ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ ᠲᠠᠪᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2021/5/28
        2021 ᠣᠨ ᠤ 5 ᠰᠠᠷ᠎ᠠ ᠶᠢᠨ 14᠎ ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠢᠢ ᠬᠤᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ 5 ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠰᠢ ᠶᠢᠨ ᠫᠢᠩ ᠮᠤᠵᠢ ᠶᠢᠨ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ  ᠲᠣᠪᠴᠢᠶ᠎ᠠ ᠶᠢᠨ ᠬᠤᠷᠢ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠠᠢ︔ ᠰᠢ ᠶᠢᠨ ᠫᠢᠩ ᠤᠨ ︽ᠤᠳᠤᠷᠢᠳᠬᠤ ᠬᠥᠮᠦᠰ ᠤᠨ ᠠᠭᠤᠷ ᠠᠮᠢᠰᠬᠤᠯ ᠤᠨ ᠲᠦᠷᠦᠭᠦᠴᠦᠳ ᠤᠨ ᠬᠤᠷᠠᠯ︾ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠵᠠᠢ︔ ᠰᠢ ᠶᠢᠨ ᠫᠢᠩ ᠪᠥᠸᠧ ᠤᠣ ᠶᠢᠨ ᠠᠽᠢᠶ᠎ᠠ ᠲᠢᠪ ᠤᠨ ᠶᠠᠷᠢᠶᠠᠨ ᠤ ᠲᠠᠪᠴᠠᠩ ᠤᠨ 2021 ᠣᠨ ᠤ ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠸᠢᠳᠢᠣ᠋  ᠶᠠᠷᠢᠶ᠎ᠠ ᠢᠯᠡᠳᠬᠡᠯ ᠢ ᠤᠯᠠᠮᠵᠢᠯᠠᠨ ᠰᠤᠷᠤᠯᠴᠠᠵᠤ᠂ ︽ᠵᠢᠨᠢᠩ ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ ᠶᠢ ᠨᠢᠭᠡ ᠴᠤᠬᠴᠠᠵᠢᠭᠤᠯᠤᠬᠰᠠᠨ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠲᠦᠷᠦᠯ ᠵᠦᠢᠯ ᠤᠨ ᠬᠡᠷᠡᠭᠵᠢᠭᠦᠯᠬᠦ ᠲᠥᠰᠦᠯ ︵ᠬᠢᠨᠠᠭᠤᠯᠬᠤ ᠪᠠᠷ ᠬᠦᠷᠭᠡᠬᠦ ᠨᠤᠤᠷᠠᠭ︶︾ ᠵᠡᠷᠭᠡ ᠬᠤᠯᠪᠣᠭᠳᠠᠯ ᠪᠦᠬᠦᠢ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ ᠤᠳᠦ ᠬᠤᠷᠠᠯᠳᠤᠭᠠᠨ ᠤ ᠭᠤᠣᠯ ᠵᠣᠷᠢᠭ ᠰᠠᠨᠠᠭ᠎ᠠ ᠶᠢ ᠳᠣᠣᠷᠠᠬᠢ ᠮᠡᠲᠦ ᠪᠠᠷ ᠲᠣᠪᠴᠢᠯᠠᠨ ᠲᠡᠮᠳᠡᠭᠯᠡᠶ᠎ᠡ᠄           ᠬᠤᠷᠠᠯ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠬᠤᠷᠢ ᠶᠢᠰᠦᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠰᠢ ᠶᠢᠨ ᠫᠢᠩ ᠤᠨ ᠲᠠᠯᠪᠢᠭᠰᠠᠨ ᠴᠢᠬᠤᠯᠠ ᠶᠠᠷᠢᠶ᠎ᠠ ᠶᠢ ᠰᠢ ᠶᠢᠨ ᠫᠢᠩ ᠤᠨ ︽ᠤᠳᠤᠷᠢᠳᠬᠤ ᠬᠥᠮᠦᠰ ᠤᠨ ᠠᠭᠤᠷ ᠠᠮᠢᠰᠬᠤᠯ ᠤᠨ ᠲᠦᠷᠦᠭᠦᠴᠦᠳ ᠤᠨ ᠬᠤᠷᠠᠯ︾ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠵᠠᠢ︔ ᠰᠢ ᠶᠢᠨ ᠫᠢᠩ ᠪᠥᠸᠧ ᠤᠣ ᠳᠠᠬᠢ ᠠᠽᠢᠶ᠎ᠠ ᠲᠢᠪ ᠤᠨ ᠶᠠᠷᠢᠶᠠᠨ ᠤ ᠲᠠᠪᠴᠠᠩ ᠤᠨ 2021 ᠣᠨ ᠤ ᠣᠨ ᠤ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠸᠢᠳᠢᠣ᠋ ᠶᠢᠨ  ᠶᠠᠷᠢᠶ᠎ᠠ ᠶᠢ ᠤᠯᠠᠮᠵᠢᠯᠠᠨ ᠰᠤᠷᠤᠯᠴᠠᠪᠠ︔ ︽ᠦᠨᠡᠨ︾ ᠰᠡᠳᠬᠦᠯ ᠤᠨ ᠨᠡᠶᠢᠲᠡᠯᠡᠭᠰᠡᠨ ᠰᠢ ᠶᠢᠨ ᠫᠢᠩ ᠶᠡᠷᠦᠩᠬᠡᠢ ᠱᠦᠵᠢ ᠶᠢᠨ ︽ᠰᠢᠨ᠎ᠡ ᠬᠥᠭᠵᠢᠯᠲᠡ ᠶᠢᠨ ᠱᠠᠳᠤ ᠦᠶ᠎ᠡ ᠶᠢ ᠡᠵᠡᠮᠳᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠶ᠎ᠠ︾ ᠵᠡᠷᠭᠡ ᠴᠢᠬᠤᠯᠠ ᠵᠣᠬᠢᠶᠠᠯ ᠢ ᠤᠯᠠᠮᠵᠢᠯᠠᠨ ᠰᠤᠷᠤᠯᠴᠠᠪᠠ᠃           ᠬᠤᠷᠠᠯ ᠠᠴᠠ᠂ ᠰᠢ ᠶᠢᠨ ᠫᠢᠩ ᠶᠡᠷᠦᠩᠬᠡᠢ ᠱᠦᠵᠢ ᠶᠢᠨ ᠤᠶᠢᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠪᠦᠬᠦ ᠲᠠᠯ᠎ᠠ ᠪᠠᠷ ᠡᠵᠡᠮᠳᠡᠵᠦ᠂ ᠭᠤᠣᠯᠳᠠᠯᠭ᠎ᠠ ᠶᠢ ᠲᠤᠪᠤᠶᠢᠢᠯᠭᠠᠵᠤ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠭᠦᠨᠵᠡᠭᠡᠢ ᠰᠡᠳᠬᠢᠵᠦ᠂ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠰᠤᠷᠤᠯᠴᠠᠵᠤ᠂ ᠣᠶᠢᠯᠠᠭᠠᠵᠤ ᠨᠡᠪᠲᠡᠷᠡᠲᠡᠯ᠎ᠡ ᠣᠶᠢᠯᠠᠭᠠᠵᠤ᠂ ᠡᠭᠦᠨ ᠤ ᠳᠣᠲᠣᠷᠠᠬᠢ ᠦᠨᠳᠦᠰᠦᠨ ᠠᠭᠤᠯᠤᠭᠳᠠᠬᠤᠨ ᠪᠣᠯᠤᠨ ᠵᠣᠷᠢᠭ ᠰᠠᠨᠠᠭᠠᠨ ᠤ ᠮᠥᠨ ᠴᠢᠨᠠᠷ ᠢ ᠭᠦᠨᠵᠡᠭᠡᠢ ᠣᠶᠢᠯᠠᠭᠠᠵᠤ᠂ ᠦᠨᠡᠨᠬᠦ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃            ᠬᠤᠷᠠᠯ ᠠᠴᠠ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠤ ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠠᠯᠬᠤᠴᠠ ᠶᠢ ᠲᠦᠷᠭᠡᠳᠬᠡᠵᠦ᠂ ᠪᠣᠬᠢᠷᠲᠤᠯ ᠦᠭᠡᠢ᠂ ᠤᠢ ᠪᠢᠯᠢᠭ ᠲᠠᠢ᠂ ᠲᠥᠪᠯᠡᠷᠡᠭᠰᠡᠨ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠭᠤᠣᠯ ᠬᠤᠳᠠ ᠶᠢᠨ ᠲᠣᠭᠤᠷᠢᠭ ᠢ ᠪᠦᠳᠦᠭᠡᠨ ᠪᠠᠶᠢᠭᠤᠯᠵᠤ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠨᠡᠮᠡᠭᠳᠡᠯ ᠤᠨ ᠲᠦᠢᠯ ᠢ ᠬᠦᠴᠦᠯᠡᠨ ᠴᠣᠭᠴᠠᠯᠠᠬᠤ ᠬᠡᠷᠡᠭᠲᠡᠢ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠴᠥᠬᠦᠷᠡᠰᠢ ᠦᠭᠡᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ᠂ ᠳᠡᠭᠡᠳᠦ ᠮᠡᠷᠭᠡᠵᠢᠯ ᠤᠨ ᠠᠵᠤ ᠦᠢᠯᠡᠰ᠂ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠠᠯᠬᠤᠴᠠ ᠶᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠠᠷᠠᠳ ᠨᠡᠶᠢᠲᠡ ᠪᠠᠷ ᠢᠶᠠᠨ ᠠᠷᠪᠢᠯᠠᠨ ᠭᠠᠮᠨᠠᠬᠤ ᠤᠬᠠᠮᠰᠠᠷ᠂ ᠣᠷᠴᠢᠨ ᠠᠬᠤᠶ ᠶᠢ ᠬᠠᠮᠠᠭᠠᠯᠠᠬᠤ ᠤᠬᠠᠮᠰᠠᠷ᠂ ᠠᠮᠢ ᠠᠬᠤᠶ ᠶᠢᠨ ᠤᠬᠠᠮᠰᠠᠷ ᠢ ᠴᠢᠩᠭᠠᠳᠬᠠᠵᠤ᠂ ᠳᠥᠭᠦᠮ ᠪᠥᠭᠡᠳ ᠲᠣᠬᠢᠷᠠᠮᠵᠢᠲᠠᠶ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠠᠮᠢ ᠠᠬᠤᠶ ᠶᠢᠨ ᠪᠣᠯᠪᠠᠰᠤᠨ ᠢ ᠡᠷᠬᠢᠮᠯᠡᠬᠦ ᠰᠠᠶᠢᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠶ᠃            ᠬᠤᠷᠠᠯ ᠠᠴᠠ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ ᠨᠠᠷᠢᠨ ᠲᠦᠷᠢᠮ︾᠎ ᠢ ᠤᠯᠠᠮᠵᠢᠯᠠᠨ ᠰᠤᠷᠤᠯᠴᠠᠵᠠᠢ᠃            ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠨᠠᠮ ᠤᠨ ᠨᠢᠭᠡ ᠵᠦᠢᠯ ᠤᠨ ᠲᠦᠢᠯ ᠤᠨ ᠴᠢᠬᠤᠯᠠ ᠠᠵᠢᠯ ᠪᠣᠯᠤᠨ᠎ᠠ᠃ ᠰᠢ ᠶᠢᠨ ᠫᠢᠩ ᠶᠡᠷᠦᠩᠬᠡᠶ ᠱᠦᠵᠢ ᠶᠢᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾᠎ ᠢ ᠪᠠᠲᠤ ᠪᠠᠬᠢ ᠪᠣᠶ ᠪᠣᠯᠭᠠᠵᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ᠂ ᠨᠠᠮ ᠤᠨ ᠲᠥᠷᠥ ᠪᠠᠷᠢᠬᠤ ᠰᠠᠭᠤᠷᠢ ᠶᠢ ᠪᠠᠬᠢᠵᠢᠭᠦᠯᠬᠦ᠂ ᠤᠯᠤᠰ ᠤᠨ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠳᠡᠭᠡᠳᠦ ᠬᠡᠮᠵᠢᠶᠡᠨ ᠠᠴᠠ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠬᠡᠷᠡᠭᠵᠢᠭᠦᠯᠬᠦ ᠦᠵᠡᠯ ᠰᠠᠨᠠᠭᠠᠨ ᠤ ᠤᠬᠠᠮᠰᠠᠷ ᠪᠠ ᠦᠶᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ ᠡᠷᠬᠡ ᠪᠠ ᠰᠠᠨᠠᠭᠠᠴᠢᠯᠠᠭᠠᠲᠤ ᠡᠷᠬᠡ ᠶᠢ ᠴᠢᠩᠭ᠎ᠠ ᠠᠳᠬᠤᠬᠤ ᠬᠡᠷᠡᠭᠲᠡᠶ᠃            ᠬᠤᠷᠠᠯ ᠠᠴᠠ᠂ ᠵᠥᠪ ᠤᠯᠤᠰ ᠲᠦᠷᠦ ᠶᠢᠨ ᠴᠢᠭᠯᠡᠯ ᠢ ᠪᠠᠷᠢᠮᠲᠠᠯᠠᠵᠤ᠂ ᠢᠮᠠᠭᠲᠠ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ  ᠬᠡᠮᠵᠢᠶ᠎ᠡ ᠪᠠᠷ ᠨᠢᠭᠡᠳᠦᠯᠲᠡᠢ ᠪᠠᠶᠢᠬᠤ ᠶᠢ ᠡᠷᠡᠰ ᠪᠠᠷᠢᠮᠲᠠᠯᠠᠬᠤ ᠬᠡᠷᠡᠭᠲᠡᠢ᠃ ︽ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶᠎ ᠶᠢᠨ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠤᠨ ᠨᠠᠷᠢᠨ ᠲᠦᠷᠢᠮ︾᠎ ᠤᠨ ᠱᠠᠭᠠᠷᠳᠠᠯᠭ᠎ᠠ ᠶᠣᠰᠣᠭᠠᠷ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠰᠠᠶᠢᠲᠤᠷ ᠬᠢᠬᠦ ᠤᠯᠤᠰ ᠲᠦᠷᠤ ᠶᠢᠨ ᠬᠠᠷᠢᠭᠤᠴᠠᠯᠭ᠎ᠠ ᠶᠢ ᠦᠨᠡᠨ ᠬᠦ ᠡᠭᠦᠷᠭᠡᠯᠡᠵᠦ᠂ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾᠎ ᠶᠢ ᠰᠠᠶᠢᠲᠤᠷ ᠭᠦᠢᠴᠡᠳᠬᠡᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠬᠤᠪᠢᠳᠠᠨ ᠬᠠᠮᠢᠶᠠᠷᠬᠤ ᠠᠵᠢᠯ ᠲᠠᠢ ᠬᠠᠮᠲᠤ ᠳᠤᠨᠢ ᠪᠠᠶᠢᠷᠢᠯᠠᠭᠤᠯᠵᠤ᠂ ᠬᠠᠮᠲᠤ ᠳᠤᠨᠢ ᠨᠠᠶᠢᠳᠠᠪᠤᠷᠢᠵᠢᠭᠤᠯᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠰᠠᠬᠢᠵᠤ᠂ ᠠᠵᠢᠯ ᠤᠨ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠲᠡᠶ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠤᠳᠤᠷᠢᠳᠬᠤ ᠪᠠᠭ᠂ ᠤᠳᠤᠷᠢᠳᠬᠤ ᠺᠠᠳ᠋ᠷᠴᠤᠳ ᠤᠨ ᠬᠠᠷᠠᠯᠲᠠᠲᠤ ᠬᠠᠮᠢᠶᠠᠷᠤᠯᠲᠠ ᠳᠤ ᠣᠷᠣᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃          ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢ᠊ ᠡᠶ᠎ᠡ ᠶᠢᠨ ᠡᠷᠬᠢᠯᠡᠭᠴᠢ ᠱᠢ ᠲᠠᠢ ᠹᠧᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠣᠯᠣᠳᠤᠭᠠᠷ ᠤᠳᠠᠭ᠎ᠠ ᠶᠢᠨ ᠬᠤᠷᠠᠯ ᠠᠴᠠ ᠲᠤᠰᠬᠠᠢ ᠴᠡᠭᠴᠡᠯᠡᠨ ᠵᠠᠰᠠᠬᠤ ᠠᠵᠢᠯ ᠢ ᠰᠤᠳᠤᠯᠬᠤ ᠦᠶ᠎ᠡ ᠶᠢᠨ ᠶᠠᠷᠢᠶ᠎ᠠ ᠶᠢ ᠤᠯᠠᠮᠵᠢᠯᠠᠨ ᠰᠤᠷᠤᠯᠴᠠᠵᠠᠢ᠃          ᠬᠤᠷᠠᠯ ᠠᠴᠠ᠂ ᠮᠠᠨ ᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰᠬᠠᠢ ᠴᠡᠭᠴᠡᠯᠡᠨ ᠵᠠᠰᠠᠬᠤ ᠠᠵᠢᠯ ᠢ ᠨᠢᠭᠡ ᠵᠦᠢᠯ ᠤᠨ ᠤᠯᠤᠰ ᠲᠦᠷᠦ ᠶᠢᠨ ᠡᠭᠦᠷᠭᠡ ᠪᠣᠯᠭᠠᠨ ᠠᠳᠬᠤᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠳᠤ ︽ᠵᠠᠰᠠᠪᠠᠰᠤ ᠵᠣᠬᠢᠬᠤ ᠶᠢ ᠨᠢ ᠵᠠᠪᠠᠯ ᠵᠠᠰᠠᠵᠤ᠂ ᠵᠠᠰᠠᠪᠠᠰᠤ ᠵᠣᠬᠢᠬᠤ ᠶᠢ ᠨᠢ ᠲᠦᠷᠭᠡᠨ ᠵᠠᠰᠠᠬᠤ︾᠎ ᠶᠢ ᠦᠨᠡᠨᠬᠦ ᠪᠡᠶᠡᠯᠡᠭᠦᠯᠬᠦ ᠬᠡᠷᠡᠭᠲᠡᠢ︔ ᠴᠡᠭᠴᠡᠯᠡᠨ ᠰᠠᠶᠢᠵᠢᠷᠠᠭᠤᠯᠬᠤ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠣᠯᠳᠠᠯᠭ᠎ᠠ ᠲᠠᠢ ᠠᠰᠠᠭᠤᠳᠠᠯ ᠢ ᠴᠢᠩᠭ᠎ᠠ ᠠᠩᠬᠠᠷᠴᠤ᠂ ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠵᠤ᠂ ᠴᠠᠭ ᠪᠠ ᠬᠦᠴᠦᠨ ᠢᠶᠠᠨ ᠲᠥᠪᠯᠡᠷᠡᠭᠦᠯᠵᠦ ᠪᠠᠶᠢᠭᠠᠳ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠪᠣᠳᠠᠲᠠᠢ ᠪᠥᠭᠡᠳ ᠨᠠᠷᠢᠯᠢᠭ ᠠᠳᠬᠤᠵᠤ᠂ ᠠᠰᠠᠭᠤᠳᠠᠯ ᠢ ᠲᠣᠳᠣᠷᠬᠠᠶᠢᠯᠠᠨ ᠪᠠᠶᠢᠴᠠᠭᠠᠬᠤ ᠶᠢ ᠲᠤᠤᠱᠲᠠᠢ ᠨᠠᠶᠢᠳᠠᠪᠤᠷᠢᠵᠢᠭᠤᠯᠵᠤ᠂ ᠴᠡᠭᠴᠡᠯᠡᠨ ᠵᠠᠰᠠᠬᠤ ᠠᠷᠭ᠎ᠠ  ᠬᠡᠮᠵᠢᠶ᠎ᠡ ᠶᠢ ᠲᠤᠤᠱᠲᠠᠢ ᠨᠠᠶᠢᠳᠠᠪᠤᠷᠢᠵᠢᠭᠤᠯᠵᠤ᠂ ᠢᠯᠵᠢᠷᠡᠯ ᠢ ᠭᠦᠨᠵᠡᠭᠡᠢ ᠠᠭᠤᠳᠠᠯᠤᠨ ᠲᠦᠢᠯᠪᠤᠷᠢᠲᠠᠢ ᠪᠠᠶᠢᠴᠠᠭᠠᠬᠤ ᠶᠢ ᠲᠤᠤᠱᠲᠠᠢ ᠪᠠᠲᠤᠯᠠᠬᠤ ᠬᠡᠷᠡᠭᠲᠡᠢ︔ ᠨᠠᠮᠴᠢ ᠴᠢᠨᠠᠷ ᠤᠨ ᠵᠠᠷᠴᠢᠮ ᠢ ᠪᠠᠷᠢᠮᠲᠠᠯᠠᠵᠤ᠂ ᠭᠤᠣᠯ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠳᠠᠷᠤᠯᠲᠠ ᠶᠢᠨ ᠬᠠᠷᠢᠭᠤᠴᠠᠯᠭ᠎ᠠ ᠶᠢ ᠱᠠᠳᠤ ᠱᠠᠳᠤ ᠪᠠᠷ ᠳᠠᠮᠵᠢᠭᠤᠯᠵᠤ᠂ ᠣᠪᠣᠷ ᠡᠷᠡᠰ ᠰᠢᠭᠤᠷᠬᠠᠢ᠂ ᠠᠵᠢᠯᠯᠠᠭ᠎ᠠ ᠲᠦᠷᠭᠡᠨ᠂ ᠠᠷᠭ᠎ᠠ ᠬᠡᠮᠵᠢᠶ᠎ᠡ ᠬᠦᠴᠦᠲᠡᠢ ᠪᠠᠶᠢᠬᠤ ᠶᠢ ᠦᠨᠡᠨᠬᠦ ᠪᠡᠶᠡᠯᠡᠭᠦᠯᠵᠦ᠂ ᠡᠯ᠎ᠡ ᠲᠦᠷᠦᠯ ᠤᠨ ᠠᠰᠠᠭᠤᠳᠠᠯ ᠢ ᠦᠨᠡᠨᠬᠦ ᠨᠠᠷᠢᠨ ᠪᠠᠶᠢᠴᠠᠭᠠᠨ ᠲᠣᠳᠣᠷᠬᠠᠶᠢᠯᠠᠵᠤ᠂ ᠴᠡᠭᠴᠡᠯᠡᠨ ᠵᠠᠰᠠᠬᠤ ᠶᠢ ᠪᠣᠳᠠᠲᠠᠢ ᠳᠤ ᠨᠠᠶᠢᠳᠠᠪᠤᠷᠢᠵᠢᠭᠤᠯᠵᠤ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠠᠵᠢᠯ ᠢ ᠴᠢᠨᠠᠷ ᠰᠠᠶᠢᠲᠠᠢ ᠪᠡᠶᠡᠯᠡᠭᠦᠯᠵᠦ᠂ ᠵᠢᠨᠢᠩ ᠲᠣᠭᠤᠷᠢᠭ ᠤᠨ ᠠᠵᠤ ᠠᠬᠤᠢ ᠨᠡᠶᠢᠭᠡᠮ ᠤᠨ ᠡᠷᠡᠭᠦᠯ᠂ ᠴᠢᠨᠠᠷ ᠰᠠᠶᠢᠲᠠᠢ᠂ ᠡᠮᠬᠢ ᠵᠢᠷᠤᠮ ᠲᠠᠢ ᠬᠥᠭᠵᠢᠯᠲᠡ ᠳᠤ ᠪᠠᠲᠤ ᠴᠢᠩᠭ᠎ᠠ ᠤᠯᠤᠰ ᠲᠦᠷᠦ ᠶᠢᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃          ᠬᠤᠷᠠᠯ ᠠᠴᠠ ︽ᠵᠢᠨᠢᠩ ᠲᠣᠭᠤᠷᠢᠭ ᠤᠨ ᠤᠰᠤ ᠬᠠᠩᠭᠠᠬᠤ ᠤᠰᠤ ᠵᠠᠯᠠᠬᠤ ᠶᠢ ᠨᠢᠭᠡ ᠴᠤᠬᠴᠠᠵᠢᠭᠤᠯᠤᠬᠰᠠᠨ ᠣᠨᠴᠠ ᠵᠥᠪᠰᠢᠶᠡᠷᠡᠯ ᠤᠨ ᠡᠵᠡᠩᠨᠡᠯᠲᠡ ᠶᠢᠨ ᠲᠦᠷᠦᠯ ᠵᠦᠢᠯ ᠤᠨ ᠬᠡᠷᠡᠭᠵᠢᠭᠦᠯᠬᠦ ᠲᠥᠰᠦᠯ ︵ᠬᠦᠷᠭᠡᠨ ᠬᠢᠨᠠᠭᠤᠯᠬᠤ ᠨᠤᠤᠷᠠᠭ︶︾᠎ ᠢ ᠰᠤᠳᠤᠯᠤᠨ ᠬᠢᠨᠠᠨ ᠵᠥᠪᠯᠡᠪᠡ︔ ᠹᠦ᠋ ᠷᠦᠢ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠲᠥᠷᠥᠯ ᠵᠦᠶᠯ ᠤᠨ ᠭᠠᠵᠠᠷ ᠰᠢᠷᠣᠶ ᠶᠢᠨ ᠦᠯᠡᠳᠡᠭᠳᠡᠯ ᠤᠨ ᠠᠰᠠᠭᠤᠳᠠᠯ ᠤᠨ ᠬᠠᠮᠢᠶ᠎ᠠ ᠪᠥᠬᠦᠶ ᠤᠴᠢᠷ ᠵᠡᠷᠭᠡ ᠶᠢ ᠰᠤᠳᠤᠯᠤᠨ ᠬᠢᠨᠠᠨ ᠵᠥᠪᠯᠡᠪᠡ᠃ ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠰᠡᠳᠬᠢᠴᠡ ᠶᠢᠨ ᠪᠠᠶᠢᠷᠢ ᠲᠣᠭᠲᠠᠭᠠᠯᠲᠠ᠂ ᠬᠠᠷᠢᠭᠤᠴᠠᠯᠭ᠎ᠠ ᠶᠢᠨ ᠬᠤᠪᠢᠶᠠᠷᠢᠯᠠᠯ᠂ ᠬᠡᠷᠡᠭᠵᠢᠭᠦᠯᠬᠦ ᠠᠷᠭ᠎ᠠ ᠵᠠᠮ ᠪᠣᠯᠤᠨ ᠬᠠᠷᠠᠯᠲᠠ ᠡᠭᠦᠷᠭᠡ ᠪᠠᠨ ᠴᠢᠨᠠᠭᠰᠢᠳᠠ ᠲᠣᠳᠣᠷᠬᠠᠶᠢᠯᠠᠵᠤ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠭᠦᠷᠭᠡᠯᠡᠯ ᠢ ᠴᠢᠩᠭᠠᠳᠬᠠᠵᠤ᠂ ᠨᠢᠭᠲᠠ ᠵᠣᠬᠢᠴᠠᠭᠤᠯᠤᠨ ᠬᠠᠮᠵᠢᠯᠴᠠᠵᠤ᠂ ᠬᠤᠷᠠᠯ ᠤᠨ ᠶᠠᠷᠢᠯᠴᠠᠭᠰᠠᠨ ᠰᠠᠨᠠᠯ ᠢ ᠨᠠᠷᠢᠨ ᠬᠢᠨᠠᠮᠠᠭᠠᠢ ᠬᠦᠯᠢᠶᠡᠨ ᠠᠪᠴᠤ᠂ ᠵᠥᠪᠯᠡᠬᠦ ᠰᠡᠳᠦᠪ ᠤᠨ ᠲᠥᠰᠦᠯ ᠤᠨ ᠠᠭᠤᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃          ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                      
 
ᠢᠷᠡᠯᠲᠡ᠄ ᠵᠢᠨᠢᠩ ᠲᠣᠭᠤᠷᠢᠭ ᠤᠨᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2