᠤᠪᠠ᠃ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠲᠣᠭᠲᠠᠭᠤᠨ ᠢᠶᠠᠷ  ᠬᠦᠭᠵᠢᠪᠡ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠵᠢᠴᠢ ᠭᠠᠵᠠᠷ ᠰᠢᠷᠣᠶ ᠶᠢᠨ ᠳᠦᠷᠢᠮ ᠤᠨ ᠥᠭᠡᠷᠡᠴᠢᠯᠡᠯᠲᠡ ᠶᠢ ᠪᠦᠬᠦ 6000  ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 50 ᠰᠠᠭᠤᠷᠢ ᠬᠦᠯᠡᠮᠵᠢᠲᠦ ᠲᠤᠮᠤ ᠹᠸᠡᠭ ᠰᠠᠷᠠᠪᠴᠢ ᠪᠠᠶᠢᠭᠤᠯᠵᠠᠢ  ᠃ ᠳ᠋ᠠ ᠾᠧ ᠸᠠᠨ ᠣᠯᠠᠨ ᠤᠯᠤᠰ ᠤᠨ ᠴᠠᠰᠤᠨ  ᠴᠠᠨ᠎ᠠ ᠶᠢᠨ ᠲᠠᠯᠠᠪᠠᠶ ᠪᠥᠬᠦ ᠲᠠᠯ᠎ᠠ ᠪᠠᠷ ᠲᠠᠰ ᠳᠡᠪᠰᠢᠵᠦ᠂ ︽ᠨᠢᠭᠡ ᠬᠤᠩᠭᠢᠯ ᠬᠤᠶᠠᠷ ᠴᠠᠭᠠᠷᠢᠭ︾᠎ ᠤᠨ ᠲᠠᠷᠢᠶᠠᠯᠠᠩ ᠤᠨ ᠵᠢᠭᠤᠯᠴᠢᠯᠠᠯ ᠤᠨ ᠪᠦᠰᠡ ᠶᠢᠨ ᠳᠠᠷᠢᠬᠤ ᠲᠠᠯᠠᠪᠠᠶ 3 ᠲᠦᠮᠡᠨ ᠮᠥ ᠳᠤ ᠬᠦᠷᠴᠦ᠂ ᠠᠩᠬᠠᠳᠤᠭᠠᠷ ᠬᠤᠭᠤᠴᠠᠭᠠᠨ ᠤ ᠠᠯᠲᠠᠨ ᠰᠢᠷᠭᠠᠯ ᠴᠡᠴᠡᠭᠲᠦ ᠲᠠᠩᠭᠢᠰ ᠤᠨ ᠰᠣᠶᠣᠯ ᠵᠢᠭᠤᠯᠴᠢᠯᠠᠯ ᠤᠨ ᠨᠠᠶᠢᠷ᠂ ᠰᠦᠯᠵᠢᠶᠡᠨ ᠤ  ᠨᠡᠷ᠎ᠡ ᠠᠯᠳᠠᠷᠰᠢᠭᠰᠠᠨ ᠳᠠᠭᠤᠤ ᠬᠥᠭᠵᠢᠮ ᠤᠨ ᠨᠠᠶᠢᠷ ᠢ ᠠᠮᠵᠢᠯᠲᠠᠲᠠᠶ ᠡᠷᠭᠢᠯᠡᠵᠦ᠂ 20 ᠲᠦᠮᠡ ᠰᠢᠬᠠᠮ ᠵᠤᠭᠠᠴᠠᠭᠰᠠᠳ ᠢ ᠲᠠᠲᠠᠪᠠ᠃ ᠪᠡᠭᠡᠵᠢᠩ ᠤᠨ ᠨᠡᠷᠡᠨ ᠬᠡᠷᠡᠯ ᠤᠨ ᠣᠷᠣᠨ ᠪᠦᠰᠡ ᠲᠠᠢ ᠠᠮᠵᠢᠯᠲᠠ ᠲᠠᠢ ᠬᠠᠮᠲᠤᠷᠠᠯᠴᠠᠵᠤ᠂ ᠨᠡᠷᠡᠨ ᠬᠡᠷᠡᠯ ᠤᠨ ᠲᠠᠯ᠎ᠠ ᠨᠤᠲᠤᠭ · ᠠᠷᠠᠳ ᠤᠨ ᠣᠷᠣᠨ ᠰᠠᠭᠤᠴᠠ ᠶᠢᠨ ᠰᠠᠭᠤᠷᠢᠰᠢᠯ ᠢᠶᠠᠷ ᠭᠤᠤᠯ ᠪᠣᠯᠭᠠᠭᠰᠠᠨ ᠤᠨᠴᠠᠯᠢᠬᠳᠤ ᠵᠢᠭᠤᠯᠴᠢᠯᠠᠯ ᠤᠨ ᠵᠣᠷᠢᠭᠰᠠᠨ ᠭᠠᠵᠠᠷ ᠢ ᠪᠥᠬᠦ ᠬᠦᠴᠦᠨ ᠢᠶᠠᠷ ᠢᠶᠠᠨ ᠴᠣᠭᠴᠠᠯᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ  ᠬᠦᠭᠵᠢᠶᠡᠨᠲᠡᠢ  ᠪᠣᠯᠪᠠ᠃ ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠪᠠ ᠦᠷ᠎ᠡ ᠠᠰᠢᠭ ᠵᠡᠷᠭᠡᠪᠡᠷ ᠳᠡᠭᠡᠭᠰᠢᠯᠡᠪᠡ᠃ ᠬᠤᠸᠠ ᠸᠧᠶ  ᠬᠤᠶᠠᠳᠤᠭᠠᠷ ᠭᠤᠷᠪᠠᠳᠤᠭᠠᠷ ᠬᠤᠭᠤᠴᠠᠭᠠᠨ ᠳᠤ᠂ ᠠᠯᠢ᠂ ᠠᠯᠮᠤᠷᠠᠳ ᠡᠵᠡᠩᠨᠡᠯᠲᠡ ᠳᠤ ᠣᠷᠣᠵᠤ᠂ ᠶᠢᠦ  ᠺᠧ ᠳ᠋ᠧ  ᠂ ᠵᠥᠩ ᠯᠢᠶᠠᠨ ᠯᠢ ᠰᠢᠨ ᠺᠣᠮᠫᠠᠨᠢ ᠶᠢᠨ ᠭᠤᠤᠯ ᠴᠣᠭᠴᠠ ᠶᠢᠨ ᠠᠵᠢᠯ ᠳᠠᠭᠤᠰᠴᠤ᠂  ᠪᠤᠰᠢᠭᠤ ᠭᠠᠷ ᠤᠶᠤᠨᠲᠤ ᠡᠭᠦᠯᠡ ᠤᠯᠠᠭᠠᠨᠴᠠᠪ ᠤᠨ ᠠᠩᠬᠠᠳᠠᠭᠴᠢ ᠵᠠᠭᠤᠨ ᠳ᠋ᠦᠩᠰᠢᠭᠤᠷ ᠢ ᠳᠠᠪᠠᠭᠰᠠᠨ  ᠲᠤᠮᠤ ᠳ᠋ᠠᠶᠢᠲ᠋ᠠ  ᠶᠢᠨ ᠲᠤᠭ᠎ᠠ ᠪᠠᠷᠢᠮᠲᠠ ᠶᠢᠨ ᠲᠥᠪ ᠢ ᠠᠮᠵᠢᠯᠲᠠ ᠲᠠᠢ ᠪᠠᠷ ᠨᠠᠶᠢᠳᠠᠪᠤᠷᠢᠵᠢᠭᠤᠯᠪᠠ᠃ ᠵᠢᠩ ᠨᠢᠩ  ᠬᠤᠶᠠᠳᠤᠭᠠᠷ ᠬᠤᠭᠤᠴᠠᠭᠠᠨ ᠤ ᠠᠵᠢᠯ ᠢ ᠪᠦᠬᠦ ᠲᠠᠯ᠎ᠠ ᠪᠠᠷ ᠡᠬᠢᠯᠡᠭᠦᠯᠵᠦ᠂ ᠬᠠᠨ ᠯᠠᠨ ᠠᠮᠢᠳᠤᠷᠠᠯ ᠤᠨ ᠬᠤᠭ ᠨᠣᠪᠰᠢ ᠶᠢᠨ ᠴᠠᠬᠢᠯᠭᠠᠨ ᠭᠠᠷᠭᠠᠯᠲᠠ ᠶᠢ ᠵᠢᠩᠬᠢᠨᠢ ᠪᠠᠷ  ᠠᠰᠢᠭᠯᠠᠯᠲᠠ ᠳᠤ ᠤᠷᠤᠭᠤᠯᠵᠠᠢ  ᠃ ᠳ᠋ᠦᠩ ᠶᠠᠩ ᠭᠤᠸᠠᠩ᠂ ᠬᠠᠶ ᠯᠢ ᠶᠢᠨ ᠦᠶᠯᠡᠳᠪᠦᠷᠢᠯᠡᠯ ᠤᠨ ᠱᠤᠭᠤᠮ ᠨᠡᠮᠡᠭᠳᠡᠭᠡᠳ 76 ᠵᠤᠷᠪᠤᠰ ᠪᠣᠯᠪᠠ᠃  ᠴᠢᠦ ᠱᠢ ᠠᠮᠢᠳᠤ ᠪᠣᠳᠠᠰ ᠤᠨ ᠦᠢᠯᠡᠳᠪᠦᠷᠢᠯᠡᠯ ᠤᠨ ᠱᠤᠭᠤᠮ ᠢ 32 ᠰᠢᠨ᠎ᠡ ᠪᠠᠷ ᠨᠡᠮᠡᠭᠳᠡᠭᠦᠯᠵᠦ᠂  ᠮᠸᠡᠭ ᠭᠧᠨ ᠱᠠᠨ ᠲᠣᠰᠣᠨ ᠤ ᠦᠢᠯᠡᠳᠪᠦᠷᠢ ᠶᠢᠨ ᠪᠠᠶᠢᠰᠢᠩ ᠢ ᠪᠦᠬᠦᠨ ᠢ ᠪᠠᠶᠢᠭᠤᠯᠵᠤ ᠳᠠᠭᠤᠰᠬᠠᠪᠠ᠃ ᠵᠢᠯ ᠳᠤ 20 ᠲᠦᠮᠡᠨ ᠦᠢᠯᠡᠴᠢᠯᠡᠭᠡᠨ ᠤ ᠮᠠᠰᠢᠨ ᠦᠢᠯᠡᠳᠪᠦᠷᠢᠯᠡᠳᠡᠭ ᠴᠢᠩᠬᠤᠸᠠ  ᠲᠦᠩ ᠹᠠᠩ ᠪᠦᠬᠦ ᠲᠠᠯ᠎ᠠ ᠪᠠᠷ ᠠᠰᠢᠭᠯᠠᠯᠲᠠ ᠳᠤ ᠣᠷᠣᠵᠤ᠂ ᠵᠢᠯ ᠳᠤ 800 ᠲᠦᠮᠡᠨ ᠬᠦᠬᠡ ᠭᠡᠷᠡᠯ ᠤᠨ ᠳ᠋ᠢᠰᠺ ᠦᠢᠯᠡᠳᠪᠦᠷᠢᠯᠡᠳᠡᠭ ᠵᠦᠩ ᠬᠤᠩ ᠽᠢ ᠵᠢᠩ ᠦᠢᠯᠡᠳᠪᠦᠷᠢᠯᠡᠯ ᠤᠨ ᠨᠥᠬᠦᠴᠡᠯ ᠢ ᠪᠦᠷᠢᠳᠦᠭᠦᠯᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠡᠭᠦᠯᠡᠨ ᠭᠠᠮᠰᠢᠭ ᠤᠨ ᠪᠡᠯᠡᠳᠬᠡᠯ ᠲᠥᠪ ᠢ ᠬᠦᠴᠦᠯᠡᠨ ᠪᠠᠶᠢᠭᠤᠯᠵᠤ᠂ ᠲᠡᠦᠬᠡ ᠶᠢ ᠬᠠᠳᠠᠭᠠᠯᠠᠵᠤ᠂ ᠪᠣᠯᠪᠠᠰᠤᠨ ᠢ ᠪᠡᠯᠡᠳᠬᠡᠪᠡ᠃ ᠣᠲᠣ ᠦᠶ᠎ᠡ ᠶᠢᠨ ᠦᠶᠯᠡᠴᠢᠯᠡᠭᠡᠨ ᠤ ᠦᠶᠯᠡᠰ  ᠳᠡᠰ ᠳᠡᠪᠰᠢᠪᠡ᠃ ᠳᠣᠯᠣᠳᠤᠭᠠᠷ ᠰᠤᠮᠤᠨ ᠤ ᠪᠠᠷᠠᠭᠠᠨ ᠤ ᠭᠦᠶᠯᠭᠡᠭᠡᠨ ᠤ ᠰᠠᠭᠤᠷᠢᠨ ᠭᠠᠵᠠᠷ ᠤᠨ ᠬᠤᠶᠠᠳᠤᠭᠠᠷ ᠬᠤᠭᠤᠴᠠᠭᠠᠨ ᠤ ᠠᠵᠢᠯ ᠪᠥᠬᠦ ᠲᠠᠯ᠎ᠠ ᠪᠠᠷ ᠠᠰᠢᠭᠯᠠᠯᠲᠠ ᠳᠤ ᠣᠷᠣᠵᠤ᠂ B ᠳᠠᠭᠠᠳᠬᠠᠯ ᠤᠨ ᠪᠠᠷᠠᠭᠠᠨ ᠤ ᠭᠦᠶᠯᠭᠡᠭᠡᠨ ᠤ ᠲᠥᠪ ᠤᠨ ᠪᠣᠭᠤᠮᠲᠠ ᠶᠢ ᠪᠢᠲᠡᠭᠦᠮᠵᠢᠯᠡᠨ ᠡᠵᠡᠩᠨᠡᠵᠦ᠂ ᠤᠮᠠᠷᠠᠲᠤ ᠶᠢᠨ ᠡᠬᠡ ᠬᠠᠭᠤᠷᠠᠶ ᠶᠢᠨ ᠭᠠᠷᠠᠮ ᠤᠨ ᠪᠣᠭᠤᠮᠲᠠ ᠶᠢᠨ ᠬᠢᠨᠠᠯᠲᠠ ᠬᠠᠮᠢᠶᠠᠷᠤᠯᠲᠠ ᠶᠢᠨ ᠣᠷᠣᠨ᠂ ᠬᠢᠯᠢ ᠠᠯᠤᠰᠯᠠᠭᠰᠠᠨ ᠲᠦᠷᠭᠡᠨ ᠬᠦᠷᠭᠡᠯᠲᠡ ᠶᠢᠨ ᠲᠠᠪᠴᠠᠩ ᠢ ᠠᠰᠢᠭᠯᠠᠯᠲᠠ ᠳᠤ  ᠤᠷᠤᠭᠤᠯᠵᠤ  ᠂ ᠴᠠᠬᠠᠷ ᠮᠥᠩᠭᠦᠨ ᠰᠠᠭᠤᠳᠠᠯ᠂ ᠿᠢ ᠱᠧᠩ  ᠎ ᠶᠢᠨ ᠮᠸᠡᠭ᠂  ᠳᠤᠮᠳᠠᠳᠤ ᠤᠯᠤᠰ ᠤᠨ ᠮᠠᠰᠢᠨ ᠲᠡᠷᠭᠡᠨ ᠤ ᠬᠤᠯᠪᠣᠭ᠎ᠠ ᠶᠢᠨ ᠬᠢᠨ ᠪᠦᠬᠦ ᠲᠠᠯ᠎ᠠ ᠪᠠᠷ ᠠᠵᠢᠯ ᠢᠶᠠᠨ ᠰᠡᠷᠭᠦᠭᠡᠵᠦ᠂ ᠸᠠᠨ ᠳ᠋ᠠ ᠠᠭᠤᠳᠠᠮ ᠲᠠᠯᠠᠪᠠᠢ ᠦᠪᠡᠳᠡᠭᠰᠢ ᠶᠡᠭᠡ ᠪᠠᠷ ᠠᠵᠢᠯ ᠢᠶᠠᠨ ᠡᠬᠢᠯᠡᠭᠦᠯᠪᠡ᠃ ᠥᠪᠥᠷ ᠮᠣᠩᠭᠤᠯ ᠤᠨ ᠤᠷᠠᠯᠢᠭ ᠵᠦᠴᠦᠭᠡ ᠶᠢᠨ ᠬᠦᠷᠢᠶᠡᠯᠡᠩ ᠲᠠᠢ ᠠᠮᠵᠢᠯᠲᠠ ᠲᠠᠢ ᠬᠠᠮᠲᠤᠷᠠᠯᠴᠠᠵᠤ᠂ ᠮᠣᠩᠭᠤᠯ ᠮᠣᠷᠢᠨ ᠤ ᠮᠠᠭᠲᠠᠭᠠᠯ ᠤᠨ ᠲᠣᠮᠣ ᠬᠡᠯᠪᠡᠷᠢ ᠶᠢᠨ ᠲᠣᠭᠯᠠᠯᠲᠠ ᠶᠢᠨ ᠲᠥᠷᠥᠯ ᠵᠦᠶᠯ ᠢ ᠣᠷᠣᠭᠤᠯᠤᠨ ᠠᠪᠴᠢᠷᠠᠵᠤ᠂ ︽ᠮᠣᠩᠭᠤᠯ ᠮᠣᠷᠢᠨ ᠤ ᠵᠣᠷᠢᠭ ᠰᠠᠨᠠᠭ᠎ᠠ︾᠎ ᠪᠠᠷ ᠭᠤᠤᠯ ᠰᠡᠳᠦᠪ ᠪᠣᠯᠭᠠᠭᠰᠠᠨ ᠰᠣᠶᠣᠯ ᠵᠢᠭᠤᠯᠴᠢᠯᠠᠯ ᠤᠨ ᠠᠵᠤ ᠦᠶᠯᠡᠰ ᠤᠨ ᠬᠦᠷᠢᠶᠡᠯᠡᠩ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠪᠠ᠃ ᠡᠷᠡᠭᠦᠯ ᠮᠡᠨᠳᠦ ᠶᠢᠨ ᠲᠣᠮᠣ ᠠᠵᠤ ᠦᠶᠯᠡᠰ ᠢ ᠲᠦᠷᠭᠡᠳᠬᠡᠨ ᠬᠥᠭᠵᠢᠭᠦᠯᠵᠦ᠂ ᠪᠠᠶ ᠸᠠᠩ᠂ ᠬᠤᠩ ᠬᠠᠶ ᠽᠢ᠂ ᠪᠠᠶ ᠬᠠᠶ ᠽᠢ ᠭᠤᠷᠪᠠᠨ ᠲᠣᠮᠣ ᠺᠠᠩ ᠶᠠᠩ ᠲᠣᠭᠤᠷᠢᠭ ᠤᠨ ᠲᠥᠯᠥᠪᠵᠢᠭᠦᠯᠭᠡ ᠶᠢ ᠪᠡᠶᠡᠯᠡᠭᠦᠯᠪᠡ᠃ ᠪᠥᠬᠦ ᠵᠢᠯ ᠳᠤ 203 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ 10.9 ᠳ᠋ᠦᠩᠰᠢᠭᠤᠷ ᠲᠥᠭᠦᠷᠢᠭ ᠤᠨ ᠬᠡᠷᠡᠭᠯᠡᠭᠡᠨ ᠤ ᠣᠷᠣᠯᠭ᠎ᠠ ᠶᠢ ᠪᠡᠶᠡᠯᠡᠭᠦᠯᠵᠦ᠂ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃          ᠡᠨᠡ ᠨᠢᠭᠡ ᠵᠢᠯ ᠳᠤ᠂ ᠣᠳᠣᠬᠢᠴᠢᠯᠠᠭᠰᠠᠨ ᠲᠥᠪ ᠬᠤᠳᠠ ᠶᠢᠨ ᠲᠣᠭᠤᠷᠢᠭ ᠢ ᠪᠠᠶᠢᠭᠤᠯᠬᠤ ᠳᠤᠲᠠᠭᠤᠳᠠᠯ ᠤᠨ ᠡᠮᠦᠨ᠎ᠡ᠂ ᠪᠢᠳᠡ ᠬᠦᠨᠳᠦ ᠡᠭᠦᠷᠭᠡ ᠶᠢ ᠡᠭᠦᠷᠭᠡᠯᠡᠨ ᠡᠷᠡᠯᠬᠡᠭᠯᠡᠨ ᠲᠡᠮᠡᠴᠡᠵᠦ᠂ ᠦᠨᠡᠨᠬᠦ  ᠪᠣᠳᠠᠲᠠᠢ ᠠᠵᠢᠯᠯᠠᠵᠤ᠂ ᠬᠤᠳᠠ ᠶᠢᠨ ᠴᠢᠳᠠᠪᠬᠢ ᠴᠢᠨᠠᠷ ᠴᠢᠨᠰᠠᠭ᠎ᠠ ᠦᠷᠭᠦᠯᠵᠢᠯᠡᠨ ᠳᠡᠭᠡᠭᠰᠢᠯᠡᠵᠡᠢ᠃ ᠬᠤᠲᠠ ᠶᠢᠨ ᠣᠷᠣᠨ ᠵᠠᠶ ᠶᠢᠨ ᠪᠠᠶᠢᠷᠢᠰᠢᠯ ᠢ ᠲᠠᠰᠤᠷᠠᠯᠲᠠ ᠥᠬᠡᠶ ᠰᠢᠯᠢᠳᠡᠭᠵᠢᠭᠦᠯᠵᠡᠢ᠃ ︽ᠤᠯᠠᠨ ᠲᠥᠯᠥᠪᠵᠢᠭᠦᠯᠭᠡ ᠶᠢ ᠨᠢᠭᠡᠳᠬᠡᠬᠦ︾᠎ ᠶᠢ ᠭᠦᠨᠵᠡᠭᠡᠶ ᠲᠦᠯᠬᠢᠨ ᠠᠬᠢᠭᠤᠯᠵᠤ᠂ ᠲᠥᠪ ᠬᠤᠳᠠ ᠲᠣᠭᠤᠷᠢᠭ ᠤᠨ 4 ᠬᠡᠰᠡᠭ ᠲᠣᠭᠤᠷᠢᠭ ᠤᠨ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠵᠠᠰᠠᠨ ᠨᠠᠶᠢᠷᠠᠭᠤᠯᠵᠤ ᠳᠠᠭᠤᠰᠬᠠᠨ᠂ 2 ᠲᠥᠪ ᠪᠠᠯᠭᠠᠰᠤ ᠶᠢᠨ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠡᠬᠢᠯᠡᠭᠦᠯᠵᠦ᠂ ᠲᠥᠯᠥᠪᠵᠢᠭᠦᠯᠭᠡ ᠶᠢᠨ ᠰᠢᠰᠲ᠋ᠧᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠬᠤᠳᠠ ᠶᠢᠨ ᠰᠠᠭᠤᠷᠢ ᠴᠢᠳᠠᠮᠵᠢ ᠶᠢ ᠢᠵᠢ ᠪᠦᠷᠢᠳᠦᠭᠦᠯᠬᠦ ᠶᠢ ᠶᠡᠬᠡᠪᠡᠷ ᠲᠦᠯᠬᠢᠨ  ᠠᠬᠢᠭᠤᠯᠵᠠᠢ᠃ ᠨᠠᠨ ᠱᠠ ᠾᠧ ᠭᠤᠣᠯ ᠢ ᠶᠡᠷᠦᠩᠬᠡᠶᠢᠯᠡᠨ ᠵᠠᠰᠠᠬᠤ ᠠᠵᠢᠯ ᠢ ᠲᠦᠷᠭᠡᠪᠴᠢᠯᠡᠨ ᠠᠬᠢᠭᠤᠯᠵᠤ᠂ ᠨᠥᠬᠦᠷᠯᠡᠯ ᠤᠰᠤᠨ ᠴᠥᠭᠦᠷᠥᠮ ᠤᠨ ᠦᠵᠡᠮᠵᠢ ᠰᠣᠨᠢᠷᠬᠠᠬᠤ ᠠᠭᠤᠳᠠᠮ ᠲᠠᠯᠠᠪᠠᠢ ᠶᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠃ ᠺᠠᠩ ᠨᠢᠩ ᠬᠤᠶᠢᠲᠤ ᠵᠠᠮ ᠵᠡᠷᠭᠡ 23 ᠵᠠᠮ ᠢ ᠰᠢᠨ᠎ᠡ ᠪᠠᠷ ᠦᠷᠭᠦᠯᠵᠢᠯᠡᠨ ᠪᠠᠶᠢᠭᠤᠯᠵᠤ᠂ ᠡᠯ᠎ᠡ ᠲᠦᠷᠦᠯ ᠤᠨ ᠬᠤᠭᠤᠯᠠᠶ ᠶᠢᠨ ᠲᠣᠣᠷ ᠢ 90 ᠺᠢᠯᠣᠮᠧᠲᠷ ᠳᠡᠪᠢᠰᠦᠨ᠎ᠡ᠃ ᠳ᠋ᠦᠩ ᠶᠠᠩ ᠭᠤᠸᠠᠩ ᠵᠡᠷᠭᠡ 15 ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠲᠦᠷᠭᠡᠪᠴᠢᠯᠡᠨ ᠬᠡᠷᠡᠭᠵᠢᠭᠦᠯᠵᠦ᠂ ᠬᠤᠩ ᠬᠠᠶ ᠽᠢ ᠵᠡᠷᠭᠡ 3 ᠠᠶᠤᠯᠭᠦᠶ ᠪᠠᠷ ᠤᠰᠤ ᠬᠠᠩᠭᠠᠬᠤ ᠢᠨᠵᠧᠨᠧᠷᠢᠩ ᠢ ᠤᠷᠤᠭᠰᠢᠲᠠᠶ ᠲᠦᠯᠬᠢᠨ ᠠᠬᠢᠭᠤᠯᠪᠠ᠃ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ︾ ᠴᠢᠭᠯᠡᠯᠲᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠶᠠᠮᠤᠨ ᠳᠤ ᠪᠦᠬᠦ ᠤᠯᠤᠰ ᠤᠨ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢᠶᠠᠷ ᠦᠨᠡᠯᠡᠭᠳᠡᠪᠡ᠃ 11 ᠨᠡᠶᠢᠲᠡ ᠶᠢᠨ ᠮᠠᠰᠢᠨ ᠲᠡᠷᠭᠡᠨ ᠤ ᠱᠤᠭᠤᠮ ᠢ ᠰᠢᠨ᠎ᠡ ᠪᠠᠷ ᠨᠡᠮᠡᠵᠦ ᠰᠢᠯᠢᠳᠡᠭᠵᠢᠭᠦᠯᠦᠨ᠂ 477 ᠨᠡᠶᠢᠲᠡ ᠶᠢᠨ ᠮᠠᠰᠢᠨ ᠲᠡᠷᠭᠡ ᠶᠢ ᠰᠢᠨ᠎ᠡ ᠡᠨᠧᠷᠭᠢ ᠶᠢᠨ ᠰᠣᠯᠢᠭᠳᠠᠯ ᠢ ᠨᠢᠭᠡ ᠯᠡ ᠤᠳᠠᠭ᠎ᠠ ᠳᠤ ᠪᠡᠶᠡᠯᠡᠭᠦᠯᠵᠦ᠂ ᠪᠣᠬᠢᠷᠲᠤᠯ ᠥᠬᠡᠶ ᠣᠷᠴᠢᠨ ᠠᠬᠤᠶ ᠶᠢ ᠬᠠᠮᠠᠭᠠᠯᠠᠬᠤ ᠠᠶᠠᠯᠠᠯ ᠤᠨ ᠰᠢᠨ᠎ᠡ ᠴᠠᠭ ᠦᠶ᠎ᠡ ᠶᠢ ᠨᠡᠭᠡᠭᠡᠪᠡ᠃ ᠬᠤᠳᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ  ᠳᠡᠭᠡᠭᠰᠢᠯᠡᠭᠦᠯᠵᠡᠢ᠃ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠨᠡᠶᠢᠭᠡᠮ ᠲᠣᠭᠤᠷᠢᠭ ᠲᠤ ᠣᠷᠣᠭᠤᠯᠬᠤ᠂  ᠰᠠᠭᠤᠭᠠᠯᠢ ᠲᠣᠭᠤᠷᠢᠭ ᠲᠤ  ᠤᠷᠤᠭᠤᠯᠵᠦ᠂ ᠱᠠᠨᠳᠦ᠋ᠩ ᠤᠨ ᠱᠢ ᠵᠢᠶ ᠲᠠᠢ ᠬᠠᠮᠲᠤᠷᠠᠨ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠡᠯ᠎ᠡ ᠲᠥᠷᠥᠯ ᠤᠨ ᠬᠤᠭ ᠨᠣᠪᠰᠢ ᠶᠢ ᠰᠢᠶᠳᠪᠦᠷᠢᠯᠡᠬᠦ ᠲᠥᠬᠦᠭᠡᠷᠦᠮᠵᠢ ᠶᠢ 1051 ᠰᠢᠨ᠎ᠡ ᠪᠠᠷ ᠨᠡᠮᠡᠭᠳᠡᠭᠦᠯᠵᠦ᠂ ᠮᠠᠰᠢᠨᠴᠢᠯᠠᠭᠰᠠᠨ ᠴᠡᠪᠡᠷᠯᠡᠯᠲᠡ ᠶᠢᠨ ᠨᠣᠷᠮ᠎ᠠ ᠶᠢ 80% ᠪᠠᠶᠢᠭᠰᠠᠨ ᠠᠴᠠ 95% ᠪᠣᠯᠭᠠᠨ ᠳᠡᠭᠡᠭᠰᠢᠯᠡᠭᠦᠯᠪᠡ᠃ ᠪᠡᠭᠡᠵᠢᠩ ᠤᠨ ᠠᠶ  ᠹᠧᠨ ᠯᠸᠢ ᠲᠠᠢ ᠲᠥᠷᠥᠯ ᠬᠤᠪᠢᠶᠠᠨ ᠬᠠᠮᠲᠤᠷᠠᠯᠴᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠬᠤᠲᠠ ᠶᠢᠨ ᠠᠮᠢᠳᠤᠷᠠᠯ ᠤᠨ ᠬᠤᠭ ᠨᠣᠪᠰᠢ ᠶᠢᠨ ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠥᠬᠡᠶ ᠪᠣᠯᠭᠠᠨ ᠰᠢᠶᠳᠪᠦᠷᠢᠯᠡᠬᠦ ᠵᠠᠩᠭᠢᠯᠠᠭ᠎ᠠ ᠶᠢᠨ ᠠᠯᠬᠤᠮ ᠢ ᠠᠯᠬᠤᠪᠠ᠃ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠤᠶᠤᠨᠲᠤ ᠠᠳᠠᠯ ᠠᠬᠤᠶ᠂ ᠤᠶᠤᠨᠲᠤ ᠬᠤᠲᠠ ᠶᠢᠨ ᠬᠠᠮᠢᠶᠠᠷᠤᠯᠲᠠ᠂ ᠤᠶᠤᠨᠲᠤ ᠵᠠᠮ ᠬᠠᠷᠢᠯᠴᠠᠭ᠎ᠠ ᠶᠢ ᠲᠣᠭᠲᠠᠭᠤᠨ ᠢᠶᠠᠷ ᠠᠬᠢᠭᠤᠯᠵᠤ᠂ ︽ᠵᠣᠬᠢᠶᠠᠮᠠᠯ ᠤᠶᠤᠨᠲᠤ ᠬᠤᠲᠠ︾᠎ ᠶᠢᠨ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠪᠡ᠃           ᠡᠨᠡ ᠨᠢᠭᠡ ᠵᠢᠯ ᠳᠤ ᠪᠢᠳᠡ ᠥᠭᠡᠷᠡᠴᠢᠯᠡᠯᠲᠡ ᠬᠥᠭᠵᠢᠭᠦᠯᠦᠯᠲᠡ ᠶᠢᠨ ᠪᠡᠷᠬᠡ ᠬᠠᠲᠠᠭᠤᠵᠢᠯᠲᠠᠶ ᠨᠠᠷᠢᠨ ᠪᠤᠳᠤᠯᠢᠶᠠᠨᠲᠠᠶ ᠡᠭᠦᠷᠭᠡ ᠶᠢᠨ ᠡᠮᠦᠨ᠎ᠡ᠂ ᠰᠢᠨ᠎ᠡ ᠶᠢ ᠡᠭᠦᠳᠴᠦ᠂ ᠣᠯᠠᠨ ᠲᠠᠯ᠎ᠠ ᠠᠴᠠ ᠬᠦᠴᠦᠯᠡᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠭᠡᠷᠡᠴᠢᠯᠡᠯᠲᠡ ᠶᠢ ᠲᠠᠰᠤᠷᠠᠯᠲᠠ ᠦᠭᠡᠶ ᠰᠢᠯᠢᠳᠡᠭᠵᠢᠭᠦᠯᠵᠡᠶ᠃ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠭᠤᠤᠯ ᠰᠢᠵᠢᠮ ᠪᠣᠯᠭᠠᠵᠤ᠂ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠬᠡᠷᠡᠭᠵᠢᠭᠦᠯᠦᠨ᠂ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ 445 ᠴᠥᠭᠡᠳᠬᠡᠵᠦ᠂ 138 ᠭᠦᠶᠴᠡᠳᠬᠡᠬᠦ ᠴᠤᠪᠤᠷᠠᠯ ᠢ ᠰᠢᠯᠢᠳᠡᠭᠵᠢᠭᠦᠯᠦᠨ᠂ ᠴᠤᠪᠤᠷᠠᠯ ᠢ ᠰᠢᠯᠢᠳᠡᠭᠵᠢᠭᠦᠯᠬᠦ ᠨᠣᠷᠮ᠎ᠠ 45%᠎ ᠳᠤ ᠬᠥᠷᠪᠡ  ᠃  ︽ᠣᠶᠢᠷ᠎ᠠ ᠬᠠᠪᠢ ᠳᠠᠭᠠᠨ ᠭᠦᠶᠴᠡᠳᠬᠡᠬᠦ︾ ︽ᠳᠠᠷᠦ᠋ᠢᠬᠠᠨ ᠭᠦᠶᠴᠡᠳᠬᠡᠬᠦ︾ ︽ᠲᠤᠬᠠᠶ ᠶᠢᠨ ᠭᠠᠵᠠᠷ ᠲᠤᠨᠢ ᠭᠦᠶᠴᠡᠳᠬᠡᠬᠦ︾᠎ ᠶᠢ ᠶᠡᠬᠡᠪᠡᠷ ᠬᠡᠷᠡᠭᠵᠢᠭᠦᠯᠵᠦ᠂ ᠠᠵᠤ ᠠᠬᠤᠶᠢᠯᠠᠯ ᠤᠨ ᠥᠪᠡᠷ ᠤᠨ ᠥᠷᠲᠡᠭ ᠥᠬᠡᠶ ᠪᠠᠷ ᠨᠡᠭᠡᠭᠡᠨ ᠡᠷᠭᠢᠯᠡᠬᠦ ᠶᠢ 2 ᠠᠵᠢᠯ ᠤᠨ ᠡᠳᠦᠷ ᠪᠣᠯᠭᠠᠨ ᠪᠠᠭᠠᠰᠬᠠᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ 3 ᠠᠵᠢᠯ ᠤᠨ ᠡᠳᠦᠷ ᠪᠣᠯᠭᠠᠨ ᠪᠠᠭᠠᠰᠬᠠᠵᠤ᠂ ᠵᠠᠰᠠᠭ ᠤᠨ ᠣᠷᠳᠣᠨ᠂ ᠨᠡᠶᠢᠭᠡᠮ ᠤᠨ ᠪᠠᠯᠠ ᠣᠷᠣᠭᠤᠯᠤᠯᠲᠠ ᠶᠢᠨ ᠲᠥᠷᠥᠯ ᠤᠨ ᠲᠥᠷᠥᠯ ᠵᠦᠶᠯ ᠤᠨ ᠬᠢᠨᠠᠨ ᠵᠥᠪᠰᠢᠶᠡᠷᠡᠬᠦ ᠴᠠᠭ ᠬᠤᠭᠤᠴᠠᠭ᠎ᠠ ᠶᠢ ᠲᠣᠰ ᠲᠣᠰ 70 ᠪᠠ 60 ᠠᠵᠢᠯ ᠤᠨ ᠡᠳᠦᠷ ᠤᠨ ᠳᠣᠲᠣᠷ᠎ᠠ ᠪᠣᠯᠭᠠᠨ ᠪᠠᠭᠠᠰᠬᠠᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠴᠠᠭ ᠲᠤᠬᠠᠶ ᠳᠤᠨᠢ ᠭᠦᠶᠴᠡᠳᠬᠡᠵᠦ ᠳᠠᠭᠤᠰᠬᠠᠭᠰᠠᠨ ᠨᠣᠷᠮ᠎ᠠ ᠶᠢ 100%᠎ ᠳᠤ ᠬᠦᠷᠦᠭᠦᠯᠦᠨ᠎ᠡ  ᠃ ᠭᠤᠷᠪᠠᠨ ᠱᠠᠲᠤᠨ ᠤ ᠪᠠᠷᠢᠮᠵᠢᠶᠠᠵᠢᠭᠤᠯᠤᠭᠰᠠᠨ ᠦᠶᠯᠡᠴᠢᠯᠡᠭᠡᠨ ᠤ ᠶᠡᠭᠡ ᠲᠢᠩᠬᠢᠮ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠨᠢᠭᠡᠳᠦᠭᠡᠷ ᠪᠦᠯᠦᠭ ᠤᠨ 45 ᠵᠦᠶᠯ ᠤᠨ ᠵᠠᠰᠠᠭ ᠵᠠᠬᠢᠷᠭᠠᠨ ᠤ ᠡᠷᠬᠡ᠂ 42 ᠵᠦᠶᠯ ᠤᠨ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠢ ᠪᠦᠬᠦᠨ ᠢ ᠰᠢᠶᠠᠩ ᠪᠠᠯᠭᠠᠰᠤ᠂ ᠵᠡᠭᠡᠯᠢ ᠭᠤᠳᠤᠮᠵᠢ ᠳᠤ ᠪᠠᠭᠤᠯᠭᠠᠪᠠ᠃ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ ︾ ᠥᠭᠡᠷᠡᠴᠢᠯᠡᠯᠲᠡ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠬᠢᠨᠠᠨ ᠵᠥᠪᠰᠢᠶᠡᠷᠡᠬᠦ ᠵᠦᠶᠯᠡᠰ᠂ ᠠᠵᠢᠯᠲᠠᠨ᠂ ᠡᠷᠬᠡ ᠮᠡᠳᠡᠯ ᠤᠨ ᠬᠡᠪᠴᠢᠶ᠎ᠡ ᠶᠢ ᠪᠦᠬᠦᠨ ᠢ ᠶᠡᠭᠡ ᠲᠢᠩᠬᠢᠮ ᠳᠤ ᠣᠷᠣᠭᠤᠯᠪᠠ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ︽ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ︽ᠦᠨᠡᠮᠯᠡᠯ ᠪᠠ ᠭᠡᠷᠡᠴᠢ ᠶᠢ ᠰᠠᠯᠭᠠᠬᠤ︾᠎ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠪᠥᠬᠦ ᠵᠢᠯ ᠳᠤ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ ᠶᠢ 5535 ᠡᠷᠦᠬᠡ ᠰᠢᠨ᠎ᠡ ᠪᠠᠷ ᠨᠡᠮᠡᠭᠳᠡᠭᠦᠯᠪᠡ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠵᠦ᠂ ᠡᠯ᠎ᠡ ᠲᠦᠷᠦᠯ ᠤᠨ ᠭᠠᠶᠢᠯᠢ ᠰᠦᠢᠳᠬᠡᠯ ᠢ  ᠨᠡᠶᠢᠲᠡ 7.53 ᠳ᠋ᠦᠩᠰᠢᠭᠤᠷ ᠲᠥᠭᠦᠷᠢᠭ ᠬᠠᠰᠤᠵᠤ ᠬᠡᠯᠲᠦᠷᠢᠭᠦᠯᠪᠡ᠃ ᠢᠨᠵᠧᠨᠧᠷᠢᠩ ᠤᠨ ᠲᠦᠷᠦᠯ ᠵᠦᠢᠯ ᠢ ᠬᠢᠨᠠᠨ ᠵᠥᠪᠰᠢᠶᠡᠷᠡᠬᠦ ᠲᠦᠷᠢᠮ ᠪᠣᠯᠤᠨ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠠᠮᠠᠯᠠᠯᠲᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂  ᠤᠷᠢᠳᠴᠢᠯᠠᠨ ᠬᠢᠨᠠᠬᠤ ᠲᠣᠭᠲᠠᠴᠠ ᠶᠢ ᠬᠡᠷᠡᠭᠵᠢᠭᠦᠯᠵᠦ ᠂ ᠪᠦᠬᠦ ᠬᠤᠳᠠ ᠳᠤ ᠤᠷᠢᠳᠠᠪᠠᠷ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠪᠦᠬᠦ ᠶᠠᠪᠤᠴᠠ ᠶᠢ ᠣᠷᠣᠯᠠᠨ ᠭᠦᠢᠴᠡᠳᠬᠡᠬᠦ ᠲᠦᠷᠢᠮ ᠢ ᠬᠡᠷᠡᠭᠵᠢᠭᠦᠯᠵᠦ᠂ ᠠᠵᠤ ᠠᠬᠤᠶᠢᠯᠠᠯ ᠳᠤ 130 ᠬᠦᠴᠢᠷ ᠲᠦᠪᠡᠭᠲᠡᠢ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠤᠨ ︽ᠬᠠᠮᠤᠭ ᠤᠯᠠᠨ ᠳᠠᠭᠠᠨ ᠨᠢᠭᠡ ᠤᠳᠠᠭ᠎ᠠ ᠭᠦᠶᠦᠬᠦ︾᠂ ᠴᠢᠨᠠᠭᠰᠢᠯᠠᠪᠠᠯ ︽ᠥᠴᠦᠬᠡᠨ ᠴᠦ ᠭᠦᠶᠦᠯᠭᠡᠬᠦ ᠦᠭᠡᠢ︾ ᠪᠠᠶᠢᠬᠤ ᠶᠢ ᠦᠨᠡᠨᠬᠦ ᠪᠡᠶᠡᠯᠡᠭᠦᠯᠪᠡ᠃             ᠡᠨᠡ ᠨᠢᠭᠡ ᠵᠢᠯ ᠳᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠨᠡᠩ ᠥᠨᠳᠥᠷ ᠱᠠᠭᠠᠷᠳᠠᠯᠭ᠎ᠠ ᠶᠢᠨ ᠡᠮᠦᠨ᠎ᠡ᠂ ᠪᠢᠳᠡ ᠬᠥᠮᠦᠨ ᠢᠶᠠᠷ ᠦᠨᠳᠦᠰᠦ ᠪᠣᠯᠭᠠᠵᠤ᠂ ᠠᠷᠠᠳ ᠤᠨ ᠰᠡᠳᠬᠢᠯ ᠳᠤ ᠣᠶᠢᠷᠠᠳᠴᠤ᠂ ᠠᠷᠠᠳ ᠤᠨ ᠠᠮᠢᠳᠤᠷᠠᠯ ᠤᠨ ᠦᠢᠯᠡᠰ ᠲᠠᠬᠢᠨ ᠰᠢᠨ᠎ᠡ ᠳᠡᠭᠲᠡᠷ ᠲᠤ ᠭᠠᠷᠪᠠ᠃ ᠨᠡᠶᠢᠭᠡᠮ ᠤᠨ ᠪᠠᠲᠤᠯᠠᠭ᠎ᠠ ᠲᠠᠰᠤᠷᠠᠯᠳᠡ ᠦᠬᠡᠢ ᠴᠢᠩᠭᠠᠷᠠᠪᠠ᠃ ᠬᠤᠳᠠ ᠪᠠᠯᠭᠠᠰᠤᠨ ᠳᠤ 5892 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ 18 ᠲᠦᠮᠡᠨ ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠵᠤ᠂ ᠠᠵᠢᠯ ᠤᠯᠬᠤ ᠳᠤ ᠬᠦᠴᠢᠷᠲᠡᠶ 1233 ᠬᠥᠮᠦᠨ ᠢ ᠲᠥᠪᠬᠢᠨᠡᠭᠦᠯᠵᠦ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠨ ᠴᠡᠷᠢᠭ ᠠᠴᠠ ᠬᠠᠯᠠᠭᠳᠠᠭᠰᠠᠨ 88 ᠪᠠᠶᠢᠯᠳᠤᠭᠴᠢ ᠳᠤ ᠲᠠᠬᠢᠨ ᠠᠵᠢᠯ ᠣᠯᠭᠤᠬᠤ ᠶᠢ ᠪᠡᠶᠡᠯᠡᠭᠦᠯᠵᠦ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.0%᠎ ᠶᠢᠨ ᠳᠣᠲᠣᠷ᠎ᠠ ᠲᠣᠭᠲᠠᠭᠤᠨ ᠢᠶᠠᠷ ᠬᠢᠵᠠᠭᠠᠷᠯᠠᠪᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠶᠢᠨ ᠳᠤᠷ᠎ᠠ ᠶᠢᠨ ᠠᠵᠢᠯᠯᠠᠭᠴᠢ ᠠᠴᠠ ᠨᠡᠶᠢᠭᠡᠮ ᠲᠣᠭᠤᠷᠢᠭ ᠤᠨ ᠠᠵᠢᠯᠳᠠᠨ ᠪᠠ ᠬᠥᠳᠡᠭᠡ ᠲᠣᠰᠬᠤᠨ ᠤ 160 ᠰᠦᠯᠵᠢᠶᠡᠨ ᠤ ᠠᠵᠢᠯᠳᠠᠨ ᠢ ᠢᠯᠡ ᠪᠠᠷ ᠤᠷᠢᠪᠠ᠃ ᠨᠠᠰᠤᠵᠢᠯ ᠤᠨ ᠠᠰᠠᠷᠠᠮᠵᠢ ᠶᠢᠨ ᠮᠥᠩᠭᠦ᠂ ᠠᠵᠢᠯ ᠠᠯᠳᠠᠯᠲᠠ ᠶᠢᠨ ᠮᠥᠩᠭᠦ ᠦᠷᠭᠦᠯᠵᠢᠯᠡᠨ ᠨᠡᠮᠡᠭᠳᠡᠪᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠨᠢᠭᠡ ᠴᠤᠭᠴᠠᠵᠢᠭᠤᠯᠤᠨ ᠠᠵᠢᠯᠯᠠᠭᠤᠯᠵᠤ᠂ ᠬᠠᠮᠤᠭ ᠤᠨ ᠥᠨᠳᠥᠷ ᠪᠠᠷᠢᠮᠵᠢᠶ᠎ᠠ ᠶᠢ ᠬᠥᠮᠦᠨ ᠪᠦᠷᠢ ᠰᠠᠷ᠎ᠠ ᠳᠤ 662 ᠲᠥᠭᠦᠷᠢᠭ ᠪᠣᠯᠭᠠᠨ ᠳᠡᠭᠡᠭᠰᠢᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 5.3%᠎ ᠪᠠᠷ ᠨᠡᠮᠡᠭᠳᠡᠪᠡ᠃ ᠬᠢᠮᠳᠠ ᠣᠷᠣᠨ ᠰᠠᠭᠤᠴᠠ ᠶᠢᠨ ᠢᠨᠵᠧᠨᠧᠷᠢᠩ ᠯᠠᠪᠳᠠᠭᠤᠨ ᠢᠶᠠᠷ ᠠᠬᠢᠪᠠ᠃ ᠰᠢᠨ ᠱᠠᠩ ᠬᠡᠷ ᠣᠷᠣᠨ ᠵᠡᠷᠭᠡ 8᠂ 8570 ᠢᠵᠢ ᠲᠥᠪᠬᠢᠨᠡᠭᠦᠯᠬᠦ ᠪᠠᠭ᠎ᠠ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠠᠢ᠃ 80 ᠰᠠᠭᠤᠭᠠᠯᠢ ᠲᠤᠭᠤᠷᠢᠭ᠂ 110.62 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ ᠬᠠᠭᠤᠴᠢᠨ  ᠰᠠᠭᠤᠭᠠᠯᠢ ᠲᠣᠭᠤᠷᠢᠭ ᠤᠨ ᠥᠭᠡᠷᠡᠴᠢᠯᠡᠯᠲᠡ ᠶᠢᠨ ᠲᠤᠬᠠᠶ ᠶᠢᠨ ᠲᠠᠯᠠᠪᠠᠶ ᠶᠢᠨ ᠦᠵᠡᠭᠦᠯᠦᠯᠭᠡ ᠶᠢᠨ ᠴᠤᠭᠯᠠᠭᠠᠨ ᠢ ᠠᠮᠵᠢᠯᠲᠠ ᠲᠠᠢ ᠳᠠᠭᠠᠭᠠᠴᠢᠯᠠᠨ ᠡᠷᠭᠢᠯᠡᠪᠡ᠃ ᠪᠥᠬᠦ ᠵᠢᠯ ᠳᠤ 1100 ᠢᠵᠢ ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠢ ᠬᠤᠪᠢᠶᠠᠷᠢᠯᠠᠵᠤ᠂ 98 ᠲᠦᠮᠡᠨ ᠲᠥᠭᠦᠷᠢᠭ ᠤᠨ ᠲᠦᠷᠢᠶᠡᠰᠦᠯᠡᠯ ᠤᠨ ᠨᠥᠬᠦᠪᠥᠷᠢ ᠣᠯᠭᠤᠵᠤ᠂ ᠣᠷᠣᠨ ᠰᠠᠭᠤᠴᠠ ᠶᠢᠨ ᠬᠦᠴᠢᠷᠳᠡᠯ ᠲᠠᠢ ᠬᠡᠷ ᠪᠦᠯᠢ ᠶᠢᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠶᠢ ᠪᠡᠶᠡᠯᠡᠭᠦᠯᠪᠡ᠃ ᠨᠡᠶᠢᠭᠡᠮ ᠤᠨ ᠦᠢᠯᠡᠰ ᠦᠷᠭᠦᠯᠵᠢᠯᠡᠨ ᠰᠢᠯᠢᠳᠡᠭᠵᠢᠪᠡ᠃ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠰᠧᠴᠤᠸᠠᠨ ᠤ ᠲᠢᠶᠠᠨ ᠯᠢ᠂ ᠪᠡᠭᠡᠵᠢᠩ ᠤᠨ ᠪᠠᠭᠰᠢ ᠶᠢᠨ ᠰᠤᠷᠭᠠᠭᠤᠯᠢ ᠶᠢᠨ ᠭᠠᠳᠠᠭᠠᠳᠤ ᠬᠡᠯᠡ ᠵᠡᠷᠭᠡ ᠨᠠᠷᠠᠲᠤ ᠰᠤᠷᠭᠠᠭᠤᠯᠢ ᠶᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠬᠦ ᠡᠷᠴᠢᠮ ᠢᠶᠠᠨ ᠴᠢᠩᠭᠠᠷᠠᠭᠤᠯᠤᠨ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠪᠡ  ᠃ ᠵᠢᠶᠠᠩ ᠳ᠋ᠦᠩ ᠵᠢᠶᠦ᠋ᠨ ᠵᠡᠷᠭᠡ 5 ᠬᠡᠦᠬᠡᠳ ᠤᠨ ᠴᠡᠴᠡᠷᠯᠢᠭ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠵᠤ᠂ ᠵᠠᠩ ᠭᠠᠶ ᠶᠢᠩ᠂ ᠾᠧᠩ ᠳ᠋ᠡ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠭᠤᠣᠯ ᠴᠣᠭᠴᠠ ᠶᠢᠨ ᠠᠵᠢᠯ ᠢ ᠳᠠᠭᠤᠰᠬᠠᠵᠤ᠂ 4 ᠬᠡᠦᠬᠡᠳ ᠤᠨ ᠴᠡᠴᠡᠷᠯᠢᠭ ᠢ ᠰᠢᠨ᠎ᠡ ᠪᠠᠷ ᠠᠵᠢᠯ ᠡᠬᠢᠯᠡᠭᠦᠯᠪᠡ᠃ ᠭᠤᠷᠪᠠᠳᠤᠭᠠᠷ ᠡᠮᠨᠡᠯᠭᠡ ᠶᠢᠨ ᠬᠤᠷᠢᠶ᠎ᠠ ᠬᠢᠭᠡᠳ ᠪᠡᠭᠡᠵᠢᠩ ᠤᠨ ᠴᠠᠩ ᠴᠦᠨ ᠲᠧᠩ ᠡᠮᠨᠡᠯᠭᠡ ᠶᠢᠨ ᠤᠬᠠᠭᠠᠨ ᠤ ᠳᠡᠭᠡᠳᠦ ᠲᠠᠰ ᠤᠨ ᠴᠢᠳᠠᠪᠤᠷᠢᠲᠠᠨ ᠤ ᠬᠤᠯᠪᠣᠭ᠎ᠠ᠂ ᠳ᠋ᠠᠲ᠋ᠦ᠋ᠩ ᠨᠢᠭᠡᠳᠦᠭᠡᠷ ᠡᠮᠨᠡᠯᠭᠡ ᠶᠢᠨ ᠬᠤᠷᠢᠶ᠎ᠠ ᠶᠢᠨ ᠬᠠᠮᠲᠤᠷᠠᠯᠴᠠᠭ᠎ᠠ ᠲᠣᠪᠤᠶᠢᠮ᠎ᠠ ᠦᠷ᠎ᠡ ᠪᠦᠲᠦᠮᠵᠢ ᠣᠯᠵᠤ᠂ ᠡᠮᠨᠡᠯᠭᠡ ᠶᠢᠨ ᠬᠤᠷᠢᠶ᠎ᠠ ᠶᠢᠨ ᠰᠠᠷ᠎ᠠ ᠶᠢᠨ ᠡᠭᠦᠳᠡᠨ ᠡᠮᠨᠡᠯᠭᠡ ᠶᠢᠨ ᠬᠡᠮᠵᠢᠶ᠎ᠡ 1.3 ᠲᠦᠮᠡᠨ ᠬᠥᠮᠦᠨ ᠤᠳᠠᠭ᠎ᠠ ᠳᠤ ᠬᠦᠷᠴᠦ᠂ ᠡᠮᠨᠡᠯᠭᠡ ᠳᠤ ᠰᠠᠭᠤᠵᠤ ᠪᠠᠶᠢᠭ᠎ᠠ ᠵᠢᠯ ᠤᠨ ᠡᠪᠡᠳᠴᠢᠲᠡᠨ 8600 ᠬᠥᠮᠦᠨ ᠤᠳᠠᠭ᠎ᠠ ᠳᠤ ᠬᠦᠷᠴᠦ᠂ ᠴᠥᠮ ᠲᠡᠤᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠠᠮᠤᠷ ᠲᠦᠪᠰᠢᠨ ᠤ ᠪᠠᠶᠢᠭᠤᠯᠤᠯᠲᠠ ᠲᠣᠪᠤᠶᠢᠮ᠎ᠠ ᠠᠮᠵᠢᠯᠲᠠ ᠪᠦᠲᠦᠮᠵᠢ ᠤᠯᠪᠠ᠃ ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠱᠠᠰᠢᠨ ᠰᠤᠷᠲᠠᠬᠤᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ  ᠲᠤᠤᠱᠯᠠᠭᠤᠯᠵᠠᠢ᠃ ᠴᠡᠷᠢᠭ ᠵᠠᠰᠠᠭ  ᠂ ᠴᠡᠷᠢᠭ ᠠᠷᠠᠳ ᠪᠦᠯᠬᠦᠮᠳᠡᠨ ᠡᠷᠡᠯᠬᠡᠭᠯᠡᠨ ᠤᠷᠤᠭᠰᠢᠯᠠᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠳᠠ ᠳᠤ ᠵᠠᠯᠭᠠᠪᠡᠷ ᠲᠦᠷᠪᠡ ᠤᠳᠠᠭ᠎ᠠ ᠮᠠᠩᠯᠠᠶᠢᠯᠠᠪᠠ᠃ ᠠᠶᠤᠯᠭᠦᠶ ᠦᠶᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠥᠬᠦ ᠵᠢᠯ ᠳᠤ ᠠᠶᠤᠯᠭᠦᠶ ᠦᠶᠯᠡᠳᠪᠦᠷᠢᠯᠡᠯ ᠤᠨ ᠬᠦᠨᠳᠦ ᠶᠡᠭᠡ ᠠᠳᠡᠯ ᠭᠠᠷᠤᠭᠰᠠᠨ ᠥᠬᠡᠶ᠂ ᠪᠡᠭᠡᠵᠢᠩ ᠳᠤ ᠢᠷᠡᠭᠰᠡᠨ᠂ ᠬᠥᠬᠡᠬᠤᠲᠠ ᠳᠤ ᠣᠴᠢᠭᠰᠠᠨ ᠵᠠᠬᠢᠳᠠᠯ ᠰᠤᠷᠪᠤᠯᠵᠢᠯᠠᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 40.9% ᠪᠠ 50%᠎ ᠪᠠᠷ ᠪᠠᠭᠤᠷᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ ᠲᠡᠭᠦᠰ ᠠᠮᠵᠢᠯᠲᠠ ᠲᠠᠢ ᠲᠡᠭᠦᠰᠴᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲᠧᠮ ᠨᠡᠩ ᠲᠡᠭᠦᠯᠳᠡᠷᠵᠢᠵᠦ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠬᠠᠨᠤᠮᠵᠢ ᠶᠢᠨ  ᠬᠡᠮᠵᠢᠶ᠎ᠡ ᠢᠯᠡᠳᠲᠡ ᠳᠡᠭᠡᠭᠰᠢᠯᠡᠪᠡ᠃         ᠡᠭᠦᠨ ᠤ ᠬᠠᠮᠲᠤ᠂ ᠪᠢᠳᠡ ᠨᠠᠮ ᠤᠨ ᠲᠥᠪ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠲᠠᠰᠤᠷᠠᠯᠲᠠ ᠥᠬᠡᠶ ᠴᠢᠩᠭᠠᠳᠬᠠᠨ ᠰᠠᠶᠢᠵᠢᠷᠠᠭᠤᠯᠵᠤ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠪᠠᠷ ᠡᠭᠦᠳᠦᠨ  ᠪᠠᠶᠢᠭᠤᠯᠵᠠᠢ᠃ ᠳᠡᠭᠡᠳᠦ ᠱᠠᠲᠤᠨ ᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠡᠭᠡᠳᠦ ᠬᠡᠮᠵᠢᠶᠡᠨ ᠤ ᠤᠯᠤᠰ ᠲᠥᠷᠥ ᠶᠢᠨ ᠤᠬᠠᠮᠰᠠᠷ ᠢᠶᠠᠷ  ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠪᠠ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠭᠡᠷ ᠪᠠᠶᠢᠰᠢᠩ ᠪᠠᠷᠢᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠦᠨᠡᠨᠬᠦ ᠰᠠᠶᠢᠲᠤᠷ ᠠᠳᠬᠤᠵᠤ᠂ ᠲᠥᠪ ᠤᠨ ᠲᠣᠭᠤᠷᠢᠨ ᠪᠠᠶᠢᠴᠠᠭᠠᠯᠲᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠢ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠠ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠨᠠᠷᠢᠨ ᠬᠢᠨᠠᠮᠠᠭᠠᠢ ᠰᠠᠶᠢᠲᠤᠷ ᠬᠢᠵᠦ᠂ ︽ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠶᠢ ᠦᠷᠭᠦᠯᠵᠢᠯᠡᠨ ᠠᠬᠢᠭᠤᠯᠵᠤ᠂ ᠨᠠᠮ ᠤᠨ ᠭᠡᠰᠢᠭᠦᠨ ᠺᠠᠳ᠋ᠷ ᠤᠨ ︽ᠲᠦᠷᠪᠡᠨ ᠤᠬᠠᠮᠰᠠᠷ︾᠎ ᠢ ᠨᠡᠩ ᠪᠠᠲᠤᠳᠬᠠᠵᠤ᠂ ︽ᠲᠦᠷᠪᠡᠨ ᠢᠲᠡᠭᠡᠯ︾᠎ ᠢ ᠨᠡᠩ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠨᠡᠩ ᠤᠬᠠᠮᠰᠠᠷ ᠲᠠᠢ ᠪᠣᠯᠭᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ  ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠴᠥᠬᠦᠷᠡᠰᠢ ᠦᠭᠡᠢ ᠠᠬᠢᠭᠤᠯᠵᠤ᠂ ᠲᠥᠪ ᠤᠨ  ᠨᠠᠢᠮᠠᠨ ᠲᠣᠭᠲᠠᠭᠠᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠪᠦᠬᠦ  ᠲᠤᠭᠤᠷᠢᠭ ᠤᠨ ᠺᠠᠳ᠋ᠷ ᠤᠨ ᠰᠤᠷᠲᠠᠯ ᠢ ᠢᠯᠡᠳᠲᠡ ᠰᠠᠶᠢᠵᠢᠷᠠᠭᠤᠯᠪᠠ᠃ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠥᠭᠡᠳ ᠠᠷᠠᠳᠴᠢᠯᠠᠯ ᠢᠶᠠᠷ ᠰᠢᠶᠳᠪᠦᠷᠢᠲᠦ ᠪᠤᠳᠤᠯᠭ᠎ᠠ ᠲᠣᠭᠲᠠᠭᠠᠬᠤ ᠶᠢ ᠪᠠᠷᠢᠮᠲᠠᠯᠠᠵᠤ᠂ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠶᠢᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ᠬᠢᠨᠠᠮᠠᠭᠠᠶ  ᠬᠡᠷᠡᠭᠵᠢᠭᠦᠯᠵᠡᠢ᠃ ᠵᠣᠷᠢᠭᠲᠠᠶ ᠪᠠᠷ ᠡᠭᠦᠷᠭᠡᠯᠡᠬᠦ ᠬᠠᠷᠢᠭᠤᠴᠠᠯᠭ᠎ᠠ ᠪᠠᠷ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠬᠦᠷᠢᠶᠡᠨ ᠳᠠᠬᠢ ᠦᠨᠡᠮᠯᠡᠯ ᠠᠪᠬᠤ ᠳᠤ ᠬᠦᠴᠢᠷ᠂ ᠣᠷᠣᠵᠤ ᠰᠠᠭᠤᠬᠤ ᠳᠤ ᠬᠦᠴᠢᠷ᠂ ᠪᠤᠴᠠᠵᠤ ᠨᠡᠭᠦᠬᠦ ᠳᠤ ᠬᠦᠴᠢᠷ᠂ ᠵᠠᠰᠠᠭ ᠤᠨ ᠣᠷᠳᠣᠨ ᠤ ᠥᠷᠢ ᠥᠭᠴᠡᠭᠡ᠂ ᠬᠠᠭᠠᠰ ᠳᠤᠲᠠᠭᠤ ᠢᠨᠵᠧᠨᠧᠷᠢᠩ᠂ ᠢᠨᠵᠧᠨᠧᠷᠢᠩ ᠢ ᠬᠢᠨᠠᠨ ᠪᠤᠳᠤᠬᠤ ᠵᠡᠷᠭᠡ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠦᠨᠡᠨᠬᠦ  ᠰᠢᠢᠳᠪᠦᠷᠢᠯᠡᠵᠡᠢ᠃  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠤᠲᠠ  ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠳᠤ ᠬᠠᠷᠢᠭᠤᠯᠲᠠ ᠥᠭᠭᠦᠭᠰᠡᠨ ᠨᠡᠶᠢᠲᠡ 233 ᠬᠤᠪᠢ᠂ ᠠᠷᠠᠳ ᠤᠨ ᠰᠡᠳᠬᠢᠯ ᠤᠨ ᠰᠦᠯᠵᠢᠶ᠎ᠡ᠂ ᠬᠤᠲᠠ ᠶᠢᠨ ᠳᠠᠷᠤᠭ᠎ᠠ ᠶᠢᠨ ᠵᠠᠬᠢᠳᠠᠯ ᠤᠨ ᠬᠠᠶᠢᠷᠴᠠᠭ ᠵᠡᠷᠭᠡ ᠰᠢᠯᠵᠢᠭᠦᠯᠦᠨ ᠰᠢᠶᠳᠪᠦᠷᠢᠯᠡᠭᠰᠡᠨ 215 ᠬᠤᠪᠢ ᠬᠡᠷᠡᠭ ᠢ ᠰᠢᠶᠳᠪᠦᠷᠢᠯᠡᠵᠦ ᠳᠠᠭᠤᠰᠬᠠᠨ᠂ ᠰᠢᠶᠳᠪᠦᠷᠢᠯᠡᠵᠦ ᠳᠠᠭᠤᠰᠬᠠᠭᠰᠠᠨ ᠨᠣᠷᠮ᠎ᠠ 100%᠎ ᠳᠤ ᠬᠥᠷᠪᠡ᠃ ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠳᠣᠯᠣᠳᠤᠭᠠᠷ ᠤᠳᠠᠭᠠᠨ ᠤ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ᠂ ᠬᠠᠮ ᠵᠠᠭᠤᠴᠢᠯᠠᠭᠤᠷ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠬᠠᠩᠭᠠᠨ ᠪᠣᠷᠣᠯᠠᠭᠤᠯᠬᠤ ᠬᠠᠮᠲᠤᠷᠠᠯᠴᠠᠭ᠎ᠠ᠂ ᠬᠢᠨᠠᠨ ᠪᠤᠳᠤᠯᠳᠠ᠂ ᠴᠠᠭ ᠠᠭᠤᠷ᠂ ᠠᠮᠤ ᠪᠤᠳᠠᠭ᠎ᠠ ᠂ ᠪᠠᠷᠠᠭᠠᠨ ᠤ ᠦᠨ᠎ᠡ᠂ ᠲᠤᠭ᠎ᠠ ᠪᠦᠷᠢᠳᠬᠡᠯ᠂ ᠳᠠᠩᠰᠠ ᠡᠪᠬᠡᠮᠡᠯ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ᠂ ᠤᠯᠠᠭᠠᠨ ᠵᠠᠭᠠᠯᠮᠠᠶᠢᠢᠳᠠᠨ ᠤ ᠨᠡᠶᠢᠭᠡᠮᠯᠢᠭ ᠵᠡᠷᠭᠡ ᠠᠵᠢᠯ ᠤᠨ ᠰᠢᠨ᠎ᠡ ᠳᠡᠭᠡᠭᠰᠢᠯᠡᠯᠲᠡ ᠶᠢ ᠱᠠᠳᠤ ᠦᠶ᠎ᠡ ᠶᠢᠨ ᠴᠢᠨᠠᠷᠲᠠᠶ ᠪᠠᠷ ᠪᠡᠶᠡᠯᠡᠭᠦᠯᠪᠡ᠃           ᠲᠥᠯᠥᠭᠡᠯᠡᠭᠴᠢᠳ ᠡ᠂ 2020 ᠣᠨ ᠤ ᠡᠯ᠎ᠡ ᠵᠦᠶᠯ ᠤᠨ ᠡᠭᠦᠷᠭᠡ ᠶᠢ ᠤᠷᠤᠭᠰᠢᠲᠠᠶ ᠪᠡᠶᠡᠯᠡᠭᠦᠯᠦᠭᠰᠡᠨ ᠨᠢ ᠪᠥᠬᠦ ᠲᠤᠭᠤᠷᠢᠭ ᠤᠨ ︽13 · 5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠳᠤ ᠲᠡᠭᠦᠰ ᠠᠮᠵᠢᠯᠲᠠ ᠲᠠᠢ ᠲᠡᠭᠦᠰᠪᠡ᠃ ︽13 · 5︾᠎ ᠶᠢᠨ ᠬᠤᠭᠤᠴᠠᠭ᠎ᠠ ᠪᠣᠯ ᠮᠠᠨ ᠤ  ᠲᠤᠭᠤᠷᠢᠭ ᠤᠨ ᠬᠦᠨᠳᠦ ᠬᠡᠴᠡᠭᠦᠤ ᠨᠠᠷᠢᠨ ᠪᠤᠳᠤᠯᠢᠶᠠᠨᠲᠠᠶ ᠪᠠᠶᠢᠳᠠᠯ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠢᠳᠡᠪᠬᠢᠲᠡᠶ ᠠᠷᠭᠠᠴᠠᠭᠰᠠᠨ ᠲᠠᠪᠤᠨ ᠵᠢᠯ ᠪᠣᠯᠤᠨ᠎ᠠ᠂ ᠥᠩᠭᠡᠷᠡᠭᠰᠡᠨ ᠲᠠᠪᠤᠨ ᠵᠢᠯ ᠢᠶᠠᠨ ᠡᠷᠭᠢᠴᠡᠭᠦᠯᠵᠦ ᠦᠵᠡᠪᠡᠯ᠂ ᠪᠥᠬᠦ ᠲᠤᠭᠤᠷᠢᠭ ᠢᠶᠠᠷ ᠢᠶᠠᠨ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠦᠨᠵᠡᠭᠡᠶ ᠦᠶᠯᠡᠳᠦᠯᠭᠡᠵᠢᠭᠦᠯᠵᠦ᠂ ᠬᠥᠭᠵᠢᠯᠲᠡ ᠶᠢᠨ ᠬᠠᠷᠠᠯᠲᠠ ᠪᠠᠨ ᠪᠠᠲᠤ ᠡᠵᠡᠮᠳᠡᠨ᠂ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ᠠᠶᠤᠯ ᠲᠦᠭᠰᠢᠭᠦᠷᠢ ᠥᠷᠢᠰᠥᠯᠳᠦᠭᠡᠨ ᠢ ᠯᠠᠪᠳᠠᠭᠤᠨ ᠲᠣᠭᠲᠠᠭᠤᠨ ᠢᠶᠠᠷ ᠠᠷᠭᠠᠴᠠᠵᠤ᠂ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠰᠢᠶᠳᠪᠦᠷᠢᠲᠦ ᠢᠯᠠᠯᠲᠠ ᠶᠢ ᠲᠡᠮᠡᠴᠡᠨ ᠤᠯᠬᠤ ᠰᠢᠶᠳᠪᠦᠷᠢᠯᠡᠭᠴᠢ ᠴᠢᠨᠠᠷᠲᠠᠶ ᠠᠮᠵᠢᠯᠲᠠ ᠪᠦᠲᠦᠮᠵᠢ ᠣᠯᠤᠭᠰᠠᠨ ᠪᠠᠶᠢᠨ᠎ᠠ᠃          —— ᠠᠵᠤ ᠠᠬᠤᠶ ᠶᠢᠨ ᠪᠣᠳᠠᠲᠤ ᠬᠦᠴᠦᠨ ᠢᠯᠡᠳᠲᠡ ᠴᠢᠩᠭᠠᠷᠠᠪᠠ᠃ ᠭᠠᠵᠠᠷ ᠣᠷᠣᠨ ᠤ ᠦᠶᠯᠡᠳᠪᠦᠷᠢᠯᠡᠯ ᠤᠨ ᠪᠥᠬᠦ ᠥᠷᠲᠡᠭ 200 ᠳ᠋ᠦᠩᠰᠢᠭᠤᠷ ᠲᠥᠭᠦᠷᠢᠭ ᠢ ᠳᠠᠪᠠᠵᠤ᠂ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠶᠢ ᠨᠢᠭᠡ ᠵᠢᠯ ᠤᠷᠢᠳᠴᠢᠯᠠᠨ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 6.2%᠎ ᠢᠶᠠᠷ ᠨᠡᠮᠡᠭᠳᠡᠨ᠂ ᠪᠥᠬᠦ ᠬᠤᠲᠠ ᠶᠢᠨ 1.1 ᠵᠠᠭᠤᠨ ᠤ ᠨᠢᠭᠡᠴᠢ᠂ ᠪᠥᠬᠦ ᠥᠪᠡᠷᠲᠡᠭᠡᠨ ᠵᠠᠰᠠᠬᠤ ᠣᠷᠣᠨ ᠤ 1.8 ᠵᠠᠭᠤᠨ ᠤ ᠨᠢᠭᠡᠴᠢ ᠥᠨᠳᠥᠷ ᠪᠠᠶᠢᠵᠤ᠂ ︽ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ 1.5 ᠳᠠᠬᠢᠨ ᠪᠣᠯᠪᠠ  ᠃ ᠲᠥᠯᠥᠪᠵᠢᠭᠦᠯᠭᠡ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ 15.1% ᠪᠠᠶᠢᠵᠤ᠂ ᠪᠥᠬᠦ ᠬᠤᠲᠠ ᠶᠢᠨ 6.2 ᠵᠠᠭᠤᠨ ᠤ ᠨᠢᠭᠡᠴᠢ ᠠᠴᠠ ᠥᠨᠳᠥᠷ ᠪᠠᠶᠢᠵᠤ᠂ ᠪᠥᠬᠦ ᠥᠪᠡᠷᠲᠡᠭᠡᠨ ᠵᠠᠰᠠᠬᠤ ᠣᠷᠣᠨ ᠤ 10.3 ᠵᠠᠭᠤᠨ ᠤ ᠨᠢᠭᠡᠴᠢ ᠪᠠᠶᠢᠵᠤ᠂ ︽12 · 5︾᠎ ᠶᠢᠨ ᠲᠥᠯᠥᠪᠵᠢᠭᠦᠯᠭᠡ ᠶᠢᠨ ᠰᠡᠭᠦᠯᠴᠢ ᠶᠢᠨ 1.5 ᠳᠠᠬᠢᠨ ᠪᠣᠯᠵᠠᠶ᠃ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠨᠡᠶᠢᠲᠡ 467.7 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 3.4% ᠨᠡᠮᠡᠭᠳᠡᠪᠡ᠂ ᠡᠨᠡ ᠨᠢ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ 2.3 ᠳᠠᠬᠢᠨ ᠪᠣᠯᠵᠠᠶ  ᠃ ᠲᠣᠭᠲᠠᠮᠠᠯ ᠬᠦᠷᠦᠩᠬᠡ ᠶᠢᠨ ᠪᠡᠯᠡ ᠣᠷᠣᠭᠤᠯᠤᠯᠲᠠ  ᠨᠡᠶᠢᠲᠡ 3325 ᠳ᠋ᠦᠩᠰᠢᠭᠤᠷ ᠲᠥᠭᠦᠷᠢᠭ ᠲᠤ ᠬᠦᠷᠴᠡᠢ  ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠨᠡᠶᠢᠲᠡ 67.2 ᠳ᠋ᠦᠩᠰᠢᠭᠤᠷ ᠲᠥᠭᠦᠷᠢᠭ ᠪᠡᠶᠡᠯᠡᠭᠦᠯᠪᠡ  ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠵᠢᠯ ᠪᠦᠷᠢ ᠳᠤᠮᠳᠠᠴᠢ ᠪᠠᠷ ᠲᠣᠰ ᠲᠣᠰ 6.2%᠂ 8.5% ᠨᠡᠮᠡᠭᠳᠡᠵᠦ᠂ 35702 ᠲᠥᠭᠦᠷᠢᠭ᠂ 19408 ᠲᠥᠭᠦᠷᠢᠭ ᠲᠤ ᠬᠦᠷᠴᠦ᠂ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ 1.4 ᠳᠠᠬᠢᠨ᠂ 1.5 ᠳᠠᠬᠢᠨ ᠪᠣᠯᠵᠣ᠂ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠲᠠᠪᠤᠨ ᠵᠢᠯ ᠳᠠᠷᠠᠭᠠᠯᠠᠨ ᠪᠥᠬᠦ ᠬᠤᠲᠠ ᠳᠤ ᠲᠡᠷᠢᠭᠦᠯᠡᠪᠡ᠃        —— ᠠᠵᠤ ᠦᠢᠯᠡᠰ ᠤᠨ ᠪᠦᠲᠦᠴᠡ ᠶᠢ ᠢᠯᠡᠳᠲᠡ ᠰᠢᠯᠢᠳᠡᠭᠵᠢᠭᠦᠯᠪᠡ᠃ ᠭᠤᠷᠪᠠᠨ ᠠᠵᠤ ᠦᠶᠯᠡᠰ ᠤᠨ ᠪᠦᠲᠦᠴᠡ 3.7᠄ 43.3᠄ 53.0 ᠪᠠᠶᠢᠭᠰᠠᠨ ᠠᠴᠠ ᠪᠠᠨ 2.1᠄ 42.6᠄ 55.3 ᠪᠣᠯᠵᠣ ᠬᠤᠪᠢᠷᠠᠭᠠᠳ᠂ ᠦᠶᠯᠡᠴᠢᠯᠡᠭᠡᠨ ᠤ ᠦᠶᠯᠡᠰ ᠢᠶᠠᠷ ᠤᠳᠤᠷᠢᠳᠤᠮᠵᠢ ᠪᠣᠯᠭᠠᠭᠰᠠᠨ᠂ ᠣᠯᠠᠨ ᠡᠰᠢᠴᠢᠯᠡᠨ ᠬᠥᠭᠵᠢᠭᠦᠯᠦᠭᠰᠡᠨ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠠᠵᠤ ᠦᠶᠯᠡᠰ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠪᠠ᠃ ᠲᠥᠮᠥᠰᠥ᠂ ᠬᠦᠶᠲᠡᠨ ᠰᠡᠷᠢᠭᠦᠨ ᠢᠳᠡᠰᠢᠨ ᠨᠣᠭᠤᠭ᠎ᠠ ᠵᠡᠷᠭᠡ ᠲᠠᠷᠢᠮᠠᠯ ᠤᠨ ᠲᠠᠷᠢᠮᠠᠯ ᠤᠨ ᠲᠠᠯᠠᠪᠠᠶ ᠶᠢ 11 ᠲᠦᠮᠡᠨ ᠮᠥ ᠠᠴᠠ ᠳᠡᠭᠡᠭᠰᠢ ᠳᠤ ᠲᠣᠭᠲᠠᠪᠤᠷᠢᠵᠢᠭᠤᠯᠵᠤ᠂ ᠮᠠᠯ ᠵᠢᠭᠦᠷᠲᠡᠨ ᠤ ᠶᠡᠷᠦᠩᠬᠡᠶ ᠲᠤᠭ᠎ᠠ 28.2 ᠲᠦᠮᠡ ᠳᠤ ᠬᠦᠷᠴᠦ᠂ ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ 14᠂ ᠡᠯ᠎ᠡ ᠲᠥᠷᠥᠯ ᠤᠨ ᠲᠤᠰᠬᠠᠶ ᠬᠤᠷᠰᠢᠶ᠎ᠠ 182᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ 22  ᠪᠤᠯᠭᠠᠵᠠᠢ ᠃ ᠬᠤᠸᠠ ᠸᠧᠶ᠂ ᠠᠯᠮᠤᠷᠠᠳ᠂ ᠠᠯᠢ᠂  ᠪᠤᠰᠢᠭᠤ ᠭᠠᠷ ᠵᠡᠷᠭᠡ ᠨᠢᠭᠡ ᠪᠦᠯᠦᠭ ᠨᠠᠷᠠᠲᠤ ᠲᠤᠭ᠎ᠠ ᠪᠠᠷᠢᠮᠲᠠ ᠶᠢᠨ ᠲᠥᠪ ᠢ ᠵᠠᠯᠭᠠᠭ᠎ᠠ ᠪᠠᠷ ᠨᠠᠶᠢᠳᠠᠪᠤᠷᠢᠵᠢᠭᠤᠯᠵᠤ᠂ ᠪᠠᠶᠢᠭᠤᠯᠵᠤ ᠪᠠᠶᠢᠭ᠎ᠠ ᠦᠶᠯᠡᠴᠢᠯᠡᠭᠡᠨ ᠤ ᠮᠠᠰᠢᠨ ᠤ ᠬᠡᠪᠴᠢᠶ᠎ᠡ 190 ᠲᠦᠮᠡ ᠶᠢ ᠳᠠᠪᠠᠵᠤ᠂ ︽ ᠡᠮᠦᠨᠡᠰᠢ ᠭᠦᠶᠵᠧᠤ ᠤᠮᠠᠷᠠᠲᠤ ᠤᠯᠠᠭᠠᠨᠴᠠᠪ · ᠲᠠᠯ᠎ᠠ ᠨᠤᠲᠤᠭ ᠤᠨ ᠡᠭᠦᠯᠡᠨ ᠬᠥᠨᠳᠡᠶ︾᠎ ᠶᠢᠨ  ᠪᠠᠶᠢᠷᠢᠰᠢᠯ ᠎ ᠢ  ᠪᠥᠬᠦ ᠲᠠᠯ᠎ᠠ ᠪᠠᠷ ᠪᠠᠬᠢᠵᠢᠭᠦᠯᠪᠡ᠃ ᠵᠢᠩ ᠨᠢᠩ  ᠬᠤᠶᠠᠳᠤᠭᠠᠷ ᠬᠤᠭᠤᠴᠠᠭ᠎ᠠ ᠶᠢ ᠪᠦᠬᠦ ᠲᠠᠯ᠎ᠠ ᠪᠠᠷ ᠡᠬᠢᠯᠡᠭᠦᠯᠵᠦ᠂ ᠳ᠋ᠦᠩ ᠶᠠᠩ ᠭᠤᠸᠠᠩ᠂ ᠬᠠᠢ ᠯᠢ ᠬᠢᠮᠢ ᠶᠢᠨ ᠴᠠᠭᠠᠰᠤ ᠦᠢᠯᠡᠳᠪᠦᠷᠢᠯᠡᠬᠦ ᠴᠢᠳᠠᠪᠤᠷᠢ ᠪᠦᠬᠦ ᠪᠥᠮᠪᠥᠷᠴᠡᠭ ᠤᠨ 30%᠎ ᠠᠴᠠ ᠳᠡᠭᠡᠭᠰᠢᠬᠢ ᠶᠢ ᠡᠵᠡᠯᠡᠪᠡ  ᠃ ᠴᠢᠦ ᠱᠢ ᠠᠮᠢᠳᠤ ᠪᠣᠳᠠᠰ᠂ ᠳ᠋ᠦᠩ ᠯᠠᠶ ᠱᠦᠨ ᠠᠰᠢᠭᠯᠠᠯᠲᠠ ᠳᠤ ᠣᠷᠣᠵᠤ᠂ ᠯᠠᠨ ᠭᠧ  ᠭᠧ ᠡᠭᠡᠳᠡᠭᠰᠡᠨ  ᠰᠦ ᠶᠢᠨ ᠨᠠᠷᠠᠲᠤ ᠲᠡᠮᠳᠡᠭ ᠪᠥᠬᠦ ᠤᠯᠤᠰ ᠲᠤ ᠠᠯᠳᠠᠷᠰᠢᠵᠤ᠂ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠡᠭᠡᠳᠡᠭᠰᠡᠨ  ᠰᠦ ᠶᠢᠨ ᠬᠤᠲᠠ︾᠎ ᠪᠠᠷ ᠦᠨᠡᠯᠡᠭᠳᠡᠪᠡ ᠃ ᠳᠣᠯᠣᠳᠤᠭᠠᠷ ᠰᠤᠮᠤ ᠶᠢᠨ ᠪᠠᠷᠠᠭᠠᠨ ᠭᠦᠶᠯᠭᠡᠭᠡᠨ ᠤ ᠰᠠᠭᠤᠷᠢᠨ ᠭᠠᠵᠠᠷ ᠢ ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ B ᠪᠤᠤ  ᠪᠠᠷᠠᠭᠠᠨ  ᠭᠦᠶᠯᠭᠡᠭᠡᠨ ᠤ ᠲᠥᠪ ᠢ ᠠᠮᠵᠢᠯᠲᠠ ᠲᠠᠢ ᠪᠠᠷ ᠵᠥᠪᠰᠢᠶᠡᠷᠡᠭᠦᠯᠵᠦ᠂ ᠤᠮᠠᠷᠠᠲᠤ ᠶᠢᠨ ᠡᠬᠡ ᠬᠠᠭᠤᠷᠠᠶ ᠶᠢᠨ ᠭᠠᠷᠠᠮ ᠳᠤ ︽ᠲᠡᠷᠭᠡ ᠥᠬᠡᠶ ᠪᠠᠷ ᠳᠠᠭᠠᠭᠠᠴᠢᠯᠠᠨ ᠲᠡᠭᠡᠭᠡᠪᠦᠷᠢᠯᠡᠬᠦ︾ ᠲᠤᠷᠰᠢᠯᠲᠠ ᠶᠢᠨ ᠴᠢᠬ ᠪᠠ ︽ᠭᠤᠷᠪᠠᠨ ᠡᠦ ᠶᠢᠨ ᠨᠡᠪᠲᠡᠷᠡᠬᠦ ᠵᠠᠮ︾ ᠲᠡᠭᠡᠭᠡᠪᠦᠷᠢ ᠶᠢᠨ ᠵᠥᠪᠰᠢᠶᠡᠷᠡᠯ ᠢ ᠤᠯᠪᠠ᠃ ᠸᠠᠨ ᠳ᠋ᠠ ᠠᠭᠤᠳᠠᠮ ᠲᠠᠯᠠᠪᠠᠢ᠂ ᠦ᠋ ᠶᠤᠸᠠᠢ ᠠᠭᠤᠳᠠᠮ ᠲᠠᠯᠠᠪᠠᠢ ᠰᠠᠭᠤᠷᠢᠰᠢᠵᠤ᠂ ᠤᠯᠠᠭᠠᠨᠴᠠᠪ ᠤᠨ ᠬᠤᠷᠠᠯ ᠦᠵᠡᠰᠬᠦᠯᠡᠩ ᠤᠨ ᠲᠥᠪ ᠪᠦᠬᠦ ᠲᠠᠯ᠎ᠠ ᠪᠠᠷ ᠪᠠᠶᠢᠭᠤᠯᠤᠭᠳᠠᠵᠤ᠂ ᠳᠤᠮᠳᠠᠳᠤ ᠤᠷᠤᠰ ᠮᠣᠩᠭᠤᠯ ᠭᠤᠷᠪᠠᠨ ᠤᠯᠤᠰ ᠤᠨ ᠵᠤᠭᠠᠴᠠᠯ ᠤᠨ ᠶᠠᠮᠤᠨ ᠤ ᠰᠠᠶᠢᠳ ᠤᠨ ᠬᠤᠷᠠᠯ᠂ ᠳᠤᠮᠳᠠᠳᠤ ᠤᠯᠤᠰ ᠤᠨ ᠰᠢᠨ᠎ᠡ ᠶᠢ ᠡᠭᠦᠳᠬᠦ ᠦᠢᠯᠡᠰ ᠪᠤᠰᠬᠠᠬᠤ ᠦᠵᠡᠰᠬᠦᠯᠡᠩ ᠤᠨ ᠴᠤᠭᠯᠠᠭᠠᠨ ᠵᠡᠷᠭᠡ ᠨᠢᠭᠡ ᠪᠦᠯᠦᠭ ᠳᠡᠯᠡᠬᠡᠢ ᠶᠢᠨ ᠪᠠ ᠤᠯᠤᠰ ᠤᠨ ᠳᠣᠲᠣᠭᠠᠳᠤ ᠶᠢᠨ ᠴᠢᠬᠤᠯᠠ ᠬᠤᠷᠠᠯ ᠢ ᠠᠮᠵᠢᠯᠲᠠ ᠲᠠᠢ ᠡᠷᠬᠢᠯᠡᠨ ᠬᠤᠷᠠᠯᠳᠤᠭᠤᠯᠵᠤ᠂ ᠬᠤᠳᠠ ᠶᠢᠨ ᠨᠥᠯᠥᠭᠡᠯᠡᠬᠦ ᠬᠦᠴᠦᠨ ᠪᠠ ᠲᠠᠲᠠᠬᠤ ᠬᠦᠴᠦᠨ ᠶᠡᠬᠡᠪᠡᠷ ᠳᠡᠭᠡᠭᠰᠢᠯᠡᠪᠡ᠃           —— ᠬᠤᠳᠠ ᠬᠥᠳᠡᠭᠡ ᠶᠢᠨ ᠳᠦᠷᠰᠦ ᠪᠠᠶᠢᠳᠠᠯ ᠳᠤ ᠭᠦᠨᠵᠡᠭᠡᠶ ᠬᠤᠪᠢᠷᠠᠯᠲᠠ ᠭᠠᠷᠪᠠ᠃ ᠤᠯᠠᠭᠠᠨᠴᠠᠪ ᠤᠨ ᠨᠢᠰᠬᠡᠯ ᠤᠨ ᠪᠠᠭᠤᠳᠠᠯ ᠪᠠᠶᠢᠭᠤᠯᠤᠭᠳᠠᠨ ᠠᠶᠠᠯᠠᠯ ᠨᠡᠪᠲᠡᠷᠡᠵᠦ᠂ ᠪᠡᠭᠡᠵᠢᠩ ᠠᠴᠠ ᠬᠥᠬᠡᠬᠤᠲᠠ  ᠬᠦᠷᠬᠦ ᠳᠡᠭᠡᠳᠦ ᠬᠤᠷᠳᠤᠴᠠᠲᠤ ᠲᠡᠮᠦᠷ ᠵᠠᠮ ᠪᠥᠬᠦ ᠱᠤᠭᠤᠮ ᠢᠶᠠᠷ ᠲᠡᠷᠭᠡ ᠨᠡᠪᠲᠡᠷᠡᠵᠦ᠂  ᠵᠢᠨᠢᠩ ᠤᠨ ᠶᠡᠭᠡ ᠳᠡᠭᠡᠳᠦ ᠬᠤᠷᠳᠤᠴᠠᠲᠤ ᠲᠡᠮᠦᠷ ᠵᠠᠮ ᠲᠦᠷᠭᠡᠨ ᠢᠶᠠᠷ ᠠᠭᠢᠪᠠ᠃ ᠤᠯᠤᠰ ᠤᠨ ᠴᠡᠴᠡᠷᠯᠢᠭᠵᠢᠭᠦᠯᠦᠭᠰᠡᠨ ᠬᠤᠳᠠ᠂ ᠤᠯᠤᠰ ᠤᠨ ᠡᠷᠡᠭᠦᠯ ᠬᠠᠮᠠᠭᠠᠯᠠᠯ ᠤᠨ ᠬᠤᠳᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠬᠤᠳᠠ ᠪᠠᠯᠭᠠᠰᠤᠵᠢᠯᠳᠠ ᠶᠢᠨ ᠨᠤᠷᠮ᠎ᠠ 93.7% ᠪᠠᠶᠢᠭᠰᠠᠨ ᠠᠴᠠ ᠪᠠᠨ ᠳᠡᠭᠡᠭᠰᠢᠯᠡᠭᠡᠳ 96.3% ᠪᠤᠯᠵᠤ᠂ ᠪᠠᠶᠢᠭᠤᠯᠤᠭᠰᠠᠨ ᠣᠷᠣᠨ ᠤ ᠲᠠᠯᠠᠪᠠᠢ 68 ᠲᠡᠭᠰᠢ ᠳᠥᠷᠪᠡᠯᠵᠢᠨ ᠺᠢᠯᠣᠮᠧᠲᠷ ᠪᠠᠶᠢᠭᠰᠠᠨ ᠠᠴᠠ ᠪᠠᠨ ᠨᠡᠮᠡᠭᠳᠡᠭᠡᠳ 78 ᠲᠡᠭᠰᠢ ᠳᠥᠷᠪᠡᠯᠵᠢᠨ ᠺᠢᠯᠣᠮᠧᠲᠷ ᠪᠣᠯᠵᠠᠶ᠃ 152 ᠵᠤᠷᠪᠤᠰ ᠰᠢᠨ᠎ᠡ ᠪᠠᠷ ᠥᠭᠡᠷᠡᠴᠢᠯᠡᠨ ᠵᠠᠰᠠᠵᠤ᠂ ᠵᠠᠮ ᠤᠨ ᠪᠥᠬᠦ ᠣᠷᠳᠣ ᠨᠢ 444 ᠺᠢᠯᠣᠮᠧᠲᠷ ᠲᠤ ᠬᠥᠷᠪᠡ  ᠃ ᠡᠯ᠎ᠡ ᠲᠦᠷᠦᠯ ᠤᠨ ᠬᠤᠭᠤᠯᠠᠶ ᠶᠢᠨ ᠲᠣᠣᠷ ᠢ 308.5 ᠺᠢᠯᠣᠮᠧᠲᠷ ᠳᠡᠪᠢᠰᠴᠦ᠂ ᠬᠤᠭᠤᠯᠠᠶ ᠶᠢᠨ ᠲᠣᠣᠷ ᠤᠨ ᠤᠷᠳᠤ ᠶᠢᠨ ᠬᠡᠮᠵᠢᠶ᠎ᠡ 1414 ᠺᠢᠯᠣᠮᠧᠲᠷ ᠢ ᠳᠠᠪᠠᠪᠠ  ᠃ ᠬᠤᠲᠠ ᠶᠢᠨ ᠪᠠᠶᠢᠭᠠᠯᠢ ᠶᠢᠨ ᠰᠢᠲᠠᠮᠠᠬᠠᠶ ᠬᠡᠶ ᠶᠢᠨ ᠳᠤᠮᠳᠠ ᠳᠠᠷᠤᠯᠲᠠᠲᠤ ᠬᠤᠭᠤᠯᠠᠶ ᠶᠢᠨ ᠱᠤᠭᠤᠮ ᠢ ᠱᠠᠨᠰᠢ ᠪᠡᠭᠡᠵᠢᠩ ᠤᠨ ᠳᠥᠷᠪᠡᠳᠦᠭᠡᠷ ᠱᠤᠭᠤᠮ ᠲᠠᠢ ᠠᠮᠵᠢᠯᠲᠠ ᠲᠠᠢ ᠪᠠᠷ ᠵᠣᠯᠭᠠᠭᠤᠯᠵᠤ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠡᠷᠦᠬᠡ ᠳᠤ ᠣᠷᠣᠬᠤ ᠨᠣᠷᠮ᠎ᠠ ᠶᠢ 39% ᠪᠣᠯᠲᠠᠯ᠎ᠠ ᠳᠡᠭᠡᠭᠰᠢᠯᠡᠭᠦᠯᠪᠡ  ᠃ ᠬᠤᠲᠠ ᠶᠢᠨ ᠲᠥᠪᠯᠡᠷᠡᠭᠦᠯᠦᠨ ᠢᠯᠴᠢ ᠬᠠᠩᠭᠠᠬᠤ ᠶᠢ ᠣᠶᠤᠨᠴᠢᠯᠠᠭᠰᠠᠨ ᠠᠵᠢᠯᠯᠠᠭᠠᠨ ᠢ ᠪᠡᠶᠡᠯᠡᠭᠦᠯᠵᠦ᠂ ᠢᠯᠴᠢ ᠬᠠᠩᠭᠠᠬᠤ ᠴᠢᠳᠠᠪᠤᠷᠢ ᠶᠢ 3900 ᠲᠦᠮᠡᠨ ᠲᠡᠭᠰᠢ ᠳᠥᠷᠪᠡᠯᠵᠢᠨ ᠮᠧᠲᠷ ᠲᠤ  ᠬᠦᠷᠦᠭᠦᠯᠵᠡᠢ᠃ 3 ᠤᠰᠤᠨ ᠰᠤᠷᠪᠤᠯᠵᠢ ᠶᠢᠨ ᠭᠠᠵᠠᠷ᠂ 4 ᠤᠰᠤᠨ ᠤ ᠦᠢᠯᠡᠳᠪᠦᠷᠢ ᠶᠢ ᠰᠢᠨ᠎ᠡ ᠪᠠᠷ ᠥᠷᠭᠡᠳᠬᠡᠨ ᠪᠠᠶᠢᠭᠤᠯᠵᠤ᠂ ᠡᠳᠦᠷ ᠤᠨ ᠤᠰᠤᠨ ᠤ ᠭᠠᠷᠤᠯᠲᠠ ᠶᠢᠨ ᠴᠢᠳᠠᠪᠤᠷᠢ ᠶᠢ 82 ᠲᠦᠮᠡᠨ ᠲᠣᠨ ᠪᠣᠯᠲᠠᠯ᠎ᠠ ᠳᠡᠭᠡᠭᠰᠢᠯᠡᠭᠦᠯᠵᠡᠢ᠃ ᠬᠤᠲᠠ ᠬᠥᠳᠡᠭᠡ ᠶᠢᠨ ︽ᠭᠤᠷᠪᠠ ᠶᠢ ᠨᠢᠭᠡ ᠴᠤᠭᠴᠠᠵᠢᠭᠤᠯᠬᠤ︾᠎ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠨᠡᠶᠢᠳᠡᠮ ᠬᠡᠷᠡᠭᠵᠢᠭᠦᠯᠦᠨ᠂ 2956 ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠵᠤ᠂ 9 ᠵᠤᠷᠪᠤᠰ᠂ 70.3 ᠺᠢᠯᠣᠮᠧᠲᠷ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾᠎ ᠢ ᠬᠡᠷᠡᠭᠵᠢᠭᠦᠯᠵᠦ᠂ 12 ᠵᠠᠰᠠᠭ ᠵᠠᠬᠢᠷᠭᠠᠨ ᠤ ᠲᠣᠰᠬᠤᠨ ᠤ ᠨᠣᠭᠤᠭᠠᠷᠠᠭᠤᠯᠤᠯᠲᠠ ᠶᠢᠨ ᠢᠨᠵᠧᠨᠧᠷᠢᠩ ᠢ ᠪᠦᠬᠦᠨ ᠢ ᠳᠠᠭᠤᠰᠬᠠᠵᠤ᠂ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠷᠮᠠᠶᠢᠨ ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠪᠠ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠤᠯᠪᠠ᠃           —— ᠥᠭᠡᠷᠡᠴᠢᠯᠡᠯᠲᠡ ᠨᠡᠭᠡᠭᠡᠯᠳᠡ ᠶᠢᠨ ᠦᠷ᠎ᠡ ᠪᠦᠲᠦᠭᠡᠯ  ᠠᠮᠵᠢᠯᠲᠠ ᠤᠯᠪᠠ᠃ ᠰᠢᠨ᠎ᠡ ᠨᠢᠭᠡᠨ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠬᠤᠳᠠ ᠶᠢᠨ ᠪᠡᠯᠡ ᠣᠷᠣᠭᠤᠯᠤᠯᠲᠠ᠂ ᠤᠯᠤᠰ ᠤᠨ ᠪᠡᠯᠡ ᠣᠷᠣᠭᠤᠯᠤᠯᠲᠠ ᠳᠤ ᠪᠡᠯᠡ ᠲᠤᠬᠢᠷᠠᠭᠤᠯᠭ᠎ᠠ ᠶᠢᠨ ᠲᠠᠪᠴᠠᠩ ᠤᠨ ᠪᠣᠳᠠᠲᠤ ᠭᠠᠵᠠᠷ ᠰᠢᠷᠣᠶ ᠶᠢ ᠬᠤᠷᠢᠶᠠᠨ ᠨᠥᠭᠡᠴᠡᠯᠡᠬᠦ ︽ᠨᠢᠭᠡ ᠰᠠᠨᠠᠯ᠂ ᠵᠢᠷᠭᠤᠭᠠᠨ ᠠᠷᠭ᠎ᠠ︾᠎ ᠶᠢ ᠲᠣᠭᠲᠠᠭᠠᠨ ᠨᠡᠶᠢᠲᠡᠯᠡᠵᠦ᠂ ᠭᠠᠵᠠᠷ ᠰᠢᠷᠣᠶ ᠶᠢᠨ ᠨᠥᠭᠡᠴᠡᠯᠡᠯᠲᠡ ᠶᠢᠨ ᠲᠥᠪ ᠪᠠᠶᠢᠭᠤᠯᠵᠤ᠂ ᠭᠠᠵᠠᠷ ᠰᠢᠷᠣᠶ ᠶᠢᠨ ᠠᠰᠢᠭᠯᠠᠯᠲᠠ ᠶᠢ ᠨᠡᠩ ᠵᠦᠢ ᠵᠣᠬᠢᠰᠲᠠᠶ ᠪᠣᠯᠭᠠᠪᠠ᠃ ᠳᠡᠭᠡᠳᠦ ᠱᠠᠲᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ 454 ᠵᠦᠢᠯ ᠤᠨ ᠴᠢᠬᠤᠯᠠ ᠡᠭᠦᠷᠭᠡ ᠶᠢ ᠨᠠᠶᠢᠳᠠᠪᠤᠷᠢᠵᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾᠂ ᠬᠤᠳᠠᠯᠳᠤᠭᠠᠨ ᠤ ᠶᠠᠪᠤᠳᠠᠯ ᠤᠨ ᠲᠦᠷᠢᠮ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠪᠠᠶᠢᠭᠤᠯᠤᠯ ᠤᠨ ᠥᠭᠡᠷᠡᠴᠢᠯᠡᠯᠲᠡ ᠵᠡᠷᠭᠡ ᠭᠤᠣᠯᠳᠠᠯᠭ᠎ᠠ ᠲᠠᠢ ᠬᠦᠷᠢᠶᠡᠨ ᠳᠠᠬᠢ ᠥᠭᠡᠷᠡᠴᠢᠯᠡᠯᠲᠡ ᠶᠢᠨ ᠦᠷ᠎ᠡ ᠪᠦᠲᠦᠮᠵᠢ ᠳᠤᠪᠤᠶᠢᠮ᠎ᠠ ᠪᠣᠯᠪᠠ᠃ ︽ᠨᠢᠭᠡ ᠪᠦᠰᠡ ᠨᠢᠭᠡ ᠵᠠᠮ︾ ᠪᠣᠯᠤᠨ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ︾᠎ ᠤᠨ ᠪᠥᠲᠥᠭᠡᠨ ᠪᠠᠶᠢᠭᠤᠯᠤᠯᠲᠠ ᠳᠤ ᠭᠦᠨᠵᠡᠭᠡᠶ ᠠᠭᠤᠰᠤᠯᠴᠠᠵᠤ᠂ ᠳᠤᠮᠳᠠᠳᠤ ᠧᠦ᠋ᠷᠣᠫᠠ ᠶᠢᠨ ᠵᠢᠰᠢᠶᠠᠨ ᠤ ᠴᠤᠪᠤᠭ᠎ᠠ ᠲᠡᠷᠭᠡ 9 ᠵᠤᠷᠪᠤᠰ ᠣᠯᠠᠨ ᠤᠯᠤᠰ ᠤᠨ ᠱᠤᠭᠤᠮ ᠢ ᠨᠡᠪᠲᠡᠷᠡᠭᠦᠯᠵᠦ᠂ ᠨᠡᠶᠢᠲᠡ 376 ᠴᠤᠪᠤᠭ᠎ᠠ ᠲᠡᠷᠭᠡ ᠨᠡᠪᠲᠡᠷᠡᠵᠦ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠨᠡᠪᠲᠡᠷᠡᠭᠰᠡᠨ ᠬᠡᠮᠵᠢᠶᠡᠨ ᠤ 43.3%᠎ ᠶᠢ ᠡᠵᠡᠯᠡᠪᠡ᠃ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠲᠤᠭ᠎ᠠ 8.7 ᠳ᠋ᠦᠩᠰᠢᠭᠤᠷ ᠳ᠋ᠣᠯᠯᠠᠷ ᠲᠤ ᠬᠦᠷᠴᠦ᠂ ᠵᠢᠯ ᠪᠦᠷᠢ ᠳᠤᠮᠳᠠᠴᠢ ᠪᠠᠷ 59.3%᠎ ᠪᠠᠷ ᠨᠡᠮᠡᠭᠳᠡᠨ᠂ ᠠᠷᠪᠠᠨ ᠬᠤᠶᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠰᠡᠭᠦᠯᠴᠢ ᠶᠢᠨ 4.4 ᠳᠠᠬᠢᠨ ᠪᠣᠯᠪᠠ  ᠃  ᠪᠡᠭᠡᠵᠢᠩ ᠲᠢᠶᠠᠨᠵᠢᠨ ᠾᠧᠪᠧᠶ ᠶᠢᠨ ᠠᠵᠤ ᠦᠶᠯᠡᠰ ᠤᠨ ᠰᠢᠯᠵᠢᠯᠲᠡ ᠶᠢ ᠢᠳᠡᠪᠬᠢᠲᠡᠶ ᠪᠠᠷ ᠵᠠᠯᠭᠠᠨ ᠠᠪᠴᠤ᠂ ᠬᠥᠬᠡᠬᠤᠲᠠ ᠪᠤᠭᠤᠲᠤ ᠣᠷᠳᠣᠰ᠂ ᠤᠯᠠᠭᠠᠨᠴᠠᠪ  ᠴᠢᠭᠤᠯᠤᠯᠲᠤ ᠬᠠᠭᠠᠯᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠨ ᠭᠡᠷ᠎ᠡ ᠲᠣᠭᠲᠠᠭᠰᠠᠨ ᠲᠥᠷᠥᠯ ᠵᠦᠶᠯ ᠨᠡᠶᠢᠲᠡ 80 ᠪᠠᠶᠢᠵᠤ᠂ ᠪᠣᠳᠠᠲᠠᠶᠢᠵᠢᠭᠤᠯᠤᠭᠰᠠᠨ ᠪᠠᠯᠠ ᠮᠥᠩᠭᠦ ᠨᠢ 222.7 ᠳ᠋ᠦᠩᠰᠢᠭᠤᠷ ᠲᠥᠭᠦᠷᠢᠭ ᠲᠤ ᠬᠦᠷᠴᠦ᠂ ︽12 · 5︾᠎ ᠶᠢᠨ ᠲᠥᠯᠥᠪᠵᠢᠭᠦᠯᠭᠡ ᠶᠢᠨ ᠬᠤᠭᠤᠴᠠᠭᠠᠨ ᠤ 2.43 ᠳᠠᠬᠢᠨ ᠪᠣᠯᠵᠣ᠂ ᠥᠪᠡᠷᠲᠡᠭᠡᠨ ᠵᠠᠰᠠᠬᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠰᠢᠨ᠎ᠡ  ᠠᠬᠢᠴᠠ ᠎ ᠶᠢ ᠪᠣᠶ ᠪᠣᠯᠭᠠᠬᠤ ᠳᠤ ᠯᠠᠪᠳᠠᠭᠤᠨ ᠪᠠᠲᠤᠲᠠᠶ ᠠᠯᠬᠤᠮ ᠢ ᠠᠯᠬᠤᠪᠠ᠃           —— ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠨ ᠨᠡᠮᠡᠭᠳᠡᠭᠦᠯᠪᠡ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠶᠳᠪᠦᠷᠢᠯᠡᠬᠦ ᠡᠭᠦᠷᠭᠡ ᠶᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠵᠦ᠂ 800 ᠡᠷᠦᠬᠡ᠂ 1488 ᠨᠡᠷ᠎ᠡ ᠳᠠᠩᠰᠠᠯᠠᠨ ᠺᠠᠷᠲᠯᠠᠭᠰᠠᠨ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠪᠠ᠃ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠬᠤᠳᠠ ᠪᠠᠯᠭᠠᠰᠤᠨ ᠤ 2.6 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠬᠤᠳᠠ ᠪᠠᠯᠭᠠᠰᠤᠨ ᠤ ᠣᠷᠣᠨ ᠰᠠᠭᠤᠴᠠ ᠶᠢᠨ ᠲᠠᠯ᠎ᠠ ᠪᠠᠷ ᠬᠦᠴᠢᠷᠳᠡᠯ ᠲᠠᠢ 11 ᠲᠦᠮᠡᠨ ᠡᠷᠦᠭᠡ ᠭᠡᠷ ᠪᠦᠯᠢ ᠶᠢᠨ ᠣᠷᠣᠨ ᠰᠠᠭᠤᠴᠠ ᠶᠢᠨ ᠠᠰᠠᠭᠤᠳᠠᠯ ᠢ ᠪᠦᠲᠦᠮᠵᠢᠲᠡᠶ ᠪᠠᠷ ᠰᠢᠶᠳᠪᠦᠷᠢᠯᠡᠪᠡ᠃ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠤᠷᠢᠳ ᠡᠮᠦᠨ᠎ᠡ ᠪᠠᠶᠢᠭ᠎ᠠ ᠦᠭᠡᠢ ᠬᠡᠪᠴᠢᠶ᠎ᠡ ᠪᠠᠷ ᠬᠡᠷᠡᠭᠵᠢᠭᠦᠯᠵᠦ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ 48 ᠲᠦᠮᠡ ᠰᠢᠬᠠᠮ ᠰᠠᠭᠤᠭᠠᠯᠢ ᠠᠷᠠᠳ ︽ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠠᠴᠠ ᠭᠠᠷᠴᠤ ᠠᠰᠠᠷ ᠲᠤ ᠣᠷᠣᠵᠤ︾᠂ ︽ᠪᠦᠬᠦ ᠤᠯᠤᠰ ᠤᠨ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠵᠣᠷᠢᠭᠵᠢᠭᠤᠯᠤᠨ ᠳᠡᠮᠵᠢᠬᠦ ᠬᠤᠳᠠ︾᠎ ᠪᠠᠷ ᠦᠨᠡᠯᠡᠭᠳᠡᠪᠡ᠃ ᠬᠦᠴᠦᠨ ᠢᠶᠠᠨ ᠲᠥᠪᠯᠡᠷᠡᠭᠦᠯᠦᠨ 100 ᠰᠠᠭᠤᠭᠠᠯᠢ ᠲᠤᠭᠤᠷᠢᠭ᠂ 152.5 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠰᠠᠭᠤᠭᠠᠯᠢ ᠠᠷᠠᠳ ᠤᠨ ᠲᠣᠭᠤᠷᠢᠭ ᠤᠨ ᠥᠭᠡᠷᠡᠴᠢᠯᠡᠯᠲᠡ ᠶᠢ ᠬᠡᠷᠡᠭᠵᠢᠭᠦᠯᠵᠦ᠂ 1.8 ᠲᠦᠮᠡᠨ ᠡᠷᠦᠭᠡ᠂ 4.5 ᠲᠦᠮᠡᠨ ᠰᠠᠭᠤᠭᠠᠯᠢ ᠠᠷᠠᠳ ᠲᠤ ᠠᠰᠢᠭ ᠬᠦᠷᠲᠡᠭᠡᠪᠡ᠃  ︽ ᠨᠤᠷᠠᠭᠠᠨ ᠨᠡᠭᠦᠬᠦ ᠳᠤ ᠬᠦᠴᠢᠷᠲᠡᠶ︾ 2900 ᠡᠷᠤᠭᠡ ᠂ ︽ᠣᠷᠣᠵᠤ ᠰᠠᠭᠤᠬᠤ ᠳᠤ ᠬᠦᠴᠢᠷᠲᠡᠶ︾7716 ᠡᠷᠤᠭᠡ   ᠂ ︽ᠦᠨᠡᠮᠯᠡᠯ ᠠᠪᠬᠤ ᠳᠤ ᠬᠦᠴᠢᠷᠲᠡᠶ︾ 5 ᠲᠦᠮᠡᠨ ᠡᠷᠤᠭᠡ   ᠎ ᠶᠢᠨ ᠭᠡᠷ ᠪᠠᠶᠢᠰᠢᠩ ᠭᠠᠵᠠᠷ ᠰᠢᠷᠣᠶ ᠶᠢᠨ ᠬᠥᠷᠤᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠦᠴᠦ ᠲᠠᠯᠪᠢᠨ ᠰᠢᠶᠳᠪᠦᠷᠢᠯᠡᠵᠦ᠂ ᠤᠯᠠᠨ ᠲᠦᠮᠡᠨ ᠢ ᠤᠯᠠᠨ ᠵᠢᠯ ᠭᠠᠴᠢᠭᠳᠠᠭᠤᠯᠵᠤ ᠪᠠᠶᠢᠭᠰᠠᠨ ᠠᠮᠤᠷ ᠲᠠᠶᠢᠪᠤᠩ ᠣᠷᠣᠨ ᠰᠠᠭᠤᠴᠠ ᠶᠢᠨ ᠬᠦᠰᠡᠯ ᠢ ᠲᠣᠭᠲᠠᠭᠤᠨ ᠢᠶᠠᠷ ᠪᠡᠶᠡᠯᠡᠭᠦᠯᠪᠡ᠃  ᠯᠢᠦᠢ ᠳ᠋ᠢ᠂ ᠹᠦ᠋ ᠯᠢ᠂ ᠸᠠᠨ ᠳ᠋ᠠ᠂ ᠾᠧᠩ ᠳ᠋ᠡ ᠵᠡᠷᠭᠡ ᠨᠠᠷᠠᠲᠤ ᠲᠡᠮᠳᠡᠭᠲᠦ ᠭᠠᠵᠠᠷ ᠬᠥᠷᠥᠩᠭᠡ ᠶᠢ ᠣᠷᠣᠭᠤᠯᠤᠨ ᠠᠪᠴᠢᠷᠠᠵᠤ᠂ ᠬᠤᠲᠠ ᠶᠢᠨ ᠠᠷᠠᠳ ᠤᠨ ᠴᠢᠨᠠᠷ ᠰᠠᠶᠢᠲᠠᠶ ᠣᠷᠣᠨ ᠰᠠᠭᠤᠴᠠ ᠶᠢᠨ ᠬᠡᠷᠡᠭᠴᠡᠭᠡ ᠱᠠᠭᠠᠷᠳᠠᠯᠭ᠎ᠠ ᠶᠢ ᠤᠯᠠᠮ ᠨᠢᠭᠡ ᠠᠯᠬᠤᠮ ᠬᠠᠨᠭ᠍ᠭᠠᠵᠠᠢ᠃ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠶ ᠬᠥᠭᠵᠢᠭᠦᠯᠵᠦ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠬᠢᠷᠢ ᠪᠦᠲᠦᠮᠵᠢ ᠲᠣᠭᠲᠠᠭᠤᠨ ᠢᠶᠠᠷ ᠳᠡᠭᠡᠭᠰᠢᠯᠡᠵᠦ᠂ 2 ᠰᠣᠷᠣᠭᠴᠢ ᠰᠢᠯᠢᠳᠡᠭ ᠬᠢᠷᠢ ᠪᠦᠲᠦᠮᠵᠢ ᠪᠠᠷ ᠪᠡᠭᠡᠵᠢᠩ ᠶᠡᠭᠡ ᠰᠤᠷᠭᠠᠭᠤᠯᠢ ᠳᠤ ᠡᠯᠰᠡᠭᠳᠡᠵᠦ᠂ 11 ᠵᠢᠯ ᠤᠨ ᠲᠤᠷᠰᠢ ᠤᠯᠠᠭᠠᠨᠴᠠᠪ ᠣᠷᠣᠨ ᠤ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠳᠤ ᠰᠢᠯᠭᠠᠭᠤᠯᠤᠨ ᠣᠷᠣᠬᠤ ︽ᠨᠢᠭᠡ ᠴᠦ ᠰᠢᠪᠲᠤᠯᠤᠯᠲᠠ ᠥᠬᠡᠶ︾ ᠪᠠᠶᠢᠳᠠᠯ ᠢ ᠪᠡᠶᠡᠯᠡᠭᠦᠯᠪᠡ  ᠃ ᠲᠦᠭᠡᠮᠡᠯ ᠬᠠᠷᠠᠭᠠᠯᠵᠠᠯ ᠤᠨ ᠴᠢᠨᠠᠷᠲᠠᠶ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ 24 ᠰᠢᠨ᠎ᠡ ᠪᠠᠷ ᠥᠭᠡᠷᠡᠴᠢᠯᠡᠵᠦ ᠥᠷᠭᠡᠳᠬᠡᠨ ᠪᠠᠶᠢᠭᠤᠯᠪᠠ᠃ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠷᠢ ᠲᠦᠪᠰᠢᠨ ᠢ ᠶᠡᠭᠡ ᠪᠠᠷ ᠳᠡᠭᠡᠭᠰᠢᠯᠡᠭᠦᠯᠵᠦ᠂ ᠰᠣᠶᠣᠯ ᠪᠡᠶ᠎ᠡ ᠶᠢᠨ ᠲᠠᠮᠢᠷ ᠤᠨ ᠦᠶᠯᠡᠰ ᠢ ᠥᠷᠨᠢᠩᠭᠦᠶ ᠬᠥᠭᠵᠢᠭᠦᠯᠵᠦ᠂ ᠬᠠᠤᠯᠢ ᠪᠠᠷ ᠵᠠᠰᠠᠬᠤ ᠵᠢᠨᠢᠩ᠂ ᠠᠮᠤᠷ ᠠᠮᠤᠭᠤᠯᠠᠩ ᠵᠢᠨᠢᠩ ᠤᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠪᠠ᠃             ᠲᠥᠯᠥᠭᠡᠯᠡᠭᠴᠢᠳ ᠡ︕ ᠬᠥᠭᠵᠢᠯᠲᠡ ᠳᠤ ᠬᠦᠴᠢᠷ ᠪᠡᠷᠬᠡᠰᠢᠶᠡᠯ ᠳᠠᠭᠠᠯᠳᠤᠵᠤ᠂ ᠠᠮᠵᠢᠯᠲᠠ ᠪᠦᠲᠦᠮᠵᠢ ᠶᠢ ᠬᠢᠯᠪᠠᠷᠬᠠᠨ ᠢᠶᠠᠷ ᠣᠯᠤᠭᠰᠠᠨ ᠪᠢᠰᠢ ᠶᠤᠮ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠰᠢᠨᠵᠢᠯᠡᠬᠦ ᠤᠬᠠᠭᠠᠨᠴᠢ ᠵᠢᠯᠤᠭᠤᠳᠤᠯᠭ᠎ᠠ ᠶᠢᠨ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ‌‍ᠲ᠋ᠤᠭᠤᠷᠢᠭ ᠤᠨ ᠨᠠᠮ ᠤᠨ ᠬᠤᠷᠢᠶ᠎ᠠ ᠪᠦᠬᠦ ᠲᠠᠯ᠎ᠠ ᠶᠢ ᠶᠡᠷᠦᠩᠬᠡᠶᠢᠯᠡᠨ ᠵᠢᠯᠣᠭᠤᠳᠴᠤ  ᠴᠢᠭᠯᠡᠭᠰᠡᠨ ᠤ ᠦᠷ᠎ᠡ ᠳ᠋ᠦᠩ ᠮᠥᠨ᠂  ᠲᠤᠭᠤᠷᠢᠭ ᠤᠨ  ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂  ᠲᠤᠭᠤᠷᠢᠭ ᠤᠨ ᠤᠯᠤᠰ ᠲᠦᠷᠦ ᠶᠢᠨ ᠵᠥᠪᠯᠡᠯᠭᠡᠨ ᠤ ᠬᠦᠴᠦᠲᠡᠢ ᠬᠢᠨᠠᠯᠲᠠ ᠲᠠᠯᠪᠢᠵᠤ ᠬᠦᠴᠦᠲᠡᠢ ᠳᠡᠮᠵᠢᠭᠰᠡᠨ ᠤ ᠦᠷ᠎ᠡ ᠳ᠋ᠦᠩ ᠮᠥᠨ᠂ ᠪᠦᠬᠦ  ᠲᠤᠭᠤᠷᠢᠭ ᠤᠨ ᠳᠡᠭᠡᠳᠦ ᠲᠤᠤᠷᠠᠳᠤ ᠱᠠᠳᠤ ᠪᠠᠷ ᠢᠶᠠᠨ ᠬᠦᠨᠳᠦ ᠶᠢ ᠡᠭᠦᠷᠭᠡᠯᠡᠨ ᠤᠷᠤᠭᠰᠢᠯᠠᠵᠤ᠂ ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ ᠮᠥᠨ᠃ ᠢᠯᠠᠩᠭᠤᠶ᠎ᠠ ᠬᠢᠵᠢᠭ ᠤᠨ ᠪᠠᠶᠢᠳᠠᠯ ᠢ ᠡᠰᠡᠷᠭᠦᠴᠡᠬᠦ ᠶᠡᠭᠡ ᠰᠢᠯᠭᠠᠯᠲᠠ ᠳᠤ ᠥᠷᠭᠡᠨ ᠣᠯᠠᠨ ᠡᠮᠨᠡᠯᠭᠡ ᠶᠢᠨ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠦᠨᠳᠦᠰᠦᠨ ᠱᠠᠲᠤᠨ ᠤ ᠺᠠᠳ᠋ᠷ᠂ ᠠᠵᠤ ᠠᠬᠤᠶᠢᠯᠠᠯᠲᠠᠨ ᠵᠡᠷᠭᠡ ᠪᠠᠷ ᠲᠥᠯᠥᠭᠡᠯᠡᠭᠦᠯᠦᠭᠰᠡᠨ ᠵᠢᠨᠢᠩ ᠤᠨ ᠬᠥᠪᠡᠭᠦᠳ ᠥᠬᠢᠳ ᠶᠡᠭᠡ ᠲᠠᠯ᠎ᠠ ᠶᠢ ᠬᠠᠷᠠᠭᠠᠯᠵᠠᠨ᠂ ᠬᠠᠷᠠᠮ ᠦᠭᠡᠶ ᠪᠠᠷ ᠬᠤᠪᠢ ᠨᠡᠮᠡᠷᠢ ᠭᠠᠷᠭᠠᠵᠤ᠂ ᠬᠦᠴᠢᠷ ᠪᠡᠷᠬᠡᠰᠢᠶᠡᠯ ᠢ ᠬᠠᠮᠲᠤ ᠪᠠᠷ ᠳᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠢᠯᠡᠷᠡᠭᠦᠯᠵᠦ᠂  ᠡᠷᠡᠯᠬᠡᠭᠯᠡᠨ ᠤᠷᠤᠭᠰᠢᠯᠠᠬᠤ᠂ ᠰᠠᠯᠬᠢ ᠰᠦᠷᠦᠨ ᠳᠡᠭᠦᠯᠢᠬᠦ ᠣᠮᠤᠭ ᠵᠣᠷᠢᠭ ᠢ ᠢᠯᠡᠷᠡᠭᠦᠯᠦᠭᠰᠡᠨ ᠪᠠᠶᠢᠨ᠎ᠠ︕᡽ ᠡ᠊ᠨᠳᠡ ᠪᠢ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ  ᠲᠤᠭᠤᠷᠢᠭ ᠤᠨ ᠠᠷᠠᠳ ᠲᠦᠮᠡᠨ᠂ ᠵᠠᠰᠠᠭ ᠤᠨ ᠣᠷᠳᠣᠨ ᠤ ᠠᠵᠢᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ᠂ ᠵᠢᠨᠢᠩ ᠤᠨ ᠪᠦᠳᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ᠂ ᠲᠡᠭᠦᠨ ᠳᠤ ᠣᠷᠣᠯᠴᠠᠭᠰᠠᠨ ᠪᠤᠢ ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕             ᠠᠶᠤᠯ ᠲᠦᠭᠰᠢᠭᠦᠷᠢ ᠶᠢ ᠪᠣᠳᠣᠯᠬᠢᠯᠠᠪᠠᠯ  ᠰᠠᠶ᠋ᠢ ᠠᠮᠤᠷ ᠲᠠᠶᠢᠪᠤᠩ ᠠᠮᠢᠳᠤᠷᠠᠵᠤ ᠴᠢᠳᠠᠨ᠎ᠠ᠂ ᠬᠦᠴᠢᠷ ᠵᠣᠪᠠᠭᠤᠷᠢ ᠶᠢ ᠮᠡᠳᠡᠪᠡᠯ  ᠰᠠᠶ᠋ᠢ ᠬᠦᠴᠢᠷ ᠪᠡᠷᠬᠡ ᠶᠢ ᠢᠯᠠᠨ ᠳᠠᠪᠠᠵᠤ ᠴᠢᠳᠠᠨ᠎ᠠ᠃ ᠠᠮᠵᠢᠯᠲᠠ ᠪᠠᠨ ᠨᠤᠲᠠᠯᠠᠬᠤ ᠶᠢᠨ ᠬᠠᠮᠲᠤ᠂ ᠴᠢᠨᠠᠷ ᠰᠠᠶᠢᠲᠠᠶ ᠬᠥᠭᠵᠢᠯᠲᠡ ᠶᠢᠨ ᠱᠠᠭᠠᠷᠳᠠᠯᠭ᠎ᠠ ᠶᠢ ᠪᠠᠷᠢᠮᠵᠢᠶᠠᠯᠠᠬᠤ ᠳᠤ᠂ ᠮᠠᠨ ᠤ  ᠲᠤᠭᠤᠷᠢᠭ ᠲᠤ  ᠪᠠᠰᠠ ᠵᠠᠷᠢᠮ ᠠᠰᠠᠭᠤᠳᠠᠯ ᠪᠠ ᠳᠤᠲᠠᠭᠤᠳᠠᠯ ᠣᠷᠣᠰᠢᠵᠤ ᠪᠠᠶᠢᠬᠤ ᠶᠢ ᠪᠢᠳᠡ ᠰᠡᠷᠭᠡᠭ ᠢᠶᠠᠷ ᠣᠯᠵᠤ ᠬᠠᠷᠠᠨ᠎ᠠ᠃ ᠰᠢᠨ᠎ᠡ  ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠣ᠂ ᠠᠵᠤ ᠠᠬᠤᠶ ᠶᠢᠨ ᠪᠠᠭᠤᠷᠠᠯᠲᠠ ᠶᠢᠨ ᠳᠠᠷᠤᠯᠲᠠ ᠦᠷᠭᠦᠯᠵᠢᠯᠡᠨ ᠨᠡᠮᠡᠭᠳᠡᠵᠦ᠂ ᠭᠠᠶᠢᠯᠢ ᠲᠠᠲᠠᠪᠤᠷᠢ ᠶᠢᠨ ᠨᠡᠮᠡᠭᠳᠡᠯ ᠤᠨ ᠬᠥᠳᠡᠯᠭᠡᠬᠦ ᠬᠦᠴᠦᠨ ᠬᠦᠷᠦᠯᠴᠡᠬᠦ ᠥᠬᠡᠶ ᠪᠠᠶᠢᠬᠤ ᠶᠢᠨ ᠳᠡᠭᠡᠷ᠎ᠡ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ ᠡᠭᠦᠷᠭᠡ ᠪᠡᠷᠬᠡ ᠬᠠᠲᠠᠭᠤᠵᠢᠯᠲᠠᠶ ᠪᠠᠶᠢᠵᠤ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠨᠠᠩ ᠲᠣᠪᠤᠶᠢᠮ᠎ᠠ ᠪᠣᠯᠪᠠ  ᠃ ᠠᠵᠤ ᠦᠶᠯᠡᠰ ᠤᠨ ᠲᠠᠰ ᠳᠠᠪᠬᠤᠷᠭ᠎ᠠ ᠳᠣᠤᠷ᠎ᠠ᠂ ᠪᠦᠲᠦᠴᠡ ᠰᠢᠯᠢᠳᠡᠭ ᠪᠤᠰᠤ᠂ ᠬᠡᠯᠬᠢᠶ᠎ᠡ ᠲᠡᠭᠦᠯᠳᠡᠷ ᠪᠤᠰᠤ᠂ ᠣᠷᠣᠨ ᠪᠠᠶᠢᠷᠢ  ᠵᠠᠮ ᠬᠠᠷᠢᠯᠴᠠᠭ᠎ᠠ ᠵᠢᠴᠢ ᠠᠭᠤᠷ ᠠᠮᠢᠰᠬᠤᠯ ᠤᠨ ᠳᠠᠪᠠᠭᠤᠯᠢᠭ ᠢ ᠪᠠᠰᠠ ᠢᠯᠡᠳᠲᠡ ᠠᠵᠤ ᠠᠬᠤᠶ ᠶᠢᠨ ᠦᠷ᠎ᠡ ᠠᠰᠢᠭ ᠪᠣᠯᠭᠠᠨ ᠬᠤᠪᠢᠷᠠᠭᠤᠯᠵᠤ ᠳᠡᠶᠢᠯᠦᠭᠡᠳᠦᠶ ᠪᠠᠶᠢᠭᠰᠠᠭᠠᠷ︔ ᠨᠡᠭᠡᠭᠡᠯᠳᠡ ᠶᠢᠨ ᠬᠢᠷᠢ ᠬᠡᠮᠵᠢᠶ᠎ᠡ ᠳᠣᠣᠷ᠎ᠠ᠂ ᠭᠠᠳᠠᠭᠰᠢ ᠴᠢᠭᠯᠡᠭᠦᠯᠦᠭᠰᠡᠨ ᠬᠡᠯᠪᠡᠷᠢ ᠶᠢᠨ ᠠᠵᠤ ᠠᠬᠤᠶ ᠶᠢᠨ ᠬᠡᠪᠴᠢᠶ᠎ᠡ ᠪᠠᠭ᠎ᠠ᠂ ᠬᠤᠳᠠ ᠶᠢᠨ ᠲᠥᠪᠯᠡᠷᠡᠯ ᠪᠠ ᠰᠠᠴᠤᠷᠠᠭ ᠤᠨ ᠴᠢᠳᠠᠪᠤᠷᠢ ᠪᠠᠭᠤᠷᠠᠶ᠂ ︽ᠬᠤᠣᠰ ᠡᠷᠭᠢᠯᠲᠡ︾᠎ ᠶᠢᠨ ᠰᠠᠭᠤᠷᠢ ᠪᠠᠰᠠ ᠪᠠᠲᠤ ᠪᠠᠬᠢ ᠪᠢᠰᠢ︔ ᠡᠵᠡᠩᠨᠡᠯᠲᠡ ᠶᠢᠨ ᠣᠷᠴᠢᠨ ᠲᠣᠭᠤᠷᠢᠨ ᠳᠤ ᠳᠤᠲᠠᠭᠤᠳᠠᠯ ᠣᠷᠣᠰᠢᠵᠤ᠂ ᠠᠵᠤ ᠠᠬᠤᠶᠢᠯᠠᠯ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ︽ᠲᠦᠭᠵᠢᠷᠡᠯ︾ ︽ᠡᠪᠡᠷᠰᠢᠶᠡᠯ︾᠎ ᠢ ᠬᠠᠷᠠᠬᠠᠨ ᠪᠦᠷᠢᠮᠦᠰᠦᠨ ᠰᠢᠢᠳᠪᠦᠷᠢᠯᠡᠵᠦ ᠳᠡᠶᠢᠯᠦᠭᠡᠳᠦᠢ ᠪᠠᠶᠢᠭᠰᠠᠭᠠᠷ︔ ᠠᠷᠠᠳ ᠤᠨ ᠠᠮᠢᠳᠤᠷᠠᠯ ᠤᠨ ᠬᠦᠷᠢᠶᠡᠨ ᠳᠤ ᠥᠷᠢᠲᠦᠬᠦ ᠨᠢ ᠤᠯᠠᠨ ᠪᠠᠶᠢᠵᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠨᠢ ᠠᠷᠠᠳ ᠲᠦᠮᠡᠨ ᠤ  ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠲᠠᠢ ᠪᠠᠰᠠ ᠵᠦᠷᠢᠶ᠎ᠠ ᠲᠠᠢ ᠪᠠᠶᠢᠨ᠎ᠠ︔ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠪᠣᠳᠠᠲᠠᠶᠢᠵᠢᠭᠤᠯᠤᠭᠰᠠᠨ ᠦᠭᠡᠢ᠂ ᠵᠠᠷᠢᠮ ᠬᠦᠷᠢᠶᠡᠨ ᠳᠤ ᠬᠡᠯᠪᠡᠷᠢ ᠶᠢᠨ ᠦᠵᠡᠯ᠂ ᠨᠣᠶᠠᠨᠴᠢ ᠰᠤᠷᠲᠠᠯ ᠤᠨ ᠠᠰᠠᠭᠤᠳᠠᠯ ᠪᠠᠰᠠ ᠠᠳᠠᠯᠢ ᠪᠤᠰᠤ ᠬᠡᠮᠵᠢᠶ᠎ᠡ ᠪᠠᠷ ᠣᠷᠣᠰᠢᠵᠤ ᠪᠠᠶᠢᠬᠤ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠰᠢᠶᠳᠪᠦᠷᠢᠯᠡᠬᠦ ᠬᠡᠷᠡᠭᠲᠡᠶ᠃               ᠬᠤᠶᠠᠷ᠂ ᠵᠢᠨᠢᠩ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠶ           ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠦᠭᠰᠡᠨ ᠤ ᠲᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠤᠷᠤᠭᠰᠢᠯᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠭᠰᠠᠨ ᠠᠩᠬᠠᠳᠤᠭᠠᠷ ᠲᠠᠪᠤᠨ ᠵᠢᠯ ᠮᠥᠨ᠃  ᠲᠤᠭᠤᠷᠢᠭ ᠤᠨ  ᠨᠠᠮ ᠤᠨ ᠬᠤᠷᠢᠶᠠᠨ ᠤ ᠠᠷᠪᠠᠨ ᠭᠤᠷᠪᠠᠳᠤᠭᠠᠷ ᠬᠤᠭᠤᠴᠠᠭᠠᠨ ᠤ ᠳᠣᠯᠣᠳᠤᠭᠠᠷ ᠪᠦᠭᠦᠳᠡ ᠬᠤᠷᠠᠯ ᠵᠢᠴᠢ ᠪᠦᠬᠦ  ᠲᠤᠭᠤᠷᠢᠭ ᠤᠨ  ᠠᠵᠤ ᠠᠬᠤᠶ ᠶᠢᠨ ᠠᠵᠢᠯ ᠤᠨ ᠬᠤᠷᠠᠯ ᠰᠢᠨ᠎ᠡ ᠲᠡᠦᠬᠡᠨ ᠭᠠᠷᠤᠭ᠎ᠠ ᠳᠡᠭᠡᠷ᠎ᠡ ᠵᠣᠭᠰᠣᠵᠤ᠂ ᠵᠢᠨᠢᠩ ᠲᠣᠭᠤᠷᠢᠭ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠬᠤᠭᠤᠴᠠᠭᠠᠨ ᠤ ᠪᠠ 2035 ᠣᠨ ᠤ ᠬᠥᠭᠵᠢᠯᠲᠡ ᠶᠢᠨ ᠠᠤᠭ᠎ᠠ ᠲᠥᠰᠦᠪ ᠢ ᠵᠢᠷᠤᠭᠯᠠᠵᠤ᠂  ᠲᠤᠭᠤᠷᠢᠭ ᠤᠨ  ᠨᠠᠮ ᠤᠨ ᠬᠤᠷᠢᠶᠠᠨ ᠤ ︽ᠵᠢᠨᠢᠩ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾᠎ ᠶᠢ ᠦᠨᠳᠦᠰᠦᠯᠡᠨ᠂  ᠲᠤᠭᠤᠷᠢᠭ ᠤᠨ  ᠵᠠᠰᠠᠭ ᠤᠨ ᠣᠷᠳᠣᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢᠨ ᠲᠣᠪᠴᠢ ︵ᠲᠥᠰᠦᠯ︶᠎ ᠶᠢ ᠨᠠᠶᠢᠷᠠᠭᠤᠯᠤᠨ ᠵᠣᠬᠢᠶᠠᠪᠠ᠂ ᠤᠳᠤ ᠶᠡᠭᠡ ᠬᠤᠷᠠᠯ ᠳᠤ ᠬᠢᠨᠠᠨ ᠶᠠᠷᠢᠯᠴᠠᠭᠤᠯᠬᠤ ᠪᠠᠷ ᠳᠡᠪᠰᠢᠭᠦᠯᠦᠶ᠎ᠡ᠃            ᠲᠤᠭᠤᠷᠢᠭ ᠤᠨ ᠵᠠᠰᠠᠭ ᠤᠨ ᠣᠷᠳᠣᠨ  ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ︾ ︽ᠨᠢᠭᠡ ᠪᠠᠬᠢᠯᠡᠯᠲᠡ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ︽ᠨᠢᠭᠡ ᠬᠠᠷᠠᠯᠲᠠ ᠶᠢ ᠲᠣᠳᠣᠷᠬᠠᠶᠢᠯᠠᠵᠤ᠂ ᠭᠤᠷᠪᠠᠨ ᠥᠨᠳᠦᠷᠯᠢᠭ ᠢ ᠪᠠᠶᠢᠭᠤᠯᠵᠤ᠂ ᠳᠥᠷᠪᠡᠨ ᠠᠵᠢᠯ ᠢ ᠰᠠᠶᠢᠲᠤᠷ ᠬᠢᠵᠦ᠂ ᠲᠠᠪᠤᠨ ᠶᠡᠭᠡ ᠠᠵᠤ ᠦᠶᠯᠡᠰ ᠤᠨ ᠰᠠᠭᠤᠷᠢᠨ ᠭᠠᠵᠠᠷ ᠢ ᠬᠥᠭᠵᠢᠭᠦᠯᠬᠦ︾ ᠬᠥᠭᠵᠢᠯᠲᠡ ᠶᠢᠨ ᠰᠡᠳᠬᠢᠮᠵᠢ ᠶᠢᠨ ᠲᠣᠭᠤᠷᠢᠨ ᠳᠤ᠂ ᠪᠥᠬᠦ  ᠲᠤᠭᠤᠷᠢᠭ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠡᠷᠡᠮᠡᠬᠡᠶᠢᠯᠡᠨ ᠤᠷᠤᠭᠰᠢᠯᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠨ᠂ ᠳᠣᠤᠷᠠᠬᠢ ᠬᠠᠷᠠᠯᠲᠠ ᠶᠢ ᠴᠢᠷᠮᠠᠶᠢᠨ ᠪᠡᠶᠡᠯᠡᠭᠦᠯᠦᠨ᠎ᠡ᠄           ︵ᠨᠢᠭᠡ︶ ᠠᠵᠤ ᠠᠬᠤᠶ ᠶᠢᠨ ᠪᠣᠳᠠᠲᠤ ᠬᠦᠴᠦᠨ ᠰᠢᠨ᠎ᠡ ᠳᠡᠭᠲᠡᠷ ᠲᠤ ᠭᠠᠷᠭᠠᠨ᠎ᠠ᠃ ᠠᠵᠤ ᠠᠬᠤᠶ ᠦᠷᠭᠦᠯᠵᠢᠯᠡᠨ ᠡᠷᠡᠭᠦᠯ ᠢᠶᠠᠷ ᠬᠥᠭᠵᠢᠵᠦ᠂ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ᠂ ᠠᠵᠤ ᠦᠶᠯᠡᠳᠪᠦᠷᠢ ᠶᠢᠨ ᠨᠡᠮᠡᠭᠳᠡᠯ ᠥᠷᠲᠡᠭ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ᠂ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠤᠭ᠎ᠠ ᠪᠥᠬᠦ ᠬᠤᠲᠠ ᠳᠤ ᠦᠷᠭᠦᠯᠵᠢᠯᠡᠨ ᠲᠡᠷᠢᠭᠦᠯᠡᠵᠦ᠂ ᠡᠳ᠋ ᠤᠨ ᠵᠠᠰᠠᠭ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠬᠦ ᠴᠢᠳᠠᠪᠤᠷᠢ ᠦᠷᠭᠦᠯᠵᠢᠯᠡᠨ ᠴᠢᠩᠭᠠᠷᠠᠵᠤ᠂ ᠠᠵᠤ ᠦᠶᠯᠡᠰ ᠤᠨ ᠰᠠᠭᠤᠷᠢ ᠶᠢ ᠳᠡᠭᠡᠳᠦ ᠲᠠᠰ ᠪᠣᠯᠭᠠᠨ᠂ ᠠᠵᠤ ᠦᠶᠯᠡᠰ ᠤᠨ ᠬᠡᠯᠬᠢᠶ᠎ᠡ ᠶᠢᠨ ᠣᠳᠣᠬᠢᠴᠢᠯᠠᠯᠲᠠ ᠶᠢᠨ ᠬᠢᠷᠢ ᠬᠡᠮᠵᠢᠶ᠎ᠡ ᠢᠯᠡᠳᠲᠡ ᠳᠡᠭᠡᠭᠰᠢᠯᠡᠵᠦ᠂ ᠣᠯᠠᠨ ᠡᠰᠢᠴᠢᠯᠡᠨ ᠬᠥᠭᠵᠢᠭᠰᠡᠨ᠂ ᠣᠯᠠᠨ ᠱᠠᠲᠤ ᠪᠠᠷ ᠲᠤᠯᠭᠠᠭᠤᠷᠢᠯᠠᠭᠰᠠᠨ ᠣᠳᠣᠬᠢᠴᠢᠯᠠᠭᠰᠠᠨ ᠠᠵᠤ ᠦᠶᠯᠡᠰ ᠤᠨ ᠰᠢᠰᠲ᠋ᠧᠮᠵᠢ ᠶᠢ ᠦᠨᠳᠦᠰᠦᠨ ᠳᠡᠭᠡᠨ ᠪᠡᠶᠡᠯᠡᠭᠦᠯᠦᠨ᠎ᠡ᠃           ︵ᠬᠤᠶᠠᠷ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠰᠢᠨ᠎ᠡ ᠲᠠᠪᠰᠢᠯᠳᠠ ᠶᠢ  ᠪᠡᠶᠡᠯᠡᠭᠦᠯᠦᠨ᠎ᠡ ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢ ᠨᠡᠭᠡᠭᠡᠨ ᠬᠥᠭᠵᠢᠭᠦᠯᠵᠦ ᠬᠠᠮᠠᠭᠠᠯᠠᠨ ᠠᠰᠢᠭᠯᠠᠬᠤ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠦᠢᠯᠡᠳᠪᠦᠷᠢᠯᠡᠯ ᠠᠮᠢᠳᠤᠷᠠᠯ ᠤᠨ ᠠᠷᠭ᠎ᠠ ᠮᠠᠶ᠋ᠢᠭ ᠤᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠠᠵᠢᠯ  ᠢᠯᠡᠳᠲᠡ ᠦᠷ᠎ᠡ ᠪᠦᠲᠦᠮᠵᠢ ᠣᠯᠵᠤ᠂ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠲᠤᠬᠢᠷᠠᠭᠤᠯᠤᠯᠳᠠ ᠶᠢ ᠨᠡᠩ ᠵᠦᠢ ᠵᠣᠬᠢᠰᠲᠠᠶ ᠪᠣᠯᠭᠠᠵᠤ᠂ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠬᠢᠵᠠᠭᠠᠷᠯᠠᠬᠤ︾ ᠬᠠᠷᠠᠯᠲᠠ ᠶᠢ ᠪᠦᠲᠦᠮᠵᠢᠲᠡᠶ ᠪᠠᠷ ᠨᠠᠶᠢᠳᠠᠪᠤᠷᠢᠵᠢᠭᠤᠯᠤᠨ᠂ ᠭᠤᠣᠯ ᠪᠣᠯᠬᠤ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢ ᠦᠷᠭᠦᠯᠵᠢᠯᠡᠨ ᠪᠠᠭᠠᠰᠬᠠᠵᠤ᠂ ᠠᠭᠤᠯᠠ ᠤᠰᠤ ᠤᠢ ᠰᠢᠭᠤᠶ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠢ ᠰᠢᠰᠲ᠋ᠧᠮ ᠲᠠᠢ ᠪᠠᠷ ᠵᠠᠰᠠᠬᠤ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠨᠡᠩ ᠪᠠᠲᠤ ᠪᠠᠬᠢ ᠪᠣᠯᠭᠠᠵᠤ᠂ ᠬᠤᠳᠠ ᠬᠥᠳᠡᠭᠡ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠢᠯᠡᠳᠲᠡ ᠰᠠᠶᠢᠵᠢᠷᠠᠭᠤᠯᠤᠨ᠎ᠠ᠃            ︵ᠭᠤᠷᠪᠠ︶ ᠥᠭᠡᠷᠡᠴᠢᠯᠡᠯᠲᠡ ᠨᠡᠭᠡᠭᠡᠯᠳᠡ ᠰᠢᠨ᠎ᠡ ᠠᠯᠬᠤᠮ ᠢ  ᠠᠯᠬᠤᠨ᠎ᠠ᠃ ᠴᠢᠬᠤᠯᠠ ᠬᠦᠷᠢᠶ᠎ᠡ ᠪᠠ ᠵᠠᠩᠭᠢᠯᠠᠭ᠎ᠠ ᠶᠢᠨ ᠭᠤᠭᠴᠤᠭ᠎ᠠ ᠶᠢᠨ ᠥᠭᠡᠷᠡᠴᠢᠯᠡᠯᠲᠡ ᠴᠢᠬᠤᠯᠠ ᠶᠡᠭᠡ ᠰᠢᠪᠲᠤᠯᠤᠯᠲᠠ ᠲᠠᠢ ᠪᠣᠯᠵᠣ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠦᠷᠭᠦᠯᠵᠢᠯᠡᠨ ᠰᠢᠯᠢᠳᠡᠭᠵᠢᠵᠦ᠂ ᠦᠶᠯᠡᠴᠢᠯᠡᠭᠡᠨ ᠤ ᠬᠢᠷᠢ ᠲᠦᠪᠰᠢᠨ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠡᠩᠨᠡᠭᠡᠨ ᠳᠤ ᠣᠷᠣᠪᠠ᠃ ᠦᠢᠯᠡᠳᠪᠦᠷᠢᠯᠡᠯ ᠤᠨ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠶᠢ ᠲᠦᠷᠭᠡᠪᠴᠢᠯᠡᠨ ᠠᠬᠢᠭᠤᠯᠵᠤ᠂ ᠦᠢᠯᠡᠳᠪᠦᠷᠢᠯᠡᠯ ᠤᠨ ᠡᠯᠧᠮᠧᠨ᠋ᠲ ᠤᠨ ᠴᠢᠯᠥᠭᠡᠲᠡᠶ ᠰᠢᠯᠵᠢᠬᠦ ᠶᠢ ᠬᠠᠷᠰᠢᠯᠠᠵᠤ ᠪᠠᠶᠢᠭ᠎ᠠ ᠵᠠᠰᠠᠭ ᠵᠠᠬᠢᠷᠭᠠᠨ ᠤ ᠪᠠᠬᠢᠯᠡᠯᠲᠡ ᠪᠠ ᠪᠠᠶᠢᠭᠤᠯᠤᠯ ᠲᠣᠭᠲᠠᠴᠠ ᠶᠢᠨ ᠬᠠᠷᠰᠢ ᠰᠠᠭᠠᠳ ᠢ ᠦᠨᠳᠦᠰᠦᠨ ᠳᠡᠭᠡᠨ ᠠᠷᠢᠯᠭᠠᠨ᠎ᠠ᠃ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ ᠬᠥᠭᠵᠢᠭᠡᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ ᠤᠨ ᠰᠢᠰᠲ᠋ᠧᠮ ᠢ ᠪᠠᠶᠢᠭᠤᠯᠤᠨ᠎ᠠ᠃ ᠳᠡᠯᠡᠬᠡᠶ ᠶᠢᠨ ᠪᠠ ᠤᠯᠤᠰ ᠤᠨ ᠳᠣᠲᠣᠭᠠᠳᠤ ᠶᠢᠨ ᠬᠤᠣᠰ ᠣᠷᠴᠢᠯ ᠳᠤ ᠭᠦᠨᠵᠡᠭᠡᠶ ᠠᠭᠤᠰᠤᠯᠴᠠᠵᠤ᠂ ᠳᠣᠲᠣᠭᠠᠳᠤ ᠭᠠᠳᠠᠭᠠᠳᠤ ᠶᠢᠨ ᠨᠡᠭᠡᠭᠡᠯᠳᠡ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃           ︵ᠲᠦᠷᠪᠡ︶ ᠨᠡᠶᠢᠭᠡᠮ ᠤᠨ ᠪᠣᠯᠪᠠᠰᠤᠨ ᠰᠢᠨ᠎ᠡ ᠳᠡᠭᠡᠭᠰᠢᠯᠡᠯᠲᠡ ᠲᠠᠢ  ᠪᠤᠯᠭᠠᠨ᠎ᠠ᠃ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠤᠯᠠᠮ ᠨᠢᠭᠡ ᠠᠯᠬᠤᠮ ᠢᠯᠡᠷᠡᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠨᠦᠭᠦᠳ ᠤᠨ ᠪᠦᠯᠬᠦᠮᠳᠡᠯ ᠲᠠᠪᠰᠢᠯᠳᠠ ᠶᠢ ᠪᠦᠬᠦ ᠦᠵᠡᠯ ᠰᠠᠨᠠᠭ᠎ᠠ ᠶᠣᠰᠣ ᠮᠣᠷᠠᠯ᠂ ᠰᠢᠨᠵᠢᠯᠡᠬᠦ ᠤᠬᠠᠭᠠᠨ ᠰᠣᠶᠣᠯ ᠪᠠ ᠪᠡᠶ᠎ᠡ ᠮᠠᠬᠠᠪᠣᠳ ᠰᠡᠳᠬᠢᠯ ᠰᠠᠨᠠᠭᠠᠨ ᠤ ᠡᠷᠡᠭᠦᠯ ᠮᠡᠨᠳᠤ ᠶᠢᠨ ᠬᠡᠪ ᠴᠢᠨᠠᠷ ᠢ ᠮᠡᠳᠡᠭᠳᠡᠬᠦ᠋ᠢᠴᠡ ᠳᠡᠭᠡᠭᠰᠢᠯᠡᠭᠦᠯᠦᠨ᠎ᠡ᠃ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠪᠠ ᠰᠣᠶᠣᠯ ᠤᠨ ᠠᠵᠤ ᠦᠢᠯᠡᠰ ᠤᠨ ᠰᠢᠰᠲ᠋ᠧᠮ ᠢ ᠨᠡᠩ ᠲᠡᠭᠦᠯᠳᠡᠷᠵᠢᠭᠦᠯᠵᠦ᠂ ᠠᠷᠠᠳ ᠲᠦᠮᠡᠨ ᠤ ᠤᠶᠤᠨ ᠤ ᠰᠣᠶᠣᠯ ᠤᠨ ᠠᠮᠢᠳᠤᠷᠠᠯ ᠢ ᠡᠳᠦᠷ ᠢᠷᠡᠬᠦᠶ᠎ᠡ ᠪᠠᠶᠠᠯᠢᠭᠵᠢᠭᠤᠯᠤᠨ᠎ᠠ᠃          ︵ᠲᠠᠪᠤ︶ ᠠᠷᠠᠳ ᠤᠨ ᠠᠮᠢᠳᠤᠷᠠᠯ ᠤᠨ ᠬᠢᠷᠢ ᠲᠦᠪᠰᠢᠨ ᠰᠢᠨ᠎ᠡ ᠳᠡᠭᠡᠭᠰᠢᠯᠡᠯᠲᠡ ᠲᠠᠢ  ᠪᠤᠯᠭᠠᠨ᠎ᠠ᠃ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠦᠷᠭᠦᠯᠵᠢᠯᠡᠨ ᠨᠡᠮᠡᠭᠳᠡᠪᠡ᠃ ᠤᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ᠂ ᠪᠦᠬᠦ ᠠᠷᠠᠳ ᠤᠨ ᠰᠤᠷᠭᠠᠨ ᠬᠥᠮᠦᠵᠢᠯ ᠬᠦᠷᠳᠡᠬᠦ ᠬᠡᠮᠵᠢᠶ᠎ᠡ ᠶᠢ ᠳᠠᠰᠤᠷᠠᠯᠳᠠ ᠦᠬᠡᠢ ᠳᠡᠭᠡᠭᠰᠢᠯᠡᠭᠦᠯᠵᠦ᠂ ᠤᠯᠠᠨ ᠳᠡᠰ ᠳᠠᠪᠬᠤᠷᠭ᠎ᠠ ᠶᠢᠨ ᠨᠡᠶᠢᠭᠡᠮ ᠤᠨ ᠪᠠᠲᠤᠯᠠᠪᠤᠷᠢ ᠶᠢᠨ ᠰᠢᠰᠲᠧᠮ ᠢ ᠨᠡᠩ ᠪᠦᠷᠢᠨᠰᠢᠬᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲᠧᠮ ᠢ ᠨᠡᠩ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠠᠬᠢᠭᠤᠯᠤᠨ᠎ᠠ᠃          ︵ᠵᠢᠷᠭᠤᠭ᠎ᠠ︶ ᠨᠡᠶᠢᠭᠡᠮ ᠤᠨ ᠵᠠᠰᠠᠯᠲᠠ ᠰᠢᠨ᠎ᠡ ᠦᠷ᠎ᠡ ᠪᠦᠲᠦᠮᠵᠢ  ᠎ ᠲᠠᠢ ᠪᠤᠯᠭᠠᠨ᠎ᠠ  ᠃ ᠨᠡᠶᠢᠭᠡᠮ ᠵᠢᠷᠤᠮ ᠤᠨ ᠠᠷᠠᠳᠴᠢᠯᠠᠯ ᠬᠠᠤᠯᠢ ᠪᠠᠷ ᠵᠠᠰᠠᠬᠤ ᠶᠢ ᠨᠡᠩ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠦᠷ᠎ᠡ ᠪᠦᠲᠦᠮᠵᠢ ᠪᠠ ᠤᠯᠠᠨ ᠨᠡᠶᠢᠲᠡ ᠶᠢ ᠢᠲᠡᠭᠡᠭᠦᠯᠬᠦ ᠬᠦᠴᠦᠨ ᠢ ᠢᠯᠡᠳᠲᠡ ᠳᠡᠭᠡᠭᠰᠢᠯᠡᠭᠦᠯᠦᠨ᠎ᠡ᠃ ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢᠯᠠᠩᠭᠤᠶ᠎ᠠ ᠦᠨᠳᠦᠰᠦᠨ ᠱᠠᠲᠤᠨ ᠤ ᠵᠠᠰᠠᠯᠲᠠ ᠶᠢᠨ ᠬᠢᠷᠢ ᠲᠦᠪᠰᠢᠨ ᠢᠯᠡᠳᠲᠡ ᠳᠡᠭᠡᠭᠰᠢᠯᠡᠪᠡ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠪᠠᠶᠢᠭᠤᠯᠤᠮᠵᠢ ᠲᠣᠭᠲᠠᠴᠠ ᠶᠢ ᠲᠠᠰᠤᠷᠠᠯᠲᠠ ᠥᠬᠡᠶ ᠪᠦᠷᠢᠨᠰᠢᠬᠦᠯᠵᠦ᠂ ᠭᠡᠨᠡᠳᠲᠡ ᠡᠭᠦᠰᠬᠦ ᠣᠯᠠᠨ ᠨᠡᠶᠢᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠤᠨ᠂ ᠪᠠᠶᠢᠭᠠᠯᠢ ᠶᠢᠨ ᠭᠠᠮᠰᠢᠭ ᠢ ᠰᠡᠷᠭᠡᠶᠢᠯᠡᠬᠦ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠵᠦ᠂ ᠨᠡᠶᠢᠭᠡᠮ ᠤᠨ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠥᠭᠵᠢᠯᠲᠡ ᠶᠢᠨ ᠠᠮᠤᠷ ᠲᠦᠪᠰᠢᠨ ᠤ ᠪᠠᠲᠤᠯᠠᠭ᠎ᠠ ᠶᠢ ᠨᠠᠩ ᠬᠦᠴᠦᠲᠡᠶ ᠪᠣᠯᠭᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠨᠠᠩ ᠪᠠᠬᠢᠵᠢᠭᠦᠯᠦᠨ᠎ᠡ᠃         ᠲᠥᠯᠥᠭᠡᠯᠡᠭᠴᠢᠳ ᠡ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠰᠢᠨ᠎ᠡ ᠠᠶᠠᠯᠠᠯ ᠢ ᠪᠠᠷᠠᠯᠠᠬᠤᠶ᠎ᠠ᠂ ᠠᠯᠤᠰ ᠢᠷᠡᠭᠡᠳᠦᠶ ᠨᠢ ᠲᠦᠢᠯ ᠤᠨ ᠰᠠᠷᠠᠭᠤᠯ ᠠᠭᠤᠳᠠᠮ ᠪᠠᠶᠢᠵᠤ᠂ ᠬᠠᠷᠠᠯᠲᠠ ᠨᠢ ᠬᠥᠮᠦᠰ ᠢ ᠤᠷᠮᠠᠰᠢᠭᠤᠯᠤᠨ ᠤᠷᠤᠭᠰᠢᠯᠠᠭᠤᠯᠵᠤ ᠪᠠᠶᠢᠨ᠎ᠠ᠃ ᠪᠢᠳᠡ ᠢᠲᠡᠭᠡᠯ ᠵᠣᠷᠢᠭ ᠢᠶᠠᠨ ᠪᠠᠲᠤᠳᠬᠠᠨ᠂ ᠬᠠᠷᠠᠯᠲᠠ ᠪᠠᠨ ᠪᠠᠲᠤ ᠰᠠᠬᠢᠵᠤ᠂ ᠦᠷᠭᠦᠯᠵᠢᠯᠡᠨ ᠲᠡᠮᠡᠴᠡᠵᠦ᠂ ᠰᠢᠷᠭᠠᠭᠤ ᠬᠠᠲᠠᠭᠤᠵᠢᠯᠲᠠᠶ ᠪᠠᠷ ᠪᠣᠳᠠᠲᠠᠶ ᠠᠵᠢᠯᠯᠠᠳᠠᠭ ᠯᠠ ᠶᠤᠮ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠠᠤᠭ᠎ᠠ ᠵᠢᠷᠤᠭ ᠲᠥᠰᠦᠪ ᠢ ᠯᠠᠪᠲᠠᠶ ᠪᠡᠶᠡᠯᠡᠭᠦᠯᠵᠦ ᠴᠢᠳᠠᠬᠤ ᠪᠥᠭᠡᠳ ᠵᠢᠨᠢᠩ ᠤᠨ ᠢᠷᠡᠭᠡᠳᠦᠶ ᠯᠠᠪᠲᠠᠶ ᠨᠡᠩ ᠰᠠᠶᠢᠢᠨ ᠰᠠᠶᠢᠬᠠᠨ ᠪᠣᠯᠬᠤ ᠶᠤᠮ︕            ᠭᠤᠷᠪᠠ᠂ 2021 ᠣᠨ ᠤ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠶ᠎ᠠ             ᠲᠥᠯᠥᠭᠡᠯᠡᠭᠴᠢᠳ ᠡ᠂ ᠡᠨᠡ ᠵᠢᠯ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠪᠠᠰᠠ ᠴᠤ ᠮᠠᠨ ᠤ ᠤᠯᠤᠰ ᠤᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠤᠨ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠭᠦᠯᠬᠦ ᠠᠩᠬᠠᠨ ᠤ ᠵᠢᠯ ᠮᠥᠨ᠂ ᠡᠨᠡ ᠵᠢᠯ ᠤᠨ ᠠᠵᠤ ᠠᠬᠤᠶ ᠶᠢᠨ ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃            ᠡᠨᠡ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠤᠶ ᠪᠣᠯᠭᠠᠵᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠪᠠᠷ ᠭᠤᠣᠯ ᠰᠡᠳᠦᠪ ᠪᠣᠯᠭᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠱᠤᠭᠤᠮ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠦᠨᠳᠦᠰᠦᠨ ᠬᠥᠳᠡᠯᠭᠡᠬᠦ ᠬᠦᠴᠦᠨ ᠪᠣᠯᠭᠠᠵᠤ ᠂ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠬᠠᠩᠭᠠᠬᠤ ᠪᠠᠷ ᠦᠨᠳᠦᠰᠦᠨ ᠵᠣᠷᠢᠯᠭ᠎ᠠ ᠪᠣᠯᠭᠠᠵᠤ᠂  ᠲᠤᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠶᠳᠪᠦᠷᠢᠲᠦ ᠪᠣᠳᠣᠯᠭ᠎ᠠ ᠶᠢᠨ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠶ ᠵᠠᠮᠨᠠᠵᠤ᠂ ︽ᠨᠡᠶᠢᠰᠯᠡᠯ ᠤᠨ ᠨᠢᠭᠡ ᠴᠠᠭ ᠤᠨ ᠠᠵᠤ ᠠᠬᠤᠢ ᠶᠢᠨ  ᠬᠦᠷᠢᠶ᠎ᠡ︾᠂ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠤᠨ ᠬᠤᠳᠠ ᠶᠢᠨ ᠪᠦᠯᠦᠭᠵᠢᠯ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠠᠯᠬᠤᠴᠠ ᠪᠠᠨ ᠲᠦᠷᠭᠡᠳᠬᠡᠵᠦ᠂ ᠪᠣᠬᠢᠷᠲᠤᠯ ᠦᠭᠡᠢ᠂ ᠤᠶᠤᠨ᠂ ᠲᠥᠪᠯᠡᠷᠡᠭᠰᠡᠨ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠲᠥᠪ ᠬᠤᠳᠠ ᠶᠢᠨ ᠲᠣᠭᠤᠷᠢᠭ ᠢ ᠪᠦᠳᠦᠭᠡᠨ ᠪᠠᠶᠢᠭᠤᠯᠵᠤ᠂ ᠵᠠᠯᠠᠭᠤ᠂ ᠴᠠᠭ ᠤᠨ ᠦᠡᠭᠭᠡ᠂ ᠰᠢᠨ᠎ᠡ ᠶᠢ ᠡᠭᠦᠳᠦᠭᠰᠡᠨ᠂ ᠨᠡᠭᠡᠭᠡᠯᠳᠡ ᠲᠠᠢ ᠬᠤᠳᠠ ᠶᠢᠨ ᠰᠢᠨ᠎ᠡ ᠨᠡᠷ᠎ᠡ ᠶᠢᠨ ᠬᠠᠭᠤᠳᠠᠰᠤ ᠶᠢ ᠬᠢᠯᠠᠯᠵᠠᠭᠤᠯᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠨᠡᠮᠡᠭᠳᠡᠯ ᠤᠨ ᠲᠦᠢᠯ ᠪᠣᠯᠤᠨ  ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠣᠷᠣᠨ ᠢ ᠬᠦᠴᠦᠯᠡᠨ ᠪᠠᠶᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ  ᠪᠡᠯᠭᠡᠯᠡᠶ᠎ᠡ᠃        ᠤᠷᠢᠳᠴᠢᠯᠠᠨ ᠲᠥᠰᠦᠪᠯᠡᠭᠰᠡᠨ ᠭᠤᠣᠯ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7.0%᠎ ᠪᠠᠷ ᠨᠡᠮᠡᠭᠳᠡᠭᠦᠯᠦᠨ᠎ᠡ᠃ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 8.0%᠎ ᠪᠠᠷ ᠨᠡᠮᠡᠭᠳᠡᠭᠦᠯᠦᠨ᠎ᠡ᠃ ᠬᠡᠪᠴᠢᠶᠡᠳᠦ ᠠᠵᠤ ᠦᠢᠯᠡᠳᠪᠦᠷᠢ ᠶᠢᠨ ᠶᠡᠷᠦᠩᠭᠡᠢ ᠢ 10.0%᠎ ᠪᠠᠷ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠢᠵᠢᠭᠯᠡᠨ ᠬᠤᠳᠠᠯᠳᠣᠬᠤ ᠬᠤᠳᠠᠯᠳᠤᠭᠠᠨ ᠤ ᠶᠡᠷᠦᠩᠭᠡᠢ ᠦᠷᠳᠡᠭ 8.0 %᠎ ᠪᠠᠷ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠵᠠᠷᠣᠯᠭ᠎ᠠ ᠣᠷᠣᠯᠭ᠎ᠠ ᠶᠢ ᠲᠤᠰ ᠲᠤᠰ 6.0% ᠪᠣᠯᠤᠨ 8.0%᠎ ᠪᠠᠷ ᠨᠡᠮᠡᠭᠳᠡᠭᠦᠯᠵᠦ᠂ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.1%᠎ ᠤᠨ ᠳᠣᠲᠣᠷ᠎ᠠ ᠬᠢᠵᠠᠭᠠᠷᠯᠠᠵᠤ᠂ ᠪᠦᠬᠦᠢ ᠨᠢᠭᠡᠴᠢ ᠶᠢᠨ GDP᠎ ᠳᠠᠬᠢ ᠡᠨᠧᠷᠭᠢ ᠶᠢᠨ ᠬᠤᠷᠣᠭᠳᠠᠭᠤᠯᠤᠭ᠎ᠠ ᠶᠢ 3.2%᠎ ᠢᠶᠠᠷ ᠪᠠᠭᠤᠷᠠᠭᠤᠯᠤᠨ᠎ᠠ᠃          ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ᠂ ᠪᠢᠳᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠨᠢᠭᠡᠳᠦᠯᠲᠡᠢ ᠲᠥᠯᠥᠪᠯᠡᠨ ᠠᠬᠢᠭᠤᠯᠬᠤ ᠤᠷᠢᠳᠠᠯ ᠳᠣᠣᠷ᠎ᠠ᠂ ᠳᠣᠣᠷᠠᠬᠢ 7 ᠲᠠᠯ᠎ᠠ ᠶᠢᠨ ᠠᠵᠢᠯ ᠳᠤ ᠭᠤᠣᠯᠳᠠᠯᠭ᠎ᠠ ᠲᠠᠢ ᠠᠩᠬᠠᠷᠤᠯ ᠢᠶᠠᠨ ᠲᠥᠪᠯᠡᠷᠡᠭᠦᠯᠬᠦ ᠬᠡᠷᠡᠭᠲᠡᠢ᠃          ︵ᠨᠢᠭᠡ︶ ᠳᠤᠲᠠᠭᠤᠳᠠᠯ ᠢᠶᠠᠨ ᠨᠥᠬᠦᠪᠥᠷᠢᠯᠡᠨ᠂ ᠳᠠᠪᠠᠭᠤᠯᠢᠭ ᠢᠶᠠᠨ ᠳᠠᠪᠳᠠᠬᠤ ᠳᠤ ᠴᠢᠭᠯᠡᠭᠦᠯᠦᠨ᠂ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠲᠠᠪᠰᠢᠬᠦ ᠶᠢ ᠠᠬᠢᠭᠤᠯᠬᠤ ᠳᠡᠭᠡᠷ᠎ᠡ ᠰᠢᠨ᠎ᠡ ᠰᠢᠪᠲᠤᠯᠤᠯᠲᠠ ᠲᠠᠢ ᠪᠣᠯᠬᠤ ᠪᠠᠷ ᠴᠢᠷᠮᠠᠶᠢᠨ᠎ᠠ᠃ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠪᠠᠷ ᠰᠢᠪᠲᠤᠯᠤᠯᠲᠠ ᠪᠣᠯᠭᠠᠬᠤ ᠶᠢ ᠪᠠᠷᠢᠮᠲᠠᠯᠠᠵᠤ᠂ ᠡᠯᠧᠮᠧᠨ᠋ᠲ ᠤᠨ ᠪᠠᠲᠤᠯᠠᠭ᠎ᠠ᠂ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠬᠦ ᠵᠡᠷᠭᠡ ᠠᠷᠭ᠎ᠠ ᠠᠪᠴᠠᠯ ᠢᠶᠠᠷ ᠤᠯᠠᠮᠵᠢᠯᠠᠯᠲᠤ ᠠᠵᠤ ᠦᠢᠯᠡᠰ ᠤᠨ ᠥᠭᠡᠷᠡᠴᠢᠯᠡᠯᠲᠡ ᠰᠢᠯᠢᠳᠡᠭᠵᠢᠭᠦᠯᠦᠯᠲᠡ ᠶᠢ ᠠᠬᠢᠭᠤᠯᠵᠤ᠂ ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠬᠡᠯᠬᠢᠶᠡᠵᠢᠯ ᠤᠨ ᠪᠦᠷᠢᠯᠳᠦᠴᠡ ᠶᠢ ᠤᠷᠲᠤᠳᠬᠠᠨ ᠬᠤᠯᠪᠣᠬᠤ ᠶᠢ ᠪᠦᠬᠦ ᠬᠦᠴᠦᠨ ᠢᠶᠠᠷ ᠠᠬᠢᠭᠤᠯᠤᠨ᠎ᠠ᠃ ︽ᠠᠵᠤ ᠦᠢᠯᠡᠳᠪᠦᠷᠢ ᠶᠢ ᠮᠠᠨᠳᠤᠭᠤᠯᠬᠤ ᠠᠵᠢᠯᠯᠠᠭ᠎ᠠ︾᠎ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠴᠢᠩ ᠬᠤᠸᠠ ᠲᠦᠩ ᠹᠠᠩ  ᠂ ᠠ ᠯᠢ ᠪᠠ ᠪᠠ ᠰᠦᠯᠵᠢᠶ᠎ᠡ ᠶᠢᠨ ᠦᠢᠯᠡᠳᠪᠦᠷᠢᠯᠡᠯ ᠢ ᠪᠠᠶᠢᠭᠤᠯᠣᠨ ᠠᠰᠢᠭᠯᠠᠯᠳᠠ ᠳᠤ ᠣᠷᠣᠭᠤᠯᠬᠤ ᠶᠢ ᠲᠦᠷᠭᠡᠳᠭᠡᠨ᠂ ᠴᠢᠩ ᠬᠤᠸᠠ ᠲᠦᠩ ᠹᠠᠩ᠂ ᠵᠦᠩ ᠬᠤᠩ ᠽᠢ ᠵᠢᠩ ᠠᠰᠢᠭᠯᠠᠯᠲᠠ ᠳᠤ ᠣᠷᠣᠵᠣ ᠦᠷ᠎ᠡ ᠠᠰᠢᠭ ᠣᠯᠵᠣ᠂ ᠳᠠᠭᠠᠭᠤᠯᠢ ᠣᠳᠣᠨ ᠤ ᠢᠨᠲ᠋ᠧᠷ ᠰᠦᠯᠵᠢᠶ᠎ᠡ ᠶᠢᠨ ᠰᠢᠩ ᠭᠦ᠋ ᠠᠵᠤ ᠦᠢᠯᠡᠰ ᠤᠨ ᠬᠦᠷᠢᠶᠡᠯᠡᠩ᠂ ᠸᠠᠨ ᠭᠦᠸᠧ ᠲᠤᠭ᠎ᠠ ᠪᠠᠷᠢᠮᠲᠠ᠂ ᠡᠷᠡᠨ ᠵᠠᠭᠤᠨ ᠢᠨᠲ᠋ᠧᠷᠨᠧᠲ ᠰᠦᠯᠵᠢᠶ᠎ᠡ ᠪᠠᠷᠢᠯᠭ᠎ᠠ ᠡᠬᠢᠯᠡᠭᠰᠡᠨ᠂ ᠤᠶᠢᠯᠡᠴᠢᠯᠡᠭᠦᠷ ᠢ ᠢᠳᠡᠪᠬᠢᠲᠡᠢ ᠣᠷᠢᠨ ᠣᠷᠣᠭᠤᠯᠬᠤ᠂ UPS ᠳ᠋ᠢᠶᠠᠨ ᡂᠢ᠂ ᠮᠠᠰᠢᠨ ᠤ ᠬᠤᠷᠭᠤ ᠵᠡᠷᠭᠡ ᠲᠤᠭ᠎ᠠ ᠪᠠᠷᠢᠮᠲᠠ ᠶᠢᠨ ᠲᠣᠨᠤᠭ ᠲᠥᠬᠦᠭᠡᠷᠦᠮᠵᠢ ᠦᠢᠯᠡᠳᠬᠦ ᠪᠠ ᠡᠳ᠋ᠰᠢᠭᠦᠯᠵᠦ ᠰᠢᠢᠳᠪᠦᠷᠢᠯᠡᠬᠦ᠂ ᠭᠠᠳᠠᠭᠰᠢ ᠦᠢᠯᠡᠴᠢᠯᠡᠬᠦ ᠠᠵᠤ ᠠᠬᠤᠶᠢᠯᠠᠯ᠂ ᠲᠤᠭ᠎ᠠ ᠪᠠᠷᠢᠮᠲᠠ ᠶᠢᠨ ᠲᠥᠬᠦᠭᠡᠷᠦᠮᠵᠢ ᠦᠢᠯᠡᠳᠬᠦ ᠶᠢ ᠬᠦᠴᠦᠯᠡᠨ ᠪᠠᠶᠢᠭᠤᠯᠤᠨ᠎ᠠ᠃ ᠳ᠋ᠠᠶᠢᠲ᠋ᠠ ᠶᠢᠨ ᠲᠥᠪ — ᠳ᠋ᠠᠶᠢᠲ᠋ᠠ ᠶᠢᠨ ᠬᠡᠷᠡᠭᠯᠡᠯᠳᠡ ᠶᠢᠨ ᠲᠣᠮᠣ ᠳ᠋ᠠᠶᠢᠲ᠋ᠠ ᠶᠢᠨ ᠠᠵᠤ ᠦᠢᠯᠡᠰ ᠤᠨ ᠬᠡᠯᠬᠢᠶ᠎ᠡ  ᠂ ᠳ᠋ᠦᠩ ᠶᠠᠩ ᠭᠤᠸᠠᠩ ᠶᠢ ᠳᠦᠯᠬᠢᠨ ᠠᠬᠢᠭᠤᠯᠬᠤ᠂ ᠬᠠᠢ ᠯᠢ ᠬᠢᠮᠢ ᠶᠢᠨ ᠢᠯᠳᠠᠰᠣᠨ ᠡᠨᠧᠷᠭᠢ ᠠᠷᠪᠢᠯᠠᠬᠤ ᠥᠭᠡᠷᠡᠴᠢᠯᠡᠯᠲᠡ ᠪᠠ ᠮᠡᠷᠭᠡᠵᠢᠯ ᠢ ᠳᠡᠭᠡᠭᠰᠢᠯᠡᠭᠦᠯᠬᠦ᠂ ᠬᠠᠢ ᠯᠢ ᠴᠠᠬᠢᠯᠭᠠᠨ ᠪᠠᠭᠲᠠᠭᠠᠭᠴᠢ ᠶᠢᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠣ᠂ ᠬᠢᠮᠢ ᠶᠢᠨ ᠢᠯᠳᠠᠰᠣ — ᠴᠠᠬᠢᠯᠭᠠᠨ ᠪᠠᠭᠲᠠᠭᠠᠭᠴᠢ — ᠬᠤᠷᠠᠮᠠᠯ ᠴᠠᠬᠢᠯᠭᠠᠨ ᠬᠡᠯᠬᠢᠶ᠎ᠡ ᠶᠢ ᠬᠦᠴᠦᠯᠡᠨ ᠪᠣᠢ ᠪᠣᠯᠭᠠᠨ᠎ᠠ᠃ ᠬᠤᠸᠠ ᠷᠦᠢ ᠨᠡᠭᠦᠷᠡᠰᠦᠲᠥ᠋ᠷᠥᠭᠴᠢ ᠢᠯᠭᠠᠷᠠᠭᠤᠯᠬᠤ ᠡᠳ᠋᠂ ᠰᠠᠨ ᠰᠢᠨ ᠠᠵᠤ ᠦᠢᠯᠡᠰ ᠵᠡᠷᠭᠡ ᠣᠳᠣ ᠶᠢᠨ ᠪᠠᠶᠢᠭ᠎ᠠ ᠠᠵᠤ ᠦᠢᠯᠡᠰ ᠤᠨ ᠳᠠᠪᠠᠭᠤᠯᠢᠭ ᠲᠠᠭᠠᠨ ᠲᠦᠰᠢᠭᠯᠡᠨ᠂ ᠫᠧᠩ ᠾᠦᠢ ᠯᠢᠲ᠋ᠢ ᠳ᠋ᠢᠶᠠᠨ ᡂᠢ᠂ ᠴᠢᠩᠲᠤᠤ ᠶᠢᠨ ᠬᠤᠸᠠ ᠯᠢᠶᠠᠨ ᠲᠤᠰᠠᠭᠠᠷᠯᠠᠭᠰᠠᠨ ᠪᠦᠷᠬᠦᠪᠴᠢ ᠵᠡᠷᠭᠡ ᠲᠥᠷᠥᠯ ᠵᠦᠢᠯ ᠢ ᠤᠷᠢᠨ ᠣᠷᠣᠭᠤᠯᠵᠤ᠂ ᠡᠶᠡᠷᠭᠦ ᠰᠥᠭᠡᠷᠭᠦ ᠲᠤᠶᠢᠯᠰᠢᠷᠠᠯ ᠤᠨ ᠮᠠᠲ᠋ᠧᠷᠢᠶᠠᠯ — ᠴᠠᠬᠢᠯᠭᠠᠨ ᠢᠶᠠᠷ ᠵᠠᠳᠠᠯᠬᠤ ᠰᠢᠩᠭᠡᠨ — ᠲᠤᠰᠠᠭᠠᠷᠯᠠᠭᠰᠠᠨ ᠪᠦᠷᠬᠦᠪᠴᠢ — ᠯᠢᠲ᠋ᠢ ᠳ᠋ᠢᠶᠠᠨ ᡂᠢ ᠶᠢᠨ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠪᠦᠲᠦᠭᠡᠨ᠎ᠡ᠃ ᠡᠮᠦᠨᠡᠲᠦ ᠶᠢᠨ ᠲᠣᠮᠣ ᠭᠡᠷᠡᠯ ᠴᠠᠬᠢᠯᠭᠠᠨ ᠤ ᠭᠤᠷᠪᠠᠨ ᠹᠯᠣᠷᠲᠤ ᠠᠽᠣᠲ ᠤᠨ ᠲᠥᠷᠥᠯ ᠵᠦᠢᠯ ᠲᠠᠢ ᠢᠳᠡᠪᠬᠢᠲᠠᠢ ᠵᠣᠯᠭᠠᠭᠤᠯᠵᠤ᠂ ᠭᠤᠷᠪᠠᠨ ᠹᠯᠣᠷᠲᠤ ᠠᠽᠣᠲ᠂ ᠠᠭᠤᠰᠤᠭᠳᠠᠮᠠᠯ ᠴᠢᠨᠠᠷᠲᠠᠢ ᠳᠥᠷᠪᠡᠨ ᠹᠯᠣᠷᠲᠤ ᠡᠲ᠋ᠢᠯᠧᠡ᠂ ᠹᠯᠣᠷ ᠤᠨ ᠪᠥᠭᠡᠭᠡᠨᠡᠷᠡᠯ ᠤᠨ ᠠᠼᠧᠲ ᠪᠠᠷ ᠭᠤᠣᠯ ᠪᠣᠯᠭᠠᠭᠰᠠᠨ ᠹᠯᠣᠷᠲᠤ ᠴᠠᠬᠢᠭᠤᠷ ᠤᠨ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠪᠦᠲᠦᠭᠡᠨ᠎ᠡ ᠃ ᠯᠠᠨ ᠭᠧ ᠭᠧ᠂ ᠲᠢᠶᠠᠨ ᠹᠦ᠋  ᠰᠦ ᠶᠢᠨ ᠦᠢᠯᠡᠰ᠂ ᠮᠠ ᠣᠪᠣᠭᠳᠣ ᠶᠢᠨ ᠯᠠᠯᠤ ᠶᠢᠨ ᠢᠳᠡᠭᠡᠨ ᠵᠡᠷᠭᠡ ᠨᠤᠲᠤᠭ ᠤᠨ ᠠᠵᠤ ᠠᠬᠤᠶᠢᠯᠠᠯ ᠤᠨ ᠠᠯᠳᠠᠷᠰᠢᠯ ᠢ ᠳᠡᠭᠡᠭᠰᠢᠯᠡᠭᠦᠯᠬᠦ ᠶᠢ ᠳᠡᠮᠵᠢᠨ᠎ᠡ᠃ ᠴᠢᠦ ᠱᠢ ᠠᠮᠢᠳᠤ ᠪᠣᠳᠠᠰ ᠤᠨ ᠡᠨᠧᠷᠭᠢ ᠶᠢ ᠥᠷᠭᠡᠳᠬᠡᠨ ᠤᠨᠠᠯᠲᠠ ᠶᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠂ ᠮᠧᠩ ᠭᠧᠨ ᠱᠠᠨ  ᠦᠭᠡᠬᠦ ᠲᠤᠰᠤ ᠠᠰᠢᠭᠯᠠᠯᠲᠠ ᠳᠤ ᠣᠷᠣᠵᠣ ᠦᠷ᠎ᠡ ᠠᠰᠢᠭ ᠣᠯᠵᠣ᠂ ᠱᠤᠸᠠᠩ ᠬᠤᠢ᠂ ᠯᠠᠨ ᠸᠧᠢ ᠰᠧ ᠳ᠋ᠦᠨ᠂ ᠭᠦᠸᠧ ᠮᠧᠩ ᠣᠨᠴᠠ ᠲᠠᠷᠢᠶᠠᠯᠠᠩ ᠠᠵᠢᠯ ᠡᠬᠢᠯᠡᠭᠦᠯᠦᠨ᠂ ᠣᠶᠢᠷ᠎ᠠ ᠬᠠᠪᠢ ᠶᠢᠨ ᠲᠠᠷᠢᠶᠠᠯᠠᠩ ᠤᠨ ᠣᠨᠴᠠ ᠭᠠᠷᠤᠯᠲᠠ ᠶᠢᠨ ᠡᠬᠢ ᠪᠠᠶᠠᠯᠢᠭ ᠢ ᠪᠦᠬᠦ ᠲᠠᠯ᠎ᠠ ᠪᠠᠷ ᠨᠢᠭᠡᠳᠭᠡᠵᠦ᠂ ᠵᠣᠬᠢᠬᠤ ᠬᠡᠪᠴᠢᠶᠡᠨ ᠤ ᠲᠠᠷᠢᠵᠤ ᠲᠡᠵᠢᠭᠡᠵᠦ ᠦᠷᠡᠵᠢᠭᠦᠯᠬᠦ — ᠲᠥᠪ ᠲᠣᠭᠤᠭᠠᠨ ᠭᠡᠷ ᠦᠢᠯᠡᠳᠪᠦᠷᠢᠯᠡᠬᠦ — ᠡᠯᠧᠺᠲᠷᠣᠨ ᠬᠤᠳᠠᠯᠳᠤᠭᠠᠨ ᠤ ᠪᠣᠷᠣᠯᠠᠭᠤᠯᠭ᠎ᠠ — ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠪᠣᠬᠢᠷᠲᠤᠯ ᠦᠭᠡᠢ ᠢᠳᠡᠭᠡᠨ ᠤ ᠠᠵᠤ ᠦᠢᠯᠡᠰ ᠤᠨ ᠬᠡᠯᠬᠢᠶ᠎ᠡ ᠶᠢ ᠬᠦᠴᠦᠯᠡᠨ ᠪᠠᠶᠢᠭᠤᠯᠤᠨ᠎ᠠ᠃ ︽ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ︾᠎ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠰᠣᠶᠣᠯ ᠵᠢᠭᠤᠯᠴᠢᠯᠠᠯ ᠤᠨ ᠪᠡᠶ᠎ᠡ ᠮᠠᠬᠠᠪᠣᠳ ᠪᠠ ᠠᠷᠠᠯᠵᠢᠶ᠎ᠠ ᠬᠤᠳᠠᠯᠳᠤᠭ᠎ᠠ ᠪᠣᠳᠠᠰ ᠤᠨ ᠭᠦᠢᠯᠭᠡᠭᠡᠨ ᠤ ︽ᠬᠤᠶᠠᠷ ᠢ ᠨᠢᠭᠡ ᠴᠣᠭᠴᠠᠵᠢᠭᠤᠯᠬᠤ︾ ᠬᠥᠭᠵᠢᠯᠲᠡ ᠶᠢ ᠪᠠᠷᠢᠮᠲᠠᠯᠠᠨ᠎ᠠ᠃ ᠵᠢᠨᠢᠩ ᠤᠨ ᠳᠠᠶᠢᠯᠠᠯᠳᠤᠭᠠᠨ ᠤ ᠬᠤᠪᠢᠰᠬᠠᠯ ᠤᠨ ᠳᠤᠷᠠᠰᠬᠠᠯ ᠤᠨ ᠬᠦᠷᠢᠶᠡᠯᠡᠩ ᠢᠶᠠᠷ ᠭᠤᠣᠯ ᠪᠣᠯᠭᠠᠨ ᠰᠣᠶᠢᠮᠧᠩ ᠴᠡᠷᠢᠭ ᠤᠨ ᠲᠣᠭᠤᠷᠢᠭ ᠤᠨ ᠰᠧᠯᠢᠩᠪᠦ ᠵᠡᠷᠭᠡ ᠬᠥᠭᠦᠷᠭᠡ ᠶᠢᠨ ᠪᠠᠷᠠᠭᠤᠨ ᠬᠡᠰᠡᠭ ᠤᠨ 7 ᠦᠯᠡᠳᠡᠭᠳᠡᠯ ᠪᠠᠭᠤᠷᠢ ᠶᠢ ᠨᠢᠭᠡᠳᠭᠡᠨ ᠰᠡᠯᠪᠢᠨ ᠵᠠᠰᠠᠵᠤ᠂ ᠬᠤᠪᠢᠰᠬᠠᠯ ᠤᠨ ᠲᠤᠬᠠᠢ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠠᠮ ᠱᠤᠭᠤᠮ ᠢ ᠬᠦᠴᠦᠯᠡᠨ ᠪᠣᠢ ᠪᠣᠯᠭᠠᠨ᠎ᠠ  ᠃ ᠮᠣᠩᠭᠤᠯ ᠮᠣᠷᠢ ᠶᠢᠨ ᠭᠠᠶᠢᠬᠠᠮᠰᠢᠭᠲᠤ ᠲᠣᠭᠯᠠᠯᠲᠠ ᠪᠠᠷ ᠬᠥᠲᠥᠯᠦᠭᠰᠡᠨ᠂ ᠣᠯᠠᠨ ᠤᠯᠤᠰ ᠤᠨ ᠠᠷᠠᠰᠤᠨ ᠡᠳ᠋ᠯᠡᠯ ᠤᠨ ᠬᠤᠲᠠ᠂ ᠵᠢᠨᠢᠩ ᠤᠨ ᠡᠷᠲᠡᠨ ᠤ ᠬᠤᠲᠠ᠂ ᠿᠢ ᠭᠤᠸᠠᠩ ᠲᠠᠯ᠎ᠠ ᠨᠤᠲᠤᠭ᠂ ᠠᠷᠠᠳ ᠤᠨ ᠬᠤᠨᠤᠭ ᠤᠨ ᠭᠠᠵᠠᠷ᠂ ᠦᠨᠳᠦᠰᠦᠲᠡᠨ ᠤ ᠵᠠᠩ ᠦᠢᠯᠡ ᠰᠣᠶᠣᠯ ᠢ ᠣᠶᠢᠯᠠᠭᠠᠬᠤ ᠵᠠᠮ ᠱᠤᠭᠤᠮ ᠢ ᠬᠦᠴᠦᠯᠡᠨ ᠪᠠᠶᠢᠭᠤᠯᠣᠨ᠎ᠠ  ᠃ ᠤᠮᠠᠷᠠᠲᠤ ᠶᠢᠨ ᠲᠠᠯ᠎ᠠ ᠨᠤᠲᠤᠭ ᠢᠶᠠᠷ ᠲᠤᠯᠭᠠᠭᠤᠷᠢ ᠪᠣᠯᠭᠠᠨ ᠲᠡᠭᠰᠢᠳᠭᠡᠯ ᠲᠡᠷᠭᠡᠨ ᠤᠷᠤᠯᠳᠤᠭᠠᠨ᠂ ᠣᠶᠤᠨᠲᠤ ᠭᠡᠷ ᠲᠡᠷᠭᠡ ᠶᠢᠨ ᠬᠤᠸᠠᠷᠠᠨ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ᠂ ᠴᠠᠰᠤ ᠮᠥᠰᠥᠨ ᠤ ᠬᠥᠳᠡᠯᠭᠡᠭᠡᠨ᠂ ᠲᠠᠯ᠎ᠠ ᠨᠤᠲᠤᠭ ᠤᠨ ᠵᠠᠩ ᠵᠠᠩᠰᠢᠯ ᠤᠨ ᠵᠤᠭᠠᠴᠠᠯ ᠤᠨ ᠱᠤᠭᠤᠮ ᠢ ᠬᠦᠴᠦᠯᠡᠨ ᠪᠠᠶᠢᠭᠤᠯᠣᠨ᠎ᠠ᠃ ᠣᠳᠣ ᠪᠠᠶᠢᠭ᠎ᠠ ᠡᠮᠴᠢᠯᠡᠭᠡᠨ ᠤ ᠡᠬᠢ ᠪᠠᠶᠠᠯᠢᠭ ᠢᠶᠠᠷ ᠭᠠᠷᠳᠠᠨ ᠬᠢᠬᠦ ᠴᠡᠭ ᠪᠣᠯᠭᠠᠵᠤ᠂ ᠯᠠᠨ ᠴᠧᠩ᠂ ᠬᠦᠢ ᠣᠥ ᠵᠡᠷᠭᠡ ᠲᠣᠮᠣ ᠬᠡᠯᠪᠡᠷᠢ ᠶᠢᠨ ᠡᠷᠡᠭᠦᠯᠵᠢᠯ ᠤᠨ ᠨᠡᠷᠡᠲᠦ ᠲᠡᠮᠳᠡᠭᠲᠦ ᠶᠢ ᠣᠷᠣᠭᠤᠯᠵᠤ᠂ ᠬᠤᠩ ᠬᠠᠢ ᠽᠢ᠂ ᠪᠠᠢ ᠬᠠᠢ ᠽᠢ᠂ ᠪᠠᠢ ᠸᠠᠩ ᠡᠷᠡᠭᠦᠯᠵᠢᠯ ᠰᠤᠪᠢᠯᠠᠯᠲᠠ ᠶᠢᠨ ᠲᠣᠭᠤᠷᠢᠭ ᠢᠶᠠᠷ ᠭᠤᠣᠯ ᠴᠣᠭᠴᠠ ᠪᠣᠯᠭᠠᠭᠰᠠᠨ ︽ᠬᠢᠲᠠᠳ ᠡᠮᠴᠢᠯᠡᠭᠡ ᠰᠤᠪᠢᠯᠠᠯᠲᠠ᠂ ᠮᠣᠩᠭᠤᠯ ᠡᠮᠴᠢᠯᠡᠭᠡ ᠡᠷᠡᠭᠦᠯᠵᠢᠯ᠂ ᠵᠢᠭᠤᠯᠴᠢᠯᠠᠯ ᠡᠷᠡᠭᠦᠯ ᠮᠡᠨᠳᠦ ᠶᠢᠨ ᠰᠤᠪᠢᠯᠠᠯᠲᠠ︾᠎ ᠪᠠᠷ ᠨᠢᠭᠡ ᠴᠣᠭᠴᠠ ᠪᠣᠯᠭᠠᠭᠰᠠᠨ ᠲᠣᠮᠣ ᠡᠷᠡᠭᠦᠯ ᠮᠡᠨᠳᠦ ᠬᠥᠭᠵᠢᠯᠲᠡ ᠶᠢᠨ ᠵᠠᠭᠪᠤᠷ ᠨᠢ ᠮᠠᠨ ᠤ ᠲᠣᠭᠤᠷᠢᠭ ᠦᠨᠡᠨᠬᠦ ᠪᠡᠭᠡᠵᠢᠩ ᠲᠢᠶᠠᠨᠵᠢᠨ ᠾᠧᠪᠧᠢ ᠳᠤ ᠬᠠᠨᠳᠤᠭᠤᠯᠤᠭᠰᠠᠨ ᠣᠨᠴᠠᠯᠢᠭᠲᠤ ᠵᠢᠭᠤᠯᠴᠢᠯᠠᠯ ᠤᠨ ᠡᠷᠡᠭᠦᠯᠵᠢᠯ ᠤᠨ ᠭᠠᠵᠠᠷ ᠪᠣᠯᠭᠠᠬᠤ ᠪᠠ ᠥᠪᠡᠷᠲᠡᠭᠡᠨ ᠵᠠᠰᠠᠬᠤ ᠣᠷᠣᠨ ᠤ ᠪᠦᠬᠦ ᠣᠷᠣᠨ ᠪᠦᠰᠡ ᠶᠢᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠪᠤᠢ ᠪᠣᠯᠭᠠᠨ᠎ᠠ᠃ ᠤᠯᠠᠭᠠᠨᠴᠠᠪ ᠤᠨ ᠬᠤᠷᠠᠯ ᠦᠵᠡᠰᠬᠦᠯᠡᠩ ᠤᠨ ᠲᠥᠪ᠂ ᠪᠡᠶ᠎ᠡ ᠲᠠᠮᠢᠷ ᠤᠨ ᠲᠠᠯᠠᠪᠠᠢ᠂ ᠲᠣᠣᠷ ᠪᠥᠮᠪᠦᠭᠡ ᠶᠢᠨ ᠣᠷᠳᠣᠨ ᠵᠡᠷᠭᠡ ᠲᠣᠮᠣ ᠬᠡᠯᠪᠡᠷᠢ ᠶᠢᠨ ᠣᠷᠳᠣᠨ ᠲᠠᠯᠠᠪᠠᠢ ᠪᠠᠷ ᠲᠦᠰᠢᠭ ᠪᠣᠯᠭᠠᠵᠤ ᠣᠯᠠᠨ ᠤᠯᠤᠰ ᠤᠨ ᠪᠠ ᠤᠯᠤᠰ ᠤᠨ ᠳᠣᠲᠣᠭᠠᠳᠤ ᠶᠢᠨ ᠬᠤᠷᠠᠯ ᠵᠢᠴᠢ ᠪᠡᠶ᠎ᠡ ᠲᠠᠮᠢᠷ ᠤᠨ ᠤᠷᠤᠯᠳᠤᠭᠠᠨ ᠢ ᠢᠳᠡᠪᠬᠢᠲᠡᠢ ᠲᠡᠳᠡᠨ ᠣᠷᠣᠭᠤᠯᠵᠤ᠂ ᠠᠵᠣ ᠠᠬᠤᠢ ᠶᠢᠨ ᠬᠠᠮ ᠦᠵᠡᠰᠬᠦᠯᠡᠩ ᠂ ᠠᠵᠣ ᠠᠬᠤᠢ ᠶᠢᠨ ᠤᠷᠤᠯᠳᠤᠭᠠᠨ ᠶᠢ ᠶᠡᠬᠡᠪᠡᠷ ᠬᠥᠭᠵᠢᠭᠦᠯᠦᠨ᠎ᠡ᠃ ᠿᠢ ᠱᠧᠩ ᠶᠢᠨ ᠮᠧᠩ᠂ ᠥᠪᠥᠷ ᠮᠣᠩᠭᠤᠯ ᠤᠨ ᠪᠠᠩᠬᠢ ᠶᠢᠨ ᠪᠠᠭᠤᠳᠠᠯ ᠤᠨ ᠬᠤᠳᠠᠯᠳᠤᠭᠠᠴᠢᠨ ᠤᠷᠢᠵᠤ ᠡᠵᠡᠩᠨᠡᠬᠦ ᠠᠵᠢᠯᠯᠠᠭ᠎ᠠ ᠶᠢ ᠲᠦᠷᠭᠡᠳᠬᠡᠨ᠂ ᠰᠢᠨ᠎ᠡ ᠪᠠᠷ ᠪᠠᠶᠢᠭᠤᠯᠤᠭᠰᠠᠨ ᠷᠦᠢ ᠨᠢᠩ ᠪᠠᠭᠤᠳᠠᠯ᠂ ᠣᠯᠠᠨ ᠤᠯᠤᠰ ᠤᠨ ᠠᠷᠠᠰᠤᠨ ᠡᠳ᠋ᠯᠡᠯ ᠤᠨ ᠬᠤᠲᠠ ᠵᠡᠷᠭᠡ ᠣᠳᠣ ᠪᠠᠶᠢᠭ᠎ᠠ ᠬᠤᠳᠠᠯᠳᠤᠭᠠᠨ ᠤ ᠲᠠᠯᠠᠪᠠᠢ ᠶᠢᠨ ᠳᠡᠰ ᠳᠡᠪᠰᠢᠭᠦᠯᠦᠨ ᠳᠡᠭᠡᠭᠰᠢᠭᠦᠯᠵᠦ ᠵᠢᠨᠢᠩ ᠤᠨ ᠡᠷᠲᠡᠨ ᠤ ᠬᠤᠲᠠ᠂ ᠴᠠᠬᠠᠷ ᠡᠷᠳᠡᠨ ᠤ ᠵᠡᠭᠡᠯᠢ ᠭᠤᠳᠤᠮᠵᠢ ᠶᠢ ᠭᠦᠭᠵᠢᠶᠡᠨ ᠲᠠᠢ ᠪᠣᠯᠭᠠᠵᠣ᠂ ᠸᠠᠨ  ᠳ᠋ᠠ ᠠᠭᠤᠳᠠᠮ ᠲᠠᠯᠠᠪᠠᠢ᠂ ᠦ᠋ ᠶᠤᠸᠠᠢ ᠠᠭᠤᠳᠠᠮ ᠲᠠᠯᠠᠪᠠᠢ ᠶᠢᠨ ᠳᠡᠭᠡᠳᠦ ᠳᠡᠰ ᠤᠨ ᠬᠤᠳᠠᠯᠳᠤᠭᠠᠨ ᠤ ᠲᠣᠭᠤᠷᠢᠭ ᠢ ᠪᠦᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃ ᠬᠤᠲᠠ ᠶᠢᠨ ᠢᠳᠡᠭᠡᠨ ᠤᠮᠳᠠᠭᠠᠨ᠂ ᠪᠠᠷᠠᠭ᠎ᠠ ᠬᠤᠳᠠᠯᠳᠤᠨ ᠠᠪᠬᠤ᠂ ᠵᠤᠭ᠎ᠠ ᠴᠡᠩᠭᠡᠯ ᠵᠡᠷᠭᠡ ᠵᠤᠭᠠᠴᠠᠯ ᠤᠨ ᠢᠵᠢ ᠪᠦᠷᠢᠳᠦᠭᠰᠡᠨ ᠡᠵᠡᠩᠨᠡᠯᠲᠡ ᠶᠢᠨ ᠬᠡᠯᠪᠡᠷᠢ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠫᠠᠶᠢᠰᠠ ᠲᠡᠮᠳᠡᠭ ᠢ ᠳᠦᠷᠢᠮᠵᠢᠭᠦᠯᠦᠨ ᠲᠡᠭᠡᠭᠰᠢᠯᠡᠭᠦᠯᠵᠦ᠂ ᠳᠠᠭ᠎ᠠ ᠶᠢᠨ ᠨᠠᠭᠤᠷ᠂ ᠬᠤᠸᠠᠩ ᠬᠤᠸᠠ ᠭᠧᠦ ᠵᠡᠷᠭᠡ ᠳᠠᠪᠠᠭᠤᠯᠢᠭ ᠵᠢᠭᠤᠯᠴᠢᠯᠠᠯ ᠤᠨ ᠡᠬᠢ ᠪᠠᠶᠠᠯᠢᠭ᠂ ᠵᠠᠰᠠᠮᠠᠯ ᠵᠠᠮ᠂ ᠥᠨᠳᠥᠷ ᠬᠤᠷᠳᠣᠴᠠᠳᠣ ᠲᠡᠮᠦᠷ ᠵᠠᠮ᠂ ᠨᠢᠰᠬᠡᠯ ᠤᠨ ᠪᠠᠭᠤᠳᠠᠯ ᠤᠨ ᠬᠥᠮᠦᠨ ᠤ ᠤᠷᠤᠰᠬᠠᠯ ᠤᠨ ᠳᠠᠪᠠᠭᠤᠯᠢᠭ ᠲᠤ ᠲᠦᠰᠢᠭᠯᠡᠵᠦ᠂ ᠥᠪᠡᠰᠦᠪᠡᠨ ᠲᠡᠷᠭᠡ ᠵᠢᠯᠣᠭᠤᠳᠬᠤ᠂ ᠥᠨᠳᠥᠷ ᠬᠤᠷᠳᠣᠴᠠᠳᠣ ᠲᠡᠮᠦᠷ ᠵᠠᠮ᠂ ᠠᠶᠠᠯᠠᠯ ᠨᠡᠪᠲᠡᠷᠡᠬᠦ ᠵᠡᠷᠭᠡ ᠵᠢᠭᠤᠯᠴᠢᠯᠠᠯ ᠤᠨ ᠬᠡᠷᠡᠭᠯᠡᠭᠡ ᠢ ᠶᠡᠭᠡᠪᠡᠷ ᠬᠦᠭᠵᠢᠭᠦᠯᠵᠦ᠂ ᠮᠠᠨ ᠤ ᠲᠣᠭᠤᠷᠢᠭ ᠦᠨᠡᠨᠬᠦ ︽ᠢᠳᠡᠵᠦ ᠤᠤᠭᠤᠬᠤ ᠵᠢᠭᠤᠴᠠᠬᠤ ᠪᠠᠷᠠᠭ᠎ᠠ ᠠᠪᠬᠤ ᠨᠠᠭᠠᠳᠴᠤ ᠴᠡᠩᠭᠡᠬᠦ︾᠎ ᠶᠢ ᠨᠢᠭᠡ ᠴᠤᠭᠴᠠᠵᠢᠭᠤᠯᠤᠭᠰᠠᠨ ᠣᠷᠣᠨ ᠪᠦᠰᠡ ᠶᠢᠨ ᠴᠢᠨᠠᠷᠲᠠᠢ ᠰᠣᠶᠣᠯ ᠪᠡᠶ᠎ᠡ ᠶᠢᠨ ᠲᠠᠮᠢᠷ ᠤᠨ ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠦᠯᠦᠨ ᠲᠠᠷᠬᠠᠭᠠᠬᠤ ᠲᠥᠪ ᠪᠣᠯᠭᠠᠨ ᠪᠠᠶᠢᠭᠤᠯᠤᠨ᠎ᠠ᠃ ᠬᠠᠭᠤᠷᠠᠢ ᠭᠠᠷᠠᠮ ᠤᠨ ᠬᠡᠯᠪᠡᠷᠢᠲᠦ ᠤᠯᠤᠰ ᠤᠨ ᠡᠳ᠋ ᠪᠠᠷᠠᠭᠠᠨ ᠤ ᠭᠦᠢᠯᠭᠡᠭᠡᠨ ᠤ ᠬᠦᠢᠰᠦ ᠬᠤᠲᠠ ᠪᠠᠷ ᠠᠴᠢᠶᠠᠯᠠᠭᠴᠢ ᠬᠤᠲᠠ ᠪᠠ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠬᠦᠢᠰᠦ ᠴᠡᠭ ᠤᠨ ᠬᠤᠲᠠ ᠶᠢ ᠠᠴᠢᠶᠠᠯᠠᠪᠤᠷᠢ ᠪᠣᠯᠭᠠᠨ᠂ ᠳᠣᠯᠣᠳᠤᠭᠠᠷ ᠰᠤᠮᠤ ᠶᠢᠨ ᠭᠠᠶᠢᠯᠢ ᠪᠠᠲᠤᠯᠠᠬᠤ ᠪᠠᠷᠠᠭᠠᠨ ᠤ ᠭᠦᠢᠯᠭᠡᠭᠡᠨ ᠤ ᠲᠥᠪ᠂ ᠲᠣᠮᠳᠠᠳᠣ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠵᠡᠷᠭᠡ ᠳᠠᠪᠠᠭᠤᠯᠢᠭ ᠡᠬᠢ ᠪᠠᠶᠠᠯᠢᠭ᠂ ᠣᠷᠣᠰ ᠮᠣᠩᠭᠤᠯ ᠤᠨ ᠠᠮᠤ ᠲᠣᠰᠣ᠂ ᠬᠥᠯᠳᠡᠭᠡᠭᠰᠡᠨ ᠵᠦᠢᠯ᠂ ᠮᠣᠳᠣᠨ ᠮᠠᠲ᠋ᠧᠷᠢᠶᠠᠯ ᠴᠠᠭᠠᠰᠤᠨ ᠡᠭᠡᠳᠡᠩ᠂ LNG ᠵᠡᠷᠭᠡ ᠶᠡᠭᠡ ᠬᠡᠮᠵᠢᠶᠡᠨ ᠤ ᠡᠳ᠋ ᠪᠣᠳᠠᠰ ᠢ ᠭᠦᠨᠵᠡᠭᠡᠢ ᠪᠣᠯᠪᠠᠰᠤᠷᠠᠭᠤᠯᠬᠤ ᠠᠵᠤ ᠠᠬᠤᠶᠢᠯᠠᠯ ᠢ ᠢᠳᠡᠪᠬᠢᠲᠡᠢ ᠣᠷᠣᠭᠤᠯᠵᠤ ᠢᠷᠡᠨ ᠲᠣᠮᠳᠠᠳᠣ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠪᠠᠷᠠᠭᠠᠨ ᠤ ᠨᠡᠮᠡᠯᠲᠡ ᠥᠷᠲᠡᠭ ᠤᠨ ᠬᠤᠪᠢᠷᠠᠯᠲᠠ ᠶᠢ ᠳᠡᠭᠡᠭᠰᠢᠯᠡᠭᠦᠯᠦᠨ᠎ᠡ᠃ ︽ᠵᠠᠮ ᠢ ᠨᠡᠪᠲᠡᠷᠡᠭᠦᠯᠬᠦ ᠠᠵᠤ ᠠᠬᠤᠢ︾᠎ ᠶᠢ ︽ᠲᠠᠯᠪᠢᠴᠠᠳᠣ ᠠᠵᠣ ᠠᠬᠤᠢ︾ ᠪᠣᠯᠭᠠᠨ ᠬᠤᠪᠢᠷᠠᠭᠤᠯᠤᠨ᠎ᠠ᠃ ᠤᠮᠠᠷᠠᠲᠤ ᠣᠷᠣᠨ ᠤ ᠡᠬᠡ ᠬᠠᠭᠤᠷᠠᠢ ᠶᠢᠨ ᠭᠠᠷᠠᠮ ᠤᠨ ᠠᠵᠢᠯᠯᠠᠭᠠᠨ ᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠤᠯᠠᠭᠠᠨᠴᠠᠪ — ᠡᠷᠢᠶᠡᠨ ᠬᠤᠲᠠ ᠶᠢᠨ ᠬᠠᠭᠤᠷᠠᠢ ᠭᠠᠷᠠᠮ ᠤᠨ ᠬᠡᠯᠪᠡᠷᠢ ᠪᠦᠬᠦᠢ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠂ ᠳᠤᠮᠳᠠᠳᠤ ᠤᠯᠤᠰ ᠤᠨ AOPA ᠤᠯᠠᠭᠠᠨᠴᠠᠪ ᠤᠨ ᠠᠭᠠᠷ ᠤᠨ ᠠᠶᠠᠯᠠᠯ ᠤᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠮᠠᠨ ᠤ ᠲᠣᠭᠤᠷᠢᠭ ᠦᠨᠡᠨᠬᠦ ᠬᠥᠬᠡᠬᠤᠲᠠ ᠪᠤᠭᠤᠲᠤ ᠣᠷᠳᠣᠰ ᠶᠢ ᠳᠦᠰᠢᠵᠦ᠂ ᠪᠡᠭᠡᠵᠢᠩ ᠲᠢᠶᠠᠨᠵᠢᠨ ᠾᠧᠪᠧᠢ ᠲᠠᠢ ᠠᠭᠤᠰᠣᠯᠠᠯᠴᠠᠵᠣ᠂ ᠣᠷᠣᠰ ᠮᠣᠩᠭᠤᠯ ᠧᠦ᠋ᠷᠣᠫᠠ ᠶᠢ ᠬᠤᠯᠪᠣᠭᠰᠠᠨ ᠡᠬᠡ ᠬᠠᠭᠤᠷᠠᠢ ᠶᠢᠨ ᠭᠠᠷᠠᠮ ᠤᠨ ᠬᠡᠯᠪᠡᠷᠢ ᠶᠢᠨ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠰᠠᠭᠤᠷᠢᠨ ᠭᠠᠵᠠᠷ ᠪᠣᠯᠭᠠᠨ ᠪᠦᠲᠦᠭᠡᠨ ᠪᠠᠶᠢᠭᠤᠯᠤᠨ᠎ᠠ᠃ ︽ᠬᠦᠷᠢᠶᠡᠯᠡᠩ ᠲᠣᠭᠤᠷᠢᠭ ᠢ ᠲᠡᠰ ᠳᠡᠪᠰᠢᠭᠦᠯᠬᠦ ᠠᠵᠢᠯᠯᠠᠭ᠎ᠠ︾᠎ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠪᠠᠢ ᠬᠠᠢ ᠽᠢ ᠠᠵᠤ ᠦᠢᠯᠡᠳᠪᠦᠷᠢ ᠶᠢᠨ ᠬᠦᠷᠢᠶᠡᠯᠡᠩ᠂ ᠳᠣᠯᠣᠳᠤᠭᠠᠷ ᠰᠤᠮᠤ ᠶᠢᠨ ᠪᠣᠳᠠᠰ ᠤᠨ ᠭᠦᠢᠯᠭᠡᠭᠡᠨ ᠤ ᠬᠦᠷᠢᠶᠡᠯᠡᠩ ᠤᠨ ᠶᠡᠷᠦᠩᠬᠡᠢ ᠲᠥᠯᠥᠪᠵᠢᠭᠦᠯᠭᠡ ᠪᠠ ᠢᠵᠢ ᠪᠦᠷᠢᠳᠦᠭᠦᠯᠬᠦ ᠲᠥᠯᠥᠪᠵᠢᠭᠦᠯᠭᠡ ᠶᠢ ᠵᠠᠰᠠᠨ ᠨᠠᠶᠢᠷᠠᠭᠤᠯᠵᠤ᠂ ᠠᠵᠤ ᠦᠢᠯᠡᠰ ᠤᠨ ᠴᠢᠳᠠᠪᠬᠢ ᠶᠢᠨ ᠲᠣᠭᠤᠷᠢᠭ ᠢ ᠵᠣᠬᠢᠰᠲᠠᠢ ᠬᠤᠪᠢᠶᠠᠷᠢᠯᠠᠵᠤ᠂ ᠵᠠᠮ ᠵᠡᠷᠭᠡ ᠰᠠᠭᠤᠷᠢ ᠲᠥᠬᠦᠭᠡᠷᠦᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠭᠤᠷ᠂ ᠪᠠᠶᠢᠭᠠᠯᠢ ᠶᠢᠨ ᠰᠢᠲᠠᠮᠠᠬᠠᠢ ᠬᠡᠢ᠂ ᠲᠠᠬᠢᠨ ᠬᠡᠷᠡᠭᠯᠡᠬᠦ ᠤᠰᠤ ᠵᠡᠷᠭᠡ ᠶᠢ ᠬᠦᠷᠢᠶᠡᠯᠡᠩ ᠳᠤ ᠪᠦᠷᠢᠨ ᠪᠦᠷᠬᠦᠭᠦᠯᠬᠦ ᠶᠢ ᠲᠦᠯᠬᠢᠨ ᠠᠬᠢᠭᠤᠯᠤᠨ᠎ᠠ᠃ ︽ᠮᠦ ᠪᠦᠷᠢ ᠪᠠᠷ ᠦᠷ᠎ᠡ ᠪᠦᠳᠦᠮᠵᠢ ᠎ ᠶᠢ ᠥᠭᠦᠯᠡᠬᠦ︾ ᠦᠵᠡᠯᠳᠡ ᠢ ᠪᠠᠲᠤ ᠪᠠᠬᠢ ᠪᠣᠢ ᠪᠣᠯᠭᠠᠵᠤ᠂ ᠭᠠᠵᠠᠷ ᠬᠡᠷᠡᠭᠯᠡᠬᠦ ᠭᠦᠢᠴᠡᠳᠬᠡᠬᠦ ᠲᠤᠭ᠎ᠠ ᠶᠢ ᠢᠳᠡᠪᠬᠢᠲᠡᠢ ᠪᠠᠷ ᠴᠢᠷᠮᠠᠶᠢᠨ ᠣᠯᠵᠤ᠂ ᠠᠵᠤ ᠦᠢᠯᠡᠳᠪᠦᠷᠢ ᠶᠢᠨ ᠬᠡᠷᠡᠭᠯᠡᠬᠦ ᠭᠠᠵᠠᠷ ᠤᠨ ᠪᠠᠷᠢᠮᠵᠢᠶ᠎ᠠ ᠶᠢ ᠴᠢᠩᠭ᠎ᠠ ᠬᠡᠷᠡᠭᠵᠢᠭᠦᠯᠦᠨ᠂ ᠰᠤᠯᠠ ᠭᠠᠵᠠᠷ ᠢ ᠬᠡᠷᠡᠭᠯᠡᠬᠦ᠂ ︽ᠦᠬᠦᠰᠢᠷᠡᠮᠡᠯ ᠠᠵᠤ ᠠᠬᠤᠶᠢᠯᠠᠯ︾ ᠪᠣᠯᠤᠨ ᠵᠠᠳᠠᠭᠠᠢ᠂ ᠡᠮᠬᠢ ᠵᠠᠮᠪᠠᠷᠠᠭ᠎ᠠ ᠦᠭᠡᠢ ᠪᠣᠬᠢᠷᠳᠠᠯ ᠲᠠᠢ ᠠᠵᠤ ᠠᠬᠤᠶᠢᠯᠠᠯ ᠢ ᠴᠡᠪᠡᠷᠯᠡᠨ ᠠᠮᠢᠳᠤᠯᠢᠭ ᠪᠣᠯᠭᠠᠬᠤ ᠡᠷᠴᠢᠮ ᠢᠶᠠᠨ ᠴᠢᠩᠭᠠᠷᠠᠭᠤᠯᠵᠤ᠂ ᠮᠦ ᠪᠦᠷᠢ ᠶᠢᠨ ᠭᠠᠷᠤᠯᠲᠠ ᠶᠢᠨ ᠦᠷ᠎ᠡ ᠠᠰᠢᠭ ᠢ ᠦᠨᠡᠯᠡᠬᠦ ᠪᠠ ᠳᠣᠣᠷ᠎ᠠ ᠦᠷ᠎ᠡ ᠠᠰᠢᠭ ᠢᠶᠠᠷ ᠪᠤᠴᠠᠭᠠᠬᠤ ᠲᠣᠭᠲᠠᠴᠠ ᠶᠢ ᠪᠠᠶᠢᠭᠤᠯᠤᠨ᠂ ᠡᠬᠢ ᠪᠠᠶᠠᠯᠢᠭ ᠢ ᠰᠤᠯᠠ ᠪᠠᠶᠢᠬᠤ ᠠᠰᠠᠭᠤᠳᠠᠯ ᠢ ᠦᠨᠡᠨᠬᠦ ᠰᠢᠢᠳᠪᠦᠷᠢᠯᠡᠵᠦ᠃ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ ᠳᠠᠭᠠᠭᠠᠴᠠ ᠪᠣᠯᠤᠨ ᠦᠷᠢᠰᠦᠯᠳᠦᠬᠦ᠂ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠦᠶ᠎ᠡ᠃ ︽ᠪᠦᠬᠦ ᠠᠵᠢᠯᠲᠠᠨ ᠤ ᠬᠤᠳᠠᠯᠳᠤᠭᠠᠴᠢᠨ ᠤᠷᠢᠬᠤ ᠠᠵᠢᠯᠯᠠᠭ᠎ᠠ︾᠎ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠪᠦᠬᠦ ᠬᠤᠲᠠ ᠪᠠᠷ ᠢᠶᠠᠨ ︽ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠣᠪᠣᠷ ᠰᠤᠷᠲᠠᠯ ᠢ ᠴᠡᠭᠴᠡᠯᠡᠨ ᠵᠠᠰᠠᠬᠤ ᠵᠢᠯ︾ ᠪᠣᠯᠤᠨ ︽ᠪᠦᠬᠦ ᠠᠵᠢᠯᠲᠠᠨ ᠠᠷᠠᠯᠵᠢᠶᠠᠴᠢᠨ ᠤᠷᠢᠬᠤ ᠵᠢᠯ︾᠎ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠨ᠂ ᠡᠨᠧᠷᠭᠢ ᠠᠷᠪᠢᠯᠠᠨ ᠬᠤᠷᠣᠭᠳᠠᠯ ᠪᠠᠭᠠᠰᠬᠠᠬᠤ ᠶᠢ ᠴᠢᠬᠤᠯᠠᠴᠢᠯᠠᠵᠤ᠂ ᠣᠷᠣᠨ ᠵᠠᠢ ᠶᠢ ᠠᠰᠢᠭᠯᠠᠨ᠂ ᠤᠰᠤ ᠬᠡᠷᠡᠭᠯᠡᠬᠦ ᠶᠢ ᠴᠢᠬᠤᠯᠠᠴᠢᠯᠠᠨ ᠬᠢᠵᠠᠭᠠᠷᠯᠠᠵᠤ᠂ ᠲᠤᠬᠠᠢ ᠶᠢᠨ ᠭᠠᠵᠠᠷ ᠲᠠᠭᠠᠨ ᠲᠣᠬᠢᠷᠠᠭᠤᠯᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠪᠡ᠃ ᠤᠳᠤᠷᠢᠳᠬᠤ ᠺᠠᠲᠠᠷ ᠲᠦᠷᠦᠭᠦᠯᠡᠨ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠣᠷᠣᠨ ᠪᠦᠰᠡ ᠶᠢ ᠴᠢᠩᠭ᠎ᠠ ᠠᠩᠬᠠᠷᠴᠤ᠂ ᠣᠨᠴᠠᠭᠠᠶᠢᠯᠠᠨ ᠪᠡᠭᠡᠵᠢᠩ ᠤᠨ ᠨᠡᠶᠢᠰᠯᠡᠯ ᠤᠨ ᠪᠤᠰᠤ ᠴᠢᠳᠠᠪᠬᠢ ᠶᠢᠨ ᠠᠵᠤ ᠦᠢᠯᠡᠰ ᠤᠨ ᠰᠢᠯᠵᠢᠯᠲᠡ᠂ ᠬᠦᠷᠢᠶ᠎ᠡ ᠬᠡᠪᠴᠢᠶ᠎ᠡ ᠬᠤᠪᠢᠶᠠᠨ ᠪᠦᠬᠦ ᠠᠵᠢᠯᠳᠠᠨ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶᠡᠵᠢᠯ ᠤᠨ ᠠᠷᠠᠯᠵᠢᠶᠠᠴᠢᠨ ᠤᠷᠢᠬᠤ ᠵᠡᠷᠭᠡ ᠨᠢᠭᠡ ᠪᠦᠯᠦᠭ ᠮᠠᠨ ᠤ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠨᠡᠶᠢᠴᠡᠭᠰᠡᠨ ᠲᠣᠯᠣᠭᠠᠶᠢᠯᠠᠭᠴᠢ ᠬᠡᠯᠪᠡᠷᠢ᠂ ᠰᠠᠭᠤᠷᠢᠨ ᠭᠠᠵᠠᠷ ᠤᠨ ᠬᠡᠯᠪᠡᠷᠢ ᠶᠢᠨ ᠳᠠᠭᠠᠭᠤᠯᠤᠭᠴᠢ ᠠᠵᠤ ᠠᠬᠤᠶᠢᠯᠠᠯ ᠢ ᠤᠷᠢᠨ ᠣᠷᠣᠭᠤᠯᠵᠤ᠂ ᠵᠢᠯ ᠤᠨ ᠳᠣᠲᠣᠷ᠎ᠠ ᠳ᠋ᠦᠩᠰᠢᠭᠤᠷ ᠳᠦᠭᠦᠷᠢᠭ ᠠᠴᠠ ᠳᠡᠭᠡᠭᠰᠢᠬᠢ 20 ᠳᠦᠷᠥᠯ ᠠᠴᠠ ᠳᠡᠭᠡᠭᠰᠢᠬᠢ ᠭᠡᠷ᠎ᠡ ᠳᠣᠭᠳᠠᠨ ᠨᠠᠶᠢᠳᠠᠪᠣᠷᠵᠢᠭᠤᠯᠬᠤ ᠶᠢ ᠪᠠᠳᠣᠯᠠᠵᠣ᠂ ︽ᠨᠢᠭᠡ ᠪᠦᠯᠦᠭ ᠨᠢ ᠪᠠᠷᠢᠯᠭ᠎ᠠ ᠳᠠᠭᠤᠰᠬᠤ᠂ ᠨᠢᠭᠡ ᠪᠦᠯᠦᠭ ᠨᠢ ᠡᠵᠢᠯ ᠡᠬᠢᠯᠡᠭᠦᠯᠬᠦ᠂ ᠨᠢᠭᠡ ᠪᠦᠯᠦᠭ ᠨᠢ ᠨᠦᠬᠡᠴᠡᠯᠡᠬᠦ᠂ ᠨᠢᠭᠡ ᠪᠦᠯᠦᠭ ᠶᠢ ᠲᠥᠯᠥᠪᠯᠡᠬᠦ︾ ᠠᠵᠤ ᠦᠢᠯᠡᠰ ᠤᠨ ᠬᠥᠳᠡᠯᠦᠩᠭᠦᠢ ᠬᠥᠭᠵᠢᠯᠲᠡ ᠶᠢᠨ ᠪᠠᠶᠢᠳᠠᠯ ᠢ ᠪᠥᠬᠦ ᠲᠠᠯ᠎ᠠ ᠪᠠᠷ ᠪᠦᠷᠢᠯᠳᠦᠭᠦᠯᠬᠦ ᠬᠡᠷᠡᠭᠲᠡᠢ᠃             ︵ᠬᠤᠶᠠᠷ︶ ᠰᠢᠶᠠᠩ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠳᠣ ᠦᠶ᠎ᠡ ᠶᠢᠨ ᠲᠠᠷᠢᠶᠠᠯᠠᠩ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠳᠡᠭᠡᠷ᠎ᠡ ᠰᠢᠨ᠎ᠡ ᠰᠢᠪᠲᠤᠯᠤᠯᠲᠠ ᠭᠠᠷᠭᠠᠨ᠎ᠠ᠃ ᠲᠠᠷᠢᠶᠠᠯᠠᠩ ᠬᠥᠳᠡᠭᠡ ᠲᠣᠰᠬᠤᠨ ᠢ ᠤᠷᠢᠳᠠᠪᠡᠷ ᠬᠥᠭᠵᠢᠭᠦᠯᠬᠦ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠪᠣᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠠᠪᠴᠠᠯᠳᠤᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠲᠠᠷᠢᠶᠠᠯᠠᠩ ᠤᠨ ᠴᠢᠨᠠᠷ ᠰᠠᠶᠢᠲᠠᠢ ᠥᠨᠳᠥᠷ ᠦᠷ᠎ᠡ ᠠᠰᠢᠭᠲᠠᠢ᠂ ᠬᠥᠳᠡᠭᠡ ᠲᠣᠰᠬᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠢ᠂ ᠲᠠᠷᠢᠶᠠᠴᠢᠳ ᠤᠨ ᠪᠠᠶᠠᠵᠢᠨ ᠴᠢᠨᠡᠭᠡᠯᠢᠭᠵᠢᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ ᠬᠤᠲᠠ ᠶᠢᠨ ᠲᠡᠭᠦᠷᠭᠡ ᠶᠢᠨ ᠣᠨᠴᠠᠯᠢᠭᠲᠤ ᠲᠠᠷᠢᠶᠠᠯᠠᠩ ᠢ ᠬᠦᠴᠦ ᠲᠠᠯᠪᠢᠨ ᠬᠦᠭᠵᠢᠭᠦᠯᠦᠨ᠎ᠡ᠃ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠣ᠂ ᠿᠢ ᠭᠤᠸᠠᠩ ᠲᠠᠯ᠎ᠠ ᠨᠤᠲᠤᠭ · ᠠᠷᠠᠳ ᠤᠨ ᠬᠤᠨᠤᠭ ᠤᠨ ᠭᠠᠵᠠᠷ᠂ ᠤᠯᠠᠭᠠᠨᠴᠠᠪ ᠲᠠᠯ᠎ᠠ ᠨᠤᠲᠤᠭ ᠤᠨ ᠰᠣᠶᠣᠯ ᠵᠠᠩ ᠦᠢᠯᠡ ᠶᠢᠨ ᠬᠦᠷᠢᠶᠡᠯᠡᠩ᠂ ᠰᠢᠦᠢ ᠵᠢᠶᠠ ᠲᠣᠰᠬᠤᠨ ᠤ ᠡᠷᠡᠭᠦᠯᠵᠢᠯ ᠤᠨ ᠰᠡᠯᠡᠭᠦᠴᠡᠯᠲᠦ ᠲᠣᠰᠬᠤᠨ ᠵᠡᠷᠭᠡ ᠲᠥᠷᠥᠯ ᠵᠦᠢᠯ ᠢ ᠠᠵᠢᠯ ᠡᠬᠢᠯᠡᠭᠦᠯᠵᠦ᠂ ᠠᠮᠢ ᠠᠬᠤᠢ ᠶᠢᠨ ᠲᠠᠷᠢᠶᠠᠯᠠᠩ᠂ ᠲᠣᠭᠤᠷᠢᠨ ᠦᠵᠡᠬᠦ ᠲᠠᠷᠢᠶᠠᠯᠠᠩ᠂ ᠲᠡᠭᠦᠬᠦ ᠲᠠᠷᠢᠶᠠᠯᠠᠩ᠂ ᠵᠠᠬᠢᠶᠠᠯᠠᠭᠠᠲᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠰᠢᠶᠠᠩ ᠲᠣᠰᠬᠤᠨ ᠤ ᠵᠢᠭᠤᠯᠴᠢᠯᠠᠯ᠂ ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ᠂ ᠰᠣᠶᠣᠯ ᠰᠡᠯᠡᠭᠦᠴᠡᠯ ᠪᠠᠷ ᠭᠤᠣᠯ ᠪᠣᠯᠭᠠᠭᠰᠠᠨ ᠬᠤᠳᠠ ᠶᠢᠨ ᠲᠡᠭᠦᠷᠭᠡ ᠶᠢᠨ ᠬᠡᠯᠪᠡᠷᠳᠦ ᠰᠢᠶᠠᠩ ᠲᠣᠰᠬᠤᠨ ᠬᠦᠭᠵᠢᠭᠰᠡᠨ ᠰᠢᠨ᠎ᠡ ᠪᠦᠳᠦᠴᠡ ᠶᠢ ᠬᠦᠴᠦᠯᠡᠨ ᠪᠠᠶᠢᠭᠤᠯᠤᠨ᠎ᠠ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠣᠨ᠎ᠠ᠃ 25 ᠵᠠᠰᠠᠭ ᠵᠠᠬᠢᠷᠭᠠᠨ ᠤ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠲᠣᠭᠲᠠᠭᠠᠵᠤ᠂ ᠮᠠᠯ ᠵᠢᠭᠦᠷᠲᠡᠨ ᠤ ᠪᠠᠭᠠᠰᠤ ᠪᠤᠵᠠᠷᠲᠤᠯ ᠢ ᠡᠬᠢ ᠪᠠᠶᠠᠯᠢᠭ ᠪᠣᠯᠭᠠᠨ ᠠᠰᠢᠭᠯᠠᠬᠤ ᠢᠨᠵᠧᠨᠧᠷᠢᠩ ᠢ ᠪᠥᠬᠦ ᠲᠠᠯ᠎ᠠ ᠪᠠᠷ ᠪᠡᠶᠡᠯᠡᠭᠦᠯᠦᠨ᠎ᠡ᠂ ᠱᠧᠩ ᠵᠢᠶᠠ ᠶᠢᠩ ᠪᠤᠵᠠᠷ ᠤᠰᠤ ᠶᠢ ᠰᠢᠢᠳᠪᠦᠷᠢᠯᠡᠬᠦ ᠦᠢᠯᠡᠳᠪᠦᠷᠢ ᠪᠠ  ᠨᠠᠷᠠᠰᠤᠨ ᠭᠤᠤᠯ ᠵᠡᠷᠭᠡ 13 ᠠᠶᠢᠯ ᠲᠣᠰᠬᠤᠨ ᠤ ᠪᠤᠵᠠᠷ ᠤᠰᠤ ᠶᠢ ᠵᠠᠰᠠᠬᠤ ᠢᠨᠵᠧᠨᠧᠷᠢᠩ᠂ 1000 ᠡᠷᠦᠬᠡ ᠶᠢᠨ ᠵᠣᠷᠯᠣᠩ ᠢ ᠦᠭᠡᠷᠴᠢᠯᠡᠨ ᠪᠠᠶᠢᠭᠤᠯᠵᠤ᠂ 4 ᠵᠤᠷᠪᠤᠰ ᠵᠠᠰᠠᠮᠠᠯ ᠵᠠᠮ᠂ 53 ᠺᠢᠯᠣᠮᠧᠲᠷ ᠤᠨ ᠬᠦᠳᠡᠭᠡ ᠲᠣᠰᠬᠤᠨ ᠤ ᠰᠢᠨ᠎ᠡ ᠵᠠᠮ ᠢ ᠦᠷᠭᠦᠯᠵᠢᠯᠡᠨ ᠵᠠᠰᠠᠵᠣ᠂ ᠬᠤᠸᠠᠩ ᠎ ᠲᠤ ᠴᠠᠩ ᠵᠡᠷᠭᠡ 13 ᠵᠠᠰᠠᠭ ᠵᠠᠬᠢᠷᠭᠠᠨ ᠤ ᠲᠣᠰᠬᠤᠨ᠂ 71 ᠠᠶᠢᠯ ᠲᠣᠰᠬᠤᠨ ᠤ ᠨᠣᠭᠤᠭᠠᠷᠠᠭᠤᠯᠣᠯᠳᠠ ᠢᠨᠵᠧᠨ᠋ᠷᠢᠭ ᠢ ᠪᠡᠶᠡᠯᠡᠭᠦᠯᠵᠦ᠂ ᠰᠢᠶᠠᠩ ᠲᠣᠰᠬᠤᠨ ᠤ ᠠᠮᠢ ᠠᠬᠤᠢ ᠶᠢᠨ ᠭᠤᠶᠣ ᠰᠠᠶᠢᠬᠠᠨ ᠣᠷᠣᠨ ᠰᠠᠭᠤᠴᠠ ᠶᠢ ᠪᠠᠶᠢᠭᠤᠯᠣᠨ᠎ᠠ᠃ ᠬᠥᠳᠡᠭᠡ ᠲᠣᠰᠬᠤᠨ ᠤ ᠡᠯ᠎ᠡ ᠬᠦᠷᠢᠶᠡᠨ ᠳᠠᠬᠢ ᠥᠭᠡᠷᠡᠴᠢᠯᠡᠯᠲᠡ ᠶᠢ ᠬᠦᠴᠦᠯᠡᠨ ᠭᠦᠨᠵᠡᠭᠡᠶᠢᠷᠡᠭᠦᠯᠦᠨ᠎ᠡ᠃ ᠭᠠᠵᠠᠷ ᠰᠢᠷᠣᠢ ᠶᠢᠨ ᠡᠷᠬᠡ ᠶᠢ ᠲᠣᠳᠣᠯᠠᠨ ᠲᠣᠭᠲᠠᠭᠠᠭᠰᠠᠨ ᠦᠷ᠎ᠡ ᠪᠦᠲᠦᠭᠡᠯ ᠢ ᠭᠦᠢᠴᠡᠳ ᠠᠰᠢᠭᠯᠠᠵᠤ᠂ ᠬᠥᠳᠡᠭᠡ ᠲᠣᠰᠬᠤᠨ ᠤ ᠭᠠᠵᠠᠷ ᠰᠢᠷᠣᠢ ᠶᠢᠨ ᠥᠮᠴᠢᠯᠡᠯ ᠤᠨ ᠡᠷᠬᠡ᠂ ᠳᠠᠭᠠᠭᠠᠴᠢᠯᠠᠯᠲᠠ ᠶᠢᠨ ᠡᠷᠬᠡ᠂ ᠡᠵᠡᠩᠨᠡᠯᠲᠡ ᠶᠢᠨ ᠡᠷᠬᠡ ᠶᠢ ᠰᠠᠯᠭᠠᠨ ᠲᠣᠬᠢᠷᠠᠭᠤᠯᠵᠤ᠂ ᠡᠵᠡᠩᠨᠡᠯᠲᠡ ᠶᠢᠨ ᠡᠷᠬᠡ ᠶᠢ ᠡᠷᠭᠢᠯᠳᠦᠭᠦᠯᠬᠦ ᠪᠠ ᠪᠠᠷᠢᠴᠠᠭᠠᠯᠠᠬᠤ ᠬᠠᠮᠢᠶ᠎ᠠ ᠪᠦᠬᠦᠢ ᠳᠦᠷᠢᠮ ᠢ ᠪᠦᠷᠢᠨᠰᠢᠭᠦᠯᠦᠨ ᠬᠥᠳᠡᠭᠡ ᠲᠣᠰᠬᠤᠨ ᠤ ᠭᠠᠵᠠᠷ ᠰᠢᠷᠣᠢ ᠶᠢᠨ ᠡᠵᠡᠩᠨᠡᠯᠲᠡ ᠶᠢᠨ ᠡᠷᠬᠡ ᠶᠢ ᠡᠮᠬᠢ ᠵᠢᠷᠤᠮ ᠲᠠᠢ ᠪᠠᠷ ᠵᠢᠷᠤᠮᠵᠢᠭᠤᠯᠤᠨ ᠡᠷᠭᠢᠯᠳᠦᠭᠦᠯᠬᠦ ᠶᠢ ᠠᠬᠢᠭᠤᠯᠤᠨ᠎ᠠ᠃ ᠭᠡᠷ ᠪᠠᠶᠢᠰᠢᠩ ᠭᠠᠵᠠᠷ ᠰᠢᠷᠣᠢ ᠶᠢ ᠨᠢᠭᠡ ᠴᠣᠭᠴᠠᠵᠢᠭᠤᠯᠤᠭᠰᠠᠨ ᠣᠷᠣᠨ ᠰᠠᠭᠤᠴᠠ ᠶᠢᠨ ᠰᠠᠭᠤᠷᠢ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠬᠦ ᠳᠦᠷᠢᠮ ᠢ ᠰᠦᠪᠡᠭᠴᠢᠯᠡᠨ ᠪᠠᠶᠢᠭᠤᠯᠵᠤ᠂ ᠰᠤᠯᠠ ᠲᠠᠯᠪᠢᠵᠤ ᠪᠠᠶᠢᠭ᠎ᠠ ᠬᠥᠳᠡᠭᠡ ᠲᠣᠰᠬᠤᠨ ᠤ ᠭᠡᠷ ᠪᠠᠶᠢᠰᠢᠩ ᠢ ᠪᠦᠲᠦᠮᠵᠢᠲᠡᠢ ᠬᠥᠭᠵᠢᠭᠡᠨ᠂ ᠮᠠᠨ ᠤ ᠲᠣᠭᠤᠷᠢᠭ ᠤᠨ ᠬᠥᠳᠡᠭᠡ ᠠᠶᠢᠯ ᠤᠨ ᠵᠤᠭᠠᠴᠠᠯ᠂ ᠠᠷᠠᠳ ᠤᠨ ᠬᠤᠨᠤᠭ ᠤᠨ ᠠᠵᠤ ᠦᠢᠯᠡᠰ ᠵᠡᠷᠭᠡ ᠬᠥᠳᠡᠭᠡ ᠲᠣᠰᠬᠤᠨ ᠤ ᠵᠢᠭᠤᠯᠴᠢᠯᠠᠯ ᠤᠨ ᠬᠥᠭᠵᠢᠯᠲᠡ ᠳᠤ ᠰᠠᠭᠤᠷᠢ ᠲᠠᠯᠪᠢᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠦᠷ᠎ᠡ ᠪᠦᠲᠦᠮᠵᠢ ᠪᠠᠨ ᠬᠦᠴᠦ ᠣᠷᠣᠭᠤᠯᠤᠨ ᠪᠠᠬᠢᠵᠢᠭᠦᠯᠦᠨ᠎ᠡ᠃ ︽ᠳᠥᠷᠪᠡ ᠶᠢ ᠦᠯᠦ ᠬᠠᠶᠠᠬᠤ︾᠎ ᠶᠢ ᠠᠯᠳᠠᠯ ᠦᠭᠡᠢ ᠠᠩᠬᠠᠷᠴᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠥᠨ ᠶᠠᠳᠠᠭᠤ ᠶᠢ ᠲᠡᠳᠬᠦᠬᠦ ᠲᠥᠷᠥᠯ ᠵᠦᠢᠯ ᠪᠠ ᠠᠵᠤ ᠦᠢᠯᠡᠰ ᠤᠨ ᠦᠷ᠎ᠡ ᠠᠰᠢᠭ ᠢ ᠦᠷᠭᠦᠯᠵᠢᠯᠡᠨ ᠪᠠᠳᠠᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠲᠣᠭᠲᠠᠭᠤᠨ ᠪᠤᠰᠤ ᠡᠷᠦᠬᠡ ᠪᠠ ᠬᠥᠪᠡᠭᠡ ᠵᠠᠬ᠎ᠠ ᠶᠢᠨ ᠡᠷᠦᠬᠡ ᠶᠢ ᠬᠢᠨᠠᠨ ᠬᠡᠮᠵᠢᠵᠦ ᠰᠡᠷᠡᠮᠵᠢᠯᠡᠭᠦᠯᠬᠦ ᠪᠠ ᠬᠥᠳᠡᠯᠦᠩᠭᠦᠢ ᠬᠠᠪᠰᠤᠷᠤᠨ ᠲᠡᠳᠬᠦᠵᠦ ᠪᠠᠶᠢᠭᠠᠳ ᠶᠠᠳᠠᠭᠤ ᠠᠴᠠ ᠠᠩᠭᠢᠵᠢᠷᠠᠭᠤᠯᠬᠤ ᠣᠯᠠᠨ ᠲᠦᠮᠡᠨ ᠤ ᠦᠷᠭᠦᠯᠵᠢᠯᠡᠨ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠠ ᠳᠠᠬᠢᠨ ᠶᠠᠳᠠᠭᠤᠷᠠᠬᠤ ᠦᠭᠡᠢ ᠪᠠᠶᠢᠬᠤ ᠶᠢ ᠦᠨᠡᠨᠬᠦ ᠪᠠᠲᠤᠯᠠᠨ᠎ᠠ᠃           ︵ᠭᠤᠷᠪᠠ︶ ᠬᠤᠲᠠ ᠶᠢᠨ ᠰᠢᠨᠡᠳᠬᠡᠬᠦ ᠠᠵᠢᠯᠯᠠᠭ᠎ᠠ ᠶᠢ ᠭᠤᠣᠯᠳᠠᠭᠤ ᠬᠤᠲᠠ ᠶᠢᠨ ᠴᠢᠳᠠᠪᠬᠢ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠰᠢᠨ᠎ᠡ ᠳᠠᠪᠠᠯᠲᠠ ᠲᠠᠢ ᠪᠣᠯᠭᠠᠨ᠎ᠠ᠃ ︽ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠲᠥᠪ ᠬᠤᠲᠠ ᠲᠣᠭᠤᠷᠢᠭ ᠪᠠᠶᠢᠭᠤᠯᠬᠤ︾ ᠪᠦᠲᠦᠭᠡᠨ ᠪᠠᠶᠢᠭᠤᠯᠤᠯᠲᠠ ᠶᠢᠨ ᠵᠣᠷᠢᠯᠲᠠ ᠪᠠᠷ᠂ ᠬᠤᠲᠠ ᠶᠢᠨ ᠥᠩᠭᠡ ᠶᠢᠨ ᠬᠡᠮᠵᠢᠶ᠎ᠡ ᠶᠢ ᠬᠦᠴᠦᠯᠡᠨ ᠳᠡᠭᠡᠭᠰᠢᠯᠡᠭᠦᠯᠵᠦ᠂ ᠬᠤᠲᠠ ᠶᠢᠨ ᠨᠡᠷ᠎ᠡ ᠶᠢᠨ ᠬᠠᠭᠤᠳᠠᠰᠤ ᠶᠢ ᠭᠡᠷᠡᠯᠲᠦᠭᠦᠯᠦᠨ᠎ᠡ᠃ ᠬᠤᠲᠠ ᠶᠢᠨ ᠴᠢᠳᠠᠪᠬᠢ ᠶᠢ ᠴᠢᠨᠠᠭᠰᠢᠳᠠ ᠡᠷᠴᠢᠮᠵᠢᠭᠦᠯᠦᠨ᠎ᠡ᠃ ᠰᠢᠨ᠎ᠡ ᠨᠢᠭᠡ ᠡᠭᠡᠯᠵᠢ ᠶᠢᠨ ᠬᠤᠲᠠ ᠶᠢᠨ ᠶᠡᠷᠦᠩᠬᠡᠢ ᠲᠦᠯᠦᠪᠵᠢᠭᠦᠯᠭᠡ᠂ ᠲᠦᠯᠦᠪᠵᠢᠭᠦᠯᠭᠡ ᠶᠢ ᠡᠵᠡᠮᠳᠡᠵᠣ᠂ ᠨᠠᠶᠢᠷᠠᠭᠤᠯᠬᠤ ᠠᠵᠢᠯ ᠢ ᠥᠨᠳᠥᠷ ᠪᠠᠷᠢᠮᠵᠢᠶ᠎ᠠ ᠪᠠᠷ ᠪᠡᠶᠡᠯᠡᠭᠦᠯᠵᠦ᠂ ᠡᠷᠴᠢᠮᠯᠢᠭ ᠠᠪᠰᠠᠷᠬᠠᠨ᠂ ᠨᠢᠭᠲᠠᠴᠠ ᠲᠠᠢ ᠣᠷᠣᠨ ᠵᠠᠢ ᠶᠢᠨ ᠪᠠᠶᠢᠷᠢᠰᠢᠯ ᠢ ᠦᠨᠡᠨᠬᠦ ᠪᠦᠷᠢᠯᠳᠦᠭᠦᠯᠦᠨ᠎ᠡ᠃ ᠵᠠᠮ ᠬᠠᠷᠢᠯᠴᠠᠭ᠎ᠠ᠂ ᠤᠰᠤ ᠴᠠᠬᠢᠯᠭᠠᠨ᠂ ᠬᠡᠢ᠂ ᠳᠤᠯᠠᠭᠠᠯᠠᠮᠵᠢ ᠵᠡᠷᠭᠡ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠯᠡᠵᠦ ᠲᠦᠯᠬᠢᠨ ᠠᠬᠢᠭᠤᠯᠵᠣ᠂ ᠵᠢᠩ ᠬᠤᠩ ᠬᠤᠶᠢᠳᠣ ᠵᠠᠮ ᠵᠡᠷᠭᠡ 25 ᠵᠤᠷᠪᠤᠰ ᠵᠠᠮ ᠢ ᠰᠢᠨ᠎ᠡ ᠪᠠᠷ ᠦᠷᠭᠦᠯᠵᠢᠯᠡᠨ ᠪᠠᠶᠢᠭᠤᠯᠬᠤ ᠵᠢᠴᠢ 36 ᠺᠢᠯᠣᠮᠧᠲᠷ ᠬᠤᠭᠤᠯᠠᠢ ᠲᠣᠣᠷ ᠤᠨ ᠢᠨᠵᠧᠨᠧᠷᠢᠩ᠂ ᠤᠯᠠᠭᠠᠨᠴᠠᠪ ᠤᠨ ᠪᠠᠴᠢᠮ ᠪᠠᠶᠢᠳᠠᠯ ᠢ ᠠᠷᠭᠠᠴᠠᠬᠤ ᠤᠰᠤ ᠲᠠᠲᠠᠬᠤ ᠢᠨᠵᠧᠨᠧᠷᠢᠩ ᠢ ᠵᠣᠬᠢᠴᠠᠭᠤᠯᠤᠨ ᠠᠬᠢᠭᠤᠯᠵᠤ᠂ ᠮᠠ ᠯᠢᠶᠠᠨ ᠲᠠᠨ ᠤᠰᠤᠨ ᠤ ᠰᠤᠷᠪᠤᠯᠵᠢ᠂ ᠬᠤᠩ ᠬᠠᠢ ᠽᠢ ᠤᠰᠤᠨ ᠤ ᠦᠢᠯᠡᠳᠪᠦᠷᠢ ᠵᠢᠴᠢ ᠨᠢᠭᠡᠳᠦᠭᠡᠷ᠂ ᠬᠤᠶᠠᠳᠤᠭᠠᠷ ᠤᠰᠤᠨ ᠤ ᠦᠢᠯᠡᠳᠪᠦᠷᠢ ᠶᠢᠨ ᠬᠤᠭᠤᠯᠠᠢ ᠶᠢ ᠬᠤᠯᠪᠣᠨ ᠂ ᠰᠢᠨᠬᠤᠸ᠋ᠨ ᠵᠡᠭᠡᠯᠢ ᠶᠢᠨ ᠣᠰᠣᠨ ᠤ ᠦᠢᠯᠡᠳᠪᠦᠷᠢ ᠶᠢ ᠪᠠᠶᠢᠭᠤᠯᠵᠣ᠂ ᠪᠦᠬᠦ ᠲᠣᠭᠤᠷᠢᠭ ᠤᠨ ᠤᠰᠤ ᠬᠠᠩᠭᠠᠬᠤ ᠬᠤᠭᠤᠯᠠᠢ ᠶᠢ ᠬᠠᠷᠢᠯᠴᠠᠨ ᠬᠤᠯᠪᠣᠵᠣ ᠨᠡᠪᠳᠡᠷᠡᠭᠦᠯᠦᠨ᠂ ᠲᠥᠪ ᠬᠤᠳᠠ ᠲᠣᠭᠤᠷᠢᠭ ᠤᠨ ᠤᠰᠤ ᠬᠡᠷᠡᠭᠯᠡᠬᠦ ᠠᠮᠣᠷ ᠲᠦᠪᠰᠢᠨ ᠢ ᠪᠠᠳᠣᠯᠠᠨ᠎ᠠ᠃ ᠶᠦᠩ ᠠᠨ᠂ ᠲᠥᠪ ᠵᠡᠷᠭᠡ ᠵᠢᠷᠭᠤᠭᠠᠨ 110 KV ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠲᠥᠪ ᠬᠤᠲᠠ ᠲᠣᠭᠤᠷᠢᠭ ᠤᠨ ᠴᠠᠬᠢᠯᠭᠠᠨ ᠤ ᠠᠶᠤᠯᠭᠦᠢ ᠶᠢ ᠪᠠᠲᠤᠯᠠᠨ᠎ᠠ  ᠃  ᠳᠤᠮᠳᠠᠳᠤ ᠤᠯᠤᠰ ᠤᠨ ᠰᠢᠲᠠᠮᠠᠬᠠᠢ ᠬᠡᠢ᠂ ᠲᠢᠶᠠᠨᠵᠢᠨ ᠤ ᠰᠢᠲᠠᠮᠠᠬᠠᠢ ᠬᠡᠢ ᠶᠢᠨ ᠺᠣᠮᠫᠠᠨᠢ ᠲᠠᠢ ᠬᠠᠮᠵᠢᠯᠴᠠᠬᠤ ᠬᠦᠴᠦᠯᠡᠴᠡ ᠪᠠᠨ ᠨᠡᠮᠡᠭᠳᠡᠭᠦᠯᠵᠦ᠂ ᠭᠤᠣᠯ ᠬᠤᠲᠠ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠢ ᠬᠡᠢ ᠶᠢ ᠡᠷᠦᠬᠡ ᠳᠤ ᠣᠷᠣᠭᠤᠯᠬᠤ ᠨᠣᠷᠮ᠎ᠠ ᠶᠢ 55%᠎ ᠳᠤ ᠬᠦᠷᠭᠡᠨ᠎ᠡ᠃ ᠵᠢᠩ ᠨᠢᠩ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠴᠠᠬᠠᠷ᠂ ᠬᠤᠲᠠ ᠬᠥᠳᠡᠭᠡ ᠶᠢᠨ ᠨᠢᠭᠡᠳᠦᠯᠲᠡᠢ ᠢᠯᠴᠢ ᠶᠢᠨ ᠡᠨᠧᠷᠭᠢ ᠶᠢᠨ ᠦᠢᠯᠡᠳᠪᠦᠷᠢ ᠶᠢ ᠥᠷᠭᠡᠳᠬᠡᠨ ᠪᠠᠶᠢᠭᠤᠯᠵᠤ᠂ ᠢᠯᠴᠢ ᠰᠣᠯᠢᠬᠤ ᠥᠷᠲᠡᠭᠡᠨ ᠤ ᠥᠪᠡᠷ ᠢᠶᠠᠨ ᠡᠵᠡᠮᠰᠢᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠣᠭᠲᠠᠭᠤᠨ ᠢᠶᠠᠷ ᠲᠦᠯᠬᠢᠨ ᠠᠬᠢᠭᠤᠯᠵᠣ᠂ ᠲᠥᠪ ᠬᠤᠳᠠ ᠲᠣᠭᠤᠷᠢᠭ ᠤᠨ ᠲᠣᠯᠠᠭᠠᠴᠠᠯᠭ᠎ᠠ ᠬᠠᠩᠭᠠᠬᠤ ᠶᠢ ᠪᠠᠳᠣᠯᠠᠨ᠎ᠠ᠃ ᠬᠤᠲᠠ ᠶᠢᠨ ᠳᠦᠷᠢ ᠲᠥᠷᠬᠦ ᠶᠢ ᠴᠢᠨᠠᠭᠰᠢᠳᠠ ᠳᠡᠭᠡᠭᠰᠢᠯᠡᠭᠦᠯᠦᠨ᠎ᠡ᠃ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠳᠠᠬᠢᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠵᠤ᠂ ᠪᠥᠬᠦ ᠤᠯᠤᠰ ᠤᠨ ᠰᠢᠨ᠎ᠡ ᠨᠢᠭᠡ ᠡᠭᠡᠯᠵᠢ ᠶᠢᠨ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠵᠦ᠂ ᠣᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠪᠠᠷ ᠭᠠᠷᠳᠠᠴᠠ ᠪᠣᠯᠭᠠᠵᠤ᠂ ᠲᠣᠭᠠᠴᠢᠯᠠᠭᠰᠠᠨ᠂ ᠰᠦᠯᠵᠢᠶᠡᠵᠢᠯᠲᠡ᠂ ᠣᠶᠤᠨᠴᠢᠯᠠᠭᠰᠠᠨ ᠮᠡᠷᠭᠡᠵᠢᠯ ᠨᠢ ᠬᠤᠲᠠ ᠶᠢᠨ ᠨᠠᠷᠢᠯᠢᠭ ᠬᠠᠮᠢᠶᠠᠷᠤᠯᠲᠠ ᠳᠤ ᠪᠦᠬᠦ ᠲᠠᠯ᠎ᠠ ᠶᠢᠨ ᠴᠢᠳᠠᠪᠬᠢ ᠶᠢ ᠣᠯᠭᠤᠵᠠᠢ᠃ ᠬᠤᠲᠠ ᠶᠢᠨ ᠳᠦᠷᠢ ᠲᠥᠷᠬᠦ ᠶᠢ ᠴᠡᠭᠴᠡᠯᠡᠨ ᠵᠠᠰᠠᠬᠤ ᠠᠵᠢᠯ ᠢ ᠭᠦᠨᠵᠡᠭᠡᠢ ᠥᠷᠨᠢᠭᠦᠯᠵᠦ᠂ ᠬᠤᠲᠠ ᠶᠢᠨ ︽ᠠᠷᠪᠠᠨ ᠰᠠᠮᠠᠭᠤᠷᠠᠯ︾᠎ ᠢ ᠲᠤᠶᠢᠯᠪᠤᠷᠢᠲᠠᠢ ᠴᠡᠪᠡᠷᠯᠡᠨ ᠠᠷᠢᠯᠭᠠᠵᠤ᠂ 16 ᠰᠠᠭᠤᠷᠢ ︽ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡᠨ ᠤ ᠠᠷᠠᠯ︾ ᠵᠡᠷᠭᠡ ᠶᠢ ᠰᠢᠨ᠎ᠡ ᠢᠶᠠᠷ ᠪᠠᠶᠢᠭᠤᠯᠵᠣ᠂ ᠣᠷᠴᠢᠨ ᠲᠣᠭᠤᠷᠢᠨ ᠢ ᠬᠠᠮᠠᠭᠠᠯᠠᠬᠤ ᠨᠡᠶᠢᠲᠡ ᠶᠢᠨ ᠵᠣᠷᠯᠣᠩ 24᠎ ᠢ ᠬᠤᠳᠠᠯᠳᠣᠨ ᠠᠪᠣᠨ᠎ᠠ᠃ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠠᠩᠬᠢᠯᠠᠬᠤ ᠶᠢ ᠡᠮᠬᠢ ᠳᠠᠷᠠᠭᠠᠯᠠᠯ ᠲᠠᠢ ᠠᠬᠢᠭᠤᠯᠵᠤ᠂ ᠵᠢᠯ ᠤᠨ ᠳᠣᠲᠣᠷ᠎ᠠ ᠣᠯᠠᠨ ᠨᠡᠶᠢᠲᠡ ᠶᠢᠨ ᠪᠠᠶᠢᠭᠤᠯᠤᠮᠵᠢ ᠶᠢᠨ ᠬᠤᠭ ᠨᠣᠪᠰᠢ ᠠᠩᠬᠢᠯᠠᠬᠤ ᠶᠢ ᠪᠦᠷᠬᠦᠭᠦᠯᠬᠦ ᠪᠠᠷ ᠴᠢᠷᠮᠠᠶᠢᠨ᠎ᠠ᠃ ᠬᠤᠲᠠ ᠶᠢᠨ ᠠᠷᠠᠳ ᠤᠨ ᠰᠡᠳᠬᠢᠯ ᠳᠤ ᠬᠠᠨᠤᠮᠵᠢᠲᠠᠢ ᠪᠠᠶᠢᠬᠤ ᠬᠡᠮᠵᠢᠶ᠎ᠡ ᠶᠢ ᠴᠢᠨᠠᠭᠰᠢᠳᠠ ᠳᠡᠭᠡᠭᠰᠢᠯᠡᠭᠦᠯᠦᠨ᠎ᠡ᠃ ᠰᠢᠨ ᠱᠠᠩ ᠭᠡᠷ ᠣᠷᠣᠨ ᠵᠡᠷᠭᠡ ᠵᠢᠷᠭᠤᠭᠠᠨ ᠲᠥᠪᠬᠢᠨᠡᠭᠦᠯᠬᠦ ᠰᠠᠭᠤᠭᠠᠯᠢ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠵᠢᠷᠠᠨ ᠨᠢᠭᠡᠨ᠂ 53.8 ᠲᠦᠮᠡᠨ ᠲᠡᠭᠰᠢ ᠳᠥᠷᠪᠡᠯᠵᠢᠨ  ᠮᠧᠲᠷ ᠤᠨ ᠬᠠᠭᠤᠴᠢᠨ ᠰᠠᠭᠤᠭᠠᠯᠢ ᠲᠣᠭᠤᠷᠢᠭ ᠪᠠ 1012 ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠡᠬᠢᠯᠡᠭᠦᠯᠦᠨ᠎ᠡ︔ ︽ᠣᠷᠣᠨ ᠰᠠᠭᠤᠴᠠ ᠪᠠᠨ ᠠᠷᠠᠯᠵᠢᠶᠠᠯᠠᠬᠤ ᠦᠭᠡᠢ︾᠎ ᠶᠢ ᠪᠠᠷᠢᠮᠳᠠᠯᠠᠵᠣ᠂ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠯᠲᠡ ᠶᠢᠨ ᠬᠦᠷᠢᠶ᠎ᠡ ᠴᠠᠷ᠎ᠠ ᠶᠢ ᠴᠡᠭᠴᠡᠯᠡᠨ ᠵᠠᠰᠠᠬᠤ ᠬᠦᠴᠦᠯᠡᠴᠡ ᠪᠠᠨ ᠦᠷᠭᠦᠯᠵᠢᠯᠡᠨ ᠨᠡᠮᠡᠭᠳᠡᠭᠦᠯᠵᠦ᠂ ᠵᠢᠯ ᠤᠨ ᠳᠣᠲᠣᠷ᠎ᠠ ︽ᠦᠨᠡᠮᠯᠡᠯ ᠠᠪᠬᠤ ᠳᠤ ᠬᠦᠴᠢᠷ︾ ᠂ ︽ᠪᠤᠴᠠᠭᠠᠨ ᠨᠡᠭᠦᠯᠭᠡᠬᠦ ᠳᠤ ᠬᠦᠴᠢᠷ︾᠂ ︽ᠣᠷᠣᠵᠤ ᠰᠠᠭᠤᠬᠤ ᠳᠤ ᠬᠦᠴᠢᠷ︾ ᠵᠡᠷᠭᠡ ᠲᠡᠦᠬᠡᠨ ᠠᠴᠠ ᠦᠯᠡᠳᠡᠭᠳᠡᠭᠰᠡᠨ ᠠᠰᠠᠭᠤᠳᠠᠯ ᠢ ᠦᠨᠳᠦᠰᠦᠨ ᠳᠡᠭᠡᠨ ᠰᠢᠢᠳᠪᠦᠷᠢᠯᠡᠬᠦ ᠪᠠᠷ ᠴᠢᠷᠮᠠᠶᠢᠨ᠎ᠠ᠃ ᠨᠠᠷᠠᠰᠤᠨ ᠠᠷᠢᠬᠢᠨ ᠤ ᠰᠣᠶᠣᠯ ᠤᠨ ᠴᠡᠴᠡᠷᠯᠢᠭ᠂ ᠠᠨ ᠵᠢᠦᠢ ᠠᠭᠤᠳᠠᠮ ᠲᠠᠯᠠᠪᠠᠢ ᠵᠡᠷᠭᠡ ᠴᠡᠴᠡᠷᠯᠢᠭ ᠤᠨ ᠠᠭᠤᠳᠠᠮ ᠲᠠᠯᠠᠪᠠᠢ ᠶᠢ 4᠂ ᠲᠡᠷᠭᠡ ᠵᠣᠭᠰᠣᠬᠤ ᠲᠠᠯᠠᠪᠠᠢ ᠶᠢ 28᠂ ᠴᠠᠬᠢᠯᠭᠠᠨ ᠴᠡᠨᠡᠭᠯᠡᠬᠦ ᠭᠠᠵᠠᠷ ᠢ 80᠂ ᠲᠡᠷᠭᠡ ᠵᠣᠭᠰᠣᠬᠤ ᠵᠣᠭᠰᠣᠭᠠᠯ 8932᠂ ᠨᠡᠶᠢᠲᠡ ᠶᠢᠨ ᠮᠠᠰᠢᠨ ᠲᠡᠷᠭᠡᠨ ᠤ ᠥᠷᠲᠡᠭᠡ ᠴᠢᠭ 30᠎ ᠶᠢ ᠰᠢᠨ᠎ᠡ ᠪᠠᠷ ᠪᠠᠶᠢᠭᠤᠯᠵᠣ᠂ ᠨᠡᠶᠢᠲᠡ ᠶᠢᠨ ᠮᠠᠰᠢᠨ ᠲᠡᠷᠭᠡ ᠬᠦᠯᠢᠶᠡᠬᠦ ᠲᠢᠩᠬᠢᠮ ᠳᠤ 500 ᠰᠠᠭᠤᠳᠠᠯ ᠢ ᠰᠣᠯᠢᠨ᠂ ᠨᠡᠶᠢᠲᠡ ᠶᠢᠨ ᠮᠠᠰᠢᠨ ᠲᠡᠷᠭᠡᠨ ᠤ ᠣᠶᠤᠨᠲᠤ ᠲᠣᠬᠢᠷᠠᠭᠤᠯᠤᠨ ᠵᠢᠯᠣᠭᠤᠳᠬᠤ ᠲᠥᠪ ᠢ ᠡᠬᠢᠯᠡᠭᠦᠯᠦᠨ ᠪᠠᠶᠢᠭᠤᠯᠣᠨ᠎ᠠ᠃ ᠠᠳᠠᠯ ᠠᠬᠤᠢ ᠶᠢᠨ ᠦᠢᠯᠡᠴᠢᠯᠡᠭᠡᠨ ᠤ ᠬᠢᠷᠢ ᠲᠦᠪᠰᠢᠨ ᠢ ᠪᠥᠬᠦ ᠬᠦᠴᠦᠨ ᠢᠶᠠᠷ ᠳᠡᠭᠡᠭᠰᠢᠯᠡᠭᠦᠯᠵᠦ᠂ ᠠᠳᠠᠯ ᠠᠬᠤᠢ ᠶᠢᠨ ᠬᠠᠮᠢᠶᠠᠷᠤᠯᠲᠠ ᠶᠢᠨ ᠪᠦᠷᠬᠦᠯᠲᠡ ᠶᠢᠨ ᠨᠣᠷᠮ᠎ᠠ ᠶᠢ 80%᠎ ᠠᠴᠠ ᠳᠡᠭᠡᠭᠰᠢ ᠬᠦᠷᠭᠡᠬᠦ ᠪᠠᠷ ᠴᠢᠷᠮᠠᠶᠢᠨ᠎ᠠ᠃         ︵ᠳᠥᠷᠪᠡ︶ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠳᠤ ᠠᠩᠬᠠᠷᠤᠯ ᠢᠶᠠᠨ ᠲᠥᠪᠯᠡᠷᠡᠭᠦᠯᠵᠦ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠡᠭᠡᠷ᠎ᠡ ᠰᠢᠨ᠎ᠡ ᠰᠢᠪᠲᠤᠯᠤᠯᠲᠠ ᠭᠠᠷᠭᠠᠨ᠎ᠠ᠃ ᠬᠤᠳᠠᠯᠳᠤᠭ᠎ᠠ  ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠭᠤᠣᠯᠳᠠᠯᠭ᠎ᠠ ᠪᠣᠯᠭᠠᠭᠰᠠᠨ ᠡᠷᠡᠰ ᠰᠢᠭᠤᠷᠬᠠᠢ ᠪᠠᠷ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠣ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠣᠷᠢᠵᠢᠭᠤᠯᠣᠨ᠎ᠠ᠃ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠨᠡᠩ ᠡᠷᠴᠢᠮᠲᠡᠢ ᠰᠢᠯᠢᠳᠡᠭᠵᠢᠭᠦᠯᠦᠨ᠎ᠡ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠣᠯ ᠰᠢᠵᠢᠮ ᠪᠣᠯᠭᠠᠵᠤ᠂ ︽120︾᠂ ︽112︾᠎ ᠤ ︽345︾᠎ ᠤ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠤᠨ᠎ᠠ᠃ ᠮᠠᠲ᠋ᠧᠷᠢᠶᠠᠯ ᠢ ᠴᠥᠭᠡᠳᠬᠡᠨ᠂ ᠦᠨᠡᠮᠯᠡᠯ ᠬᠠᠰᠤᠬᠤ ᠥᠭᠡᠷᠡᠴᠢᠯᠡᠯᠲᠡ ᠶᠢ ᠦᠩᠭᠡᠷᠡᠭᠰᠡᠨ ᠵᠢᠯ ᠤᠨ ᠭᠡᠷᠡᠴᠢ ᠮᠠᠲ᠋ᠤᠷᠢᠶᠡᠯ ᠢ 30%᠎ ᠪᠠᠷ ᠴᠣᠮᠬᠠᠳᠬᠠᠭᠰᠠᠨ ᠰᠠᠭᠤᠷᠢᠨ ᠳᠡᠭᠡᠷ᠎ᠡ ᠲᠠᠬᠢᠨ 30᠎ %᠎ ᠶᠢ ᠴᠣᠮᠬᠠᠳᠬᠠᠵᠤ᠂ ︽ᠲᠣᠳᠣᠷᠬᠠᠢ ᠬᠠᠭᠤᠳᠠᠰᠤ ᠠᠴᠠ ᠭᠠᠳᠠᠭᠤᠷ ᠭᠡᠷᠡᠴᠢ ᠦᠭᠡᠢ︾ ᠪᠣᠯᠭᠠᠬᠤ ᠶᠢ ᠬᠡᠷᠡᠭᠵᠢᠭᠦᠯᠦᠨ᠎ᠡ᠃ ᠬᠡᠷᠡᠭ ᠶᠠᠪᠤᠳᠠᠯ ᠤᠨ ᠵᠦᠢᠯ ᠵᠣᠷᠪᠣᠰ᠂ ᠭᠤᠭᠴᠤᠭ᠎ᠠ ᠂ ᠴᠠᠭ ᠤᠨ ᠬᠢᠵᠠᠭᠠᠷ ᠢ ᠪᠠᠭᠠᠰᠬᠠᠬᠤ ᠥᠭᠡᠷᠡᠴᠢᠯᠡᠯᠲᠡ ᠶᠢᠨ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠨᠢᠳᠤᠨᠤᠨ 30᠎ %᠎ ᠪᠠᠷ ᠪᠠᠭᠠᠰᠬᠠᠭᠰᠠᠨ ᠰᠠᠭᠤᠷᠢᠨ ᠳᠡᠭᠡᠷ᠎ᠡ ᠳᠠᠬᠢᠨ 30%᠎ ᠪᠠᠷ ᠪᠠᠭᠠᠰᠬᠠᠵᠤ ᠂ ︽ᠬᠠᠮᠤᠭ ᠣᠯᠠᠨ ᠳᠠᠭᠠᠨ ᠨᠢᠭᠡ ᠯᠡ ᠤᠳᠠᠭ᠎ᠠ ᠭᠦᠶᠦᠨ᠎ᠡ︾᠃ ︽ᠨᠢᠭᠡ ᠯᠡ ᠴᠣᠩᠬᠤ ᠪᠠᠷ ᠬᠦᠯᠢᠶᠡᠨ ᠠᠪᠬᠤ︾᠎ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ︾᠎ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠨᠡᠩ ᠶᠡᠭᠡ ᠡᠷᠴᠢᠮ ᠲᠠᠢ ᠪᠠᠷ ᠠᠬᠢᠭᠤᠯᠣᠨ᠎ᠠ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠵᠦ᠂ ᠵᠠᠬ᠎ᠠ ᠳᠡᠯᠭᠡᠭᠦᠷᠴᠢᠯᠡᠭᠰᠡᠨ ᠡᠵᠡᠩᠨᠡᠯᠲᠡ ᠶᠢᠨ ᠲᠣᠭᠲᠠᠴᠠ ᠶᠢ ᠪᠦᠷᠢᠨᠰᠢᠭᠦᠯᠵᠦ᠂ ᠠᠵᠤ ᠠᠬᠤᠶᠢᠯᠠᠯ ᠤᠨ ᠠᠵᠢᠯ ᠮᠡᠷᠭᠡᠵᠢᠯ ᠤᠨ ᠳᠠᠭᠠᠭᠠᠮᠠᠯ ᠢ ᠢᠳᠡᠪᠬᠢᠲᠡᠢ ᠲᠡᠳᠡᠨ ᠣᠷᠣᠭᠤᠯᠬᠤ ᠪᠠ ᠬᠥᠮᠦᠵᠢᠭᠦᠯᠵᠦ᠂ ᠭᠤᠷᠪᠠᠳᠣᠭᠠᠷ ᠡᠮᠨᠡᠯᠭᠡ ᠶᠢᠨ ᠬᠤᠷᠢᠶᠠᠨ ᠤ ᠬᠥᠯᠥᠰᠥ ᠣᠯᠭᠤᠮᠵᠢ ᠶᠢᠨ ᠥᠭᠡᠷᠡᠴᠢᠯᠡᠯᠲᠡ ᠶᠢᠨ ᠳᠦᠷᠢᠮ ᠢᠶᠠᠷ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠬ᠎ᠠ ᠳᠡᠯᠭᠡᠭᠦᠷᠴᠢᠯᠡᠭᠰᠡᠨ ᠬᠥᠯᠥᠰᠥ ᠣᠯᠭᠤᠮᠵᠢ ᠶᠢᠨ ᠳᠦᠷᠢᠮ ᠪᠣᠯᠤᠨ ᠣᠳᠣ ᠦᠶ᠎ᠡ ᠶᠢᠨ ᠠᠵᠤ ᠠᠬᠤᠶᠢᠯᠠᠯ ᠤᠨ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯᠲᠦ ᠬᠥᠷᠥᠩᠭᠡ ᠪᠣᠯᠤᠨ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠦᠴᠦᠷᠬᠡᠭᠵᠢᠨ ᠰᠢᠯᠢᠳᠡᠭᠵᠢᠵᠦ ᠪᠤᠵᠠᠭᠠᠶᠢᠷᠠᠬᠤ ᠶᠢ ᠠᠬᠢᠭᠤᠯᠤᠨ᠎ᠠ᠃ ︽ᠤᠰᠤ ᠵᠠᠯᠠᠬᠤ ᠬᠠᠩᠭᠠᠬᠤ︾ ᠨᠢᠭᠡ ᠴᠣᠭᠴᠠᠵᠢᠯᠠᠯᠲᠠ ᠶᠢᠨ ᠥᠭᠡᠷᠡᠴᠢᠯᠡᠯᠲᠡ ᠶᠢ ᠲᠦᠷᠭᠡᠳᠬᠡᠵᠦ᠂ ᠲᠦᠭᠡᠭᠡᠯ ᠤᠰᠤ᠂ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢᠨ ᠡᠵᠡᠩᠨᠡᠯᠲᠡ ᠶᠢᠨ ᠦᠷ᠎ᠡ ᠠᠰᠢᠭ ᠢ ᠬᠠᠮᠤᠭ ᠶᠡᠭᠡ ᠨᠡᠮᠡᠭᠳᠡᠭᠦᠯᠵᠦ᠂ ᠣᠯᠣᠰ ᠤᠨ ᠬᠦᠷᠦᠩᠭᠡ ᠶᠢᠨ ᠨᠡᠮᠡᠭᠳᠡᠯ ᠢ ᠪᠠᠳᠣᠯᠠᠨ᠎ᠠ᠃ ᠬᠤᠯᠢᠮᠠᠭ ᠥᠮᠴᠢᠯᠡᠯᠲᠦ ᠥᠭᠡᠷᠡᠴᠢᠯᠡᠯᠲᠡ ᠶᠢ ᠢᠳᠡᠪᠬᠢᠲᠡᠢ ᠰᠦᠪᠡᠭᠴᠢᠯᠡᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠥᠪᠡᠷ ᠢᠶᠠᠨ ᠡᠵᠡᠨ ᠮᠡᠳᠡᠵᠦ ᠡᠵᠡᠩᠨᠡᠬᠦ ᠳᠡᠭᠡᠨ ᠣᠯᠵᠤ ᠠᠯᠳᠠᠬᠤ ᠪᠠᠨ ᠥᠪᠡᠷ ᠢᠶᠠᠨ ᠬᠠᠷᠢᠭᠤᠴᠠᠬᠤ ᠶᠢ ᠪᠡᠶᠡᠯᠡᠭᠦᠯᠦᠨ᠎ᠡ᠃ ᠦᠢᠯᠡᠴᠢᠯᠡᠭᠡᠨ ᠤ ᠤᠬᠠᠮᠰᠠᠷ ᠢ ᠨᠡᠩ ᠶᠡᠭᠡ ᠪᠠᠷ ᠳᠡᠭᠡᠭᠰᠢᠯᠡᠭᠦᠯᠦᠨ᠎ᠡ᠃ ︽ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾᠎ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠵᠠᠰᠠᠭ ᠢ ᠴᠣᠮᠠᠳᠬᠠᠵᠣ ᠡᠷᠬᠡ ᠶᠢ ᠲᠣᠷᠣᠭᠰᠢ ᠲᠠᠯᠪᠢᠬᠤ ᠶᠢ ᠦᠷᠭᠦᠯᠵᠢᠯᠡᠨ ᠠᠬᠢᠭᠤᠯᠵᠣ ᠡᠯ᠎ᠡ ᠵᠦᠢᠯ ᠤᠨ ︽ᠡᠪᠬᠡᠮᠡᠯ ᠡᠭᠦᠳᠡ᠂ ᠰᠢᠯ ᠡᠭᠦᠳᠡ᠂ ᠲᠣᠭᠤᠷᠢᠨ ᠡᠷᠭᠢᠬᠦ ᠡᠭᠦᠳᠡ︾᠎ ᠶᠢ ᠲᠤᠶᠢᠯᠪᠤᠷᠢᠲᠠᠢ ᠡᠪᠳᠡᠵᠣ ᠂ ︽ᠬᠥᠭ ᠬᠡᠯᠡᠯᠭᠡ ᠦᠨᠳᠦᠷ᠂ ᠦᠢᠯᠡ ᠠᠵᠢᠯᠯᠠᠭ᠎ᠠ ᠤᠳᠠᠭᠠᠨ᠂ ᠨᠠᠶᠢᠳᠠᠪᠤᠷᠢᠵᠢᠭᠤᠯᠤᠯᠲᠠ ᠠᠨᠠᠢ︾ ᠵᠡᠷᠭᠡ ᠠᠵᠢᠯᠯᠠᠭ᠎ᠠ ᠶᠢ ᠡᠷᠡᠰ ᠲᠡᠪᠴᠢᠵᠣ᠂ ᠬᠤᠶᠢᠷᠭᠤᠰᠢᠬᠤ ᠦᠵᠡᠭᠳᠡᠯ ᠢ ᠡᠷᠡᠰ ᠬᠤᠷᠢᠭᠯᠠᠨ᠂ ᠪᠥᠬᠦ ᠬᠦᠴᠦᠨ ᠢᠶᠠᠷ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠡᠵᠡᠩᠨᠡᠯᠲᠡ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠨᠢ ᠰᠢᠢᠳᠪᠦᠷᠢᠯᠡᠵᠦ᠂ ᠬᠥᠮᠦᠨ ᠪᠦᠷᠢ᠂ ᠬᠡᠷᠡᠭ ᠶᠠᠪᠤᠳᠠᠯ ᠭᠠᠵᠠᠷ ᠪᠣᠯᠭᠠᠨ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠵᠤ᠂ ᠠᠵᠤ ᠠᠬᠤᠶᠢᠯᠠᠯᠲᠠᠨ ᠵᠢᠨᠢᠩ ᠳᠤ ᠰᠡᠳᠬᠢᠯ ᠠᠮᠠᠷ ᠪᠡᠯᠡ ᠣᠷᠣᠭᠤᠯᠵᠤ᠂ ᠬᠠᠨᠣᠮᠵᠢᠳᠠᠢ ᠦᠢᠯᠡᠰ ᠪᠣᠰᠬᠠᠵᠤ᠂ ᠰᠡᠳᠬᠢᠯ ᠠᠮᠠᠷ ᠬᠥᠭᠵᠢᠭᠦᠯᠦᠨ᠎ᠡ᠃ ᠴᠢᠳᠠᠪᠤᠷᠢᠲᠠᠨ ᠢ ᠨᠡᠩ ᠶᠡᠭᠡ ᠪᠠᠷ ᠲᠡᠳᠡᠨ ᠣᠷᠣᠭᠤᠯᠣᠨ᠎ᠠ᠃ ᠴᠢᠳᠠᠪᠤᠷᠢᠲᠠᠨ ᠢ ᠳᠠᠭᠠᠭᠤᠯᠵᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢᠨ ᠪᠠᠶᠢᠷᠢ ᠰᠠᠭᠤᠷᠢ ᠶᠢ ᠪᠠᠲᠤ ᠪᠠᠬᠢ ᠪᠣᠢ ᠪᠣᠯᠭᠠᠵᠤ᠂ ᠣᠷᠣᠨ ᠰᠠᠭᠤᠴᠠ ᠶᠢᠨ ᠨᠥᠬᠦᠪᠥᠷᠢ ᠂ ᠨᠠᠰᠤᠵᠢᠯ ᠤᠨ ᠳᠠᠭᠠᠳᠬᠠᠯ ᠤᠨ ᠨᠥᠬᠦᠪᠥᠷᠢ᠂ ᠰᠤᠳᠤᠯᠤᠨ ᠨᠡᠭᠡᠭᠡᠬᠦ ᠰᠠᠭᠤᠷᠢ ᠮᠥᠩᠭᠦ ᠵᠡᠷᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠢᠳᠡᠪᠬᠢᠲᠡᠢ ᠰᠤᠳᠤᠯᠤᠨ ᠲᠣᠭᠲᠠᠭᠠᠵᠤ᠂ ᠪᠡᠭᠡᠵᠢᠩ ᠲᠢᠶᠠᠨᠵᠢᠨ ᠾᠧᠪᠧᠢ ᠶᠢᠨ ᠬᠥᠮᠦᠨ ᠠᠮᠠ ᠶᠢᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠬᠤ ᠠᠵᠢᠯ ᠢ ᠰᠠᠶᠢᠲᠤᠷ ᠬᠢᠨ᠎ᠡ᠃ ᠳᠡᠭᠡᠳᠦ ᠰᠤᠷᠭᠠᠭᠤᠯᠢ ᠲᠡᠭᠦᠰᠦᠭᠰᠡᠳ ᠪᠠ ᠲᠤᠰᠬᠠᠢ ᠮᠡᠷᠭᠡᠵᠢᠯ ᠤᠨ ᠴᠢᠳᠠᠪᠤᠷᠢᠲᠠᠨ ᠢ ᠦᠷᠭᠦᠯᠵᠢᠯᠡᠨ ᠣᠷᠣᠭᠤᠯᠵᠤ ᠢᠷᠡᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠣᠯᠤᠨ ᠡᠮ ᠡᠮᠨᠡᠯᠭᠡ᠂ ᠰᠤᠷᠭᠠᠨ ᠬᠥᠮᠦᠵᠢᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠬᠦᠷᠢᠶᠡᠨ ᠳᠤ ᠣᠷᠣᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠪᠠᠷ ᠦᠪᠦᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ ᠶᠡᠭᠡ ᠳᠡᠭᠡᠳᠦ ᠰᠤᠷᠭᠠᠭᠤᠯᠢ᠂ ᠡᠷᠳᠡᠮ ᠰᠢᠨᠵᠢᠯᠡᠭᠡᠨ ᠤ ᠪᠠᠶᠢᠭᠤᠯᠤᠯᠭ᠎ᠠ ᠨᠤᠭᠤᠳ ᠲᠠᠢ ᠬᠠᠮᠳᠣᠷᠠᠬᠤ ᠬᠦᠴᠦᠯᠡᠴᠡ ᠪᠠᠨ ᠨᠡᠮᠡᠭᠳᠡᠭᠦᠯᠵᠦ᠂ ᠠᠵᠣ ᠠᠬᠤᠶᠢᠯᠠᠯ ᠤᠨ ᠰᠢᠨ᠎ᠡ ᠶᠢ ᠡᠭᠦᠳᠬᠦ ᠴᠢᠳᠠᠪᠣᠷᠢ ᠶᠢ ᠳᠡᠭᠡᠭᠰᠢᠯᠡᠭᠦᠯᠦᠨ᠎ᠡ᠃            ︵ᠲᠠᠪᠤ︶ ᠪᠣᠬᠢᠷᠳᠠᠯ ᠦᠭᠡᠢ ᠬᠥᠭᠵᠢᠯᠲᠡ ᠶᠢᠨ ᠰᠠᠭᠤᠷᠢ ᠳᠤ ᠴᠢᠭᠯᠡᠭᠦᠯᠦᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠭᠠᠬᠤ ᠪᠠᠷ ᠬᠦᠴᠦᠯᠡᠨ ᠴᠢᠷᠮᠠᠶᠢᠨ᠎ᠠ᠃ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠢ ᠬᠥᠭᠵᠢᠯᠲᠡ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠮᠢ ᠠᠬᠤᠶᠢᠴᠢᠯᠠᠯᠲᠠ᠂ ᠡᠬᠢ ᠪᠠᠶᠠᠯᠢᠭ ᠤᠨ ᠠᠰᠢᠭᠯᠠᠯᠲᠠ ᠡᠷᠴᠢᠮᠵᠢᠭᠦᠯᠦᠭᠰᠡᠨ ᠦᠢᠯᠡᠳᠪᠦᠷᠢᠯᠡᠯ ᠤᠨ ᠶᠠᠪᠤᠴᠠ ᠳᠣᠣᠷ᠎ᠠ ᠨᠡᠭᠦᠷᠡᠰᠦᠲᠥ᠋ᠷᠦᠭᠴᠢᠲᠦ ᠪᠣᠬᠢᠷᠲᠤᠯ ᠥᠬᠡᠢ ᠬᠥᠭᠵᠢᠯᠲᠡ ᠶᠢᠨ ᠪᠠᠶᠢᠷᠢᠰᠢᠯ ᠢ ᠴᠢᠷᠮᠠᠶᠢᠨ ᠪᠠᠶᠢᠭᠤᠯᠤᠨ᠎ᠠ᠃ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ᠃ ︽ᠤᠰᠤ ᠶᠢ ᠠᠷᠪᠢᠯᠠᠬᠤ ᠶᠢ ᠲᠡᠷᠢᠭᠦᠨ ᠳᠤ ᠲᠠᠯᠪᠢᠵᠤ᠂ ᠤᠰᠤ ᠶᠢ ᠬᠡᠮᠵᠢᠵᠦ ᠬᠢᠬᠦ︾᠎ ᠶᠢ ᠪᠠᠷᠢᠮᠲᠠᠯᠠᠨ ᠤᠰᠤᠨ ᠤ ᠡᠬᠢ ᠪᠠᠶᠠᠯᠢᠭ ᠤᠨ ᠬᠠᠮᠤᠭ ᠤᠨ ᠴᠢᠩᠭ᠎ᠠ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠬᠤ ᠬᠡᠷᠡᠭᠲᠡᠢ ᠃ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠠᠬᠢᠭᠤᠯᠵᠤ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠶᠢ ᠴᠢᠩᠭ᠎ᠠ ᠬᠢᠵᠠᠭᠠᠷᠯᠠᠵᠤ᠂ ᠤᠰᠤ ᠶᠡᠭᠡ ᠬᠤᠷᠣᠭᠳᠠᠭᠤᠯᠬᠤ ᠰᠢᠨ᠎ᠡ ᠲᠥᠷᠥᠯ ᠵᠦᠢᠯ ᠢ ᠡᠷᠡᠰ ᠴᠠᠭᠠᠵᠢᠯᠠᠨ ᠠᠵᠤ ᠦᠢᠯᠡᠳᠪᠦᠷᠢ ᠶᠢᠨ ᠤᠰᠤ ᠠᠷᠪᠢᠯᠠᠬᠤ ᠬᠠᠮᠢᠶᠠᠷᠤᠯᠲᠠ ᠶᠢ ᠲᠡᠭᠦᠯᠳᠡᠷᠵᠢᠭᠦᠯᠦᠨ᠎ᠡ᠃ ᠤᠰᠤᠨ ᠤ ᠪᠣᠬᠢᠷᠳᠠᠯ ᠢ ᠰᠡᠷᠭᠡᠶᠢᠯᠡᠨ ᠵᠠᠰᠠᠬᠤ ᠶᠢ ᠭᠦᠨᠵᠡᠭᠡᠶᠢᠷᠡᠭᠦᠯᠦᠨ ᠠᠬᠢᠭᠤᠯᠵᠤ᠂ ᠴᠢᠶᠣᠤ ᠰᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠵᠢᠯ ᠤᠨ ᠳᠣᠲᠣᠷ᠎ᠠ ᠬᠤᠲᠠ ᠶᠢᠨ ᠪᠣᠬᠢᠷ ᠤᠰᠤ ᠰᠢᠢᠳᠪᠦᠷᠢᠯᠡᠬᠦ ᠨᠣᠷᠮ᠎ᠠ ᠶᠢ 96.5% ᠪᠣᠯᠲᠠᠯ᠎ᠠ ᠳᠡᠭᠡᠭᠰᠢᠯᠡᠭᠦᠯᠦᠨ᠎ᠡ᠃ ᠲᠠᠬᠢᠨ ᠬᠡᠷᠡᠭᠯᠡᠬᠦ ᠤᠰᠤ ᠶᠢ ᠡᠭᠡᠭᠦᠯᠦᠨ ᠬᠡᠷᠡᠭᠯᠡᠬᠦ᠂ ᠪᠣᠷᠣᠭᠠᠨ ᠤ ᠤᠰᠤ ᠶᠢ ᠬᠤᠷᠠᠮᠳᠤᠭᠤᠯᠬᠤ ᠢᠨᠵᠧᠨᠧᠷᠢᠩ ᠢ ᠬᠡᠷᠡᠭᠵᠢᠭᠦᠯᠵᠦ ᠲᠠᠬᠢᠨ ᠬᠡᠷᠡᠭᠯᠡᠬᠦ ᠤᠰᠤ ᠪᠠ ᠪᠣᠷᠣᠭᠠᠨ ᠤ ᠤᠰᠤ ᠶᠢ ᠰᠠᠯᠭᠠᠨ ᠭᠠᠷᠭᠠᠬᠤ ᠬᠤᠭᠤᠯᠠᠢ 41 ᠺᠢᠯᠣᠮᠧᠲᠷ ᠤᠷᠲᠤ ᠶᠢ ᠰᠢᠨ᠎ᠡ ᠪᠠᠷ ᠪᠠᠶᠢᠭᠤᠯᠵᠣ᠂ ᠵᠢᠯ ᠤᠨ ᠳᠣᠲᠣᠷ᠎ᠠ ᠲᠠᠬᠢᠯᠲᠠ ᠤᠰᠤ ᠶᠢ ᠠᠰᠢᠭᠯᠠᠬᠤ ᠨᠣᠷᠮ᠎ᠠ ᠶᠢ 80%᠎ ᠠᠴᠠ ᠳᠡᠭᠡᠭᠰᠢ ᠬᠡᠮᠵᠢᠶᠡᠨ ᠳᠤ ᠬᠦᠷᠲᠡᠯ᠎ᠡ ᠳᠡᠭᠡᠭᠰᠢᠯᠡᠭᠦᠯᠦᠨ᠎ᠡ᠃ ᠤᠰᠤᠨ ᠰᠤᠷᠪᠤᠯᠵᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠤᠭᠤᠬᠤ ᠤᠰᠤᠨ ᠤ ᠲᠥᠪᠯᠡᠷᠡᠭᠰᠡᠨ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠦᠨ᠎ᠡ᠂ ᠴᠡᠩᠭᠡᠭ ᠤᠰᠤ ᠶᠢ ᠬᠠᠮᠠᠭᠠᠯᠠᠬᠤ ᠲᠡᠶᠢᠨ ᠢ ᠰᠠᠶᠢᠲᠤᠷ ᠬᠢᠨ᠎ᠡ᠃ ᠪᠣᠬᠢᠷᠳᠠᠯ ᠦᠭᠡᠢ ᠡᠬᠢ ᠪᠠᠶᠠᠯᠢᠭ ᠢ ᠬᠠᠮᠠᠭᠠᠯᠠᠬᠤ ᠪᠠ ᠨᠡᠭᠡᠭᠡᠨ ᠠᠰᠢᠭᠯᠠᠬᠤ ᠠᠵᠢᠯ ᠢ ᠪᠦᠬᠦ ᠬᠦᠴᠦ ᠪᠠᠷ ᠰᠠᠶᠢᠲᠤᠷ ᠬᠢᠨ᠎ᠡ᠃ ᠣᠢ ᠮᠣᠳᠣ ᠡᠪᠡᠰᠦᠨ ᠤ ᠲᠠᠷᠤᠭ᠎ᠠ ᠶᠢᠨ ᠲᠥᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠃ ︽ᠭᠤᠷᠪᠠᠨ ᠠᠭᠤᠯᠠ ᠬᠤᠶᠠᠷ ᠭᠤᠣᠯ︾᠎ ᠤᠨ ᠬᠠᠮᠢᠶᠠᠷᠤᠯᠲᠠ ᠬᠠᠮᠠᠭᠠᠯᠠᠯᠲᠠ ᠶᠢᠨ ᠡᠷᠴᠢᠮ ᠢ ᠴᠢᠩᠭᠠᠳᠬᠠᠵᠤ᠂ ᠪᠠ ᠸᠠᠩ ᠾᠧ᠂ ᠪᠠᠢ ᠴᠢᠤᠸᠠᠨ ᠱᠠᠨ ᠠᠭᠤᠯᠠᠨ ᠤ ᠨᠣᠭᠤᠭᠠᠷᠠᠭᠤᠯᠬᠤ ᠵᠠᠢ ᠪᠠ ᠦᠵᠡᠮᠵᠢ ᠶᠢᠨ ᠳᠡᠭᠡᠭᠰᠢᠯᠡᠭᠦᠯᠬᠦ ᠢᠨᠵᠧᠨᠧᠷᠢᠩ ᠢ ᠡᠬᠢᠯᠡᠭᠦᠯᠵᠦ᠂ ᠴᠢᠳᠠᠪᠬᠢ ᠶᠢ ᠢᠵᠢ ᠪᠦᠷᠢᠳᠦᠭᠦᠯᠬᠦ᠂ ᠡᠷᠭᠢᠨ ᠲᠣᠭᠤᠷᠢᠨ ᠤ ᠣᠷᠴᠢᠨ ᠲᠣᠭᠤᠷᠢᠨ ᠢ ᠰᠢᠯᠢᠳᠡᠭᠵᠢᠭᠦᠯᠦᠨ ᠲᠣᠬᠢᠷᠠᠭᠤᠯᠵᠤ᠂ ᠰᠡᠯᠡᠭᠦᠴᠡᠯ ᠵᠤᠭᠠᠴᠠᠯ ᠵᠡᠷᠭᠡ ᠡᠵᠡᠩᠨᠡᠯᠲᠡ ᠶᠢᠨ ᠪᠠᠶᠢᠳᠠᠯ ᠲᠥᠯᠥᠪ ᠢ ᠨᠡᠩ ᠰᠠᠶᠢᠲᠤᠷ ᠬᠠᠩᠭᠠᠵᠤ᠂ ᠣᠯᠠᠨ ᠲᠦᠮᠡᠨ ᠤ ᠰᠣᠶᠣᠯ ᠰᠡᠯᠡᠭᠦᠴᠡᠯ᠂ ᠡᠷᠡᠭᠦᠯ ᠮᠡᠨᠳᠦ ᠪᠡᠶ᠎ᠡ ᠰᠤᠪᠢᠯᠠᠯᠲᠠ ᠶᠢᠨ ᠬᠡᠷᠡᠭᠴᠡᠭᠡ ᠶᠢ ᠭᠦᠢᠴᠡᠳ ᠬᠠᠩᠭᠠᠨ᠎ᠠ᠃ ᠨᠠᠨ ᠱᠠ ᠾᠧ ᠭᠤᠣᠯ ᠤᠨ ᠬᠥᠭᠦᠷᠭᠡ ᠶᠢᠨ ᠵᠡᠭᠦᠨ ᠬᠡᠰᠡᠭ ᠤᠨ ᠭᠤᠣᠯ ᠤᠨ ᠵᠠᠮ ᠢ ᠶᠡᠷᠦᠩᠬᠡᠶᠢᠯᠡᠨ ᠵᠠᠰᠠᠬᠤ᠂ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠲᠣᠣᠷ᠂ ᠵᠠᠮ ᠬᠥᠭᠦᠷᠭᠡ ᠶᠢᠨ ᠥᠭᠡᠷᠡᠴᠢᠯᠡᠯᠲᠡ᠂ ᠬᠠᠷ᠎ᠠ ᠦᠮᠡᠬᠡᠢ ᠤᠰᠤᠨ ᠴᠣᠭᠴᠠ ᠶᠢ ᠵᠠᠰᠠᠬᠤ᠂ ᠠᠮᠢ ᠠᠬᠤᠢ ᠶᠢᠨ ᠴᠡᠴᠡᠷᠯᠢᠭ ᠵᠡᠷᠭᠡ ᠢᠨᠵᠧᠨᠧᠷᠢᠩ ᠤᠨ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠠᠮᠢᠳᠤᠷᠠᠬᠤ ᠪᠠ ᠬᠤᠲᠠ ᠶᠢᠨ ᠬᠤᠣᠰ ᠵᠠᠰᠠᠯᠲᠠ ᠬᠢᠬᠦ ᠵᠢᠱᠢᠶ᠎ᠡ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠡᠨᠧᠷᠭᠢ ᠶᠢᠨ ᠬᠤᠷᠣᠭᠳᠠᠯ ᠬᠤᠣᠰ ᠡᠵᠡᠮᠳᠡᠯ ᠢ ᠪᠦᠬᠦ ᠲᠠᠯ᠎ᠠ ᠪᠠᠷ ᠰᠠᠶᠢᠲᠤᠷ ᠬᠢᠨ᠎ᠡ᠃ ᠨᠡᠭᠦᠷᠡᠰᠦᠲᠥ᠋ᠷᠥᠭᠴᠢ ᠭᠠᠳᠠᠭᠰᠢᠭᠤᠯᠣᠯᠳᠠ ᠶᠢ ᠣᠷᠬᠢᠯ ᠬᠡᠮᠵᠢᠭᠳᠡᠯ ᠳᠤ ᠬᠦᠷᠭᠡᠬᠦ᠂ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠨᠡᠭᠦᠷᠡᠰᠦᠨ ᠬᠡᠷᠡᠭᠯᠡᠭᠡ ᠶᠢᠨ ᠤᠷᠢᠳᠴᠢᠯᠠᠨ ᠣᠷᠭᠢᠯ ᠳᠤ ᠬᠦᠷᠬᠦ ᠶᠢ ᠢᠳᠡᠪᠬᠢᠲᠡᠢ ᠲᠦᠯᠬᠢᠨ ᠠᠬᠢᠭᠤᠯᠤᠶ᠎ᠠ᠃ ᠲᠥᠷᠥᠯ ᠵᠦᠢᠯ ᠣᠷᠣᠭᠤᠯᠬᠤ ᠪᠣᠭᠤᠮᠲᠠ ᠶᠢ ᠴᠢᠩᠭ᠎ᠠ ᠡᠵᠡᠮᠳᠡᠵᠦ᠂ ᠡᠨᠧᠷᠭᠢ ᠶᠢᠨ ᠬᠤᠷᠣᠭᠳᠠᠯ ᠶᠡᠬᠡᠲᠡᠢ ᠠᠵᠤ ᠠᠬᠤᠶᠢᠯᠠᠯ ᠮᠠᠨ ᠤ ᠲᠣᠭᠤᠷᠢᠭ ᠳᠤ ᠣᠷᠣᠵᠤ ᠢᠷᠡᠬᠦ ᠶᠢ ᠡᠷᠡᠰ ᠬᠤᠷᠢᠭᠯᠠᠨ᠎ᠠ᠃ ᠣᠳᠣ ᠪᠠᠶᠢᠭ᠎ᠠ ᠡᠨᠧᠷᠭᠢ ᠬᠤᠷᠣᠭᠳᠠᠭᠤᠯᠵᠤ ᠪᠠᠶᠢᠭ᠎ᠠ ᠠᠵᠤ ᠠᠬᠤᠢ ᠶᠢᠨ ᠨᠢᠭᠡᠴᠡ ᠨᠦᠭᠦᠳ ᠤᠨ ᠬᠠᠮᠢᠶᠠᠷᠤᠨ ᠡᠵᠡᠮᠳᠡᠬᠦ ᠶᠢ ᠡᠷᠴᠢᠮᠵᠢᠭᠦᠯᠵᠦ᠂ ᠠᠵᠤ ᠠᠬᠤᠢ ᠶᠢᠨ ᠨᠢᠭᠡᠴᠡ ᠨᠦᠭᠦᠳ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠬᠢᠬᠦ ᠶᠢ ᠨᠢᠭᠡᠳᠦᠯᠲᠡᠢ ᠲᠥᠯᠥᠪᠯᠡᠵᠦ᠂ ᠡᠨᠧᠷᠭᠢ ᠶᠢᠨ ᠬᠤᠷᠣᠭᠳᠠᠯ ᠢ ᠪᠠᠭᠤᠷᠠᠭᠤᠯᠬᠤ ︽ᠬᠤᠣᠰ ᠡᠵᠡᠮᠳᠡᠯ︾ ᠵᠣᠷᠢᠯᠲᠠ ᠶᠢ ᠡᠷᠡᠰ ᠪᠡᠶᠡᠯᠡᠭᠦᠯᠦᠨ᠎ᠡ᠃           ︵ᠵᠢᠷᠭᠤᠭ᠎ᠠ︶ ᠠᠷᠠᠳ ᠲᠦᠮᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠭᠦᠯᠬᠦ ᠳᠡᠭᠡᠷ᠎ᠡ ᠰᠢᠨ᠎ᠡ ᠰᠢᠪᠲᠤᠯᠤᠯᠲᠠ ᠭᠠᠷᠭᠠᠨ᠎ᠠ᠃ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠳᠤ ᠴᠢᠭᠯᠡᠭᠦᠯᠦᠨ ᠬᠦᠴᠦᠯᠡᠨ ᠬᠢᠵᠦ᠂ ᠴᠢᠳᠠᠯ ᠤᠨ ᠬᠢᠷᠢ ᠪᠠᠷ ᠢᠶᠠᠨ ᠬᠢᠵᠦ ᠣᠯᠠᠨ ᠲᠦᠮᠡᠨ ᠤ ᠵᠣᠪᠠᠵᠤ ᠭᠤᠨᠢᠭᠰᠠᠨ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠠᠵᠢᠯ ᠣᠯᠭᠤᠬᠤ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠦᠨᠡᠨᠬᠦ ᠰᠠᠶᠢᠲᠤᠷ ᠬᠢᠨ᠎ᠡ᠃ ᠠᠵᠤ ᠠᠬᠤᠶᠢᠯᠠᠯ ᠤᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠣᠶᠤᠲᠠᠳ᠂ ᠠᠵᠢᠯ ᠤᠨ ᠪᠠᠶᠢᠷᠢ ᠠᠴᠠ ᠪᠠᠨ ᠪᠠᠭᠤᠵᠤ ᠠᠵᠢᠯ ᠠᠯᠳᠠᠭᠰᠠᠳ᠂ ᠴᠡᠷᠢᠭ ᠤᠨ ᠠᠯᠪᠠᠨ ᠠᠴᠠ ᠪᠠᠭᠤᠭᠰᠠᠳ ᠵᠡᠷᠭᠡ ᠭᠤᠣᠯᠳᠠᠯᠭ᠎ᠠ ᠲᠠᠢ ᠣᠯᠠᠨ ᠲᠦᠮᠡᠨ ᠤ ᠲᠠᠬᠢᠨ ᠠᠵᠢᠯ ᠣᠯᠭᠤᠯᠲᠠ ᠶᠢᠨ ᠲᠤᠰᠠᠯᠠᠮᠵᠢ ᠪᠣᠯᠤᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠯ ᠬᠢᠵᠣ᠂ ᠬᠤᠲᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ 4600 ᠬᠥᠮᠦᠨ᠂ ᠠᠵᠢᠯ ᠠᠯᠳᠠᠭᠰᠠᠨ ᠳᠠᠬᠢᠨ ᠠᠵᠢᠯ ᠣᠯᠤᠭᠰᠠᠨ 1200 ᠬᠥᠮᠦᠨ᠂ ᠠᠵᠢᠯ ᠣᠯᠬᠤ ᠳᠤ ᠬᠦᠴᠢᠷᠲᠡᠢ 1210 ᠬᠥᠮᠦᠨ ᠳᠤ ᠳᠠᠬᠢᠨ ᠠᠵᠢᠯ ᠣᠯᠭᠤᠵᠤ᠂ ᠠᠵᠢᠯ ᠣᠯᠤᠭᠰᠠᠨ ᠬᠥᠮᠦᠨ ᠥᠬᠡᠢ ᠭᠡᠷ ᠪᠦᠯᠢ ᠶᠢᠨ ᠬᠥᠳᠡᠯᠦᠩᠭᠦᠢ ᠪᠠᠷ ᠪᠦᠷ ᠪᠠᠶᠢᠬᠤ ᠶᠢ ᠪᠠᠲᠤᠯᠠᠨ᠎ᠠ᠃ ᠪᠦᠬᠦ ᠠᠷᠠᠳ ᠢᠶᠠᠷ ᠢᠶᠠᠨ ᠪᠠᠳᠣᠯᠠᠭ᠎ᠠ ᠳᠤ ᠣᠷᠣᠯᠴᠠᠬᠤ ᠠᠵᠢᠯᠯᠠᠭ᠎ᠠ ᠶᠢ ᠢᠳᠡᠪᠬᠢᠲᠡᠢ ᠲᠦᠯᠬᠢᠨ ᠠᠬᠢᠭᠤᠯᠵᠤ᠂ ᠪᠠᠳᠣᠯᠠᠭ᠎ᠠ ᠳᠤ ᠣᠷᠣᠬᠤ ᠵᠣᠬᠢᠰᠲᠠᠢ ᠪᠦᠬᠦᠨ ᠢ ᠪᠠᠳᠣᠯᠠᠭ᠎ᠠ ᠳᠤ ᠣᠷᠣᠯᠴᠠᠭᠤᠯᠣᠨ᠎ᠠ᠃ ᠨᠠᠰᠤᠵᠢᠯ ᠤᠨ ᠮᠥᠩᠭᠦ᠂ ᠠᠵᠢᠯ ᠠᠯᠳᠠᠭᠰᠠᠳ ᠤᠨ ᠮᠥᠩᠭᠦ ᠪᠠ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠦᠷᠭᠦᠯᠵᠢᠯᠡᠨ ᠳᠡᠭᠡᠭᠰᠢᠯᠡᠭᠦᠯᠵᠦ᠂ ᠲᠠᠪᠤᠨ ᠪᠠᠲᠤᠯᠠᠭᠠᠲᠤ ᠡᠷᠦᠬᠡ᠂ ᠵᠡᠮᠳᠡᠭᠴᠦᠳ᠂ ᠥᠨᠥᠴᠢᠨ ᠬᠡᠦᠬᠡᠳ ᠵᠡᠷᠭᠡ ᠣᠨᠴᠠᠭᠠᠢ ᠬᠦᠴᠢᠷᠳᠡᠯᠲᠡᠢ ᠣᠯᠠᠨ ᠲᠦᠮᠡᠨ ᠤ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠬᠦᠴᠢᠷᠳᠡᠯᠲᠡᠢ ᠣᠯᠠᠨ ᠲᠦᠮᠡᠨ ᠤ ᠵᠣᠯ ᠵᠢᠷᠭᠠᠯᠲᠤ ᠰᠡᠳᠬᠢᠯᠭᠡ ᠶᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ ᠠᠷᠠᠳ ᠲᠦᠮᠡᠨ ᠬᠠᠨᠤᠮᠵᠢᠲᠠᠢ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠬᠢᠯᠡᠨ᠎ᠡ᠃ ᠪᠦᠯᠦᠭᠴᠢᠯᠡᠭᠰᠡᠨ ᠰᠤᠷᠭᠠᠭᠤᠯᠢ ᠡᠷᠬᠢᠯᠡᠬᠦ ᠶᠢ ᠦᠷᠭᠦᠯᠵᠢᠯᠡᠨ ᠲᠦᠯᠬᠢᠨ ᠠᠬᠢᠭᠤᠯᠵᠤ᠂ ᠰᠧᠴᠤᠸᠠᠨ ᠤ ᠲᠢᠶᠠᠨ ᠯᠢ᠂ ᠪᠡᠭᠡᠵᠢᠩ ᠤᠨ ᠪᠠᠭᠰᠢ ᠶᠢᠨ ᠰᠣᠷᠭᠠᠭᠤᠯᠢ ᠶᠢᠨ ᠭᠠᠳᠠᠭᠠᠳᠤ ᠬᠡᠯᠡ᠂ ᠬᠥᠬᠡᠬᠤᠲᠠ ᠶᠢᠨ ᠬᠤᠶᠠᠳᠤᠭᠠᠷ ᠳᠣᠮᠳᠠᠳᠣ ᠰᠣᠷᠭᠠᠭᠤᠯᠢ ᠵᠡᠷᠭᠡ ᠶᠢᠨ ᠨᠡᠷᠡᠲᠦ ᠰᠤᠷᠭᠠᠭᠤᠯᠢ ᠯᠤᠭ᠎ᠠ ᠶᠢᠨ ᠬᠠᠮᠲᠤᠷᠠᠯᠴᠠᠭᠠᠨ ᠤ ᠡᠷᠴᠢᠮ ᠢᠶᠠᠨ ᠨᠡᠮᠡᠭᠳᠡᠭᠦᠯᠵᠦ᠂ ᠰᠢᠯᠢᠳᠡᠭ ᠰᠤᠷᠭᠠᠨ ᠬᠥᠮᠦᠵᠢᠯ ᠤᠨ ᠪᠦᠷᠬᠦᠴᠡ ᠶᠢ ᠲᠠᠰᠤᠷᠠᠯᠲᠠ ᠦᠭᠡᠢ ᠦᠷᠭᠡᠳᠭᠡᠨ᠎ᠡ᠃ ︽ᠭᠤᠷᠪᠠᠨ ᠢᠨᠵᠧᠨᠧᠷᠢᠩ︾᠎ ᠢ ᠭᠦᠨᠵᠡᠭᠡᠢ ᠬᠡᠷᠡᠭᠵᠢᠭᠦᠯᠵᠦ ᠰᠢᠯᠢᠳᠡᠭ ᠴᠢᠳᠠᠪᠤᠷᠢᠲᠠᠨ ᠢ ᠲᠡᠳᠡᠨ ᠣᠷᠣᠭᠤᠯᠵᠤ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠵᠡᠷᠭᠡ 16 ᠳᠤᠮᠳᠠᠳᠤ ᠪᠠᠭ᠎ᠠ ᠰᠤᠷᠭᠠᠭᠤᠯᠢ ᠶᠢ ᠤᠯᠠᠭᠠᠨᠴᠠᠪ ᠤᠨ ︽ᠨᠡᠷᠡᠲᠦ ᠰᠤᠷᠭᠠᠭᠤᠯᠢ︾᠎ ᠶᠢᠨ ᠡᠩᠨᠡᠭᠡᠨ ᠳᠤ ᠣᠷᠣᠭᠤᠯᠵᠤ᠂ ᠵᠠᠷᠢᠮ ᠨᠢ ᠥᠪᠡᠷᠲᠡᠭᠡᠨ ᠵᠠᠰᠠᠬᠤ ᠣᠷᠣᠨ ᠤ ︽ᠨᠡᠷᠡᠲᠦ ᠰᠤᠷᠭᠠᠭᠤᠯᠢ︾᠎ ᠶᠢᠨ ᠡᠩᠨᠡᠭᠡᠨ ᠳᠤ ᠣᠷᠣᠭᠤᠯᠬᠤ ᠪᠠᠷ ᠴᠢᠷᠮᠠᠶᠢᠨ᠎ᠠ᠃ ᠾᠧᠩ ᠳ᠋ᠠ ᠲᠤᠷᠰᠢᠯᠲᠠ ᠶᠢᠨ ᠪᠠᠭ᠎ᠠ ᠰᠤᠷᠭᠠᠭᠤᠯᠢ᠂ ᠠᠷᠪᠠᠳᠤᠭᠠᠷ ᠬᠡᠦᠬᠡᠳ ᠤᠨ ᠴᠡᠴᠡᠷᠯᠢᠭ ᠵᠡᠷᠭᠡ 10 ᠳᠤᠮᠳᠠᠳᠤ ᠪᠠᠭ᠎ᠠ ᠰᠤᠷᠭᠠᠭᠤᠯᠢ᠂ ᠬᠡᠦᠬᠡᠳ ᠤᠨ ᠴᠡᠴᠡᠷᠯᠢᠭ ᠢ ᠰᠢᠨ᠎ᠡ ᠪᠠᠷ ᠪᠤᠶᠤ ᠦᠷᠭᠦᠯᠵᠢᠯᠡᠨ ᠪᠠᠶᠢᠭᠤᠯᠬᠤ ᠶᠢ ᠲᠦᠷᠭᠡᠳᠬᠡᠵᠦ ᠂ ᠵᠢᠯ ᠤᠨ ᠳᠣᠲᠣᠷ᠎ᠠ ᠨᠡᠶᠢᠳᠡᠮ ᠬᠠᠷᠠᠭᠠᠯᠵᠠᠬᠤ ᠴᠢᠨᠠᠷᠲᠠᠢ ᠬᠡᠦᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ 85%᠎ ᠳᠤ ᠬᠦᠷᠭᠡᠬᠦ ᠪᠠᠷ ᠴᠢᠷᠮᠠᠶᠢᠨ᠎ᠠ᠃ ᠬᠢᠴᠢᠶᠡᠯ ᠤᠨ ᠵᠢᠭᠠᠨ ᠰᠤᠷᠭᠠᠯᠲᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠯ ᠪᠥᠮᠪᠦᠭᠡ᠂ ᠲᠣᠣᠷ ᠪᠥᠮᠪᠦᠭᠡ᠂ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠤᠭᠰᠠᠨ ᠤ ᠳᠠᠷᠠᠭ᠎ᠠ᠂ ᠤᠰᠤᠨ ᠳᠤ ᠤᠮᠪᠠᠭ᠋ᠤ᠂ ᠰᠤᠳᠤᠯᠤᠨ ᠰᠤᠷᠤᠯᠴᠠᠬᠤ ᠂ ᠪᠠᠴᠢᠮ ᠠᠪᠤᠷᠠᠯᠲᠠ ᠶᠢᠨ ᠪᠣᠯᠪᠠᠰᠤᠷᠠᠯ ᠳᠤ ᠣᠷᠣᠯᠴᠠᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠵᠤ᠂ ᠬᠡᠦᠬᠡᠳ ᠤᠨ ᠶᠡᠷᠦᠩᠬᠡᠢ ᠬᠡᠪ ᠪᠣᠯᠪᠠᠰᠤᠷᠠᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠡᠷᠡᠭᠦᠯ ᠡᠩᠬᠡ ᠵᠢᠨᠢᠩ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠤᠨ᠎ᠠ᠃ ᠣᠯᠠᠨ ᠲᠦᠮᠡᠨ ᠤ ᠡᠷᠡᠭᠦᠯ ᠮᠡᠨᠳᠦ ᠶᠢᠨ ᠬᠥᠳᠡᠯᠭᠡᠭᠡᠨ ᠤ ᠡᠯ᠎ᠡ ᠵᠦᠢᠯ ᠤᠨ ᠲᠥᠬᠦᠭᠡᠷᠦᠮᠵᠢ᠂ ᠴᠢᠳᠠᠮᠵᠢ ᠶᠢ ᠲᠣᠬᠢᠷᠠᠭᠤᠯᠣᠨ ᠲᠡᠭᠦᠯᠳᠡᠷᠵᠢᠭᠤᠯᠬᠤ ᠶᠢ ᠲᠦᠯᠦᠪᠯᠡᠨ᠂ ᠤᠯᠤᠰ ᠤᠨ ᠳᠡᠰ ᠤᠨ ᠡᠷᠡᠭᠦᠯ ᠮᠡᠨᠳᠦ ᠶᠢ ᠠᠬᠢᠭᠤᠯᠬᠤ ᠣᠷᠣᠨ ᠤ ᠪᠠᠶᠢᠴᠠᠭᠠᠯᠲᠠ ᠶᠢ ᠤᠭᠲᠤᠬᠤ ᠪᠠ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠵᠢᠱᠢᠶ᠎ᠡ ᠦᠵᠡᠭᠦᠯᠬᠦ ᠲᠣᠭᠤᠷᠢᠭ ᠡᠭᠦᠳᠦᠨ ᠪᠠᠶᠢᠭᠤᠯᠬᠤ ᠶᠢ ᠪᠥᠬᠦ ᠬᠦᠴᠦᠨ ᠢᠶᠠᠷ ᠰᠠᠶᠢᠲᠤᠷ ᠬᠢᠨ᠎ᠡ᠃ ᠠᠯᠪᠠᠨ ᠠᠴᠠ ᠡᠷᠬᠢᠯᠡᠭᠰᠡᠨ ᠡᠮᠨᠡᠯᠭᠡ ᠶᠢᠨ ᠬᠤᠷᠢᠶᠠᠨ ᠤ ᠥᠭᠡᠷᠡᠴᠢᠯᠡᠯᠲᠡ ᠶᠢ ᠭᠦᠨᠵᠡᠭᠡᠢ ᠠᠬᠢᠭᠤᠯᠵᠤ᠂ ᠭᠤᠷᠪᠠᠳᠤᠭᠠᠷ ᠡᠮᠨᠡᠯᠭᠡ ᠶᠢᠨ ᠬᠤᠷᠢᠶ᠎ᠠ ᠪᠣᠯᠤᠨ ᠴᠠᠩ ᠴᠦᠨ ᠲᠧᠩ ᠠᠨᠠᠭᠠᠬᠤ ᠤᠬᠠᠭᠠᠨ ᠤ ᠬᠤᠯᠪᠣᠭᠠᠯᠠᠯ ᠬᠠᠮᠲᠤᠷᠠᠨ ᠠᠵᠢᠯᠯᠠᠯᠲᠠ ᠢ ᠤᠯᠠᠮ ᠨᠢᠭᠡ ᠠᠯᠬᠤᠮ ᠬᠦᠨᠵᠡᠭᠡᠶᠢᠷᠡᠭᠦᠯᠵᠦ᠂ ᠵᠢᠷᠭᠤᠭᠠᠨ ᠶᠡᠭᠡ ᠭᠤᠣᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢ ᠴᠢᠷᠮᠠᠶᠢᠨ ᠴᠣᠭᠴᠠᠯᠠᠨ᠎ᠠ᠃ ᠬᠢᠲᠠᠳ ᠮᠣᠩᠭᠤᠯ ᠡᠮᠨᠡᠯᠭᠡ ᠪᠣᠯᠤᠨ ᠹᠦ᠋ ᠷᠦᠢ ᠵᠡᠷᠭᠡ ᠠᠵᠤ ᠠᠬᠤᠶᠢᠯᠠᠯ ᠤᠨ ᠬᠠᠮᠲᠤ ᠶᠢᠨ ᠠᠵᠢᠯᠯᠠᠭ᠎ᠠ ᠶᠢ ᠪᠦᠬᠦ ᠬᠦᠴᠦᠨ ᠢᠶᠠᠷ ᠠᠬᠢᠭᠤᠯᠵᠤ᠂ ᠡᠮᠴᠢᠯᠡᠭᠡ᠂ ᠰᠤᠪᠢᠯᠠᠯ᠂ ᠡᠷᠡᠭᠦᠯ ᠮᠡᠨᠳᠦ ᠶᠢ ᠤᠶᠠᠯᠳᠤᠭᠤᠯᠤᠭᠰᠠᠨ ︽ᠡᠮᠴᠢᠯᠡᠭᠡ ᠪᠠ ᠰᠤᠪᠢᠯᠠᠯᠲᠠ ᠶᠢ ᠤᠶᠠᠯᠳᠤᠭᠤᠯᠬᠤ︾ ᠰᠢᠨ᠎ᠡ ᠵᠠᠭᠪᠤᠷ ᠢ ᠬᠦᠴᠦᠯᠡᠨ ᠪᠠᠶᠢᠭᠤᠯᠤᠨ᠎ᠠ᠃ ᠭᠤᠷᠪᠠᠳᠣᠭᠠᠷ ᠡᠮᠨᠡᠯᠭᠡ ᠶᠢᠨ ᠬᠤᠷᠢᠶᠠᠨ ᠤ ᠬᠠᠯᠠᠭᠤᠷᠠᠬᠤ ᠡᠭᠦᠳᠡᠨ ᠡᠮᠨᠡᠯᠭᠡ ᠪᠠ ᠬᠠᠯᠠᠭᠤᠷᠠᠵᠤ ᠪᠠᠶᠢᠭ᠎ᠠ ᠡᠪᠡᠳᠴᠢᠲᠡᠨ ᠤ ᠥᠷᠥᠭᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠴᠥᠮ᠎ᠡ ᠶᠢᠨ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠶᠢ ᠴᠢᠩᠭᠠᠳᠬᠠᠵᠣ᠃ ᠡᠪᠡᠳᠴᠢᠨ ᠡᠮᠭᠡᠭ ᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠶᠠᠰᠤ ᠴᠢᠨᠠᠷ ᠪᠣᠯᠤᠨ ᠬᠢᠷᠢ ᠲᠦᠪᠰᠢᠨ ᠢ ᠲᠠᠰᠤᠷᠠᠯᠲᠠ ᠥᠬᠡᠢ ᠳᠡᠭᠡᠭᠰᠢᠯᠡᠭᠦᠯᠦᠨ᠎ᠡ᠃           ︵ᠳᠣᠯᠤᠭ᠎ᠠ︶ ᠠᠮᠤᠷ ᠠᠮᠤᠭᠤᠯᠠᠩ ᠵᠢᠨᠢᠩ ᠤᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠴᠢᠬᠤᠯᠠ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠪᠠᠷ ᠬᠦᠴᠦᠯᠡᠨ ᠴᠢᠷᠮᠠᠶᠢᠨ᠎ᠠ᠃ ᠠᠮᠤᠷ ᠲᠦᠪᠰᠢᠨ ᠬᠥᠭᠵᠢᠯᠲᠡ ᠶᠢ ᠢᠮᠠᠭᠲᠠ ᠡᠵᠡᠮᠳᠡᠬᠦ ᠡᠨᠡᠬᠦ ᠬᠦᠪᠴᠢ ᠶᠢ ᠡᠷᠴᠢᠯᠡᠵᠣ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠡᠯ᠎ᠡ ᠲᠥᠷᠥᠯ ᠤᠨ ᠠᠵᠢᠯ ᠢ ᠯᠠᠪᠳᠠᠭᠤᠨ ᠪᠠᠳᠣᠳᠠᠢ ᠰᠠᠶᠢᠲᠤᠷ ᠬᠢᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤᠯᠠᠭ᠎ᠠ ᠬᠠᠩᠭᠠᠨ᠎ᠠ᠃ ᠤᠯᠤᠰ ᠲᠥᠷᠥ ᠶᠢᠨ ᠬᠦᠷᠢᠶᠡᠨ ᠳᠠᠬᠢ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ᠎ᠡ᠃ ᠳᠠᠶᠢᠰᠤᠨ ᠢ ᠰᠡᠷᠭᠡᠶᠢᠯᠡᠬᠦ ᠦᠵᠡᠯ ᠤᠬᠠᠮᠰᠠᠷ ᠪᠠ ᠲᠡᠮᠡᠴᠡᠯ ᠤᠨ ᠵᠣᠷᠢᠭ ᠰᠠᠨᠠᠭ᠎ᠠ ᠶᠢ ᠦᠨᠡᠨ ᠬᠦ ᠴᠢᠩᠭᠠᠳᠬᠠᠵᠤ᠂ ᠳᠠᠶᠢᠰᠤᠩᠨᠠᠭᠴᠢ ᠬᠦᠴᠦᠨ ᠤ ᠨᠡᠪᠴᠢᠯᠲᠡ ᠪᠠ ᠡᠪᠳᠡᠯᠡᠭᠡ ᠬᠢᠬᠦ ᠨᠤᠷᠠᠭᠠᠬᠤ ᠠᠵᠢᠯᠯᠠᠭ᠎ᠠ ᠶᠢ ᠴᠢᠩᠭ᠎ᠠ ᠰᠡᠷᠭᠡᠶᠢᠯᠡᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠴᠢᠨᠠᠭᠰᠢᠳᠠ ᠪᠣᠳᠠᠲᠠᠶᠢᠵᠢᠭᠤᠯᠵᠤ᠂ ᠢᠯᠠᠩᠭᠤᠶ᠎ᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠭᠠᠬᠤ ᠪᠠᠷ ᠭᠤᠣᠯ ᠱᠤᠭᠤᠮ ᠪᠣᠯᠭᠠᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ ᠢ ᠪᠦᠬᠦ ᠬᠦᠴᠦᠨ ᠢᠶᠠᠷ ᠬᠠᠮᠠᠭᠠᠯᠠᠶ᠎ᠠ᠃  ᠰᠢᠨ᠎ᠡ ᠲᠢᠳᠢᠮᠯᠢᠭ ᠠᠭᠤᠰᠬᠢᠨ ᠤ ᠦᠷᠪᠢᠰᠦᠯ ᠤᠨ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠨ᠎ᠠ᠃ ︽ᠭᠠᠳᠠᠭᠠᠳᠤ ᠠᠴᠠ ᠣᠷᠣᠬᠤ ᠶᠢ ᠰᠡᠷᠭᠡᠶᠢᠯᠡᠬᠦ︾᠎ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ︽ᠳᠥᠷᠪᠡᠨ ᠲᠠᠯ᠎ᠠ ᠶᠢᠨ ᠬᠠᠷᠢᠭᠤᠴᠠᠯᠭ᠎ᠠ︾᠎ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ ︽ᠳᠥᠷᠪᠡᠨ ᠡᠷᠲᠡ ᠰᠡᠷᠭᠡᠶᠢᠯᠡᠬᠦ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠨ᠎ᠡ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠ ᠤᠷᠲᠤ ᠬᠤᠭᠤᠴᠠᠭᠠᠨ ᠤ ᠵᠣᠬᠢᠴᠠᠭᠤᠯᠬᠤ ᠲᠣᠭᠲᠠᠴᠠ ᠶᠢ ᠢᠳᠡᠪᠬᠢᠲᠡᠢ ᠪᠠᠶᠢᠭᠤᠯᠵᠣ᠂ ᠸᠠᠺᠼᠢᠨ ᠤ ᠲᠠᠷᠢᠯᠭ᠎ᠠ ᠶᠢᠨ ᠠᠵᠢᠯ ᠢ ᠯᠠᠪᠳᠠᠭᠤᠨ ᠲᠣᠭᠲᠠᠭᠤᠨ ᠢᠶᠠᠷ ᠰᠠᠶᠢᠲᠤᠷ ᠬᠢᠵᠣ᠂ ᠬᠡᠵᠢᠭ ᠢ ᠰᠡᠷᠭᠡᠶᠢᠯᠡᠨ ᠡᠵᠡᠮᠳᠡᠬᠦ ᠬᠠᠯᠠᠪᠴᠢ ᠶᠢ ᠪᠦᠬᠦ ᠲᠠᠯ᠎ᠠ ᠪᠠᠷ ᠪᠠᠲᠤ ᠪᠠᠬᠢ ᠪᠣᠯᠭᠠᠵᠣ᠃ ᠠᠵᠣ ᠠᠬᠤᠢ ᠨᠡᠶᠢᠭᠡᠮ ᠤᠨ ᠦᠷᠭᠦᠯᠵᠢᠯᠡᠨ ᠳᠡᠭᠡᠳᠦ ᠴᠢᠨᠠᠷ ᠲᠠᠢ ᠬᠦᠭᠵᠢᠯᠳᠡ ᠶᠢ ᠪᠠᠳᠣᠯᠠᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠠᠷᠢᠯᠭᠠᠨ᠎ᠠ᠃ ᠡᠩ ᠤᠨ ᠴᠢᠨᠠᠷᠲᠠᠢ ᠵᠠᠷᠤᠯᠭ᠎ᠠ ᠪᠣᠯᠤᠨ ᠭᠤᠷᠪᠠᠨ ᠠᠯᠪᠠᠨ ᠵᠠᠷᠤᠳᠠᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠭᠰᠠᠨ ᠰᠠᠭᠤᠷᠢᠨ ᠳᠡᠭᠡᠷ᠎ᠡ ᠪᠠᠶᠢᠩᠭᠤ ᠶᠢᠨ ᠬᠢᠨᠠᠨ ᠡᠵᠡᠮᠳᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠢᠨ᠎ᠡ ᠳᠠᠯᠳᠠ ᠥᠷᠢ ᠥᠭᠴᠡᠭᠡ ᠪᠠᠷ ᠳᠠᠮᠵᠢᠨ ᠰᠢᠨ᠎ᠡ ᠲᠥᠷᠥᠯ ᠵᠦᠢᠯ ᠭᠠᠷᠭᠠᠵᠤ᠂ ᠰᠢᠨ᠎ᠡ ᠵᠦᠢᠯ ᠲᠡᠯᠭᠡᠭᠦ ᠶᠢ ᠡᠷᠡᠰ ᠬᠤᠷᠢᠭᠯᠠᠨ᠎ᠠ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ ᠵᠣᠭᠤᠰ ᠰᠠᠯᠭᠠᠨ ᠥᠭᠬᠦ ᠲᠣᠭᠲᠠᠴᠠ ᠶᠢ ᠬᠠᠤᠯᠢ ᠶᠣᠰᠣᠭᠠᠷ ᠪᠦᠷᠢᠨᠰᠢᠭᠦᠯᠵᠦ᠂ ᠠᠵᠣ ᠠᠬᠤᠢ ᠤᠨ ᠥᠷᠢ ᠥᠭᠴᠡᠭᠡ ᠶᠢᠨ ᠬᠡᠯᠪᠡᠷᠢ ᠪᠠᠷ ᠳᠠᠯᠳᠠ ᠴᠢᠨᠠᠷ ᠤᠨ ᠥᠷᠢ ᠥᠭᠴᠡᠭᠡ ᠭᠠᠷᠭᠠᠬᠤ ᠶᠢ ᠡᠷᠡᠰ ᠬᠤᠷᠢᠭᠯᠠᠨ᠎ᠠ᠃ ᠨᠡᠶᠢᠭᠡᠮ ᠤᠨ ᠬᠦᠷᠢᠶᠡᠨ ᠳᠠᠬᠢ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨᠨ᠎ᠡ᠃ ᠠᠶᠤᠯᠭᠦᠢ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠣᠢ ᠪᠣᠯᠭᠠᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠶᠢ ᠪᠠᠲᠤᠲᠠᠢ ᠥᠷᠨᠢᠭᠦᠯᠦᠨ᠎ᠡ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠥᠬᠦ ᠲᠠᠯ᠎ᠠ ᠪᠠᠷ ᠠᠬᠢᠭᠤᠯᠣᠨ᠎ᠠ᠃ ᠵᠠᠬᠢᠳᠠᠯ ᠰᠤᠷᠪᠤᠯᠵᠢᠯᠠᠭ᠎ᠠ ᠶᠢ ᠬᠦᠯᠢᠶᠡᠨ ᠠᠪᠬᠤ ᠡᠳᠦᠷ᠂ ᠤᠳᠤᠷᠢᠳᠤᠯᠭ᠎ᠠ ᠬᠡᠷᠡᠭ ᠳᠠᠭᠠᠭᠠᠴᠢᠯᠠᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠰᠢᠢᠳᠪᠦᠷᠢᠯᠡᠨ ᠠᠷᠢᠯᠭᠠᠨ᠎ᠠ᠃ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠵᠠᠬᠢᠳᠠᠯ ᠰᠤᠷᠪᠤᠯᠵᠢᠯᠠᠯ ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠠᠵᠢᠯ ᠤᠨ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ︽ᠴᠣᠩᠬᠤ + ᠵᠠᠭᠪᠤᠷᠴᠢᠯᠠᠯᠳᠠ + ᠮᠡᠳᠡᠭᠡ ᠵᠠᠩᠭᠢᠵᠢᠯᠲᠡ︾ ᠦᠨᠳᠦᠰᠦᠨ ᠱᠠᠲᠤᠨ ᠤ ᠵᠥᠷᠢᠴᠡᠯ ᠢ ᠡᠶᠡᠳᠡᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠡᠯ᠎ᠡ ᠲᠥᠷᠥᠯ ᠤᠨ ᠠᠶᠤᠯ ᠲᠦᠭᠰᠢᠭᠦᠷᠢ ᠶᠢᠨ ᠳᠠᠯᠳᠠ ᠭᠡᠮ ᠢ ᠡᠭᠦᠰᠦᠯᠲᠡ ᠳᠤᠨᠢ ᠰᠢᠢᠳᠪᠦᠷᠢᠯᠡᠬᠦ ᠪᠠᠷ ᠴᠢᠷᠮᠠᠶᠢᠨ᠎ᠠ᠃ ︽ᠪᠢᠴᠢᠭ ᠤᠨ ᠰᠤᠷᠪᠤᠯᠵᠢᠲᠤ ᠵᠢᠨᠢᠩ︾ ᠲᠠᠭᠠᠭᠤᠯᠭ᠎ᠠ ᠪᠠᠷ ᠪᠦᠬᠦ ᠠᠷᠠᠳ ᠤᠨ ᠤᠩᠰᠢᠯᠭ᠎ᠠ ᠶᠢᠨ ᠠᠵᠢᠯᠯᠠᠭ᠎ᠠ ᠶᠢ ᠲᠦᠯᠬᠢᠨ ᠠᠬᠢᠭᠤᠯᠵᠣ᠂ ︽ᠬᠡᠷᠡᠭ ᠵᠥᠪᠯᠡᠬᠦ︾ ᠵᠠᠭᠪᠤᠷ ᠢᠶᠠᠷ ᠦᠨᠳᠦᠰᠦᠨ ᠱᠠᠲᠤᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠪᠠ ᠬᠤᠲᠠ ᠶᠢᠨ ᠬᠡᠪᠴᠢᠶᠡᠨ ᠤ ᠨᠡᠶᠢᠭᠡᠮ ᠤᠨ ᠵᠠᠰᠠᠯᠲᠠ ᠶᠢᠨ ᠳᠡᠰ ᠳᠡᠪᠰᠢᠬᠦ ᠶᠢ ᠠᠬᠢᠭᠤᠯᠣᠨ᠎ᠠ᠃         ᠡᠭᠦᠨ ᠤ ᠬᠠᠮᠲᠤ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠬᠠᠮᠢᠶᠠᠷᠤᠯᠲᠠ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠳᠠᠶᠢᠴᠢᠯᠠᠯᠲᠠ ᠪᠣᠯᠤᠨ ᠪᠡᠯᠡᠳᠬᠡᠯ ᠬᠦᠴᠦᠨ ᠤ ᠪᠠᠶᠢᠭᠤᠯᠤᠯᠲᠠ ᠶᠢ ᠲᠠᠰᠤᠷᠠᠯᠲᠠ ᠥᠬᠡᠢ ᠳᠡᠭᠡᠭᠰᠢᠯᠡᠭᠦᠯᠵᠦ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ ᠵᠡᠷᠭᠡ ᠠᠷᠠᠳ ᠤᠨ ᠪᠦᠯᠬᠦᠮ ᠤᠨ ᠬᠥᠭᠦᠷᠭᠡ ᠬᠤᠯᠪᠣᠭᠠᠰᠤ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠮᠡᠭᠲᠡᠶᠢᠴᠦᠳ᠂ ᠬᠡᠦᠬᠡᠳ᠂ ᠨᠠᠰᠤᠲᠠᠶᠢᠴᠤᠳ᠂ ᠠᠵᠢᠯᠴᠢᠨ ᠤ ᠡᠪᠯᠡᠯ᠂ ᠵᠡᠮᠳᠡᠭᠴᠦᠳ᠂ ᠤᠯᠠᠭᠠᠨ ᠵᠠᠭᠠᠯᠮᠠᠶᠢᠳᠠᠨ᠂ ᠤᠳᠬ᠎ᠠ ᠤᠷᠠᠯᠢᠭ ᠵᠡᠷᠭᠡ ᠦᠢᠯᠡᠰ ᠢ ᠢᠳᠡᠪᠬᠢᠲᠡᠢ ᠬᠥᠭᠵᠢᠭᠦᠯᠦᠨ᠎ᠡ᠃ ᠦᠨᠳᠦᠰᠦᠲᠡᠨ ᠱᠠᠰᠢᠨ ᠰᠤᠷᠲᠠᠬᠤᠨ᠂ ᠭᠠᠳᠠᠭᠠᠳᠤ ᠶᠠᠪᠤᠳᠠᠯ ᠬᠠᠷᠢᠶᠠᠲᠤ ᠶᠠᠪᠤᠳᠠᠯ᠂ ᠵᠠᠭᠤᠴᠢᠯᠠᠭᠤᠷ᠂ ᠲᠤᠭ᠎ᠠ ᠪᠦᠷᠢᠳᠬᠡᠯ᠂ ᠠᠮᠤ ᠪᠤᠳᠠᠭ᠎ᠠ᠂ ᠪᠠᠷᠠᠭᠠᠨ ᠤ ᠦᠨ᠎ᠡ ᠬᠠᠩᠰᠢ᠂ ᠳᠠᠩᠰᠠ ᠡᠪᠬᠡᠮᠡᠯ᠂ ᠴᠠᠭ ᠠᠭᠤᠷ᠂ ᠣᠷᠣᠨ ᠨᠤᠲᠤᠭ ᠤᠨ ᠤᠶᠢᠯᠠᠯᠭ᠎ᠠ ᠵᠡᠷᠭᠡ ᠠᠵᠢᠯ ᠢ ᠢᠳᠡᠪᠬᠢᠲᠡᠢ ᠰᠠᠶᠢᠲᠤᠷ ᠬᠢᠵᠦ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃              ᠲᠥᠯᠥᠭᠡᠯᠡᠭᠴᠢᠳ ᠡ︕         ᠬᠦᠨᠳᠦ ᠡᠭᠦᠷᠭᠡ ᠳᠦᠷᠦᠭᠡᠨ ᠳᠡᠭᠡᠷ᠎ᠡ ᠭᠠᠭᠴᠠᠭᠦ ᠡᠭᠦᠷᠭᠡᠯᠡᠨ᠎ᠡ᠃ ᠥᠭᠡᠷᠡᠴᠢᠯᠡᠯᠲᠡ ᠬᠦᠭᠵᠢᠯᠳᠡ ᠲᠣᠭᠲᠠᠭᠤᠨ ᠪᠠᠶᠢᠯᠭᠠᠬᠤ ᠬᠠᠲᠠᠭᠤ ᠪᠡᠷᠬᠡ ᠨᠦᠰᠡᠷ ᠬᠦᠨᠳᠦ ᠡᠭᠦᠷᠭᠡ ᠶᠢᠨ ᠡᠮᠦᠨ᠎ᠡ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠣ᠂ ᠵᠠᠰᠠᠭ ᠤᠨ ᠣᠷᠳᠣᠨ ᠤ ᠵᠠᠰᠠᠯᠲᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠠᠷᠠᠳ ᠲᠦᠮᠡᠨ ᠤ ᠬᠠᠨᠤᠮᠵᠢᠲᠠᠢ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠡᠷᠡᠰ ᠭᠤᠶᠢᠪᠢᠰᠢ ᠥᠬᠡᠢ ᠪᠠᠷ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠵᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠤᠬᠠᠭᠠᠷᠠᠭᠤᠯᠤᠨ ᠦᠢᠯᠡᠳᠦᠯᠭᠡᠵᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠲᠥᠪᠯᠡᠷᠡᠩᠭᠦᠢ ᠥᠷᠨᠢᠭᠦᠯᠵᠦ᠂ ︽ᠳᠥᠷᠪᠡᠨ ᠤᠬᠠᠮᠰᠠᠷ︾᠎ ᠢ ᠪᠣᠢ ᠪᠣᠯᠭᠠᠵᠣ ︽ᠳᠦᠷᠪᠡᠨ ᠢᠲᠡᠭᠡᠯ︾᠎ ᠢ ᠪᠠᠳᠣᠳᠬᠠᠵᠣ᠂ ︽ᠬᠤᠶᠠᠷ ᠢ ᠬᠠᠮᠠᠭᠠᠯᠠᠬᠤ︾ ᠠᠵᠢᠯ ᠢ ᠪᠡᠶᠡᠯᠡᠭᠦᠯᠵᠦ᠂ ᠤᠯᠤᠰ ᠲᠥᠷᠥ ᠶᠢᠨ ᠮᠠᠭᠠᠳᠯᠠᠯᠲᠠ ᠶᠢᠨ ᠬᠦᠴᠦᠨ᠂ ᠤᠯᠤᠰ ᠲᠥᠷᠥ ᠶᠢᠨ ᠤᠬᠠᠭᠠᠭᠤᠯᠬᠤ ᠬᠦᠴᠦᠨ᠂ ᠤᠯᠤᠰ ᠲᠥᠷᠥ ᠶᠢᠨ ᠬᠡᠷᠡᠭᠵᠢᠭᠦᠯᠬᠦ ᠬᠦᠴᠦᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠃ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯ ᠨᠠᠶᠢᠳᠠᠪᠤᠷᠢᠵᠢᠭᠤᠯᠵᠤ᠂ ᠵᠠᠰᠠᠭ ᠤᠨ ᠵᠠᠷᠯᠢᠭ ᠤᠨ ᠰᠠᠭᠠᠳ ᠦᠭᠡᠢ ᠶᠠᠪᠤᠭᠳᠠᠬᠤ ᠶᠢ ᠪᠠᠳᠣᠯᠠᠨ᠎ᠠ᠃ ᠬᠠᠤᠯᠢ ᠪᠠᠷ ᠵᠠᠰᠠᠬᠤ ᠰᠠᠭᠤᠷᠢ ᠶᠢ ᠢᠮᠠᠭᠲᠠ ᠪᠠᠷᠢᠮᠲᠠᠯᠠᠬᠤ ᠬᠡᠷᠡᠭᠲᠡᠢ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠡᠷᠡᠰ ᠭᠤᠶᠢᠪᠢᠰᠢ ᠦᠭᠡᠢ ᠪᠠᠷ ᠲᠤᠤᠱᠯᠠᠭᠤᠯᠤᠨ ︽ᠢᠷᠭᠡᠨ ᠤ ᠬᠠᠤᠯᠢ ᠶᠢᠨ ᠪᠢᠴᠢᠭ︾᠎ ᠢ ᠭᠦᠨᠵᠡᠭᠡᠢ ᠤᠬᠠᠭᠤᠯᠤᠨ ᠬᠡᠷᠡᠭᠵᠢᠭᠦᠯᠵᠦ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠲᠦᠭᠡᠮᠡᠯᠵᠢᠭᠦᠯᠬᠦ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃ ᠤᠯᠤᠰ ᠤᠨ ᠳᠡᠰ ᠤᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠲᠣᠭᠤᠷᠢᠭ ᠢ ᠢᠳᠡᠪᠬᠢᠲᠡᠢ ᠡᠭᠦᠳᠦᠨ ᠪᠠᠶᠢᠭᠤᠯᠤᠨ᠎ᠠ᠃ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠳᠠᠭᠠᠵᠣ᠂ ᠠᠷᠠᠳᠴᠢᠯᠠᠯ ᠢᠶᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠬᠠᠤᠯᠢ ᠶᠣᠰᠣᠭᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢ ᠡᠯ᠎ᠡ ᠲᠠᠯ᠎ᠠ ᠶᠢᠨ ᠰᠠᠨᠠᠯ ᠰᠠᠨᠠᠭᠤᠯᠭ᠎ᠠ ᠶᠢ ᠥᠷᠭᠡᠨ ᠢᠶᠠᠷ ᠰᠣᠨᠣᠰᠣᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠶᠢ ᠬᠠᠤᠯᠢ ᠶᠣᠰᠣᠭᠠᠷ ᠬᠦᠯᠢᠶᠡᠨ᠂ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ᠂ ᠨᠡᠶᠢᠭᠡᠮ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠠᠷᠠᠳ ᠤᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠢᠮᠪᠠᠢ ᠰᠠᠶᠢᠲᠤᠷ ᠭᠦᠢᠴᠡᠳᠬᠡᠨ᠎ᠡ᠃ ᠴᠢᠩᠭ᠎ᠠ ᠬᠡᠪ ᠰᠤᠷᠲᠠᠯ ᠢ ᠢᠮᠠᠭᠲᠠ ᠪᠠᠷᠢᠮᠲᠠᠯᠠᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠤᠶᠢᠪᠢᠰᠢ ᠦᠭᠡᠢ ᠨᠠᠶᠢᠳᠠᠪᠣᠷᠵᠢᠭᠤᠯᠵᠣ᠂ ᠲᠥᠪ ᠬᠤᠷᠢᠶᠠᠨ ᠤ ᠨᠠᠢᠮᠠᠨ ᠵᠤᠷᠪᠤᠰ ᠲᠣᠭᠲᠠᠭᠠᠯ ᠢ ᠡᠷᠡᠰ ᠴᠢᠩᠭ᠎ᠠ ᠬᠡᠷᠡᠭᠵᠢᠭᠦᠯᠵᠦ᠂ ᠬᠡᠯᠪᠡᠷᠢ ᠶᠢᠨ ᠦᠵᠡᠯ᠂ ᠨᠣᠶᠠᠨᠴᠢ ᠦᠵᠡᠯ ᠢ ᠦᠷᠬᠦᠯᠵᠢᠯᠡᠨ ᠴᠡᠭᠴᠡᠯᠡᠨ ᠵᠠᠰᠠᠵᠣ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠦᠷ᠎ᠡ ᠪᠦᠲᠦᠭᠡᠯ ᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ ᠥᠷᠭᠡᠳᠬᠡᠨ᠎ᠡ᠂ ᠭᠤᠣᠯᠳᠠᠯᠭ᠎ᠠ ᠲᠠᠢ ᠬᠦᠷᠢᠶᠡᠨ ᠳᠠᠬᠢ ᠴᠢᠬᠡᠴᠢ ᠵᠠᠰᠠᠭ ᠤᠨ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯᠯᠠᠭ᠎ᠠ ᠶᠢ ᠴᠢᠩᠭ᠎ᠠ ᠠᠳᠬᠤᠨ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ ᠠᠵᠢᠯᠴᠢ ᠠᠷᠪᠢᠴᠢ ᠭᠠᠮᠨᠠᠨ ᠠᠷᠪᠢᠯᠠᠬᠤ ᠰᠢᠯᠢᠳᠡᠭ ᠰᠤᠷᠲᠠᠯ ᠢ ᠪᠠᠳᠠᠷᠠᠭᠤᠯᠵᠣ᠂ ︽ᠬᠠᠲᠠᠭᠤᠵᠢᠯᠲᠠᠢ ᠠᠮᠢᠳᠤᠷᠠᠬᠤ︾ ᠱᠠᠭᠠᠷᠳᠠᠯᠭ᠎ᠠ ᠶᠢ ᠵᠠᠰᠠᠭ ᠤᠨ ᠣᠷᠳᠣᠨ ᠤ ᠠᠵᠢᠯ ᠤᠨ ᠪᠣᠳᠠᠲᠠᠢ ᠨᠠᠶᠢᠳᠠᠪᠣᠷᠢᠵᠢᠭᠤᠯᠬᠤ᠂ ᠵᠠᠰᠠᠭ ᠤᠨ ᠣᠷᠳᠣᠨ ᠤ ᠰᠢᠰᠲ᠋ᠧᠮ ᠤᠨ ︽ᠵᠦᠳᠡᠷᠡᠯ ᠤᠨ ᠵᠢᠭᠠᠯᠲᠠ ᠲᠤᠭ᠎ᠠ︾᠎ ᠪᠠᠷ ᠠᠷᠠᠳ ᠣᠯᠠᠨ ᠤ ︽ᠵᠣᠯ ᠵᠢᠷᠭᠠᠯ ᠤᠨ ᠵᠢᠭᠠᠯᠲᠠ ᠲᠤᠭ᠎ᠠ︾᠎ ᠶᠢ ᠰᠣᠯᠢᠵᠤ ᠠᠪᠴᠢᠷᠠᠨ᠎ᠠ᠃ ᠡᠭᠦᠷᠭᠡ ᠬᠠᠷᠢᠭᠤᠴᠠᠯᠭ᠎ᠠ ᠡᠭᠦᠷᠭᠡᠯᠡᠬᠦ ᠶᠢ ᠪᠠᠷᠢᠮᠳᠠᠯᠠᠬᠤ ᠬᠡᠷᠡᠭᠳᠡᠢ᠃ ︽ᠠᠷᠠᠳ ᠲᠦᠮᠡᠨ ᠳᠤ ᠠᠷᠠᠯ ᠤᠨ ᠱᠠᠷ ᠰᠢᠬ ᠵᠢᠳᠬᠦᠵᠦ᠂ ᠰᠢᠨ᠎ᠡ ᠶᠢ ᠡᠭᠦᠳᠦᠨ ᠬᠦᠭᠵᠢᠭᠦᠯᠬᠦ ᠳᠤ ᠠᠲᠠᠷ ᠬᠠᠭᠠᠯᠪᠣᠷᠢᠯᠠᠬᠤ ᠦᠬᠡᠷ᠂ ᠰᠢᠷᠭᠠᠭᠤ ᠬᠠᠲᠠᠭᠤᠵᠢᠯᠲᠠᠢ ᠪᠠᠷ ᠲᠡᠮᠡᠴᠡᠬᠦ ᠳᠤ ᠱᠠᠷ ᠦᠬᠡᠷ︾᠎ ᠤᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠪᠠᠳᠠᠷᠠᠭᠤᠯᠵᠤ᠂ ᠰᠠᠶᠢᠨ ᠳᠤᠷ᠎ᠠ ᠠᠴᠠ ᠪᠠᠨ ᠵᠣᠷᠢᠭᠲᠠᠢ ᠪᠠᠷ ᠡᠭᠦᠷᠭᠡᠯᠡᠬᠦ᠂ ᠬᠠᠲᠠᠭᠤ ᠵᠣᠷᠢᠭᠲᠠᠢ ᠪᠠᠶᠢᠯᠳᠤᠬᠤ ᠰᠥᠰᠥ ᠵᠣᠷᠢᠭ᠂ ᠠᠵᠢᠯ ᠬᠢᠵᠦ ᠦᠢᠯᠡᠰ ᠪᠣᠰᠬᠠᠬᠤ ᠴᠢᠳᠠᠪᠤᠷᠢ ᠪᠠᠨ ᠳᠡᠭᠡᠭᠰᠢᠯᠡᠭᠦᠯᠵᠦ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠺᠠᠳᠠᠷ ᠤᠨ ᠡᠩᠨᠡᠭᠡ ᠶᠢ ᠬᠦᠴᠦᠯᠡᠨ ᠪᠠᠶᠢᠭᠤᠯᠤᠨ᠎ᠠ᠃            ᠲᠥᠯᠥᠭᠡᠯᠡᠭᠴᠢᠳ ᠡ᠂ ᠮᠢᠩᠭᠠᠨ ᠳᠠᠷᠪᠠᠭᠤᠯ ᠡᠷᠡᠯᠬᠡᠭᠯᠡᠨ ᠲᠡᠮᠡᠴᠡᠬᠦ ᠳᠤ ᠡᠷᠡᠯᠬᠡᠭᠯᠡᠨ ᠲᠡᠮᠡᠴᠡᠭᠰᠡᠳ ᠤᠷᠢᠳᠠᠪᠡᠷ ᠲᠣᠳᠣᠷᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ  ᠨᠢᠭᠲᠠᠷᠠᠨ ᠪᠦᠯᠬᠦᠮᠳᠡᠵᠦ᠂  ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠥᠷᠯᠥᠭᠡ ᠦᠳᠡᠰᠢ ᠶᠢ ᠲᠡᠮᠡᠴᠡᠨ ᠭᠤᠸ᠎ᠠ ᠰᠠᠶᠢᠬᠠᠨ ᠵᠠᠯᠠᠭᠤ ᠨᠠᠰᠤ ᠢ ᠬᠥᠰᠡᠷᠳᠡᠭᠦᠯᠬᠦ ᠥᠬᠡᠢ ᠪᠠᠷ ᠴᠢᠷᠮᠠᠶᠢᠨ ᠲᠡᠮᠡᠴᠡᠵᠦ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠵᠢᠨᠢᠩ ᠤᠨ ᠰᠢᠨ᠎ᠡ ᠬᠠᠭᠤᠳᠠᠰᠤ ᠶᠢ ᠪᠢᠴᠢᠭᠯᠡᠨ᠂ ᠰᠢᠯᠢᠳᠡᠭ ᠬᠢᠷᠢ ᠪᠦᠲᠦᠮᠵᠢ ᠪᠠᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠣᠢ ᠶᠢ ᠪᠠᠶᠠᠷᠯᠠᠨ ᠤᠭᠲᠤᠵᠠᠭᠠᠶ᠎ᠠ︕
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2