ᠤᠯᠠᠭᠠᠨᠴᠠᠪ ᠬᠤᠲᠠ ᠶᠢᠨ ᠵᠢᠨᠢᠩ ᠵᠠᠮ ᠤᠨ ᠬᠠᠭᠤᠴᠢᠨ ᠬᠤᠳᠠ ᠶᠢᠨ ᠤᠩᠭᠤᠨ ᠤ ᠪᠠᠭᠤᠷᠢ
ᠨᠡᠶᠢᠲᠡᠯᠡᠭᠰᠡᠨ ᠴᠠᠭ᠄
2021/3/5
           ᠦᠨᠳᠦᠰᠦᠳᠡᠨ ᠤ ᠰᠢᠯᠢᠳᠡᠭ ᠰᠤᠶᠤᠯ ᠢ ᠤᠯᠠᠮᠵᠢᠯᠠᠬᠤ ᠰᠢᠰᠲ᠋ᠧᠮ ᠢ ᠪᠠᠶᠢᠭᠤᠯᠵᠤ ᠡᠬᠡ ᠤᠯᠤᠰ ᠤᠨ ᠤᠮᠠᠷᠠᠳᠤ ᠶᠢᠨ ᠰᠤᠶᠤᠯ ᠤᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠴᠤᠬᠴᠠᠯᠠᠰᠤᠭᠠᠢ — 2015 ᠤᠨ ᠤ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠲᠡᠤᠬᠡ ᠶᠢᠨ ᠲᠤᠷᠠᠰᠬᠠᠯᠳᠤ ᠵᠦᠢᠯᠡᠰ ᠬᠠᠭᠤᠴᠢ ᠰᠤᠳᠤᠯᠤᠯ ᠤᠨ ᠴᠢᠬᠤᠯᠠ ᠢᠯᠡᠷᠡᠭᠦᠯᠦᠯᠳᠡ ᠶᠢ ᠲᠡᠮᠳᠡᠭᠯᠡᠪᠡ ᠵᠢᠨᠢᠩ ᠵᠠᠮ ᠤᠨ ᠬᠠᠭᠤᠴᠢᠨ ᠬᠤᠳᠠ ᠶᠢᠨ ᠤᠩᠭᠤᠨ ᠤ ᠪᠠᠭᠤᠷᠢ ᠨᠢ ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠦ᠋ ᠴᠧᠩ ᠽᠢ ᠲᠤᠰᠬᠤᠨ ᠳᠤ ᠪᠠᠶᠢᠷᠢᠯᠠᠵᠦ ᠪᠤᠢ᠃ 2015 ᠤᠨ ᠤ 5 ᠰᠠᠷ᠎ᠡ ᠠᠴᠠ 11 ᠰᠠᠷ᠎ᠡ ᠳᠤ᠂ ᠦᠪᠦᠷ ᠮᠤᠩᠭᠤᠯ ᠤᠨ ᠲᠡᠤᠬᠡ ᠶᠢᠨ ᠲᠤᠷᠠᠰᠬᠠᠯᠲᠦ ᠵᠦᠢᠯᠡᠰ ᠬᠠᠭᠤᠴᠢ ᠰᠤᠳᠤᠯᠤᠯ ᠤᠨ ᠭᠠᠵᠠᠷ᠂ ᠤᠯᠠᠭᠠᠨᠴᠠᠪ ᠬᠤᠲᠠ ᠶᠢᠨ ᠮᠦᠽᠸᠢ ᠪᠠ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠲᠡᠤᠬᠡ ᠶᠢᠨ ᠲᠤᠷᠠᠰᠬᠠᠯᠲᠦ ᠵᠦᠢᠯᠡᠰ ᠤᠨ ᠬᠠᠮᠢᠶᠠᠷᠤᠯᠲᠠ ᠶᠢᠨ ᠭᠠᠵᠠᠷ ᠬᠠᠮᠲᠤᠷᠠᠵᠦ᠂ ᠲᠤᠰ ᠪᠠᠭᠤᠷᠢ ᠳᠤ ᠬᠠᠭᠤᠴᠢ ᠰᠤᠳᠤᠯᠤᠯ ᠬᠢᠵᠤ᠂ ᠵᠡᠭᠦᠨ ᠬᠠᠨ ᠤᠯᠤᠰ ᠤᠨ ᠦᠶ᠎ᠡ ᠶᠢᠨ᠂ ᠯᠢᠶᠤᠤ ᠤᠯᠤᠰ ᠤᠨ ᠦᠶ᠎ᠡ ᠶᠢᠨ ᠪᠠ ᠠᠯᠳᠡᠨ ᠤᠯᠤᠰ ᠶᠤᠸᠠᠨ ᠤᠯᠤᠰ ᠤᠨ ᠦᠶ᠎ᠡ ᠶᠢᠨ ᠤᠡᠭᠭᠤᠨ ᠢ ᠤᠯᠠᠨ ᠰᠠᠭᠤᠷᠢ ᠢᠯᠡᠷᠡᠭᠦᠯᠵᠡᠢ᠃ ᠡᠭᠦᠨ ᠳᠤ ᠵᠡᠭᠦᠨ ᠬᠠᠨ ᠤᠯᠤᠰ ᠤᠨ ᠤᠡᠭᠭᠤᠨ 3 ᠰᠠᠭᠤᠷᠢ ᠪᠠᠶᠢᠵᠦ᠂ ᠪᠠᠷᠠᠭᠤᠨ ᠬᠤᠶᠢᠲᠦ ᠠᠴᠠ ᠵᠡᠭᠦᠨ ᠡᠮᠦᠨ᠎ᠡ ᠴᠢᠭᠯᠡᠯ ᠲᠡᠰᠢ ᠪᠠᠨ ᠵᠢᠭᠲᠡ ᠪᠠᠶᠢᠷᠢᠰᠢᠵᠦ᠂ ᠴᠦᠮ ᠪᠤᠰᠤᠭ᠎ᠠ ᠰᠢᠷᠤᠢ ᠶᠢᠨ ᠤᠡᠭᠭᠤᠨ᠂ ᠭᠠᠳᠠᠨ᠎ᠡ ᠲᠠᠯ᠎ᠡ ᠨᠢ ᠱᠠᠳᠤᠯᠵᠢᠨ ᠬᠡᠯᠪᠡᠷᠢ ᠲᠠᠢ᠂ ᠡᠭᠴᠡ ᠬᠡᠷᠡᠮ ᠲᠠᠢ ᠤᠶᠢᠢᠷᠠᠳᠤᠵᠦ᠂ ᠢᠷᠤᠭᠠᠷ ᠨᠢ ᠲᠡᠭᠰᠢ᠃ ᠭᠠᠭᠴᠠ ᠬᠦᠮᠦᠨ ᠪᠠ ᠤᠯᠠᠨ ᠬᠦᠮᠦᠨ ᠤ ᠤᠡᠭᠭᠤᠨ᠂ ᠮᠤᠳᠤᠨ ᠠᠪᠰᠡᠨ ᠤᠡᠭᠭᠤᠨ ᠵᠡᠷᠭᠡ ᠪᠤᠢ᠃ ᠤᠩᠭᠤᠨ ᠤ ᠬᠤᠶᠢᠯᠭ᠎ᠠ ᠶᠢᠨ ᠵᠦᠢᠯᠡᠰ ᠲᠤ ᠸᠠᠭᠠᠷ ᠰᠠᠪᠠ᠂ ᠬᠦᠷᠡᠯ ᠵᠠᠰᠠᠯ ᠴᠢᠮᠡᠭᠯᠡᠯ᠂ ᠲᠡᠮᠦᠷ ᠡᠳ᠋ᠯᠡᠯ᠂ ᠶᠠᠰᠤᠨ ᠬᠡᠷᠡᠭᠰᠡᠯ᠂ ᠬᠤᠨᠢ ᠢᠮᠠᠭᠠᠨ ᠶᠠᠰᠤ ᠵᠡᠷᠭᠡ ᠪᠤᠢ᠃ ᠯᠢᠶᠤᠤ ᠤᠯᠤᠰ ᠤᠨ ᠤᠡᠭᠭᠤᠨ ᠠᠴᠠ ᠵᠦᠪᠬᠡᠨ ᠨᠢᠭᠡ ᠰᠠᠭᠤᠷᠢ ᠸᠠᠭᠠᠷ ᠠᠪᠰᠠ ᠶᠢᠨ ᠤᠡᠭᠭᠤᠨ᠂ ᠪᠤᠰᠤᠭ᠎ᠠ ᠲᠦᠷᠪᠡᠯᠵᠢᠨ ᠰᠢᠷᠤᠢ ᠶᠢᠨ ᠤᠡᠭᠭᠤᠨ ᠢ ᠢᠯᠡᠷᠡᠭᠦᠯᠵᠡᠢ᠃ ᠶᠤᠸᠠᠨ ᠤᠯᠤᠰ ᠤᠨ ᠤᠡᠭᠭᠤᠨ ᠢ ᠨᠡᠶᠢᠲᠡ 46 ᠰᠠᠭᠤᠷᠢ ᠴᠡᠪᠡᠷᠯᠡᠵᠦ᠂ ᠤᠯᠠᠩᠬᠢ ᠨᠢ ᠡᠮᠦᠨ᠎ᠡ ᠤᠮᠠᠷ᠎ᠠ ᠴᠢᠭᠯᠡᠯ ᠲᠠᠢ᠃ ᠭᠠᠭᠴᠠ ᠬᠦᠮᠦᠨ ᠤ ᠤᠷᠤᠰᠢᠭᠤᠯᠭ᠎ᠠ᠂ ᠬᠤᠶᠠᠷ ᠬᠦᠮᠦᠨ ᠤ ᠬᠠᠮᠲᠦ ᠶᠢᠨ ᠤᠷᠤᠰᠢᠭᠤᠯᠭ᠎ᠠ᠂ ᠬᠡᠭᠦᠷ ᠶᠠᠰᠤ ᠶᠢᠨ ᠤᠷᠤᠰᠢᠭᠤᠯᠭ᠎ᠠ᠂ ᠬᠡᠬᠦᠷ ᠶᠠᠰᠤ ᠪᠤᠯᠤᠨ ᠶᠠᠰᠤᠨ ᠤ ᠦᠨᠡᠰᠦ ᠶᠢᠨ ᠬᠠᠮᠳᠤ ᠶᠢᠨ ᠤᠷᠤᠰᠢᠭᠤᠯᠭ᠎ᠠ ᠵᠡᠷᠭᠡ ᠪᠤᠢ᠃ ᠤᠩᠭᠤᠨ ᠤ ᠬᠤᠶᠢᠯᠭ᠎ᠠ ᠶᠢᠨ ᠵᠦᠢᠯᠡᠰ ᠲᠤ ᠸᠠᠭᠠᠷ ᠱᠠᠭᠠᠵᠠᠩ ᠠᠶᠠᠭ᠎ᠠ ᠰᠠᠪᠠ᠂ ᠬᠦᠷᠡᠯ ᠪᠠᠭᠤᠤ᠂ ᠬᠦᠷᠡᠯ ᠲᠤᠯᠢ᠂ ᠲᠠᠮᠠᠭ᠎ᠠ᠂ ᠵᠠᠰᠠᠯ ᠴᠢᠮᠡᠭᠯᠡᠯ ᠵᠡᠷᠭᠡ ᠪᠤᠢ᠃ ᠲᠤᠰ ᠤᠳᠠᠭᠠᠨ ᠤ ᠠᠭᠤᠳᠠᠯᠤᠨ ᠮᠠᠯᠲᠠᠯᠲᠠ ᠠᠴᠠ ᠢᠯᠡᠷᠡᠭᠦᠯᠦᠭᠰᠡᠨ ᠵᠦᠢᠯᠡᠰ ᠨᠢ ᠵᠢᠨᠢᠩ ᠵᠠᠮ ᠤᠨ ᠬᠠᠭᠤᠴᠢᠨ ᠬᠤᠳᠠ ᠶᠢᠨ ᠤᠩᠭᠤᠨ ᠤ ᠪᠠᠭᠤᠷᠢ ᠶᠢᠨ ᠳᠠᠷᠠᠭ᠎ᠠ ᠠᠯᠬᠤᠮ ᠤᠨ ᠬᠠᠭᠤᠴᠢ ᠰᠤᠳᠤᠯᠤᠯᠲᠠ ᠳᠤ ᠮᠠᠰᠢ ᠤᠯᠠᠨ ᠦᠨ᠎ᠡ ᠦᠷᠳᠡᠭ ᠲᠠᠢ ᠪᠤᠳᠠᠳᠤ ᠮᠠᠲ᠋ᠧᠷᠢᠶᠠᠯ ᠢ ᠬᠠᠨᠭ᠍ᠭᠠᠬᠰᠡᠨ ᠪᠠᠶᠢᠨ᠎ᠡ᠃                 ᠢᠷᠡᠯᠲᠡ᠄ ᠳᠤᠮᠳᠠᠳᠤ ᠤᠯᠤᠰ ᠤᠨ  ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ                 ᠨᠠᠶᠢᠷᠠᠭᠤᠯᠤᠭᠴᠢ᠄ ᠲᠤᠶᠠᠭ᠎ᠠ
 
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2