ᠴᠠᠬᠠᠷ ᠰᠤᠶᠤᠯ ᠤᠨ ᠦᠵᠡᠬᠦᠯᠦᠯᠭᠡ ᠶᠢᠨ ᠲᠢᠩᠬᠢᠮ ᠲᠡᠤᠬᠡ ᠰᠤᠶᠤᠯ ᠤᠨ ᠬᠡᠷᠠᠯ ᠰᠠᠴᠤᠷᠠᠨ ᠪᠠᠳᠮᠠᠯᠠᠨ᠎ᠠ
ᠨᠡᠶᠢᠲᠡᠯᠡᠭᠰᠡᠨ ᠴᠠᠭ᠄
2021/3/5
        ᠴᠠᠬᠠᠷ ᠪᠠᠷᠠᠭᠤᠨ ᠭᠠᠷᠤᠨ ᠲᠤᠮᠳᠠᠳᠤ ᠬᠤᠰᠢᠭᠤᠨ ᠤ ᠴᠠᠬᠠᠷ ᠰᠤᠶᠤᠯ ᠤᠨ ᠰᠤᠳᠤᠯᠭᠠᠨ ᠤ ᠨᠡᠶᠢᠭᠡᠮᠯᠢᠭ ᠤᠨ ᠬᠢᠨ 2020 ᠤᠨ ᠤ ᠵᠢᠯ ᠤᠨ ᠰᠡᠭᠦᠯ ᠳᠤ ᠴᠠᠬᠠᠷ ᠰᠤᠶᠤᠯ ᠤᠨ ᠦᠵᠡᠬᠦᠯᠦᠯᠬᠡ ᠶᠢᠨ ᠤᠷᠳᠤᠨ ᠤ ᠪᠠᠨ ᠡᠬᠦᠳᠡ ᠶᠢ ᠨᠡᠬᠡᠬᠡᠵᠦ ᠦᠢᠯᠡᠰ ᠢᠶᠠᠨ ᠡᠷᠬᠢᠯᠡᠭᠰᠡᠨ ᠶᠤᠮ᠃          ᠴᠠᠬᠠᠷ ᠭᠡᠳᠡᠭ ᠨᠢ ᠬᠠᠵᠠᠭᠤ ᠳᠤ᠂ ᠤᠢᠢᠷ᠎ᠠ ᠲᠠᠭᠠᠭᠴᠢ ᠬᠡᠮᠡᠬᠦ ᠤᠳᠬ᠎ᠠ ᠲᠠᠢ᠂ ᠠᠩᠬᠠᠨ ᠳᠠᠭᠠᠨ ᠮᠤᠩᠭᠤᠯ ᠤᠨ ᠶᠡᠭᠡ ᠬᠠᠭᠠᠨ ᠤ ᠬᠠᠮᠠᠭᠠᠯᠠᠭᠴᠢ ᠪᠤᠶᠤ ᠰᠢᠳᠠᠷ᠎ᠠ ᠴᠡᠷᠢᠭ ᠢ ᠵᠢᠭᠠᠵᠤ᠂ ᠤᠮᠠᠷᠠᠲᠤ ᠶᠤᠸᠠᠨ ᠤ ᠦᠶ᠎ᠡ ᠳᠤ ᠬᠠᠭᠠᠨ ᠤ ᠰᠠᠭᠤᠴᠠ ᠤᠷᠳᠤᠨ ᠤ ᠬᠠᠮᠠᠭᠠᠯᠠᠭᠴᠢ ᠲᠦᠮᠡᠨ ᠢ ᠨᠡᠷᠡᠶᠢᠳᠦᠵᠦ ᠪᠠᠶᠢᠭᠰᠠᠨ ᠠᠴᠠ ᠡᠳᠦᠬᠡ ᠠᠶᠢᠮᠠᠭ ᠪᠦ᠋ᠯᠦᠭ ᠤᠨ ᠨᠡᠷ᠎ᠡ ᠪᠤᠯᠤᠨ ᠬᠤᠪᠢᠷᠠᠵᠠᠢ᠃       ᠴᠠᠬᠠᠷ ᠪᠠᠷᠠᠭᠤᠨ ᠭᠠᠷᠤᠨ ᠲᠤᠮᠳᠠᠳᠤ ᠬᠤᠰᠢᠭᠤᠨ ᠤ ᠴᠠᠬᠠᠷ ᠰᠤᠶᠤᠯ ᠤᠨ ᠰᠤᠳᠤᠯᠭᠠᠨ ᠤ ᠨᠡᠶᠢᠭᠡᠮᠯᠢᠭ ᠤᠨ ᠪᠠᠶᠢᠡᠭᠭᠤ ᠶᠢᠨ ᠲᠡᠳ᠋ ᠲᠠᠷᠤᠭ᠎ᠠ ᠵᠢᠮ᠎ᠡ ᠶᠢᠨ ᠲᠠᠨᠢᠯᠴᠠᠭᠤᠯᠤᠭᠰᠠᠨ ᠢᠶᠠᠷ᠂ ᠴᠠᠬᠠᠷ ᠤᠨ ᠬᠦᠪᠡᠭᠡᠳᠦ ᠬᠦᠬᠡ᠂ ᠬᠦᠪᠡᠭᠡᠳᠦ ᠤᠯᠠᠭᠠᠨ ᠬᠤᠰᠢᠭᠤᠨ ᠤ ᠲᠡᠤᠬᠡ᠂ ᠰᠤᠶᠤᠯ᠂ ᠵᠠᠩ ᠵᠠᠩᠰᠢᠯ᠂ ᠵᠠᠩ ᠠᠭᠠᠯᠢ᠂ ᠬᠦᠮᠦᠨ ᠦᠢᠯᠡ ᠶᠢ ᠲᠡᠮᠳᠡᠭᠯᠡᠨ ᠦᠯᠡᠳᠡᠬᠡᠬᠦ ᠶᠢᠨ ᠬᠠᠮᠳᠤ ᠲᠡᠬᠦᠨ ᠤ ᠲᠡᠤᠬᠡ ᠰᠤᠶᠤᠯ ᠢ ᠲᠡᠯᠭᠡᠷᠡᠬᠦᠯᠬᠦ ᠵᠤᠷᠢᠭ ᠰᠠᠨᠠᠭ᠎ᠠ ᠶᠢ ᠤᠯᠠᠮᠵᠢᠯᠠᠵᠤ᠂ ᠲᠡᠬᠦᠨ ᠤ ᠭᠡᠷᠡᠯ ᠬᠢᠯᠪᠠᠭ᠎ᠠ ᠶᠢ ᠪᠠᠳᠠᠷᠠᠭᠤᠯᠬᠤ ᠶᠢᠨ ᠲᠦᠯᠦᠭᠡ ᠴᠠᠬᠠᠷ ᠰᠤᠶᠤᠯ ᠤᠨ ᠤᠷᠳᠤᠨ ᠢ ᠪᠠᠶᠢᠭᠤᠯᠬᠤ ᠪᠠᠷ᠂ ᠨᠡᠶᠢᠭᠡᠮᠯᠢᠭ ᠤᠨ ᠬᠢᠨ 2018 ᠤᠨ ᠤ 8 ᠳ᠋ᠤᠭᠠᠷ ᠰᠠᠷ᠎ᠠ ᠠᠴᠠ ᠡᠬᠢᠯᠡᠨ ᠡᠬᠡ ᠨᠤᠤᠷᠠᠭ ᠢᠶᠠᠨ ᠪᠢᠴᠢᠵᠦ᠂ 2019 ᠤᠨ ᠠᠴᠠ ᠨᠠᠶᠢᠷᠠᠭᠤᠯᠤᠨ ᠵᠤᠬᠢᠴᠠᠭᠤᠯᠵᠤ᠂ 2020 ᠤᠨ ᠤ ᠵᠢᠯ ᠤᠨ ᠰᠡᠬᠦᠯ ᠳᠤ ᠴᠠᠬᠠᠷ ᠰᠤᠶᠤᠯ ᠤᠨ ᠦᠵᠡᠬᠦᠯᠦᠯᠬᠡ ᠶᠢᠨ ᠤᠷᠳᠤᠨ ᠤ ᠪᠠᠨ ᠡᠬᠦᠳᠡ ᠶᠢ ᠨᠡᠬᠡᠬᠡᠵᠦ ᠦᠢᠯᠡᠰ ᠢᠶᠠᠨ ᠡᠷᠬᠢᠯᠡᠭᠰᠡᠨ ᠪᠠᠶᠢᠨ᠎ᠠ᠃          ᠦᠵᠡᠬᠦᠯᠦᠯᠭᠡ ᠶᠢᠨ ᠲᠢᠩᠬᠢᠮ ᠳᠤ᠂ ᠡᠷᠡᠯᠬᠡᠭ ᠪᠠᠭᠠᠳᠤᠷᠯᠢᠭ ᠴᠠᠬᠠᠷ ᠠᠶᠢᠮᠠᠭ ᠤᠨ ᠡᠬᠦᠰᠤᠯ ᠭᠠᠷᠤᠯ᠂ ᠨᠤᠳᠤᠭ ᠤᠷᠤᠨ᠂ ᠨᠡᠷᠡᠳᠦ ᠬᠦᠮᠦᠰ ᠵᠢᠴᠢ ᠴᠠᠬᠠᠷ ᠤᠨ ᠵᠡᠭᠦᠨᠰᠢ ᠨᠡᠭᠦᠳᠡᠯᠯᠡᠭᠰᠡᠨ᠂ ᠯᠢᠭᠳᠡᠨ ᠬᠠᠭᠠᠨ ᠪᠠᠷᠠᠭᠤᠨᠰᠢ ᠲᠠᠶᠢᠯᠠᠭᠰᠠᠨ ᠮᠡᠳᠦ ᠶᠢᠨ ᠲᠡᠤᠬᠡᠳᠦ ᠬᠡᠷᠡᠭ ᠤᠴᠢᠷ ᠢ ᠦᠰᠦᠭ ᠪᠢᠴᠢᠭ ᠵᠢᠷᠤᠭ ᠰᠡᠬᠦᠳᠡᠷ ᠢᠶᠠᠷ ᠲᠡᠯᠭᠡᠨ ᠲᠠᠨᠢᠯᠴᠠᠭᠤᠯᠵᠤ᠂ ᠬᠦᠪᠡᠭᠡᠳᠦ ᠬᠦᠬᠡ᠂ ᠬᠦᠪᠡᠭᠡᠳᠦ ᠤᠯᠠᠭᠠᠨ ᠬᠤᠰᠢᠭᠤᠨ ᠤ ᠤᠯᠠᠷᠢᠯ ᠬᠤᠪᠢᠷᠠᠯ᠂ ᠠᠵᠤ ᠠᠬᠤᠢ᠂ ᠵᠠᠮ ᠨᠡᠪᠳᠡᠷᠡᠯᠭᠡ᠂ ᠬᠤᠪᠢᠰᠬᠠᠯᠳᠤ ᠡᠷᠬᠢᠴᠡᠬᠦᠯᠦᠯ ᠤᠨ ᠲᠤᠬᠠᠢ ᠦᠨᠡᠨ ᠪᠤᠳᠠᠳᠤ ᠦᠯᠢᠭᠡᠷ ᠲᠡᠤᠬᠡ ᠶᠢ ᠵᠢᠷᠤᠭᠯᠠᠨ᠂ ᠬᠦᠪᠡᠭᠡᠳᠦ ᠤᠯᠠᠭᠠᠨ ᠬᠤᠰᠢᠭᠤᠨ ᠤ ᠲᠡᠤᠭᠡᠨ ᠲᠡᠭᠡᠷᠡᠬᠢ ᠰᠤᠶᠤᠯ ᠤᠨ ᠵᠢᠳᠬᠦᠯᠳᠡᠳ ᠪᠤᠯᠤᠨ ᠬᠦᠪᠡᠭᠡᠳᠦ ᠬᠦᠬᠡ᠂ ᠬᠦᠪᠡᠭᠡᠳᠦ ᠤᠯᠠᠭᠠᠨ ᠬᠤᠰᠢᠭᠤᠨ ᠤ ᠴᠠᠬᠠᠷ ᠰᠤᠶᠤᠯ ᠤᠨ ᠰᠤᠳᠤᠯᠤᠭᠴᠢᠳ ᠤᠨ ᠠᠯᠳᠠᠷ ᠴᠤᠤ᠂ ᠭᠠᠪᠢᠶᠠᠲᠤ ᠦᠢᠯᠡ ᠠᠵᠢᠯᠯᠠᠭ᠎ᠠ ᠶᠢ ᠲᠡᠮᠳᠡᠭᠯᠡᠨ ᠲᠡᠯᠭᠡᠭᠰᠡᠨ ᠢᠶᠠᠷ ᠪᠠᠷᠠᠬᠤ ᠦᠬᠡᠢ ᠴᠠᠬᠠᠷ ᠵᠠᠩᠰᠢᠯ ᠤᠨ ᠲᠠᠯ᠎ᠠ ᠪᠠᠷ᠂ ᠢᠳᠡᠭᠡᠨ ᠤᠮᠳᠠᠭᠠᠨ ᠤ ᠰᠤᠶᠤᠯ᠂ ᠮᠤᠩᠭᠤᠯ ᠶᠤᠰᠤ ᠵᠦᠢ ᠶᠢᠨ ᠰᠤᠶᠤᠯ᠂ ᠪᠠᠶᠠᠷ ᠨᠠᠶᠢᠷ ᠤᠨ ᠵᠠᠩᠰᠢᠯ᠂ ᠮᠤᠩᠭᠤᠯ ᠭᠡᠷ ᠤᠨ ᠰᠤᠶᠤᠯ᠂ ᠬᠤᠷᠢᠮ ᠤᠨ ᠶᠤᠰᠤ᠂ ᠭᠠᠰᠢᠭᠤᠳᠠᠯ ᠤᠨ ᠶᠤᠰᠤ᠂ ᠦᠨᠳᠦᠰᠦᠳᠡᠨ ᠤ ᠤᠳᠬ᠎ᠠ ᠤᠷᠠᠯᠢᠭ᠂ ᠲᠠᠬᠢᠯᠭ᠎ᠠ ᠶᠢᠨ ᠶᠤᠰᠤ᠂ ᠱᠠᠰᠢᠨ ᠰᠤᠷᠳᠠᠬᠤᠨ ᠤ ᠰᠤᠶᠤᠯ ᠵᠡᠷᠭᠡ ᠦᠷᠭᠡᠨ ᠬᠡᠪᠴᠢᠶᠡᠨ ᠠᠴᠠ ᠲᠠᠨᠢᠯᠴᠠᠭᠤᠯᠤᠨ ᠲᠡᠯᠭᠡᠨ ᠦᠵᠡᠬᠦᠯᠵᠦ ᠪᠠᠶᠢᠭ᠎ᠠ ᠶᠤᠮ᠃          ᠴᠠᠬᠠᠷ ᠤᠨ ᠡᠪᠦᠭᠡ ᠲᠡᠭᠡᠳᠦᠰ ᠤᠷᠳᠤ ᠬᠤᠭᠤᠴᠠᠭᠠᠨ ᠤ ᠦᠢᠯᠡᠳᠪᠦᠷᠢᠯᠡᠯ ᠠᠮᠢᠳᠤᠷᠠᠯ ᠪᠠ ᠲᠡᠮᠡᠴᠡᠯ ᠤᠨ ᠲᠤᠮᠳᠠ ᠠᠴᠠ ᠤᠬᠢ ᠰᠢᠯᠢᠳᠡᠭ ᠢ ᠨᠢ ᠪᠤᠯᠪᠠᠰᠤᠷᠠᠭᠤᠯᠤᠨ᠂ ᠭᠡᠷᠡᠯ ᠰᠠᠴᠤᠷᠠᠩᠭᠤᠢ ᠦᠨᠳᠦᠰᠦᠳᠡᠨ ᠤ ᠰᠤᠶᠤᠯ ᠢ ᠡᠬᠦᠳᠦᠨ ᠪᠦᠳᠦᠬᠡᠵᠦ ᠲᠠᠯ᠎ᠠ ᠨᠤᠳᠤᠭ ᠤᠨ ᠪᠤᠯᠪᠠᠰᠤᠨ ᠢ ᠬᠦᠭᠵᠢᠬᠦᠯᠦᠭᠰᠡᠭᠡᠷ ᠢᠷᠡᠵᠡᠢ᠃ ᠴᠠᠬᠠᠷ ᠨᠠᠢᠮᠠᠨ ᠬᠤᠰᠢᠭᠤᠨ ᠤ ᠬᠦᠪᠡᠭᠡᠳᠦ ᠬᠦᠬᠡ᠂ ᠬᠦᠪᠡᠬᠡᠳᠦ ᠤᠯᠠᠭᠠᠨ ᠬᠤᠰᠢᠭᠤᠨ ᠤ ᠬᠠᠯᠠᠭᠤᠨ ᠬᠦᠷᠦᠰᠦᠨ ᠳᠤ ᠠᠵᠦ ᠲᠦᠷᠦᠨ ᠠᠮᠢᠳᠤᠷᠠᠵᠤ ᠪᠠᠶᠢᠭ᠎ᠠ ᠴᠠᠬᠠᠷ ᠪᠠᠷᠠᠭᠤᠨ ᠭᠠᠷᠤᠨ ᠲᠤᠮᠳᠠᠳᠤ ᠬᠤᠰᠢᠭᠤᠨ ᠤ ᠴᠠᠬᠠᠷ ᠰᠤᠶᠤᠯ ᠤᠨ ᠰᠤᠳᠤᠯᠭᠠᠨ ᠤ ᠨᠡᠶᠢᠭᠡᠮᠯᠢᠭ ᠤᠨ ᠬᠢᠨ ᠨᠤᠳᠤᠭ ᠤᠰᠤᠨ ᠤ ᠪᠠᠨ ᠰᠤᠶᠤᠯ ᠰᠤᠷᠳᠠᠬᠤᠨ ᠢ ᠬᠦᠨᠳᠤᠳᠬᠡᠵᠦ᠂ ᠡᠬᠡ ᠤᠯᠤᠰ ᠢᠶᠠᠨ ᠬᠠᠶᠢᠷᠠᠯᠠᠨ᠂ ᠲᠤᠮᠳᠠᠳᠤ ᠶᠢᠨ ᠦᠨᠳᠦᠰᠦᠳᠡᠨ ᠤ ᠰᠢᠯᠢᠳᠡᠭ ᠤᠯᠠᠮᠵᠢᠯᠠᠯᠳᠤ ᠰᠤᠶᠤᠯ ᠢ ᠬᠠᠮᠠᠭᠠᠯᠠᠨ ᠬᠦᠭᠵᠢᠬᠦᠯᠬᠦ ᠪᠠᠷ ᠮᠡᠷᠡᠶᠢᠨ ᠴᠢᠷᠮᠠᠶᠢᠵᠤ ᠪᠤᠢ᠃                                 ᠢᠷᠡᠯᠲᠡ᠄ ᠤᠯᠠᠭᠠᠨᠴᠠᠪ ᠤᠨ ᠰᠤᠨᠢᠨ                                 ᠨᠠᠶᠢᠷᠠᠭᠤᠯᠤᠭᠴᠢ᠄ ᠲᠤᠶᠠᠭ᠎ᠠ
 
ᠢᠷᠡᠯᠲᠡ᠄ ᠤᠯᠠᠭᠠᠨᠴᠠᠪ ᠤᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2