ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ 3 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2021/3/4
             2021 ᠣᠨ ᠤ 2 ᠰᠠᠷ᠎ᠠ ᠶᠢᠨ 4᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠢᠢ ᠬᠤᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ 3 ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ︽ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠤ ᠬᠤᠭᠤᠴᠠᠭ᠎ᠠ ᠰᠣᠯᠢᠬᠤ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠮᠡᠳᠡᠭᠳᠡᠯ︾᠎ ᠢ ᠤᠯᠠᠮᠵᠢᠯᠠᠨ ᠰᠤᠷᠤᠯᠴᠠᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠦᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠠᠬᠢᠴᠠ ᠶᠢᠨ ᠪᠠᠶᠢᠳᠠᠯ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠢ ᠰᠣᠨᠣᠰᠴᠠᠢ᠃ ᠤᠳᠦ ᠬᠤᠷᠠᠯᠳᠤᠭᠠᠨ ᠤ ᠭᠤᠣᠯ ᠵᠣᠷᠢᠭ ᠰᠠᠨᠠᠭ᠎ᠠ ᠶᠢ ᠳᠣᠣᠷᠠᠬᠢ ᠮᠡᠲᠦ ᠪᠠᠷ ᠲᠣᠪᠴᠢᠯᠠᠨ ᠲᠡᠮᠳᠡᠭᠯᠡᠶ᠎ᠡ             ᠬᠤᠷᠠᠯ ᠠᠴᠠ ︽ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠴᠢᠩᠳᠠᠯᠠᠵᠤ ᠬᠤᠭᠤᠴᠠᠭ᠎ᠠ ᠰᠣᠯᠢᠬᠤ ᠬᠡᠪ ᠰᠤᠷᠲᠠᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠮᠡᠳᠡᠭᠳᠡᠯ︾᠎ ᠢ ᠤᠯᠠᠮᠵᠢᠯᠠᠨ ᠰᠤᠷᠤᠯᠴᠠᠪᠠ︔ ᠱᠢ ᠲᠠᠢ ᠹᠧᠩ ᠱᠦᠵᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠲᠡᠭᠦᠰᠬᠦ ᠬᠤᠷᠠᠯ ᠳᠡᠭᠡᠷᠡᠬᠢ ᠶᠠᠷᠢᠶ᠎ᠠ᠂ 2021 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠤᠯᠠᠮᠵᠢᠯᠠᠨ ᠰᠤᠷᠤᠯᠴᠠᠪᠠ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠣᠯᠣᠳᠤᠭᠠᠷ ᠪᠦᠬᠦᠳᠡ ᠬᠤᠷᠠᠯ ᠤᠨ ᠠᠯᠪᠠᠨ ᠡᠯ᠎ᠡ ᠵᠠᠰᠠᠭ ᠤᠨ ᠣᠷᠳᠣᠨ ᠤ ᠳᠡᠳ᠋ ᠳᠠᠷᠤᠭ᠎ᠠ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠠᠵᠢᠯ ᠤᠨ ᠠᠬᠢᠴᠠ ᠶᠢᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ᠃            ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠳᠡᠭᠡᠳᠦ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨᠬᠦ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠬᠤᠷᠠᠯ︾᠎ ᠳᠤ ᠳᠤᠷᠠᠳᠤᠭᠰᠠᠨ ᠠᠵᠢᠯ ᠤᠨ ᠱᠠᠭᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠭᠦᠨᠵᠡᠭᠡᠶ ᠰᠤᠷᠤᠯᠴᠠᠨ ᠰᠡᠳᠬᠢᠵᠦ᠂ ᠱᠢ ᠲᠠᠢ ᠹᠤᠩ ᠱᠦᠵᠢ ᠶᠢᠨ ᠶᠠᠷᠢᠶᠠᠨ ᠤ ᠵᠣᠷᠢᠭ ᠰᠠᠨᠠᠭᠠᠨ ᠤ ᠮᠥᠨ ᠴᠢᠨᠠᠷ ᠪᠠ ᠪᠠᠶᠠᠯᠢᠭ ᠠᠭᠤᠯᠤᠭᠳᠠᠬᠤᠨ ᠢ ᠬᠢᠨᠠᠮᠠᠭᠠᠶ ᠤᠶᠢᠯᠠᠭᠠᠨ ᠡᠵᠡᠮᠰᠢᠵᠦ᠂ ᠭᠦᠨᠵᠡᠭᠡᠶ ᠤᠶᠢᠯᠠᠭᠠᠨ᠂ ᠮᠠᠨ ᠤ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠣᠯᠣᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠬᠢᠨᠠᠯᠲᠠ ᠲᠠᠯᠪᠢᠬᠤ ᠶᠢ ᠨᠡᠩ ᠲᠤᠪᠤᠶᠢᠢᠯᠭᠠᠵᠤ᠂ ᠳᠡᠭᠡᠳᠦ ᠱᠠᠲᠤᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠬᠦᠴᠦᠯᠡᠨ ᠪᠠᠲᠤᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠬᠠᠮᠠᠭᠠᠯᠠᠬᠤ︾᠎ ᠶᠢ ᠦᠢᠯᠡᠳᠦᠯᠭᠡᠵᠢᠭᠦᠯᠬᠦ ᠬᠡᠷᠡᠭᠲᠡᠢ᠃           ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠦᠷᠭᠡ ᠴᠢᠳᠠᠪᠬᠢ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠬᠡᠵᠦ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠲᠠᠢ ᠬᠠᠷᠢᠴᠠᠭᠤᠯᠤᠨ ᠨᠢᠭᠡᠳ ᠨᠢᠭᠡ ᠪᠠᠷ ᠨᠠᠶᠢᠳᠠᠪᠤᠷᠢᠵᠢᠭᠤᠯᠬᠤ ᠬᠡᠷᠡᠭᠲᠡᠢ︔ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢᠶᠠᠷ ᠠᠵᠠ ᠲᠣᠬᠢᠶᠠᠯ ᠪᠣᠯᠭᠠᠵᠤ᠂ ᠪᠠᠶᠢᠭᠤᠯᠤᠮᠵᠢ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠲᠦᠷᠢᠮ ᠤᠨ ᠲᠠᠯ᠎ᠠ ᠠᠴᠠ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠤ ᠨᠡᠩ ᠬᠦᠴᠦᠲᠡᠢ ᠪᠠᠲᠤᠯᠠᠭ᠎ᠠ ᠪᠠ ᠲᠤᠯᠭᠠᠭᠤᠷᠢᠯᠠᠯ ᠬᠠᠩᠭᠠᠬᠤ ᠬᠡᠷᠡᠭᠲᠡᠢ︔ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠵᠤ᠂ ᠦᠢᠯᠡᠴᠢᠯᠡᠭᠡᠨ ᠤ ᠤᠬᠠᠮᠰᠠᠷ ᠢᠶᠠᠨ ᠴᠢᠩᠭᠠᠳᠬᠠᠵᠤ ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠳᠤ ᠣᠷᠣᠰᠢᠵᠤ ᠪᠠᠶᠢᠭ᠎ᠠ ᠡᠪᠡᠷᠰᠢᠶᠡᠯ᠂ ᠬᠦᠴᠢᠷᠳᠡᠯ᠂ ᠲᠦᠭᠵᠢᠷᠡᠯ ᠤᠨ ᠠᠰᠠᠭᠤᠳᠠᠯ ᠢ ᠡᠷᠡᠰ ᠠᠷᠢᠯᠭᠠᠵᠤ᠂ ᠮᠠᠨ ᠤ ᠣᠷᠣᠨ ᠤ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠤ ᠳᠠᠬᠢᠨ ᠰᠢᠨ᠎ᠡ ᠳᠡᠭᠲᠡᠷ ᠲᠤ ᠭᠠᠷᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃           ᠬᠤᠷᠠᠯ ᠠᠴᠠ ᠵᠢᠨᠢᠩ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠪᠠᠶᠠᠷ ᠤᠨ ᠡᠳᠦᠷ ᠠᠴᠠ ᠡᠮᠦᠨᠡᠬᠢ ᠲᠣᠭᠤᠷᠢᠨ ᠪᠠᠶᠢᠴᠠᠭᠠᠬᠤ᠂ ᠵᠢᠭᠰᠠᠭᠠᠨ ᠪᠠᠶᠢᠴᠠᠭᠠᠬᠤ ᠠᠵᠢᠯ ᠤᠨ ᠬᠤᠪᠢᠶᠠᠷᠢᠯᠠᠯ ᠤᠨ ᠲᠥᠰᠦᠯ ᠢ ᠰᠣᠨᠣᠰᠪᠠ ︔ ︽ᠬᠤᠲᠠ ᠶᠢᠨ ᠲᠥᠯᠥᠪᠵᠢᠭᠦᠯᠭᠡ ᠶᠢᠨ ᠲᠣᠭᠤᠷᠢᠭ ᠤᠨ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠳᠡᠩᠰᠡᠯᠡᠯᠲᠡ ᠶᠢᠨ ᠲᠤᠰᠬᠠᠶ ᠵᠠᠰᠠᠯᠲᠠ ᠶᠢᠨ ᠠᠵᠢᠯ ᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾᠂ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠲᠣᠭᠤᠷᠢᠭ ᠢ ᠡᠭᠦᠳᠦᠨ ᠪᠠᠶᠢᠭᠤᠯᠬᠤ ᠬᠠᠮᠢᠶ᠎ᠠ ᠪᠥᠬᠦᠶ ᠤᠴᠢᠷ ᠶᠠᠪᠤᠳᠠᠯ ᠵᠡᠷᠭᠡ ᠠᠭᠤᠯᠭ᠎ᠠ ᠶᠢ ᠰᠤᠳᠤᠯᠤᠨ ᠬᠢᠨᠠᠨ ᠵᠥᠪᠯᠡᠬᠦ ᠶᠢᠨ ᠬᠠᠮᠲᠤ᠂ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠲᠤᠬᠠᠶ ᠬᠤᠷᠠᠯ ᠠᠴᠠ ᠡᠮᠦᠨᠡᠬᠢ ᠬᠠᠮᠲᠤ ᠶᠢᠨ ᠰᠤᠷᠤᠯᠴᠠᠯᠭ᠎ᠠ ᠬᠢᠪᠠ᠃           ᠬᠤᠷᠠᠯ ᠠᠴᠠ᠂ ᠴᠠᠭᠠᠨ ᠰᠠᠷ᠎ᠠ ᠣᠶᠢᠷᠠᠲᠤᠬᠤ ᠳᠤ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠳᠡᠭᠡᠳᠦ  ᠬᠡᠮᠵᠢᠶ᠎ᠡ ᠪᠠᠷ ᠴᠢᠬᠤᠯᠠᠴᠢᠯᠠᠵᠤ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠦᠷᠦᠭᠦᠯᠡᠨ ᠲᠤᠰ ᠲᠤᠰ ᠤᠨ ᠬᠤᠪᠢᠳᠠᠨ ᠬᠠᠮᠢᠶᠠᠷᠴᠤ ᠪᠠᠶᠢᠭ᠎ᠠ ᠠᠵᠢᠯ ᠲᠦᠷᠦᠯ ᠤᠨ ᠬᠦᠷᠢᠶᠡᠨ ᠳᠤ ᠲᠣᠣᠷ ᠲᠠᠲᠠᠬᠤ ᠮᠠᠶ᠋ᠢᠭ ᠤᠨ ᠪᠠᠶᠢᠴᠠᠭᠠᠯᠲᠠ ᠥᠷᠨᠢᠭᠦᠯᠵᠦ᠂ ᠬᠥᠨᠳᠡᠯᠡᠨ ᠴᠢᠭᠯᠡᠯ ᠢᠶᠠᠷ ᠵᠠᠬ᠎ᠠ ᠬᠢᠵᠠᠭᠠᠷ ᠣᠷᠣᠨ ᠳᠤ ᠬᠦᠷᠴᠦ᠂ ᠭᠤᠯᠳᠤ ᠴᠢᠭᠯᠡᠯ ᠢᠶᠠᠷ ᠡᠴᠦᠰ ᠲᠤᠨᠢ ᠲᠤᠯᠲᠠᠯ᠎ᠠ ᠪᠠᠶᠢᠴᠠᠭᠠᠵᠤ᠂ ᠬᠤᠭᠤᠰᠣᠨ ᠭᠠᠵᠠᠷ ᠦᠯᠡᠳᠡᠭᠡᠬᠦ ᠦᠭᠡᠢ᠂ ᠪᠠᠯᠠᠢ ᠭᠠᠵᠠᠷ ᠦᠯᠡᠳᠡᠭᠡᠬᠦ ᠦᠭᠡᠢ᠂ ᠥᠨᠴᠥᠭ ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭ᠎ᠠ ᠠᠳᠬᠤᠵᠤ᠂ ᠴᠠᠭᠠᠨ ᠰᠠᠷ᠎ᠠ ᠶᠢᠨ ᠡᠮᠦᠨ᠎ᠡ ᠬᠤᠶᠢᠨᠠᠬᠢ ᠵᠠᠮ ᠬᠠᠷᠢᠯᠴᠠᠭ᠎ᠠ᠂ ᠬᠤᠸᠠᠷ ᠫᠤᠤᠵᠢᠩ᠂ ᠭᠠᠯ ᠤᠨᠲᠠᠷᠠᠭᠠᠬᠤ ᠠᠮᠤᠷ ᠲᠦᠪᠰᠢᠨ᠂ ᠪᠠᠷᠢᠯᠭ᠎ᠠ ᠶᠢᠨ ᠠᠵᠢᠯ ᠵᠡᠷᠭᠡ ᠭᠤᠣᠯᠳᠠᠯᠭ᠎ᠠ ᠲᠠᠢ ᠠᠵᠢᠯ ᠲᠦᠷᠦᠯ ᠤᠨ  ᠬᠦᠷᠢᠶ᠎ᠡ ᠶᠢ ᠭᠤᠣᠯᠳᠠᠯᠭ᠎ᠠ ᠲᠠᠢ ᠰᠠᠶᠢᠲᠤᠷ ᠠᠳᠬᠤᠵᠤ᠂ ᠬᠦᠨᠳᠦ ᠶᠡᠭᠡ ᠠᠶᠤᠯ ᠲᠦᠭᠰᠢᠭᠦᠷᠢ ᠶᠢᠨ ᠬᠡᠮ ᠰᠣᠭᠤᠭ᠂ ᠴᠢᠬᠤᠯᠠ ᠴᠠᠭ ᠬᠤᠭᠤᠴᠠᠭ᠎ᠠ ᠶᠢᠨ ᠵᠠᠩᠭᠢᠯᠠᠭ᠎ᠠ ᠶᠢᠨ ᠴᠡᠭ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠵᠢᠯ ᠢ ᠴᠢᠩᠭ᠎ᠠ ᠠᠳᠬᠤᠵᠤ᠂ ᠪᠦᠬᠦ ᠣᠷᠣᠨ ᠤ ᠥᠷᠭᠡᠨ ᠤᠯᠠᠨ ᠲᠦᠮᠡᠨ ᠢ ᠪᠠᠶᠠᠷ ᠬᠦᠷ ᠲᠠᠢ᠂ ᠠᠮᠤᠷ ᠲᠦᠪᠰᠢᠨ᠂ ᠥᠯᠵᠡᠢ ᠪᠡᠯᠭᠡ ᠲᠠᠢ ᠴᠠᠭᠠᠨ ᠰᠠᠷ᠎ᠠ ᠶᠢ ᠥᠩᠭᠡᠷᠡᠭᠦᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃         ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                      ᠣᠷᠴᠢᠭᠤᠯᠤᠭᠴᠢ᠄ ᠪᠤᠥ ᠯᠢᠩ ᠶᠤᠸᠠᠨ
 
ᠢᠷᠡᠯᠲᠡ᠄ ᠵᠢᠨᠢᠩ ᠲᠣᠭᠣᠷᠢᠭ ᠤᠨ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2