ᠪᠠᠶᠢᠩᠭᠤ ᠶᠢᠨ ᠭᠡᠰᠢᠭᠦᠨ᠂ ᠲᠣᠭᠤᠷᠢᠭ ᠤᠨ ᠳᠡᠳ᠋ ᠳᠠᠷᠤᠭ᠎ᠠ ᠄ ᠸᠠᠩ ᡁᠢ ᠸᠧᠢ
ᠨᠡᠶᠢᠲᠡᠯᠡᠭᠰᠡᠨ ᠴᠠᠭ᠄
2021/4/2
       ᠲᠣᠪᠴᠢ ᠲᠠᠨᠢᠯᠴᠠᠭᠤᠯᠭ᠎ᠠ      ᠸᠠᠩ ᡁᠢ ᠸᠧᠢ᠂ ᠡᠷᠡᠭᠳᠡᠢ᠂ ᠬᠢᠳᠡᠳ ᠦᠨᠳᠦᠰᠦᠳᠡᠨ᠂ 1987 ᠤᠨ ᠤ 2 ᠰᠠᠷ᠎ᠠ ᠳᠤ ᠲᠦᠷᠦᠪᠡ᠂ ᠬᠤᠪᠧᠢ ᠶᠢᠨ ᠬᠦᠮᠦᠨ ᠃ ᠪᠦᠬᠦᠯᠢ ᠡᠳᠦᠷ ᠤᠨ ᠳᠦᠷᠢᠮᠲᠦ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠢᠨᠵᠧᠨᠧᠷᠢᠩ ᠤᠨ ᠤᠬᠠᠭᠠᠨ ᠤ ᠣᠶᠤᠲᠠᠨ᠂ ᠳᠡᠭᠡᠳᠦ ᠵᠡᠷᠭᠡ ᠶᠢᠨ ᠢᠨᠵᠧᠨᠧᠷ᠂ ᠳᠠᠩᠰᠠᠯᠠᠭᠤᠯᠤᠨ ᠬᠡᠮᠵᠢᠨ ᠵᠢᠷᠤᠭᠯᠠᠭᠴᠢ᠂ ᠦᠬᠠᠨ ᠶᠡᠭᠡ ᠰᠤᠷᠭᠠᠭᠤᠯᠢ ᠶᠢᠨ ᠠᠯᠤᠰ ᠰᠡᠷᠡᠯ ᠤᠨ ᠰᠢᠨᠵᠢᠯᠡᠬᠦ ᠤᠬᠠᠭᠠᠨ ᠬᠢᠭᠡᠳ ᠮᠡᠷᠭᠡᠵᠢᠯ ᠤᠨ ᠲᠤᠰᠬᠠᠢ ᠮᠡᠷᠭᠡᠵᠢᠯ ᠠᠴᠠ ᠲᠡᠭᠦᠰᠪᠡ ᠃ ᠠᠵᠢᠯ ᠤᠨ ᠪᠠᠶᠢᠷᠢ ᠳᠡᠭᠡᠷᠡᠬᠢ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠤᠯᠠᠨ ᠨᠡᠶᠢᠲᠡ ᠶᠢᠨ ᠬᠠᠮᠢᠶᠠᠷᠤᠯᠲᠠ ᠶᠢᠨ ᠮᠠᠰᠲ᠋ᠧᠷ᠂ ᠳᠤᠮᠳᠠᠳᠤ ᠤᠯᠤᠰ ᠤᠨ ᠭᠠᠵᠠᠷ ᠰᠢᠨᠵᠢᠯᠡᠭᠡᠨ ᠤ ᠶᠡᠭᠡ ᠰᠤᠷᠭᠠᠭᠤᠯᠢ ︵ᠦᠬᠠᠨ︶ ᠶᠢᠨ ᠤᠯᠠᠨ ᠨᠡᠶᠢᠲᠡ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠠᠴᠠ ᠲᠡᠭᠦᠰᠴᠡᠢ᠃ 2011 ᠣᠨ ᠤ 8 ᠰᠠᠷ᠎ᠠ ᠳᠤ ᠠᠵᠢᠯ ᠳᠤ ᠣᠷᠣᠵᠤ᠂ 2013 ᠣᠨ ᠤ 7 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ  ᠤᠷᠤᠵᠠᠢ᠃        ᠬᠤᠪᠢᠳᠠᠨ ᠬᠠᠮᠢᠶᠠᠷᠴᠤ ᠪᠠᠶᠢᠭ᠎ᠠ ᠠᠵᠢᠯ᠄    ᠲᠣᠭᠤᠷᠢᠭ ᠤᠨ ᠳᠠᠷᠤᠭ᠎ᠠ ᠶᠢ ᠬᠠᠮᠵᠢᠨ ᠪᠠᠶᠢᠭᠠᠯᠢ ᠶᠢᠨ ᠡᠬᠢ ᠪᠠᠶᠠᠯᠢᠭ᠂ ᠬᠤᠲᠠ ᠬᠥᠳᠡᠭᠡ ᠶᠢᠨ ᠲᠥᠯᠥᠪᠵᠢᠭᠦᠯᠭᠡ᠂ ᠰᠤᠷᠭᠠᠨ ᠬᠥᠮᠦᠵᠢᠯ᠂ ᠵᠠᠰᠠᠭ ᠤᠨ ᠶᠠᠪᠤᠳᠠᠯ ᠢ ᠢᠯᠡ ᠪᠣᠯᠭᠠᠬᠤ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠲᠣᠮᠣ ᠳ᠋ᠠᠶᠢᠲ᠋ᠠ ᠪᠠ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠎ᠠ᠃ ᠲᠤᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠬᠤᠪᠢᠶᠠᠷᠢ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︵ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠲᠤᠭ᠎ᠠ ᠪᠠᠷᠢᠮᠲᠠ ᠶᠢᠨ ᠬᠥᠭᠵᠢᠯᠲᠡ ᠶᠢᠨ ᠲᠥᠪ︶ ᠶᠢ ᠬᠤᠪᠢᠳᠠᠨ ᠬᠠᠮᠢᠶᠠᠷᠤᠨ᠎ᠠ᠃ ᠡᠪ ᠬᠠᠮᠲᠤ ᠵᠠᠯᠠᠭᠤᠴᠤᠳ ᠤᠨ ᠡᠪᠯᠡᠯ ᠤᠨ ᠵᠢᠨᠢᠩ ᠲᠣᠭᠤᠷᠢᠭ ᠤᠨ ᠬᠤᠷᠢᠶ᠎ᠠ᠂ ᠨᠠᠪᠴᠢᠨ ᠲᠠᠮᠠᠬᠢ ᠶᠢᠨ ᠺᠣᠮᠫᠠᠨᠢ᠂ ᠳᠠᠪᠤᠰᠤᠨ ᠤ ᠦᠢᠯᠡᠰ ᠤᠨ ᠺᠣᠮᠫᠠᠨᠢ᠂  ᠲᠤᠭᠤᠷᠢᠭ ᠲᠤ ᠰᠠᠭᠤᠭ᠎ᠠ ᠶᠡᠭᠡ ᠳᠡᠭᠡᠳᠦ ᠰᠤᠷᠭᠠᠭᠤᠯᠢ ᠪᠣᠯᠤᠨ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠲᠠᠢ ᠬᠠᠷᠢᠯᠴᠠᠨ᠎ᠠ᠃ ᠲᠣᠭᠤᠷᠢᠭ ᠤᠨ ᠳᠠᠷᠤᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃   
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2