ᠵᠢᠨᠢᠩ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ ᠤ 2021 ᠣᠨ ᠤ 4 ᠳ᠋ᠦᠭᠡᠷ ᠤᠳᠠᠭᠠᠨ ᠤ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2021/5/28
             2021 ᠣᠨ ᠤ 3 ᠰᠠᠷ᠎ᠠ ᠶᠢᠨ 12᠎ ᠤ ᠡᠳᠦᠷ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠵᠢᠢ ᠬᠤᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ 4 ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽ᠬᠠᠲᠤᠨ ᠭᠤᠣᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠪᠦᠬᠦ ᠲᠠᠯ᠎ᠠ ᠪᠠᠷ ᠬᠥᠭᠵᠢᠭᠦᠯᠦᠨ ᠬᠥᠳᠡᠭᠡ ᠲᠣᠰᠬᠤᠨ ᠢ ᠬᠥᠭᠵᠢᠭᠦᠯᠦᠨ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾᠎ ᠢ ᠤᠬᠠᠭᠤᠯᠤᠨ ᠰᠤᠷᠤᠯᠴᠠᠵᠤ᠂ ᠰᠢᠷ᠎ᠠ ᠬᠤᠰᠢᠭᠤᠨ ᠤ ᠳᠠᠯᠠᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠲᠤᠬᠠᠢ ᠰᠤᠳᠤᠯᠤᠨ ᠶᠠᠷᠢᠯᠴᠠᠪᠠ᠃ ᠣᠳᠣ ᠬᠤᠷᠠᠯ ᠤᠨ ᠭᠤᠣᠯ ᠵᠣᠷᠢᠭ ᠰᠠᠨᠠᠭᠠᠨ ᠤ ᠲᠣᠪᠴᠢ ᠲᠡᠮᠳᠡᠭᠯᠡᠯ ᠳᠣᠣᠷᠠᠬᠢ ᠮᠡᠲᠦ              ᠬᠤᠷᠠᠯ ᠳᠡᠭᠡᠷ᠎ᠡ ᠱᠢ ᠶᠢᠨ ᠫᠢᠩ ᠤᠨ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ᠂ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠬᠤᠷᠢᠨ ᠳᠣᠯᠣᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠵᠠᠢ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠲᠦᠷᠭᠡᠳᠬᠡᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠯᠠᠭᠠᠨᠴᠠᠪ ᠬᠤᠲᠠ ᠶᠢᠨ 2021 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠤᠯᠠᠮᠵᠢᠯᠠᠨ ᠰᠤᠷᠤᠯᠴᠠᠵᠠᠢ᠃              ᠬᠤᠷᠠᠯ ᠠᠴᠠ᠂ ᠶᠡᠷᠦᠩᠬᠡᠢ ᠱᠦᠵᠢ ᠱᠢ ᠶᠢᠨ ᠫᠢᠩ ᠤᠨ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷ᠎ᠡ ᠲᠠᠯᠪᠢᠭᠰᠠᠨ ᠴᠢᠬᠤᠯᠠ ᠶᠠᠷᠢᠶ᠎ᠠ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠡᠷᠡᠯ ᠰᠠᠴᠤᠷᠠᠩᠭᠤᠢ ᠲᠡᠦᠬᠡ ᠪᠣᠯᠤᠨ ᠡᠷᠬᠢᠮ ᠨᠠᠨᠳᠢᠨ ᠲᠤᠷᠰᠢᠯᠭ᠎ᠠ ᠶᠢ ᠭᠦᠨᠵᠡᠭᠡᠢ ᠳ᠋ᠦᠩᠨᠡᠵᠦ᠂ ᠠᠭᠤᠤ ᠶᠡᠭᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠣᠷᠢᠭ ᠰᠠᠨᠠᠭ᠎ᠠ ᠶᠢ ᠭᠦᠨᠵᠡᠭᠡᠢ ᠲᠣᠭᠠᠴᠢᠵᠠᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠨᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠠᠩᠬᠠᠨ ᠤ ᠵᠣᠷᠢᠭ ᠢᠶᠠᠨ ᠬᠠᠲᠠᠭᠤᠵᠢᠭᠤᠯᠵᠤ᠂ ᠢᠲᠡᠭᠡᠯ ᠵᠣᠷᠢᠭ ᠢᠶᠠᠨ ᠬᠥᠪᠴᠢᠯᠡᠨ᠂ ᠳᠠᠪᠠᠭᠤᠯᠢᠭ ᠢᠶᠠᠨ ᠪᠠᠳᠠᠷᠠᠭᠤᠯᠤᠨ᠂ ᠦᠷᠭᠦᠯᠵᠢᠯᠡᠨ ᠲᠡᠮᠡᠴᠡᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠯ᠎ᠡ ᠵᠦᠢᠯ ᠤᠨ ᠠᠵᠢᠯ ᠲᠠᠢ ᠪᠦᠲᠦᠮᠵᠢᠲᠡᠢ ᠵᠣᠯᠭᠠᠭᠤᠯᠬᠤ ᠠᠵᠢᠯ ᠢ ᠦᠨᠡᠨᠬᠦ ᠰᠠᠶᠢᠲᠤᠷ ᠬᠢᠵᠦ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠵᠤ᠂ ᠲᠠᠷᠢᠶᠠᠯᠠᠩ ᠤᠨ ᠥᠨᠳᠥᠷ ᠴᠢᠨᠠᠷ ᠰᠠᠶᠢᠲᠠᠢ ᠥᠨᠳᠥᠷ ᠦᠷ᠎ᠡ ᠪᠦᠲᠦᠮᠵᠢᠲᠡᠢ᠂ ᠬᠥᠳᠡᠭᠡ ᠲᠣᠰᠬᠤᠨ ᠤ ᠣᠷᠣᠰᠢᠨ ᠠᠮᠢᠳᠤᠷᠠᠬᠤ ᠳᠤ ᠲᠠᠭᠠᠯᠠᠮᠵᠢᠲᠠᠢ᠂ ᠲᠠᠷᠢᠶᠠᠴᠢᠳ ᠤᠨ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠬᠤ ᠬᠡᠷᠡᠭᠲᠡᠢ᠃ 2021 ᠣᠨ ᠤ ᠬᠤᠲᠠ ᠶᠢᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠤᠯᠠᠭᠠᠨᠴᠠᠪ ᠬᠤᠲᠠ ᠶᠢᠨ ᠬᠥᠭᠵᠢᠯ ᠮᠠᠨᠳᠤᠯ ᠤᠨ ᠠᠤᠭ᠎ᠠ ᠲᠥᠰᠥᠪ ᠢ ᠵᠢᠷᠤᠭᠯᠠᠵᠤ᠂ ᠢᠲᠡᠭᠡᠯ ᠵᠣᠷᠢᠭ ᠢ ᠬᠥᠪᠴᠢᠯᠡᠨ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠡᠷᠬᠡᠪᠰᠢ ᠳ᠋ᠦᠩᠨᠡᠬᠦ ᠬᠡᠷᠡᠭᠲᠡᠢ᠃             ᠬᠤᠷᠠᠯ ᠠᠴᠠ ᠬᠤᠸᠠᠩ ᠴᠢ ᠬᠠᠢ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠠᠰᠠᠭᠤᠳᠠᠯ ᠢ ᠴᠡᠭᠴᠡᠯᠡᠨ ᠥᠭᠡᠷᠡᠴᠢᠯᠡᠬᠦ ᠵᠢᠴᠢ ᠪᠠ ᠪᠠ ᠸᠠᠩ ᠾᠧ ᠨᠤᠭᠤ ᠭᠠᠵᠠᠷ ᠤᠨ ᠴᠡᠴᠡᠷᠯᠢᠭ ᠢ ᠰᠡᠯᠪᠢᠨ ᠵᠠᠰᠠᠬᠤ ᠲᠥᠷᠥᠯ ᠵᠦᠢᠯ᠂ ᠭᠡᠷ ᠪᠠᠶ᠋ᠢᠰᠢᠩ ᠭᠠᠵᠠᠷ ᠬᠥᠷᠥᠩᠭᠡ ᠶᠢᠨ ᠬᠦᠷᠢᠶ᠎ᠡ ᠴᠠᠷᠠᠭ᠎ᠠ ᠶᠢᠨ ︽ᠨᠢᠭᠡ ᠭᠡᠷ ᠢ ᠣᠯᠠᠨ ᠦᠨ᠎ᠡ ᠪᠠᠷ ᠬᠤᠳᠠᠯᠳᠤᠬᠤ︾ ᠲᠤᠰᠬᠠᠢ ᠲᠥᠷᠥᠯ ᠢᠶᠠᠷ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠬᠦ ᠲᠤᠬᠠᠢ ᠬᠡᠷᠡᠭᠵᠢᠭᠦᠯᠬᠦ ᠲᠥᠰᠦᠯ᠂ ᠦᠷᠭᠦᠯᠵᠢ ᠵᠢᠨᠢᠩ ᠲᠣᠭᠤᠷᠢᠭ ᠲᠤ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠲᠡᠷᠭᠡᠨ ᠳᠤ ᠰᠠᠭᠤᠬᠤ ᠺᠠᠷᠲ ᠢ ᠰᠦᠢᠳᠬᠡᠯ ᠬᠤᠷᠢᠶᠠᠬᠤ ᠦᠭᠡᠢ ᠪᠠᠷ ᠭᠦᠢᠴᠡᠳᠬᠡᠵᠦ ᠥᠭᠬᠦ ᠵᠡᠷᠭᠡ ᠬᠠᠮᠢᠶ᠎ᠠ ᠪᠥᠬᠦᠢ ᠵᠦᠢᠯᠡᠰ ᠢ ᠰᠤᠳᠤᠯᠤᠨ ᠬᠢᠨᠠᠨ ᠶᠠᠷᠢᠯᠴᠠᠪᠠ᠃             ᠬᠤᠷᠠᠯ ᠠᠴᠠ ᠱᠠᠭᠠᠷᠳᠠᠭᠰᠠᠨ ᠨᠢ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠵᠢᠯ ᠤᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ ᠬᠤᠷᠠᠯ ᠳᠤ ᠶᠠᠷᠢᠯᠴᠠᠨ ᠰᠠᠨᠠᠯ ᠢᠶᠡᠨ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠢ ᠪᠣᠯᠭᠠᠬᠤ ᠪᠠ ᠪᠡᠶᠡᠯᠡᠭᠦᠯᠬᠦ ᠴᠠᠭ ᠤᠨ ᠬᠢᠵᠠᠭᠠᠷ ᠢ ᠴᠢᠩᠭᠠᠳᠬᠠᠵᠤ ᠡᠯ᠎ᠡ ᠲᠥᠷᠥᠯ ᠤᠨ ᠲᠥᠷᠥᠯ ᠵᠦᠢᠯ ᠤᠨ ᠢᠨᠵᠧᠨᠧᠷᠢᠩ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠡᠷᠡᠭᠵᠢᠭᠦᠯᠬᠦ ᠬᠡᠷᠡᠭᠲᠡᠢ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠵᠢᠯ ᠤᠨ ᠡᠬᠡ ᠳᠠᠩᠰᠠ ᠶᠢ ᠨᠠᠷᠢᠨ ᠬᠢᠨᠠᠮᠠᠭᠠᠢ ᠡᠮᠬᠢᠯᠡᠨ ᠪᠠᠶᠢᠭᠤᠯᠵᠤ᠂ ᠬᠢᠨᠠᠨ ᠪᠠᠶᠢᠴᠠᠭᠠᠵᠤ ᠨᠠᠶᠢᠳᠠᠪᠤᠷᠢᠵᠢᠭᠤᠯᠬᠤ᠂ ᠦᠷ᠎ᠡ ᠠᠰᠢᠭ ᠢ ᠮᠥᠷᠳᠡᠨ ᠠᠰᠠᠭᠤᠬᠤ ᠲᠣᠭᠲᠠᠯᠴᠠᠭ᠎ᠠ ᠶᠢ ᠲᠡᠭᠦᠯᠳᠡᠷᠵᠢᠭᠦᠯᠦᠨ᠂ ᠡᠯ᠎ᠡ ᠲᠥᠷᠥᠯ ᠤᠨ ᠠᠵᠢᠯ ᠢ ᠯᠠᠪᠳᠠᠭᠤᠨ ᠪᠠᠲᠤᠲᠠᠢ ᠡᠮᠬᠢ ᠳᠢᠭᠯᠢᠮ ᠲᠠᠢ ᠠᠬᠢᠭᠤᠯᠬᠤ ᠬᠡᠷᠡᠭᠲᠡᠢ᠃
 
ᠢᠷᠡᠯᠲᠡ᠄ ᠵᠢᠨᠢᠩ ᠲᠣᠭᠤᠷᠢᠭ ᠤᠨ ᠠᠷᠠᠳ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2