ᠮᠠᠨ ᠤ ᠤᠷᠤᠨ ᠤ ᠤᠯᠤᠰ ᠤᠨ ᠨᠤᠳᠤᠭ ᠲᠡᠪᠢᠰᠭᠡᠷ ᠤᠨ ᠤᠷᠤᠨ ᠵᠠᠢ ᠶᠢᠨ ᠰᠠᠭᠤᠷᠢ ᠮᠡᠳᠡᠭᠡ ᠵᠠᠩᠭᠢ ᠶᠢᠨ ᠲᠠᠪᠴᠠᠩ ᠢ ᠲᠤᠷᠰᠢᠨ ᠠᠵᠢᠯᠯᠠᠭᠤᠯᠪᠠ
ᠨᠡᠶᠢᠲᠡᠯᠡᠭᠰᠡᠨ ᠴᠠᠭ᠄
2021/5/24
          ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠤᠶᠢᠢᠯᠠᠭᠠᠭᠰᠠᠠ ᠢᠶᠠᠷ᠂ ᠮᠠᠨ ᠤ ᠣᠷᠣᠨ ᠤ ᠤᠯᠤᠰ ᠤᠨ ᠨᠤᠳᠤᠭ ᠲᠡᠪᠢᠰᠭᠡᠷ ᠤᠨ ᠣᠷᠣᠨ ᠵᠠᠢ ᠶᠢᠨ ᠰᠠᠭᠤᠷᠢ ᠮᠡᠳᠡᠭᠡ ᠵᠠᠩᠭᠢ ᠶᠢᠨ ᠲᠠᠪᠴᠠᠩ ᠢ ᠤᠶᠢᠢᠷ᠎ᠠ ᠳᠤ ᠲᠤᠷᠰᠢᠨ ᠠᠵᠢᠯᠯᠠᠭᠤᠯᠪᠠ᠃          ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠰᠠᠭᠤᠷᠢ ᠮᠡᠳᠡᠭᠡ ᠵᠠᠩᠭᠢ ᠶᠢᠨ ᠲᠠᠪᠴᠠᠩ ᠤᠨ ᠪᠥᠲᠥᠭᠡᠨ ᠪᠠᠶᠢᠭᠤᠯᠤᠯᠲᠠ ᠨᠢ ᠪᠠᠶᠢᠭᠠᠯᠢ ᠶᠢᠨ ᠡᠬᠢ ᠪᠠᠶᠠᠯᠢᠭ ᠤᠨ ︽ᠨᠢᠭᠡ ᠵᠢᠷᠤᠭ︾᠎ ᠢᠶᠠᠷ ᠰᠠᠭᠤᠷᠢ ᠪᠣᠯᠭᠠᠵᠤ᠂ ᠲᠠᠷᠬᠠᠮᠠᠯ ᠮᠠᠶ᠋ᠢᠭ ᠤᠨ ᠬᠡᠷᠡᠭᠯᠡᠯᠳᠡ ᠪᠠ ᠦᠢᠯᠡᠴᠢᠯᠡᠭᠡᠨ ᠤ ᠪᠦᠳᠦᠴᠡ ᠲᠠᠢ᠃ ︽1 + N︾ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠢᠭᠡ ᠭᠤᠤᠯ ᠲᠥᠪ ᠪᠠ ᠬᠡᠮᠵᠢᠨ ᠵᠢᠷᠤᠬᠤ᠂ ᠲᠥᠯᠥᠪᠵᠢᠭᠦᠯᠬᠦ᠂ ᠭᠠᠵᠠᠷ ᠰᠢᠨᠵᠢᠯᠡᠭᠡᠨ ᠤ ᠤᠷᠴᠢᠨ ᠲᠤᠭᠤᠷᠢᠨ᠂ ᠭᠠᠵᠠᠷ ᠰᠢᠨᠵᠢᠯᠡᠭᠡᠨ ᠤ ᠪᠠᠶᠢᠴᠠᠭᠠᠯᠲᠠ᠂ ᠦᠯᠦ ᠬᠥᠳᠡᠯᠬᠦ ᠬᠥᠷᠥᠩᠭᠡ ᠶᠢ ᠳᠠᠩᠰᠠᠯᠠᠬᠤ ᠵᠡᠷᠭᠡ ᠲᠠᠪᠤᠨ ᠬᠤᠪᠢᠶᠠᠷᠢ ᠲᠥᠪ ᠪᠠᠶᠢᠭᠤᠯᠵᠤ᠂ ᠠᠭᠤᠯᠭ᠎ᠠ ᠨᠢ ᠪᠦᠷᠢᠨ᠂ ᠰᠢᠨᠡᠳᠭᠡᠯᠳᠡ ᠨᠢ ᠲᠦᠷᠭᠡᠨ᠂ ᠡᠷᠭᠡ ᠰᠦᠷᠳᠦ ᠤᠨᠤᠪᠴᠢᠳᠠᠢ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠳᠤᠭ ᠲᠡᠪᠢᠰᠭᠡᠷ ᠤᠨ ᠣᠷᠣᠨ ᠵᠠᠶ ᠶᠢᠨ ᠰᠠᠭᠤᠷᠢ ᠳ᠋ᠠᠶᠢᠲ᠋ᠠ ᠶᠢᠨ ᠡᠬᠢ ᠪᠠᠶᠠᠯᠢᠭ ᠤᠨ ᠰᠢᠰᠲ᠋ᠧᠮ ᠢ ᠪᠦᠷᠢᠯᠳᠦᠭᠦᠯᠦᠨ᠎ᠠ᠃          ᠣᠳᠣᠬᠠᠨ ᠳᠤ᠂ ᠭᠤᠤᠯ ᠲᠥᠪ ᠨᠢ ᠨᠢᠭᠡᠨᠲᠡ ᠰᠠᠭᠤᠷᠢ ᠣᠷᠴᠢᠨ ᠲᠣᠭᠤᠷᠢᠨ ᠢ ᠪᠦᠳᠦᠭᠡᠨ ᠪᠠᠶᠢᠭᠤᠯᠬᠤ ᠪᠠ ᠲᠠᠪᠴᠠᠩ ᠢ ᠨᠡᠭᠡᠭᠡᠨ ᠬᠥᠭᠵᠢᠭᠦᠯᠬᠦ ᠡᠭᠦᠷᠭᠡ ᠶᠢ ᠪᠡᠶᠡᠯᠡᠭᠦᠯᠵᠦ᠂ ᠤᠯᠤᠰ ᠤᠨ ᠨᠤᠳᠤᠭ ᠲᠡᠪᠢᠰᠭᠡᠷ ᠤᠨ ᠡᠬᠢ ᠪᠠᠶᠠᠯᠢᠭ ᠤᠨ ︽ᠨᠢᠭᠡ ᠵᠢᠷᠤᠭ︾᠎ ᠤᠨ ᠳ᠋ᠠᠶᠢᠲ᠋ᠠ ᠶᠢᠨ ᠡᠬᠢ ᠪᠠᠶᠠᠯᠢᠭ ᠢ ᠵᠢᠩᠬᠢᠨᠢ ᠪᠠᠷ ᠵᠠᠯᠭᠠᠨ ᠣᠷᠣᠭᠤᠯᠪᠠ᠃ ᠲᠤᠷᠰᠢᠨ ᠠᠵᠢᠯᠯᠠᠭᠤᠯᠤᠭᠰᠠᠨ ᠤ ᠳᠠᠷᠠᠭ᠎ᠠ᠂ ᠬᠠᠮᠢᠶ᠎ᠠ ᠪᠥᠬᠦᠶ ᠴᠢᠳᠠᠮᠵᠢ ᠶᠢ ᠦᠷᠭᠦᠯᠵᠢᠯᠡᠨ ᠨᠡᠭᠡᠭᠡᠨ ᠬᠥᠭᠵᠢᠭᠦᠯᠵᠦ ᠲᠡᠭᠦᠯᠳᠡᠷᠵᠢᠭᠦᠯᠬᠦ ᠶᠢᠨ ᠬᠠᠮᠲᠤ ᠠᠯᠬᠤᠮ ᠠᠯᠬᠤᠮ ᠢᠶᠠᠷ ᠪᠥᠬᠦ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠰᠢᠰᠲ᠋ᠧᠮ ᠳᠤ ᠳᠡᠯᠭᠡᠷᠡᠭᠦᠯᠦᠨ ᠬᠡᠷᠡᠭᠯᠡᠵᠦ᠂ ᠥᠪᠡᠷᠲᠡᠭᠡᠨ ᠵᠠᠰᠠᠬᠤ ᠣᠷᠣᠨ ᠤ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ᠂ ᠤᠯᠤᠰ ᠤᠨ ᠨᠤᠳᠤᠭ ᠲᠡᠪᠢᠰᠭᠡᠷ ᠤᠨ ᠣᠷᠣᠨ ᠵᠠᠶ ᠶᠢ ᠰᠢᠯᠢᠳᠡᠭᠵᠢᠭᠦᠯᠦᠨ ᠨᠡᠭᠡᠭᠡᠨ ᠬᠥᠭᠵᠢᠭᠦᠯᠬᠦ ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2