ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ ᠬᠤᠶᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2021/3/4
            2021 ᠣᠨ ᠤ 1 ᠰᠠᠷ᠎ᠠ ᠶᠢᠨ 29᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠢᠢ ᠬᠤᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ 2 ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠲᠠᠪᠤᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ ᠶᠢ ᠤᠯᠠᠮᠵᠢᠯᠠᠨ ᠰᠤᠷᠤᠯᠴᠠᠵᠤ᠂ ᠬᠤᠷᠠᠯ ᠠᠴᠠ ᠪᠠᠰᠠ ᠪᠤᠰᠤᠳ ᠬᠤᠯᠪᠣᠭᠳᠠᠯ ᠪᠦᠬᠦᠢ ᠤᠴᠢᠷ ᠶᠠᠪᠤᠳᠠᠯ ᠢ ᠰᠤᠳᠤᠯᠵᠠᠢ᠃ ᠤᠳᠦ ᠬᠤᠷᠠᠯᠳᠤᠭᠠᠨ ᠤ ᠭᠤᠣᠯ ᠵᠣᠷᠢᠭ ᠰᠠᠨᠠᠭ᠎ᠠ ᠶᠢ ᠳᠣᠣᠷᠠᠬᠢ ᠮᠡᠲᠦ ᠪᠠᠷ ᠲᠣᠪᠴᠢᠯᠠᠨ ᠲᠡᠮᠳᠡᠭᠯᠡᠶ᠎ᠡ᠄             ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠠᠯᠪᠠᠨ ᠮᠡᠳᠡᠭᠡ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠬᠡᠷᠡᠭᠵᠢᠭᠦᠯᠬᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠢ ᠬᠢᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠵᠠᠩᠭᠢᠯᠠᠭ᠎ᠠ ᠶᠢᠨ ᠦᠶ᠎ᠡ ᠳᠤ ᠬᠤᠷᠠᠯᠳᠤᠭᠰᠠᠨ ᠨᠢᠭᠡ ᠤᠳᠠᠭ᠎ᠠ ᠶᠢᠨ ᠴᠢᠬᠤᠯᠠ ᠬᠤᠷᠠᠯ ᠪᠣᠯᠤᠨ᠎ᠠ᠃ ᠶᠡᠷᠦᠩᠬᠡᠶ ᠱᠦᠵᠢ ᠰᠢ ᠶᠢᠨ ᠫᠢᠩ ᠤ ᠪᠥᠬᠦᠳᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠨᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠥᠨᠳᠥᠷ ᠲᠤ ᠵᠣᠭᠰᠣᠨ ᠠᠯᠤᠰ ᠢ ᠪᠠᠷᠠᠯᠠᠬᠤ ᠪᠠᠶᠢᠯᠳᠤᠬᠤ ᠪᠤᠳᠤᠯᠭ᠎ᠠ ᠶᠢᠨ ᠬᠠᠷᠠᠴᠠ᠂ ᠢᠮᠠᠭᠲᠠ ᠬᠤᠪᠢᠷᠠᠰᠢ ᠦᠭᠡᠢ ᠲᠡᠦᠬᠡᠨ ᠡᠭᠦᠷᠭᠡᠯᠡᠯ᠂ ᠠᠷᠠᠳ ᠤᠨ ᠲᠥᠯᠥᠭᠡ ᠵᠢᠳᠬᠦᠬᠦ ᠳᠤ ᠪᠢ ᠪᠠᠶᠢᠬᠤ ᠦᠭᠡᠢ ᠡᠷᠬᠢᠮ ᠳᠡᠭᠡᠳᠦ ᠠᠬᠤᠶ ᠪᠠᠶᠢᠳᠠᠯ᠂ ᠨᠠᠮ ᠢᠶᠠᠨ ᠮᠠᠨᠳᠤᠭᠤᠯᠵᠤ ᠤᠯᠤᠰ ᠢᠶᠠᠨ ᠬᠦᠴᠦᠷᠬᠡᠭᠵᠢᠭᠦᠯᠬᠦ ᠡᠭᠦᠷᠭᠡᠲᠦ ᠰᠡᠳᠬᠢᠯᠭᠡ ᠶᠢ ᠭᠦᠢᠴᠡᠳ ᠬᠠᠷᠠᠭᠤᠯᠵᠠᠶ᠃ ᠮᠠᠰᠢ ᠴᠢᠩᠭ᠎ᠠ ᠤᠯᠤᠰ ᠲᠦᠷᠦᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ ᠲᠠᠢ ᠪᠠᠶᠢᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢᠨ ᠴᠢᠬᠤᠯᠠ ᠵᠢᠷᠤᠮᠯᠠᠯ ᠮᠥᠨ᠃              ᠬᠤᠷᠠᠯ ᠠᠴᠠ᠂ ᠪᠦᠬᠦ ᠣᠷᠣᠨ ᠤ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠤ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠰᠠᠨ ᠴᠢᠬᠤᠯᠠ ᠶᠡᠭᠡ ᠦᠷ᠎ᠡ ᠪᠦᠲᠦᠭᠡᠯ ᠢ ᠣᠨᠣᠪᠴᠢᠲᠠᠢ ᠡᠵᠡᠮᠳᠡᠵᠦ᠂ ᠲᠤᠯᠭᠠᠷᠠᠵᠤ ᠪᠠᠶᠢᠭ᠎ᠠ ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠳᠠᠯ ᠢ ᠰᠡᠷᠭᠡᠭ ᠢᠶᠠᠷ ᠲᠠᠨᠢᠵᠤ᠂ ᠢᠯᠵᠢᠷᠡᠬᠦ ᠠᠴᠠ ᠵᠢᠷᠦᠬᠡᠰᠢᠶᠡᠬᠦ᠂ ᠢᠯᠵᠢᠷᠡᠵᠦ ᠪᠣᠯᠬᠤ ᠦᠭᠡᠢ᠂ ᠢᠯᠵᠢᠷᠡᠬᠦ ᠶᠢ ᠪᠤᠳᠤᠬᠤ ᠦᠭᠡᠢ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠵᠤ᠂ ᠵᠢᠷᠤᠮᠵᠢᠭᠤᠯᠵᠤ ᠬᠠᠤᠯᠢᠵᠢᠭᠤᠯᠬᠤ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠮᠠᠨ ᠤ ᠣᠷᠣᠨ ᠤ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠲᠠᠰᠤᠷᠠᠯᠳᠠ ᠦᠭᠡᠢ ᠭᠦᠨᠵᠡᠭᠡᠶᠢᠷᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃             ᠬᠤᠷᠠᠯ ᠠᠴᠠ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠳ᠋ᠦᠩᠨᠡᠯᠲᠡ ᠶᠢ ᠰᠣᠨᠣᠰᠴᠤ᠂ 2021 ᠣᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠵᠠᠢ᠃ ᠬᠤᠷᠠᠯ ᠠᠴᠠ ᠦᠵᠡᠭᠰᠡᠨ ᠨᠢ᠂ ᠨᠢᠭᠡ ᠵᠢᠯ ᠤᠨ ᠲᠤᠷᠰᠢ᠂ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠢᠮᠠᠭᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠰᠠᠭᠤᠷᠢᠯᠠᠨ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠵᠦ᠂ ︽ᠭᠤᠷᠪᠠ ᠪᠠᠷ ᠭᠤᠣᠯᠯᠠᠭᠤᠯᠵᠤ᠂ ᠭᠤᠷᠪᠠ ᠶᠢ ᠴᠢᠩᠭᠠᠷᠠᠭᠤᠯᠬᠤ︾᠎ ᠲᠠᠢ ᠤᠶᠠᠯᠳᠤᠭᠤᠯᠤᠨ᠂ ᠦᠵᠡᠯ ᠤᠬᠠᠮᠰᠠᠷ ᠤᠨ ᠬᠡᠯᠪᠡᠷᠢ ᠶᠢᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠭᠡᠳ᠂ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶ᠎ᠡ ᠶᠡᠷᠦᠩᠬᠡᠶ ᠳᠡᠭᠡᠨ ᠲᠣᠭᠲᠠᠭᠤᠨ ᠪᠥᠭᠡᠳ ᠡᠵᠡᠮᠳᠡᠵᠦ ᠪᠣᠯᠬᠤ ᠪᠣᠯᠪᠠ᠃            ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠨᠠᠮ ᠤᠨ ᠨᠢᠭᠡᠨ ᠲᠦᠢᠯ ᠤᠨ ᠴᠢᠬᠤᠯᠠ ᠠᠵᠢᠯ ᠪᠣᠯᠤᠨ᠎ᠠ᠂ ᠨᠠᠮ ᠤᠨ ᠪᠠᠶᠢᠭᠤᠯᠤᠯᠲᠠ ᠪᠣᠯᠤᠨ ᠵᠠᠰᠠᠭ ᠤᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠤᠨ᠎ᠠ᠃ ᠡᠯ᠎ᠡ ᠨᠠᠮ ᠤᠨ ᠬᠤᠷᠢᠶ᠎ᠠ᠂ ᠨᠠᠮ ᠤᠨ ᠤᠳᠤᠷᠢᠳᠬᠤ ᠳᠤᠭᠤᠶᠢᠯᠠᠩ ᠪᠡᠶᠡᠴᠢ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠰᠠᠶᠢᠲᠤᠷ ᠭᠦᠢᠴᠡᠳᠬᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠠᠵᠤ ᠠᠬᠤᠢ᠂ ᠤᠯᠤᠰ ᠲᠦᠷᠦ᠂ ᠰᠣᠶᠣᠯ᠂ ᠨᠡᠶᠢᠭᠡᠮ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠵᠤ᠂ ᠬᠠᠮᠲᠤ ᠳᠤᠨᠢ ᠪᠠᠶᠢᠴᠠᠭᠠᠵᠤ᠂ ᠬᠠᠮᠲᠤ ᠳᠤᠨᠢ ᠬᠢᠨᠠᠨ ᠰᠢᠯᠭᠠᠬᠤ ᠬᠡᠷᠡᠭᠲᠡᠢ︔ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠡᠭᠦᠷᠭᠡ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠲᠦᠷᠦᠭᠦᠯᠡᠨ ᠠᠳᠬᠤᠵᠤ᠂ ᠴᠢᠭᠯᠡᠯ ᠢ ᠡᠵᠡᠮᠳᠡᠵᠦ᠂ ᠵᠢᠭᠰᠠᠭᠠᠯ ᠤᠨ ᠭᠠᠵᠠᠷ ᠢ ᠬᠠᠮᠢᠶᠠᠷᠴᠤ᠂ ᠡᠩᠨᠡᠭᠡ ᠪᠠᠨ ᠬᠦᠴᠦᠷᠬᠡᠭᠵᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠬᠦᠷᠢᠶᠡᠨ ᠤ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠢ︔ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠦᠨᠡᠨᠬᠦ ᠰᠠᠶᠢᠲᠤᠷ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠦᠵᠡᠯ ᠤᠬᠠᠮᠰᠠᠷ ᠤᠨ ᠬᠡᠯᠪᠡᠷᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠠᠳᠠᠯᠤᠨ ᠰᠢᠨᠵᠢᠯᠡᠵᠦ ᠰᠤᠳᠤᠯᠤᠨ ᠮᠠᠭᠠᠳᠯᠠᠬᠤ ᠶᠢ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢ ᠦᠷᠭᠦᠯᠵᠢᠯᠡᠨ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ᠃            ᠬᠤᠷᠠᠯ ᠠᠴᠠ᠂ ᠺᠠᠳ᠋ᠷ ᠤᠨ ᠡᠩᠨᠡᠭᠡᠨ ᠤ ᠦᠵᠡᠯ ᠰᠠᠨᠠᠭᠠᠨ ᠤ ᠬᠥᠮᠦᠵᠢᠯ ᠢ ᠦᠷᠭᠦᠯᠵᠢᠯᠡᠨ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠤᠷᠤᠯᠴᠠᠯᠭ᠎ᠠ ᠶᠢ ᠢᠮᠠᠭᠲᠠ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠶᠢ ᠴᠢᠩᠭᠠᠳᠬᠠᠵᠤ᠂ ᠴᠠᠭ ᠦᠶ᠎ᠡ ᠶᠢᠨ ᠭᠤᠣᠯ ᠬᠦᠭ ᠠᠶᠠᠰ ᠢ ᠲᠠᠰᠤᠷᠠᠯᠲᠠ ᠦᠭᠡᠢ ᠴᠤᠤᠷᠢᠶᠠᠲᠤᠭᠤᠯᠵᠤ᠂ ᠨᠡᠶᠢᠭᠡᠮ ᠤᠨ ᠢᠳᠡᠪᠬᠢ ᠬᠦᠴᠦᠨ ᠢ ᠥᠷᠭᠡᠨ ᠢᠶᠠᠷ ᠳᠠᠮᠵᠢᠭᠤᠯᠬᠤ ᠬᠡᠷᠡᠭᠲᠡᠢ ᠭᠡᠵᠦ ᠱᠠᠭᠠᠷᠳᠠᠪᠠ᠃ ᠡᠯ᠎ᠡ ᠲᠦᠷᠦᠯ ᠤᠨ ᠵᠢᠭᠰᠠᠭᠠᠯ ᠤᠨ ᠭᠠᠵᠠᠷ ᠲᠤ ᠬᠢᠨᠠᠯᠲᠠ ᠲᠠᠯᠪᠢᠵᠤ ᠬᠠᠮᠢᠶᠠᠷᠤᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠨᠠᠮ ᠠᠴᠠ ᠦᠵᠡᠯ ᠤᠬᠠᠮᠰᠠᠷ ᠤᠨ ᠬᠡᠯᠪᠡᠷᠢ ᠶᠢ ᠬᠠᠮᠢᠶᠠᠷᠬᠤ ᠠᠵᠢᠯ ᠤᠨ ᠵᠠᠷᠴᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠴᠢᠬᠤᠯᠠ ᠶᠡᠭᠡ ᠶᠠᠷᠢᠶ᠎ᠠ ᠬᠡᠯᠡᠯᠴᠡᠭᠡᠨ ᠤ ᠪᠠᠶᠢᠳᠠᠯ ᠢ ᠠᠷᠭᠠᠴᠠᠬᠤ ᠪᠠ ᠶᠠᠷᠢᠶ᠎ᠠ ᠬᠡᠯᠡᠯᠴᠡᠭᠡ ᠪᠠᠷ ᠬᠦᠳᠦᠯᠦᠨ ᠵᠢᠯᠣᠭᠤᠳᠬᠤ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠵᠥᠪ ᠲᠠᠯ᠎ᠠ ᠶᠢᠨ ᠤᠬᠠᠭᠤᠯᠭ᠎ᠠ ᠶᠠᠷᠢᠶ᠎ᠠ ᠬᠡᠯᠡᠯᠴᠡᠭᠡ ᠪᠠᠷ ᠬᠦᠳᠦᠯᠦᠨ ᠵᠢᠯᠣᠭᠤᠳᠬᠤ ᠶᠢ ᠢᠳᠡᠪᠬᠢᠲᠡᠢ ᠥᠷᠨᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠵᠢᠭᠰᠠᠭᠠᠯ ᠤᠨ ᠭᠠᠵᠠᠷ ᠤᠨ ᠠᠮᠤᠷ ᠲᠦᠪᠰᠢᠨ ᠢᠶᠠᠷ ᠡᠵᠡᠮᠳᠡᠵᠦ ᠪᠣᠯᠬᠤ ᠶᠢ ᠪᠠᠲᠤᠯᠠᠬᠤ ᠬᠡᠷᠡᠭᠲᠡᠢ᠃            ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                ᠣᠷᠴᠢᠭᠤᠯᠤᠭᠴᠢ᠄ ᠪᠤᠥ ᠯᠢᠩ ᠶᠤᠸᠠᠨ
 
ᠢᠷᠡᠯᠲᠡ᠄ ᠵᠢᠨᠢᠩ ᠲᠣᠭᠣᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2