ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠶᠯᠡᠰ ᠤᠨ ᠬᠥᠭᠵᠢᠯᠲᠡ ᠵᠡᠷᠭᠡ ᠤᠴᠢᠷ ᠶᠠᠪᠤᠳᠠᠯ ᠢ ᠰᠤᠳᠤᠯᠪᠠ
ᠨᠡᠶᠢᠲᠡᠯᠡᠭᠰᠡᠨ ᠴᠠᠭ᠄
2021/4/8
              4 ᠰᠠᠷ᠎ᠠ ᠶᠢᠨ 1᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠰᠠᠭ ᠤᠨ ᠣᠷᠳᠣᠨ ᠤ ᠲᠠᠪᠤᠳᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠶᠯᠡᠰ ᠤᠨ ᠬᠥᠭᠵᠢᠯᠲᠡ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾᠂ ︽ᠤᠯᠠᠭᠠᠨᠴᠠᠪ ᠬᠤᠲᠠ ᠶᠢᠨ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡᠨ ᠤ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠡᠵᠡᠩᠨᠡᠯᠲᠡ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠂ ︽2021 ᠣᠨ ᠤ ᠤᠯᠠᠭᠠᠨᠴᠠᠪ ᠬᠤᠲᠠ ᠶᠢᠨ ᠬᠠᠭᠤᠷᠠᠶ ᠶᠢᠨ ᠲᠠᠷᠢᠮᠠᠯ ᠲᠥᠮᠥᠰᠦᠨ ᠤ ᠬᠡᠷᠡᠭᠵᠢᠭᠦᠯᠬᠦ ᠲᠥᠰᠦᠯ︾᠎ ᠢ ᠬᠢᠨᠠᠨ ᠵᠥᠪᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠳᠠᠭᠠᠭᠠᠴᠢᠯᠠᠨ ᠡᠷᠬᠢᠯᠡᠬᠦ ᠬᠤᠯᠪᠣᠭᠳᠠᠯ ᠪᠥᠬᠦᠶ ᠠᠵᠢᠯ ᠢ ᠰᠤᠳᠤᠯᠤᠨ ᠪᠠᠶᠢᠷᠢᠯᠠᠭᠤᠯᠪᠠ᠃ ᠬᠤᠷᠠᠯ ᠠᠴᠠ᠂ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠢᠯᠡᠰ ᠢ ᠪᠤᠶᠢᠵᠢᠭᠤᠯᠤᠨ ᠬᠥᠭᠵᠢᠭᠦᠯᠬᠦ ᠨᠢ ᠪᠦᠬᠦ ᠬᠤᠳᠠ ᠶᠢᠨ ᠡᠨᠧᠷᠭᠢ ᠶᠢᠨ ᠪᠦᠲᠦᠴᠡ ᠶᠢ ᠳᠤᠬᠢᠷᠠᠭᠤᠯᠬᠤ ᠪᠠ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠦᠨ ᠳᠡᠰ ᠳᠡᠪᠰᠢᠭᠦᠯᠬᠦ ᠳᠤ ᠠᠰᠢᠭᠲᠠᠢ ᠶᠤᠮ᠃ ᠡᠯ᠎ᠡ ᠱᠠᠲᠤᠨ ᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠯᠤᠰ ᠤᠨ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠶᠯᠡᠰ ᠤᠨ ᠬᠥᠭᠵᠢᠯᠲᠡ ᠶᠢ ᠶᠡᠬᠡᠪᠡᠷ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠴᠢᠩᠭ᠎ᠠ ᠠᠳᠬᠤᠵᠤ᠂ ᠤᠰᠤᠲᠥ᠋ᠷᠥᠭᠴᠢ ᠶᠢᠨ ᠡᠨᠧᠷᠭᠢ ᠶᠢᠨ ᠠᠵᠤ ᠦᠶᠯᠡᠰ ᠤᠨ ᠬᠥᠭᠵᠢᠯᠲᠡ ᠶᠢᠨ ᠠᠷᠭ᠎ᠠ ᠵᠠᠮ ᠢ ᠤᠷᠢᠳᠴᠢᠯᠠᠨ ᠪᠠᠶᠢᠷᠢᠰᠢᠭᠤᠯᠬᠤ ᠪᠠ ᠰᠦᠪᠡᠭᠴᠢᠯᠡᠵᠦ᠂ ᠢᠵᠢ ᠪᠥᠷᠢᠳᠦᠭᠦᠯᠬᠦ ᠦᠶᠯᠡᠴᠢᠯᠡᠭᠡ ᠪᠠ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠠᠰᠤᠷᠠᠯᠲᠠ ᠥᠬᠡᠶ ᠲᠡᠭᠦᠯᠳᠡᠷᠵᠢᠭᠦᠯᠦᠨ᠂ ᠠᠷᠢᠭᠤᠨ ᠴᠡᠪᠡᠷ ᠪᠠᠭ᠎ᠠ ᠨᠡᠭᠦᠷᠡᠰᠦᠲᠥ᠋ᠷᠥᠭᠴᠢ ᠠᠮᠤᠷ ᠲᠦᠪᠰᠢᠨ ᠥᠨᠳᠥᠷ ᠪᠦᠲᠦᠮᠵᠢᠲᠡᠶ ᠡᠨᠧᠷᠭᠢ ᠶᠢᠨ ᠰᠢᠰᠲ᠋ᠧᠮᠵᠢ ᠶᠢ ᠬᠦᠴᠦᠯᠡᠨ ᠪᠠᠶᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ ᠬᠤᠷᠠᠯ ᠠᠴᠠ᠂ ᠴᠠᠬᠢᠯᠭᠠᠨ ᠴᠡᠨᠡᠭᠯᠡᠬᠦ ᠰᠠᠭᠤᠷᠢ ᠲᠥᠬᠦᠭᠡᠷᠦᠮᠵᠢ ᠶᠢᠨ ᠪᠦᠳᠦᠬᠡᠨ ᠪᠠᠶᠢᠭᠤᠯᠤᠯᠲᠠ ᠶᠢ ᠠᠬᠢᠭᠤᠯᠬᠤ ᠪᠣᠯ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠢ ᠬᠥᠭᠵᠢᠭᠦᠯᠬᠦ ᠶᠢᠨ ᠴᠢᠬᠤᠯᠠ ᠪᠠᠲᠤᠯᠠᠭ᠎ᠠ ᠪᠣᠯᠤᠨ᠎ᠠ᠂ ᠮᠥᠨᠴᠦ ᠰᠢᠨ᠎ᠡ ᠡᠨᠧᠷᠭᠢ ᠶᠢᠨ ᠬᠡᠷᠡᠭᠯᠡᠭᠡ ᠶᠢ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠤᠨ᠎ᠠ᠃ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠯᠤᠰ ᠤᠨ ᠡᠨᠧᠷᠭᠢ ᠠᠷᠪᠢᠯᠠᠬᠤ ᠪᠠ ᠰᠢᠨ᠎ᠡ ᠡᠨᠧᠷᠭᠢ ᠶᠢᠨ ᠮᠠᠰᠢᠨ ᠲᠡᠷᠭᠡ ᠶᠢ ᠲᠦᠷᠭᠡᠳᠬᠡᠨ ᠬᠥᠭᠵᠢᠭᠦᠯᠬᠦ ᠲᠤᠬᠠᠶ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠴᠠᠬᠢᠯᠭᠠᠨ ᠴᠡᠨᠡᠭᠯᠡᠬᠦ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ᠂ ᠡᠵᠡᠩᠨᠡᠯᠲᠡ᠂ ᠬᠠᠮᠢᠶᠠᠷᠤᠯᠲᠠ ᠶᠢᠨ ᠠᠵᠢᠯ ᠢ ᠤᠯᠠᠮ ᠨᠢᠭᠡ ᠠᠯᠬᠤᠮ‌ᠵᠢᠷᠤᠮᠵᠢᠭᠤᠯᠤᠨ᠂ ᠴᠠᠬᠢᠯᠭᠠᠨ ᠬᠥᠳᠡᠯᠭᠡᠭᠦᠷᠲᠦ ᠮᠠᠰᠢᠨ ᠲᠡᠷᠭᠡ ᠶᠢ ᠳᠡᠯᠭᠡᠷᠡᠭᠦᠯᠦᠨ ᠬᠡᠷᠡᠭᠯᠡᠬᠦ ᠶᠢ ᠲᠦᠷᠭᠡᠳᠬᠡᠨ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠬᠤᠷᠠᠯ ᠠᠴᠠ᠂ ᠬᠥᠳᠡᠭᠡ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠲᠥᠮᠥᠰᠥ ᠶᠢᠨ ᠠᠵᠤ ᠦᠢᠯᠡᠰ ᠤᠨ ᠨᠥᠬᠦᠪᠥᠷᠢ ᠶᠢᠨ ᠲᠦᠷᠦ ᠶᠢᠨ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠬᠠᠭᠤᠷᠠᠢ ᠶᠢᠨ ᠲᠠᠷᠢᠮᠠᠯ ᠲᠠᠷᠢᠬᠤ ᠴᠢᠳᠠᠮᠵᠢᠳᠤ ᠣᠷᠣᠨ ᠢ ᠢᠳᠡᠪᠬᠢᠲᠡᠢ ᠪᠠᠶᠢᠭᠤᠯᠵᠤ᠂ ᠮᠠᠨ ᠤ ᠬᠤᠳᠠ ᠶᠢᠨ ᠲᠥᠮᠥᠰᠦᠨ ᠤ ᠠᠵᠤ ᠦᠢᠯᠡᠰ ᠤᠨ ᠴᠢᠨᠠᠷ ᠰᠠᠶᠢᠲᠠᠢ‌‍ᠬᠥ᠋ᠭᠵᠢᠯᠲᠡ ᠶᠢ ᠪᠦᠬᠦ ᠬᠦᠴᠦᠨ ᠢᠶᠠᠷ ᠠᠬᠢᠭᠤᠯᠬᠤ ᠬᠡᠷᠡᠭᠲᠡᠢ᠃ ᠠᠵᠢᠯ ᠤᠨ ᠲᠣᠬᠢᠷᠠᠭᠤᠯᠤᠯᠲᠠ ᠪᠠᠨ‌ᠨᠠᠷᠢᠯᠢᠬᠵᠢᠭᠤᠯᠵᠤ᠂ ᠣᠷᠣᠨ ᠨᠤᠲᠤᠭ ᠤᠨ ᠣᠨᠴᠠᠯᠢᠭ ᠢ ᠳᠣᠪᠤᠶᠢᠯᠭᠠᠨ᠂ ᠡᠯ᠎ᠡ ᠵᠦᠶᠯ ᠤᠨ ᠪᠡᠯᠡᠳᠬᠡᠯ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠬᠤᠭᠤᠴᠠᠭᠠᠨ ᠤ ᠴᠥᠭᠡᠨ ᠲᠣᠭᠠᠲᠤ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠢ ᠦᠪᠡᠳᠡᠭᠰᠢ ᠶᠡᠭᠡ ᠪᠥᠭᠡᠳ ᠬᠥᠷ ᠬᠥᠭᠵᠢᠶᠡᠨ ᠲᠠᠢ᠂ ᠠᠮᠤᠷ ᠲᠦᠪᠰᠢᠨ ᠪᠥᠭᠡᠳ ᠠᠷᠪᠢᠴᠢ ᠭᠠᠮᠲᠠᠶ ᠪᠡᠶ᠎ᠡ ᠶᠢᠨ ᠲᠠᠮᠢᠷ ᠤᠨ ᠦᠪᠡᠳᠡᠭᠰᠢ ᠴᠤᠭᠯᠠᠭᠠᠨ ᠪᠣᠯᠭᠠᠨ ᠡᠷᠭᠢᠯᠡᠬᠦ ᠪᠠᠷ ᠴᠢᠷᠮᠠᠶᠢᠬᠤ ᠬᠡᠷᠡᠭᠲᠡᠶ ᠭᠡᠵᠦ ᠱᠠᠭᠠᠷᠳᠠᠪᠠ᠃              ᠬᠤᠷᠠᠯ ᠠᠴᠠ ᠪᠠᠰᠠ ᠪᠤᠰᠤᠳ ᠶᠠᠪᠤᠳᠠᠯ ᠢ ᠰᠤᠳᠤᠯᠵᠠᠢ᠃                                             ᠨᠠᠶᠢᠷᠠᠭᠤᠯᠤᠭᠴᠢ᠄ ᠲᠤᠶᠠᠭ᠎ᠠ
 
ᠢᠷᠡᠯᠲᠡ᠄ ᠤᠯᠠᠭᠠᠨᠴᠠᠪ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2