ᠵᠠᠩ ᠵᠧ ᠬᠤᠢ
ᠨᠡᠶᠢᠲᠡᠯᠡᠭᠰᠡᠨ ᠴᠠᠭ᠄
2021/4/5
     ᠵᠠᠩ ᠵᠧ ᠬᠤᠢ᠂ ᠡᠷᠡᠭᠳᠡᠢ᠂ ᠬᠢᠲᠠᠳ ᠦᠨᠳᠦᠰᠦᠳᠡᠨ᠂ 1964 ᠤᠨ ᠤ 9 ᠰᠠᠷ᠎ᠠ ᠳᠤ ᠲᠦᠷᠦᠪᠡ᠂ ᠥᠪᠥᠷ ᠮᠤᠩᠭᠤᠯ ᠤᠨ ᠴᠠᠬᠠᠷ ᠪᠠᠷᠠᠭᠤᠨ ᠡᠮᠤᠨᠡᠳᠤ ᠬᠤᠰᠢᠭᠤᠨ ᠤ ᠬᠦᠮᠦᠨ᠂ 1987 ᠤᠨ ᠤ 8 ᠰᠠᠷ᠎ᠠ ᠳᠤ ᠠᠵᠢᠯ ᠳᠤ ᠤᠷᠤᠯᠴᠠᠵᠤ᠂ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠤᠭ᠎ᠠ ᠶᠢᠨ ᠬᠡᠰᠢᠭᠦᠨ᠂ ᠥᠪᠥᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠡᠤᠬᠡ ᠰᠤᠳᠤᠯᠤᠯ ᠤᠨ ᠮᠡᠷᠭᠡᠵᠢᠯ ᠠᠴᠠ ᠲᠡᠭᠦᠰᠴᠦ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠳᠠᠷ ᠲᠠᠢ᠃ ᠥᠨᠥ ᠵᠢᠨᠢᠩ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠪᠠᠶᠢᠩᠭᠤ ᠶᠢᠨ ᠬᠤᠷᠠᠯ ᠤᠨ ᠳᠡᠳ᠋ ᠡᠷᠬᠢᠯᠡᠭᠴᠢ ᠶᠢᠨ ᠳᠤᠰᠢᠶᠠᠯ ᠲᠠᠢ᠃     1983.09—1987.07 ᠥᠪᠥᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠲᠡᠤᠬᠡ ᠰᠤᠳᠤᠯᠤᠯ ᠤᠨ ᠮᠡᠷᠭᠡᠵᠢᠯ ᠢᠶᠠᠷ ᠰᠤᠷᠤᠯᠴᠠᠪᠠ᠃     1987.07—1987.08 ᠠᠵᠢᠯ ᠤᠯᠭᠤᠬᠤ ᠶᠢ ᠬᠦᠯᠢᠶᠡᠪᠡ᠃     1987.08—1999.09 ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠤᠯᠠᠭᠠᠨᠴᠠᠪ ᠠᠶᠢᠮᠠᠭ ᠤᠨ ᠵᠢᠨᠢᠩ ᠬᠤᠳᠠ ᠶᠢᠨ ᠬᠤᠶᠠᠳᠤᠭᠠᠷ ᠳᠤᠰᠬᠠᠢ ᠮᠡᠷᠭᠡᠵᠢᠯ ᠤᠨ ᠲᠡᠭᠡᠳᠤ ᠳᠤᠮᠳᠠᠳᠤ ᠳᠤ ᠪᠠᠭᠰᠢᠯᠠᠪᠠ᠃     1999.09—2012.10 ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠤᠯᠠᠭᠠᠨᠴᠠᠪ ᠠᠶᠢᠮᠠᠭ ︵ᠬᠤᠳᠠ︶᠎ ᠤᠨ ᠵᠢᠨᠢᠩ ᠬᠤᠳᠠ ︵ᠲᠤᠭᠤᠷᠢᠭ︶᠎ ᠶᠢᠨ ᠳᠤᠯᠤᠳᠤᠭᠠᠷ ᠳᠤᠮᠳᠠᠳᠤ ᠰᠤᠷᠭᠠᠭᠤᠯᠢ ᠶᠢᠨ ᠳᠡᠳ᠋ ᠵᠠᠬᠢᠷᠤᠯ ︵ᠡᠨᠡ ᠬᠤᠭᠤᠴᠠᠭᠠᠨ ᠳᠤ᠄ 2003.11—2007.11 ᠵᠢᠨᠢᠩ ᠬᠤᠳᠠ ︵ᠲᠤᠭᠤᠷᠢᠭ︶᠎ ᠶᠢᠨ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠬᠦᠯᠡᠭᠴᠢ ᠶᠢᠨ ᠳᠤᠰᠢᠶᠠᠯ ᠡᠭᠦᠷᠭᠡᠯᠡᠵᠤ᠂ 2007.11 ᠵᠢᠨᠢᠩ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠤᠨ ᠳᠡᠳ᠋ ᠡᠷᠬᠢᠯᠡᠭᠴᠢ ᠶᠢᠨ ᠳᠤᠰᠢᠶᠠᠯ ᠡᠭᠦᠷᠭᠡᠯᠡᠪᠡ︶᠃     2012.10—2017.10 ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠤᠯᠠᠭᠠᠨᠴᠠᠪ ᠬᠤᠳᠠ ᠶᠢᠨ ᠵᠢᠨᠢᠩ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠤᠨ ᠳᠡᠳ᠋ ᠡᠷᠬᠢᠯᠡᠭᠴᠢ ᠪᠠᠷ ᠠᠵᠢᠯᠯᠠᠪᠠ᠃     2017.10—ᠤᠳᠤ ᠪᠤᠯᠳᠠᠯ᠎ᠠ᠂ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠤᠯᠠᠭᠠᠨᠴᠠᠪ ᠬᠤᠳᠠ ᠶᠢᠨ ᠵᠢᠨᠢᠩ ᠲᠤᠭᠤᠷᠢᠭ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠠᠯ ᠤᠨ ᠳᠡᠳ᠋ ᠡᠷᠬᠢᠯᠡᠭᠴᠢ ᠪᠠᠷ ᠠᠵᠢᠯᠯᠠᠪᠠ᠃
 
ᠢᠷᠡᠯᠲᠡ᠄ ᠵᠢᠨᠢᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2