ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠵᠦ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ  ᠬᠦᠴᠦᠨ ᠴᠢᠳᠠᠯ ᠢ ᠡᠷᠴᠢᠮᠯᠡᠨ᠎ᠡ
ᠨᠡᠶᠢᠲᠡᠯᠡᠭᠰᠡᠨ ᠴᠠᠭ᠄
2021/4/13
          ᠬᠤᠳᠠᠯᠳᠤᠭ᠎ᠠ ᠡᠷᠬᠢᠯᠡᠬᠦ ᠰᠠᠶᠢᠨ ᠰᠠᠶᠢᠬᠠᠨ ᠣᠷᠴᠢᠨ ᠨᠥᠬᠦᠴᠡᠯ ᠪᠣᠯ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠰᠠᠭᠤᠷᠢ ᠨᠦᠭᠦᠴᠡᠯ ᠮᠥᠨ᠂ ᠲᠡᠷᠡ ᠨᠢ ᠦᠢᠯᠡᠳᠪᠦᠷᠢᠯᠡᠯ ᠤᠨ ᠬᠦᠴᠦᠨ ᠢ ᠠᠬᠢᠭᠤᠯᠵᠤ᠂ ᠦᠷᠢᠰᠦᠯᠳᠦᠬᠦ ᠬᠦᠴᠦᠨ ᠢ  ᠪᠦᠷᠢᠯᠳᠦᠭᠦᠯᠦᠨ᠎ᠡ᠃  ᠤᠶᠢᠷ᠎ᠠ ᠶᠢᠨ ᠵᠢᠯ ᠠᠴᠠ᠂ ᠲᠥᠪ ᠠᠴᠠ ᠣᠷᠣᠨ ᠨᠤᠲᠤᠭ ᠬᠦᠷᠲᠡᠯ᠎ᠡ᠂ ᠬᠤᠳᠠᠯᠳᠤᠭ᠎ᠠ ᠡᠷᠬᠢᠯᠡᠬᠦ ᠣᠷᠴᠢᠨ  ᠨᠦᠭᠦᠴᠡᠯ ᠤᠷᠢᠳ ᠡᠮᠦᠨ᠎ᠡ ᠪᠠᠶᠢᠭ᠎ᠠ ᠦᠭᠡᠢ ᠠᠩᠬᠠᠷᠤᠯ ᠢ ᠲᠠᠲᠠᠵᠤ ᠂ ᠵᠢᠨᠢᠩ ᠲᠣᠭᠤᠷᠢᠭ ᠤᠨ ᠬᠢᠨ ᠨᠡᠩ ᠴᠤ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠲᠠᠯ᠎ᠠ ᠪᠠᠷ ᠦᠷᠭᠦᠯᠵᠢᠯᠡᠨ ︽ᠬᠦᠴᠦᠯᠡᠵᠦ︾ ᠪᠠᠶᠢᠨ᠎ᠠ᠃ ᠣᠳᠣᠬᠠᠨ ᠳᠤ ᠵᠢᠨᠢᠩ ᠲᠣᠭᠤᠷᠢᠭ ᠤᠨ ᠰᠢᠨ᠎ᠡ ᠨᠢᠭᠡ ᠡᠭᠡᠯᠵᠢ ᠶᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠨᠢᠭᠡᠨᠲᠡ ᠡᠬᠢᠯᠡᠵᠦ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠤᠨ ᠡᠯ᠎ᠡ ᠵᠦᠢᠯ ᠤᠨ ᠠᠵᠢᠯ ᠦᠷᠭᠦᠯᠵᠢᠯᠡᠨ ᠰᠢᠯᠢᠳᠡᠭᠵᠢᠵᠦ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠰᠢᠨ᠎ᠡ ︽ᠬᠦᠴᠦᠨ ᠴᠢᠳᠠᠯ ᠢ ᠡᠷᠴᠢᠮᠯᠡᠬᠦ︾ ᠵᠦᠢᠯ ᠪᠤᠯᠵᠤ ᠪᠠᠶᠢᠨ᠎ᠠ᠃           ᠵᠢᠨᠢᠩ ᠲᠤᠭᠤᠷᠢᠭ ᠨᠢ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠲᠠᠰᠤᠷᠠᠯᠲᠠ ᠥᠬᠡᠶ  ᠰᠢᠯᠢᠳᠡᠭᠵᠢᠵᠦ᠂ ︽ᠬᠥᠮᠦᠨ ᠪᠦᠬᠦᠨ ᠣᠷᠣᠯᠴᠠᠭᠴᠢ᠂ ᠬᠥᠮᠦᠨ ᠪᠦᠬᠦᠨ ᠠᠵᠤ ᠠᠬᠤᠶᠢᠯᠠᠯᠲᠠᠨ ᠢ ᠬᠦᠨᠳᠦᠳᠬᠡᠬᠦ︾ ᠰᠠᠶᠢᠨ ᠰᠠᠶᠢᠬᠠᠨ ᠠᠭᠤᠷ ᠠᠮᠢᠰᠬᠤᠯ ᠢᠳᠡᠭ ᠢᠳᠡᠭ ᠢᠶᠠᠷ ᠪᠦᠷᠢᠯᠳᠦᠵᠦ ᠪᠠᠶᠢᠨ᠎ᠠ᠃ ᠡᠯ᠎ᠡ ᠨᠢᠭᠡᠴᠡ᠂ ᠰᠠᠯᠠᠭ᠎ᠠ ᠮᠥᠴᠢᠷ  ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠲᠣᠭᠤᠷᠢᠭ ᠤᠨ ᠬᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠠᠴᠠ ᠣᠯᠠᠨ ᠲᠦᠮᠡᠨ ᠤ ᠠᠵᠢᠯ ᠶᠠᠪᠤᠳᠠᠯ ᠡᠷᠭᠢᠯᠡᠬᠦ ᠴᠠᠭ ᠤᠨ ᠬᠢᠵᠠᠭᠠᠷ ᠢ ᠤᠯᠠᠮ ᠨᠢᠭᠡ ᠠᠯᠬᠤᠮ ᠪᠣᠭᠤᠨᠢᠰᠬᠠᠵᠤ᠂ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠣᠯᠠᠨ ᠨᠡᠶᠢᠲᠡ ᠶᠢᠨ ᠲᠦᠷᠢᠶᠡᠰᠦᠨ ᠬᠡᠷ ᠤᠨ ᠣᠨ ᠤ ᠪᠠᠶᠢᠴᠠᠭᠠᠯᠲᠠ᠂ ᠰᠦᠶᠳᠬᠡᠯ ᠲᠤᠰᠢᠶᠠᠬᠤ ᠵᠡᠷᠭᠡ ᠲᠤᠬᠠᠶᠢᠯᠠᠭᠰᠠᠨ ᠠᠵᠢᠯ ᠢ ᠣᠶᠢᠷ᠎ᠠ ᠬᠠᠪᠢ ᠳᠠᠭᠠᠨ ᠭᠦᠶᠴᠡᠳᠬᠡᠬᠦ ᠳᠤ ᠲᠥᠬᠦᠮ ᠦᠵᠡᠭᠦᠯᠵᠦ᠂ ᠣᠯᠠᠨ ᠲᠦᠮᠡᠨ ᠤ ᠪᠣᠳᠠᠲᠤ ᠠᠮᠢᠳᠤᠷᠠᠯ ᠤᠨ ᠬᠡᠷᠡᠭᠴᠡᠭᠡ ᠶᠢ ᠨᠡᠩ ᠰᠠᠶᠢᠨ ᠬᠠᠩᠭᠠᠬᠤ ᠶᠢᠨ ᠲᠥᠯᠥᠭᠡ ᠵᠢᠨᠢᠩ ᠲᠣᠭᠤᠷᠢᠭ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠲᠥᠪ ᠪᠣᠯᠤᠨ  ᠾᠧ ᠱᠦᠨ ᠣᠯᠠᠨ ᠨᠡᠶᠢᠲᠡ ᠶᠢᠨ ᠲᠦᠷᠢᠶᠡᠰᠦᠨ ᠬᠡᠷ ᠤᠨ ᠬᠠᠮᠢᠶᠠᠷᠤᠯᠲᠠ ᠶᠢᠨ ᠥᠷᠲᠡᠭᠡ ᠶᠢ ᠪᠠᠶᠢᠭᠤᠯᠵᠤ᠂ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠺᠣᠮᠫᠠᠨᠢ ᠶᠢᠨ ᠦᠨᠡᠮᠯᠡᠯ ᠤᠨ ᠲᠢᠩᠬᠢᠮ ᠳᠤ ︽ᠭᠠᠷᠠᠭ ᠤᠨ ᠵᠢᠷᠭᠤᠭᠠᠨ ᠳᠤ ᠠᠮᠠᠷᠠᠬᠤ ᠦᠭᠡᠶ︾ ᠵᠠᠭᠪᠤᠷ ᠢ ᠡᠬᠢᠯᠡᠭᠦᠯᠵᠦ᠂ ︽ᠠᠯᠪᠠᠨ ᠲᠤᠰᠢᠶᠠᠯᠲᠠᠨ︾᠎ ᠤ ᠺᠠᠷᠲ ᠠᠪᠬᠤ ᠳᠤ ᠬᠦᠴᠢᠷᠲᠡᠶ ᠪᠠᠶᠢᠬᠤ ᠠᠰᠠᠭᠤᠳᠠᠯ ᠢ ᠦᠨᠡᠨ ᠬᠦ ᠰᠢᠶᠳᠪᠦᠷᠢᠯᠡᠪᠡ ᠁ ᠡᠶᠢᠮᠦᠷᠬᠦ ᠵᠢᠱᠢᠶ᠎ᠡ ᠳᠤ ᠪᠠᠰᠠ᠂ ᠰᠠᠨᠠᠭᠠᠴᠢᠯᠠᠭ᠎ᠠ ᠠᠴᠠ ᠪᠠᠨ ᠠᠷᠠᠳ ᠲᠤ ᠠᠰᠢᠭ ᠬᠦᠷᠲᠡᠭᠡᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠦᠶᠯᠡᠴᠢᠯᠡᠭᠡᠨ ᠤ ᠠᠷᠭ᠎ᠠ ᠮᠠᠶ᠋ᠢᠭ ᠎ ᠢ ᠬᠡᠷᠡᠭᠵᠢᠬᠦᠯᠵᠦ᠂ ᠠᠵᠢᠯᠲᠠᠳ ᠤᠨ ᠦᠶᠯᠡᠴᠢᠯᠡᠭᠡᠨ ᠤ ᠠᠷᠭ᠎ᠠ ᠮᠠᠶ᠋ᠢᠭ ᠪᠠ ᠣᠪᠣᠷ ᠨᠢ ︽ᠴᠢᠨᠠᠷ︾᠎ ᠤᠨ ᠳᠡᠭᠡᠭᠰᠢᠯᠡᠯᠲᠡ ᠲᠠᠢ ᠪᠣᠯᠵᠣ᠂ ᠠᠵᠢᠯ ᠶᠠᠪᠤᠳᠠᠯ ᠭᠦᠶᠴᠡᠳᠬᠡᠬᠦ ᠣᠯᠠᠨ ᠲᠦᠮᠡᠨ ᠤ ︽ᠰᠠᠶᠢᠨ ᠦᠨᠡᠯᠡᠯᠲᠡ︾ ᠪᠠ ᠬᠤᠭᠤᠷᠣᠨᠳᠣ ᠪᠠᠨ ᠡᠶ᠎ᠡ ᠨᠠᠶᠢᠷᠲᠠᠶ ᠬᠠᠷᠢᠯᠴᠠᠬᠤ ᠬᠠᠯᠠᠭᠤᠨ ᠳᠤᠯᠠᠭᠠᠨ ᠪᠠᠶᠢᠳᠠᠯ ᠢ ᠰᠣᠯᠢᠵᠤ ᠠᠪᠴᠢᠷᠠᠭᠰᠠᠨ ᠪᠠᠶᠢᠨ᠎ᠠ᠃          ᠵᠢᠨᠢᠩ  ᠲᠤᠭᠤᠷᠢᠭ  ᠤᠨ ᠤᠳᠤᠷᠢᠳᠬᠤ ᠺᠠᠳ᠋ᠷ᠂ ᠡᠩ ᠤᠨ ᠠᠵᠢᠯᠳᠠᠨ ᠠᠵᠢᠯᠴᠢᠨ ᠪᠦᠬᠦᠨ ᠰᠠᠨᠠᠭᠠᠴᠢᠯᠠᠭ᠎ᠠ ᠠᠴᠠ ᠪᠠᠨ ᠬᠤᠳᠠᠯᠳᠤᠭ᠎ᠠ ᠡᠷᠬᠢᠯᠡᠬᠦ ᠪᠦᠲᠦᠭᠡᠨ ᠪᠠᠶᠢᠭᠤᠯᠤᠯᠲᠠ ᠳᠤ ᠣᠷᠣᠯᠴᠠᠬᠤ ᠡᠷᠴᠢ ᠵᠣᠷᠢᠭ ᠲᠡᠭᠦᠯᠳᠡᠷ᠂ ᠬᠠᠷᠢᠭᠤᠴᠠᠯᠭᠠᠲᠤ ᠰᠡᠳᠬᠢᠯᠭᠡ ᠴᠢᠩᠭ᠎ᠠ᠂ ᠦᠵᠡᠯ ᠰᠠᠨᠠᠭᠠᠨ ᠤ ᠲᠠᠯ᠎ᠠ ᠪᠠᠷ ᠬᠢ ᠬᠤᠪᠢᠷᠠᠯᠲᠠ ᠨᠢ ᠵᠢᠨᠢᠩ ᠲᠣᠭᠤᠷᠢᠭ ᠤᠨ ᠬᠤᠳᠠᠯᠳᠤᠭ᠎ᠠ ᠡᠷᠬᠢᠯᠡᠬᠦ ᠣᠷᠴᠢᠨ  ᠨᠦᠭᠦᠴᠡᠯ ᠤᠨ ᠰᠢᠯᠢᠳᠡᠭᠵᠢᠯᠲᠡ ᠶᠢ ᠨᠥᠯᠥᠭᠡᠯᠡᠬᠦ ᠠᠮᠢ ᠬᠤᠪᠢ ᠪᠠᠨ ᠪᠤᠳᠤᠬᠤ᠂ ᠬᠠᠭᠤᠴᠢᠨ ᠵᠤᠷᠰᠢᠯ ᠢᠶᠠᠨ ᠪᠠᠷᠢᠮᠲᠠᠯᠠᠬᠤ᠂ ᠵᠢᠵᠢᠭ ᠪᠦᠯᠬᠦᠮᠴᠢ ᠦᠵᠡᠯ᠂ ᠵᠣᠭᠤᠰ ᠮᠥᠩᠭᠦ ᠶᠢ ᠳᠡᠭᠡᠳᠦᠯᠡᠬᠦ᠂ ᠤᠯᠠᠨ ᠠᠴᠠ ᠳᠡᠭᠡᠭᠦᠷ ᠰᠠᠨᠠᠭᠠᠷᠬᠠᠬᠤ 5 ᠲᠦᠷᠦᠯ ᠤᠨ ᠦᠵᠡᠯ ᠰᠠᠨᠠᠭ᠎ᠠ ᠪᠦᠲᠦᠮᠵᠢᠲᠡᠢ ᠰᠠᠶᠢᠵᠢᠷᠠᠭᠰᠠᠨ ᠠᠴᠠ ᠪᠣᠯᠤᠭᠰᠠᠨ ᠶᠤᠮ᠃ ᠠᠵᠤ ᠠᠬᠤᠶᠢᠯᠠᠯᠲᠠᠨ ᠢ ᠥᠪᠡᠷ ᠤᠨ ᠬᠥᠮᠦᠨ ᠢᠶᠠᠨ ᠰᠢᠭ ᠦᠵᠡᠵᠦ᠂ ᠠᠵᠤ ᠠᠬᠤᠶᠢᠯᠠᠯ ᠤᠨ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠵᠤ᠂ ︽ᠵᠠᠰᠠᠭ ᠤᠨ ᠣᠷᠳᠣᠨ ᠤ ᠰᠡᠳᠬᠢᠬᠦᠢ︾᠎ ᠶᠢ ︽ᠠᠵᠤ ᠠᠬᠤᠶᠢᠯᠠᠯ ᠤᠨ ᠬᠠᠷᠠᠭᠠᠰᠤ︾ ᠪᠣᠯᠭᠠᠨ ᠬᠤᠪᠢᠷᠠᠭᠤᠯᠪᠠᠯ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠪᠣᠯᠤᠨ ᠨᠡᠶᠢᠭᠡᠮ ᠤᠨ ᠪᠦᠲᠦᠭᠡᠯᠴᠢ ᠬᠦᠴᠦᠨ ᠢ ᠭᠦᠢᠴᠡᠳ ᠬᠥᠭᠵᠢᠭᠡᠵᠦ᠂ ᠨᠡᠩ ᠰᠢᠯᠢᠳᠡᠭ ᠡᠵᠡᠩᠨᠡᠯᠲᠡ ᠶᠢᠨ ᠣᠷᠴᠢᠨ  ᠨᠦᠭᠦᠴᠡᠯ ᠵᠢᠨᠢᠩ ᠲᠣᠭᠤᠷᠢᠭ ᠤᠨ ᠪᠣᠯᠪᠠᠰᠤᠨ ᠬᠤᠳᠠ ᠡᠭᠦᠳᠦᠨ ᠪᠠᠶᠢᠭᠤᠯᠬᠤ  ᠶᠢ  ᠠᠬᠢᠭᠤᠯᠬᠤ ᠪᠣᠯᠤᠨ᠎ᠠ᠃          ᠵᠢᠨᠢᠩ ᠲᠣᠭᠤᠷᠢᠭ ᠤᠨ ᠬᠢᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠬᠦ ᠢᠲᠡᠭᠡᠯ ᠵᠣᠷᠢᠭ ᠪᠣᠯᠤᠨ ᠡᠷᠴᠢ ᠵᠣᠷᠢᠭ ︽ᠢᠯᠡ ᠲᠣᠳᠣ ᠬᠠᠷᠠᠭᠳᠠᠨ᠎ᠠ︾᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠨᠦᠭᠦᠴᠡᠯ ᠢ ᠬᠦᠴᠦᠯᠡᠨ ᠰᠢᠯᠢᠳᠡᠭᠵᠢᠭᠦᠯᠬᠦ ︽ᠠᠵᠢᠯᠯᠠᠭ᠎ᠠ ᠪᠠᠷ ᠠᠮᠵᠢᠯᠲᠠ ᠤᠯᠬᠤ︾ ᠠᠵᠢᠯᠯᠠᠭ᠎ᠠ ᠨᠢᠭᠡᠨᠲᠡ ᠬᠥᠭᠵᠢᠯᠲᠡ ᠶᠢᠨ ᠵᠠᠮ ᠳᠠᠭᠠᠨ ᠣᠷᠣᠵᠠᠢ᠃          ᠵᠢᠨᠢᠩ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ  ᠲᠤᠪᠴᠢᠶ᠎ᠠ ᠳᠣᠲᠣᠭᠠᠳᠤ ᠶᠢ ᠬᠠᠮᠠᠭᠠᠯᠠᠬᠤ ᠡᠭᠦᠷᠭᠡ ᠴᠢᠳᠠᠪᠬᠢ ᠳᠤ ᠰᠠᠭᠤᠷᠢᠯᠠᠵᠤ᠂ ᠠᠷᠠᠳ ᠲᠤ ᠲᠦᠭᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠵᠠᠭᠤᠨ ᠵᠦᠢᠯ ᠤᠨ ᠠᠷᠭ᠎ᠠ  ᠬᠡᠮᠵᠢᠶ᠎ᠡ  ᠶᠢ ᠲᠣᠭᠲᠠᠭᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ  ᠢ ᠰᠢᠯᠢᠳᠡᠭᠵᠢᠭᠦᠯᠬᠦ ᠲᠠᠯ᠎ᠠ ᠪᠠᠷ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠬᠦᠴᠦᠲᠡᠢ ᠪᠠᠲᠤᠯᠠᠨ ᠦᠢᠯᠡᠴᠢᠯᠡᠵᠦ᠂ ᠴᠢᠨᠠᠷ ᠰᠠᠶᠢᠲᠠᠢ ᠥᠨᠳᠥᠷ ᠪᠦᠲᠦᠮᠵᠢᠲᠡᠢ ᠦᠢᠯᠡᠴᠢᠯᠡᠭᠡᠨ ᠤ ᠣᠷᠴᠢᠨ ᠲᠣᠭᠤᠷᠢᠨ ᠢ ᠪᠤᠢ ᠪᠣᠯᠭᠠᠵᠠᠢ  ᠃ ᠡᠨᠡ ᠵᠢᠯ᠂ ᠵᠢᠨᠢᠩ ᠲᠣᠭᠤᠷᠢᠭ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠᠷ ᠭᠤᠤᠯ ᠰᠢᠵᠢᠮ ᠪᠣᠯᠭᠠᠵᠤ᠂ ︽120︾ ︽112︾ ︽345︾᠎ ᠶᠢᠨ ᠥᠭᠡᠷᠡᠴᠢᠯᠡᠯᠲᠡ ᠶᠢ ᠢᠳᠡᠪᠬᠢᠲᠡᠶ ᠠᠬᠢᠭᠤᠯᠤᠨ᠎ᠠ᠃ ᠮᠠᠲ᠋ᠧᠷᠢᠶᠠᠯ ᠢ ᠬᠠᠰᠤᠬᠤ᠂ ᠭᠡᠷᠡᠴᠢ ᠦᠨᠡᠮᠯᠡᠯ ᠢ ᠬᠠᠰᠤᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠨᠢᠳᠤᠨᠤᠨ ᠤ 30%᠎ ᠶᠢᠨ ᠭᠡᠷᠡᠴᠢ ᠮᠠᠲ᠋ᠧᠷᠢᠶᠠᠯ ᠢ ᠴᠣᠮᠬᠠᠳᠬᠠᠭᠰᠠᠨ ᠰᠠᠭᠤᠷᠢᠨ ᠳᠡᠭᠡᠷ᠎ᠡ ᠳᠠᠬᠢᠭᠠᠳ 30%᠎ ᠶᠢ ᠴᠣᠮᠬᠠᠳᠬᠠᠵᠤ᠂ ᠤᠴᠢᠷ ᠶᠠᠪᠤᠳᠠᠯ ᠢ ᠪᠠᠭᠠᠰᠬᠠᠬᠤ᠂ ᠭᠤᠭᠴᠤᠭ᠎ᠠ ᠶᠢ ᠪᠠᠭᠠᠰᠬᠠᠬᠤ᠂ ᠴᠠᠭ ᠤᠨ ᠬᠢᠵᠠᠭᠠᠷ ᠢ ᠪᠠᠭᠠᠰᠬᠠᠬᠤ ᠥᠭᠡᠷᠡᠴᠢᠯᠡᠯᠲᠡ ᠶᠢ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠨᠢᠳᠤᠨᠤᠨ 30%᠎ ᠪᠠᠷ ᠪᠠᠭᠠᠰᠬᠠᠭᠰᠠᠨ ᠰᠠᠭᠤᠷᠢᠨ ᠳᠡᠭᠡᠷ᠎ᠡ ᠳᠠᠬᠢᠨ 30%᠎ ᠪᠠᠷ ᠪᠠᠭᠠᠰᠬᠠᠵᠤ᠂ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾᠎ ᠶᠢ ᠪᠡᠶᠡᠯᠡᠭᠦᠯᠪᠡ  ᠃ ︽ᠨᠢᠭᠡ ᠴᠣᠩᠬᠤ ᠪᠠᠷ ᠭᠥᠯᠢᠶᠡᠨ ᠠᠪᠴᠤ ᠰᠢᠶᠳᠪᠦᠷᠢᠯᠡᠬᠦ︾᠎ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ︽ᠨᠢᠭᠡ ᠠᠯᠪᠠᠨ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾᠎ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠲᠠᠰᠤᠷᠠᠯᠲᠠ ᠥᠬᠡᠶ ᠰᠢᠯᠢᠳᠡᠭᠵᠢᠵᠦ ᠪᠠᠶᠢᠭ᠎ᠠ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠣᠷᠴᠢᠨ ᠨᠥᠬᠦᠴᠡᠯ ᠪᠣᠯ ︽ᠠᠵᠤ ᠠᠬᠤᠶᠢᠯᠠᠯ ᠬᠥᠭᠵᠢᠯᠲᠡ ᠲᠠᠢ ᠪᠣᠯᠪᠠᠯ ᠵᠢᠨᠢᠩ ᠰᠠᠶ᠋ᠢ ᠬᠦᠰᠡᠯ ᠡᠷᠡᠮᠡᠯᠵᠡᠯ ᠲᠠᠢ︾ ᠭᠡᠬᠦ ᠣᠶᠢᠯᠠᠭᠠᠭᠳᠠᠬᠤᠨ ᠤ ᠠᠮᠢᠳᠤᠯᠢᠭ ᠦᠶᠯᠡᠳᠦᠯᠭᠡ ᠮᠥᠨ  ᠃ ︽ᠤᠴᠢᠷ ᠶᠠᠪᠤᠳᠠᠯ ᠢ  ᠰᠢᠢᠳᠪᠦᠷᠢᠯᠡᠬᠦ︾ ᠰᠣᠶᠣᠯ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠰᠢᠨ᠎ᠡ ᠳᠦᠷᠰᠦ ᠪᠠᠶᠢᠳᠠᠯ ᠲᠠᠢ ᠪᠣᠯᠭᠠᠵᠠᠢ  ᠃ ︽ᠠᠵᠢᠯᠯᠠᠭ᠎ᠠ ᠶᠢᠨ ᠰᠠᠶᠢᠬᠠᠨ︾᠂ ︽ᠪᠣᠳᠠᠲᠠᠢ ᠶᠢ ᠡᠷᠬᠢᠮᠯᠡᠭᠰᠡᠨ ᠠᠵᠢᠯᠯᠠᠭ᠎ᠠ︾᠂ ︽ᠠᠷᠠᠳ ᠲᠤ ᠲᠦᠬᠦᠮ ᠦᠵᠡᠭᠦᠯᠵᠦ ᠠᠵᠤ ᠠᠬᠤᠶᠢᠯᠠᠯ ᠳᠤ ᠠᠰᠢᠭᠲᠠᠢ ᠠᠷᠭ᠎ᠠ ᠬᠡᠮᠵᠢᠶ᠎ᠡ︾᠎ ᠨᠢ ᠵᠢᠨᠢᠩ ᠲᠣᠭᠤᠷᠢᠭ ᠤᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠬᠠᠮᠤᠭ ᠤᠨ ᠭᠡᠷᠡᠯ ᠰᠠᠴᠤᠷᠠᠩᠭᠤᠢ ᠰᠠᠭᠤᠷᠢ ᠦᠩᠬᠡ ᠪᠣᠯᠤᠭᠰᠠᠨ ᠪᠠᠶᠢᠨ᠎ᠠ᠃         ᠬᠤᠳᠠᠯᠳᠤᠭ᠎ᠠ  ᠡᠷᠬᠢᠯᠡᠬᠦ ᠣᠷᠴᠢᠨ ᠨᠦᠭᠦᠴᠡᠯ ᠢ ᠰᠢᠯᠢᠳᠡᠭᠵᠢᠭᠦᠯᠬᠦ ᠪᠣᠯ ᠭᠠᠵᠠᠷ ᠣᠷᠣᠨ ᠤ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠮᠥᠨ᠂ ᠪᠦᠬᠦ ᠤᠯᠤᠰ ᠤᠨ ᠪᠣᠯᠪᠠᠰᠤᠨ ᠬᠤᠲᠠ ᠪᠣᠯ ᠬᠤᠲᠠ ᠶᠢᠨ ᠬᠥᠭᠵᠢᠯᠲᠡ ᠶᠢᠨ ᠬᠢᠷᠢ ᠲᠦᠪᠰᠢᠨ ᠢ ᠶᠡᠷᠦᠩᠬᠡᠶᠢᠯᠡᠨ ᠦᠨᠡᠯᠡᠬᠦ ᠴᠢᠬᠤᠯᠠ ᠬᠡᠮᠵᠢᠭᠦᠷ ᠮᠥᠨ ᠂ ᠬᠤᠶᠠᠭᠤᠯᠠ ᠪᠠᠨ ᠬᠠᠷᠢᠯᠴᠠᠨ ᠠᠬᠢᠭᠤᠯᠵᠤ᠂ ᠬᠠᠷᠢᠯᠴᠠᠨ ᠬᠠᠪᠰᠤᠷᠤᠯᠴᠠᠨ ︽ᠬᠡᠷᠡᠯ ᠭᠢᠯᠪᠠᠭ᠎ᠠ ᠨᠡᠮᠡᠷᠢᠯᠡᠬᠦ︾ ᠪᠣᠯ ᠬᠤᠲᠠ ᠶᠢᠨ ᠬᠥᠭᠵᠢᠯᠲᠡ ᠶᠢᠨ ᠬᠠᠮᠤᠭ ᠤᠨ ᠦᠨ᠎ᠡ ᠥᠷᠲᠡᠭ ᠲᠠᠢ ︽ᠠᠯᠲᠠᠨ ᠦᠰᠦᠭᠲᠦ ᠫᠠᠶᠢᠰᠠ︾ ᠮᠥᠨ᠂ ᠡᠨᠡ ᠬᠤᠶᠠᠷ ᠲᠠᠯ᠎ᠠ ᠪᠠᠷ ᠬᠠᠮᠲᠤ ᠶᠢᠨ ᠲᠠᠨᠢᠯᠲᠠ ᠶᠢ ᠨᠢᠭᠲᠠᠷᠠᠭᠤᠯᠵᠤ᠂ ᠢᠲᠡᠭᠡᠯ ᠵᠣᠷᠢᠭ ᠢᠶᠠᠨ ᠪᠠᠲᠤᠳᠬᠠᠨ᠂ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠪᠥᠬᠦ ᠬᠦᠴᠦᠨ ᠢᠶᠠᠷ ᠢᠶᠠᠨ ᠪᠣᠳᠠᠲᠠᠶ ᠠᠵᠢᠯ ᠬᠢᠵᠦ᠂ ᠰᠠᠶᠢᠨ ᠠᠵᠢᠯ ᠬᠢᠵᠦ᠂ ᠥᠷᠭᠡᠨ ᠣᠯᠠᠨ ᠲᠦᠮᠡᠨ᠂ ᠠᠵᠤ ᠠᠬᠤᠶᠢᠯᠠᠯ ᠳᠤ ᠬᠤᠪᠢᠷᠠᠯᠲᠠ ᠦᠵᠡᠭᠦᠯᠵᠦ᠂ ᠪᠣᠳᠠᠲᠤ ᠠᠰᠢᠭ ᠬᠦᠷᠲᠡᠭᠡᠪᠡᠯ᠂ ᠵᠢᠨᠢᠩ ᠤᠨ ᠢᠷᠡᠭᠡᠳᠦᠶ ᠶᠢᠨ ᠰᠠᠶᠢᠨ ᠰᠠᠶᠢᠬᠠᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠦᠷᠭᠦᠯᠵᠢᠯᠡᠭᠦᠯᠵᠦ ᠴᠢᠳᠠᠨ᠎ᠠ᠃                                            ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2