| ᠨᠠᠮ ᠤᠨ ᠲᠦᠪ ᠬᠤᠷᠢᠶᠠᠨ ᠤ ᠠᠯᠪᠠᠨ ᠲᠢᠩᠬᠢᠮ᠂ ᠲᠦᠷᠦ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮᠥᠨᠥᠬᠡᠨ ︽ᠴᠢᠳᠠᠪᠤᠷᠢᠳᠠᠨ ᠢᠶᠠᠷ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠢ ᠲᠦᠷᠭᠡᠨ | ᠠᠬᠢᠭᠤᠯᠬᠤ ᠲᠤᠬᠠᠢ ᠰᠠᠨᠠᠯ︾ ᠢ ᠲᠠᠷᠤᠮᠠᠯᠯᠠᠨ ᠲᠠᠷᠬᠠᠭᠠᠭᠰᠠᠨ ᠤ ᠬᠠᠮᠳᠤ ᠮᠡᠳᠡᠭᠳᠡᠯ ᠪᠠᠭᠤᠯᠭᠠᠵᠦ᠂ ᠪᠤᠳᠠᠲᠠᠢ | ᠪᠠᠶᠢᠳᠠᠯ ᠲᠠᠢ ᠪᠠᠨ ᠤᠶᠠᠯᠳᠤᠭᠤᠯᠤᠨ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠠᠢ ᠭᠡᠵᠦ ᠡᠯ᠎ᠡ | ᠭᠠᠵᠠᠷ ᠤᠷᠤᠨ ᠰᠠᠯᠠᠭ᠎ᠠ ᠮᠦᠴᠢᠷ ᠲᠤ ᠱᠠᠭᠠᠷᠳᠠᠭᠰᠠᠨᠪᠠᠶᠢᠨᠠ᠃ | ᠲᠡᠭᠡᠪᠡᠯ ᠡᠨᠡ ᠲᠠᠯ᠎ᠠ ᠶᠢᠨ ᠠᠵᠢᠯ ᠳᠤ ᠪᠤᠳᠠᠲᠠᠢ ᠶᠠᠮᠠᠷ ᠠᠵᠢᠯ ᠢ ᠭᠤᠤᠯᠳᠠᠯᠭ᠎ᠠ ᠪᠤᠯᠭᠠᠵᠦ᠂ ᠠᠯᠢ | ᠲᠠᠯ᠎ᠠ ᠵᠢᠨᠴᠢᠳᠠᠪᠤᠷᠢᠳᠠᠨ ᠲᠤᠳᠠᠭᠳᠠᠵᠦ ᠪᠠᠶᠢᠭ᠎ᠠ ᠪᠤᠯ︖ | ᠨᠢᠭᠡ ᠳᠤ᠂ ᠭᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠢ ᠶᠢᠨ ᠡᠵᠡᠩᠨᠡᠭᠴᠢ ᠶᠢ ᠬᠦᠮᠦᠵᠢᠬᠦᠯᠵᠦ᠂ | ᠲᠠᠷᠢᠶᠠᠴᠢᠳᠮᠠᠯᠴᠢᠳ ᠤᠨ ᠬᠤᠷᠰᠢᠶᠠᠵᠢᠯ ᠤᠨ ᠲᠠᠭᠠᠭᠤᠯᠤᠭᠴᠢ ᠴᠢᠳᠠᠪᠤᠷᠢᠳᠠᠨ ᠤ ᠡᠩᠨᠡᠭᠡ ᠶᠢ ᠪᠠᠶᠢᠭᠤᠯᠵᠦ᠂ | ᠲᠠᠷᠢᠶᠠᠴᠢᠳ ᠮᠠᠯᠴᠢᠳ ᠣᠨᠬᠤᠷᠰᠢᠶᠠᠵᠢᠯ ᠤᠨ ᠭᠤᠤᠯᠯᠠᠨ ᠲᠠᠭᠠᠭᠤᠯᠤᠭᠴᠢ ᠳᠤ ᠪᠤᠯᠪᠠᠰᠤᠷᠠᠯ ᠬᠦᠷᠳᠡᠭᠡᠬᠦ ᠠᠵᠢᠯ ᠢ | ᠴᠢᠩᠭᠠᠳᠬᠠᠨ᠎ᠠ᠃ | ᠬᠤᠶᠠᠷ ᠲᠤ᠂ ᠬᠦᠳᠡᠭᠡ ᠲᠤᠰᠬᠤᠨ ᠤ ᠡᠯᠧᠺᠲᠷᠤᠨ ︵ᠰᠦᠯᠵᠢᠶ᠎ᠠ︶ ᠬᠤᠳᠠᠯᠳᠤᠭᠠᠨ ᠤ | ᠴᠢᠳᠠᠪᠤᠷᠢᠳᠠᠨ ᠢᠬᠦ᠋ᠮᠦᠵᠢᠬᠦᠯᠦᠨᠡ᠃ ᠬᠦᠳᠡᠭᠡ ᠲᠤᠰᠬᠤᠨ ᠤ ᠡᠯᠧᠺᠲᠷᠤᠨ ︵ᠰᠦᠯᠵᠢᠶ᠎ᠠ︶ ᠬᠤᠳᠠᠯᠳᠤᠭᠠᠨ ᠤ | ᠴᠢᠳᠠᠪᠤᠷᠢᠳᠠᠨ ᠢ ᠬᠦᠮᠦᠵᠢᠬᠦᠯᠬᠦᠠᠴᠢᠶᠠᠯᠠᠪᠤᠷᠢ ᠪᠠ ᠪᠠᠭᠰᠢᠨᠠᠷ ᠤᠨ ᠡᠩᠨᠡᠭᠡ ᠶᠢ ᠲᠦᠷᠭᠡᠨ ᠪᠠᠶᠢᠭᠤᠯᠤᠨ ᠪᠡᠯᠡᠳᠭᠡᠵᠦ᠂ | ᠬᠠᠮᠢᠶᠠᠲᠠᠢ ᠪᠠᠷᠢᠮᠵᠢᠶ᠎ᠠ ᠱᠠᠭᠠᠷᠳᠠᠯᠭ᠎ᠠ ᠪᠠᠬᠢᠨᠠᠨ ᠲᠤᠭᠳᠠᠭᠠᠬᠤ ᠰᠢᠰᠲ᠋ᠧᠮ ᠢ ᠲᠤᠭᠳᠠᠭᠠᠵᠦ᠂ ᠰᠦᠯᠵᠢᠶᠡᠨ | ᠲᠡᠭᠡᠷᠡᠬᠢ ᠪᠤᠶᠤ ᠶᠡᠷᠦᠳᠡ ᠶᠢᠨ ᠪᠤᠯᠪᠠᠰᠤᠷᠠᠯ ᠢᠤᠶᠠᠯᠳᠤᠭᠤᠯᠤᠭᠰᠠᠨ ᠤᠯᠠᠨ ᠲᠡᠰ ᠲᠠᠪᠬᠤᠷᠭ᠎ᠠ ᠶᠢᠨ | ᠪᠤᠯᠪᠠᠰᠤᠷᠠᠯ ᠬᠦᠮᠦᠵᠢᠯ ᠤᠨ ᠠᠵᠢᠯᠯᠠᠭ᠎ᠠ ᠦᠷᠨᠢᠬᠦᠯᠦᠨ᠎ᠡ᠃ | ᠭᠤᠷᠪᠠ ᠳᠤ᠂ ᠬᠦᠳᠡᠭᠡ ᠲᠤᠰᠬᠤᠨ ᠤ ᠤᠷ᠎ᠠ ᠴᠢᠳᠠᠪᠤᠷᠢᠳᠠᠨ ᠢ ᠬᠦᠮᠦᠵᠢᠬᠦᠯᠦᠨ᠎ᠡ᠃ ᠬᠦᠳᠡᠭᠡ | ᠲᠤᠰᠬᠤᠨ ᠤ ᠭᠠᠷᠦᠢᠯᠡᠳᠪᠤᠷᠢᠴᠢᠨ᠂ ᠤᠯᠠᠮᠵᠢᠯᠠᠯᠳᠤ ᠭᠠᠷ ᠤᠷᠠᠴᠤᠳ ᠢ ᠢᠯᠡᠷᠡᠬᠦᠯᠦᠨ ᠬᠦᠮᠦᠵᠢᠬᠦᠯᠵᠦ᠂ | ᠨᠡᠷᠡᠳᠤ ᠪᠠᠭᠰᠢ ᠶᠢᠨ ᠠᠵᠢᠯ ᠣᠨᠦᠷᠦᠭᠡ᠂ ᠨᠡᠷᠡᠳᠤ ᠪᠠᠭᠰᠢ ᠶᠢᠨ ᠦᠪᠯᠡᠨ ᠤᠯᠠᠮᠵᠢᠯᠠᠬᠤ ᠭᠠᠵᠠᠷ ᠵᠡᠷᠭᠡ ᠶᠢ | ᠪᠠᠶᠢᠭᠤᠯᠬᠤ ᠪᠠᠷ ᠲᠠᠮᠵᠢᠨ᠂ ᠤᠯᠠᠮᠵᠢᠯᠠᠯᠳᠤ ᠤᠷ᠎ᠠᠮᠡᠷᠭᠡᠵᠢᠯ ᠢ ᠤᠯᠠᠮᠵᠢᠯᠠᠨ ᠬᠦᠭᠵᠢᠬᠦᠯᠦᠨ᠎ᠡ᠃ | ᠲᠦᠷᠪᠡ ᠳᠤ᠂ ᠡᠷᠦᠬᠡ ᠶᠢᠨ ᠠᠵᠢᠯᠴᠢᠨ ᠤ ᠬᠦᠳᠡᠯᠮᠦᠷᠢ ᠬᠦᠴᠤᠨ ᠢ ᠭᠠᠳᠠᠭᠰᠢ ᠭᠠᠷᠭᠠᠬᠤ | ᠲᠠᠯ᠎ᠠ ᠶᠢᠨ ᠨᠡᠷᠡᠳᠤᠲ᠋ᠡᠮᠳᠡᠭᠳᠤ ᠶᠢ ᠡᠬᠦᠳᠴᠦ᠂ ᠡᠨᠡ ᠲᠠᠯ᠎ᠠ ᠶᠢᠨ ᠨᠢᠭᠡ ᠪᠦᠯᠦᠭ ᠨᠡᠷᠡᠳᠤ ᠲᠡᠮᠳᠡᠭᠳᠤ ᠶᠢ ᠤᠯᠠᠨ ᠳᠤ | ᠲᠠᠨᠢᠭᠤᠯᠤᠨ ᠠᠯᠳᠠᠷᠰᠢᠭᠤᠯᠤᠨ᠎ᠠ᠃ | ᠲᠠᠪᠤ ᠳᠤ᠂ ᠬᠦᠳᠡᠭᠡ ᠲᠤᠰᠬᠤᠨ ᠤ ᠭᠤᠤᠯᠯᠠᠭᠴᠢ ᠪᠠᠭᠰᠢ ᠶᠢ ᠬᠦᠮᠦᠵᠢᠬᠦᠯᠬᠦ ᠡᠷᠴᠢᠮ ᠢᠶᠠᠨ | ᠴᠢᠩᠭᠠᠳᠬᠠᠵᠦ᠂ ᠲᠤᠰᠤᠷᠤᠨ ᠨᠤᠳᠤᠭ ᠲᠤ ᠨᠤᠳᠤᠭᠰᠢᠬᠤ ᠰᠢᠯᠢᠳᠡᠭ ᠪᠠᠭᠰᠢ ᠶᠢ ᠬᠠᠨᠳᠤᠯᠭᠠᠲᠠᠢ ᠪᠠᠷ | ᠬᠦᠮᠦᠵᠢᠬᠦᠯᠦᠨ᠎ᠡ᠃ ᠤᠷᠳᠤ ᠬᠤᠭᠤᠴᠠᠭ᠎ᠠ ᠪᠠᠷᠬᠦ᠋ᠳᠡᠭᠡ ᠲᠤᠰᠬᠤᠨ ᠤ ᠰᠤᠷᠭᠠᠭᠤᠯᠢ ᠳᠤ ᠠᠵᠢᠯᠯᠠᠬᠤ | ᠪᠠᠭᠰᠢᠨᠠᠷ ᠲᠤ ᠮᠡᠷᠭᠡᠵᠢᠯ ᠤᠨ ᠴᠤᠯᠠ ᠬᠦᠷᠳᠡᠭᠡᠬᠦ ᠵᠡᠷᠭᠡ ᠲᠠᠯ᠎ᠠ ᠪᠠᠷᠬᠠᠷᠭᠠᠯᠵᠠᠨᠠ᠃ | ᠵᠢᠷᠭᠤᠭ᠎ᠠ ᠳᠤ᠂ ᠬᠦᠳᠡᠭᠡ ᠲᠤᠰᠬᠤᠨ ᠤ ᠡᠮᠴᠢ ᠳᠤ ᠨᠥᠬᠦᠪᠤᠷᠢ ᠬᠦᠷᠳᠡᠭᠡᠵᠦ᠂ ᠴᠠᠯᠢᠩ | ᠬᠦᠯᠦᠰᠤ ᠶᠢ ᠠᠯᠬᠤᠮᠠᠯᠬᠤᠮ ᠢᠶᠠᠷ ᠦᠰᠭᠡᠨ᠂ ᠲᠡᠳᠡᠨ ᠢ ᠦᠨᠳᠦᠰᠦᠨ ᠨᠠᠰᠤᠵᠢᠯ ᠤᠨ ᠲᠠᠭᠠᠳᠬᠠᠯ ᠳᠤ | ᠤᠷᠤᠭᠤᠯᠬᠤ ᠠᠵᠢᠯ ᠢ ᠰᠠᠶᠢᠳᠤᠷ ᠬᠢᠨ᠎ᠡ᠃ | ᠲᠤᠯᠤᠭ᠎ᠠ ᠳᠤ᠂ ᠬᠦᠳᠡᠭᠡ ᠲᠤᠰᠬᠤᠨ ᠢ ᠰᠠᠶᠢᠨ ᠤᠶᠢᠯᠠᠭᠠᠳᠠᠭ ᠲᠦᠯᠦᠪᠵᠢᠬᠦᠯᠦᠭᠴᠢ᠂ | ᠪᠠᠷᠢᠯᠭᠠᠴᠢᠨ᠂ ᠵᠢᠷᠤᠭᠲ᠋ᠦ᠋ᠰᠦᠪᠯᠡᠭᠴᠢ ᠪᠤᠯᠤᠨ ᠲᠡᠳᠡᠨ ᠤ ᠠᠵᠢᠯ ᠤᠨ ᠬᠠᠮᠳᠤ ᠤᠯᠠᠨ ᠤ ᠠᠶᠢᠯ ᠲᠤᠰᠬᠤᠨ ᠢ | ᠲᠦᠯᠦᠪᠵᠢᠬᠦᠯᠦᠨ ᠵᠤᠬᠢᠴᠠᠭᠤᠯᠬᠤ᠂ᠤᠨᠴᠠᠯᠢᠭᠳᠤ ᠦᠵᠡᠮᠵᠢ ᠶᠢᠨ ᠤᠷᠤᠨ ᠢ ᠲᠦᠯᠦᠪᠵᠢᠬᠦᠯᠬᠦ᠂ ᠰᠤᠶᠤᠯ | ᠢᠷᠭᠡᠨᠰᠢᠯ ᠤᠨ ᠬᠠᠮᠢᠶᠠᠲᠠᠢ ᠪᠠᠶᠢᠭᠤᠯᠤᠯᠳᠠ ᠶᠢᠨ ᠠᠵᠢᠯ ᠳ᠋ᠣ᠋ᠤᠷᠤᠯᠴᠠᠬᠤ ᠶᠢ ᠲᠡᠮᠵᠢᠵᠦ᠂ ᠲᠦᠯᠦᠪᠵᠢᠬᠦᠯᠵᠦ | ᠪᠠᠶᠢᠭᠤᠯᠬᠤ ᠡᠷᠴᠢᠮ ᠢᠶᠠᠨ ᠴᠢᠩᠭᠠᠳᠬᠠᠵᠦ᠂ ᠬᠦᠳᠡᠭᠡ ᠲᠤᠰᠬᠤᠨ ᠤ ᠦᠪᠡᠷᠮᠢᠴᠡᠦᠩᠭᠡ ᠲᠦᠷᠬᠦ ᠶᠢ | ᠪᠦᠷᠢᠯᠳᠦᠬᠦᠯᠦᠨ᠎ᠡ᠃ | ᠨᠡᠢᠮᠠ ᠳᠤ᠂ ᠤᠷᠤᠨ ᠨᠤᠳᠤᠭ ᠠᠴᠠ ᠨᠤᠳᠤᠭ ᠲᠠᠭᠠᠨ ᠪᠠᠶᠢᠭ᠎ᠠ ᠮᠡᠷᠭᠡᠵᠢᠯᠳᠡᠨ ᠴᠢᠳᠠᠪᠤᠷᠢᠳᠠᠨ᠂ | ᠦᠢᠯᠡᠰ ᠪᠤᠰᠬᠠᠭᠴᠢ ᠳᠤ ᠨᠥᠬᠦᠪᠤᠷᠢ ᠤᠯᠭᠤᠬᠤ ᠶᠢ ᠵᠤᠷᠢᠭᠵᠢᠭᠤᠯᠤᠨ᠎ᠠ᠃ | ᠶᠢᠰᠤ ᠳᠤ᠂ ᠲᠠᠷᠢᠶᠠᠴᠢᠳ ᠮᠠᠯᠴᠢᠳ ᠢ ᠵᠤᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ | ᠮᠡᠷᠭᠡᠵᠢᠯ ᠤᠨ ᠬᠢᠨᠠᠨᠰᠢᠯᠭᠠᠯᠳᠠ᠂ ᠲᠤᠬᠠᠶᠢᠯᠠᠭᠰᠠᠨ ᠠᠵᠢᠯ ᠮᠡᠷᠭᠡᠵᠢᠯ ᠤᠨ ᠵᠡᠷᠭᠡ ᠲᠡᠰ ᠤᠨ ᠬᠢᠨᠠᠨ | ᠲᠤᠭᠳᠠᠭᠠᠯᠳᠠ᠂ ᠲᠤᠬᠠᠶᠢᠯᠠᠭᠰᠠᠨ ᠠᠵᠢᠯᠮᠡᠷᠭᠡᠵᠢᠯ ᠤᠨ ᠤᠷᠤᠯᠳᠤᠭᠠᠨ ᠵᠡᠷᠭᠡ ᠳᠤ ᠤᠷᠤᠯᠴᠠᠭᠤᠯᠵᠦ᠂ ︽ | ᠤᠷᠤᠯᠳᠤᠭᠠᠨ ᠢᠶᠠᠷ ᠬᠢᠨᠠᠨ ᠰᠢᠯᠭᠠᠯᠳᠠ ᠶᠢ ᠤᠷᠤᠯᠠᠭᠤᠯᠬᠤ︾᠂ ︽ᠲᠦᠷᠦᠯ ᠵᠦᠢᠯ ᠢᠶᠠᠷ ᠬᠢᠨᠠᠨ ᠰᠢᠯᠭᠠᠯᠳᠠ ᠶᠢ | ᠤᠷᠤᠯᠭᠤᠯᠬᠤ︾ ᠶᠢ ᠬᠠᠶᠢᠨ ᠰᠦᠪᠡᠭᠴᠢᠯᠡᠵᠦ᠂ ᠨᠥᠬᠦᠴᠡᠯ ᠳᠤ ᠲᠤᠬᠢᠷᠠᠭᠰᠠᠨ ᠪᠤᠯᠬᠠᠷᠭᠠᠯᠵᠠᠭᠰᠠᠨ ᠮᠡᠷᠭᠡᠵᠢᠯ ᠤᠨ | ᠵᠡᠷᠭᠡ ᠲᠡᠰ ᠢ ᠰᠢᠭᠤᠳ ᠲᠤᠭᠳᠠᠭᠠᠵᠦ ᠦᠭᠬᠦᠨ᠎ᠡ᠃ | ᠠᠷᠪᠠ ᠳᠤ᠂ ᠬᠦᠳᠡᠭᠡ ᠲᠤᠰᠬᠤᠨ ᠳᠤ ᠪᠠᠴᠢᠮ ᠱᠠᠭᠠᠷᠳᠠᠭᠳᠠᠵᠦ ᠪᠠᠶᠢᠭ᠎ᠠ ᠴᠢᠳᠠᠪᠤᠷᠢᠳᠠᠨ ᠢ ᠲᠤᠰᠬᠠᠢ | ᠠᠵᠢᠯ ᠤᠨ ᠪᠠᠶᠢᠷᠢ ᠭᠠᠷᠭᠠᠨ ᠲᠤᠬᠢᠷᠠᠭᠤᠯᠵᠦ᠂ ᠡᠬᠦᠨ ᠢ ᠡᠩ ᠤᠨ ᠠᠵᠢᠯ ᠤᠨ ᠪᠠᠶᠢᠷᠢ ᠶᠢᠨ ᠤᠷᠤᠨ ᠲᠤᠭ᠎ᠠ ᠶᠢ | ᠡᠵᠡᠯᠡᠬᠦᠯᠬᠦ ᠦᠬᠡᠢ ᠪᠦᠭᠡᠳᠮᠡᠷᠭᠡᠵᠢᠯ ᠤᠨ ᠴᠤᠯᠠ ᠤᠯᠭᠤᠬᠤ ᠳᠤ ᠵᠤᠬᠢᠬᠤ ᠬᠠᠷᠢᠴᠠᠯ ᠤᠨ ᠬᠢᠵᠠᠭᠠᠷᠯᠠᠯ ᠳᠤ | ᠨᠥᠯᠦᠭᠡᠯᠡᠭᠳᠡᠬᠦ ᠦᠬᠡᠢ ᠪᠠᠶᠢᠯᠭᠠᠨ᠎ᠠ᠃ | | | | | ᠢᠷᠡᠯᠲᠡ᠄ ᠲᠤᠮᠳᠠᠳᠣ ᠣᠯᠣᠰ ᠤᠨ ᠮᠣᠩᠭᠤᠯ ᠷᠠᠳᠢᠣ᠋ ᠰᠦᠯᠵᠢᠶ᠎ᠡ | ᠨᠠᠶᠢᠷᠠᠭᠤᠯᠤᠭᠴᠢ᠄ ᠲᠤᠶᠠᠭ᠎ᠠ |