ᠾᠧ ᠷᠦᠨ ᠭᠧᠨ
ᠨᠡᠶᠢᠲᠡᠯᠡᠭᠰᠡᠨ ᠴᠠᠭ᠄
2021/4/17
     ᠾᠧ ᠷᠦᠨ ᠭᠧᠨ᠂ ᠡᠷᠡᠭᠳᠡᠢ᠂ ᠬᠢᠲᠠᠳ ᠦᠨᠳᠦᠰᠦᠳᠡᠨ᠂ 1966 ᠤᠨ ᠤ 1 ᠰᠠᠷ᠎ᠠ ᠳᠤ ᠲᠦᠷᠦᠪᠡ᠂ ᠱᠠᠨ ᠰᠢ ᠮᠤᠵᠢ ᠶᠢᠨ ᠳ᠋ᠠᠲ᠋ᠦ᠋ᠩ ᠬᠤᠳᠠ ᠶᠢᠨ ᠬᠦᠮᠦᠨ᠂ 1989 ᠤᠨ ᠤ 8 ᠰᠠᠷ᠎ᠠ ᠳ᠋ᠡ ᠠᠵᠢᠯ ᠳᠤ ᠤᠷᠤᠯᠴᠠᠵᠤ᠂ 1995 ᠤᠨ ᠤ 10 ᠰᠠᠷ᠎ᠠ ᠳᠤ ᠳᠤᠮᠳᠠᠳᠤ ᠤᠯᠤᠰ ᠤᠨ ᠡᠪ ᠬᠠᠮᠳᠤ ᠨᠠᠮ ᠳᠤ ᠡᠯᠰᠡᠭᠳᠡᠪᠡ᠂ ᠥᠪᠥᠷ ᠮᠤᠩᠭᠤᠯ ᠤᠨ ᠶᠡᠭᠡ ᠰᠤᠷᠭᠠᠭᠤᠯᠢ ᠶᠢᠨ ᠠᠮᠢᠳᠤ ᠪᠤᠳᠠᠰ ᠤᠨ ᠰᠠᠯᠪᠦᠷᠢ ᠶᠢᠨ ᠤᠷᠭᠤᠮᠠᠯ ᠵᠦᠢ ᠶᠢᠨ ᠮᠡᠷᠭᠡᠵᠢᠯ ᠠᠴᠠ ᠲᠡᠭᠦᠰᠴᠤ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠃ ᠥᠨᠥ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠲᠤᠭᠤᠷᠢᠭ ᠤᠨ ᠳᠠᠷᠤᠭ᠎ᠠ ᠶᠢᠨ ᠳᠤᠰᠢᠶᠠᠯ ᠲᠠᠢ᠃     1985.08—1989.08 ᠥᠪᠥᠷ ᠮᠤᠩᠭᠤᠯ ᠤᠨ ᠶᠡᠭᠡ ᠰᠤᠷᠭᠠᠭᠤᠯᠢ ᠶᠢᠨ ᠠᠮᠢᠳᠤ ᠪᠤᠳᠠᠰ ᠤᠨ ᠰᠠᠯᠪᠦᠷᠢ ᠶᠢᠨ ᠤᠷᠭᠤᠮᠠᠯ ᠵᠦᠢ ᠶᠢᠨ ᠮᠡᠷᠭᠡᠵᠢᠯ ᠢᠶᠠᠷ ᠰᠤᠷᠤᠯᠴᠠᠪᠠ᠃     1989.08—1990.10 ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠳᠦᠷᠪᠡᠳ ᠬᠤᠰᠢᠭᠤᠨ ᠤ ᠵᠢᠤᠢ ᠵᠢᠩ ᠬᠤᠤ ᠰᠢᠶᠠᠩ ᠤᠨ ᠳᠤᠮᠳᠠᠳᠤ ᠰᠤᠷᠭᠠᠭᠤᠯᠢ ᠳᠤ ᠪᠠᠭᠰᠢᠯᠠᠪᠠ᠃     1990.10—1994.07 ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠳᠦᠷᠪᠡᠳ ᠬᠤᠰᠢᠭᠤᠨ ᠤ ᠲᠠᠷᠢᠶᠠᠯᠠᠩ ᠤᠨ ᠲᠤᠪᠴᠢᠶ᠎ᠠ᠂ ᠵᠠᠰᠠᠭ ᠤᠨ ᠤᠷᠳᠤᠨ ᠤ《ᠭᠤᠷᠪᠠᠨ ᠮᠤ᠋ ᠲᠠᠷᠢᠶ᠎ᠠ》ᠪᠦᠳᠦᠭᠡᠨ ᠪᠠᠶᠢᠭᠤᠯᠤᠯᠳᠠ ᠶᠢᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠲᠤ ᠠᠵᠢᠯᠯᠠᠪᠠ᠃     1994.07—2001.08 ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠳᠦᠷᠪᠡᠳ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠷᠢᠨ ᠪᠢᠴᠢᠭᠡᠴᠢ ︵ᠡᠨᠡ ᠬᠤᠭᠤᠴᠠᠭᠠᠨ ᠳᠤ᠄ 1995.12 ᠳᠡᠳ᠋ ᠡᠷᠬᠢᠯᠡᠭᠴᠢ ᠬᠡᠰᠢᠭᠦᠨᠴᠢ ᠶᠢᠨ ᠳᠤᠰᠢᠶᠠᠯ ᠡᠭᠦᠷᠭᠡᠯᠡᠵᠤ᠂ 1999.02 ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ ᠶᠢᠨ ᠳᠤᠰᠢᠶᠠᠯ ᠡᠭᠦᠷᠭᠡᠯᠡᠪᠠ᠃︶     2001.08—2009.02 ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠳᠦᠷᠪᠡᠳ ᠬᠤᠰᠢᠭᠤᠨ ᠤ ᠬᠤᠵᠢᠷᠳᠤ ᠰᠢᠶᠠᠩ ᠤᠨ ᠨᠠᠮ ᠤᠨ ᠬᠤᠷᠢᠶᠠᠨ ᠤ ᠱᠦᠵᠢ ᠪᠠᠷ ᠠᠵᠢᠯᠯᠠᠪᠠ᠃     2009.02—2011.04 ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠳᠦᠷᠪᠡᠳ ᠬᠤᠰᠢᠭᠤᠨ ᠤ  ᠬᠦᠭᠵᠢᠭᠦᠯᠦᠯᠳᠡ ᠥᠭᠡᠷᠡᠴᠢᠯᠡᠯᠳᠠ ᠶᠢᠨ ᠵᠦᠪᠯᠡᠯ ᠤᠨ ᠡᠷᠬᠢᠯᠡᠭᠴᠢ ᠪᠠᠷ ᠠᠵᠢᠯᠯᠠᠪᠠ᠃     2011.04—ᠤᠳᠤ ᠪᠤᠯᠳᠠᠯ᠎ᠠ᠂ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠤᠯᠠᠭᠠᠨᠴᠠᠪ ᠬᠤᠳᠠ ᠶᠢᠨ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠳᠡᠳ᠋ ᠲᠤᠭᠤᠷᠢᠭ ᠤᠨ ᠳᠠᠷᠤᠭ᠎ᠠ ᠪᠠᠷ ᠠᠵᠢᠯᠯᠠᠪᠠ᠃
 
ᠢᠷᠡᠯᠲᠡ᠄ ᠵᠢᠨᠢᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2