ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ
ᠨᠡᠶᠢᠲᠡᠯᠡᠭᠰᠡᠨ ᠴᠠᠭ᠄
2021/4/16
ᠵᠢᠨᠢᠩ ᠵᠠᠰᠠᠭ ᠠᠯᠪᠠᠨ 〔2021〕5 ᠨᠤᠮᠧᠷ                 ᠵᠢᠨᠢᠩ ᠲᠣᠭᠤᠷᠢᠭ ᠤᠨ ᠠᠷᠠᠳ ᠤᠨ ᠵᠠᠰᠠᠭ ᠤᠨ 2021 ᠣᠨ ᠤ ᠰᠢᠶᠠᠩ ᠪᠠᠯᠭᠠᠰᠤᠨ ᠤ ᠠᠮᠤ ᠪᠤᠳᠠᠭᠠᠨ ᠤ ᠦᠶᠯᠡᠳᠪᠦᠷᠢᠯᠡᠯ ᠤᠨ ᠬᠠᠷᠠᠯᠲᠠ ᠶᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ ᠮᠠ ᠯᠢᠶᠠᠨ ᠴᠢᠦᠶ ᠰᠢᠶᠠᠩ᠂ ᠪᠠᠶ ᠬᠠᠶ ᠽᠢ ᠪᠠᠯᠭᠠᠰᠤᠨ ᠳᠤ᠄        ᠠᠮᠤ ᠪᠤᠳᠠᠭᠠᠨ ᠤ ᠠᠮᠤᠷ ᠲᠦᠪᠰᠢᠨ ᠪᠣᠯ ᠤᠯᠤᠰ ᠤᠨ ᠠᠮᠤᠷ ᠲᠦᠪᠰᠢᠨ ᠤ ᠴᠢᠬᠤᠯᠠ ᠰᠠᠭᠤᠷᠢ ᠮᠥᠨ᠂ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠡᠷᠢᠭᠦᠨ ᠴᠢᠬᠤᠯᠠ ᠶᠡᠭᠡ ᠶᠠᠪᠤᠳᠠᠯ ᠮᠥᠨ᠃ ᠰᠢ ᠶᠢᠨ ᠫᠢᠩ ᠶᠡᠷᠦᠩᠬᠡᠶ ᠱᠦᠵᠢ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯᠳᠤᠭᠠᠨ ᠳᠡᠭᠡᠷ᠎ᠡ᠂ ᠠᠮᠤ ᠪᠤᠳᠠᠭᠠᠨ ᠤ ᠦᠢᠯᠡᠳᠪᠦᠷᠢᠯᠡᠯ ᠢ ᠵᠢᠯ ᠪᠦᠷᠢ ᠴᠢᠩᠭ᠎ᠠ ᠠᠳᠬᠤᠬᠤ ᠬᠡᠷᠡᠭᠲᠡᠶ᠂ ᠲᠠᠷᠢᠶᠠᠯᠠᠬᠤ ᠲᠠᠯᠠᠪᠠᠢ᠂ ᠤᠨᠠᠯᠲᠠ ᠶᠢ ᠪᠠᠭᠤᠷᠠᠭᠤᠯᠵᠤ ᠪᠣᠯᠬᠤ ᠦᠭᠡᠢ᠂ ᠬᠠᠩᠭᠠᠯᠭ᠎ᠠ᠂ ᠵᠠᠬ᠎ᠠ ᠳᠡᠯᠭᠡᠭᠦᠷ ᠲᠤ ᠠᠰᠠᠭᠤᠳᠠᠯ ᠭᠠᠷᠭᠠᠵᠤ ᠪᠣᠯᠬᠤ ᠦᠭᠡᠢ ᠭᠡᠵᠦ ᠴᠢᠬᠤᠯᠠᠴᠢᠯᠠᠪᠠ᠃ ᠮᠠᠨ ᠤ  ᠲᠤᠭᠤᠷᠢᠭ ᠤᠨ ᠡᠨᠡ ᠵᠢᠯ ᠤᠨ ᠠᠮᠤ ᠪᠤᠳᠠᠭᠠᠨ ᠤ ᠦᠢᠯᠡᠳᠪᠦᠷᠢᠯᠡᠯ ᠢ ᠰᠠᠶᠢᠲᠤᠷ ᠬᠢᠵᠦ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠵᠤ᠂ ︽ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ 2021 ᠣᠨ ᠤ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠮᠤ ᠪᠤᠳᠠᠭᠠᠨ ᠤ ᠦᠶᠯᠡᠳᠪᠦᠷᠢᠯᠡᠯ ᠤᠨ ᠬᠠᠷᠠᠯᠲᠠ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ 2021 ᠣᠨ ᠤ ᠠᠮᠤ ᠪᠤᠳᠠᠭᠠᠨ ᠤ ᠦᠶᠯᠡᠳᠪᠦᠷᠢᠯᠡᠯ ᠤᠨ ᠬᠠᠷᠠᠯᠲᠠ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠱᠠᠭᠠᠷᠳᠠᠯᠭ᠎ᠠ ᠶᠣᠰᠣᠭᠠᠷ᠂ ᠡᠳᠦᠭᠡ 2021 ᠣᠨ ᠤ ᠠᠮᠤ ᠪᠤᠳᠠᠭᠠᠨ ᠤ ᠦᠶᠯᠡᠳᠪᠦᠷᠢᠯᠡᠯ ᠤᠨ ᠬᠠᠷᠠᠯᠲᠠ ᠶᠢ ᠲᠠᠨᠠᠷ ᠲᠤ  ᠳᠠᠷᠤᠮᠯᠠᠨ ᠪᠠᠭᠤᠯᠭᠠᠶ᠎ᠠ ︵ᠳᠠᠭᠠᠯᠳᠤᠭᠤᠯᠤᠯ ᠳᠤ ᠨᠠᠷᠢᠪᠴᠢᠯᠠᠨ ᠦᠵᠡᠭᠡᠷᠡᠶ︶᠂ ᠡᠭᠦᠨ ᠳᠤ ᠲᠠᠯᠠᠪᠠᠶ ᠶᠢᠨ ᠬᠠᠷᠠᠯᠲᠠ ᠪᠣᠯ ᠬᠢᠵᠠᠭᠠᠷᠯᠠᠬᠤ ᠴᠢᠨᠠᠷᠲᠠᠶ ᠭᠦᠶᠴᠡᠳᠬᠡᠯ ᠲᠤᠭ᠎ᠠ ᠪᠣᠯᠤᠨ᠎ᠠ᠂ ᠭᠠᠷᠤᠯᠲᠠ ᠶᠢᠨ ᠬᠠᠷᠠᠯᠲᠠ ᠶᠢ ᠪᠣᠯ 2020 ᠣᠨ ᠤ ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠤᠯᠠᠭᠠᠨᠴᠠᠪ ᠤᠨ ᠪᠠᠶᠢᠴᠠᠭᠠᠯᠲᠠ ᠶᠢᠨ ᠠᠩᠭᠢ ᠶᠢᠨ ᠬᠠᠩᠭᠠᠭᠰᠠᠨ ᠬᠤᠰᠢᠭᠤ ᠰᠢᠶᠠᠨ ᠤ ᠭᠠᠷᠤᠯᠲᠠ ᠶᠢᠨ ᠲᠤᠭ᠎ᠠ ᠪᠠᠷᠢᠮᠲᠠ ᠶᠢᠨ ᠯᠠᠪᠯᠠᠯᠲᠠ ᠶᠢᠨ ᠴᠢᠨᠠᠷᠲᠠᠶ ᠭᠦᠶᠴᠡᠳᠬᠡᠯ ᠲᠤᠭ᠎ᠠ ᠪᠠᠷ ᠦᠨᠳᠦᠰᠦᠯᠡᠯ ᠪᠣᠯᠭᠠᠨ᠎ᠠ᠃ ᠨᠢᠭᠡ ᠰᠢᠶᠠᠩ ᠨᠢᠭᠡ ᠪᠠᠯᠭᠠᠰᠤ ᠨᠢ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠥᠷᠥ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠨᠠᠮ ᠵᠠᠰᠠᠭ ᠠᠳᠠᠯᠢ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ 2021 ᠣᠨ ᠤ ᠠᠮᠤ ᠪᠤᠳᠠᠭᠠᠨ ᠤ ᠲᠠᠯᠠᠪᠠᠶ ᠪᠠ ᠤᠨᠠᠯᠲᠠ ᠶᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠨᠡᠮᠡᠭᠳᠡᠭᠦᠯᠬᠦ ᠶᠢ ᠦᠨᠡᠨᠬᠦ ᠪᠠᠲᠤᠯᠠᠵᠤ᠂ ᠢᠯᠠᠩᠭᠤᠶ᠎ᠠ ᠠᠲᠠᠷᠰᠢᠭᠤᠯᠤᠭᠰᠠᠨ ᠭᠠᠵᠠᠷ ᠪᠠ ᠥᠨᠵᠢᠭᠦᠯᠦᠭᠰᠡᠨ ᠲᠠᠷᠢᠶᠠᠨ ᠭᠠᠵᠠᠷ ᠢ ᠭᠦᠶᠴᠡᠳ ᠰᠠᠶᠢᠲᠤᠷ ᠠᠰᠢᠭᠯᠠᠨ᠂ ᠠᠮᠤ ᠪᠤᠳᠠᠭ᠎ᠠ ᠳᠠᠷᠢᠬᠤ ᠲᠠᠯᠠᠪᠠᠶ ᠶᠢ ᠢᠳᠡᠪᠬᠢᠲᠡᠶ ᠥᠷᠭᠡᠳᠬᠡᠵᠦ᠂ ᠠᠮᠤ ᠪᠤᠳᠠᠭᠠᠨ ᠤ ᠦᠶᠯᠡᠳᠪᠦᠷᠢᠯᠡᠯ ᠤᠨ ᠡᠯ᠎ᠡ ᠵᠦᠶᠯ ᠤᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠮᠠᠨ ᠤ  ᠲᠤᠭᠤᠷᠢᠭ ᠤᠨ ᠠᠮᠤ ᠪᠤᠳᠠᠭᠠᠨ ᠤ ᠦᠶᠯᠡᠳᠪᠦᠷᠢᠯᠡᠯ ᠤᠨ ᠬᠠᠷᠠᠯᠲᠠᠲᠤ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ᠃   ᠳᠠᠭᠠᠯᠳᠤᠭᠤᠯᠤᠯ᠄ 2021 ᠣᠨ ᠤ ᠰᠢᠶᠠᠩ ᠪᠠᠯᠭᠠᠰᠤᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠠᠯᠲᠠ   ᠴᠦᠷᠭᠡᠯᠡᠬᠦ ᠬᠠᠶ᠋ᠢᠭ᠄ http://www.jnq.gov.cn/information/jnqzfw11669/msg2158358347299.html                              ᠨᠠᠶᠢᠷᠠᠭᠤᠯᠤᠭᠴᠢ᠄ ᠪᠤᠥ ᠯᠢᠩ ᠶᠤᠸᠠᠨ                                                                                    
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2