| | | ᠮᠠᠨ ᠤ ᠬᠤᠲᠠ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠴᠢᠳᠠᠪᠤᠷᠢ ᠶᠢᠨ | ᠪᠠᠶᠢᠭᠤᠯᠤᠯᠲᠠ ᠶᠢ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ | ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ | ᠡᠭᠦᠳᠦᠯᠲᠡ ᠶᠢ ᠲᠦᠭᠡᠮᠡᠯᠵᠢᠭᠦᠯᠬᠦ ᠪᠠ ᠤᠯᠠᠮᠵᠢᠯᠠᠬᠤ ᠲᠠᠯ᠎ᠠ ᠪᠠᠷ ᠬᠢ ᠵᠢᠱᠢᠶ᠎ᠡ ᠦᠵᠡᠭᠦᠯᠬᠦ᠂ ᠬᠥᠲᠥᠯᠥᠨ ᠳᠠᠭᠠᠭᠤᠯᠬᠤ | ᠪᠠ ᠳᠠᠶᠢᠴᠢᠯᠠᠬᠤ ᠦᠶᠯᠡᠳᠦᠯ ᠢ ᠨᠠᠩ ᠰᠠᠶᠢᠨ ᠪᠠᠳᠠᠷᠠᠭᠤᠯᠬᠤ ᠶᠢᠨ ᠲᠤᠰᠠᠳᠠ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ︾ ᠶᠢ ᠦᠨᠳᠦᠰᠦᠯᠡᠨ᠂ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠲᠤᠯᠠᠨ ᠲᠠᠨᠢᠯᠴᠠᠭᠤᠯᠬᠤ᠂ ᠥᠪᠡᠷᠲᠡᠭᠡᠨ ᠵᠠᠰᠠᠬᠤ ᠣᠷᠣᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠤᠨ ᠲᠤᠰᠬᠠᠶ ᠮᠡᠷᠭᠡᠵᠢᠯᠲᠡᠨ ᠦᠨᠡᠯᠡᠨ ᠬᠢᠨᠠᠬᠤ᠂ ᠲᠤᠬᠠᠶ ᠶᠢᠨ | ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠪᠠ ᠨᠡᠶᠢᠲᠡ ᠳᠤ ᠵᠠᠷᠯᠠᠬᠤ ᠪᠠᠷ ᠳᠡᠮᠵᠢᠨ᠂ ᠮᠠᠨ ᠤ ᠬᠤᠲᠠ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠬᠦ 2 ᠰᠠᠭᠤᠷᠢᠨ ᠭᠠᠵᠠᠷ ᠢ | ᠰᠢᠨ᠎ᠡ ᠪᠠᠷ ᠵᠥᠪᠰᠢᠶᠡᠷᠡᠭᠦᠯᠪᠡ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳ | ᠬᠤᠰᠢᠭᠤᠨ ᠤ ᠴᠠᠭ ᠠᠭᠤᠷ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠵᠢᠱᠢᠶ᠎ᠡ ᠦᠵᠡᠭᠦᠯᠬᠦ ᠰᠠᠭᠤᠷᠢᠨ | ᠭᠠᠵᠠᠷ︾ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳ ᠬᠤᠰᠢᠭᠤᠨ ᠤ ᠴᠠᠭ ᠠᠭᠤᠷ ᠤᠨ | ᠲᠣᠪᠴᠢᠶ᠎ᠠ ᠳᠤ ᠲᠦᠰᠢᠭᠯᠡᠨ᠂ ᠰᠢᠨᠵᠢᠯᠡᠬᠦ ᠤᠬᠠᠭᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠠᠭ ᠠᠭᠤᠷ ᠤᠨ | ᠮᠡᠳᠡᠯᠭᠡ ᠶᠢ ᠲᠦᠭᠡᠮᠡᠯᠵᠢᠭᠦᠯᠬᠦ ᠪᠠᠷ ᠭᠤᠣᠯ ᠰᠡᠳᠦᠪ ᠪᠣᠯᠭᠠᠭᠰᠠᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠤᠨ᠎ᠠ ᠃ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠯᠢᠦᠶ ᠺᠠᠩ ᠶᠤᠸᠠᠨ ᠠᠮᠢ ᠠᠬᠤᠶ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ︾ ᠪᠣᠯ ᠥᠪᠥᠷ ᠮᠣᠩᠭᠤᠯ ᠤᠨ ᠯᠢᠦᠶ ᠺᠠᠩ ᠶᠤᠸᠠᠨ ᠠᠮᠢ ᠠᠬᠤᠶ ᠶᠢᠨ ᠲᠠᠷᠢᠶᠠᠯᠠᠩ ᠤᠨ | ᠬᠢᠵᠠᠭᠠᠷᠲᠤ ᠺᠣᠮᠫᠠᠨᠢ ᠳᠤ ᠲᠦᠰᠢᠭᠯᠡᠨ᠂ ᠢᠳᠡᠰᠢᠨ ᠨᠣᠭᠤᠭᠠᠨ ᠤ ᠲᠠᠷᠢᠮᠠᠯ᠂ ᠬᠡᠷ ᠤᠨ ᠭᠠᠳᠠᠨᠠᠬᠢ ᠥᠷᠭᠡᠳᠭᠡᠯ᠂ | ᠰᠤᠳᠤᠯᠤᠨ ᠰᠤᠷᠤᠯᠴᠠᠬᠤ ᠰᠤᠷᠭᠠᠨ ᠬᠥᠮᠦᠵᠢᠯ ᠢᠶᠠᠷ ᠭᠤᠤᠯ ᠰᠡᠳᠦᠪ ᠪᠣᠯᠭᠠᠭᠰᠠᠨ ᠰᠢᠨᠵᠢᠯᠡᠬᠦ ᠤᠬᠠᠭᠠᠨ ᠤ | ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠪᠣᠯᠤᠨ᠎ᠠ᠃ 2018 ᠣᠨ ᠳᠤ ᠥᠪᠡᠷᠲᠡᠭᠡᠨ | ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠢᠩᠬᠢᠮ ᠰᠢᠨᠵᠢᠯᠡᠬᠦ ᠤᠬᠠᠭᠠᠨ ᠮᠡᠷᠭᠡᠵᠢᠯ ᠤᠨ | ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠭᠤᠶᠤᠴᠢᠯᠠᠨ ᠮᠡᠳᠡᠭᠦᠯᠬᠦ ᠠᠵᠢᠯ ᠢ | ᠥᠷᠨᠢᠭᠦᠯᠦᠭᠰᠡᠨ ᠠᠴᠠ ᠨᠠᠰᠢ᠂ ᠮᠠᠨ ᠤ ᠬᠤᠲᠠ ᠲᠠᠯᠠᠪᠠᠶ ᠣᠷᠳᠣᠨ ᠤ ᠲᠥᠷᠥᠯ ᠪᠠ ᠲᠠᠯᠠᠪᠠᠶ ᠣᠷᠳᠣᠨ ᠤ ᠪᠤᠰᠤ | ᠲᠥᠷᠥᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠦᠭᠡᠮᠡᠯᠵᠢᠭᠦᠯᠦᠯᠲᠡ ᠶᠢᠨ | ᠵᠢᠱᠢᠶ᠎ᠡ ᠦᠵᠡᠭᠦᠯᠬᠦ ᠰᠠᠭᠤᠷᠢᠨ ᠭᠠᠵᠠᠷ 5 ᠪᠠᠶᠢᠵᠤ᠂ ᠲᠡᠤᠬᠡ ᠶᠢᠨ ᠳᠤᠷᠠᠰᠬᠠᠯᠲᠤ ᠵᠦᠶᠯᠡᠰ ᠡᠷᠲᠡᠨ ᠤ ᠵᠦᠶᠯᠡᠰ ᠤᠨ | ᠦᠵᠡᠭᠦᠯᠦᠯᠭᠡ᠂ ᠴᠠᠭ ᠠᠭᠤᠷ ᠤᠨ ᠮᠡᠳᠡᠯᠭᠡ᠂ ᠢᠳᠡᠰᠢᠨ ᠨᠣᠭᠤᠭᠠᠨ ᠤ ᠲᠠᠷᠢᠮᠠᠯ ᠵᠡᠷᠭᠡ ᠬᠦᠷᠢᠶ᠎ᠡ ᠶᠢ ᠬᠠᠮᠤᠷᠴᠠᠶ᠃ | ᠬᠤᠶᠢᠰᠢᠳᠠ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠨᠢ | ᠰᠢᠨᠵᠢᠯᠡᠬᠦ ᠤᠬᠠᠭᠠᠨ ᠲᠦᠭᠡᠮᠡᠯᠵᠢᠭᠦᠯᠬᠦ ᠬᠡᠯᠪᠡᠷᠢ ᠶᠢᠨ ᠰᠢᠨ᠎ᠡ ᠶᠢ ᠡᠭᠦᠳᠴᠦ᠂ ᠰᠢᠨᠵᠢᠯᠡᠬᠦ ᠤᠬᠠᠭᠠᠨ ᠲᠦᠭᠡᠮᠡᠯᠵᠢᠭᠦᠯᠬᠦ | ᠠᠭᠤᠯᠭ᠎ᠠ ᠪᠠᠨ ᠪᠠᠶᠠᠯᠢᠭᠵᠢᠭᠤᠯᠵᠤ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ ᠵᠢᠱᠢᠶ᠎ᠡ ᠦᠵᠡᠭᠦᠯᠬᠦ | ᠬᠥᠲᠥᠯᠥᠨ ᠳᠠᠭᠠᠭᠤᠯᠬᠤ ᠦᠶᠯᠡᠳᠦᠯ ᠢᠶᠠᠨ ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠲᠡ ᠶᠢᠨ | ᠦᠶᠯᠡᠴᠢᠯᠡᠭᠡᠨ ᠤ ᠴᠢᠳᠠᠪᠤᠷᠢ ᠪᠠᠨ ᠳᠡᠭᠡᠭᠰᠢᠯᠡᠭᠦᠯᠵᠦ᠂ ᠮᠠᠨ ᠤ ᠬᠤᠲᠠ ᠶᠢᠨ ᠰᠢᠨᠵᠢᠯᠡᠬᠦ ᠤᠬᠠᠭᠠᠨ | ᠲᠦᠭᠡᠮᠡᠯᠵᠢᠭᠦᠯᠦᠯᠲᠡ ᠶᠢᠨ ᠦᠶᠯᠡᠰ ᠤᠨ ᠬᠥᠭᠵᠢᠯᠲᠡ ᠶᠢ ᠠᠬᠢᠭᠤᠯᠬᠤ ᠳᠤ ᠬᠤᠪᠢ ᠨᠡᠮᠡᠷᠢ ᠦᠵᠡᠭᠦᠯᠦᠨ᠎ᠡ᠃ | ᠢᠷᠡᠯᠲᠠ᠄ ᠤᠯᠠᠭᠠᠨᠴᠠᠪ ᠤᠨ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ | ᠨᠠᠶᠢᠷᠠᠭᠤᠯᠤᠭᠴᠢ᠄ ᠲᠤᠶᠠᠭ᠎ᠠ |