ᠵᠢᠨᠢᠩ ᠲᠣᠭᠤᠷᠢᠭ ᠤᠨ ᠨᠠᠮ ᠤᠨ ᠬᠤᠷᠢ᠊ ᠡᠶ᠎ᠡ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠪᠤᠳᠤᠭᠠᠷ ᠲᠤᠰᠬᠠᠢ ᠰᠡᠳᠦᠪᠲᠦ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/6/21
       6 ᠰᠠᠷ᠎ᠠ ᠶᠢᠨ 18᠎ ᠤ ᠡᠳᠦᠷ᠂ ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠵᠢᠴᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠪᠤᠳᠤᠭᠠᠷ ᠲᠤᠰᠬᠠᠢ ᠰᠡᠳᠦᠪᠲᠦ ᠬᠠᠮᠲᠤ ᠶᠢᠨ ᠰᠤᠷᠤᠯᠴᠠᠯᠭ᠎ᠠ ︵ᠥᠷᠭᠡᠳᠬᠡᠭᠰᠡᠨ︶᠎ ᠶᠢᠨ ᠬᠤᠷᠠᠯ ᠬᠤᠷᠠᠯᠳᠤᠪᠠ᠃         ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠢᠤᠢ ᠯᠦᠩ᠂  ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠦᠩ ᠢ ᠬᠤᠷᠠᠯ ᠳᠤ ᠣᠷᠣᠯᠴᠠᠪᠠ᠃        ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ᠂ ᠰᠢᠭᠦᠬᠦ  ᠬᠤᠷᠢᠶ᠎ᠠ ᠪᠠᠶᠢᠴᠠᠭᠠᠬᠤ  ᠬᠤᠷᠢᠶ᠎ᠠ  ᠶᠢᠨ ᠳᠡᠳ᠋ ᠭᠠᠵᠠᠷ ᠤᠨ ᠲᠡᠰ ᠠᠴᠠ ᠳᠡᠭᠡᠭᠰᠢᠬᠢ ᠭᠡᠷ ᠲᠡᠭᠡᠨ ᠪᠠᠶᠢᠭ᠎ᠠ ᠤᠳᠤᠷᠢᠳᠤᠯᠭ᠎ᠠ ᠪᠣᠯᠤᠨ ᠪᠦᠬᠦ  ᠲᠤᠭᠤᠷᠢᠭ ᠤᠨ ᠳᠡᠳ᠋ ᠰᠠᠯᠠᠭ᠎ᠠ ᠶᠢᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ ᠬᠤᠷᠠᠯ ᠳᠤ ᠣᠷᠣᠯᠴᠠᠪᠠ᠃        ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠣᠭᠤᠷᠢᠨ ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠥᠪᠥᠷ ᠮᠣᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠮᠠᠷᠺᠰ ᠤᠨ ᠦᠵᠡᠯ ᠤᠨ ᠳᠡᠭᠡᠳᠦ ᠰᠤᠷᠭᠠᠭᠤᠯᠢ ᠶᠢᠨ ᠫᠷᠤᠹᠧᠰᠰᠤᠷ ᠸᠠᠩ ᠯᠢ ᠬᠤᠸᠠ ᠶᠢ ᠤᠷᠢᠵᠤ᠂ ︽ᠰᠢᠨ᠎ᠡ ᠵᠢᠷᠤᠭ ᠲᠥᠯᠥᠪᠯᠡᠭᠡ ᠶᠢ ᠵᠢᠷᠤᠭᠯᠠᠵᠤ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠶ᠎ᠠ︾ ᠭᠡᠬᠦ ᠰᠡᠳᠦᠪ ᠢᠶᠠᠷ ᠲᠤᠰᠬᠠᠢ ᠰᠡᠳᠦᠪᠲᠦ ᠲᠠᠶᠢᠯᠤᠮᠵᠢ ᠬᠢᠵᠡᠢ᠃ ᠸᠠᠩ ᠯᠢ ᠬᠤᠸᠠ ᠫᠷᠤᠹᠧᠰᠰᠤᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠠᠷᠪᠠᠨ ᠨᠠᠢᠮᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠨᠠᠰᠢᠬᠢ ᠲᠡᠦᠬᠡ ᠶᠢᠨ ᠠᠭᠤᠯᠭ᠎ᠠ ᠶᠢᠨ ᠲᠣᠭᠤᠷᠢᠨ ᠳᠤ᠂ ᠶᠠᠭᠤᠨ ᠤ ᠤᠴᠢᠷ ᠠᠴᠠ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠦᠬᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠭᠡᠷᠡᠯ ᠰᠠᠴᠤᠷᠠᠩᠭᠤᠢ ᠲᠡᠦᠬᠡ ᠶᠢᠨ ᠦᠨᠳᠦᠰᠦᠨ ᠰᠤᠳᠠᠰᠤ ᠶᠢ ᠰᠤᠷᠤᠯᠴᠠᠬᠤ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢ ᠰᠤᠷᠤᠯᠴᠠᠬᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠬᠢᠵᠢᠭᠦᠯᠬᠦ ᠵᠡᠷᠭᠡ ᠳᠦᠷᠪᠡᠨ ᠲᠠᠯ᠎ᠠ ᠠᠴᠠ ᠰᠢᠰᠲ᠋ᠧᠮ ᠲᠠᠢ ᠲᠠᠶᠢᠯᠤᠮᠵᠢ ᠬᠢᠵᠡᠢ᠃ ᠲᠠᠶᠢᠯᠤᠮᠵᠢ ᠶᠢᠨ ᠠᠭᠤᠯᠭ᠎ᠠ ᠶᠢᠨ ᠭᠤᠤᠯ ᠰᠡᠳᠦᠪ ᠨᠢ ᠲᠣᠪᠤᠶᠢᠮ᠎ᠠ᠂ ᠠᠭᠤᠯᠤᠭᠳᠠᠬᠤᠨ ᠨᠢ ᠪᠠᠶᠠᠯᠢᠭ᠂ ᠭᠦᠨᠵᠡᠭᠡᠶ ᠪᠥᠭᠡᠳ ᠣᠶᠢᠯᠠᠭᠠᠮᠵᠢᠲᠠᠶ᠂ ᠥᠭᠦᠯᠡᠨ ᠲᠣᠭᠠᠴᠢᠭᠰᠠᠨ ᠨᠢ ᠭᠤᠶᠢᠳᠠ ᠪᠠᠶᠢᠵᠤ᠂ ᠣᠨᠣᠯᠴᠢ ᠴᠢᠨᠠᠷ᠂ ᠦᠵᠡᠯ ᠰᠠᠨᠠᠭᠠᠴᠢ ᠴᠢᠨᠠᠷ᠂ ᠵᠢᠯᠣᠭᠤᠳᠬᠤ ᠴᠢᠨᠠᠷ ᠢᠶᠠᠷ ᠮᠠᠰᠢ ᠴᠢᠩᠭ᠎ᠠ  ᠪᠠᠶᠢᠪᠠ᠃         ᠲᠤᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᠵᠢᠩ ᠬᠤᠷᠠᠯ ᠢ ᠡᠷᠭᠢᠯᠡᠪᠡ᠃ ᠬᠤᠷᠠᠯ ᠠᠴᠠ᠂ ᠪᠦᠬᠦ  ᠲᠤᠭᠤᠷᠢᠭ ᠤᠨ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠣᠯᠤᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠢᠮᠠᠭᠲᠠ ᠪᠠᠷᠢᠮᠲᠠᠯᠠᠵᠤ᠂ ᠥᠪᠡᠷ ᠢᠶᠠᠨ ᠰᠤᠷᠤᠯᠴᠠᠬᠤ ᠶᠢ ᠨᠠᠷᠢᠨ ᠬᠢᠨᠠᠮᠠᠭᠠᠢ ᠥᠷᠨᠢᠭᠦᠯᠵᠦ᠂ ᠰᠤᠷᠤᠯᠴᠠᠯᠭ᠎ᠠ ᠰᠤᠳᠤᠯᠤᠨ ᠶᠠᠷᠢᠯᠴᠠᠬᠤ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠤᠨᠤᠯ ᠤᠨ ᠰᠢᠯᠭᠠᠯᠲᠠ ᠶᠢ ᠢᠳᠡᠪᠬᠢᠲᠡᠢ ᠥᠷᠨᠢᠭᠦᠯᠵᠦ᠂ ᠰᠤᠷᠤᠯᠴᠠᠯᠭ᠎ᠠ ᠬᠥᠮᠦᠵᠢᠯ ᠢ ᠲᠠᠷᠢᠬᠢ ᠲᠣᠯᠣᠭᠠᠢ ᠳᠤ ᠬᠠᠳᠠᠩᠰᠢᠭᠤᠯᠵᠤ ᠰᠡᠳᠬᠢᠯ ᠳᠤ ᠬᠠᠳᠠᠩᠰᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠪᠠ᠃ ︽ᠲᠡᠦᠬᠡ ᠰᠤᠷᠤᠯᠴᠠᠵᠦ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠤᠯᠴᠠᠵᠦ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠤᠯᠴᠠᠵᠦ ᠶᠣᠰᠣ ᠰᠤᠷᠲᠠᠬᠤᠨ ᠢ ᠡᠷᠬᠢᠮᠯᠡᠬᠦ᠂ ᠲᠡᠦᠬᠡ ᠰᠤᠷᠤᠯᠴᠠᠵᠦ ᠴᠢᠷᠮᠠᠶᠢᠨ ᠬᠡᠷᠡᠭᠵᠢᠭᠦᠯᠬᠦ︾ ᠬᠠᠷᠠᠯᠲᠠ ᠱᠠᠭᠠᠷᠳᠠᠯᠭ᠎ᠠ ᠶᠢ ᠪᠠᠲᠤ ᠡᠵᠡᠮᠳᠡᠵᠦ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠣᠶᠢᠯᠠᠭᠠᠬᠤ᠂ ᠪᠣᠳᠠᠲᠤ ᠶᠠᠪᠤᠳᠠᠯ ᠬᠢᠬᠦ᠂ ᠰᠢᠨ᠎ᠡ ᠪᠠᠶᠢᠳᠠᠯ ᠢ ᠨᠡᠭᠡᠭᠡᠬᠦ ᠶᠢ ᠰᠤᠷᠤᠯᠴᠠᠯᠭ᠎ᠠ ᠬᠥᠮᠦᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠤᠨ ᠡᠭᠦᠷᠭᠡ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠪᠡᠶᠡᠯᠡᠭᠦᠯᠵᠦ᠂ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠣᠷᠭᠢᠯᠣᠭᠰᠠᠨ ᠬᠠᠯᠠᠭᠤᠨ ᠰᠡᠳᠬᠢᠯᠭᠡ ᠶᠢ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠪᠦᠬᠦ  ᠲᠤᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ  ᠭᠡᠵᠡᠢ᠃                                       ᠵᠢᠷᠤᠭ᠄ ᠴᠢᠶᠤᠤ ᠮᠢᠨ                                       ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ  ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2