︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠰᠤᠭᠠᠢ  — ᠲᠦᠪ ᠤᠨ ᠬᠦᠳᠡᠭᠡ ᠲᠤᠰᠬᠤᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠤᠬᠠᠢ ᠦᠭᠦᠯᠡᠬᠦ ᠨᠢ
ᠨᠡᠶᠢᠲᠡᠯᠡᠭᠰᠡᠨ ᠴᠠᠭ᠄
2021/4/15
         ᠬᠦᠳᠡᠭᠡ ᠲᠤᠰᠬᠤᠨ ᠤ ᠶᠠᠪᠤᠳᠠᠯ ᠢ ᠰᠠᠶᠢᠳᠤᠷ ᠬᠢᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠵᠠᠩᠭᠢᠯᠠᠭ᠎ᠠ ᠨᠢ ᠨᠠᠮ ᠳᠤ ᠪᠠᠶᠢᠨ᠎ᠠ᠃ ᠲᠦᠪ ᠤᠨ ᠬᠦᠳᠡᠭᠡ ᠲᠤᠰᠬᠤᠨ ᠤ ᠠᠵᠢᠯ ᠤᠨ ᠬᠤᠷᠠᠯ ᠳᠡᠭᠡᠷ᠎ᠠ᠂ ᠶᠡᠷᠦᠩᠬᠡᠢ ᠱᠦᠵᠢ ᠰᠢ ᠶᠢᠨ ᠫᠢᠩ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠬᠤ ᠶᠢ ᠴᠢᠬᠤᠯᠠᠴᠢᠯᠠᠵᠤ᠂ ᠡᠯ᠎ᠠ ᠱᠠᠳᠤᠨ ᠤ ᠨᠠᠮ ᠤᠨ ᠬᠤᠷᠢᠶ᠎ᠠ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠤ᠂ ᠬᠦᠳᠡᠭᠡ ᠠᠵᠤ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠭᠦᠯᠬᠦ ᠴᠢᠭᠯᠡᠯᠳᠡ ᠶᠢ ᠨᠠᠶᠢᠳᠠᠪᠤᠷᠢᠵᠢᠭᠤᠯᠤᠨ᠂ ᠨᠡᠩ ᠶᠡᠭᠡ ᠡᠷᠴᠢᠮ ᠢᠶᠠᠷ ᠬᠦᠳᠡᠭᠡ ᠲᠤᠰᠬᠤᠨ ᠤ ᠬᠦᠭᠵᠢᠯ ᠮᠠᠨᠳᠤᠯ ᠢ ᠠᠬᠢᠭᠤᠯᠬᠤ ᠬᠡᠷᠡᠭᠳᠠᠢ ᠭᠡᠵᠤ ᠱᠠᠭᠠᠷᠳᠠᠪᠠ᠃         ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ ᠤ ᠠᠰᠠᠭᠤᠳᠠᠯ ᠪᠤᠯ ᠤᠯᠤᠰ ᠤᠨ ᠪᠤᠳᠤᠯᠭ᠎ᠠ ᠠᠷᠠᠳ ᠤᠨ ᠠᠮᠢᠳᠤᠷᠠᠯ ᠲᠠᠢ ᠬᠤᠯᠪᠤᠭᠳᠠᠬᠤ ᠦᠨᠳᠦᠰᠦᠨ ᠴᠢᠨᠠᠷᠳᠠᠢ ᠠᠰᠠᠭᠤᠳᠠᠯ ᠪᠤᠯᠤᠨ᠎ᠠ᠃ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠰᠠᠭᠤᠳᠠᠯ ᠢ ᠰᠠᠶᠢᠳᠤᠷ ᠰᠢᠢᠳᠪᠦᠷᠢᠯᠡᠬᠦ ᠶᠢ ᠪᠦᠬᠦ ᠨᠠᠮ ᠤᠨ ᠠᠵᠢᠯ ᠤᠨ ᠭᠤᠤᠯᠳᠠᠯᠭ᠎ᠠ ᠶᠢᠨ ᠭᠤᠤᠯᠳᠠᠯᠭ᠎ᠠ ᠪᠤᠯᠭᠠᠬᠤ ᠶᠢ ᠪᠠᠷᠢᠮᠳᠠᠯᠠᠵᠤ᠂ ᠬᠦᠳᠡᠭᠡ ᠠᠵᠤ ᠠᠬᠤᠢ ᠶᠢ ᠬᠦᠴᠦᠷᠬᠡᠭᠵᠢᠭᠦᠯᠬᠦ ᠬᠦᠳᠡᠭᠡ ᠲᠤᠰᠬᠤᠨ ᠳᠤ ᠬᠠᠷᠠᠭᠠᠯᠵᠠᠯ ᠦᠵᠡᠭᠦᠯᠬᠦ ᠲᠠᠷᠢᠶᠠᠴᠢᠳ ᠢ ᠪᠠᠶᠠᠵᠢᠭᠤᠯᠬᠤ ᠲᠦᠷᠦ ᠶᠢᠨ ᠪᠤᠳᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠦᠳᠡᠭᠡ ᠠᠵᠤ ᠠᠬᠤᠢ ᠶᠢᠨ ᠤᠳᠤᠬᠢᠴᠢᠯᠠᠯᠳᠠ ᠪᠠ ᠰᠢᠨ᠎ᠠ ᠬᠦᠳᠡᠭᠡ ᠲᠤᠰᠬᠤᠨ ᠤ ᠪᠦᠲᠦᠭᠡᠨ ᠪᠠᠶᠢᠭᠤᠯᠤᠯᠳᠠ ᠶᠢ ᠯᠠᠪᠳᠠᠭᠤᠨ ᠪᠠᠳᠤᠳᠠᠢ ᠠᠬᠢᠭᠤᠯᠵᠤ᠂ ᠬᠦᠳᠡᠭᠡ ᠲᠤᠰᠬᠤᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠤᠨ᠂ ᠬᠦᠳᠡᠭᠡ ᠠᠵᠤ ᠠᠬᠤᠢ ᠬᠦᠳᠡᠭᠡ ᠲᠤᠰᠬᠤᠨ ᠤ ᠬᠦᠭᠵᠢᠯᠳᠡ ᠲᠡᠤᠬᠡᠳᠤ ᠴᠢᠨᠠᠷᠳᠠᠢ ᠠᠮᠵᠢᠯᠳᠠ ᠤᠯᠵᠤ᠂ ᠲᠡᠤᠬᠡᠳᠤ ᠴᠢᠨᠠᠷᠳᠠᠢ ᠬᠤᠪᠢᠰᠤᠯᠳᠠ ᠡᠭᠦᠰᠪᠡ᠃ ᠪᠢᠳᠡ ᠰᠢᠨ᠎ᠠ ᠴᠠᠭ ᠦᠶ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠡᠭᠦᠷᠭᠡ ᠶᠢ ᠲᠤᠭᠳᠠᠭᠰᠠᠨ ᠬᠤᠭᠤᠴᠠᠭᠠᠨ ᠳᠠᠭᠠᠨ ᠪᠡᠶᠡᠯᠡᠭᠦᠯᠵᠤ᠂ 1 ᠳ᠋ᠦᠩᠰᠢᠭᠤᠷ ᠰᠢᠬᠠᠮ ᠬᠦᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠪᠠ︔ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠰᠠᠶᠢᠨ ᠰᠠᠶᠢᠬᠠᠨ ᠡᠬᠢᠯᠡᠯᠳᠡ ᠲᠠᠢ ᠪᠤᠯᠵᠤ᠂ ᠬᠦᠳᠡᠭᠡ ᠲᠤᠰᠬᠤᠨ ᠤ ᠳᠦᠷᠢ ᠪᠠᠶᠢᠳᠠᠯ ᠴᠤ᠋ ᠰᠢᠨ᠎ᠠ ᠪᠤᠯᠪᠠ︔ ᠠᠮᠤ ᠪᠤᠳᠠᠭᠠᠨ ᠤ ᠠᠮᠤᠷ ᠲᠦᠪᠰᠢᠨ ᠤ ᠬᠦᠨᠳᠦ ᠡᠭᠦᠷᠭᠡ ᠶᠢ ᠯᠠᠪᠳᠠᠭᠤᠨ ᠡᠭᠦᠷᠭᠡᠯᠡᠵᠤ᠂ 14 ᠳ᠋ᠦᠩᠰᠢᠭᠤᠷ ᠳᠤᠮᠳᠠᠳᠤᠴᠤᠳ ᠤᠨ ᠠᠮᠤ ᠬᠦᠨᠡᠰᠦ ᠶᠢ ᠪᠠᠳᠤᠯᠠᠪᠠ︔ ᠲᠠᠷᠢᠶᠠᠴᠢᠳ ᠤᠨ ᠤᠷᠤᠯᠭ᠎ᠠ 2010 ᠤᠨ ᠤ ᠬᠢ ᠠᠴᠠ ᠨᠢᠭᠡ ᠳᠠᠬᠢᠨ ᠢᠯᠡᠭᠦᠦ ᠨᠡᠮᠡᠭᠳᠡᠵᠤ᠂ ᠬᠦᠳᠡᠭᠡ ᠲᠤᠰᠬᠤᠨ ᠤ ᠠᠷᠠᠳ ᠤᠨ ᠠᠮᠢᠳᠤᠷᠠᠯ ᠢᠯᠡᠳᠳᠡ ᠰᠠᠶᠢᠵᠢᠷᠠᠪᠠ᠃ ᠦᠢᠯᠡᠳᠦᠯᠭᠡ ᠭᠦᠢᠴᠡᠳ ᠭᠡᠷᠡᠴᠢᠯᠡᠭᠰᠡᠨ ᠨᠢ᠂ ᠭᠠᠭᠴᠠ ᠬᠦ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠨᠠᠮ ᠠᠴᠠ ᠴᠢᠭᠯᠡᠯ ᠢ ᠡᠵᠡᠮᠳᠡᠬᠦ᠂ ᠶᠡᠭᠡ ᠲᠠᠯ᠎ᠠ ᠶᠢ ᠲᠦᠯᠦᠪᠵᠢᠭᠦᠯᠬᠦ᠂ ᠲᠦᠷᠦ ᠶᠢᠨ ᠪᠤᠳᠤᠯᠭ᠎ᠠ ᠲᠤᠭᠳᠠᠭᠠᠬᠤ᠂ ᠦᠭᠡᠷᠡᠴᠢᠯᠡᠯᠳᠡ ᠶᠢ ᠠᠬᠢᠭᠤᠯᠬᠤ ᠴᠢᠳᠠᠪᠤᠷᠢ ᠪᠠ ᠲᠤᠭᠳᠠᠯ ᠬᠦᠴᠦᠨ ᠢ ᠦᠨᠡᠨ ᠬᠦ ᠳᠡᠭᠡᠭᠰᠢᠯᠡᠭᠦᠯᠵᠤ᠂ ᠨᠠᠮ ᠠᠴᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠠ ᠲᠠᠯ᠎ᠠ ᠶᠢ ᠵᠤᠬᠢᠴᠠᠭᠤᠯᠬᠤ ᠶᠢ ᠢᠮᠠᠭᠳᠠ ᠪᠠᠳᠤᠯᠠᠪᠠᠯ ᠰᠠᠶ᠋ᠢ ᠬᠦᠳᠡᠭᠡ ᠲᠤᠰᠬᠤᠨ ᠤ ᠦᠭᠡᠷᠡᠴᠢᠯᠡᠯᠳᠡ ᠬᠦᠭᠵᠢᠯᠳᠡ ᠵᠦᠪ ᠴᠢᠭᠯᠡᠯ ᠢᠶᠠᠷ ᠤᠷᠤᠭᠰᠢᠯᠠᠬᠤ ᠶᠢ ᠪᠠᠳᠤᠯᠠᠵᠤ ᠴᠢᠳᠠᠨ᠎ᠠ᠃         ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠡᠷᠬᠡᠪᠰᠢ ᠨᠠᠮ ᠠᠴᠠ ᠬᠦᠳᠡᠭᠡ ᠲᠤᠰᠬᠤᠨ ᠤ ᠠᠵᠢᠯ ᠢ ᠤᠳᠤᠷᠢᠳᠬᠤ ᠵᠤᠬᠢᠶᠠᠨ ᠪᠠᠶᠢᠭᠤᠯᠤᠯᠳᠠ ᠶᠢᠨ ᠰᠢᠰᠲ᠋ᠧᠮ᠂ ᠳᠦᠷᠢᠮ ᠤᠨ ᠰᠢᠰᠲ᠋ᠧᠮ᠂ ᠠᠵᠢᠯ ᠤᠨ ᠲᠤᠭᠳᠠᠴᠠ ᠶᠢ ᠪᠦᠷᠢᠨᠰᠢᠭᠦᠯᠵᠤ᠂ ᠰᠢᠨ᠎ᠠ ᠴᠠᠭ ᠦᠶ᠎ᠠ ᠳᠤ ᠨᠠᠮ ᠠᠴᠠ ᠬᠦᠳᠡᠭᠡ ᠲᠤᠰᠬᠤᠨ ᠤ ᠠᠵᠢᠯ ᠢ ᠪᠦᠬᠦ ᠲᠠᠯ᠎ᠠ ᠪᠠᠷ ᠤᠳᠤᠷᠢᠳᠬᠤ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠬᠦ ᠬᠡᠷᠡᠭᠳᠠᠢ᠃ 2019 ᠤᠨ ᠳᠤ ᠨᠠᠮ ᠤᠨ ᠲᠦᠪ ᠬᠤᠷᠢᠶ᠎ᠠ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠬᠦᠳᠡᠭᠡ ᠲᠤᠰᠬᠤᠨ ᠤ ᠠᠵᠢᠯ ᠤᠨ ᠳᠦᠷᠢᠮ︾᠎ ᠢ ᠳᠠᠷᠤᠮᠠᠯᠯᠠᠨ ᠲᠠᠷᠬᠠᠭᠠᠪᠠ᠂ ᠡᠭᠦᠨ ᠳᠤ ᠬᠠᠮᠤᠭ ᠤᠨ ᠴᠢᠬᠤᠯᠠ ᠨᠢᠭᠡ ᠵᠤᠷᠪᠤᠰ ᠪᠤᠯ ᠳᠠᠷᠤᠢ ᠲᠠᠪᠤᠨ ᠱᠠᠳᠤᠨ ᠤ ᠱᠦᠵᠢ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠠᠵᠢᠯ ᠢ ᠠᠳᠬᠤᠨ᠎ᠠ᠃ ᠡᠯ᠎ᠠ ᠱᠠᠳᠤᠨ ᠤ ᠨᠠᠮ ᠤᠨ ᠬᠤᠷᠢᠶ᠎ᠠ ᠤᠯᠤᠰ ᠲᠦᠷᠦ ᠶᠢᠨ ᠬᠠᠷᠢᠭᠤᠴᠠᠯᠭ᠎ᠠ ᠪᠠᠨ ᠡᠭᠦᠷᠭᠡᠯᠡᠵᠤ᠂ ᠠᠵᠤ ᠦᠢᠯᠡᠳᠪᠦᠷᠢ ᠪᠠ ᠬᠦᠳᠡᠭᠡ ᠠᠵᠤ ᠠᠬᠤᠢ ᠶᠢ ᠵᠡᠷᠭᠡ ᠪᠠᠷ ᠠᠳᠬᠤᠬᠤ ᠶᠢ ᠪᠠᠷᠢᠮᠳᠠᠯᠠᠵᠤ᠂ ᠬᠤᠳᠠ ᠬᠦᠳᠡᠭᠡ ᠶᠢ ᠵᠡᠷᠭᠡ ᠪᠠᠷ ᠠᠳᠬᠤᠬᠤ ᠶᠢ ᠪᠠᠷᠢᠮᠳᠠᠯᠠᠨ᠂ ᠬᠦᠳᠡᠭᠡ ᠠᠵᠤ ᠠᠬᠤᠢ ᠬᠦᠳᠡᠭᠡ ᠲᠤᠰᠬᠤᠨ ᠢ ᠤᠷᠢᠳ ᠢᠶᠠᠷ ᠬᠦᠭᠵᠢᠭᠦᠯᠬᠦ ᠱᠠᠭᠠᠷᠳᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠨᠡᠩ ᠶᠡᠭᠡ ᠡᠷᠴᠢᠮ ᠢᠶᠠᠷ ᠠᠬᠢᠭᠤᠯᠬᠤ ᠬᠡᠷᠡᠭᠳᠠᠢ᠃ ᠰᠢᠶᠠᠨ ᠤ ᠨᠠᠮ ᠤᠨ ᠬᠤᠷᠢᠶ᠎ᠠ ᠪᠤᠯ ᠮᠠᠨ ᠤ ᠨᠠᠮ ᠤᠨ ᠲᠦᠷᠦ ᠪᠠᠷᠢᠵᠤ ᠤᠯᠤᠰ ᠢᠶᠠᠨ ᠮᠠᠨᠳᠤᠭᠤᠯᠬᠤ ︽ᠡᠮᠦᠨ᠎ᠠ ᠹᠷᠤᠨᠲ ᠤᠨ ᠵᠢᠯᠤᠭᠤᠳᠬᠤ ᠭᠠᠵᠠᠷ︾ ᠪᠤᠯᠤᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠭᠤᠤᠯ ᠬᠦᠴᠦᠨ ᠢᠶᠠᠨ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ ︾᠎ ᠤ ᠠᠵᠢᠯ ᠳᠡᠭᠡᠷ᠎ᠠ ᠲᠠᠯᠪᠢᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ︽ᠡᠮᠦᠨ᠎ᠠ ᠹᠷᠤᠨᠲ ᠤᠨ ᠶᠡᠷᠦᠩᠬᠡᠢ ᠵᠢᠯᠤᠭᠤᠳᠤᠭᠴᠢ︾ ᠰᠠᠶᠢᠳᠦᠷ ᠪᠤᠯᠬᠤ ᠬᠡᠷᠡᠭᠳᠠᠢ᠃ ᠰᠢᠶᠠᠨ ᠤ ᠱᠠᠳᠤᠨ ᠠᠴᠠ ᠳᠡᠭᠡᠭᠰᠢᠬᠢ ᠡᠯ᠎ᠠ ᠱᠠᠳᠤᠨ ᠤ ᠨᠠᠮ ᠤᠨ ᠬᠤᠷᠢᠶ᠎ᠠ ᠶᠢᠨ ᠬᠢᠨ ᠬᠦᠳᠡᠭᠡ ᠲᠤᠰᠬᠤᠨ ᠤ ᠠᠵᠢᠯ ᠤᠨ ᠤᠳᠤᠷᠢᠳᠬᠤ ᠳᠤᠭᠤᠶᠢᠢᠯᠠᠩ ᠤᠨ ᠲᠦᠷᠦᠭᠦᠯᠡᠨ ᠠᠳᠬᠤᠵᠤ ᠶᠡᠷᠦᠩᠬᠡᠢ ᠳᠤᠨᠢ ᠠᠳᠬᠤᠬᠤ᠂ ᠨᠢᠭᠡᠳᠦᠯᠳᠠᠢ ᠲᠦᠯᠦᠪᠵᠢᠭᠦᠯᠤᠨ ᠵᠤᠬᠢᠴᠠᠭᠤᠯᠬᠤ ᠦᠢᠯᠡᠳᠦᠯ ᠢᠶᠠᠨ ᠰᠠᠶᠢᠳᠤᠷ ᠪᠠᠳᠠᠷᠠᠭᠤᠯᠵᠤ᠂ ᠬᠡᠷᠡᠭ ᠵᠦᠪᠯᠡᠵᠤ ᠵᠤᠬᠢᠴᠠᠭᠤᠯᠬᠤ᠂ ᠱᠠᠯᠠᠪᠳᠠᠭᠤᠯᠤᠨ ᠪᠠᠶᠢᠴᠠᠭᠠᠵᠤ ᠰᠢᠯᠭᠠᠨ ᠦᠨᠡᠯᠡᠬᠦ ᠵᠡᠷᠭᠡ ᠲᠤᠭᠳᠠᠴᠠ ᠶᠢ ᠪᠦᠷᠢᠨᠰᠢᠭᠦᠯᠬᠦ ᠬᠡᠷᠡᠭᠳᠠᠢ᠃ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠡᠯ᠎ᠠ ᠵᠦᠢᠯ ᠤᠨ ᠲᠦᠷᠦ ᠶᠢᠨ ᠪᠤᠳᠤᠯᠭ᠎ᠠ ᠶᠢ ᠡᠴᠦᠰ ᠲᠡᠭᠡᠨ ᠬᠦᠳᠡᠭᠡ ᠲᠤᠰᠬᠤᠨ ᠤ ᠦᠨᠳᠦᠰᠦᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠳᠤ ᠲᠦᠰᠢᠭᠯᠡᠨ ᠨᠠᠶᠢᠳᠠᠪᠤᠷᠢᠵᠢᠭᠤᠯᠤᠨ᠎ᠠ᠃ ᠰᠢᠶᠠᠩ ᠪᠠᠯᠭᠠᠰᠤᠨ ᠤ ᠤᠳᠤᠷᠢᠳᠬᠤ ᠪᠠᠭ᠂ ᠲᠤᠰᠬᠤᠨ ᠤ ︽ᠬᠤᠶᠠᠷ ᠵᠦᠪᠯᠡᠯ︾᠎ ᠤᠨ ᠪᠦᠷᠢᠯᠳᠦᠭᠦᠨ ᠤᠨᠴᠠᠭᠠᠶᠢᠢᠯᠠᠨ ᠲᠤᠰᠬᠤᠨ ᠤ ᠨᠠᠮ ᠤᠨ ᠡᠭᠦᠷ ᠤᠨ ᠱᠦᠵᠢ ᠳᠤ ᠰᠢᠯᠢᠳᠡᠭ ᠢ ᠨᠢ ᠰᠤᠩᠭᠤᠨ ᠰᠤᠳᠤᠨ ᠢ ᠨᠢ ᠲᠤᠬᠢᠷᠠᠭᠤᠯᠬᠤ ᠬᠡᠷᠡᠭᠳᠠᠢ᠃ ᠦᠨᠳᠦᠰᠦᠨ ᠱᠠᠳᠤ ᠶᠢ ᠠᠳᠬᠤᠬᠤ᠂ ᠰᠠᠭᠤᠷᠢ ᠶᠢ ᠬᠦᠴᠦᠷᠬᠡᠭᠵᠢᠭᠦᠯᠬᠦ᠂ ᠰᠠᠭᠤᠷᠢ ᠶᠢ ᠪᠠᠳᠤᠳᠬᠠᠬᠤ ᠠᠵᠢᠯ ᠤᠨ ᠤᠳᠤᠷᠢᠳᠤᠮᠵᠢ ᠶᠢ ᠲᠤᠪᠤᠶᠢᠮ᠎ᠠ ᠠᠳᠬᠤᠵᠤ᠂ ᠡᠯ᠎ᠠ ᠲᠦᠷᠦᠯ ᠤᠨ ᠡᠬᠢ ᠪᠠᠶᠠᠯᠢᠭ ᠢ ᠦᠨᠳᠦᠰᠦᠨ ᠱᠠᠳᠤ ᠲᠡᠶᠢᠰᠢ ᠬᠡᠯᠪᠠᠶᠢᠯᠭᠡᠵᠤ᠂ ᠦᠨᠳᠦᠰᠦᠨ ᠱᠠᠳᠤᠨ ᠳᠤ ᠠᠵᠢᠯ ᠬᠢᠵᠤ ᠦᠢᠯᠡᠰ ᠪᠤᠰᠬᠠᠬᠤ ᠳᠤ ᠨᠡᠩ ᠰᠠᠶᠢᠨ ᠨᠦᠬᠦᠴᠡᠯ ᠪᠦᠷᠢᠯᠳᠦᠭᠦᠯᠵᠤ ᠦᠭᠬᠦ ᠬᠡᠷᠡᠭᠳᠠᠢ᠃          ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠵᠠᠩᠭᠢᠯᠠᠭ᠎ᠠ ᠨᠢ ᠬᠦᠮᠦᠨ ᠳᠤ ᠪᠠᠶᠢᠨ᠎ᠠ᠂ ᠵᠠᠩᠭᠢᠯᠠᠭ᠎ᠠ ᠨᠢ ᠪᠤᠳᠠᠳᠠᠢ ᠠᠵᠢᠯᠯᠠᠬᠤ ᠳᠤ ᠪᠠᠶᠢᠨ᠎ᠠ᠃ ᠤᠯᠤᠰ ᠲᠦᠷᠦ ᠪᠠᠳᠤ ᠴᠢᠩᠭ᠎ᠠ᠂ ᠡᠷᠳᠡᠮ ᠴᠢᠳᠠᠪᠤᠷᠢ ᠤᠷᠦ᠋ᠢᠯᠠᠭᠰᠠᠨ᠂ ᠰᠤᠷᠳᠠᠯ ᠰᠠᠶᠢᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠺᠠᠳ᠋ᠷᠴᠤᠳ ᠤᠨ ᠡᠩᠨᠡᠭᠡ ᠶᠢ ᠪᠠᠶᠢᠭᠤᠯᠵᠤ᠂ ᠨᠢᠭᠡ ᠪᠦᠯᠦᠭ ᠰᠢᠯᠢᠳᠡᠭ ᠺᠠᠳ᠋ᠷ ᠢ ᠰᠤᠩᠭᠤᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠡᠮᠦᠨ᠎ᠠ ᠹᠷᠤᠨᠲ ᠤᠨ ᠠᠵᠢᠯ ᠤᠨ ᠪᠠᠶᠢᠷᠢ ᠳᠤ ᠲᠤᠮᠢᠯᠠᠵᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠺᠠᠳ᠋ᠷ ᠢ ᠬᠦᠮᠦᠵᠢᠭᠦᠯᠦᠨ ᠪᠤᠯᠪᠠᠰᠤᠷᠠᠭᠤᠯᠬᠤ ᠦᠷᠭᠡᠨ ᠠᠭᠤᠳᠠᠮ ᠲᠠᠪᠴᠠᠩ ᠪᠤᠯᠭᠠᠨ᠂ ᠬᠦᠴᠢᠷ ᠪᠡᠷᠬᠡᠰᠢᠶᠠᠯ ᠲᠠᠢ ᠭᠠᠵᠠᠷ ᠤᠷᠤᠨ᠂ ᠵᠠᠩᠭᠢᠯᠠᠭ᠎ᠠ ᠶᠢᠨ ᠠᠵᠢᠯ ᠤᠨ ᠪᠠᠶᠢᠷᠢ ᠳᠤ ᠲᠤᠪᠤᠶᠢᠮ᠎ᠠ ᠰᠠᠶᠢᠨ ᠠᠵᠢᠯᠯᠠᠭᠰᠠᠨ ᠺᠠᠳ᠋ᠷ ᠢ ᠡᠩ ᠲᠡᠷᠢᠭᠦᠨ ᠳᠤ ᠴᠢᠬᠤᠯᠠᠴᠢᠯᠠᠨ ᠬᠦᠨᠳᠤ ᠪᠠᠷ ᠬᠡᠷᠡᠭᠯᠡᠬᠦ ᠬᠡᠷᠡᠭᠳᠠᠢ᠃ ᠰᠢᠨ᠎ᠠ ᠬᠦᠭᠵᠢᠯᠳᠡ ᠶᠢᠨ ᠱᠠᠳᠤᠨ ᠳᠤ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠨᠡᠩ ᠡᠭᠡᠳᠡᠷᠡᠭᠡᠨ ᠪᠤᠳᠤᠯᠢᠶᠠᠨᠳᠠᠢ ᠪᠤᠯᠵᠤ᠂ ᠰᠢᠨ᠎ᠠ ᠪᠠᠶᠢᠳᠠᠯ ᠰᠢᠨ᠎ᠠ ᠠᠰᠠᠭᠤᠳᠠᠯ ᠨᠡᠩ ᠤᠯᠠᠨ ᠪᠤᠯᠵᠤ᠂ ᠱᠠᠭᠠᠷᠳᠠᠯᠭ᠎ᠠ ᠨᠡᠩ ᠦᠨᠳᠦᠷ ᠪᠤᠯᠬᠤ ᠪᠤᠯᠤᠨ᠎ᠠ᠃ ᠡᠯ᠎ᠠ ᠱᠠᠳᠤᠨ ᠤ ᠺᠠᠳ᠋ᠷᠴᠤᠳ ᠤᠨᠤᠯ ᠤᠨ ᠰᠤᠷᠤᠯᠴᠠᠯᠭ᠎ᠠ ᠪᠠ ᠪᠠᠶᠢᠴᠠᠭᠠᠨ ᠰᠤᠳᠤᠯᠤᠯᠳᠠ ᠪᠠᠨ ᠴᠢᠩᠭᠠᠳᠬᠠᠵᠤ᠂ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠢ ᠰᠠᠶᠢᠳᠤᠷ ᠬᠢᠬᠦ ᠴᠢᠳᠠᠪᠤᠷᠢ ᠪᠠᠨ ᠳᠡᠭᠡᠭᠰᠢᠯᠡᠭᠦᠯᠬᠦ ᠬᠡᠷᠡᠭᠳᠠᠢ᠃ ᠴᠢᠳᠠᠪᠤᠷᠢᠳᠠᠨ ᠢ ᠬᠦᠭᠵᠢᠭᠦᠯᠦᠨ ᠮᠠᠨᠳᠤᠭᠤᠯᠬᠤ ᠪᠤᠯ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢᠨ ᠰᠠᠭᠤᠷᠢ ᠮᠦᠨ᠂ ᠬᠦᠳᠡᠭᠡ ᠲᠤᠰᠬᠤᠨ ᠤ ᠴᠢᠳᠠᠪᠤᠷᠢᠳᠠᠨ ᠤ ᠠᠵᠢᠯ ᠤᠨ ᠪᠠᠶᠢᠭᠤᠯᠤᠮᠵᠢ ᠲᠤᠭᠳᠠᠴᠠ ᠶᠢ ᠰᠢᠨᠡᠴᠢᠯᠡᠨ᠂ ᠬᠦᠳᠡᠭᠡ ᠲᠤᠰᠬᠤᠨ ᠤ ᠤᠳᠤ ᠶᠢᠨ ᠪᠠᠶᠢᠭ᠎ᠠ ᠴᠢᠳᠠᠪᠤᠷᠢᠳᠠᠨ ᠤ ᠠᠮᠢᠵᠢᠷᠠᠯ ᠤᠨ ᠬᠦᠴᠦᠨ ᠢ ᠭᠦᠢᠴᠡᠳ ᠬᠦᠭᠵᠢᠭᠡᠵᠤ᠂ ᠡᠯ᠎ᠠ ᠲᠦᠷᠦᠯ ᠤᠨ ᠴᠢᠳᠠᠪᠤᠷᠢᠳᠠᠨ ᠤ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠪᠠᠷ ᠵᠢᠳᠭᠦᠨ ᠴᠢᠷᠮᠠᠶᠢᠵᠤ ᠭᠠᠪᠢᠶ᠎ᠠ ᠪᠠᠶᠢᠭᠤᠯᠬᠤ ᠶᠢ ᠵᠤᠷᠢᠭᠵᠢᠭᠤᠯᠬᠤ ᠬᠡᠷᠡᠭᠳᠠᠢ᠃ ᠲᠠᠷᠢᠶᠠᠴᠢᠳ ᠲᠤ ᠦᠷᠭᠡᠨ ᠢᠶᠠᠷ ᠲᠦᠰᠢᠭᠯᠡᠵᠤ᠂ ᠲᠠᠷᠢᠶᠠᠴᠢᠳ ᠢ ᠬᠦᠮᠦᠵᠢᠭᠦᠯᠦᠨ ᠵᠢᠯᠤᠭᠤᠳᠴᠤ᠂ ᠲᠠᠷᠢᠶᠠᠴᠢᠳ ᠢ ᠵᠤᠬᠢᠶᠠᠨ ᠪᠠᠶᠢᠭᠤᠯᠤᠨ ᠳᠠᠶᠢᠴᠢᠯᠠᠵᠤ᠂ ᠦᠷᠭᠡᠨ ᠤᠯᠠᠨ ᠲᠠᠷᠢᠶᠠᠴᠢᠨ ᠤ ᠢᠳᠡᠪᠬᠢᠵᠢᠯ᠂ ᠰᠠᠨᠠᠭᠠᠴᠢᠯᠠᠭᠠᠳᠤ ᠴᠢᠨᠠᠷ᠂ ᠡᠭᠦᠳᠦᠨ ᠪᠦᠲᠦᠭᠡᠬᠦ ᠴᠢᠨᠠᠷ ᠢ ᠬᠦᠭᠵᠢᠭᠡᠨ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠳᠤ ᠤᠷᠤᠯᠴᠠᠭᠤᠯᠵᠤ᠂ ᠰᠠᠶᠢᠨ ᠰᠠᠶᠢᠬᠠᠨ ᠭᠡᠷ ᠤᠷᠤᠨ ᠢ ᠪᠦᠲᠦᠭᠡᠨ ᠪᠠᠶᠢᠭᠤᠯᠬᠤ ᠬᠡᠷᠡᠭᠳᠠᠢ᠃         ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠰᠢᠨ᠎ᠠ ᠴᠠᠭ ᠦᠶ᠎ᠠ ᠳᠤ᠂ ᠬᠦᠳᠡᠭᠡ ᠲᠤᠰᠬᠤᠨ ᠪᠤᠯ ᠶᠡᠭᠡ ᠭᠠᠪᠢᠶ᠎ᠠ ᠵᠢᠳᠭᠦᠯ ᠦᠵᠡᠭᠦᠯᠵᠦ ᠪᠤᠯᠬᠤ ᠦᠷᠭᠡᠨ ᠠᠭᠤᠳᠠᠮ ᠭᠠᠵᠠᠷ ᠤᠷᠤᠨ ᠪᠠᠶᠢᠵᠤ᠂ ᠤᠯᠳᠠᠬᠤᠶ᠎ᠠ ᠪᠡᠷᠬᠡ ᠬᠦᠭᠵᠢᠯᠳᠡ ᠶᠢᠨ ᠠᠵᠠ ᠳᠤᠬᠢᠶᠠᠯ ᠢ ᠤᠭᠳᠤᠨ ᠠᠪᠴᠢᠷᠠᠭᠰᠠᠨ ᠪᠠᠶᠢᠨ᠎ᠠ᠃ ︽ᠬᠦᠳᠡᠭᠡ ᠠᠵᠤ ᠠᠬᠤᠢ ᠬᠦᠳᠡᠭᠡ ᠲᠤᠰᠬᠤᠨ ᠲᠠᠷᠢᠶᠠᠴᠢᠨ︾᠎ ᠤ ᠠᠵᠢᠯ ᠳᠠᠬᠢ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠪᠦᠬᠦ ᠨᠠᠮ ᠪᠦᠬᠦ ᠨᠡᠶᠢᠭᠡᠮ ᠤᠨ ᠬᠦᠴᠦᠨ ᠢ ᠳᠠᠶᠢᠴᠢᠯᠠᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠬᠦᠳᠡᠭᠡ ᠠᠵᠤ ᠠᠬᠤᠢ ᠶᠢᠨ ᠴᠢᠨᠠᠷ ᠰᠠᠶᠢᠳᠠᠢ ᠦᠨᠳᠦᠷ ᠦᠷ᠎ᠠ ᠠᠰᠢᠭᠳᠠᠢ ᠪᠠᠶᠢᠬᠤ᠂ ᠬᠦᠳᠡᠭᠡ ᠲᠤᠰᠬᠤᠨ ᠤ ᠤᠷᠤᠰᠢᠨ ᠠᠮᠢᠳᠤᠷᠠᠬᠤ ᠳᠤ ᠳᠠᠭᠠᠯᠠᠮᠵᠢᠳᠠᠢ ‍ᠦ᠋ᠯᠡᠰ ᠡᠷᠬᠢᠯᠡᠬᠦ ᠳᠤ ᠲᠤᠬᠢᠷᠠᠮᠵᠢᠳᠠᠢ ᠪᠠᠶᠢᠬᠤ᠂ ᠲᠠᠷᠢᠶᠠᠴᠢᠳ ᠤᠨ ᠴᠢᠨᠡᠭᠡᠯᠢᠭ ᠪᠠᠶᠠᠨ ᠳᠠᠩᠰᠤᠭ ᠪᠠᠶᠢᠬᠤ ᠶᠢ ᠠᠬᠢᠭᠤᠯᠪᠠᠯ ᠬᠦᠳᠡᠭᠡ ᠲᠤᠰᠬᠤᠨ ᠢ ᠪᠦᠬᠦ ᠲᠠᠯ᠎ᠠ ᠪᠠᠷ ᠬᠦᠭᠵᠢᠭᠦᠯᠦᠨ ᠮᠠᠨᠳᠤᠭᠤᠯᠬᠤ ᠠᠤᠭ᠎ᠠ ᠬᠠᠷᠠᠯᠳᠠ ᠶᠢ ᠯᠠᠪᠳᠠᠢ ᠪᠡᠶᠡᠯᠡᠭᠦᠯᠵᠤ ᠴᠢᠳᠠᠬᠤ ᠶᠤᠮ᠃                               ᠨᠠᠶᠢᠷᠠᠭᠤᠯᠤᠭᠴᠢ᠄ ᠲᠤᠶᠠᠭ᠎ᠠ
 
ᠢᠷᠡᠯᠲᠡ᠄ ᠠᠷᠠᠳ   ᠤᠨ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2