ᠲᠡᠣᠬᠡ ᠶᠢᠨ  ᠨᠠᠢ᠌ᠮᠠᠨ ︽ᠰᠢᠨ᠎ᠡ ᠲᠠᠮᠠᠭ᠎ᠠ︾
ᠨᠡᠶᠢᠲᠡᠯᠡᠭᠰᠡᠨ ᠴᠠᠭ᠄
2021/4/8
              ᠴᠠᠭ ᠤᠷᠤᠨ ᠵᠠᠢ ᠶᠢᠨ ᠬᠡᠯᠬᠢᠶᠡᠰᠦ᠄ ᠡᠷᠳᠡᠨ ᠤ ᠪᠠᠭᠤᠷᠢ              ᠨᠠᠢᠮᠠᠳᠤᠭᠠᠷ ᠪᠦᠯᠦᠭ ᠤᠨ ᠪᠦᠬᠦ ᠤᠯᠤᠰ ᠤᠨ ᠭᠤᠤᠯᠲᠠᠯᠭᠠᠲᠦ ᠲᠡᠦᠭᠡᠨ ᠲᠤᠷᠠᠰᠬᠠᠯᠲᠦ ᠵᠦᠢᠯᠡᠰ ᠤᠨ ᠬᠠᠮᠠᠭᠠᠯᠠᠯᠲᠠ ᠶᠢᠨ ᠨᠢᠬᠡᠴᠢ ᠳᠤ ᠮᠠᠨ ᠤ ᠤᠷᠤᠨ ᠤ ᠴᠠ ᠾᠧ ᠺᠸᠦ ᠶᠢᠨ ᠪᠠᠭᠤᠷᠢ᠂ ᠬᠠᠮᠪᠦ ᠶᠢᠨ ᠪᠠᠭᠤᠷᠢ᠂ ᠹᠸᠡᠭᠵᠸᠦ ᠡᠷᠳᠡᠨ ᠤ ᠬᠤᠲᠠ ᠶᠢᠨ ᠪᠠᠭᠤᠷᠢ ᠵᠡᠷᠭᠡ 3 ᠡᠷᠳᠡᠨ ᠤ ᠪᠠᠭᠤᠷᠢ ᠵᠢᠬᠰᠠᠭᠠᠭᠲᠠᠵᠠᠢ᠃              ᠬᠦᠬᠡᠬᠤᠲᠠ ᠶᠢᠨ ᠴᠢᠩ ᠱᠦᠢ ᠾᠧ ᠰᠢᠶᠠᠨ ᠤ ᠾᠦᠨᠾᠧ ᠭᠤᠤᠯ ᠪᠤᠯᠤᠨ ᠬᠠᠲᠤᠨ ᠭᠤᠤᠯ ᠤᠨ ᠠᠭᠤᠯᠵᠠᠷ ᠲᠤ ᠪᠠᠶᠢᠷᠢᠯᠠᠲᠠᠭ ᠴᠠ ᠾᠧ ᠺᠸᠦ ᠶᠢᠨ ᠪᠠᠭᠤᠷᠢ᠂ ᠵᠡᠬᠦᠨ ᠪᠡᠶ᠎ᠡ᠂ ᠡᠮᠦᠨ᠎ᠡ ᠪᠡᠶ᠎ᠡ᠂ ᠪᠠᠷᠠᠭᠤᠨ ᠪᠡᠶ᠎ᠡ ᠪᠠᠷ ᠢᠶᠠᠨ ᠪᠦᠷ ᠭᠤᠤᠯ ᠮᠦᠷᠡᠨ ᠲᠠᠢ ᠨᠢᠭᠤᠷᠯᠠᠵᠦ ᠪᠠᠶᠢᠲᠠᠭ᠃ ᠴᠠ ᠾᠧ ᠺᠸᠦ ᠶᠢᠨ ᠪᠠᠭᠤᠷᠢ ᠶᠢᠨ ᠭᠤᠤᠯ ᠴᠤᠭᠴᠠ ᠨᠢ ᠲᠡᠭᠰᠢ ᠭᠠᠵᠠᠷ ᠲᠡᠭᠡᠷ᠎ᠡ ᠪᠠᠶᠢᠷᠢᠯᠠᠵᠦ᠂ ᠨᠢᠬᠡᠨ ᠴᠠᠭᠠᠷᠢᠬᠯᠠᠬᠰᠠᠨ ᠨᠦᠬᠡ ᠪᠠᠷ ᠬᠦᠷᠢᠶᠡᠯᠡᠭᠳᠡᠵᠦ᠂ ᠪᠠᠷᠤᠭ 6 ᠲᠦᠮᠡᠨ ᠲᠡᠭᠰᠢ ᠲᠦᠷᠪᠡᠯᠵᠢᠨ ᠮᠧᠳ᠋ᠷ ᠲᠠᠯᠠᠪᠠᠢ ᠲᠠᠢ ᠪᠠᠶᠢᠲᠠᠭ᠃ ᠠᠳᠡ ᠠᠴᠠ ᠭᠤᠤᠯᠲᠠᠭᠤ ᠨᠦᠬᠡᠨ ᠭᠡᠷ ᠮᠠᠶᠢᠭ ᠤᠨ ᠪᠠᠭᠤᠷᠢ᠂ ᠮᠠᠯᠲᠠᠮᠠᠯ ᠨᠦᠬᠡ ᠪᠠ ᠱᠠᠭᠠᠵᠠᠩ ᠰᠢᠲᠠᠭᠠᠬᠤ ᠵᠤᠤᠬ᠎ᠠ ᠵᠡᠷᠭᠡ ᠶᠢ ᠢᠯᠡᠷᠡᠬᠦᠯᠦᠭᠰᠡᠨ ᠶᠤᠮ᠃             ᠤᠶᠢᠯᠠᠭᠠᠭᠰᠠᠨ ᠢᠶᠠᠷ᠂ ᠴᠠ ᠾᠧ ᠺᠸᠦ ᠶᠢᠨ ᠪᠠᠭᠤᠷᠢ ᠪᠤᠯ ᠬᠠᠲᠤᠨ ᠭᠤᠤᠯ ᠤᠨ ᠲᠤᠮᠲᠠ ᠭᠡᠰᠡᠭ ᠤᠨ ᠬᠠᠮᠤᠭ ᠤᠨ ᠴᠢᠬᠤᠯᠠ ᠪᠠᠯᠠᠷ ᠡᠷᠳᠡᠨ ᠤ ᠤᠪᠤᠭ ᠲᠦᠷᠦᠯ ᠤᠨ ᠦᠯᠡᠳᠡᠭᠳᠡᠯ ᠪᠤᠯᠬᠤ ᠶᠤᠮ᠂ ᠮᠦᠨ ᠴᠦ ᠤᠲᠤᠬᠠᠨ ᠪᠤᠯᠲᠠᠯ᠎ᠠ ᠢᠯᠡᠷᠡᠬᠦᠯᠦᠭᠰᠡᠨ ᠤᠲᠤ ᠠᠴᠠ 6500 — 5500 ᠵᠢᠯ ᠤᠨ ᠡᠮᠦᠨᠡᠬᠢ ᠬᠡᠪᠴᠢᠶ᠎ᠡ ᠪᠠᠷ ᠨᠡᠯᠢᠶᠡᠳ ᠶᠡᠭᠡ ᠶᠠᠩ ᠱᠤᠤ ᠶᠢᠨ ᠲᠤᠮᠲᠠ ᠬᠤᠭᠤᠴᠠᠭᠠᠨ ᠤ ᠤᠪᠤᠭ ᠠᠶᠢᠮᠠᠬ ᠤᠨ ᠦᠯᠡᠳᠡᠭᠳᠡᠯ ᠪᠤᠯᠬᠤ ᠶᠤᠮ᠃ 1997 ᠤᠨ ᠪᠠ 1998 ᠤᠨ ᠳᠤ᠂ ᠸᠠᠨ ᠵᠢᠶᠠ ᠵᠠᠢ ᠶᠢᠨ ᠤᠰᠤᠨ ᠠᠰᠢᠬᠯᠠᠯᠲᠠ ᠶᠢᠨ ᠬᠦᠢᠰᠦ ᠪᠠᠷᠢᠯᠭ᠎ᠠ ᠶᠢ ᠪᠠᠶᠢᠭᠤᠯᠬᠤ ᠳᠤ᠂ ᠲᠤᠰ ᠪᠠᠭᠤᠷᠢ ᠳᠤ ᠬᠤᠶᠠᠷ ᠤᠲᠠᠭᠠᠨ ᠤ ᠪᠠᠴᠢᠮ ᠠᠪᠤᠷᠠᠯᠲᠠ ᠶᠢᠨ ᠴᠢᠨᠠᠷᠲᠠᠢ ᠠᠭᠤᠲᠠᠯᠤᠯᠲᠠ ᠬᠢᠵᠠᠢ᠃ ᠲᠤᠰ ᠪᠠᠭᠤᠷᠢ ᠨᠢ ᠲᠠᠯ᠎ᠠ ᠨᠤᠲᠤᠭ ᠤᠨ ᠪᠤᠯᠪᠠᠰᠦᠨ ᠤ ᠪᠦᠷᠢᠯᠲᠦᠯ ᠤᠨ ᠶᠠᠪᠤᠴᠠ ᠲᠤᠮᠲᠠᠬᠢ ᠠᠮᠢᠲᠠᠨ ᠤ ᠲᠤᠲᠧᠮ᠂ ᠲᠡᠭᠡᠲᠦ ᠵᠡᠷᠭᠡ ᠶᠢᠨ ᠱᠠᠰᠢᠨ ᠰᠢᠲᠦᠯᠭᠡ ᠪᠠ ᠡᠷᠭᠡ ᠰᠦᠷ ᠤᠨ ᠪᠡᠯᠭᠡᠳᠡᠯ ᠢ ᠬᠦᠢᠴᠡᠳ ᠢᠯᠡᠷᠡᠬᠦᠯᠦᠭᠰᠡᠨ ᠪᠢᠯᠡ᠃              ᠲᠦᠡᠭᠯᠢᠶᠤᠤ ᠬᠤᠲᠠ ᠶᠢᠨ ᠬᠤᠷᠴᠢᠨ ᠵᠡᠬᠦᠨ ᠭᠠᠷᠤᠨ ᠲᠤᠮᠲᠠᠲᠦ ᠬᠤᠰᠢᠭᠤᠨ ᠳᠤ ᠪᠠᠶᠢᠷᠢᠯᠠᠭ᠎ᠠ ᠬᠠᠮᠪᠦ ᠶᠢᠨ ᠪᠠᠭᠤᠷᠢ ᠪᠤᠯ ᠤᠲᠤ ᠠᠴᠠ 5500 — 5000 ᠵᠢᠯ ᠤᠨ ᠡᠮᠦᠨᠡᠬᠢ ᠲᠡᠦᠭᠡ ᠶᠢᠨ ᠦᠯᠡᠳᠡᠭᠳᠡᠯ ᠪᠤᠯᠬᠤ ᠶᠤᠮ᠃ 2010 ᠤᠨ ᠠᠴᠠ 2014 ᠤᠨ ᠪᠤᠯᠲᠠᠯ᠎ᠠ᠂ ᠦᠪᠡᠷᠳᠡᠭᠡᠨ ᠵᠠᠰᠠᠬᠤ ᠤᠷᠤᠨ ᠤ ᠲᠡᠦᠭᠡᠨ ᠲᠤᠷᠠᠰᠬᠠᠯᠲᠦ ᠵᠦᠢᠯ ᠬᠠᠭᠤᠴᠢ ᠰᠤᠲᠤᠯᠤᠯ ᠤᠨ ᠰᠤᠲᠤᠯᠬᠤ ᠭᠠᠵᠠᠷ ᠨᠢ ᠬᠢᠷᠢᠨ ᠶᠡᠭᠡ ᠰᠤᠷᠭᠠᠭᠤᠯᠢ ᠶᠢᠨ ᠬᠠᠭᠤᠴᠢ ᠰᠤᠲᠤᠯᠤᠯ ᠤᠨ ᠲᠦᠪ ᠲᠠᠢ ᠬᠠᠮᠲᠤᠷᠠᠵᠦ ᠲᠤᠰ ᠪᠠᠭᠤᠷᠢ ᠶᠢ ᠢᠯᠡᠷᠡᠬᠦᠯᠦᠭᠰᠡᠨ ᠪᠠᠶᠢᠨ᠎ᠠ᠃ ᠲᠤᠰ ᠪᠠᠭᠤᠷᠢ ᠨᠢ ᠬᠡᠪᠴᠢᠶ᠎ᠡ ᠪᠠᠷ ᠶᠡᠭᠡ᠂ ᠢᠯᠡᠷᠡᠬᠦᠯᠦᠭᠰᠡᠨ ᠲᠡᠦᠭᠡᠨ ᠲᠤᠷᠠᠰᠬᠠᠯᠲᠦ ᠵᠦᠢᠯ ᠢᠶᠠᠷ ᠡᠯᠪᠡᠭ ᠲᠡᠯᠪᠡᠭ᠂ ᠬᠠᠲᠠᠭᠠᠯᠠᠯᠲᠠ ᠪᠠᠷ ᠪᠦᠷᠢᠨ ᠪᠦᠲᠦᠨ ᠪᠠᠶᠢᠵᠦ᠂ ᠬᠦᠮᠦᠰ ᠲᠤ ᠪᠠᠷᠠᠭᠤᠨ ᠯᠢᠶᠤᠤ ᠾᠧ ᠭᠤᠤᠯ ᠤᠨ ᠰᠠᠪᠠ ᠭᠠᠵᠠᠷ ᠤᠨ ᠲᠤᠰ ᠲᠦᠷᠦᠯ ᠤᠨ ᠪᠠᠭᠤᠷᠢ ᠶᠢᠨ ᠪᠠᠲᠤᠲᠠᠢ ᠤᠨ ᠵᠢᠯ᠂ ᠲᠠᠷᠬᠠᠯᠲᠠ ᠶᠢᠨ ᠬᠦᠷᠢᠶ᠎ᠡ ᠬᠡᠪᠴᠢᠶ᠎ᠡ ᠪᠠ ᠪᠦᠬᠦ᠋ᠢᠯᠡ ᠪᠠᠶᠢᠲᠠᠯ ᠲᠦᠷᠬᠦ ᠶᠢ ᠤᠶᠢᠢᠯᠠᠭᠠᠬᠤ ᠳᠤ ᠴᠢᠬᠤᠯᠠ ᠮᠠᠲ᠋ᠧᠷᠢᠶᠠᠯ ᠬᠠᠨᠭ᠍ᠭᠠᠵᠦ᠂ ᠵᠡᠬᠦᠨ ᠬᠤᠶᠢᠲᠦ ᠶᠢᠨ ᠲᠠᠯ᠎ᠠ ᠭᠠᠵᠠᠷ ᠤᠨ ᠰᠢᠨ᠎ᠠ ᠴᠢᠯᠠᠭᠤᠨ ᠵᠡᠪᠰᠡᠭ ᠤᠨ ᠴᠠᠭ ᠦᠶ᠎ᠡ ᠶᠢᠨ ᠰᠤᠶᠤᠯ ᠤᠨ ᠲᠦᠷᠦᠯ ᠵᠠᠨᠠᠷ ᠵᠢᠴᠢ ᠴᠠᠭ ᠤᠷᠤᠨ ᠵᠠᠢ ᠶᠢᠨ ᠲᠦᠢᠮᠦ ᠪᠠᠶᠢᠲᠠᠯ ᠢ ᠲᠤᠲᠤᠯᠠᠬᠤ ᠳᠤ ᠲᠤᠲᠠᠭᠲᠠᠵᠦ ᠪᠤᠯᠤᠰᠢ ᠦᠬᠡᠢ ᠴᠢᠬᠤᠯᠠ ᠭᠡᠷᠡᠴᠢ ᠪᠤᠯᠵᠠᠢ᠃          ᠹᠸᠡᠭᠵᠸᠦ ᠬᠤᠲᠠ ᠪᠤᠯ ᠯᠢᠶᠤᠤ ᠤᠯᠤᠰ ᠤᠨ ᠦᠶ᠎ᠡ ᠶᠢᠨ ᠴᠡᠷᠢᠭ ᠤᠨ ᠶᠠᠪᠤᠲᠠᠯ ᠤᠨ ᠴᠢᠬᠤᠯᠠ ᠪᠠᠯᠭᠠᠰᠦ ᠶᠤᠮ᠃ ᠶᠤᠸᠠᠨ ᠤᠯᠤᠰ ᠤᠨ ᠰᠡᠬᠦᠯᠴᠢ ᠶᠢᠨ ᠦᠶ᠎ᠡ ᠳᠤ᠂ ᠤᠯᠠᠭᠠᠨ ᠠᠯᠴᠢᠭᠤᠷᠲᠠᠨ ᠤ ᠪᠤᠰᠤᠯᠭ᠎ᠠ ᠶᠢᠨ ᠴᠡᠷᠢᠭ ᠤᠳ ᠤᠮᠠᠷᠠᠰᠢᠯᠠᠵᠦ᠂ 1359 ᠤᠨ ᠳᠤ ᠶᠤᠸᠠᠨ ᠤᠯᠤᠰ ᠤᠨ ᠴᠡᠷᠢᠭ ᠲᠠᠢ ᠹᠸᠡᠭᠵᠸᠦ ᠬᠤᠲᠠ ᠳᠤ ᠶᠡᠭᠡ ᠪᠠᠷ ᠪᠠᠶᠢᠯᠲᠤᠬᠤ ᠳᠤ᠂ ᠬᠤᠲᠠ ᠶᠢᠨ ᠲᠤᠲᠤᠷ᠎ᠠ ᠠᠵᠦ ᠲᠦᠷᠦᠵᠦ ᠪᠠᠶᠢᠬᠰᠠᠨ ᠬᠢᠲᠠᠳ ᠠᠷᠠᠳ ᠲᠤᠲᠤᠷ ᠤᠷᠤᠨ ᠵᠦᠭ ᠲᠤᠲᠠᠭᠠᠬᠤ ᠳᠤ ᠹᠸᠡᠭᠵᠸᠦ ᠬᠤᠲᠠ ᠨᠢ ᠨᠢᠬᠡᠨ ᠡᠵᠡᠬᠦᠢ ᠬᠤᠲᠠ ᠪᠤᠯᠵᠠᠢ᠃          ᠹᠸᠡᠭᠵᠸᠦ ᠬᠤᠲᠠ ᠶᠢᠨ ᠪᠠᠭᠤᠷᠢ ᠬᠦᠬᠡᠬᠤᠲᠠ ᠶᠢᠨ ᠰᠠᠶᠢᠬᠠᠨ ᠲᠤᠭᠤᠷᠢᠭ ᠤᠨ ᠴᠠᠭᠠᠨ ᠰᠤᠪᠤᠷᠭ᠎ᠠ ᠲᠤᠰᠬᠤᠨ ᠠᠴᠠ ᠪᠠᠷᠠᠭᠤᠨ ᠡᠮᠦᠨᠡᠰᠢ ᠪᠠᠶᠢᠷᠢᠯᠠᠵᠦ᠂ ᠬᠦᠬᠡᠬᠤᠲᠠ ᠶᠢᠨ ᠬᠤᠲᠠ ᠶᠢᠨ ᠲᠤᠭᠤᠷᠢᠭ ᠠᠴᠠ ᠪᠠᠷᠠᠭᠤᠨᠰᠢ 18 ᠺᠢᠯᠣᠮᠧᠳ᠋ᠷ ᠵᠠᠶᠢᠲᠠᠢ ᠪᠠᠶᠢᠲᠠᠭ᠃ ᠲᠤᠰ ᠬᠤᠲᠠ ᠨᠢ ᠲᠡᠭᠰᠢ ᠲᠦᠷᠪᠡᠯᠵᠢᠨ ᠬᠡᠯᠪᠡᠷᠢ ᠲᠠᠢ᠂ ᠡᠮᠦᠨᠡᠰᠢ ᠤᠮᠠᠷᠠᠰᠢ 1200 ᠮᠧᠳ᠋ᠷ᠂ ᠵᠡᠬᠦᠨᠰᠢ ᠪᠠᠷᠠᠭᠤᠨᠰᠢ 1100 ᠮᠧᠳ᠋ᠷ ᠪᠠᠶᠢᠲᠠᠭ᠃ ᠬᠡᠲᠦᠨ ᠵᠠᠭᠤᠨ ᠤ ᠲᠤᠷᠰᠢ ᠲᠤᠰ ᠬᠤᠲᠠ ᠶᠢᠨ ᠪᠠᠭᠤᠷᠢ ᠨᠢ ᠲᠦᠮᠡᠳ ᠤᠨ ᠲᠠᠯ᠎ᠠ ᠶᠢᠨ ᠦᠦᠬᠡ ᠲᠡᠦᠭᠡ ᠶᠢᠨ ᠭᠡᠷᠡᠴᠢᠯᠡᠯ ᠪᠤᠯᠵᠦ᠂ ᠤᠷᠤᠭ᠎ᠠ ᠪᠤᠰᠬᠠᠭ᠎ᠠ ᠴᠠᠭ ᠲᠦᠷᠦ᠂ ᠦᠡᠭᠭᠡᠷᠡᠨ ᠤᠲᠤᠭᠰᠠᠨ ᠦᠯᠢᠬᠡᠷ ᠲᠡᠦᠭᠡ ᠶᠢ ᠬᠦᠦᠷᠨᠢᠭᠰᠡᠭᠡᠷ᠃ᠲᠡᠦᠭᠡ ᠶᠢᠨ ᠢᠮ ᠲᠠᠮᠠᠭ᠎ᠠ᠄ ᠡᠷᠳᠡᠨ ᠤ ᠤᠡᠭᠭᠤᠨ          ᠨᠠᠢᠮᠠᠳᠤᠭᠠᠷ ᠪᠦᠯᠦᠭ ᠤᠨ ᠪᠦᠬᠦ ᠤᠯᠤᠰ ᠤᠨ ᠭᠤᠤᠯᠲᠠᠯᠭᠠᠲᠦ ᠲᠡᠦᠭᠡᠨ ᠲᠤᠷᠠᠰᠬᠠᠯᠲᠦ ᠵᠦᠢᠯᠡᠰ ᠤᠨ ᠬᠠᠮᠠᠭᠠᠯᠠᠯᠲᠠ ᠶᠢᠨ ᠨᠢᠬᠡᠴᠢ ᠳᠤ ᠮᠠᠨ ᠤ ᠤᠷᠤᠨ ᠤ ᠮᠠ ᠽᠦᠩ ᠱᠠᠨ ᠠᠭᠤᠯᠠ ᠶᠢᠨ ᠤᠡᠭᠭᠤᠨ ᠤ ᠰᠦᠷᠦᠭᠵᠢᠯ ᠵᠢᠬᠰᠠᠭᠠᠭᠲᠠᠵᠠᠢ᠃ ᠲᠤᠰ ᠤᠩᠭᠤᠨ ᠤ ᠰᠦᠷᠦᠭᠵᠢᠯ ᠪᠠᠶᠠᠨᠨᠠᠭᠤᠷ ᠬᠤᠲᠠ ᠶᠢᠨ ᠤᠷᠠᠳ ᠤᠨ ᠲᠤᠮᠲᠠᠲᠦ ᠬᠤᠰᠢᠭᠤᠨ ᠤ ᠬᠤᠯᠤᠰᠤᠲᠠᠢ ᠰᠤᠮᠤᠨ ᠤ ᠲᠠᠭᠠᠲᠦ ᠭᠠᠴᠠᠭ᠎ᠠ ᠠᠴᠠ ᠤᠮᠠᠷᠠᠰᠢ 15 ᠺᠢᠯᠣᠮᠧᠳ᠋ᠷ ᠵᠠᠶᠢᠲᠠᠢ ᠮᠠ ᠽᠦᠩ ᠱᠠᠨ ᠭᠠᠵᠠᠷ ᠤᠷᠤᠨ ᠤ ᠰᠢᠷᠠᠴᠢᠯᠠᠭᠤ ᠠᠭᠤᠯᠠ ᠶᠢᠨ ᠤᠷᠴᠢᠮ ᠪᠠᠶᠢᠷᠢᠯᠠᠲᠠᠭ᠃ ᠰᠢᠷᠠᠴᠢᠯᠠᠭᠤ ᠠᠭᠤᠯᠠ ᠶᠢ ᠲᠤᠭᠤᠷᠢᠭᠠᠳ 4 ᠲᠡᠭᠰᠢ ᠲᠦᠷᠪᠡᠯᠵᠢᠨ ᠺᠢᠯᠣᠮᠧᠳ᠋ᠷ ᠤᠨ ᠲᠠᠯᠠᠪᠠᠢ ᠳᠤ᠂ ᠴᠢᠯᠠᠭᠤ ᠪᠠᠷ ᠤᠪᠤᠭᠠᠯᠠᠬᠰᠠᠨ ᠤᠡᠭᠭᠤᠨ᠂ ᠴᠢᠯᠠᠭᠤᠨ ᠬᠠᠪᠲᠠᠰᠦᠲᠦ ᠤᠩᠭᠤᠨ ᠨᠡᠶᠢᠯᠡᠬᠡᠳ 107 ᠤᠡᠭᠭᠤᠨ ᠲᠠᠷᠬᠠᠨ ᠪᠠᠶᠢᠷᠢᠰᠢᠵᠠᠢ᠃ ᠡᠳᠡᠭᠡᠷ ᠤᠩᠭᠤᠨ ᠨᠢ ᠲᠦᠷᠪᠡᠯᠵᠢᠨ ᠬᠡᠯᠪᠡᠷᠢ ᠶᠢᠨ᠂ ᠲᠤᠭᠤᠷᠢᠭ ᠬᠡᠯᠪᠡᠷᠢ ᠶᠢᠨ᠂ 工 ᠦᠰᠦᠭ ᠤᠨ ᠬᠡᠯᠪᠡᠷᠢ ᠶᠢᠨ᠂ T ᠦᠰᠦᠭ ᠤᠨ ᠬᠡᠯᠪᠡᠷᠢ ᠶᠢᠨ ᠵᠡᠷᠭᠡ ᠤᠯᠠᠨ ᠬᠡᠯᠪᠡᠷᠢ ᠲᠦᠷᠰᠦ ᠲᠠᠢ ᠪᠠᠶᠢᠵᠦ᠂ ᠶᠡᠭᠡ ᠪᠠᠭ᠎ᠠ ᠨᠢ ᠠᠳᠠᠯᠢ ᠪᠤᠰᠤ᠂ ᠬᠠᠲᠠᠭᠠᠯᠠᠯᠲᠠ ᠪᠠᠷ ᠨᠡᠯᠢᠶᠡᠳ ᠪᠦᠷᠢᠨ ᠪᠠᠶᠢᠲᠠᠭ᠃ᠲᠤᠰ ᠤᠩᠭᠤᠨ ᠤ ᠰᠦᠷᠦᠭᠵᠢᠯ ᠤᠨ ᠤᠡᠭᠭᠤᠨ ᠤ ᠲᠤᠭ᠎ᠠ ᠬᠡᠮᠵᠢᠶ᠎ᠡ ᠤᠯᠠᠨ᠂ ᠬᠡᠯᠪᠡᠷᠢ ᠪᠠᠶᠢᠲᠠᠯ ᠨᠢ ᠤᠨᠴᠠᠭᠠᠢ ᠪᠤᠯᠬᠤᠷ 2008 ᠤᠨ ᠳᠤ ᠨᠡᠶᠢᠳᠡᠮ ᠪᠠᠶᠢᠴᠠᠭᠠᠯᠲᠠ ᠪᠠᠷ ᠢᠯᠡᠷᠡᠬᠦᠯᠦᠮᠡᠭᠴᠡ ᠤᠷᠤᠨ ᠤ ᠲᠤᠲᠤᠨ᠎ᠠ ᠭᠠᠲᠠᠨᠠᠬᠢ ᠬᠠᠭᠤᠴᠢ ᠰᠤᠲᠤᠯᠤᠭᠠᠴᠢᠳ ᠤᠨ ᠰᠤᠨᠢᠷᠬᠠᠯ ᠢ ᠲᠠᠲᠠᠵᠠᠢ᠃ ᠦᠪᠡᠷᠳᠡᠭᠡᠨ ᠵᠠᠰᠠᠬᠤ ᠤᠷᠤᠨ ᠤ ᠲᠡᠦᠭᠡᠨ ᠲᠤᠷᠠᠰᠬᠠᠯᠲᠦ ᠵᠦᠢᠯᠡᠰ ᠬᠠᠭᠤᠴᠢ ᠰᠤᠲᠤᠯᠤᠯ ᠤᠨ ᠰᠤᠲᠤᠯᠭᠠᠨ ᠤ ᠭᠠᠵᠠᠷ᠂ ᠪᠠᠷᠠᠭᠤᠨ ᠬᠤᠶᠢᠲᠦ ᠶᠢᠨ ᠶᠡᠭᠡ ᠰᠤᠷᠭᠠᠭᠤᠯᠢ ᠶᠢᠨ ᠰᠤᠶᠤᠯ ᠤᠨ ᠦᠪ ᠤᠨ ᠲᠡᠭᠡᠲᠦ ᠰᠤᠷᠭᠠᠭᠤᠯᠢ᠂ ᠤᠯᠤᠰ ᠤᠨ ᠮᠦᠽᠸᠢ ᠵᠡᠷᠭᠡ ᠪᠠᠶᠢᠭᠤᠯᠭ᠎ᠠ ᠨᠢᠬᠡᠴᠢ ᠶᠢᠨ ᠲᠤᠰᠬᠠᠢ ᠮᠡᠷᠭᠡᠵᠢᠯᠳᠡᠳ ᠪᠠ ᠰᠤᠲᠤᠯᠭᠠᠲᠠᠳ ᠪᠦᠷ ᠠᠬᠤᠢ ᠲᠠᠯᠠᠪᠠᠢ ᠳᠤ ᠬᠦᠷᠴᠦ ᠪᠠᠶᠢᠴᠠᠭᠠᠨ ᠰᠤᠲᠤᠯᠤᠯᠲᠠ ᠬᠢᠵᠦ᠂ ᠲᠤᠰ ᠤᠩᠭᠤᠨ ᠤ ᠰᠦᠷᠦᠭᠵᠢᠯ ᠪᠤᠯ ᠤᠮᠠᠷᠠᠲᠦ ᠶᠢᠨ ᠴᠦᠭᠡᠨ ᠲᠤᠭᠠᠲᠦ ᠦᠨᠲᠦᠰᠦᠳᠡᠨ ᠤ ᠦᠪᠡᠷᠮᠢᠴᠡ ᠤᠨᠴᠠᠯᠢᠭ ᠲᠠᠢ᠂ ᠬᠦᠷᠡᠯ ᠵᠡᠪᠰᠡᠭ ᠤᠨ ᠴᠠᠭ ᠦᠶ᠎ᠡ ᠠᠴᠠ ᠬᠠᠨ ᠤᠯᠤᠰ ᠬᠦᠷᠳᠡᠯᠡᠬᠢ ᠴᠢᠯᠠᠭᠤᠨ ᠪᠦᠲᠦᠴᠡᠲᠦ ᠤᠩᠭᠤᠨ ᠤ ᠰᠦᠷᠦᠭᠵᠢᠯ ᠮᠦᠨ ᠭᠡᠵᠦ ᠠᠩᠬ᠎ᠠ ᠠᠯᠬᠤᠮ ᠮᠠᠭᠠᠳᠯᠠᠯᠲᠠ ᠬᠢᠭᠰᠡᠨ ᠪᠠᠶᠢᠨ᠎ᠠ᠃           ᠮᠠ ᠽᠦᠩ ᠱᠠᠨ ᠠᠭᠤᠯᠠᠨ ᠤ ᠤᠩᠭᠤᠨ ᠤ ᠰᠦᠷᠦᠭᠵᠢᠯ ᠨᠢ 2014 ᠤᠨ ᠳᠤ ᠦᠪᠡᠷᠳᠡᠭᠡᠨ ᠵᠠᠰᠠᠬᠤ ᠤᠷᠤᠨ ᠤ ᠲᠠᠪᠤᠲᠤᠭᠠᠷ ᠪᠦᠯᠦᠭ ᠤᠨ ᠭᠤᠤᠯᠲᠠᠯᠭᠠᠲᠦ ᠲᠡᠦᠭᠡᠨ ᠲᠤᠷᠠᠰᠬᠠᠯᠲᠦ ᠵᠦᠢᠯᠡᠰ ᠤᠨ ᠬᠠᠮᠠᠭᠠᠯᠠᠯᠲᠠ ᠶᠢᠨ ᠨᠢᠬᠡᠴᠢ ᠪᠠᠷ ᠲᠤᠭᠲᠠᠭᠠᠭᠲᠠᠵᠦ᠂ ᠤᠩᠭᠤᠨ ᠤ ᠰᠦᠷᠦᠭᠵᠢᠯ ᠳᠤᠨᠢ ᠴᠢᠯᠠᠭᠤᠨ ᠬᠠᠪᠲᠠᠰᠦᠲᠦ ᠤᠩᠭᠤᠨ ᠪᠠᠶᠢᠬᠤ ᠠᠴᠠ ᠭᠠᠲᠠᠨ᠎ᠠ ᠪᠠᠰᠠ ᠴᠢᠯᠠᠭᠤ ᠪᠠᠷ ᠤᠪᠤᠭᠠᠯᠠᠬᠰᠠᠨ ᠤᠩᠭᠤᠨ ᠪᠠᠶᠢᠲᠠᠭ ᠪᠤᠯᠬᠤᠷ ︽ᠮᠠ ᠽᠦᠩ ᠱᠠᠨ ᠤ ᠴᠢᠯᠠᠭᠤᠨ ᠪᠦᠲᠦᠴᠡᠲᠦ ᠤᠩᠭᠤᠨ ᠤ ᠰᠦᠷᠦᠭᠵᠢᠯ︾ ᠭᠡᠵᠦ ᠨᠡᠷᠡᠯᠡᠭᠳᠡᠭᠰᠡᠨ ᠪᠠᠶᠢᠨ᠎ᠠ᠃           ᠡᠬᠢᠯᠡᠬᠦ ᠳᠡᠭᠡᠨ ᠵᠢᠵᠢᠭᠭᠡᠨ ᠰᠦᠮ᠎ᠡ ᠪᠠᠶᠢᠬᠰᠠᠨ ᠢᠶᠠᠨ ᠲᠡᠭᠷᠢ ᠲᠡᠳᠬᠦᠭᠴᠢ ᠶᠢᠨ ᠦᠶ᠎ᠡ ᠳᠤ ᠡᠬᠢᠯᠡᠭᠡᠳ ᠬᠦᠷᠢᠶ᠎ᠡ ᠬᠡᠪᠴᠢᠶ᠎ᠡ ᠪᠠᠨ ᠦᠷᠭᠡᠳᠭᠡᠵᠦ᠂ ᠴᠢᠩ ᠤᠨ ᠵᠠᠰᠠᠭ ᠤᠨ ᠤᠷᠲᠤᠨ ᠠᠴᠠ ︽ᠨᠤᠮ ᠪᠠᠶᠠᠰᠬᠤᠯᠠᠩᠲᠦ ᠰᠦᠮ᠎ᠡ︾ ᠭᠡᠮᠡᠬᠦ ᠨᠡᠷ᠎ᠡ ᠬᠠᠶᠢᠷᠠᠯᠠᠬᠰᠠᠨ ᠪᠠᠶᠢᠨ᠎ᠠ᠃ ᠲᠤᠰ ᠰᠦᠮ᠎ᠡ ᠤᠤᠯ ᠨᠢ ᠴᠢᠩ ᠤᠯᠤᠰ ᠤᠨ ᠤᠷᠠᠳ ᠤᠨ ᠬᠦᠩ ᠤᠨ ᠲᠤᠮᠲᠠᠲᠦ ᠬᠤᠰᠢᠭᠤᠨ ᠤ ᠬᠤᠰᠢᠭᠤ ᠰᠦᠮ᠎ᠡ ᠪᠠᠶᠢᠵᠦ᠂ ᠮᠠᠰᠢ ᠤᠨᠴᠠᠭᠠᠢ ᠪᠠᠶᠢᠷᠢ ᠰᠠᠭᠤᠷᠢ ᠲᠠᠢ ᠪᠠᠶᠢᠵᠠᠢ᠃           ᠴᠢᠩ ᠤᠯᠤᠰ ᠤᠨ ᠦᠶ᠎ᠡ ᠶᠢ᠂ ᠲᠤᠬᠠᠢ ᠶᠢᠨ ᠭᠠᠵᠠᠷ ᠲᠤ ᠬᠡᠦᠬᠡᠳ ᠢᠶᠠᠨ ᠰᠠᠭᠤᠯᠭᠠᠵᠦ ᠪᠢᠴᠢᠭ ᠦᠵᠡᠬᠦᠯᠬᠦ ᠰᠤᠷᠭᠠᠭᠤᠯᠢ ᠲᠤᠲᠠᠭᠲᠠᠵᠦ ᠪᠠᠶᠢᠬᠰᠠᠨ ᠪᠤᠯᠬᠤᠷ ᠮᠠᠯᠴᠢᠳ ᠬᠡᠦᠬᠡᠳ ᠢᠶᠠᠨ ᠲᠤᠰ ᠰᠦᠮ᠎ᠡ ᠳᠤ ᠱᠠᠪᠢ ᠯᠠᠮᠠ ᠤᠷᠤᠭᠤᠯᠲᠠᠭ ᠪᠠᠶᠢᠵᠠᠢ᠃ ᠲᠤᠰ ᠰᠦᠮ᠎ᠡ ᠨᠢ ᠲᠦᠪᠡᠳ ᠤᠨ ᠪᠤᠷᠬᠠᠨ ᠱᠠᠰᠢᠨ ᠤ ᠲᠠᠭᠤᠨ ᠤᠬᠠᠭᠠᠨ᠂ ᠲᠤᠲᠤᠭᠠᠲᠦ ᠤᠬᠠᠭᠠᠨ᠂ ᠨᠤᠲᠠᠯᠠᠬᠤᠢ ᠤᠬᠠᠭᠠᠨ᠂ ᠤᠷᠠᠯᠠᠬᠤᠢ ᠤᠬᠠᠭᠠᠨ᠂ ᠲᠡᠵᠢᠭᠡᠬᠦᠢ ᠤᠬᠠᠭᠠᠨ ᠢ ᠪᠠᠭᠲᠠᠭᠠᠭᠰᠠᠨ ︽ᠶᠡᠭᠡ ᠲᠠᠪᠤᠨ ᠤᠬᠠᠭᠠᠨ︾᠎ ᠢ ᠵᠢᠭᠠᠲᠠᠭ ᠪᠠᠶᠢᠬᠰᠠᠨ ᠪᠦᠬᠡᠳ ᠤᠶᠢᠢᠷ᠎ᠠ ᠬᠠᠪᠢ ᠶᠢᠨ ᠮᠠᠯᠴᠢᠳ ᠲᠤ ᠡᠮᠨᠡᠯᠬᠡ ᠶᠢᠨ ᠦᠢᠯᠡᠴᠢᠯᠡᠭᠡ ᠬᠠᠨᠭ᠍ᠭᠠᠲᠠᠭ ᠪᠠᠶᠢᠬᠰᠠᠨ ᠶᠤᠮ᠃ ᠲᠤᠰ ᠰᠦᠮ᠎ᠡ ᠠᠴᠠ ᠨᠡᠷᠡᠲᠦ ᠡᠮᠴᠢ ᠴᠤᠯᠭᠤᠷᠠᠲᠠᠭ ᠤᠲᠤᠮᠰᠢᠯ ᠲᠠᠢ ᠪᠢᠯᠡ᠃ ᠬᠦᠨᠳᠡᠯᠡᠨ ᠰᠦᠮ᠎ᠡ ᠳᠤ ᠲᠦᠪᠡᠳ ᠰᠤᠲᠤᠷ ᠬᠠᠲᠠᠭᠠᠯᠠᠬᠲᠠᠵᠦ ᠪᠠᠶᠢᠭ᠎ᠠ ᠠᠴᠠ ᠭᠠᠲᠠᠨ᠎ᠠ ᠪᠠᠰᠠ ᠵᠠᠷᠢᠮ ᠮᠤᠩᠭᠤᠯ ᠰᠤᠲᠤᠷ ᠢ ᠬᠠᠲᠠᠭᠠᠯᠠᠵᠦ ᠪᠠᠶᠢᠲᠠᠭ᠃ ᠵᠢᠯ ᠪᠦᠷᠢ ᠶᠢᠨ ᠪᠢᠯᠢᠭ ᠤᠨ ᠤᠯᠠᠷᠢᠯ ᠤᠨ ᠵᠢᠷᠭᠤᠭᠠᠨ ᠰᠠᠷ᠎ᠠ ᠶᠢᠨ ᠠᠷᠪᠠ ᠶᠢᠰᠦᠨ ᠤ ᠡᠲᠦᠷ᠂ ᠬᠤᠷᠢᠨ ᠬᠤᠶᠠᠷ ᠤᠨ ᠡᠲᠦᠷ ᠮᠠᠨᠢ ᠶᠢᠨ ᠬᠤᠷᠠᠯ ᠡᠷᠬᠢᠯᠡᠳᠡᠭ ᠤᠯᠠᠮᠵᠢᠯᠠᠯ ᠲᠠᠢ᠃ ᠬᠦᠨᠳᠡᠯᠡᠨ ᠰᠦᠮ᠎ᠡ ᠨᠢ ᠪᠤᠷᠬᠠᠨ ᠱᠠᠰᠢᠨ ᠢ ᠤᠯᠠᠮᠵᠢᠯᠠᠵᠦ ᠨᠤᠮ ᠤᠨ ᠬᠤᠷᠠᠯ ᠬᠢᠬᠦ ᠠᠴᠠ ᠭᠠᠲᠠᠨ᠎ᠠ ᠪᠠᠰᠠ ᠬᠠᠰᠠᠷ ᠤᠨ ᠲᠠᠬᠢᠯᠭ᠎ᠠ ᠶᠢ ᠬᠠᠷᠢᠭᠤᠴᠠᠲᠠᠭ᠃ ᠤᠲᠤ ᠲᠤᠰ ᠰᠦᠮ᠎ᠡ ᠶᠢᠨ ᠬᠠᠰᠠᠷ ᠤᠨ ᠲᠠᠬᠢᠯᠭ᠎ᠠ ᠶᠢᠨ ᠶᠤᠰᠤ ᠭᠤᠷᠢᠮ ᠨᠢ ᠨᠢᠬᠡᠨᠳᠡ ᠦᠪᠡᠷᠳᠡᠭᠡᠨ ᠵᠠᠰᠠᠬᠤ ᠤᠷᠤᠨ ᠤ ᠲᠡᠰ ᠤᠨ ᠪᠤᠲᠠᠰ ᠤᠨ ᠪᠤᠰᠤ ᠰᠤᠶᠤᠯ ᠤᠨ ᠦᠪ ᠲᠤ ᠪᠦᠷᠢᠳᠭᠡᠭᠳᠡᠭᠰᠡᠨ ᠪᠠᠶᠢᠨ᠎ᠠ᠃           ᠪᠦᠬᠦ ᠤᠯᠤᠰ ᠤᠨ ᠭᠤᠤᠯᠲᠠᠯᠭᠠᠲᠦ ᠲᠡᠦᠭᠡᠨ ᠲᠤᠷᠠᠰᠬᠠᠯᠲᠦ ᠵᠦᠢᠯ ᠤᠨ ᠬᠠᠮᠠᠭᠠᠯᠠᠯᠲᠠ ᠶᠢᠨ ᠨᠢᠬᠡᠴᠢ ᠪᠤᠯᠤᠬᠰᠠᠨ ᠨᠢ ᠬᠦᠨᠳᠡᠯᠡᠨ ᠰᠦᠮ᠎ᠡ ᠶᠢᠨ ᠲᠡᠦᠭᠡ ᠰᠤᠶᠤᠯ ᠤᠨ ᠦᠨ᠎ᠡ ᠦᠷᠳᠡᠭ᠂ ᠪᠠᠷᠢᠯᠭ᠎ᠠ᠂ ᠤᠷᠠᠯᠢᠭ᠂ ᠰᠢᠨᠵᠢᠯᠡᠬᠦ ᠤᠬᠠᠭᠠᠨ ᠮᠡᠷᠭᠡᠵᠢᠯ ᠵᠢᠴᠢ ᠭᠤᠸ᠎ᠠ ᠵᠦᠢ ᠶᠢᠨ ᠲᠠᠯ᠎ᠠ ᠪᠠᠷ ᠬᠢ ᠦᠨ᠎ᠡ ᠦᠷᠳᠡᠭ ᠢ ᠨᠢ ᠢᠯᠡᠷᠡᠬᠦᠯᠦᠭᠰᠡᠨ ᠢᠶᠠᠷ ᠦᠯᠦ ᠪᠠᠷᠠᠮ ᠭᠠᠵᠠᠷ ᠤᠷᠤᠨ ᠤ ᠰᠤᠶᠤᠯ ᠵᠢᠭᠤᠯᠴᠢᠯᠠᠯ ᠤᠨ ᠦᠢᠯᠡᠰ ᠤᠨ ᠴᠡᠴᠡᠭᠯᠡᠨ ᠬᠦᠭᠵᠢᠯᠳᠡ ᠳᠤ ᠪᠠᠰᠠ ᠲᠦᠯᠬᠢᠴᠡ ᠦᠢᠯᠡᠲᠦᠯ ᠦᠵᠡᠬᠦᠯᠬᠦ ᠨᠢ ᠯᠠᠪᠲᠠᠢ᠃           ᠴᠠᠭ ᠦᠶ᠎ᠡ ᠶᠢᠨ ᠲᠡᠮᠳᠡᠭᠯᠡᠯ᠄ ᠤᠶᠢᠷ᠎ᠠ ᠤᠲᠤ ᠦᠶ᠎ᠡ ᠶᠢᠨ ᠲᠡᠦᠭᠡᠨ ᠦᠯᠡᠳᠡᠭᠳᠡᠯ           ᠨᠠᠢᠮᠠᠳᠤᠭᠠᠷ ᠪᠦᠯᠦᠭ ᠤᠨ ᠪᠦᠬᠦ ᠤᠯᠤᠰ ᠤᠨ ᠭᠤᠤᠯᠲᠠᠯᠭᠠᠲᠦ ᠲᠡᠦᠭᠡᠨ ᠲᠤᠷᠠᠰᠬᠠᠯᠲᠦ ᠵᠦᠢᠯᠡᠰ ᠤᠨ ᠬᠠᠮᠠᠭᠠᠯᠠᠯᠲᠠ ᠶᠢᠨ ᠨᠢᠬᠡᠴᠢ ᠳᠤ ᠮᠠᠨ ᠤ ᠤᠷᠤᠨ ᠤ ᠴᠠᠭᠠᠨ ᠰᠤᠪᠤᠷᠭ᠎ᠠ ᠭᠠᠯᠲᠦ ᠲᠡᠷᠭᠡᠨ ᠦᠷᠳᠡᠭᠡᠨ ᠤ ᠪᠠᠭᠤᠷᠢ᠂ ᠲᠤᠮᠲᠠᠲᠦ ᠶᠢ ᠲᠦᠷᠢᠮᠡᠬᠡᠶᠢᠯᠡᠭᠰᠡᠨ ᠶᠠᠫᠦᠨ ᠴᠡᠷᠢᠭ ᠤᠨ ᠮᠤᠰᠬᠢᠭᠤ ᠳᠠᠬᠢ ᠪᠠᠬᠢᠯᠡᠯᠳᠡ ᠶᠢᠨ ᠪᠠᠭᠤᠷᠢ᠂ ᠵᠢᠨᠢᠩ ᠤᠨ ᠪᠠᠶᠢᠯᠲᠤᠭᠠᠨ ᠤ ᠪᠠᠭᠤᠷᠢ ᠵᠡᠷᠭᠡ 3 ᠨᠢᠭᠡᠴᠢ ᠵᠢᠬᠰᠠᠭᠠᠭᠲᠠᠵᠠᠢ᠃            ᠴᠠᠭᠠᠨ ᠰᠤᠪᠤᠷᠭ᠎ᠠ ᠭᠠᠯᠲᠦ ᠲᠡᠷᠭᠡᠨ ᠦᠷᠳᠡᠭᠡᠨ ᠤ ᠪᠠᠭᠤᠷᠢ ᠬᠦᠬᠡᠬᠤᠲᠠ ᠶᠢᠨ ᠰᠠᠶᠢᠬᠠᠨ ᠲᠤᠭᠤᠷᠢᠭ ᠲᠤ ᠪᠠᠶᠢᠲᠠᠭ᠂ ᠲᠤᠰ ᠦᠷᠳᠡᠭᠡ ᠨᠢ ᠦᠷᠳᠡᠭᠡᠨ ᠤ ᠭᠡᠷ᠂ ᠲᠤᠬᠢᠶ᠎ᠠ ᠶᠢᠨ ᠭᠡᠷ᠂ ᠠᠯᠪᠠᠨ ᠭᠠᠵᠠᠷ ᠪᠠ ᠪᠠᠬᠢᠯᠡᠯᠳᠡ ᠵᠡᠷᠭᠡ ᠤᠯᠠᠨ ᠪᠠᠷᠢᠯᠭ᠎ᠠ ᠪᠠᠷ ᠪᠦᠷᠢᠯᠲᠦᠭᠰᠡᠨ ᠶᠤᠮ᠃ ᠡᠬᠦᠨ ᠳᠤ᠂ ᠦᠷᠳᠡᠭᠡᠨ ᠤ ᠭᠡᠷ᠂ ᠲᠤᠬᠢᠶ᠎ᠠ ᠶᠢᠨ ᠭᠡᠷ᠂ ᠠᠯᠪᠠᠯᠠᠬᠤ ᠭᠠᠵᠠᠷ ᠨᠢ ᠲᠤᠭᠤᠰᠬ᠎ᠠ ᠮᠤᠲᠤᠨ ᠪᠦᠲᠦᠴᠡ ᠲᠠᠢ ᠪᠠᠶᠢᠵᠦ᠂ ᠪᠠᠬᠢᠯᠡᠯᠳᠡ ᠨᠢ ᠪᠧᠲ᠋ᠤᠨ ᠪᠦᠲᠦᠴᠡ ᠲᠠᠢ᠃ ᠦᠷᠳᠡᠭᠡᠨ ᠤ ᠬᠡᠷ ᠤᠨ ᠭᠠᠲᠠᠷ ᠬᠡᠷᠡᠮ ᠲᠡᠭᠡᠷ᠎ᠡ ᠢᠷᠭᠡᠨ ᠤᠯᠤᠰ ᠤᠨ ᠠᠷᠪᠠᠲᠤᠭᠠᠷ ᠤᠨ ᠤ ᠦᠶ᠎ᠡ ᠳᠤ ᠴᠧᠨ ᠱᠢ ᠶᠢᠩ ᠤᠨ ᠪᠢᠴᠢᠭᠰᠡᠨ ︽ᠴᠠᠭᠠᠨ ᠰᠤᠪᠤᠷᠭ᠎ᠠ ᠲᠡᠷᠭᠡᠨ ᠦᠷᠳᠡᠭᠡ PAITA︾ ᠬᠡᠮᠡᠬᠦ ᠫᠠᠶᠢᠰᠠ ᠢᠯᠡᠷᠭᠡᠶᠢᠯᠡᠯ ᠢ ᠡᠯᠬᠦᠵᠦ ᠪᠠᠶᠢᠲᠠᠭ᠃ 1923 ᠤᠨ ᠳᠤ ᠪᠠᠶᠢᠭᠤᠯᠤᠬᠲᠠᠬᠰᠠᠨ ᠲᠤᠰ ᠦᠷᠳᠡᠭᠡ ᠨᠢ ᠲᠤᠮᠲᠠᠲᠦ ᠤᠯᠤᠰ ᠤᠨ ᠲᠡᠮᠦᠷ ᠵᠠᠮ ᠤᠨ ᠲᠤᠪᠴᠢᠶ᠎ᠠ ᠶᠢᠨ ᠪᠦᠯᠦᠭᠯᠡᠯ ᠤᠨ ᠬᠢᠵᠠᠭᠠᠷᠲᠦ ᠺᠤᠮᠫᠠᠨᠢ ᠶᠢᠨ ᠬᠠᠷᠢᠶᠠᠨ ᠳᠠᠬᠢ ᠲᠦᠷᠪᠡᠲᠦᠭᠡᠷ ᠲᠡᠰ ᠤᠨ ᠦᠷᠳᠡᠭᠡ ᠪᠤᠯᠬᠤ ᠶᠤᠮ᠃ 1937 ᠤᠨ ᠳᠤ ᠬᠦᠢ ᠰᠦᠢ ᠬᠤᠲᠠ ᠲᠠᠶᠢᠨ ᠳᠤ ᠦᠷᠲᠦᠵᠦ ᠶᠠᠫᠦᠨ ᠲᠦᠷᠢᠮᠡᠬᠡᠶᠢᠯᠡᠭᠴᠢᠳ ᠲᠤᠰ ᠦᠷᠳᠡᠭᠡᠨ ᠤ ᠵᠠᠷᠢᠮ ᠭᠡᠰᠡᠭ ᠲᠤᠨᠢ ᠦᠬᠡᠷᠡᠴᠢᠯᠡᠯᠳᠡ ᠬᠢᠵᠡᠢ᠃ 1977 ᠤᠨ ᠳᠤ ᠪᠡᠭᠡᠵᠢᠩ ᠠᠴᠠ ᠪᠤᠭᠤᠲᠤ ᠬᠦᠷᠬᠦ ᠲᠡᠮᠦᠷ ᠵᠠᠮ ᠤᠨ ᠱᠤᠭᠤᠮ ᠠᠶᠠᠯᠠᠯ ᠤᠨ ᠵᠠᠮ ᠢᠶᠠᠨ ᠦᠬᠡᠷᠡᠴᠢᠯᠡᠭᠰᠡᠨ ᠠᠴᠠ ᠲᠤᠰ ᠭᠠᠯᠲᠦ ᠲᠡᠷᠭᠡᠨ ᠦᠷᠳᠡᠭᠡ ᠨᠢ ᠲᠡᠮᠦᠷ ᠵᠠᠮ ᠤᠨ ᠱᠤᠭᠤᠮ ᠠᠴᠠ ᠬᠤᠯᠠ ᠪᠤᠯᠤᠬᠰᠠᠨ ᠪᠤᠯᠬᠤᠷ ᠬᠠᠶᠠᠬᠲᠠᠪᠠ᠃          ᠲᠤᠮᠲᠠᠲᠦ ᠶᠢ ᠲᠦᠷᠢᠮᠡᠭᠡᠶᠢᠯᠡᠭᠰᠡᠨ ᠶᠠᠫᠦᠨ ᠴᠡᠷᠢᠭ ᠤᠨ ᠮᠤᠰᠭᠢᠭᠤ ᠳᠠᠬᠢ ᠪᠠᠬᠢᠯᠡᠯᠳᠡ ᠶᠢᠨ ᠪᠠᠭᠤᠷᠢ ᠤᠲᠤ ᠤᠯᠠᠭᠠᠨᠬᠠᠲᠠ ᠬᠤᠲᠠ ᠶᠢᠨ ᠬᠡᠰᠢᠭᠳᠡᠨ ᠬᠤᠰᠢᠭᠤᠨ ᠤ ᠲᠤᠩ ᠰᠢᠩ ᠪᠠᠯᠭᠠᠰᠦ ᠳᠤ ᠪᠠᠶᠢᠲᠠᠭ᠃ ᠲᠤᠰ ᠪᠠᠭᠤᠷᠢ ᠨᠢ 15 ᠪᠠᠬᠢᠯᠡᠯᠳᠡ᠂ 2 ᠬᠠᠯᠬᠠᠪᠴᠢ᠂ 2 ᠬᠤᠳᠲᠤᠭ ᠮᠠᠶᠢᠭ ᠤᠨ ᠪᠠᠬᠢᠯᠡᠯᠳᠡ᠂ 1 ᠨᠦᠬᠡᠨ ᠬᠦᠮᠦᠷᠭᠡ᠂ 1 ᠪᠠᠶᠢᠰᠢᠩ ᠤᠨ ᠪᠠᠭᠤᠷᠢ ᠪᠠ 1 ᠵᠤᠷᠪᠤᠰ ᠲᠠᠩᠺ ᠤᠨ ᠲᠠᠭᠠᠷᠢᠯᠲᠠ ᠶᠢ ᠡᠰᠡᠷᠬᠦᠴᠡᠬᠦ ᠱᠤᠭᠤᠮ ᠢᠶᠠᠷ ᠪᠦᠷᠢᠯᠲᠦᠵᠦ᠂ 1.5 ᠺᠢᠯᠣᠮᠧᠳ᠋ᠷ ᠤᠷᠲᠤ ᠴᠠᠭᠠᠷᠢᠭᠯᠠᠨ ᠲᠠᠷᠬᠠᠵᠠᠢ᠃ 1941 ᠤᠨ ᠤ ᠬᠠᠪᠤᠷ᠂ ᠶᠠᠫᠦᠨ ᠴᠡᠷᠢᠭ ᠲᠤᠩ ᠰᠢᠩ ᠪᠠᠯᠭᠠᠰᠦ ᠶᠢᠨ ᠰᠧ ᠯᠢ ᠪᠧᠨ ᠲᠤᠰᠬᠤᠨ ᠳᠤ ᠰᠠᠭᠤᠵᠦ᠂ 100 ᠭᠠᠷᠤᠢ ᠬᠦᠳᠡᠯᠮᠦᠷᠢ ᠬᠦᠴᠦ ᠪᠠ ᠲᠡᠷᠭᠡ ᠬᠦᠰᠭᠡ ᠶᠢ ᠤᠤᠯᠭᠠᠯᠠᠨ ᠠᠪᠴᠢᠷᠠᠵᠦ᠂ ᠴᠡᠷᠢᠭ ᠤᠨ ᠶᠠᠪᠤᠲᠠᠯ ᠤᠨ ᠰᠡᠷᠭᠡᠶᠢᠯᠡᠯᠳᠡ ᠶᠢᠨ ᠱᠤᠭᠤᠮ ᠪᠠᠶᠢᠭᠤᠯᠤᠬᠰᠠᠨ ᠪᠠᠶᠢᠨ᠎ᠠ᠃ 1943 ᠤᠨ ᠤ ᠰᠡᠬᠦᠯᠴᠢ ᠪᠤᠯᠬᠤ ᠳᠤ᠂ ᠶᠠᠫᠦᠨ ᠴᠡᠷᠢᠭ ᠰᠧ ᠯᠢ ᠪᠧᠨ ᠳᠤ 15 ᠪᠠᠬᠢᠯᠡᠯᠳᠡ ᠪᠠᠷᠢᠵᠦ᠂ ᠪᠠᠷᠢᠯᠭ᠎ᠠ ᠲᠠᠭᠤᠰᠤᠭᠰᠠᠨ ᠤ ᠲᠠᠷᠠᠭ᠎ᠠ ᠨᠢᠭᠤᠴᠠ ᠪᠠᠨ ᠵᠠᠲᠠᠷᠠᠭᠤᠯᠬᠤ ᠦᠬᠡᠢ ᠶᠢᠨ ᠲᠦᠯᠦᠬᠡ 40 ᠭᠠᠷᠤᠢ ᠬᠦᠳᠡᠯᠮᠦᠷᠢ ᠬᠦᠴᠦ ᠶᠢ ᠬᠢᠲᠤᠬᠰᠠᠨ ᠪᠠᠶᠢᠨ᠎ᠠ᠃ 1945 ᠤᠨ ᠳᠤ ᠶᠠᠫᠦᠨ ᠪᠠᠭᠤᠵᠦ ᠦᠭᠬᠦᠭᠰᠡᠨ ᠤ ᠲᠠᠷᠠᠭ᠎ᠠ ᠠᠳᠡ ᠰᠠᠭᠤᠵᠦ ᠪᠠᠶᠢᠬᠰᠠᠨ ᠶᠠᠫᠦᠨ ᠴᠡᠷᠢᠭ ᠯᠢᠨᠰᠢ ᠰᠢᠶᠠᠨ ᠤ ᠪᠠᠭ᠎ᠠ ᠨᠠᠷᠢᠨ ᠭᠤᠤ ᠤᠷᠴᠢᠮ ᠲᠤᠲᠠᠭᠠᠵᠦ ᠬᠦᠷᠦᠭᠡᠳ ᠵᠦᠪᠯᠡᠯᠲᠦ ᠬᠤᠯᠪᠤᠭᠠᠲᠦ ᠶᠢᠨ ᠤᠯᠠᠭᠠᠨ ᠴᠡᠷᠢᠭ ᠲᠤ ᠪᠦᠬᠦᠨ ᠢᠶᠠᠷ ᠢᠶᠠᠨ ᠠᠯᠠᠬᠲᠠᠪᠠ᠃          ᠵᠢᠨᠢᠩ ᠤᠨ ᠪᠠᠶᠢᠯᠲᠤᠭᠠᠨ ᠤ ᠪᠠᠭᠤᠷᠢ ᠤᠯᠠᠭᠠᠨᠴᠠᠪ ᠬᠤᠲᠠ ᠶᠢᠨ ᠵᠢᠨᠢᠩ ᠲᠤᠭᠤᠷᠢᠭ ᠲᠤ ᠪᠠᠶᠢᠷᠢᠯᠠᠲᠠᠭ᠃ ᠪᠠᠶᠢᠯᠲᠤᠭᠠᠨ ᠤ ᠪᠠᠭᠤᠷᠢ ᠶᠢᠨ ᠴᠢᠬᠤᠯᠠ ᠪᠠᠷᠢᠯᠭ᠎ᠠ ᠪᠤᠯᠬᠤ ᠵᠢᠨᠢᠩ ᠤᠨ ᠭᠤᠯᠢᠷ ᠤᠨ ᠺᠤᠮᠫᠠᠨᠢ ᠶᠢ 1940 ᠤᠨ ᠠᠴᠠ ᠡᠬᠢᠯᠡᠨ ᠪᠠᠶᠢᠭᠤᠯᠵᠦ᠂ ᠶᠠᠫᠤᠨᠴᠤᠳ ᠤᠨ ᠴᠡᠷᠢᠭ ᠠᠩᠬᠢ ᠪᠠ ᠴᠡᠷᠢᠭ ᠲᠠᠭᠠᠵᠦ ᠪᠠᠶᠢᠬᠰᠠᠨ ᠬᠦᠮᠦᠰ ᠤᠨ ᠠᠮᠢᠲᠤᠷᠠᠯ ᠤᠨ ᠭᠡᠷᠡᠭᠴᠡᠭᠡ ᠶᠢ ᠬᠠᠩᠭᠠᠬᠤ ᠶᠢᠨ ᠲᠦᠯᠦᠬᠡ ᠪᠠᠶᠢᠭᠤᠯᠤᠬᠰᠠᠨ ᠭᠤᠯᠢᠷ ᠤᠨ ᠺᠤᠮᠫᠠᠨᠢ ᠶᠢᠨ ᠭᠤᠤᠯ ᠪᠠᠷᠢᠯᠭ᠎ᠠ ᠪᠤᠯᠬᠤ ᠶᠤᠮ᠃ ᠲᠤᠰ ᠠᠰᠠᠷ ᠢ ᠪᠠᠶᠢᠭᠤᠯᠬᠤ ᠳᠤ ᠶᠠᠫᠦᠨ ᠴᠡᠷᠢᠭ ᠤᠳ ᠲᠤᠬᠠᠢ ᠶᠢᠨ ᠭᠠᠵᠠᠷ ᠤᠨ ᠬᠦᠮᠦᠰ ᠢ ᠰᠦᠷᠳᠡᠬᠦᠯᠦᠨ ᠪᠠᠶᠢᠵᠦ ᠬᠦᠳᠡᠯᠮᠦᠷᠢᠯᠡᠬᠦᠯᠳᠡᠭ ᠪᠠᠶᠢᠬᠰᠠᠨ ᠬᠡᠨ᠎ᠡ᠃ ᠴᠢᠯᠦᠬᠡᠯᠡᠯᠳᠡ ᠶᠢᠨ ᠲᠠᠶᠢᠨ ᠤ ᠬᠤᠭᠤᠴᠠᠭᠠᠨ ᠳᠤ ᠪᠤᠯᠤᠬᠰᠠᠨ 1946 ᠤᠨ ᠤ ᠵᠢᠨᠢᠩ ᠤᠨ ᠬᠠᠮᠠᠭᠠᠯᠠᠯᠲᠠ ᠶᠢᠨ ᠲᠠᠶᠢᠨ᠂ 1947 ᠤᠨ ᠤ ᠳ᠋ᠠᠲ᠋ᠦ᠋ᠩ ᠵᠢᠨᠢᠩ ᠤᠨ ᠪᠠᠶᠢᠯᠲᠤᠭᠠᠨ᠂ 1948 ᠤᠨ ᠤ ᠵᠢᠨᠢᠩ ᠢ ᠴᠢᠯᠦᠬᠡᠯᠡᠬᠦ ᠲᠠᠶᠢᠨ ᠵᠡᠷᠭᠡ ᠳᠤ ᠭᠤᠯᠢᠷ ᠤᠨ ᠺᠤᠮᠫᠠᠨᠢ ᠶᠢᠨ ᠠᠰᠠᠷ ᠪᠤᠯᠤᠨ ᠵᠢᠨᠢᠩ ᠤᠨ ᠭᠠᠯᠲᠦ ᠲᠡᠷᠭᠡᠨ ᠦᠷᠳᠡᠭᠡᠨ ᠤ ᠤᠰᠤᠨ ᠴᠠᠮᠬᠠᠭ ᠵᠡᠷᠭᠡ ᠨᠢ ᠠᠷᠠᠳ ᠤᠨ ᠴᠢᠯᠦᠬᠡᠯᠡᠬᠦ ᠴᠡᠷᠢᠭ ᠪᠠ ᠭᠤᠮᠢᠨᠲᠠᠩ ᠤᠨ ᠴᠡᠷᠢᠭ ᠤᠨ ᠪᠤᠯᠢᠶᠠᠯᠲᠦᠵᠦ ᠪᠠᠶᠢᠬᠰᠠᠨ ᠴᠢᠬᠤᠯᠠ ᠭᠠᠵᠠᠷ ᠤᠳ ᠪᠠᠶᠢᠬᠰᠠᠨ ᠶᠤᠮ᠃ 1985 ᠤᠨ ᠳᠤ ᠤᠯᠠᠭᠠᠨᠴᠠᠪ ᠬᠤᠲᠠ ᠶᠢᠨ ᠮᠦᠽᠸᠢ ᠨᠢ ᠲᠤᠰ ᠪᠠᠭᠤᠷᠢ ᠳᠤ ᠬᠠᠮᠠᠭᠠᠯᠠᠯᠲᠠ ᠪᠠ ᠵᠠᠰᠠᠯᠲᠠ ᠬᠢᠵᠦ᠂ ᠵᠠᠰᠠᠵᠦ ᠲᠠᠭᠤᠰᠬᠠᠬᠰᠠᠨ ᠤ ᠲᠠᠷᠠᠭᠠᠬᠢ ᠲᠤᠮᠤ ᠠᠰᠠᠷ ᠢ ᠠᠯᠪᠠᠯᠠᠬᠤ᠂ ᠲᠡᠯᠭᠡᠨ ᠦᠵᠡᠬᠦᠯᠬᠦ᠂ ᠲᠡᠦᠭᠡᠨ ᠲᠤᠷᠠᠰᠬᠠᠯᠲᠦ ᠵᠦᠢᠯᠡᠰ ᠢ ᠬᠠᠲᠠᠭᠠᠯᠠᠬᠤ ᠲᠠᠯᠠᠪᠤᠷ ᠪᠤᠯᠭᠠᠬᠰᠠᠨ ᠪᠠᠶᠢᠨ᠎ᠠ᠃ ᠲᠤᠰ ᠪᠠᠭᠤᠷᠢ ᠨᠢ ᠵᠢᠨᠢᠩ ᠤᠨ ᠨᠡᠷ᠎ᠡ ᠶᠢᠨ ᠬᠠᠭᠤᠲᠠᠰᠦ ᠪᠤᠯᠤᠬᠰᠠᠨ ᠲᠡᠲᠦᠢ ᠦᠬᠡᠢ᠂ ᠲᠤᠮᠲᠠᠲᠦ ᠶᠢᠨ ᠠᠷᠠᠳ ᠲᠦᠮᠡᠨ ᠤ ᠶᠠᠫᠦᠨ ᠲᠦᠷᠢᠮᠡᠬᠡᠶᠢᠯᠡᠭᠴᠢᠳ ᠢ ᠡᠰᠡᠷᠬᠦᠴᠡᠭᠰᠡᠨ ᠲᠡᠦᠭᠡ ᠶᠢᠨ ᠪᠠᠲᠦ ᠬᠡᠷᠡᠴᠢ ᠪᠤᠯᠬᠤ ᠶᠤᠮ᠃                         ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠦᠯᠵᠢᠶ᠎ᠡ                         ᠨᠠᠶᠢᠷᠠᠭᠤᠯᠤᠭᠴᠢ᠄ ᠲᠤᠶᠠᠭ᠎ᠠ
 
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2