ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠬᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠬᠤᠷᠠᠯ  ᠬᠤᠷᠠᠯᠳᠤᠵᠤ ᠤᠷᠤᠢ ᠶᠢᠨ ᠰᠤᠷᠭᠠᠭᠤᠯᠢ ᠶᠢᠨ ᠰᠤᠷᠤᠯᠴᠠᠯᠭ᠎ᠠ ᠡᠬᠢᠯᠡᠪᠡ
ᠨᠡᠶᠢᠲᠡᠯᠡᠭᠰᠡᠨ ᠴᠠᠭ᠄
2021/3/25
       3 ᠰᠠᠷ᠎ᠠ ᠶᠢᠨ 23᠎ ᠤ ᠣᠷᠣᠶ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠬᠢᠨ ᠤᠯᠠᠭᠠᠨᠴᠠᠪ ᠤᠨ ᠨᠠᠮ ᠤᠨ ᠲᠡᠦᠬᠡ ᠶᠢᠨ ᠣᠷᠳᠣᠨ ᠳᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠳᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠵᠤ  ᠂ ᠤᠷᠤᠢ ᠶᠢᠨ ᠰᠤᠷᠭᠠᠭᠤᠯᠢ ᠶᠢᠨ ᠠᠩᠬᠢ ᠡᠬᠢᠯᠡᠬᠦ ᠶᠣᠰᠣᠯᠠᠯ ᠶᠠᠪᠤᠭᠳᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠪᠥᠬᠦ ᠤᠯᠤᠰ ᠤᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠪᠠ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠬᠢᠨ ᠤ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠥᠷᠨᠢᠭᠦᠯᠬᠦ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠪᠠ᠃        ᠬᠤᠪᠢᠰᠬᠠᠯ ᠤᠨ ᠵᠢᠭᠰᠠᠭᠠᠯ ᠤᠨ ᠭᠠᠵᠠᠷ ᠪᠣᠯ ᠨᠠᠮ ᠤᠨ ᠭᠡᠰᠢᠭᠦᠨ ᠺᠠᠳ᠋ᠷᠴᠤᠳ ᠤᠨ ᠨᠠᠮ ᠤᠨ ᠲᠡᠦᠬᠡ ᠶᠢ ᠰᠤᠷᠤᠯᠴᠠᠬᠤ ︽ᠠᠮᠢᠳᠤ ᠵᠢᠭᠠᠬᠤ ᠮᠠᠲ᠋ᠧᠷᠢᠶᠠᠯ︾ ᠮᠥᠨ᠃ ᠤᠯᠠᠭᠠᠨᠴᠠᠪ ᠤᠨ ᠨᠠᠮ ᠤᠨ ᠲᠡᠦᠬᠡ ᠶᠢᠨ ᠣᠷᠳᠣᠨ ᠳᠤ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠨᠠᠮ ᠤᠨ ᠭᠡᠰᠢᠭᠦᠨ ᠺᠠᠳ᠋ᠷ ᠨᠠᠮ ᠤᠨ ᠲᠤᠭ ᠤᠷᠤᠭᠤ ᠬᠠᠨᠳᠤᠵᠤ᠂ ᠪᠠᠷᠠᠭᠤᠨ ᠭᠠᠷ ᠤᠨ ᠨᠢᠳᠤᠷᠭ᠎ᠠ ᠪᠠᠨ ᠴᠢᠩᠭ᠎ᠠ ᠠᠳᠬᠤᠨ ᠲᠥᠪ ᠴᠢᠩᠭ᠎ᠠ ᠪᠠᠷ ᠲᠠᠩᠭᠠᠷᠢᠭᠯᠠᠵᠤ ᠂ ᠨᠠᠮ ᠳᠤ ᠣᠷᠣᠬᠤ ᠲᠠᠩᠭᠠᠷᠢᠭ ᠤᠨ ᠦᠭᠡᠰ ᠢᠶᠠᠨ ᠲᠠᠬᠢᠨ ᠰᠠᠨᠠᠭᠠᠯᠵᠠᠵᠤ᠂ ᠡᠷᠡᠰ ᠪᠠᠲᠤ ᠲᠠᠩᠭᠠᠷᠢᠭ ᠢᠶᠠᠷ ᠢᠶᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠢ ᠬᠢᠵᠠᠭᠠᠯᠠᠰᠢ ᠦᠭᠡᠢ ᠳᠤᠷᠠᠰᠤᠨ ᠰᠠᠨᠠᠭᠠᠯᠵᠠᠬᠤ ᠪᠠ ᠭᠡᠷᠢᠶᠡᠰ ᠵᠣᠷᠢᠭ ᠢᠶᠠᠨ ᠵᠠᠯᠭᠠᠮᠵᠢᠯᠠᠵᠤ᠂ ᠡᠷᠡᠮᠡᠬᠡᠶᠢᠯᠡᠨ ᠤᠷᠤᠭᠰᠢᠯᠠᠬᠤ ᠵᠣᠷᠢᠭ ᠢᠶᠠᠨ ᠢᠯᠡᠳᠬᠡᠵᠡᠢ᠃  ᠠᠩᠭᠢ ᠡᠬᠢᠯᠡᠬᠦ ᠶᠣᠰᠣᠯᠠᠯ ᠳᠡᠭᠡᠷ᠎ᠡ᠂  ᠲᠤᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠢᠶ ᠬᠤᠩ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠲᠡᠷᠡ ᠵᠢᠭᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶ᠎ᠠ ᠨᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠣᠳᠣᠷᠬᠠᠶᠢᠯᠠᠨ ᠥᠭᠦᠯᠡᠭᠰᠡᠨ ᠪᠠᠶᠢᠨ᠎ᠠ᠃ ᠶᠠᠭᠤᠨ ᠤ ᠤᠴᠢᠷ ᠠᠴᠠ ᠰᠤᠷᠤᠯᠴᠠᠬᠤ᠂ ᠶᠠᠭᠤ ᠶᠢ ᠰᠤᠷᠤᠯᠴᠠᠬᠤ᠂ ᠬᠡᠷᠬᠢᠨ ᠰᠤᠷᠤᠯᠴᠠᠬᠤ ᠵᠡᠷᠭᠡ ᠴᠢᠬᠤᠯᠠ ᠠᠰᠠᠭᠤᠳᠠᠯ ᠳᠤ ᠰᠢᠰᠲ᠋ᠧᠮ ᠲᠠᠢ ᠬᠠᠷᠢᠭᠤᠯᠲᠠ ᠥᠭᠴᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠭᠤᠣᠯᠳᠠᠯᠭ᠎ᠠ ᠲᠠᠢ ᠡᠭᠦᠷᠭᠡ ᠪᠠ ᠠᠵᠢᠯ ᠤᠨ ᠱᠠᠭᠠᠷᠳᠠᠯᠭ᠎ᠠ ᠶᠢ ᠲᠣᠳᠣᠷᠬᠠᠢ ᠪᠠᠶᠢᠷᠢᠯᠠᠭᠤᠯᠵᠤ᠂ ᠪᠢᠳᠡᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠬᠦ ᠳᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃  ᠲᠤᠭᠤᠷᠢᠭ ᠤᠨ ᠵᠠᠰᠠᠭ ᠤᠨ ᠣᠷᠳᠣᠨ ᠤ ᠰᠢᠰᠲ᠋ᠧᠮ ᠤᠨ ᠪᠦᠬᠦ ᠨᠠᠮ ᠤᠨ ᠭᠡᠰᠢᠭᠦᠨ ᠺᠠᠳ᠋ᠷᠴᠤᠳ ᠨᠠᠷᠢᠨ ᠬᠢᠨᠠᠮᠠᠭᠠᠶ ᠰᠤᠷᠤᠯᠴᠠᠨ ᠣᠶᠢᠯᠠᠭᠠᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠲᠥᠪ  ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠳᠠ ᠪᠠ ᠲᠣᠭᠤᠷᠢᠭ ᠤᠨ ᠨᠠᠮ ᠤᠨ  ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠠᠳᠬᠤᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠲᠡᠦᠬᠡᠨ ᠶᠠᠪᠤᠴᠠ ᠠᠴᠠ ᠦᠷᠭᠦᠯᠵᠢᠯᠡᠨ ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠪᠠ ᠲᠡᠮᠡᠴᠡᠯ ᠤᠨ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠬᠡᠷᠡᠭᠲᠡᠢ  ᠭᠡᠵᠡᠢ᠃         ᠵᠢᠢ ᠬᠤᠩ ᠱᠠᠭᠠᠷᠳᠠᠭᠰᠠᠨ ᠨᠢ᠂ ᠭᠤᠣᠯᠳᠠᠯᠭ᠎ᠠ ᠶᠢ ᠳᠤᠪᠤᠶᠢᠯᠭᠠᠵᠤ᠂ ᠬᠠᠷᠠᠯᠲᠠ ᠪᠠᠨ ᠲᠣᠳᠣᠷᠬᠠᠶᠢᠯᠠᠵᠤ᠂ ᠲᠡᠦᠬᠡ ᠰᠤᠷᠴᠤ ᠶᠣᠰᠣ ᠤᠴᠢᠷ ᠢ ᠣᠶᠢᠯᠠᠭᠠᠬᠤ᠂ ᠦᠵᠡᠯ ᠰᠠᠨᠠᠭᠠᠨ ᠤ ᠠᠤᠭ᠎ᠠ ᠬᠦᠴᠦᠨ ᠢ ᠣᠶᠢᠯᠠᠭᠠᠬᠤ ᠶᠢ ᠪᠠᠷᠢᠮᠲᠠᠯᠠᠵᠤ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠶᠢᠨ ᠢᠲᠡᠭᠡᠯ ᠢᠶᠠᠨ ᠨᠡᠮᠡᠭᠳᠡᠭᠦᠯᠬᠦ ᠶᠢ ᠪᠠᠷᠢᠮᠲᠠᠯᠠᠵᠤ᠂ ᠲᠡᠦᠬᠡ ᠰᠤᠷᠴᠤ ᠶᠣᠰᠣ ᠰᠤᠷᠲᠠᠬᠤᠨ ᠢ ᠳᠡᠭᠡᠳᠦᠯᠡᠬᠦ᠂ ᠲᠡᠮᠡᠴᠡᠯ ᠤᠨ ᠵᠣᠷᠢᠭ ᠰᠠᠨᠠᠭ᠎ᠠ ᠶᠢ ᠦᠷᠭᠦᠯᠵᠢᠯᠡᠭᠦᠯᠬᠦ ᠶᠢ ᠪᠠᠷᠢᠮᠲᠠᠯᠠᠵᠤ᠂ ᠲᠡᠦᠬᠡ ᠰᠤᠷᠴᠤ ᠦᠢᠯᠡᠳᠦᠯᠭᠡᠵᠢᠭᠦᠯᠬᠦ᠂ ᠪᠣᠳᠠᠲᠠᠢ ᠶᠢ ᠡᠷᠬᠢᠮᠯᠡᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠭᠠᠷᠭᠠᠬᠤ ᠶᠢ ᠪᠠᠷᠢᠮᠲᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠦᠨᠡᠨᠬᠦ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ  ᠃ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠵᠣᠬᠢᠶᠠᠨ ᠪᠠᠶᠢᠭᠤᠯᠤᠨ ᠬᠦᠳᠦᠯᠦᠨ ᠵᠢᠯᠣᠭᠤᠳᠴᠤ ᠪᠠᠶᠢᠭᠠᠳ ᠤᠶᠤᠨ ᠴᠢᠳᠠᠯ ᠢᠶᠠᠨ ᠲᠥᠪᠯᠡᠷᠡᠭᠦᠯᠦᠨ᠂ ᠦᠨᠡᠨ ᠬᠦ ᠰᠤᠷᠤᠯᠴᠠᠵᠤ ᠪᠣᠳᠠᠲᠠᠢ ᠰᠤᠷᠤᠯᠴᠠᠨ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠵᠦ᠂ ᠨᠠᠮ ᠤᠨ ᠲᠡᠦᠬᠡ ᠶᠢ ᠰᠤᠷᠤᠯᠴᠠᠬᠤ ᠳᠤ ᠤᠬ ᠰᠠᠨᠠᠭ᠎ᠠ ᠪᠠᠨ ᠰᠠᠬᠢᠬᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ᠂ ᠤᠯᠠᠨ ᠤ ᠤᠶᠤᠨ ᠤᠬᠠᠭᠠᠨ ᠢ ᠲᠥᠪᠯᠡᠷᠡᠭᠦᠯᠬᠦ᠂ ᠤᠯᠠᠨ ᠤ ᠬᠦᠴᠦᠨ ᠳᠤ ᠨᠡᠶᠢᠴᠡᠬᠦ᠂ ᠪᠣᠳᠠᠲᠤ ᠶᠠᠪᠤᠳᠠᠯ ᠪᠦᠲᠦᠭᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ ᠳᠠᠮᠵᠢᠭᠤᠯᠤᠨ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠮᠵᠢ ᠶᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ ᠭᠡᠵᠡᠢ᠃       ᠵᠢᠶ ᠬᠤᠩ ᠴᠢᠬᠤᠯᠠᠴᠢᠯᠠᠭᠰᠠᠨ ᠨᠢ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠣᠳᠣᠬᠠᠨ ᠤ ᠨᠢᠭᠡᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠤᠳᠤᠷᠢᠳᠤᠯᠭ᠎ᠠ ᠪᠠᠨ ᠴᠢᠩᠭᠠᠳᠬᠠᠵᠤ᠂ ᠲᠥᠪ ᠭᠤᠣᠯᠴᠢ ᠪᠠᠷ ᠰᠢᠨ᠎ᠡ ᠶᠢ ᠡᠭᠦᠳᠴᠦ᠂ ᠬᠠᠷᠢᠭᠤᠴᠠᠯᠭᠠᠲᠤ ᠰᠡᠳᠬᠢᠯᠭᠡ ᠪᠠ ᠪᠠᠴᠢᠮ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠮᠥᠷᠳᠡᠨ ᠳᠠᠭᠠᠵᠤ ᠦᠷ᠎ᠡ ᠪᠦᠲᠦᠮᠵᠢ ᠶᠢ ᠠᠰᠠᠭᠤᠬᠤ ᠶᠢ ᠴᠢᠩᠭᠠᠳᠬᠠᠵᠤ᠂ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠵᠤ᠂  ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠪᠡᠶᠡᠯᠡᠭᠦᠯᠵᠦ᠂ ᠰᠤᠷᠤᠯᠴᠠᠯᠭ᠎ᠠ ᠶᠢᠨ ᠦᠷ᠎ᠡ ᠪᠦᠲᠦᠮᠵᠢ ᠪᠠᠨ ᠰᠢᠨ᠎ᠡ ᠴᠠᠭ ᠦᠶ᠎ᠡ ᠶᠢᠨ ᠵᠠᠰᠠᠭ ᠤᠨ ᠣᠷᠳᠣᠨ ᠤ ᠠᠵᠢᠯ ᠤᠨ ᠰᠢᠨ᠎ᠡ ᠪᠠᠶᠢᠳᠠᠯ ᠢ ᠡᠭᠦᠳᠬᠦ᠂ ᠵᠢᠨᠢᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠪᠠᠷ ᠴᠢᠷᠮᠠᠶᠢᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠨ᠎ᠡ ᠭᠡᠵᠡᠢ  ᠃          ᠲᠤᠭᠤᠷᠢᠭ ᠤᠨ ᠵᠠᠰᠠᠭ ᠤᠨ ᠣᠷᠳᠣᠨ ᠤ ᠡᠯ᠎ᠡ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ᠂ ᠪᠠᠶᠢᠴᠠᠭᠠᠨ ᠰᠤᠳᠤᠯᠤᠭᠴᠢ᠂  ᠲᠤᠭᠤᠷᠢᠭ ᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ᠂ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠭᠤᠣᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                                                 ᠵᠢᠷᠤᠭ᠄ ᠴᠢᠶᠤᠤ ᠮᠢᠨ                                                 ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2