ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ ᠨᠢᠭᠡᠳᠦᠭᠡᠷ ᠤᠳᠠᠭᠠᠨ ᠤ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2021/3/4
           2021 ᠣᠨ ᠤ 1 ᠰᠠᠷ᠎ᠠ ᠶᠢᠨ 12᠎ ᠤᠨ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠢᠶ ᠬᠤᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ 1 ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠷᠠᠯ ᠠᠴᠠ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾᠎ ᠢ ᠤᠯᠠᠮᠵᠢᠯᠠᠨ ᠰᠤᠷᠤᠯᠴᠠᠪᠠ᠃ ᠵᠠᠰᠠᠭ ᠤᠨ ᠣᠷᠳᠣᠨ ᠤ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠦᠭᠰᠡᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠵᠡᠷᠭᠡ ᠬᠤᠯᠪᠣᠭᠳᠠᠯ ᠪᠥᠬᠦᠶ ᠵᠦᠶᠯᠡᠰ ᠢ ᠰᠣᠨᠣᠰᠪᠠ᠂ ᠣᠲᠣ ᠬᠤᠷᠠᠯ ᠤᠨ ᠭᠤᠤᠯ ᠵᠣᠷᠢᠭ ᠰᠠᠨᠠᠭᠠᠨ ᠤ ᠲᠣᠪᠴᠢ ᠲᠡᠮᠳᠡᠭᠯᠡᠯ ᠳᠣᠤᠷᠠᠬᠢ ᠮᠡᠲᠦ᠄           ᠬᠤᠷᠠᠯ ᠠᠴᠠ ︽ᠨᠠᠮ ᠤᠨ ᠬᠤᠷᠢ᠊ ᠡᠶ᠎ᠡ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠲᠦ ᠪᠤᠳᠤᠯᠭ᠎ᠠ ᠲᠣᠭᠲᠠᠭᠠᠬᠤ ᠲᠡᠰ ᠳᠠᠷᠠᠭᠠᠯᠠᠯ ᠤᠨ ᠲᠣᠭᠲᠠᠭᠠᠯ︾᠎ ᠢ ᠤᠯᠠᠮᠵᠢᠯᠠᠨ ᠰᠤᠷᠤᠯᠴᠠᠵᠠᠢ᠃           ᠬᠤᠷᠠᠯ ᠠᠴᠠ ᠵᠢᠭᠠᠵᠤ ᠭᠠᠷᠭᠠᠭᠰᠠᠨ ᠨᠢ᠂ ᠦᠵᠡᠯ ᠤᠬᠠᠮᠰᠠᠷ ᠤᠨ ᠬᠡᠯᠪᠡᠷᠢ ᠪᠣᠯ ᠨᠠᠮ ᠤᠨ ᠢᠷᠡᠭᠡᠳᠦᠶ ᠬᠤᠪᠢ ᠵᠠᠶᠠᠭ᠎ᠠ ᠳᠤ ᠬᠤᠯᠪᠣᠭᠳᠠᠬᠤ᠂ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠪᠠᠶᠢᠬᠤ ᠳᠤ ᠬᠤᠯᠪᠣᠭᠳᠠᠬᠤ᠂ ᠦᠨᠳᠦᠰᠦᠲᠡᠨ ᠤ ᠨᠢᠭᠲᠠᠷᠠᠯ ᠤᠨ ᠬᠦᠴᠦᠨ ᠪᠠ ᠲᠥᠪᠯᠡᠩᠭᠦᠶ ᠬᠦᠴᠦᠨ ᠳᠤ ᠬᠤᠯᠪᠣᠭᠳᠠᠬᠤ ᠨᠢᠭᠡᠨ ᠴᠢᠬᠤᠯᠠ ᠠᠵᠢᠯ ᠮᠥᠨ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ︽ᠠᠷᠭ᠎ᠠ︾᠎ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ᠂ ᠦᠨᠳᠦᠰᠦᠨ ᠱᠠᠭᠠᠷᠳᠠᠯᠭ᠎ᠠ ᠶᠢ ᠣᠨᠣᠪᠴᠢᠲᠠᠢ ᠡᠵᠡᠮᠳᠡᠵᠦ᠂ ᠨᠠᠮ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ᠡᠯ᠎ᠡ ᠵᠦᠢᠯ ᠤᠨ ᠠᠵᠢᠯ ᠤᠨ ᠤᠷᠤᠭᠰᠢᠲᠠᠢ ᠶᠠᠪᠤᠭᠳᠠᠬᠤ ᠶᠢ ᠠᠬᠢᠭᠤᠯᠬᠤ ᠬᠡᠷᠡᠭᠲᠡᠢ︔ ᠦᠵᠡᠯ ᠤᠬᠠᠮᠰᠠᠷ ᠤᠨ ᠬᠡᠯᠪᠡᠷᠢ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠨᠠᠮ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠦᠷᠢᠯᠳᠦᠬᠦᠨ ᠪᠡᠶ᠎ᠡ ᠪᠠᠷ ᠢᠶᠠᠨ ᠬᠡᠪ ᠲᠦᠷᠢᠮ ᠪᠤᠯᠵᠤ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠦᠷᠦᠭᠦᠯᠡᠨ ᠰᠠᠶᠢᠲᠤᠷ ᠠᠳᠬᠤᠵᠤ᠂ ᠭᠤᠣᠯ ᠵᠠᠭᠤᠴᠢᠯᠠᠭᠤᠷ ᠤᠨ ᠳᠠᠭᠤᠨ ᠢ ᠲᠦᠷᠦᠭᠦᠯᠡᠨ ᠠᠩᠬᠠᠷᠴᠤ᠂ ᠭᠤᠣᠯ ᠤᠷᠤᠰᠬᠠᠯ ᠤᠨ ᠳᠠᠭᠤᠨ ᠢ ᠳᠠᠮᠵᠢᠭᠤᠯᠵᠤ᠂ ᠭᠤᠣᠯᠳᠠᠯᠭ᠎ᠠ ᠲᠠᠢ ᠬᠠᠮᠲᠤᠯᠢᠭ ᠢ ᠰᠠᠶᠢᠲᠤᠷ ᠬᠠᠮᠢᠶᠠᠷᠴᠤ᠂ ᠨᠠᠮ ᠤᠨ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ ᠠᠵᠢᠯ ᠢ ᠲᠤᠤᠱᠲᠠᠢ ᠲᠤᠤᠱᠯᠠᠭᠤᠯᠵᠤ᠂ ᠲᠤᠤᠱᠲᠠᠢ ᠨᠠᠶᠢᠳᠠᠪᠤᠷᠢᠵᠢᠭᠤᠯᠬᠤ ᠪᠠᠷ ᠴᠢᠷᠮᠠᠶᠢᠬᠤ ᠬᠡᠷᠡᠭᠲᠡᠢ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠲᠠᠰ ᠳᠠᠷᠠᠭᠠᠯᠠᠯ ᠤᠨ ᠲᠣᠭᠲᠠᠭᠠᠯ︾᠎ ᠢ ᠬᠢᠨᠠᠮᠠᠭᠠᠶ ᠲᠤᠤᠱᠯᠠᠭᠤᠯᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠰᠢᠶᠳᠪᠦᠷᠢᠲᠦ ᠪᠣᠳᠣᠯᠭ᠎ᠠ ᠲᠣᠭᠲᠠᠭᠠᠬᠤ ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ︽ᠲᠣᠭᠲᠠᠭᠠᠯ︾᠎ ᠢ ᠰᠢᠶᠳᠪᠦᠷᠢᠲᠦ ᠪᠣᠳᠣᠯᠭ᠎ᠠ ᠲᠣᠭᠲᠠᠭᠠᠵᠤ ᠵᠠᠰᠠᠭ ᠶᠠᠪᠤᠭᠤᠯᠬᠤ ᠡᠯ᠎ᠡ ᠲᠠᠯ᠎ᠠ᠂ ᠡᠯ᠎ᠡ ᠭᠤᠭᠴᠤᠭ᠎ᠠ ᠳᠤ ᠦᠨᠡᠨᠬᠦ ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠠᠵᠢᠯ ᠢ ᠬᠠᠤᠯᠢ ᠶᠢᠨ ᠦᠨᠳᠦᠰᠦᠯᠡᠯ ᠲᠠᠢ᠂ ᠬᠠᠤᠯᠢ ᠳᠤ ᠨᠡᠶᠢᠴᠡᠭᠦᠯᠦᠨ ᠬᠢᠬᠦ ᠶᠢ ᠦᠨᠡᠨᠬᠦ ᠪᠠᠲᠤᠯᠠᠬᠤ ᠬᠡᠷᠡᠭᠲᠡᠶ᠃         ᠬᠤᠷᠠᠯ ᠠᠴᠠ ᠵᠠᠰᠠᠭ ᠤᠨ ᠣᠷᠳᠣᠨ ᠤ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠦᠷᠭᠦᠯᠵᠢᠯᠡᠨ ᠭᠦᠨᠵᠡᠭᠡᠢ ᠰᠢᠯᠢᠳᠡᠭᠵᠢᠭᠦᠯᠬᠦ ᠪᠣᠯ ᠨᠢᠭᠡ ᠵᠦᠢᠯ ᠤᠨ ᠰᠢᠰᠲᠧᠮᠲᠦ ᠴᠢᠨᠠᠷᠲᠠᠢ᠂ ᠪᠦᠬᠦᠯᠢ ᠴᠣᠭᠴᠠ ᠶᠢᠨ ᠴᠢᠨᠠᠷᠲᠠᠢ ᠠᠵᠢᠯ ᠪᠣᠯᠤᠨ᠎ᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠬᠠᠮᠲᠤᠷᠠᠯ ᠤᠨ ᠬᠦᠴᠦᠨ ᠢ ᠪᠦᠷᠢᠯᠳᠦᠭᠦᠯᠵᠦ᠂ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠶᠢ ᠱᠠᠭᠠᠷᠳᠠᠨ᠎ᠠ᠃ ᠡᠯ᠎ᠡ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ᠂ ᠬᠠᠷᠢᠭᠤᠴᠠᠯᠭᠠᠲᠤ ᠨᠢᠭᠡᠴᠡ ᠨᠦᠭᠦᠳ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠨ᠂ ᠡᠭᠦᠷᠭᠡ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠪᠣᠳᠠᠲᠠᠶ ᠠᠬᠢᠭᠤᠯᠬᠤ ᠠᠷᠭ᠎ᠠ ᠬᠡᠮᠵᠢᠶ᠎ᠡ ᠪᠠᠨ ᠦᠳᠲᠡᠷ ᠲᠦᠷᠭᠡᠨ ᠲᠣᠭᠲᠠᠭᠠᠵᠤ᠂ ᠨᠠᠶᠢᠳᠠᠪᠤᠷᠢᠵᠢᠭᠤᠯᠤᠯᠲᠠ ᠶᠢ ᠵᠦᠶᠯ ᠳᠠᠷᠠᠭᠠᠯᠠᠨ ᠰᠠᠶᠢᠲᠤᠷ ᠠᠳᠬᠤᠬᠤ ᠬᠡᠷᠡᠭᠲᠡᠶ︔ ᠡᠭᠦᠷᠭᠡ ᠴᠢᠳᠠᠪᠤᠷᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠡᠯ᠎ᠡ ᠬᠠᠷᠢᠭᠤᠴᠠᠯᠭᠠᠲᠤ ᠨᠢᠭᠡᠴᠡ ᠶᠢᠨ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠳᠤᠬᠢᠷᠠᠭᠤᠯᠵᠤ᠂ ᠦᠢᠯᠡᠴᠢᠯᠡᠭᠡᠨ ᠤ ᠪᠠᠲᠤᠯᠠᠭ᠎ᠠ ᠶᠢ ᠳᠠᠰᠤᠷᠠᠯᠳᠠ ᠦᠬᠡᠢ ᠰᠢᠯᠢᠳᠡᠭᠵᠢᠭᠦᠯᠵᠦ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠦᠢᠯᠡᠴᠢᠯᠡᠭᠡ ᠶᠢ ᠴᠢᠩᠭᠠᠳᠬᠠᠵᠤ᠂ ᠠᠵᠤ ᠠᠬᠤᠶᠢᠯᠠᠯ ᠤᠨ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠲᠤᠯᠭᠠᠮ᠎ᠠ ᠠᠰᠠᠭᠤᠳᠠᠯ ᠢ ᠡᠮᠬᠢᠯᠡᠨ ᠳ᠋ᠦᠩᠨᠡᠵᠦ᠂ ᠵᠤᠷᠪᠤᠰ ᠳᠠᠷᠠᠭᠠᠯᠠᠨ ᠰᠤᠳᠤᠯᠤᠨ ᠵᠠᠳᠠᠯᠵᠤ᠂ ᠪᠦᠬᠦ ᠬᠦᠴᠦᠨ ᠢᠶᠠᠷ ᠢᠶᠠᠨ ᠠᠵᠤ ᠠᠬᠤᠶᠢᠯᠠᠯ ᠢ ᠬᠠᠪᠰᠤᠷᠤᠨ ᠬᠦᠴᠢᠷᠳᠡᠯ ᠢ ᠨᠢ ᠰᠢᠢᠳᠪᠦᠷᠢᠯᠡᠵᠦ᠂ ᠬᠥᠭᠵᠢᠯᠲᠡ ᠶᠢ ᠨᠢ ᠲᠦᠷᠭᠡᠳᠬᠡᠬᠦ ᠬᠡᠷᠡᠭᠲᠡᠢ᠃         ᠬᠤᠷᠠᠯ ᠠᠴᠠ ᠵᠢᠨᠢᠩ ᠲᠣᠭᠤᠷᠢᠭ ᠤᠨ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠡᠷᠬᠡᠪᠰᠢ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠵᠦ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠵᠢᠯ ᠢ ᠰᠠᠶᠢᠲᠤᠷ ᠠᠳᠬᠤᠬᠤ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ᠂ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠶᠢ ᠬᠡᠷᠡᠭᠵᠢᠭᠦᠯᠬᠦ ᠶᠢ ᠪᠠᠷᠢᠮᠲᠠᠯᠠᠵᠤ᠂ ᠨᠢᠭᠡ ᠲᠠᠯ᠎ᠠ ᠪᠠᠷ ᠶᠡᠷᠦᠩᠬᠡᠢ ᠬᠡᠮᠵᠢᠶ᠎ᠡ ᠶᠢ ᠪᠠᠭᠠᠰᠬᠠᠬᠤ ᠶᠢ ᠶᠡᠬᠡᠪᠡᠷ ᠰᠠᠶᠢᠲᠤᠷ ᠠᠳᠬᠤᠵᠤ᠂ ᠨᠦᠬᠦᠬᠡ ᠲᠠᠯ᠎ᠠ ᠪᠠᠷ᠂ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠢ ᠯᠠᠪᠳᠠᠭᠤᠨ ᠪᠠᠲᠤᠲᠠᠢ ᠠᠬᠢᠭᠤᠯᠵᠤ᠂ ᠪᠠᠶᠢᠯᠳᠤᠬᠤ ᠪᠤᠳᠤᠯᠭ᠎ᠠ ᠶᠢᠨ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠢᠳᠡᠪᠬᠢᠲᠡᠢ ᠪᠤᠶᠢᠵᠢᠭᠤᠯᠤᠨ ᠪᠤᠵᠠᠭᠠᠶᠢᠷᠠᠭᠤᠯᠵᠤ᠂ ᠬᠠᠭᠤᠴᠢᠨ ᠬᠥᠳᠡᠯᠭᠡᠬᠦ ᠬᠦᠴᠦᠨ ᠢ ᠰᠢᠭᠰᠢᠭᠳᠡᠭᠦᠯᠬᠦ᠂ ᠰᠢᠨ᠎ᠡ ᠬᠥᠳᠡᠯᠭᠡᠬᠦ ᠬᠦᠴᠦᠨ ᠢ ᠪᠤᠶᠢᠵᠢᠭᠤᠯᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ᠃         ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                ᠣᠷᠴᠢᠭᠤᠯᠤᠭᠴᠢ᠄ ᠪᠤᠥ ᠯᠢᠩ ᠶᠤᠸᠠᠨ
 
ᠢᠷᠡᠯᠲᠡ᠄ ᠵᠢᠨᠢᠩ ᠲᠣᠭᠣᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2