︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠲᠠᠰᠤᠷᠠᠯᠲᠠ ᠥᠬᠡᠶ ᠰᠢᠯᠢᠳᠡᠭᠵᠢᠭᠦᠯᠦᠨ ᠴᠢᠨᠠᠷ ᠰᠠᠶᠢᠲᠠᠶ ᠬᠥᠭᠵᠢᠯᠲᠡ ᠳᠤ ᠨᠠᠩ ᠰᠢᠯᠢᠳᠡᠭ ᠵᠠᠰᠠᠭ ᠤᠨ ᠶᠠᠪᠤᠳᠠᠯ ᠤᠨ ᠦᠶᠯᠡᠴᠢᠯᠡᠭᠡ ᠬᠠᠨᠭ᠍ᠭᠠᠬᠤ ᠬᠡᠷᠡᠭᠲᠡᠢ
ᠨᠡᠶᠢᠲᠡᠯᠡᠭᠰᠡᠨ ᠴᠠᠭ᠄
2021/6/21
ᠰᠤᠷᠪᠤᠯᠵᠢᠯᠠᠭᠰᠠᠨ ᠵᠤᠴᠢᠨ᠄  ᠎ ᠪᠠᠨ ᠰᠢᠦ ᠫᠢᠡᠭᠰᠤᠷᠪᠤᠯᠵᠢᠯᠠᠭᠰᠠᠨ  ᠴᠠᠭ᠄ 2021.5.27       ᠰᠤᠷᠪᠤᠯᠵᠢᠯᠠᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ  ᠤᠤ  ᠂ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶ᠎ᠡ ᠶᠢᠨ ᠰᠦᠯᠵᠢᠶᠡᠨ ᠳᠡᠭᠡᠷᠡᠬᠢ   ᠰᠤᠷᠪᠤᠯᠵᠢᠯᠠᠭ᠎ᠠ ᠳᠤ ᠠᠩᠬᠠᠷᠤᠯ ᠲᠠᠯᠪᠢᠬᠤ ᠶᠢ ᠪᠠᠶᠠᠷᠯᠠᠨ ᠤᠭᠲᠤᠵᠤ ᠪᠠᠶᠢᠨ᠎ᠠ᠃ ᠥᠨᠥᠳᠦᠷ ᠤᠨ ᠰᠤᠷᠪᠤᠯᠵᠢᠯᠠᠭ᠎ᠠ ᠳᠤ ᠪᠢᠳᠡ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ᠂ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠪᠠᠨ ᠰᠢᠤ ᠫᠢᠩ ᠨᠥᠬᠦᠷ ᠢ ᠤᠷᠢᠪᠠ᠃ ᠲᠡᠷᠡ ᠵᠢᠨᠢᠩ ᠲᠣᠭᠤᠷᠢᠭ ᠤᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠭᠰᠡᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠶᠢ ᠬᠦᠰᠡᠪᠡ᠃      ᠎ ᠪᠠᠨ ᠰᠢᠤ ᠫᠢᠩ᠄ ᠬᠥᠲᠥᠯᠥᠭᠴᠢ ᠰᠠᠶᠢᠨ  ᠤᠤ᠂ ᠰᠦᠯᠵᠢᠶᠡᠨ ᠤ ᠠᠨᠳᠠ ᠨᠠᠷ ᠰᠠᠶᠢᠨ  ᠤᠤ᠂ ᠡᠨᠡ ᠤᠳᠠᠭᠠᠨ ᠤ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠳᠤ ᠣᠷᠣᠯᠴᠠᠵᠤ᠂ ᠣᠯᠠᠨ ᠲᠠᠢ ᠰᠦᠯᠵᠢᠶᠡᠨ ᠳᠡᠭᠡᠷ᠎ᠡ ᠰᠠᠨᠠᠯ ᠢᠶᠠᠨ ᠰᠣᠯᠢᠯᠴᠠᠬᠤ ᠪᠣᠯᠤᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃      ᠰᠤᠷᠪᠤᠯᠵᠢᠯᠠᠭᠴᠢ᠄  ᠪᠢᠳᠡᠨ ᠤ ᠮᠡᠳᠡᠭᠡᠵᠢ ᠪᠠᠷ᠂ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ᠠᠵᠢᠯ ᠤᠨ ᠲᠠᠰᠤᠷᠠᠯᠲᠠ ᠥᠬᠡᠶ ᠭᠦᠨᠵᠡᠭᠡᠶᠢᠷᠡᠬᠦ ᠶᠢ ᠳᠠᠭᠠᠯᠳᠤᠨ᠂ ᠵᠢᠨᠢᠩ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠯᠠᠮ ᠨᠢᠭᠡ ᠠᠯᠬᠤᠮ ᠰᠢᠯᠢᠳᠡᠭᠵᠢᠵᠡᠶ᠂ ᠡᠩ ᠲᠡᠷᠢᠭᠦᠨ ᠳᠤ ᠵᠢᠨᠢᠩ ᠲᠣᠭᠤᠷᠢᠭ ᠤᠨ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ᠪᠠᠶᠢᠷᠢᠯᠠᠭᠤᠯᠤᠯᠲᠠ ᠶᠢ ᠬᠡᠷᠬᠢᠨ ᠨᠠᠶᠢᠳᠠᠪᠤᠷᠢᠵᠢᠭᠤᠯᠤᠭᠰᠠᠨ ᠲᠤᠬᠠᠶ ᠶᠠᠷᠢᠭᠠᠷᠠᠶ᠃     ᠎ ᠪᠠᠨ ᠰᠢᠤ ᠫᠢᠩ᠄ ᠵᠠ᠂ ᠬᠥᠲᠥᠯᠥᠭᠴᠢ ᠡ᠃ ᠵᠢᠨᠢᠩ ᠲᠣᠭᠤᠷᠢᠭ ᠤᠨ ᠬᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠵᠠᠰᠠᠭ ᠤᠨ ᠣᠷᠳᠣᠨ ᠤ ᠡᠭᠦᠷᠭᠡ ᠴᠢᠳᠠᠪᠬᠢ ᠶᠢ ᠬᠤᠪᠢᠷᠠᠭᠤᠯᠬᠤ ᠪᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠵᠣᠬᠢᠴᠠᠭᠤᠯᠬᠤ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠳᠣᠤᠷ᠎ᠠ ᠨᠢ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠢ ᠴᠣᠮᠬᠠᠳᠬᠠᠬᠤ᠂ ᠬᠤᠳᠠᠯᠳᠤᠭ᠎ᠠ  ᠡᠵᠡᠭᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠠᠳᠠᠯ ᠦᠶᠯᠡᠰ ᠴᠣᠭᠴᠠᠯᠠᠵᠤ ᠰᠢᠨ᠎ᠡ ᠶᠢ ᠡᠭᠦᠳᠬᠦ ᠶᠢ ᠤᠷᠮᠠᠰᠢᠭᠤᠯᠬᠤ᠂ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠨᠡᠶᠢᠭᠡᠮ ᠤᠨ ᠦᠶᠯᠡᠴᠢᠯᠡᠭᠡ ᠶᠢ ᠰᠠᠶᠢᠵᠢᠷᠠᠭᠤᠯᠬᠤ 5 ᠠᠬᠢᠭᠤᠯᠬᠤ ᠳᠤᠭᠤᠶᠢᠯᠠᠩ ᠪᠠ ᠶᠡᠷᠦᠩᠬᠡᠶᠢᠯᠡᠭᠰᠡᠨ᠂ ᠬᠠᠤᠯᠢ ᠪᠠᠷ ᠵᠠᠰᠠᠬᠤ᠂ ᠰᠢᠪᠠᠳᠠᠨ ᠪᠠᠶᠢᠴᠠᠭᠠᠬᠤ᠂ ᠲᠤᠰᠬᠠᠶ ᠮᠡᠷᠭᠡᠵᠢᠯᠲᠡᠨ ᠵᠡᠷᠭᠡ 4 ᠪᠠᠲᠤᠯᠠᠭ᠎ᠠ ᠶᠢᠨ ᠳᠤᠭᠤᠶᠢᠯᠠᠩ ᠭᠠᠷᠭᠠᠪᠠ᠃ ︽ᠵᠢᠨᠢᠩ ᠲᠣᠭᠤᠷᠢᠭ ᠤᠨ ︿ᠲᠠᠯᠪᠢᠬᠤ ᠬᠠᠮᠢᠶᠠᠷᠬᠤ ᠦᠢᠯᠡᠴᠢᠯᠡᠬᠦ﹀ ᠥᠭᠡᠷᠡᠴᠢᠯᠡᠯᠲᠡ ᠶᠢ ᠭᠦᠨᠵᠡᠭᠡᠶ ᠬᠡᠷᠡᠭᠵᠢᠭᠦᠯᠵᠦ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠬᠡᠷᠡᠭᠵᠢᠭᠦᠯᠬᠦ ᠲᠥᠰᠦᠯ︾᠎ ᠢ ᠲᠣᠭᠲᠠᠭᠠᠵᠤ᠂ ᠥᠭᠡᠷᠡᠴᠢᠯᠡᠯᠲᠡ᠂ ᠦᠶᠯᠡᠴᠢᠯᠡᠭᠡ᠂ ᠨᠠᠶᠢᠳᠠᠪᠤᠷᠢᠵᠢᠭᠤᠯᠤᠯᠲᠠ ᠵᠡᠷᠭᠡ ᠭᠤᠷᠪᠠᠨ ᠲᠠᠯ᠎ᠠ ᠠᠴᠠ 34 ᠵᠦᠶᠯ ᠤᠨ ᠪᠣᠳᠠᠲᠠᠶ ᠡᠭᠦᠷᠭᠡ ᠶᠢ ᠨᠠᠷᠢᠯᠢᠬᠵᠢᠭᠤᠯᠤᠨ ᠬᠤᠪᠢᠶᠠᠵᠤ᠂ ᠵᠢᠯ ᠪᠦᠷᠢ ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠨᠠᠭᠠᠳᠤ ᠵᠠᠬ᠎ᠠ ᠳᠠᠭᠠᠨ ᠨᠢᠭᠡ ᠤᠳᠠᠭ᠎ᠠ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠬᠢᠵᠦ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠰᠡᠳᠦᠪᠲᠦ ᠰᠤᠷᠤᠯᠴᠠᠯᠭ᠎ᠠ ᠶᠢ ᠳᠣᠭᠢᠷᠠᠭᠤᠯᠤᠭᠰᠠᠨ ᠪᠥᠭᠡᠳ ᠠᠵᠢᠯ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠳᠠᠯᠳᠤᠭ᠎ᠠ  ᠡᠵᠡᠭᠨᠡᠬᠦ ᠣᠷᠴᠢᠨ ᠨᠥᠬᠦᠴᠡᠯ ᠢ ᠠᠬᠢᠭᠤᠯᠬᠤ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠭᠰᠠᠨ ᠪᠠᠶᠢᠨ᠎ᠠ᠃ 2021 ᠣᠨ ᠳᠤ᠂ ᠮᠠᠨ ᠤ  ᠲᠤᠭᠤᠷᠢᠭ ᠤᠨᠤᠯ ᠰᠤᠷᠤᠯᠴᠠᠬᠤ ᠭᠤᠣᠯ ᠳᠤᠭᠤᠶᠢᠯᠠᠩ ᠢ ᠨᠡᠶᠢᠳᠡ 1 ᠤᠳᠠᠭ᠎ᠠ ᠬᠤᠷᠠᠯᠳᠤᠭᠤᠯᠵᠤ᠂ ᠪᠠᠶᠢᠩᠭᠤ ᠶᠢᠨ  ᠬᠤᠷᠢᠶ᠎ᠠ  ᠬᠠᠷᠢᠭᠤ ᠮᠡᠳᠡᠭᠦᠯᠦᠯᠲᠡ ᠶᠢ 3 ᠤᠳᠠᠭ᠎ᠠ ᠰᠣᠨᠣᠰᠴᠤ᠂ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ 6 ᠤᠳᠠᠭ᠎ᠠ ᠲᠤᠰᠬᠠᠢ ᠰᠡᠳᠦᠪ ᠢᠶᠠᠷ ᠰᠤᠳᠤᠯᠵᠠᠢ᠃ ᠢᠯᠠᠩᠭᠤᠶ᠎ᠠ ︽ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠳᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯᠯᠠᠭᠠᠨ ᠤ ᠲᠥᠰᠦᠯ︾᠎ ᠢ ᠬᠡᠷᠡᠭᠵᠢᠭᠦᠯᠦᠭᠰᠡᠨ ᠠᠴᠠ ᠨᠠᠰᠢ᠂ ᠵᠢᠨᠢᠩ ᠲᠣᠭᠤᠷᠢᠭ ᠤᠨ ᠬᠢᠨ ᠪᠠᠰᠠ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ︽ᠵᠢᠨᠢᠩ ᠲᠣᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ  ᠨᠦᠭᠦᠴᠡᠯ ᠢ ᠰᠢᠯᠢᠳᠡᠭᠵᠢᠭᠦᠯᠬᠦ ᠠᠵᠢᠯ ᠤᠨ ᠬᠡᠷᠡᠭᠵᠢᠭᠦᠯᠬᠦ ᠲᠥᠰᠦᠯ︾᠎ ᠢ ᠳᠠᠷᠤᠮᠠᠯᠯᠠᠨ ᠲᠠᠷᠬᠠᠭᠠᠵᠤ᠂ ︽ᠵᠢᠨᠢᠩ ᠲᠣᠭᠤᠷᠢᠭ ᠤᠨ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠪᠤᠶ ᠪᠣᠯᠭᠠᠬᠤ 31 ᠵᠦᠢᠯ ᠤᠨ ᠠᠵᠢᠯᠯᠠᠭᠠᠨ ᠤ ᠠᠷᠭ᠎ᠠ ᠬᠡᠮᠵᠢᠶ᠎ᠡ︾᠎ ᠶᠢ ᠢᠵᠢ ᠪᠦᠷᠢᠳᠦᠭᠦᠯᠦᠨ ᠨᠡᠶᠢᠲᠡᠯᠡᠵᠦ᠂ ᠰᠢᠶᠳᠪᠦᠷᠢᠲᠦ ᠪᠣᠳᠣᠯᠭ᠎ᠠ ᠶᠢᠨ ᠳᠡᠰ ᠳᠠᠪᠬᠤᠷᠭ᠎ᠠ᠂ ᠬᠡᠷᠡᠭᠵᠢᠭᠦᠯᠦᠯᠲᠡ ᠶᠢᠨ ᠳᠡᠰ ᠳᠠᠪᠬᠤᠷᠭ᠎ᠠ᠂ ᠠᠵᠢᠯ ᠤᠨ ᠳᠡᠰ ᠳᠠᠪᠬᠤᠷᠭ᠎ᠠ ᠵᠡᠷᠭᠡ ᠶᠢ ᠠᠬᠢᠭᠤᠯᠤᠨ ᠲᠣᠬᠢᠷᠠᠭᠤᠯᠬᠤ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠦᠢᠯᠡᠴᠢᠯᠡᠭᠡ ᠶᠢ ᠰᠢᠯᠢᠳᠡᠭᠵᠢᠭᠦᠯᠬᠦ᠂ ᠠᠵᠤ ᠠᠬᠤᠶᠢᠯᠠᠯ ᠲᠠᠢ ᠬᠠᠷᠢᠯᠴᠠᠬᠤ᠂ ᠡᠩᠨᠡᠭᠡᠨ ᠤ ᠪᠠᠶᠢᠭᠤᠯᠤᠯᠲᠠ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ᠂ ᠬᠢᠨᠠᠯᠲᠠ ᠲᠠᠯᠪᠢᠵᠤ ᠪᠠᠶᠢᠴᠠᠭᠠᠬᠤ ᠵᠡᠷᠭᠡ ᠲᠠᠪᠤᠨ ᠲᠠᠯ᠎ᠠ ᠠᠴᠠ ᠪᠠᠲᠤᠯᠠᠭ᠎ᠠ ᠶᠢ ᠴᠢᠩᠭᠠᠳᠬᠠᠵᠤ᠂ ᠡᠭᠦᠨ ᠤ ᠬᠠᠮᠲᠤ ᠠᠵᠢᠯ ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠲᠠᠢ ᠤᠶᠠᠯᠳᠤᠭᠤᠯᠤᠨ᠂ ᠪᠦᠬᠦ ᠬᠤᠳᠠ ᠳᠤ ᠤᠷᠢᠳᠠᠪᠠᠷ  ᠲᠤᠭᠤᠷᠢᠭ ᠤᠨ ᠨᠠᠮ ᠤᠨ  ᠬᠤᠷᠢᠶ᠎ᠠ ᠶᠢᠨ ᠰᠢᠭᠤᠳ ᠬᠠᠷᠢᠶ᠎ᠠ ᠵᠢᠩᠬᠢᠨᠢ ᠰᠠᠯᠠᠭ᠎ᠠ ᠶᠢᠨ ᠲᠡᠰ ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠦᠢᠯᠡᠴᠢᠯᠡᠭᠡᠨ ᠤ ᠲᠥᠪ ᠢ ᠪᠠᠶᠢᠭᠤᠯᠵᠤ᠂ ᠪᠦᠬᠦ  ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ  ᠨᠦᠭᠦᠴᠡᠯ ᠢ ᠰᠢᠯᠢᠳᠡᠭᠵᠢᠭᠦᠯᠬᠦ ᠬᠠᠮᠢᠶ᠎ᠠ ᠪᠦᠬᠦᠢ ᠠᠵᠢᠯ ᠢ ᠲᠦᠷᠦᠭᠦᠯᠡᠨ ᠨᠢᠭᠡᠳᠦᠯᠲᠡᠢ ᠲᠥᠯᠥᠪᠵᠢᠭᠦᠯᠵᠦ᠂ ᠮᠠᠨ ᠤ ᠲᠤᠭᠤᠷᠢᠭ ᠢᠶᠠᠨ ᠪᠦᠬᠦ ᠬᠤᠳᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠤᠨ ᠬᠤᠰᠢᠭᠤᠴᠢ ᠪᠣᠯᠭᠠᠵᠤ᠂ 12 ᠠᠶᠢᠮᠠᠭ ᠬᠤᠳᠠ ᠶᠢᠨ ᠲᠥᠪ ᠬᠤᠳᠠ ᠶᠢᠨ ᠲᠣᠭᠤᠷᠢᠭ ᠤᠨ ᠡᠮᠦᠨ᠎ᠡ ᠡᠩᠨᠡᠭᠡᠨ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠬᠤᠳᠠᠯᠳᠤᠭ᠎ᠠ  ᠡᠵᠡᠩᠨᠡᠬᠦ ᠣᠷᠴᠢᠨ  ᠨᠦᠭᠦᠴᠡᠯ ᠤᠨ ᠥᠨᠳᠦᠷᠯᠢᠭ ᠢ ᠪᠦᠳᠦᠬᠡᠨ ᠪᠠᠶᠢᠭᠤᠯᠬᠤ ᠪᠠᠷ ᠴᠢᠷᠮᠠᠶᠢᠪᠠ᠃ ᠡᠭᠦᠨ ᠤ ᠵᠡᠷᠭᠡ ᠳᠤ᠂ ︽ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠳᠥᠯᠭᠢᠨ ᠠᠬᠢᠭᠤᠯᠬᠤ ᠶᠢᠨ ᠬᠡᠷᠡᠭᠵᠢᠭᠦᠯᠬᠦ ᠲᠥᠰᠦᠯ︾ ︽ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠤᠨ ᠪᠥᠬᠦ ᠺᠠᠳ᠋ᠷᠴᠤᠳ ᠢ ᠪᠣᠯᠪᠠᠰᠤᠷᠠᠭᠤᠯᠬᠤ ᠲᠥᠰᠦᠯ ᠢ ᠰᠢᠯᠢᠳᠡᠭᠵᠢᠭᠦᠯᠬᠦ︾᠎ ᠶᠢ ᠲᠣᠭᠲᠠᠭᠠᠵᠤ᠂ 3 ᠬᠤᠭᠤᠴᠠᠭᠠᠨ ᠤ ᠲᠤᠰᠬᠠᠶ ᠰᠡᠳᠦᠪᠲᠦ ᠪᠣᠯᠪᠠᠰᠤᠷᠠᠭᠤᠯᠤᠯ ᠤᠨ ᠠᠩᠭᠢ ᠡᠷᠭᠢᠯᠡᠭᠰᠡᠨ ᠪᠥᠭᠡᠳ ᠣᠨ ᠤ ᠬᠢᠨᠠᠨ ᠰᠢᠯᠭᠠᠯᠲᠠ ᠳᠤ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠳᠤ ᠲᠤᠰᠬᠠᠶ ᠵᠦᠶᠯ ᠤᠨ ᠬᠢᠨᠠᠨ ᠰᠢᠯᠭᠠᠯᠲᠠ ᠬᠢᠵᠦ᠂ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠤᠨ ᠭᠤᠤᠯᠳᠠᠯᠭ᠎ᠠ ᠲᠠᠢ ᠰᠠᠯᠠᠭ᠎ᠠ ᠮᠥᠴᠢᠷ ᠤᠨ ᠬᠢᠨᠠᠨ ᠰᠢᠯᠭᠠᠬᠤ ᠬᠤᠪᠢ ᠶᠢᠨ ᠵᠢᠩ ᠢ 25% ᠪᠣᠯᠲᠠᠯ᠎ᠠ ᠳᠡᠭᠡᠭᠰᠢᠯᠡᠭᠦᠯᠪᠡ᠃ ᠮᠠᠨ ᠤ  ᠲᠤᠭᠤᠷᠢᠭ ᠤᠨ ᠬᠤᠳᠠᠯᠳᠤᠭ᠎ᠠ ᠡᠵᠡᠩᠨᠡᠬᠦ ᠣᠷᠴᠢᠨ ᠨᠦᠭᠦᠴᠡᠯ ᠤᠨ  ᠪᠦᠬᠦᠯᠢ ᠴᠣᠭᠴᠠ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠬᠦ ᠶᠢᠨ ᠲᠥᠯᠥᠭᠡ᠂ ᠮᠠᠨ ᠤ  ᠲᠤᠭᠤᠷᠢᠭ2020 ᠣᠨ ᠤ 9 ᠰᠠᠷ᠎ᠠ ᠳᠤ ᠭᠤᠷᠪᠠᠳᠠᠬᠢ ᠡᠲᠡᠭᠡᠳ ᠤᠨ ᠦᠨᠡᠯᠡᠬᠦ ᠪᠠᠶᠢᠭᠤᠯᠤᠮᠵᠢ ᠶᠢᠨ ᠥᠪᠥᠷ ᠮᠣᠩᠭᠤᠯ ᠤᠨ ᠴᠢᠳᠠᠪᠤᠷᠢᠲᠠᠨ ᠤ ᠬᠥᠭᠵᠢᠯᠲᠡ ᠶᠢᠨ ᠰᠤᠳᠤᠯᠭᠠᠨ ᠤ ᠬᠦᠷᠢᠶᠡᠯᠡᠩ ᠢ ᠤᠷᠢᠵᠤ ᠮᠠᠨ ᠤ ᠲᠤᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠳᠤ ᠭᠤᠷᠪᠠᠨ ᠵᠢᠯ ᠤᠨ ᠰᠢᠰᠲ᠋ᠧᠮ ᠲᠠᠢ ᠦᠨᠡᠯᠡᠨ ᠵᠢᠱᠢᠯᠲᠡ ᠬᠢᠯᠭᠡᠵᠦ᠂ ᠰᠤᠳᠠᠯ ᠪᠠᠷᠢᠵᠤ ᠬᠠᠮᠲᠤᠷᠠᠨ ᠣᠨᠣᠰᠢᠯᠠᠭᠠᠳ᠂ ᠣᠲᠣ ᠨᠢᠭᠡᠨᠲᠡ 68 ᠨᠢᠭᠡᠴᠡ ᠶᠢᠨ ᠬᠤᠳᠠᠯᠳᠤᠭ᠎ᠠ  ᠡᠵᠡᠩᠨᠡᠬᠦ ᠣᠷᠴᠢᠨ  ᠨᠦᠭᠦᠴᠡᠯ ᠤᠨ ᠦᠨᠡᠯᠡᠯᠲᠡ ᠶᠢᠨ ᠠᠵᠢᠯ ᠢ ᠪᠡᠶᠡᠯᠡᠭᠦᠯᠦᠭᠰᠡᠨ ᠪᠥᠭᠡᠳ ᠲᠣᠮᠣ ᠳ᠋ᠠᠶᠢᠲ᠋ᠠ ᠪᠠ ᠵᠠᠭᠪᠤᠷ ᠤᠨ ᠵᠠᠳᠠᠯᠤᠯᠲᠠ ᠶᠢᠨ ᠠᠷᠭ᠎ᠠ ᠪᠠᠷᠢᠯ ᠢ ᠬᠡᠷᠡᠭᠯᠡᠨ᠂ ᠬᠤᠳᠠᠯᠳᠤᠭ᠎ᠠ  ᠡᠵᠡᠩᠨᠡᠬᠦ ᠣᠷᠴᠢᠨ ᠲᠣᠭᠤᠷᠢᠨ ᠤ ᠳᠤᠲᠠᠭᠤᠳᠠᠯ ᠢ ᠨᠠᠷᠢᠯᠢᠭ ᠣᠨᠣᠴᠠᠲᠠᠶ ᠪᠠᠷ ᠡᠷᠢᠵᠦ᠂ ᠠᠰᠠᠭᠤᠳᠠᠯ ᠢ ᠨᠠᠷᠢᠯᠢᠭ ᠣᠨᠣᠴᠠᠲᠠᠶ ᠪᠠᠷ ᠢᠯᠡᠷᠡᠭᠦᠯᠵᠦ᠂ ᠠᠰᠠᠭᠤᠳᠠᠯ ᠢ ᠨᠠᠷᠢᠯᠢᠭ ᠣᠨᠣᠴᠠᠲᠠᠶ ᠪᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠪᠡ᠃       ᠰᠤᠷᠪᠤᠯᠵᠢᠯᠠᠭᠴᠢ᠄ ᠮᠠᠨ ᠤ  ᠲᠤᠭᠤᠷᠢᠭ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠵᠦ ᠬᠤᠳᠠᠯᠳᠤᠭ᠎ᠠ  ᠡᠵᠡᠩᠨᠡᠬᠦ ᠣᠷᠴᠢᠨ ᠲᠣᠭᠤᠷᠢᠨ ᠢ ᠳᠡᠭᠡᠭᠰᠢᠯᠡᠭᠦᠯᠬᠦ ᠲᠠᠯ᠎ᠠ ᠪᠠᠷ ᠶᠠᠮᠠᠷ ᠶᠠᠮᠠᠷ ᠪᠣᠳᠠᠲᠠᠶ ᠠᠵᠢᠯ ᠬᠢᠭᠰᠡᠨ ᠪᠣᠶ︖      ᠎ ᠪᠠᠨ ᠰᠢᠤ ᠫᠢᠩ᠄ ᠵᠢᠨᠢᠩ ᠲᠣᠭᠤᠷᠢᠭ ᠤᠨ ᠬᠢᠨ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ᠂ ᠬᠤᠳᠠᠯᠳᠤᠭᠠᠨ ᠤ ᠶᠠᠪᠤᠳᠠᠯ ᠤᠨ ᠲᠦᠷᠢᠮ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶ ᠠᠬᠢᠭᠤᠯᠵᠤ᠂ ᠵᠠᠰᠠᠭ ᠤᠨ ᠣᠷᠳᠣᠨ ᠤ ︽ᠬᠠᠮᠢᠶᠠᠷᠤᠭᠴᠢ︾᠎ ᠠᠴᠠ ︽ᠦᠶᠯᠡᠴᠢᠯᠡᠭᠴᠢ︾ ᠪᠣᠯᠬᠤ ᠲᠦᠢᠯᠪᠤᠷᠢᠲᠠᠶ ᠬᠤᠪᠢᠷᠠᠯᠲᠠ ᠶᠢ ᠤᠯᠠᠮ ᠨᠢᠭᠡ ᠠᠯᠬᠤᠮ ᠪᠡᠶᠡᠯᠡᠭᠦᠯᠦᠨ᠎ᠡ᠃ ᠨᠢᠭᠡ ᠳᠤ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠲᠤᠪᠤᠶᠢᠢᠮ᠎ᠠ ᠰᠠᠶᠢᠲᠤᠷ ᠠᠳᠬᠤᠨ᠎ᠠ᠃ ᠳᠡᠭᠡᠳᠦ ᠱᠠᠲᠤᠨ ᠤ ᠡᠯ᠎ᠡ ᠵᠦᠢᠯ ᠤᠨ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠰᠠᠶᠢᠲᠤᠷ ᠬᠦᠯᠢᠶᠡᠨ ᠮᠠᠨ ᠤ  ᠲᠤᠭᠤᠷᠢᠭ  ︽2020 ᠣᠨ ᠳᠤ ᠤᠯᠠᠭᠠᠨᠴᠠᠪ ᠬᠤᠲᠠ ᠶᠢᠨ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ ᠬᠦᠴᠦᠨ ᠥᠬᠡᠶ ᠪᠣᠯᠭᠠᠵᠤ ᠳᠣᠷᠣᠭᠰᠢ ᠪᠠᠭᠤᠯᠭᠠᠬᠤ ᠪᠠ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾᠎ ᠢ ᠲᠣᠭᠲᠠᠭᠠᠨ ᠲᠠᠷᠬᠠᠭᠠᠵᠤ᠂ 5369 ᠵᠦᠶᠯ ᠤᠨ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂ ᠨᠡᠶᠢᠲᠡ 445 ᠵᠦᠶᠯ ᠤᠨ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ ᠬᠦᠴᠦᠨ ᠥᠬᠡᠶ ᠪᠣᠯᠭᠠᠵᠤ᠂ 528 ᠵᠦᠶᠯ ᠤᠨ ᠵᠠᠰᠠᠭ ᠵᠠᠬᠢᠷᠭᠠᠨ ᠤ ᠡᠷᠬᠡ ᠶᠢᠨ ᠵᠦᠶᠯᠡᠰ ᠢ ᠭᠥᠯᠢᠶᠡᠨ ᠠᠪᠤᠭᠰᠠᠨ ᠪᠥᠭᠡᠳ  ᠲᠤᠭᠤᠷᠢᠭ ᠤᠨ ᠬᠠᠷᠢᠶ᠎ᠠ 37 ᠨᠢᠭᠡᠴᠡ ᠶᠢᠨ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠪᠡ᠃ ᠡᠭᠦᠨ ᠤ ᠬᠠᠮᠲᠤ᠂  ᠲᠤᠭᠤᠷᠢᠭ ᠤᠨ ᠱᠠᠲᠤᠨ ᠤ ᠵᠠᠰᠠᠭ ᠵᠠᠬᠢᠷᠭᠠᠨ ᠤ ᠳᠠᠩᠰᠠᠯᠠᠭᠤᠯᠬᠤ ᠵᠦᠶᠯᠡᠰ ᠢ ᠪᠦᠬᠦᠨ ᠢ ᠨᠠᠷᠢᠨ ᠬᠠᠭᠤᠳᠠᠰᠤ ᠶᠢᠨ ᠬᠠᠮᠢᠶᠠᠷᠤᠯᠲᠠ ᠳᠤ ᠣᠷᠣᠭᠤᠯᠬᠤ ᠶᠢ ᠢᠳᠡᠪᠬᠢᠲᠡᠶ ᠪᠠᠷ ᠳᠥᠯᠭᠢᠨ ᠠᠬᠢᠭᠤᠯᠵᠤ᠂ ᠭᠠᠷᠴᠠᠭ ᠤᠨ ᠬᠠᠮᠢᠶᠠᠷᠤᠯᠲᠠ᠂ ᠳᠡᠩᠰᠡᠯᠡᠨ ᠲᠡᠮᠳᠡᠭᠯᠡᠬᠦ᠂ ᠣᠨ ᠤ ᠪᠠᠶᠢᠴᠠᠭᠠᠯᠲᠠ ᠬᠢᠵᠦ ᠣᠨ ᠤ ᠮᠡᠳᠡᠭᠦᠯᠦᠯᠲᠡ ᠬᠢᠬᠦ᠂ ᠵᠢᠭᠠᠨ ᠲᠣᠭᠲᠠᠭᠠᠵᠤ ᠦᠨᠡᠮᠰᠢᠬᠦ ᠵᠡᠷᠭᠡ ᠵᠠᠰᠠᠭ ᠵᠠᠬᠢᠷᠭᠠᠨ ᠤ ᠵᠦᠶᠯᠡᠰ ᠢ ᠢᠯᠭᠠᠷᠠᠭᠤᠯᠤᠨ ᠵᠢᠷᠤᠮᠵᠢᠭᠤᠯᠵᠤ᠂ ᠬᠡᠯᠪᠡᠷᠢ ᠶᠢ ᠨᠢ ᠥᠭᠡᠷᠡᠲᠡᠭᠦᠯᠦᠨ ᠬᠢᠨᠠᠨ ᠵᠥᠪᠰᠢᠶᠡᠷᠡᠬᠦ ᠶᠢ ᠲᠥᠪᠯᠡᠷᠡᠭᠦᠯᠦᠨ ᠴᠡᠭᠴᠡᠯᠡᠨ ᠵᠠᠰᠠᠪᠠ᠃ ᠡᠭᠦᠨ ᠠᠴᠠ ᠭᠠᠳᠠᠨ᠎ᠠ᠂ ᠮᠠᠨ ᠤ  ᠲᠤᠭᠤᠷᠢᠭ ᠪᠠᠰᠠ ᠠᠵᠤ ᠠᠬᠤᠶᠢᠯᠠᠯ ᠪᠠ ᠣᠯᠠᠨ ᠲᠦᠮᠡᠨ ᠢ ᠵᠣᠪᠠᠭᠠᠵᠤ ᠪᠠᠶᠢᠭ᠎ᠠ ᠡᠯ᠎ᠡ ᠲᠥᠷᠥᠯ ᠤᠨ ᠬᠡᠷᠡᠭ ᠥᠬᠡᠶ ᠭᠡᠷᠡᠴᠢ ᠶᠢ ᠪᠥᠬᠦ ᠲᠠᠯ᠎ᠠ ᠪᠠᠷ ᠴᠡᠪᠡᠷᠯᠡᠵᠦ᠂ ᠬᠠᠤᠯᠢ ᠴᠠᠭᠠᠵᠠ ᠶᠢᠨ ᠦᠨᠳᠦᠰᠦ ᠪᠠᠷᠢᠮᠲᠠ ᠥᠬᠡᠶ ᠶᠢ ᠨᠢ ᠴᠥᠮ ᠬᠦᠴᠦᠨ ᠥᠬᠡᠶ ᠪᠣᠯᠭᠠᠪᠠ  ᠃ ᠦᠨᠡᠨᠬᠦ ᠦᠯᠡᠳᠡᠭᠡᠬᠦ ᠴᠢᠬᠤᠯᠠ ᠲᠠᠢ ᠪᠣᠯ᠂ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠵᠦ ᠂ ᠮᠠᠲ᠋ᠧᠷᠢᠶᠠᠯ ᠢ ᠬᠠᠮᠤᠭ ᠤᠨ ᠶᠡᠭᠡ ᠬᠡᠮᠵᠢᠶ᠎ᠡ ᠪᠠᠷ ᠴᠣᠮᠬᠠᠳᠬᠠᠨ᠂ ᠴᠣᠮᠬᠠᠳᠬᠠᠬᠤ ᠬᠠᠷᠢᠴᠠᠯ ᠢ ᠵᠢᠯ ᠤᠨ ᠳᠣᠲᠣᠷ᠎ᠠ 60%᠎ ᠠᠴᠠ ᠳᠡᠭᠡᠭᠰᠢ ᠳᠤ ᠬᠦᠷᠦᠭᠦᠯᠵᠦ᠂ ︽ᠨᠠᠷᠢᠨ ᠬᠠᠭᠤᠳᠠᠰᠤ ᠠᠴᠠ ᠭᠠᠳᠠᠨ᠎ᠠ ᠭᠡᠷᠡᠴᠢ ᠥᠬᠡᠶ︾᠎ ᠶᠢ ᠪᠡᠶᠡᠯᠡᠭᠦᠯᠦᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠬᠤᠶᠠᠷ ᠲᠤ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠲᠤᠪᠤᠶᠢᠮ᠎ᠠ ᠰᠠᠶᠢᠲᠤᠷ ᠠᠳᠬᠤᠨ᠎ᠠ᠃ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾ ︽ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ︽ᠦᠨᠡᠮᠯᠡᠯ ᠪᠠ ᠭᠡᠷᠡᠴᠢ ᠶᠢ ᠰᠠᠯᠭᠠᠬᠤ︾᠎ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠲᠦᠷᠦᠭᠦᠤ ᠪᠦᠯᠦᠭ ᠤᠨ 106 ᠵᠦᠶᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠤᠨ 2 ᠵᠦᠶᠯ ᠢ ᠰᠢᠭᠤᠳ ᠬᠦᠴᠦᠨ ᠥᠬᠡᠶ ᠪᠣᠯᠭᠠᠵᠤ᠂ 1 ᠵᠦᠶᠯ ᠢ ᠳᠡᠩᠰᠡᠯᠡᠵᠦ ᠬᠢᠨᠠᠨ ᠵᠥᠪᠰᠢᠶᠡᠷᠡᠬᠦ ᠪᠣᠯᠭᠠᠨ ᠥᠭᠡᠷᠡᠴᠢᠯᠡᠵᠦ᠂ 19 ᠵᠦᠶᠯ ᠤᠨ ᠠᠮᠠᠯᠠᠯᠲᠠ ᠶᠢ ᠮᠡᠳᠡᠭᠳᠡᠵᠦ᠂ 84 ᠵᠦᠶᠯ ᠤᠨ ᠵᠥᠪᠰᠢᠶᠡᠷᠡᠨ ᠣᠷᠣᠭᠤᠯᠬᠤ ᠦᠶᠯᠡᠴᠢᠯᠡᠭᠡ ᠶᠢ ᠰᠢᠯᠢᠳᠡᠭᠵᠢᠭᠦᠯᠦᠨ᠂ 15 ᠵᠦᠶᠯ ᠤᠨ ᠠᠵᠤ ᠠᠬᠤᠶᠢᠯᠠᠯ ᠳᠤ ᠬᠤᠯᠪᠣᠭᠳᠠᠬᠤ ᠵᠠᠰᠠᠭ ᠵᠠᠬᠢᠷᠭᠠᠨ ᠤ ᠵᠥᠪᠰᠢᠶᠡᠷᠡᠯ ᠢ ᠴᠥᠮ ︽ᠦᠨᠡᠮᠯᠡᠯ ᠪᠠ ᠭᠡᠷᠡᠴᠢ ᠶᠢ ᠰᠠᠯᠭᠠᠬᠤ︾᠎ ᠶᠢ ᠪᠡᠶᠡᠯᠡᠭᠦᠯᠵᠦ᠂ 32 ᠵᠦᠶᠯ ᠤᠨ ᠠᠵᠤ ᠠᠬᠤᠶᠢᠯᠠᠯ ᠳᠤ ᠬᠤᠯᠪᠣᠭᠳᠠᠬᠤ ᠳᠡᠩᠰᠡᠯᠡᠯᠲᠡ ᠶᠢ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾᠎ ᠳᠤ ᠣᠷᠣᠭᠤᠯᠪᠠ᠃ ᠳᠠᠩᠰᠠᠯᠠᠬᠤ ᠶᠢ ᠳᠥᠭᠦᠮᠴᠢᠯᠡᠬᠦ ᠥᠭᠡᠷᠡᠴᠢᠯᠡᠯᠲᠡ ᠶᠢ ᠢᠳᠡᠪᠬᠢᠲᠡᠶ ᠶᠠᠪᠤᠭᠤᠯᠵᠤ᠂ ᠠᠵᠤ ᠠᠬᠤᠶᠢᠯᠠᠯ ᠢ ᠨᠡᠭᠡᠭᠡᠨ ᠡᠷᠬᠢᠯᠡᠬᠦ ᠴᠠᠭ ᠢ ᠤᠯᠤᠰ ᠠᠴᠠ ᠱᠠᠭᠠᠷᠳᠠᠭᠰᠠᠨ 5 ᠠᠵᠢᠯ ᠤᠨ ᠡᠳᠦᠷ ᠪᠠᠶᠢᠭᠰᠠᠨ ᠠᠴᠠ 1 ᠠᠵᠢᠯ ᠤᠨ ᠡᠳᠦᠷ ᠪᠣᠯᠭᠠᠨ ᠪᠠᠭᠠᠰᠬᠠᠵᠤ᠂ ᠠᠵᠤ ᠠᠬᠤᠶᠢᠯᠠᠯ ᠢ ᠬᠦᠴᠦᠨ ᠦᠭᠡᠢ ᠪᠣᠯᠭᠠᠬᠤ ᠵᠠᠩᠭᠢᠯᠠᠭ᠎ᠠ ᠶᠢᠨ ᠭᠦᠢᠴᠡᠳᠬᠡᠬᠦ ᠴᠠᠭ ᠢ 45 ᠠᠵᠢᠯ ᠤᠨ ᠡᠳᠦᠷ ᠪᠠᠶᠢᠭᠰᠠᠨ ᠠᠴᠠ 20 ᠠᠵᠢᠯ ᠤᠨ ᠡᠳᠦᠷ ᠪᠣᠯᠭᠠᠨ ᠪᠠᠭᠠᠰᠬᠠᠬᠤ ᠶᠢᠨ ᠬᠠᠮᠲᠤ ︽ᠨᠢᠭᠡ ᠰᠦᠯᠵᠢᠶ᠎ᠡ ᠪᠠᠷ ᠪᠦᠬᠦᠨ ᠢ ᠰᠢᠶᠳᠪᠦᠷᠢᠯᠡᠬᠦ︾᠎ ᠶᠢ ᠪᠦᠬᠦᠨ ᠢ ᠪᠡᠶᠡᠯᠡᠭᠦᠯᠪᠡ᠃ ᠡᠩ ᠤᠨ ᠳᠡᠩᠰᠡᠯᠡᠯᠲᠡ᠂ ᠪᠠᠷᠢᠴᠠᠭᠠᠨ ᠤ ᠳᠡᠩᠰᠡᠯᠡᠯᠲᠡ ᠶᠢ ᠤᠯᠤᠰ ᠠᠴᠠ ᠱᠠᠭᠠᠷᠳᠠᠭᠰᠠᠨ 5 ᠠᠵᠢᠯ ᠤᠨ ᠡᠳᠦᠷ ᠠᠴᠠ 2 ᠠᠵᠢᠯ ᠤᠨ ᠡᠳᠦᠷ ᠪᠣᠯᠭᠠᠨ ᠬᠠᠰᠤᠵᠤ ᠳᠠᠭᠤᠰᠬᠠᠨ᠎ᠠ᠂ 4 ᠰᠠᠷ᠎ᠠ ᠶᠢᠨ 6᠎ ᠤ ᠡᠳᠦᠷ ᠠᠴᠠ ᠡᠬᠢᠯᠡᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠰᠥᠨᠢ ᠶᠢᠨ ᠵᠠᠬ᠎ᠠ ᠳᠡᠯᠭᠡᠭᠦᠷ ᠤᠨ ᠦᠶᠯᠡᠴᠢᠯᠡᠭᠡ ᠬᠢᠭᠰᠡᠨ ᠠᠴᠠ ᠨᠠᠰᠢ᠂ ᠳᠡᠩᠰᠡᠯᠡᠯᠲᠡ ᠶᠢᠨ ᠦᠨᠡᠮᠯᠡᠯ ᠢ ᠨᠡᠶᠢᠲᠡ 412 ᠭᠦᠶᠴᠡᠳᠬᠡᠵᠡᠶ᠃ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾᠎ ᠤᠨ ᠠᠰᠠᠭᠤᠳᠠᠯ ᠢ ᠦᠨᠡᠨ ᠬᠦ ᠰᠢᠶᠳᠪᠦᠷᠢᠯᠡᠬᠦ ᠬᠡᠷᠡᠭᠲᠡᠶ︔ ᠭᠠᠶᠢᠯᠢ ᠳᠤ ᠬᠤᠯᠪᠣᠭᠳᠠᠬᠤ ᠵᠦᠶᠯᠡᠰ ᠢ ᠭᠦᠶᠴᠡᠳᠬᠡᠬᠦ ᠴᠤᠪᠤᠷᠠᠯ ᠢ ᠰᠢᠯᠢᠳᠡᠭᠵᠢᠭᠦᠯᠵᠦ᠂ ᠰᠦᠯᠵᠢᠶᠡᠨ ᠳᠡᠭᠡᠷ᠎ᠡ ᠮᠡᠳᠡᠭᠦᠯᠦᠨ ᠳᠡᠯᠭᠡᠷᠡᠭᠦᠯᠬᠦ ᠨᠣᠷᠮ᠎ᠠ ᠶᠢ 100%᠎ ᠳᠤ ᠬᠦᠷᠦᠭᠦᠯᠵᠦ᠂ ᠥᠷᠲᠡᠭ ᠨᠡᠮᠡᠭᠳᠡᠯ ᠤᠨ ᠭᠠᠶᠢᠯᠢ ᠶᠢᠨ ᠡᠩ ᠤᠨ ᠭᠠᠶᠢᠯᠢ ᠲᠤᠰᠢᠶᠠᠭᠴᠢ᠂ ᠪᠠᠭ᠎ᠠ ᠬᠡᠪᠴᠢᠶᠡᠨ ᠤ ᠪᠠ ᠪᠤᠰᠤᠳ ᠭᠠᠶᠢᠯᠢ ᠲᠤᠰᠢᠶᠠᠭᠴᠢ ᠶᠢᠨ ᠭᠦᠶᠴᠡᠳᠬᠡᠬᠦ ᠪᠠᠨ ᠬᠦᠴᠦᠨ ᠥᠬᠡᠶ ᠪᠣᠯᠭᠠᠬᠤ ᠴᠠᠭ ᠢ 20 ᠠᠵᠢᠯ ᠤᠨ ᠡᠳᠦᠷ ᠠᠴᠠ ᠲᠣᠰ ᠲᠣᠰ 6 ᠪᠠ 4 ᠠᠵᠢᠯ ᠤᠨ ᠡᠳᠦᠷ ᠪᠣᠯᠭᠠᠨ ᠪᠠᠭᠠᠰᠬᠠᠵᠤ᠂ ᠡᠩ ᠤᠨ ᠭᠠᠶᠢᠯᠢ ᠪᠤᠴᠠᠭᠠᠬᠤ ᠲᠤᠬᠠᠶᠢᠯᠠᠭᠰᠠᠨ ᠠᠵᠢᠯ ᠪᠠ ᠭᠠᠳᠠᠭᠠᠳᠤ ᠭᠠᠷᠭᠠᠯᠭ᠎ᠠ ᠶᠢᠨ ᠭᠠᠶᠢᠯᠢ ᠪᠤᠴᠠᠭᠠᠬᠤ ᠲᠤᠬᠠᠶᠢᠯᠠᠭᠰᠠᠨ ᠠᠵᠢᠯ ᠢ 10 ᠠᠵᠢᠯ ᠤᠨ ᠡᠳᠦᠷ ᠠᠴᠠ ᠬᠡᠰᠡᠭ ᠬᠤᠪᠢᠶᠠᠨ 6 ᠪᠠ 2 ᠠᠵᠢᠯ ᠤᠨ ᠡᠳᠦᠷ ᠪᠣᠯᠭᠠᠨ ᠪᠠᠭᠠᠰᠬᠠᠨ᠎ᠠ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠨᠠᠵᠠᠭᠠᠶ ᠲᠠᠯ᠎ᠠ ᠶᠢᠨ ᠲᠣᠳᠣᠷᠬᠠᠶ ᠬᠠᠭᠤᠳᠠᠰᠤ ᠶᠢ ᠬᠢᠨᠠᠮᠠᠭᠠᠶ ᠬᠡᠷᠡᠭᠵᠢᠭᠦᠯᠵᠦ᠂ ᠣᠷᠣᠬᠤ ᠶᠢ ᠵᠥᠪᠰᠢᠶᠡᠷᠡᠬᠦ ᠲᠥᠷᠥᠯ ᠤᠨ 5 ᠵᠦᠶᠯᠡᠰ ᠢ ᠬᠢᠨᠠᠨ ᠵᠥᠪᠰᠢᠶᠡᠷᠡᠬᠦ ᠥᠬᠡᠶ ᠠᠴᠠ ᠭᠠᠳᠠᠨ᠎ᠠ᠂ ᠪᠤᠰᠤᠳ 126 ᠵᠦᠶᠯ ᠤᠨ ᠵᠥᠪᠰᠢᠶᠡᠷᠡᠬᠦ ᠶᠢ ᠵᠥᠪᠰᠢᠶᠡᠷᠡᠬᠦ ᠲᠥᠷᠥᠯ ᠤᠨ ᠵᠦᠶᠯᠡᠰ ᠢ ᠴᠥᠮ ᠲᠣᠭᠲᠠᠭᠠᠯ ᠶᠣᠰᠣᠭᠠᠷ ᠣᠷᠣᠭᠤᠯᠵᠤ ᠪᠣᠯᠤᠨ᠎ᠠ᠃ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠪᠠ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ 2020 ᠣᠨ ᠤ 9 ᠳ᠋ᠦᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ︽ᠪᠥᠬᠦ ᠣᠷᠣᠨ ᠳᠤ ᠨᠢᠭᠡ ᠰᠦᠯᠵᠢᠶ᠎ᠡ︾᠎ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠲᠥᠷᠥᠯ ᠵᠦᠶᠯ ᠤᠨ ᠪᠥᠬᠦ ᠶᠠᠪᠤᠴᠠ ᠶᠢ ᠡᠯᠤᠺᠲᠷᠤᠨᠴᠢᠯᠠᠵᠦ᠂ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠲᠥᠷᠥᠯ ᠵᠦᠶᠯ ᠤᠨ ᠮᠡᠳᠡᠭᠡ ᠵᠠᠩᠭᠢ ᠶᠢ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠲᠦᠷᠭᠡᠳᠬᠡᠨ ᠠᠬᠢᠭᠤᠯᠵᠤ᠂ ᠨᠡᠶᠢᠲᠡ 115 ᠠᠵᠤ ᠠᠬᠤᠶᠢᠯᠠᠯ᠂ 1394 ᠬᠤᠪᠢ ᠶᠢᠨ ᠬᠤᠳᠠᠯᠳᠤᠭᠠᠨ ᠤ ᠡᠷᠦᠬᠡ ᠶᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠵᠤ᠂ 28 ᠬᠠᠤᠯᠢ ᠬᠡᠷᠡᠭᠵᠢᠭᠦᠯᠬᠦ ᠨᠢᠭᠡᠴᠡ ᠶᠢᠨ 158 ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠨᠡᠶᠢᠲᠡ ᠳᠤ ᠵᠠᠷᠯᠠᠪᠠ  ᠃      ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠪᠠ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠠᠵᠢᠯᠯᠠᠭ᠎ᠠ ᠶᠢ ᠴᠢᠩᠭ᠎ᠠ ᠵᠢᠷᠤᠮᠵᠢᠭᠤᠯᠵᠤ᠂ 2020 ᠣᠨ ᠤ 9 ᠳ᠋ᠦᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ ︽ᠪᠥᠬᠦ  ᠲᠤᠭᠤᠷᠢᠭ ᠲᠤ  ᠨᠢᠭᠡ ᠰᠦᠯᠵᠢᠶ᠎ᠡ︾᠎ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠲᠥᠷᠥᠯ ᠵᠦᠶᠯ ᠤᠨ ᠪᠥᠬᠦ ᠶᠠᠪᠤᠴᠠ ᠶᠢ ᠡᠯᠧᠺᠲᠷᠤᠨᠴᠢᠯᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠲᠥᠷᠥᠯ ᠵᠦᠶᠯ ᠤᠨ ᠮᠡᠳᠡᠭᠡ ᠵᠠᠩᠭᠢ ᠶᠢ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠲᠦᠷᠭᠡᠪᠴᠢᠯᠡᠨ ᠠᠬᠢᠭᠤᠯᠵᠤ᠂ 115 ᠠᠵᠤ ᠠᠬᠤᠶᠢᠯᠠᠯ᠂ 1394 ᠬᠤᠪᠢ ᠶᠢᠨ ᠬᠤᠳᠠᠯᠳᠤᠭᠠᠨ ᠤ ᠡᠷᠦᠬᠡ ᠶᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠵᠤ᠂ 28 ᠬᠠᠤᠯᠢ ᠬᠡᠷᠡᠭᠵᠢᠭᠦᠯᠬᠦ ᠨᠢᠭᠡᠴᠢ ᠶᠢᠨ 158 ᠬᠠᠤᠯᠢ ᠬᠡᠷᠡᠭᠵᠢᠭᠦᠯᠬᠦ ᠮᠡᠳᠡᠭᠡ ᠵᠠᠩᠭᠢ ᠶᠢ ᠵᠠᠷᠯᠠᠨ ᠨᠡᠶᠢᠲᠡᠯᠡᠵᠦ᠂ ᠬᠠᠤᠯᠢ ᠬᠡᠷᠡᠭᠵᠢᠭᠦᠯᠦᠯᠲᠡ ᠶᠢᠨ ᠡᠷᠬᠡ ᠲᠡᠭᠰᠢ ᠲᠥᠪ ᠭᠤᠣᠯᠴᠢ ᠢᠯᠡ ᠪᠠᠶᠢᠬᠤ ᠶᠢ ᠦᠨᠡᠨ ᠬᠦ ᠪᠠᠲᠤᠯᠠᠪᠠ᠃ ᠠᠵᠤ ᠠᠬᠤᠶᠢᠯᠠᠯ ᠪᠣᠯᠤᠨ ᠤᠯᠠᠨ ᠲᠦᠮᠡᠨ ᠤ ᠠᠵᠢᠯ ᠶᠠᠪᠤᠳᠠᠯ ᠪᠦᠲᠦᠭᠡᠬᠦ ᠬᠦᠴᠢᠷ ᠵᠣᠪᠠᠭᠤᠷᠢ ᠶᠢ ᠶᠡᠭᠡ ᠪᠠᠷ ᠪᠠᠭᠠᠰᠬᠠᠵᠤ᠂ ᠠᠵᠤ ᠠᠬᠤᠶᠢᠯᠠᠯ ᠪᠣᠯᠤᠨ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ ᠢ ᠲᠠᠰᠤᠷᠠᠯᠳᠠ ᠦᠭᠡᠢ ᠨᠡᠮᠡᠭᠳᠡᠭᠦᠯᠪᠡ᠃        ᠰᠤᠷᠪᠤᠯᠵᠢᠯᠠᠭᠴᠢ᠄ ᠵᠢᠨᠢᠩ ᠲᠣᠭᠤᠷᠢᠭ ᠵᠠᠰᠠᠭ ᠤᠨ ᠶᠠᠪᠤᠳᠠᠯ ᠤᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠂ ᠦᠶᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠠᠵᠢᠯ ᠵᠡᠷᠭᠡ ᠲᠠᠯ᠎ᠠ ᠪᠠᠷ ᠶᠠᠮᠠᠷ ᠶᠠᠮᠠᠷ ᠦᠷ᠎ᠡ ᠪᠦᠲᠦᠮᠵᠢ ᠣᠯᠤᠭᠰᠠᠨ ᠪᠣᠶ︖       ᠎ ᠪᠠᠨ ᠰᠢᠤ ᠫᠢᠩ᠄ ᠨᠢᠭᠡ ᠳᠤ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ᠂  ᠲᠤᠭᠤᠷᠢᠭ ᠤᠨ ᠰᠢᠭᠤᠳ ᠬᠠᠷᠢᠶ᠎ᠠ 26 ᠰᠠᠯᠠᠭ᠎ᠠ ᠮᠥᠴᠢᠷ᠂ 147 ᠬᠢᠨᠠᠨ ᠵᠥᠪᠰᠢᠶᠡᠷᠡᠬᠦ ᠠᠵᠢᠯᠲᠠᠨ᠂ 353 ᠵᠦᠶᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠣᠯᠠᠨ ᠨᠡᠶᠢᠲᠡ ᠶᠢᠨ ᠦᠶᠯᠡᠴᠢᠯᠡᠭᠡᠨ ᠤ ᠵᠦᠶᠯᠡᠰ ᠢ ᠴᠥᠮ ᠶᠡᠭᠡ ᠲᠢᠩᠬᠢᠮ ᠳᠤ ᠣᠷᠣᠭᠤᠯᠤᠭᠰᠠᠨ ᠪᠥᠭᠡᠳ ᠪᠥᠬᠦ ᠶᠠᠪᠤᠴᠠ ᠪᠠᠷ ᠭᠦᠶᠴᠡᠳᠬᠡᠬᠦ ᠶᠢ ᠪᠡᠶᠡᠯᠡᠭᠦᠯᠪᠡ᠃ ᠬᠤᠶᠠᠷ ᠲᠤ ︽ᠨᠢᠭᠡ ᠴᠣᠩᠬᠤ ᠪᠠᠷ ᠬᠦᠯᠢᠶᠡᠨ ᠠᠪᠴᠤ ᠰᠢᠶᠳᠪᠦᠷᠢᠯᠡᠬᠦ︾ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠠᠬᠢᠭᠤᠯᠵᠤ᠂ ᠮᠠᠨ ᠤ  ᠲᠤᠭᠤᠷᠢᠭ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠶᠡᠭᠡ ᠲᠢᠩᠬᠢᠮ ᠢ ︽ᠶᠡᠷᠦᠩᠬᠡᠶᠢᠯᠡᠨ ᠬᠢᠨᠠᠨ ᠬᠠᠮᠢᠶᠠᠷᠬᠤ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ᠂ ᠨᠡᠶᠢᠭᠡᠮ ᠠᠷᠠᠳ ᠤᠨ ᠠᠮᠢᠳᠤᠷᠠᠯ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢ ᠬᠢᠨᠠᠨ ᠵᠥᠪᠰᠢᠶᠡᠷᠡᠬᠦ︾ ᠳᠥᠷᠪᠡᠨ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠡᠮᠬᠢᠯᠡᠨ ᠨᠡᠶᠢᠯᠡᠭᠦᠯᠵᠦ ᠰᠢᠯᠢᠳᠡᠭᠵᠢᠭᠦᠯᠦᠨ᠂ 2020 ᠣᠨ ᠳᠤ ᠨᠡᠶᠢᠭᠡᠮ ᠳᠤ ᠬᠠᠨᠳᠤᠭᠤᠯᠤᠨ 30 ᠣᠶᠤᠲᠠᠨ ᠢ ᠢᠯᠡ ᠪᠠᠷ ᠤᠷᠢᠨ ᠬᠡᠷᠡᠭᠯᠡᠵᠦ᠂ ᠪᠣᠯᠪᠠᠰᠤᠷᠠᠭᠤᠯᠤᠯ ᠢᠶᠠᠷ ᠳᠡᠮᠵᠢᠨ ᠬᠢᠷᠢ ᠲᠡᠩᠴᠡᠭᠰᠡᠨ ᠤ ᠳᠠᠷᠠᠭ᠎ᠠ ᠪᠦᠬᠦᠨ ᠢ ᠠᠵᠢᠯ ᠤᠨ ᠪᠠᠶᠢᠷᠢ ᠳᠤ ᠭᠠᠷᠭᠠᠵᠤ ᠶᠡᠷᠦᠩᠬᠡᠶᠢᠯᠡᠨ ᠵᠠᠯᠭᠠᠵᠤ᠂ ᠨᠢᠭᠡᠨᠲᠡ ᠣᠷᠣᠨ ᠪᠦᠰᠡ ᠬᠤᠪᠢᠶᠠᠨ ︽ᠨᠢᠭᠡ ᠴᠣᠩᠬᠤ ᠪᠠᠷ ᠭᠥᠯᠢᠶᠡᠨ ᠠᠪᠴᠤ ᠰᠢᠶᠳᠪᠦᠷᠢᠯᠡᠬᠦ︾᠎ ᠶᠢ ᠪᠡᠶᠡᠯᠡᠭᠦᠯᠵᠦ᠂ ᠵᠢᠯ ᠤᠨ ᠡᠴᠦᠰ ᠲᠤ ᠦᠶᠯᠡᠴᠢᠯᠡᠭᠡᠨ ᠤ ᠴᠣᠩᠬᠤ ᠶᠢ ᠴᠥᠮ ᠵᠥᠷᠢᠶ᠎ᠡ ᠥᠬᠡᠶ ︽ᠨᠢᠭᠡ ᠴᠣᠩᠬᠤ ᠪᠠᠷ ᠭᠥᠯᠢᠶᠡᠨ ᠠᠪᠴᠤ ᠰᠢᠶᠳᠪᠦᠷᠢᠯᠡᠬᠦ︾᠎ ᠶᠢ ᠪᠡᠶᠡᠯᠡᠭᠦᠯᠦᠨ᠎ᠡ᠃ 25 ᠰᠠᠯᠠᠭ᠎ᠠ ᠮᠥᠴᠢᠷ ᠤᠨ 703 ᠬᠡᠷᠡᠭ ᠶᠠᠪᠤᠳᠠᠯ ᠤᠨ ᠨᠠᠷᠢᠨ ᠲᠠᠩᠰᠠ ᠶᠢ ᠳᠠᠬᠢᠨ ᠬᠡᠷᠡᠭᠯᠡᠬᠦ ᠶᠢ ᠨᠢᠭᠡᠨᠲᠡ ᠪᠡᠶᠡᠯᠡᠭᠦᠯᠵᠦ᠂ ᠳᠥᠷᠪᠡᠳᠦᠭᠡᠷ ᠪᠦᠯᠦᠭ ᠤᠨ 383 ᠵᠦᠶᠯ ᠤᠨ ᠨᠠᠷᠢᠨ ᠲᠠᠩᠰᠠ ᠶᠢ ᠳᠠᠬᠢᠨ ᠬᠡᠷᠡᠭᠯᠡᠬᠦ ᠠᠵᠢᠯ ᠢ ᠨᠢᠭᠡᠨᠲᠡ ᠡᠬᠢᠯᠡᠭᠦᠯᠵᠦ ᠂ ︽ᠨᠢᠭᠡ ᠴᠣᠩᠬᠤ ᠪᠠᠷ ᠭᠥᠯᠢᠶᠡᠨ ᠠᠪᠴᠤ ᠰᠢᠶᠳᠪᠦᠷᠢᠯᠡᠬᠦ︾᠎ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃ ᠭᠤᠷᠪᠠ ᠳᠤ᠂ ︽ᠨᠢᠭᠡ ᠠᠯᠪᠠᠨ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠲᠥᠰᠦᠯ ᠢ ᠨᠢᠭᠡᠨᠲᠡ ᠳᠡᠭᠡᠭᠰᠢ ᠥᠪᠡᠷᠲᠡᠭᠡᠨ ᠵᠠᠰᠠᠬᠤ ᠣᠷᠣᠨ ᠤ ᠣᠷᠣᠨ ᠲᠤᠭ᠎ᠠ ᠶᠢᠨ ᠠᠯᠪᠠᠨ ᠬᠡᠷ ᠲᠤ ᠮᠡᠳᠡᠭᠦᠯᠵᠦ᠂ ᠴᠣᠬᠤᠯᠠᠪᠤᠷᠢᠯᠠᠨ ᠬᠠᠷᠢᠭᠤᠯᠬᠤ ᠶᠢ ᠬᠦᠯᠢᠶᠡᠪᠡ᠃ ︽ᠮᠠᠲ᠋ᠧᠷᠢᠶᠠᠯ ᠢ ᠴᠥᠭᠡᠳᠬᠡᠬᠦ᠂ ᠦᠨᠡᠮᠯᠡᠯ ᠦᠨᠡᠮᠯᠡᠯ ᠢ ᠴᠥᠭᠡᠳᠬᠡᠬᠦ᠂ ᠤᠴᠢᠷ ᠶᠠᠪᠤᠳᠠᠯ ᠢ ᠴᠥᠭᠡᠳᠬᠡᠬᠦ᠂ ᠭᠤᠭᠴᠤᠭ᠎ᠠ ᠶᠢ ᠴᠥᠭᠡᠳᠬᠡᠬᠦ᠂ ᠴᠠᠭ ᠤᠨ ᠬᠢᠵᠠᠭᠠᠷ ᠢ ᠪᠠᠭᠠᠰᠬᠠᠬᠤ᠂ ᠦᠢᠯᠡᠴᠢᠯᠡᠭᠡ ᠶᠢ ᠰᠢᠯᠢᠳᠡᠭᠵᠢᠭᠦᠯᠬᠦ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠶᠠᠪᠤᠭᠤᠯᠵᠤ᠂ ᠨᠢᠳᠤᠨᠤᠨ ᠵᠢᠯ ᠭᠡᠷᠡᠴᠢᠯᠡᠬᠦ ᠮᠠᠲ᠋ᠧᠷᠢᠶᠠᠯ ᠢ 32%᠎ ᠢᠶᠠᠷ ᠴᠣᠮᠬᠠᠳᠬᠠᠭᠰᠠᠨ ᠰᠠᠭᠤᠷᠢᠨ ᠳᠡᠭᠡᠷ᠎ᠡ ᠲᠠᠬᠢᠨ 30%᠎ ᠪᠠᠷ ᠴᠣᠮᠬᠠᠳᠬᠠᠵᠤ᠂ ᠨᠢᠳᠤᠨᠤᠨ ᠵᠢᠯ ᠬᠢᠨᠠᠨ ᠵᠥᠪᠰᠢᠶᠡᠷᠡᠬᠦ ᠬᠤᠭᠤᠴᠠᠭ᠎ᠠ ᠶᠢ 56%᠎ ᠪᠠᠷ ᠪᠠᠭᠠᠰᠬᠠᠭᠰᠠᠨ ᠰᠠᠭᠤᠷᠢᠨ ᠳᠡᠭᠡᠷ᠎ᠡ ᠲᠠᠬᠢᠨ 30%᠎ ᠪᠠᠷ ᠪᠠᠭᠠᠰᠬᠠᠨ᠎ᠠ᠃ ᠲᠦᠷᠪᠡ ᠳᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠪᠠᠭᠲᠠᠭᠠᠮᠵᠢᠲᠠᠢ ᠪᠣᠯᠭᠤᠮᠵᠢᠲᠠᠢ ᠪᠠᠶᠢᠬᠤ ᠪᠠ ᠭᠠᠷ ᠭᠦᠢᠴᠡᠳᠬᠡᠯ ᠤᠨ ︽ᠳᠤᠲᠠᠭᠤ ᠶᠢ ᠪᠠᠭᠲᠠᠭᠠᠬᠤ ᠶᠢ ᠬᠦᠯᠢᠶᠡᠨ ᠠᠪᠴᠤ ᠰᠢᠢᠳᠪᠦᠷᠢᠯᠡᠬᠦ︾ ᠲᠣᠭᠲᠠᠴᠠ ᠶᠢ ᠢᠳᠡᠪᠬᠢᠲᠡᠢ ᠰᠦᠪᠡᠭᠴᠢᠯᠡᠵᠦ᠂ ᠪᠦᠬᠦ ᠬᠤᠳᠠ ᠳᠤ ᠤᠷᠢᠳᠠᠪᠠᠷ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠲᠦᠷᠦᠯ ᠵᠦᠢᠯ ᠤᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠲᠥᠪ ᠢ ᠪᠠᠶᠢᠭᠤᠯᠵᠤ᠂ ᠠᠵᠤ ᠠᠬᠤᠶᠢᠯᠠᠯ ᠳᠤ ᠪᠠᠶᠢᠭᠤᠯᠬᠤ ᠠᠴᠠ ᠠᠪᠤᠭᠠᠳ ᠠᠵᠢᠯ ᠳᠠᠭᠤᠰᠬᠤ ᠬᠦᠷᠲᠡᠯᠡᠬᠢ ᠪᠦᠬᠦ ᠶᠠᠪᠤᠴᠠ ᠶᠢᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠶᠢ ᠬᠠᠩᠭᠠᠵᠤ᠂ ᠤᠳᠤ ᠡᠯ᠎ᠡ ᠲᠦᠷᠦᠯ ᠤᠨ ᠬᠡᠷᠡᠭ ᠶᠠᠪᠤᠳᠠᠯ ᠢ ᠨᠡᠶᠢᠢᠳᠡ 200 ᠭᠠᠷᠤᠢ ᠬᠠᠪᠰᠤᠷᠤᠨ ᠭᠦᠢᠴᠡᠳᠬᠡᠵᠦ᠂ ᠠᠵᠤ ᠠᠬᠤᠶᠢᠯᠠᠯ ᠤᠨ ᠬᠠᠨᠤᠮᠵᠢ ᠶᠢᠨ ᠬᠡᠮᠵᠢ᠊ ᠡᠶ᠎ᠡ 100%᠎ ᠳᠤ ᠬᠦᠷᠴᠡᠢ᠃ ᠡᠭᠦᠨ ᠤ ᠬᠠᠮᠲᠤ᠂ ᠲᠣᠭᠤᠷᠢᠭ᠂ ᠰᠢᠶᠠᠩ ᠪᠠᠯᠭᠠᠰᠤ ᠵᠡᠭᠡᠯᠢ ᠭᠤᠳᠤᠮᠵᠢ᠂ ᠲᠣᠰᠬᠤᠨ ᠨᠡᠶᠢᠭᠡᠮ ᠲᠣᠭᠤᠷᠢᠭ ᠭᠤᠷᠪᠠᠨ ᠱᠠᠲᠤᠨ ᠤ ᠣᠷᠣᠯᠠᠨ ᠭᠦᠶᠴᠡᠳᠬᠡᠬᠦ ᠲᠣᠭᠲᠠᠴᠠ ᠶᠢ ᠪᠠᠶᠢᠭᠤᠯᠵᠤ᠂ ᠣᠯᠠᠨ ᠲᠦᠮᠡᠨ ᠢ ᠬᠠᠪᠰᠤᠷᠤᠨ ᠦᠨᠳᠦᠰᠦᠨ ᠱᠠᠲᠤᠨ ᠳᠤ ᠨᠡᠶᠢᠲᠡ 1.5 ᠲᠦᠮᠡ ᠭᠠᠷᠤᠶ ᠬᠤᠪᠢ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠵᠦᠶᠯᠡᠰ ᠢ ᠭᠦᠶᠴᠡᠳᠬᠡᠪᠡ᠃ ᠲᠠᠪᠤ ᠳᠤ᠂ ︽ᠨᠢᠭᠤᠷ ᠵᠣᠯᠭᠠᠬᠤ ᠥᠬᠡᠶ ᠪᠠᠷ ᠬᠢᠨᠠᠨ ᠵᠥᠪᠰᠢᠶᠡᠷᠡᠭᠦᠯᠬᠦ︾᠎ ᠶᠢ ᠶᠡᠬᠡᠪᠡᠷ ᠳᠥᠯᠭᠢᠨ ᠠᠬᠢᠭᠤᠯᠵᠤ᠂ ︽ᠲᠥᠪᠯᠡᠷᠡᠭᠦᠯᠦᠨ ᠲᠦᠷᠭᠡᠨ ᠰᠢᠶᠳᠪᠦᠷᠢᠯᠡᠬᠦ︾ ᠲᠠᠪᠴᠠᠩ ᠢ ᠠᠰᠢᠭᠯᠠᠨ᠂ ᠠᠷᠠᠳ ᠲᠤ ᠲᠥᠬᠦᠮ ᠦᠵᠡᠭᠦᠯᠬᠦ ᠦᠶᠯᠡᠴᠢᠯᠡᠭᠡᠨ ᠤ ᠴᠢᠳᠠᠮᠵᠢ ᠶᠢ ᠨᠡᠭᠡᠭᠡᠨ ᠬᠥᠭᠵᠢᠭᠦᠯᠵᠦ᠂ ︽ᠭᠠᠷ ᠤᠨ ᠠᠯᠠᠭᠠᠨ ᠳᠠᠭᠠᠨ ᠨᠣᠮᠧᠷ ᠳᠠᠭᠤᠳᠠᠬᠤ᠂ ᠭᠠᠷ ᠤᠨ ᠠᠯᠠᠭᠠᠨ ᠳᠠᠭᠠᠨ ᠠᠰᠠᠭᠤᠨ ᠯᠠᠪᠯᠠᠬᠤ᠂ ᠭᠠᠷ ᠤᠨ ᠠᠯᠠᠭᠠᠨ ᠳᠠᠭᠠᠨ ᠦᠨᠡᠮᠯᠡᠯ ᠠᠪᠴᠤ ᠰᠦᠶᠳᠬᠡᠯ ᠲᠤᠰᠢᠶᠠᠬᠤ︾ ᠦᠶᠯᠡᠴᠢᠯᠡᠭᠡ ᠶᠢ ᠪᠡᠶᠡᠯᠡᠭᠦᠯᠦᠨ᠎ᠡ᠃ ᠣᠲᠣ ᠨᠢᠭᠡᠨᠲᠡ ᠲᠦᠭᠡᠭᠡᠯ ᠤᠰᠤ᠂ ᠳᠤᠯᠠᠭᠠᠯᠭ᠎ᠠ ᠶᠢᠨ ᠠᠯᠠᠭᠠᠨ ᠳᠡᠭᠡᠷ᠎ᠡ ᠰᠦᠶᠳᠬᠡᠯ ᠲᠤᠰᠢᠶᠠᠬᠤ ᠶᠢ ᠪᠡᠶᠡᠯᠡᠭᠦᠯᠪᠡ᠂ ᠪᠢᠳᠡ ᠪᠠᠰᠠ ᠡᠷᠡᠭᠦᠯ ᠮᠡᠨᠳᠦ ᠶᠢᠨ ᠦᠨᠡᠮᠯᠡᠯ ᠢ ᠰᠦᠯᠵᠢᠶᠡᠨ ᠳᠡᠭᠡᠷ᠎ᠡ ᠭᠦᠶᠴᠡᠳᠬᠡᠬᠦ᠂ ᠬᠡᠷᠡᠭ ᠡᠷᠭᠢᠯᠡᠬᠦ ᠵᠦᠭᠯᠡᠭᠦᠷ ᠢ ᠪᠠᠶᠢᠴᠠᠭᠠᠨ ᠯᠠᠪᠯᠠᠬᠤ᠂ ᠶᠡᠭᠡ ᠲᠢᠩᠬᠢᠮ ᠳᠤ ᠳᠤᠭᠤᠶ ᠨᠣᠮᠧᠷ ᠳᠠᠭᠤᠳᠠᠬᠤ ᠪᠠ ᠲᠠᠭᠤ ᠳᠦᠷᠰᠦ ᠰᠢᠩᠭᠡᠭᠡᠯᠲᠡ ᠶᠢ ᠴᠡᠴᠡᠷᠡᠭᠦᠯᠦᠨ ᠬᠦᠷᠭᠡᠬᠦ ᠵᠡᠷᠭᠡ ᠴᠢᠳᠠᠮᠵᠢ ᠶᠢ ᠭᠠᠷᠭᠠᠵᠤ᠂ ᠵᠢᠯ ᠤᠨ ᠡᠴᠦᠰ ᠲᠤ ᠨᠠᠰᠤᠲᠠᠶᠢᠴᠤᠳ ᠲᠤ ᠬᠠᠷᠠᠭᠠᠯᠵᠠᠯ ᠦᠵᠡᠭᠦᠯᠬᠦ ᠦᠨᠡᠮᠯᠡᠯ᠂ ᠣᠯᠠᠨ ᠬᠡᠤᠬᠡᠳ ᠠᠪᠬᠤ ᠦᠨᠡᠮᠯᠡᠯ᠂ ᠵᠡᠮᠳᠡᠭᠴᠦᠳ ᠤᠨ ᠦᠨᠡᠮᠯᠡᠯ ᠢ ᠭᠦᠶᠴᠡᠳᠬᠡᠬᠦ᠂ ᠨᠡᠶᠢᠭᠡᠮ ᠤᠨ ᠳᠠᠭᠠᠳᠬᠠᠯ ᠤᠨ ᠣᠨ ᠤ ᠪᠠᠶᠢᠴᠠᠭᠠᠯᠲᠠ ᠬᠢᠬᠦ ᠪᠠ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ ᠪᠠᠶᠢᠴᠠᠭᠠᠨ ᠯᠠᠪᠯᠠᠬᠤ ᠵᠡᠷᠭᠡ 10 ᠵᠦᠶᠯ ᠤᠨ ᠥᠨᠳᠥᠷ ᠲᠠᠪᠳᠠᠮᠵᠢᠳᠤ ᠵᠦᠶᠯᠡᠰ ᠢ ︽ᠠᠯᠠᠭᠠᠨ ᠳᠡᠭᠡᠷ᠎ᠡ ᠪᠠᠨ ᠭᠦᠶᠴᠡᠳᠬᠡᠬᠦ︾ ᠪᠣᠯᠤᠨ᠎ᠠ᠃ ᠵᠢᠷᠭᠤᠭ᠎ᠠ ᠳᠤ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢ ᠲᠦᠷᠭᠡᠳᠬᠡᠨ ᠠᠬᠢᠭᠤᠯᠵᠤ᠂ ᠤᠯᠤᠰ ᠤᠨ ︽ᠢᠨᠲ᠋ᠧᠷ ᠰᠦᠯᠵᠢᠶ᠎ᠡ + ᠬᠢᠨᠠᠨ ᠬᠠᠮᠢᠶᠠᠷᠬᠤ︾ ᠲᠠᠪᠴᠠᠩ ᠤᠨ 480 ᠵᠦᠢᠯ ᠤᠨ ᠬᠢᠨᠠᠨ ᠬᠠᠮᠢᠶᠠᠷᠤᠯᠲᠠ ᠶᠢᠨ ᠵᠦᠢᠯᠡᠰ ᠢ ᠰᠠᠨᠠᠭᠠᠴᠢᠯᠠᠭ᠎ᠠ ᠠᠴᠠ ᠪᠠᠨ ᠲᠠᠨᠢᠵᠤ᠂ 423 ᠵᠦᠢᠯ ᠤᠨ ᠪᠠᠶᠢᠴᠠᠭᠠᠯᠲᠠ ᠶᠢ ᠬᠡᠷᠡᠭᠵᠢᠭᠦᠯᠬᠦ ᠨᠠᠷᠢᠨ ᠳᠠᠩᠰᠠ ᠶᠢ ᠨᠠᠶᠢᠷᠠᠭᠤᠯᠤᠨ ᠵᠣᠬᠢᠶᠠᠪᠠ᠃ ᠨᠡᠶᠢᠭᠡᠮ ᠤᠨ ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠳᠤ ᠰᠠᠨᠠᠭᠠᠴᠢᠯᠠᠭ᠎ᠠ ᠠᠴᠠ ᠪᠠᠨ ᠬᠠᠷᠢᠭᠤᠯᠲᠠ ᠥᠭᠴᠦ᠂ ᠣᠲᠣ ᠨᠢᠭᠡᠨᠲᠡ 12345 ᠬᠠᠯᠠᠭᠤᠨ ᠤᠲᠠᠰᠤ ᠪᠠᠷ ᠬᠠᠷᠢᠭᠤ ᠲᠤᠰᠬᠠᠭᠰᠠᠨ 46 ᠠᠰᠠᠭᠤᠳᠠᠯ ᠢ ᠭᠥᠯᠢᠶᠡᠨ ᠠᠪᠴᠤ ᠰᠢᠶᠳᠪᠦᠷᠢᠯᠡᠵᠦ᠂ ᠨᠢᠭᠡᠨᠲᠡ ᠪᠦᠬᠦᠨ ᠢ ᠬᠠᠷᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ 100%᠎ ᠳᠤ ᠬᠥᠷᠪᠡ᠃ ᠲᠤᠯᠤᠭ᠎ᠠ ᠳᠤ᠂ ᠵᠠᠭᠤᠴᠢᠯᠠᠬᠤ ᠦᠢᠯᠡᠴᠢᠯᠡᠭᠡ ᠶᠢ ᠴᠡᠪᠡᠷᠯᠡᠨ ᠵᠢᠷᠤᠮᠵᠢᠭᠤᠯᠵᠤ᠂ ᠬᠠᠷᠢᠶᠠᠯᠠᠯ ᠤᠨ ᠬᠡᠪᠴᠢᠶᠡᠨ ᠳᠤ ᠤᠯᠠᠭᠠᠨ ᠤᠷᠬᠢᠯᠳᠤ ᠵᠠᠭᠤᠴᠢ ᠪᠠᠶᠢᠬᠤ ᠦᠭᠡᠢ᠃ ᠣᠷᠣᠨ ᠤ ᠬᠠᠷᠢᠶ᠎ᠠ 11 ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠰᠠᠯᠭᠠᠬᠤ ᠶᠢ ᠢᠳᠡᠪᠬᠢᠲᠡᠶ ᠯᠠᠪᠳᠠᠭᠤᠨ ᠢᠶᠠᠷ ᠲᠦᠯᠬᠢᠨ ᠠᠬᠢᠭᠤᠯᠵᠤ᠂ ᠠᠵᠢᠯ ᠲᠦᠷᠦᠯ ᠤᠨ ᠨᠡᠶᠢᠭᠡᠮᠯᠢᠭ ᠬᠤᠳᠠᠯᠳᠤᠭᠠᠨ ᠤ ᠡᠪᠯᠡᠯ ᠢ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠡᠪ ᠪᠠᠶᠢᠳᠠᠯ ᠳᠤ ᠥᠪᠡᠷᠮᠢᠴᠡ ᠳᠠᠪᠠᠭᠤᠯᠢᠭ ᠪᠠ ᠪᠠᠶᠢᠪᠠᠰᠤ ᠵᠣᠬᠢᠬᠤ ᠦᠢᠯᠡᠳᠦᠯ ᠢ ᠨᠢ ᠦᠨᠡᠨ ᠬᠦ ᠭᠦᠢᠴᠡᠳ ᠪᠠᠳᠠᠷᠠᠭᠤᠯᠤᠨ᠎ᠠ᠃       ᠰᠤᠷᠪᠤᠯᠵᠢᠯᠠᠭᠴᠢ᠄ ᠪᠡᠯᠡ ᠣᠷᠣᠭᠤᠯᠤᠯᠲᠠ ᠶᠢᠨ ᠣᠷᠴᠢᠨ ᠨᠥᠬᠦᠴᠡᠯ ᠢ ᠲᠡᠭᠦᠯᠳᠡᠷᠵᠢᠭᠦᠯᠵᠦ᠂ ᠪᠠᠩᠬᠢ ᠪᠣᠯᠤᠨ ᠠᠵᠤ ᠠᠬᠤᠶᠢᠯᠠᠯ ᠢ ᠵᠠᠯᠭᠠᠯᠳᠤᠭᠤᠯᠬᠤ ᠲᠠᠪᠴᠠᠩ ᠢ ᠪᠤᠶ ᠪᠣᠯᠭᠠᠬᠤ ᠶᠢᠨ ᠵᠡᠷᠭᠡ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠬᠤ ᠲᠠᠯ᠎ᠠ ᠪᠠᠷ ᠵᠢᠨᠢᠩ ᠲᠣᠭᠤᠷᠢᠭ ᠤᠨ ᠬᠢᠨ ᠶᠠᠮᠠᠷ ᠶᠠᠮᠠᠷ ᠲᠠᠯ᠎ᠠ ᠠᠴᠠ ᠭᠠᠷᠳᠠᠵᠤ ᠬᠢᠭᠰᠡᠨ ᠪᠤᠶ  ︖᡼ ᠎       ᠎ ᠪᠠᠨ ᠰᠢᠤ ᠫᠢᠩ᠄ ᠨᠢᠭᠡ ᠳᠤ᠂ ᠵᠢᠨᠢᠩ ᠲᠣᠭᠤᠷᠢᠭ ᠤᠨ ᠬᠢᠨ ᠰᠢ ᠶᠢᠨ ᠫᠢᠩ ᠶᠡᠷᠦᠩᠬᠡᠢ ᠱᠦᠵᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 26 ᠵᠤᠷᠪᠤᠰ ᠢ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠪᠠ᠃ ᠵᠠᠰᠠᠭ ᠪᠠᠩᠬᠢ ᠠᠵᠤ ᠠᠬᠤᠶᠢᠯᠠᠯ ᠤᠨ ᠶᠠᠷᠢᠯᠴᠠᠬᠤ ᠬᠤᠷᠠᠯ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠵᠣᠯᠭᠠᠭᠤᠯᠬᠤ ᠬᠤᠷᠠᠯ᠂ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠶᠡᠭᠡ ᠬᠤᠷᠠᠯ᠂ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠰᠣᠨᠢᠨ ᠮᠡᠳᠡᠭᠡ ᠨᠡᠶᠢᠲᠡᠯᠡᠬᠦ ᠬᠤᠷᠠᠯ ᠢ ᠲᠣᠰ ᠲᠣᠰ ᠵᠣᠬᠢᠶᠠᠨ ᠪᠠᠶᠢᠭᠤᠯᠵᠤ ᠬᠤᠷᠠᠯᠳᠤᠭᠤᠯᠪᠠ᠃  ᠲᠤᠭᠤᠷᠢᠭ ᠤᠨ ᠳᠡᠰ ᠤᠨ ᠤᠳᠤᠷᠢᠳᠤᠯᠭ᠎ᠠ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ︽ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠲᠠᠢ ᠬᠠᠷᠢᠯᠴᠠᠬᠤ ᠪᠠᠶᠢᠩᠭᠤ ᠶᠢᠨ ᠠᠵᠢᠯ ᠤᠨ ᠲᠥᠰᠦᠯ︾᠎ ᠢ ᠲᠣᠭᠲᠠᠭᠠᠵᠤ᠂  ᠲᠤᠭᠤᠷᠢᠭ ᠤᠨ ᠲᠠᠰ ᠤᠨ 31 ᠤᠳᠤᠷᠢᠳᠤᠯᠭ᠎ᠠ ᠲᠦᠷᠦᠭᠦᠯᠡᠨ 124 ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠢ ᠳᠠᠭᠠᠭᠠᠨ ᠬᠤᠯᠪᠣᠭᠠᠯᠠᠵᠤ᠂ ︽ᠵᠠᠰᠠᠭ ᠠᠵᠤ ᠠᠬᠤᠶᠢᠯᠠᠯ ᠤᠨ ᠨᠡᠪᠲᠡᠷᠡᠯᠴᠡᠭᠡ︾᠎ ᠶᠢᠨ ᠠᠰᠠᠭᠤᠳᠠᠯ ᠢ ᠬᠠᠷᠢᠭᠤ ᠲᠤᠰᠬᠠᠬᠤ ᠲᠠᠪᠴᠠᠩ ᠪᠠ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠠᠰᠢᠭᠯᠠᠨ ᠢᠳᠬᠠᠯ ᠠᠪᠬᠤ ᠬᠠᠯᠠᠭᠤᠨ ᠤᠲᠠᠰᠤ ᠶᠢ ᠨᠡᠭᠡᠭᠡᠵᠦ᠂ ᠠᠵᠤ ᠠᠬᠤᠶᠢᠯᠠᠯ ᠢ ᠭᠠᠴᠢᠭᠳᠠᠭᠤᠯᠵᠤ ᠪᠠᠶᠢᠭ᠎ᠠ ᠬᠦᠴᠢᠷ ᠲᠦᠪᠡᠭᠲᠡᠶ ᠠᠰᠠᠭᠤᠳᠠᠯ ᠢ ᠴᠠᠭ ᠲᠤᠬᠠᠶ ᠳᠤᠨᠢ ᠴᠤᠭᠯᠠᠭᠤᠯᠤᠨ ᠰᠢᠶᠳᠪᠦᠷᠢᠯᠡᠬᠦ ᠶᠢᠨ ᠬᠠᠮᠲᠤ ︽ᠭᠠᠷᠠᠭ ᠤᠨ ᠵᠢᠭᠰᠠᠭᠠᠯᠲᠠ᠂ ᠰᠠᠷ᠎ᠠ ᠶᠢᠨ ᠨᠡᠪᠲᠡᠷᠡᠭᠦᠯᠭᠡ᠂ ᠤᠯᠠᠷᠢᠯ ᠤᠨ ᠬᠤᠷᠢᠶᠠᠩᠭᠤᠶᠢᠯᠠᠯ︾᠎ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ᠰᠢᠬᠠᠮᠳᠠᠭᠤᠯᠬᠤ ᠪᠠᠶᠢᠳᠠᠯ ᠢ ᠪᠣᠶ ᠪᠣᠯᠭᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠪᠠ᠃ ᠣᠲᠣ ᠪᠣᠯᠲᠠᠯ᠎ᠠ᠂ ᠠᠵᠤ ᠠᠬᠤᠶᠢᠯᠠᠯ ᠳᠤ ᠨᠡᠶᠢᠲᠡ 100 ᠭᠠᠷᠤᠶ ᠤᠳᠠᠭ᠎ᠠ ᠭᠦᠨᠵᠡᠭᠡᠶᠢᠷᠡᠵᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ 12 ᠤᠳᠠᠭ᠎ᠠ ᠶᠠᠷᠢᠯᠴᠠᠵᠤ᠂ ᠭᠥᠯᠢᠶᠡᠨ ᠠᠪᠤᠭᠰᠠᠨ 202 ᠬᠦᠴᠢᠷ ᠲᠦᠪᠡᠭᠲᠡᠶ ᠠᠰᠠᠭᠤᠳᠠᠯ ᠢ ᠨᠢᠭᠡᠨᠲᠡ 143 ᠰᠢᠶᠳᠪᠦᠷᠢᠯᠡᠵᠦ᠂ ᠰᠢᠶᠳᠪᠦᠷᠢᠯᠡᠭᠰᠡᠨ ᠨᠣᠷᠮ᠎ᠠ ᠨᠢ 70%᠎ ᠳᠤ ᠬᠦᠷᠴᠡᠶ᠃ 27 ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠬᠤ ᠠᠰᠠᠭᠤᠳᠠᠯ ᠤᠨ 25 ᠵᠦᠢᠯ ᠢ ᠨᠢᠭᠡᠨᠲᠡ ᠴᠡᠭᠴᠡᠯᠡᠨ ᠰᠠᠶᠢᠵᠢᠷᠠᠭᠤᠯᠵᠤ᠂ ᠦᠯᠡᠳᠡᠭᠰᠡᠨ 2 ᠵᠦᠢᠯ ᠢ ᠨᠢ ᠶᠠᠭ ᠢᠳᠡᠪᠬᠢᠲᠡᠢ ᠠᠬᠢᠭᠤᠯᠵᠤ ᠪᠤᠢ᠃ ᠡᠭᠦᠨ ᠤ ᠬᠠᠮᠲᠤ᠂ ᠡᠯ᠎ᠡ ᠵᠦᠶᠯ ᠤᠨ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠠᠵᠤ ᠠᠬᠤᠶᠢᠯᠠᠯ ᠳᠤ ᠬᠤᠯᠪᠣᠭᠳᠠᠬᠤ ᠰᠦᠶᠳᠬᠡᠯ ᠬᠤᠷᠢᠶᠠᠬᠤ ᠨᠠᠷᠢᠨ ᠲᠠᠩᠰᠠ ᠶᠢᠨ ᠲᠦᠷᠢᠮ ᠢ ᠲᠡᠭᠦᠯᠳᠡᠷᠵᠢᠭᠦᠯᠦᠨ᠂ ᠰᠦᠶᠳᠬᠡᠯ ᠬᠤᠷᠢᠶᠠᠬᠤ ᠦᠶᠯᠡ ᠠᠵᠢᠯᠯᠠᠭ᠎ᠠ ᠶᠢ ᠵᠢᠷᠤᠮᠵᠢᠭᠤᠯᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠴᠠᠭ ᠲᠤᠬᠠᠶ ᠳᠤᠨᠢ ᠬᠡᠷᠡᠭᠵᠢᠭᠦᠯᠵᠦ᠂ ᠠᠵᠤ ᠠᠬᠤᠶᠢᠯᠠᠯ ᠪᠠ ᠬᠤᠪᠢ ᠬᠥᠮᠦᠨ ᠨᠢᠭᠡᠪᠦᠷᠢ ᠴᠥᠮ ᠥᠭᠡᠷᠡᠴᠢᠯᠡᠯᠲᠡ ᠶᠢᠨ ᠠᠰᠢᠭ ᠲᠤᠰᠠ ᠶᠢ ᠭᠥᠷᠳᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠡᠨᠡ ᠵᠢᠯ ᠤᠨ 1 — 3 ᠰᠠᠷ᠎ᠠ ᠳᠤ᠂ 26 ᠬᠤᠭᠤᠴᠠᠭᠠᠨ ᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠠᠩᠭᠢ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠨᠡᠶᠢᠲᠡ 1337 ᠬᠥᠮᠦᠨ ᠳᠤ ᠪᠣᠯᠪᠠᠰᠤᠷᠠᠯ ᠬᠦᠷᠲᠡᠭᠡᠪᠡ  ᠃ ᠴᠢᠳᠠᠪᠤᠷᠢᠲᠠᠨ ᠤᠷᠢᠬᠤ ᠴᠤᠭᠯᠠᠭᠠᠨ ᠢ 3 ᠤᠳᠠᠭ᠎ᠠ ᠠᠮᠵᠢᠯᠲᠠ ᠲᠠᠢ ᠪᠠᠷ ᠡᠷᠬᠢᠯᠡᠵᠦ᠂ 253 ᠠᠵᠤ ᠠᠬᠤᠶᠢᠯᠠᠯ ᠳᠤ ᠣᠷᠣᠯᠴᠠᠵᠤ᠂ 2123 ᠬᠥᠮᠦᠨ ᠳᠤ ᠠᠵᠢᠯ ᠣᠯᠭᠤᠪᠠ᠃ ᠡᠭᠦᠨ ᠠᠴᠠ ᠭᠠᠳᠠᠨ᠎ᠠ᠂ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠢᠲᠡᠭᠡᠮᠵᠢ ᠶᠢᠨ ︽ᠤᠯᠠᠭᠠᠨ ᠬᠠᠷ᠎ᠠ ᠲᠠᠩᠰᠠ︾᠎ ᠶᠢ ᠪᠠᠶᠢᠭᠤᠯᠤᠨ᠂ 3793 ᠠᠵᠤ ᠠᠬᠤᠶᠢᠯᠠᠯ ᠳᠤ ᠢᠲᠡᠭᠡᠮᠵᠢ ᠶᠢᠨ ᠦᠨᠡᠯᠡᠯᠲᠡ ᠶᠢᠨ ᠬᠠᠷᠢᠭᠤ ᠲᠤᠰᠬᠠᠯ ᠬᠢᠵᠦ᠂ 37 ᠭᠠᠶᠢᠯᠢ ᠲᠤᠰᠢᠶᠠᠭᠴᠢ ᠶᠢᠨ ᠢᠲᠡᠭᠡᠮᠵᠢ ᠶᠢ ᠰᠡᠷᠭᠦᠭᠡᠬᠦ ᠠᠵᠢᠯ ᠢ ᠪᠡᠶᠡᠯᠡᠭᠦᠯᠵᠦ᠂ ᠥᠪᠡᠷᠲᠡᠭᠡᠨ ᠵᠠᠰᠠᠬᠤ ᠣᠷᠣᠨ ᠤ 48 ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ᠂ ᠵᠢᠨᠢᠩ ᠲᠣᠭᠤᠷᠢᠭ ᠤᠨ 485 ᠪᠣᠯᠪᠠᠰᠤᠨ ᠦᠨᠡᠨᠴᠢ ᠢᠲᠡᠭᠡᠮᠵᠢ ᠶᠢᠨ ᠡᠵᠡᠩᠨᠡᠯᠲᠡ ᠶᠢᠨ ᠵᠢᠱᠢᠶ᠎ᠡ ᠦᠵᠡᠭᠦᠯᠬᠦ ᠡᠷᠦᠬᠡ ᠶᠢ ᠰᠣᠩᠭᠤᠨ ᠪᠠᠶᠢᠭᠤᠯᠵᠤ᠂ 15 ᠢᠲᠡᠭᠡᠯ ᠠᠯᠳᠠᠭᠰᠠᠨ ᠠᠵᠤ ᠠᠬᠤᠶᠢᠯᠠᠯ ᠪᠠ ᠢᠲᠡᠭᠡᠯ ᠠᠯᠳᠠᠭᠰᠠᠨ ᠬᠥᠮᠦᠨ ᠢ ᠬᠠᠷ᠎ᠠ ᠲᠠᠩᠰᠠᠨ ᠳᠤ ᠣᠷᠣᠭᠤᠯᠪᠠ᠃      ᠬᠤᠶᠠᠷ ᠲᠤ᠂ ᠮᠠᠨ ᠤ ᠲᠤᠭᠤᠷᠢᠭ ᠭᠤᠤᠯᠳᠠᠯᠭ᠎ᠠ ᠲᠠᠢ ᠪᠠᠯᠠ ᠲᠣᠬᠢᠷᠠᠭᠤᠯᠭ᠎ᠠ ᠶᠢᠨ ᠮᠡᠳᠡᠭᠡ ᠵᠠᠩᠭᠢ ᠶᠢᠨ ᠨᠠᠷᠢᠨ ᠬᠠᠭᠤᠳᠠᠰᠤ ᠶᠢᠨ ᠬᠥᠮᠥᠷᠭᠡ ᠶᠢ ᠪᠠᠶᠢᠭᠤᠯᠵᠤ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠡᠵᠡᠮᠰᠢᠨ᠂ ︽ᠵᠠᠰᠠᠭ ᠤᠨ ᠣᠷᠳᠣᠨ ᠲᠠᠪᠴᠠᠩ ᠪᠠᠶᠢᠭᠤᠯᠵᠤ᠂ ᠠᠵᠤ ᠠᠬᠤᠶᠢᠯᠠᠯ ᠰᠢ ᠳᠠᠭᠤᠯᠠᠬᠤ︾ ᠵᠠᠭᠪᠤᠷ ᠢᠶᠠᠷ ᠳᠠᠮᠵᠢᠭᠤᠯᠤᠨ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠣᠯᠠᠨ ᠠᠷᠭ᠎ᠠ ᠵᠠᠮ ᠢᠶᠠᠷ ᠪᠠᠭᠤᠷᠠᠭᠤᠯᠵᠤ᠂ ᠪᠠᠩᠬᠢ ᠪᠠ ᠠᠵᠤ ᠠᠬᠤᠶᠢᠯᠠᠯ ᠢ ᠲᠥᠪᠯᠡᠷᠡᠭᠦᠯᠦᠨ ᠭᠡᠷ᠎ᠡ ᠲᠣᠭᠲᠠᠬᠤ ᠠᠵᠢᠯᠯᠠᠭ᠎ᠠ ᠶᠢ ᠠᠮᠵᠢᠯᠲᠠ ᠲᠠᠢ ᠡᠷᠭᠢᠯᠡᠵᠦ᠂ 10 ᠪᠠᠩᠬᠢ᠂ 59 ᠲᠠᠷᠢᠶᠠᠯᠠᠩ ᠮᠠᠯ ᠠᠵᠤ ᠠᠬᠤᠶ᠂ ᠠᠵᠤ ᠦᠶᠯᠡᠳᠪᠦᠷᠢ ᠶᠢᠨ ᠠᠵᠤ ᠠᠬᠤᠶᠢᠯᠠᠯ ᠢ ᠲᠤᠬᠠᠶ ᠶᠢᠨ ᠲᠠᠯᠠᠪᠤᠷ ᠲᠤᠨᠢ ᠵᠣᠯᠭᠠᠭᠤᠯᠵᠤ᠂ ᠪᠠᠯᠠ ᠲᠣᠬᠢᠷᠠᠭᠤᠯᠭ᠎ᠠ ᠶᠢᠨ 125 ᠰᠠᠨᠠᠮᠵᠢ ᠶᠢ ᠳᠣᠭᠢᠷᠠᠭᠤᠯᠤᠨ᠂ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠦᠴᠢᠷ ᠠᠰᠠᠭᠤᠳᠠᠯ ᠢ ᠰᠢᠶᠳᠪᠦᠷᠢᠯᠡᠬᠦ ᠶᠢ ᠪᠦᠲᠦᠮᠵᠢᠲᠡᠶ ᠰᠢᠶᠳᠪᠦᠷᠢᠯᠡᠪᠡ᠃ ᠣᠯᠠᠨ ᠲᠠᠰ ᠳᠠᠪᠬᠤᠷᠭ᠎ᠠ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠪᠥᠲᠥᠭᠡᠨ ᠪᠠᠶᠢᠭᠤᠯᠤᠯᠲᠠ ᠶᠢ ᠢᠳᠡᠪᠬᠢᠲᠡᠶ ᠪᠠᠷ ᠠᠬᠢᠭᠤᠯᠵᠤ᠂ ᠥᠪᠥᠷ ᠮᠣᠩᠭᠤᠯ ᠤᠨ ᠰᠲ᠋ᠣᠺ ᠤᠨ ᠡᠷᠬᠡ ᠶᠢᠨ ᠠᠷᠠᠯᠵᠢᠶ᠎ᠠ ᠶᠢᠨ ᠲᠥᠪ ᠵᠢᠴᠢ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠭᠠᠬᠤ ᠦᠶᠯᠡᠴᠢᠯᠡᠭᠡᠨ ᠤ ᠪᠠᠶᠢᠭᠤᠯᠤᠮᠵᠢ ᠯᠤᠭ᠎ᠠ ᠬᠠᠮᠲᠤᠷᠠᠯᠴᠠᠭ᠎ᠠ ᠥᠷᠨᠢᠭᠦᠯᠵᠦ᠂ ᠮᠠᠨ ᠤ  ᠲᠤᠭᠤᠷᠢᠭ ᠤᠨ ᠨᠥᠬᠦᠴᠡᠯ ᠲᠠᠢ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠤ ᠭᠠᠷᠭᠠᠬᠤ ᠪᠣᠯᠪᠠᠰᠤᠷᠠᠭᠤᠯᠤᠯ ᠳᠤ ᠣᠷᠣᠯᠴᠠᠭᠤᠯᠵᠤ᠂ ᠣᠲᠣ ᠮᠠᠨ ᠤ ᠲᠤᠭᠤᠷᠢᠭ ᠰᠲ᠋ᠣᠺ ᠤᠨ ᠡᠷᠬᠡ ᠶᠢᠨ ᠠᠷᠠᠯᠵᠢᠶ᠎ᠠ ᠶᠢᠨ ᠲᠥᠪ ᠲᠤ 5 ᠳᠡᠯᠭᠡᠨ ᠦᠵᠡᠭᠦᠯᠬᠦ ᠰᠠᠮᠪᠠᠷ᠎ᠠ᠂ 5 ᠪᠠᠯᠠ ᠲᠣᠬᠢᠷᠠᠭᠤᠯᠭ᠎ᠠ ᠶᠢᠨ ᠰᠠᠮᠪᠠᠷ᠎ᠠ᠂ 2 ᠨᠡᠪᠴᠢᠭᠦᠯᠬᠦ ᠰᠠᠮᠪᠠᠷ᠎ᠠ ᠂ 3 ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠰᠠᠮᠪᠠᠷ᠎ᠠ ᠡᠯᠭᠦᠪᠡ᠃ ᠡᠭᠦᠨ ᠠᠴᠠ ᠭᠠᠳᠠᠨ᠎ᠠ᠂ ᠮᠠᠨ ᠤ  ᠲᠤᠭᠤᠷᠢᠭ ᠬᠢᠵᠠᠭᠠᠷ ᠱᠤᠭᠤᠮ ᠤᠨ ᠰᠡᠳᠬᠢᠬᠦᠶ ᠪᠠᠨ ᠢᠮᠠᠭᠲᠠ ᠪᠠᠷᠢᠮᠲᠠᠯᠠᠵᠤ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠰᠢᠨ᠎ᠡ ᠬᠠᠨᠳᠤᠰᠢ᠂ ᠰᠢᠨ᠎ᠡ ᠪᠠᠶᠢᠳᠠᠯ ᠪᠣᠯᠤᠨ ᠰᠢᠨ᠎ᠡ ᠠᠰᠠᠭᠤᠳᠠᠯ ᠢ ᠨᠢᠭᠲᠠ ᠠᠩᠬᠠᠷᠴᠤ᠂ ᠬᠦᠨᠳᠦ ᠶᠡᠭᠡ ᠠᠶᠤᠯ ᠲᠦᠭᠰᠢᠭᠦᠷᠢ ᠶᠢᠨ ᠳᠠᠯᠳᠠ ᠭᠡᠮ ᠢ ᠬᠦᠴᠦᠯᠡᠨ ᠰᠡᠷᠭᠡᠶᠢᠯᠡᠨ ᠨᠠᠮᠳᠠᠭᠤᠯᠵᠤ᠂ ᠳᠤᠷ᠎ᠠ ᠪᠠᠷ ᠢᠶᠠᠨ ᠮᠥᠩᠭᠦᠨ ᠭᠦᠢᠯᠭᠡᠭᠡ ᠡᠷᠬᠢᠯᠡᠬᠦ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠵᠡᠷᠭᠡ ᠬᠠᠤᠯᠢ ᠪᠤᠰᠤ ᠮᠥᠩᠭᠦᠨ ᠭᠦᠢᠯᠭᠡᠭᠡᠨ ᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠷᠢᠶ᠎ᠠ ᠣᠷᠣᠨ ᠤ ᠳᠣᠲᠣᠷᠠᠬᠢ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠢᠳᠡᠪᠬᠢᠲᠡᠶ ᠪᠠᠷ ᠵᠣᠯᠭᠠᠭᠤᠯᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠡᠵᠡᠩᠨᠡᠯᠲᠡ ᠶᠢᠨ ᠣᠶᠢᠯᠠᠭᠠᠭᠳᠠᠬᠤᠨ ᠪᠠ ᠡᠵᠡᠩᠨᠡᠯᠲᠡ ᠶᠢᠨ ᠠᠷᠭ᠎ᠠ ᠮᠠᠶ᠋ᠢᠭ ᠢᠶᠠᠨ ᠬᠤᠪᠢᠷᠠᠭᠤᠯᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ᠂ ᠬᠤᠪᠢ ᠶᠢᠨ ᠠᠵᠤ ᠦᠢᠯᠡᠳᠪᠦᠷᠢ ᠬᠤᠳᠠᠯᠳᠤᠭ᠎ᠠ᠂ ᠵᠢᠵᠢᠭ ᠪᠢᠴᠢᠯ ᠠᠵᠤ ᠠᠬᠤᠶᠢᠯᠠᠯ ᠵᠡᠷᠭᠡ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠲᠦᠯᠬᠢᠨ ᠠᠬᠢᠭᠤᠯᠤᠨ᠎ᠠ᠃       ᠭᠤᠷᠪᠠ ᠳᠤ᠂ ᠪᠦᠬᠦ ᠬᠤᠲᠠ ᠶᠢᠨ ︽ᠬᠤᠳᠠᠯᠳᠤᠭ᠎ᠠ ᠡᠵᠡᠩᠨᠡᠬᠦ ᠣᠷᠴᠢᠨ  ᠨᠦᠭᠦᠴᠡᠯ ᠤᠨ ᠰᠤᠷᠲᠠᠯ ᠢ ᠰᠢᠯᠢᠳᠡᠭᠵᠢᠭᠦᠯᠦᠨ ᠴᠡᠭᠴᠡᠯᠡᠨ ᠵᠠᠰᠠᠬᠤ ᠣᠨ︾ ᠪᠠ ︽ᠪᠦᠬᠦ ᠠᠵᠢᠯᠲᠠᠨ ᠬᠤᠳᠠᠯᠳᠤᠭᠠᠴᠢᠨ ᠤᠷᠢᠬᠤ ᠣᠨ︾᠎ ᠢ ᠥᠷᠨᠢᠭᠦᠯᠬᠦ ᠪᠠᠷ ᠠᠵᠠ ᠲᠣᠬᠢᠶᠠᠯ ᠪᠣᠯᠭᠠᠵᠤ᠂ ᠤᠳᠤᠷᠢᠳᠬᠤ ᠺᠠᠳ᠋ᠷ ᠲᠦᠷᠦᠭᠦᠯᠡᠨ ᠬᠢᠬᠦ ᠶᠢ ᠪᠠᠷᠢᠮᠲᠠᠯᠠᠵᠤ᠂ ᠪᠡᠭᠡᠵᠢᠩ ᠲᠢᠶᠠᠨᠵᠢᠨ ᠡᡁᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠣᠷᠣᠨ ᠪᠦᠰᠡ ᠶᠢ ᠴᠢᠩᠭ᠎ᠠ ᠠᠩᠬᠠᠷᠴᠤ᠂ ᠢᠯᠠᠩᠭᠤᠶ᠎ᠠ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢᠳᠦ ᠠᠵᠤ ᠦᠢᠯᠡᠰ ᠤᠨ ᠰᠢᠯᠵᠢᠯᠲᠡ ᠶᠢ ᠴᠢᠩᠭ᠎ᠠ ᠠᠳᠬᠤᠵᠤ᠂ ᠪᠦᠬᠦ ᠠᠵᠢᠯᠳᠠᠨ ᠢᠶᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠬᠦᠷᠢᠶ᠎ᠡ  ᠬᠡᠪᠴᠢᠶ᠎ᠠ ᠬᠤᠪᠢᠶᠠᠨ ᠥᠷᠨᠢᠭᠦᠯᠵᠦ᠂ ᠮᠠᠨ ᠤ  ᠲᠤᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠨᠡᠶᠢᠴᠡᠬᠦ‍ ᠨᠢᠭᠡ ᠪᠦᠯᠦᠭ ᠲᠠᠭᠠᠭᠤᠯᠤᠭᠴᠢ ᠬᠡᠯᠪᠡᠷᠢ ᠶᠢᠨ᠂ ᠰᠠᠭᠤᠷᠢᠨ ᠬᠡᠯᠪᠡᠷᠢ ᠶᠢᠨ ᠲᠠᠭᠠᠭᠤᠯᠤᠭᠴᠢ ᠠᠵᠤ ᠠᠬᠤᠶᠢᠯᠠᠯ ᠢ ᠪᠦᠬᠦ ᠬᠦᠴᠦᠨ ᠢᠶᠠᠷ ᠢᠶᠠᠨ ᠣᠷᠣᠭᠤᠯᠤᠨ ᠠᠪᠴᠢᠷᠠᠨ᠎ᠠ᠃    ᠰᠤᠷᠪᠤᠯᠵᠢᠯᠠᠭᠴᠢ᠄ ᠲᠠᠨ ᠤ ᠲᠠᠨᠢᠯᠴᠠᠭᠤᠯᠭ᠎ᠠ ᠶᠢ ᠰᠣᠨᠣᠰᠤᠭᠠᠳ᠂ ᠵᠢᠨᠢᠩ ᠲᠣᠭᠤᠷᠢᠭ ᠤᠨ ᠬᠢᠨ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠲᠠᠯ᠎ᠠ ᠪᠠᠷ ᠶᠡᠭᠡ ᠬᠡᠮᠵᠢᠶᠡᠨ ᠤ ᠠᠵᠢᠯ ᠬᠢᠭᠰᠡᠨ ᠢ ᠣᠶᠢᠯᠠᠭᠠᠵᠤ ᠮᠡᠳᠡᠭᠰᠡᠨ ᠪᠥᠭᠡᠳ ᠠᠷᠠᠳ ᠣᠯᠠᠨ ᠳᠤ ᠦᠨᠡᠬᠡᠷ ᠪᠣᠳᠠᠲᠤ ᠠᠰᠢᠭ ᠬᠦᠷᠲᠡᠭᠡᠭᠰᠡᠨ ᠪᠠᠶᠢᠨ᠎ᠠ᠂ ᠠᠳᠡ ᠪᠢ ᠥᠷᠭᠡᠨ ᠣᠯᠠᠨ ᠰᠦᠯᠵᠢᠶᠡᠨ ᠨᠠᠶᠢᠵᠠ ᠨᠠᠷ ᠢ ᠲᠥᠯᠥᠭᠡᠯᠡᠨ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠴᠢᠷᠮᠠᠶᠢᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠶ᠎ᠡ  ᠂᡽ ᠲᠡᠭᠡᠪᠡᠯ ᠵᠢᠨᠢᠩ ᠲᠣᠭᠤᠷᠢᠭ ᠤᠨ ᠲᠠᠷᠠᠭᠠᠴᠢ ᠶᠢᠨ ᠠᠯᠬᠤᠮ ᠳᠤ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠳᠥᠯᠭᠢᠨ ᠠᠬᠢᠭᠤᠯᠬᠤ ᠳᠤ ᠶᠠᠮᠠᠷ ᠶᠠᠮᠠᠷ ᠲᠥᠯᠥᠪᠯᠡᠭᠡ ᠲᠠᠢ ᠪᠠᠶᠢᠬᠤ ᠪᠣᠶ︖      ᠎ ᠪᠠᠨ ᠰᠢᠤ ᠫᠢᠩ᠄ ᠬᠤᠶᠢᠰᠢᠳᠠ᠂ ᠮᠠᠨ ᠤ ᠲᠤᠭᠤᠷᠢᠭ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶ ᠳᠥᠯᠭᠢᠨ ᠠᠬᠢᠭᠤᠯᠵᠤ᠂ ᠮᠠᠨ ᠤ  ᠲᠤᠭᠤᠷᠢᠭ ᠤᠨ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠬᠤᠳᠠᠯᠳᠤᠭ᠎ᠠ  ᠡᠵᠡᠩᠨᠡᠬᠦ ᠣᠷᠴᠢᠨ ᠨᠥᠬᠦᠴᠡᠯ ᠤᠨ ᠪᠡᠷᠬᠡ ᠰᠡᠳᠦᠪ ᠢ ᠰᠢᠶᠳᠪᠦᠷᠢᠯᠡᠬᠦ ᠬᠠᠷᠠᠯᠲᠠ ᠶᠢᠨ ᠲᠣᠭᠤᠷᠢᠨ ᠳᠤ᠂ ︽ᠺᠠᠳ᠋ᠷ ᠤᠨ ᠡᠩᠨᠡᠭᠡᠨ ᠤ ᠪᠠᠶᠢᠭᠤᠯᠤᠯᠲᠠ︾ ᠪᠠ ︽ᠪᠠᠶᠢᠭᠤᠯᠤᠯ ᠲᠣᠭᠲᠠᠴᠠ ᠶᠢᠨ ᠰᠢᠨ᠎ᠡ ᠡᠭᠦᠳᠦᠯᠲᠡ︾᠎ ᠪᠠᠷ ᠰᠢᠪᠲᠤᠯᠤᠯᠲᠠ ᠶᠢᠨ ᠴᠡᠭ ᠪᠣᠯᠭᠠᠵᠤ᠂ ︽ᠪᠥᠬᠦ  ᠲᠤᠭᠤᠷᠢᠭ ᠤᠨ ᠡᠮᠦᠨ᠎ᠡ ᠡᠩᠨᠡᠭᠡᠨ ᠳᠤ ᠣᠷᠣᠵᠤ᠂ ᠪᠥᠬᠦ ᠬᠤᠲᠠ ᠪᠠᠷ ᠢᠶᠠᠨ ᠲᠦᠷᠦᠭᠦᠯᠡᠬᠦ︾ ᠵᠠᠰᠠᠭ ᠤᠨ ᠶᠠᠪᠤᠳᠠᠯ ᠤᠨ ᠦᠶᠯᠡᠴᠢᠯᠡᠭᠡᠨ ᠤ ᠨᠠᠷᠠᠲᠤ ᠲᠥᠷᠥᠯ ᠲᠡᠮᠳᠡᠭᠲᠦ ᠶᠢ ᠬᠦᠴᠦᠯᠡᠨ ᠪᠣᠶ ᠪᠣᠯᠭᠠᠵᠤ᠂ ᠳᠣᠤᠷᠠᠬᠢ ᠬᠡᠳᠦᠨ ᠲᠠᠯ᠎ᠠ ᠶᠢᠨ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠨ᠎ᠠ᠃        ︵ᠨᠢᠭᠡ︶ ᠨᠢᠭᠡ ᠤᠳᠠᠭᠠᠨ ᠤ ᠦᠵᠡᠯ ᠰᠠᠨᠠᠭᠠᠨ ᠤ ᠶᠡᠭᠡ ᠴᠢᠯᠥᠭᠡᠯᠡᠯᠲᠡ ᠶᠢᠨ ᠠᠵᠢᠯᠯᠠᠭ᠎ᠠ ᠶᠢ ᠥᠷᠨᠢᠭᠦᠯᠪᠡ ᠃ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠶ ᠪᠠᠷ ᠬᠥᠭᠵᠢᠭᠦᠯᠬᠦ︾ ᠣᠶᠢᠯᠠᠭᠠᠭᠳᠠᠬᠤᠨ ᠢ ᠪᠠᠲᠤ ᠪᠠᠬᠢ ᠪᠤᠶ ᠪᠣᠯᠭᠠᠵᠤ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ ᠪᠠᠷ ᠰᠢᠪᠲᠤᠯᠤᠯᠲᠠ ᠶᠢᠨ ᠴᠡᠭ ᠪᠣᠯᠭᠠᠬᠤ ᠶᠢ ᠪᠠᠷᠢᠮᠲᠠᠯᠠᠵᠤ᠂ ᠵᠢᠭᠤᠯᠴᠢᠯᠠᠯ᠂ ᠡᠷᠡᠭᠦᠯᠵᠢᠯ ᠰᠤᠪᠢᠯᠠᠯᠲᠠ ᠶᠢᠨ ᠠᠵᠤ ᠦᠶᠯᠡᠰ ᠢ ᠶᠡᠬᠡᠪᠡᠷ ᠬᠥᠭᠵᠢᠭᠦᠯᠵᠦ᠂ ᠰᠢᠨ᠎ᠡ ᠪᠠᠷ ᠪᠣᠶ ᠪᠣᠯᠤᠭᠰᠠᠨ ᠠᠵᠤ ᠦᠶᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠴᠢᠬᠤᠯᠠᠴᠢᠯᠠᠵᠤ᠂ ᠤᠬᠠᠮᠰᠠᠷ ᠠᠴᠠ ᠪᠠᠨ ᠪᠠᠷᠢᠮᠵᠢᠶ᠎ᠠ ᠶᠢ ᠲᠤᠯᠭᠠᠨ ᠬᠦᠰᠦᠨᠦᠭᠲᠦ ᠶᠢ ᠲᠤᠯᠭᠠᠵᠤ᠂ ᠵᠢᠩᠬᠢᠨᠢ ᠵᠥᠷᠢᠶ᠎ᠡ ᠨᠢ ᠬᠦᠷᠦᠯᠴᠡᠬᠦ ᠥᠬᠡᠶ ᠪᠠᠶᠢᠵᠤ᠂ ᠺᠠᠳ᠋ᠷᠴᠤᠳ ᠢ ᠬᠥᠮᠦᠵᠢᠭᠦᠯᠦᠨ ᠬᠥᠲᠥᠯᠦᠨ ᠵᠢᠯᠣᠭᠤᠳᠴᠤ ᠪᠠᠶᠢᠭᠠᠳ ᠠᠰᠢᠭ ᠲᠤᠰᠠ ᠶᠢᠨ ᠬᠡᠪᠰᠢᠭᠰᠡᠨ ᠬᠠᠯᠬᠠᠪᠴᠢ ᠶᠢ ᠡᠪᠳᠡᠵᠦ᠂ ᠢᠨᠧᠷᠼᠢ ᠶᠢᠨ ᠰᠡᠳᠬᠢᠬᠦᠶ ᠶᠢᠨ ᠬᠦᠯᠢᠶᠡᠰᠦᠯᠡᠯ ᠠᠴᠠ ᠠᠩᠭᠢᠵᠢᠷᠠᠭᠤᠯᠤᠨ᠂ ᠵᠠᠬ᠎ᠠ ᠳᠡᠯᠭᠡᠭᠦᠷ ᠤᠨ ᠦᠵᠡᠯ ᠤᠬᠠᠮᠰᠠᠷ᠂ ᠦᠶᠯᠡᠴᠢᠯᠡᠭᠡᠨ ᠤ ᠦᠵᠡᠯ ᠤᠬᠠᠮᠰᠠᠷ᠂ ᠬᠠᠤᠯᠢ ᠪᠠᠷ ᠵᠠᠰᠠᠬᠤ ᠦᠵᠡᠯ ᠤᠬᠠᠮᠰᠠᠷ᠂ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠰᠢᠨ᠎ᠡ ᠰᠡᠳᠬᠢᠴᠡ᠂ ᠰᠢᠨ᠎ᠡ ᠣᠶᠢᠯᠠᠭᠠᠭᠳᠠᠬᠤᠨ᠂ ᠰᠢᠨ᠎ᠡ ᠠᠷᠭ᠎ᠠ ᠬᠡᠮᠵᠢᠶ᠎ᠡ ᠪᠠᠷ ᠮᠠᠨ ᠤ ᠣᠷᠣᠨ ᠤ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤ ᠰᠢᠨ᠎ᠡ ᠪᠠᠶᠢᠳᠠᠯ ᠢ ᠡᠭᠦᠳᠦᠨ ᠨᠡᠭᠡᠭᠡᠨ᠎ᠡ᠃ ᠢᠯᠠᠩᠭᠤᠶ᠎ᠠ ︽ᠨᠢᠭᠡ ᠪᠦᠰᠡ ᠨᠢᠭᠡ ᠵᠠᠮ︾᠎ ᠤᠨ ᠬᠥᠭᠵᠢᠯᠲᠡ ᠶᠢᠨ ᠪᠠᠶᠢᠯᠳᠤᠬᠤ ᠪᠤᠳᠤᠯᠭ᠎ᠠ ᠳᠤ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠤ᠂ ︽ᠬᠥᠬᠡᠬᠤᠲᠠ ᠪᠤᠭᠤᠲᠤ ᠤᠷᠳᠤᠰ ᠤᠯᠠᠭᠠᠨᠴᠠᠪ︾᠎ ᠤᠨ ᠨᠢᠭᠡ ᠴᠤᠭᠴᠠᠵᠢᠭᠰᠠᠨ ᠬᠥᠭᠵᠢᠯᠲᠡ ᠶᠢ ᠲᠦᠷᠭᠡᠳᠬᠡᠨ ᠠᠬᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠥᠷᠢᠯᠡᠬᠦ᠂ ᠨᠢᠭᠲᠠᠷᠠᠨ ᠬᠥᠭᠵᠢᠬᠦ ᠶᠢ ᠪᠤᠢ ᠪᠣᠯᠭᠠᠵᠤ᠂ ᠪᠦᠬᠦ ᠲᠠᠯ᠎ᠠ ᠪᠠᠷ ᠨᠡᠬᠡᠬᠡᠯᠳᠡ ᠬᠢᠵᠦ ᠬᠠᠮᠲᠤᠪᠠᠷ ᠠᠭᠤᠰᠤᠯᠴᠠᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃        ︵ᠬᠤᠶᠠᠷ︶ ᠨᠢᠭᠡ ᠤᠳᠠᠭ᠎ᠠ ᠶᠢᠨ ᠦᠶᠯᠡᠴᠢᠯᠡᠭᠡ ᠶᠢ ᠶᠡᠬᠡᠪᠡᠷ ᠳᠡᠭᠡᠭᠰᠢᠯᠡᠭᠦᠯᠬᠦ ᠠᠵᠢᠯᠯᠠᠭ᠎ᠠ ᠶᠢ ᠥᠷᠨᠢᠭᠦᠯᠦᠨ᠎ᠡ᠃ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠰᠠᠨᠠᠭᠠᠴᠢᠯᠠᠭ᠎ᠠ ᠠᠴᠠ ᠪᠠᠨ ᠰᠤᠷᠤᠯᠴᠠᠨ ᠲᠣᠯᠢ ᠪᠣᠯᠭᠠᠵᠤ᠂ ᠨᠢᠭᠡ ᠰᠦᠯᠵᠢᠶ᠎ᠡ ᠪᠠᠷ ᠨᠡᠶᠢᠳᠡᠮ ᠰᠢᠶᠳᠪᠦᠷᠢᠯᠡᠬᠦ᠂ ᠨᠢᠭᠡ ᠴᠣᠩᠬᠤ ᠪᠠᠷ ᠭᠥᠯᠢᠶᠡᠨ ᠠᠪᠴᠤ ᠰᠢᠶᠳᠪᠦᠷᠢᠯᠡᠬᠦ᠂ ᠨᠢᠭᠡ ᠯᠡ ᠡᠭᠦᠳᠡ ᠪᠠᠷ ᠣᠷᠣᠬᠤ᠂ ᠬᠠᠮᠤᠭ ᠤᠨ ᠠᠷᠪᠢᠨ ᠳᠠᠭᠠᠨ ᠨᠢᠭᠡ ᠤᠳᠠᠭ᠎ᠠ ︽ᠳᠥᠷᠪᠡᠨ ᠨᠢᠭᠡ︾᠎ ᠶᠢᠨ ᠥᠭᠡᠷᠡᠴᠢᠯᠡᠯᠲᠡ ᠶᠢ ᠥᠷᠨᠢᠭᠦᠯᠵᠦ᠂ ᠳᠡᠭᠡᠷ᠎ᠡ ᠠᠴᠠ ᠳᠣᠷᠣᠭᠰᠢ ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ ᠰᠣᠯᠢᠯᠴᠠᠬᠤ ᠲᠠᠪᠴᠠᠩ ᠢ ᠪᠠᠶᠢᠭᠤᠯᠤᠨ᠂ ᠲᠤᠭ᠎ᠠ ᠪᠠᠷᠢᠮᠲᠠ ᠶᠢᠨ ᠪᠠᠬᠢᠯᠡᠯᠲᠡ ᠶᠢ ᠨᠡᠪᠲᠡᠷᠡᠭᠦᠯᠵᠦ᠂ ᠤᠶᠤᠨᠲᠤ ᠵᠠᠰᠠᠭ ᠤᠨ ᠶᠠᠪᠤᠳᠠᠯ ᠤᠨ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠨ᠂ ︽ᠨᠢᠭᠤᠷ ᠵᠣᠯᠭᠠᠬᠤ ᠥᠬᠡᠶ ︾ ᠬᠢᠨᠠᠨ ᠵᠥᠪᠰᠢᠶᠡᠷᠡᠯ ᠢ ᠶᠡᠬᠡᠪᠡᠷ ᠬᠡᠷᠡᠭᠵᠢᠭᠦᠯᠵᠦ᠂ ᠲᠤᠭ᠎ᠠ ᠪᠠᠷᠢᠮᠲᠠ ᠶᠢ ᠢᠯᠡᠭᠦᠤ ᠶᠠᠪᠤᠭᠤᠯᠵᠤ᠂ ᠣᠯᠠᠨ ᠲᠦᠮᠡᠨ ᠢ ᠳᠤᠲᠠᠭᠤ ᠭᠦᠶᠦᠯᠭᠡᠬᠦ ᠬᠡᠷᠡᠭᠲᠡᠶ᠃ ᠦᠶᠯᠡᠴᠢᠯᠡᠬᠦ ᠶᠢ ᠳᠡᠭᠡᠳᠦᠯᠡᠬᠦ ᠣᠨᠣᠯᠵᠢᠬᠤᠨ ᠢ ᠪᠠᠲᠤ ᠪᠠᠬᠢ ᠪᠣᠶ ᠪᠣᠯᠭᠠᠵᠤ᠂ ᠦᠶᠯᠡᠴᠢᠯᠡᠭᠡᠨ ᠤ ᠠᠵᠤ ᠠᠬᠤᠶᠢᠯᠠᠯ ᠠᠴᠠ ᠭᠠᠷᠳᠠᠵᠤ᠂ ᠠᠰᠠᠭᠤᠳᠠᠯ ᠢ ᠰᠢᠶᠳᠪᠦᠷᠢᠯᠡᠬᠦ ᠠᠴᠠ ᠡᠬᠢᠯᠡᠨ᠂ ᠲᠤᠬᠠᠶ ᠶᠢᠨ ᠡᠳᠦᠷ ᠲᠤ ᠭᠦᠶᠴᠡᠳᠬᠡᠬᠦ ᠪᠠ ᠴᠠᠭ ᠬᠢᠵᠠᠭᠠᠷᠯᠠᠨ ᠰᠢᠶᠳᠪᠦᠷᠢᠯᠡᠵᠦ ᠳᠠᠭᠤᠰᠬᠠᠬᠤ᠂ ᠬᠡᠵᠢᠶ᠎ᠡ ᠳᠠᠭᠤᠳᠠᠪᠠᠯ ᠬᠡᠵᠢᠶ᠎ᠡ ᠢᠷᠡᠬᠦ᠂ ᠪᠥᠬᠦ ᠶᠠᠪᠤᠴᠠ ᠳᠤ ᠦᠶᠯᠡᠴᠢᠯᠡᠬᠦ ︽ᠵᠢᠵᠢᠭ ᠳᠡᠯᠭᠡᠭᠦᠷ ᠤᠨ ᠬᠤᠶᠠᠳᠤᠭᠠᠷ︾ ᠪᠣᠯᠬᠤ ᠶᠢ ᠬᠡᠷᠡᠭᠵᠢᠭᠦᠯᠦᠨ᠎ᠡ᠃ ᠡᠭᠦᠨ ᠤ ᠵᠡᠷᠭᠡᠴᠡᠭᠡᠪᠡᠷ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠲᠠᠢ ᠢᠳᠡᠪᠬᠢᠲᠡᠶ ᠪᠠᠷ ᠵᠣᠯᠭᠠᠭᠤᠯᠵᠤ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠺᠣᠮᠫᠠᠨᠢ ᠪᠣᠯᠤᠨ ᠪᠡᠯᠡ ᠲᠤᠬᠢᠷᠠᠭᠤᠯᠭ᠎ᠠ ᠶᠢᠨ ᠳᠠᠭᠠᠭᠠᠯᠲᠠ ᠶᠢᠨ ᠪᠠᠶᠢᠭᠤᠯᠤᠮᠵᠢ ᠶᠢ ᠶᠡᠬᠡᠪᠡᠷ ᠬᠥᠭᠵᠢᠭᠦᠯᠵᠦ᠂ ᠤᠯᠠᠨ ᠵᠦᠢᠯ ᠤᠨ ᠮᠥᠩᠭᠦᠨ ᠭᠦᠢᠯᠭᠡᠭᠡᠨ ᠤ ᠠᠷᠭ᠎ᠠ ᠮᠠᠶ᠋ᠢᠭ ᠢ ᠠᠪᠴᠤ ᠪᠠᠶᠢᠭᠠᠳ ᠳᠤᠮᠳᠠ ᠵᠢᠵᠢᠭ ᠠᠵᠤ ᠨᠡᠶᠢᠭᠡᠮ ᠤᠨ ᠢᠲᠡᠭᠡᠮᠵᠢ ᠶᠢᠨ ᠰᠢᠰᠲ᠋ᠧᠮᠵᠢ ᠪᠠ ᠦᠨᠡᠨᠴᠢ ᠢᠲᠡᠭᠡᠮᠵᠢ ᠶᠢᠨ ᠬᠢᠨᠠᠨ ᠬᠡᠮᠵᠢᠵᠦ ᠵᠠᠰᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠠᠬᠢᠭᠤᠯᠤᠨ᠂ ᠢᠲᠡᠭᠡᠮᠵᠢ ᠶᠢᠨ ᠮᠡᠳᠡᠭᠡ ᠵᠠᠩᠭᠢ ᠶᠢ ᠪᠦᠬᠦᠨ ᠢ ᠬᠠᠮᠤᠷᠬᠤ᠂ ᠢᠲᠡᠭᠡᠯ ᠠᠯᠳᠠᠭᠰᠠᠳ ᠤᠨ ᠬᠠᠷᠢᠭᠤᠴᠠᠯᠭ᠎ᠠ ᠶᠢ ᠨᠡᠬᠡᠮᠵᠢᠯᠡᠬᠦ ᠶᠢ ᠪᠡᠶᠡᠯᠡᠭᠦᠯᠦᠨ᠎ᠡ᠃ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠯᠥᠪᠯᠡᠭᠡ ᠪᠠ ᠴᠢᠳᠠᠪᠤᠷᠢᠲᠠᠨ ᠢ ᠲᠡᠳᠬᠦᠨ ᠳᠡᠮᠵᠢᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤ ᠦᠵᠡᠭᠦᠯᠬᠦ ᠪᠡᠯᠡ ᠮᠥᠩᠭᠦ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ ᠪᠡᠯᠡ ᠣᠷᠣᠭᠤᠯᠵᠤ ᠪᠡᠯᠡ ᠲᠣᠬᠢᠷᠠᠭᠤᠯᠬᠤ᠂ ᠵᠠᠬ᠎ᠠ ᠳᠡᠯᠭᠡᠭᠦᠷ ᠢ ᠥᠷᠭᠡᠳᠬᠡᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ᠂ ᠠᠳᠠᠯ ᠦᠢᠯᠡᠰ ᠴᠣᠭᠴᠠᠯᠠᠬᠤ ᠶᠢ ᠵᠢᠯᠣᠭᠤᠳᠬᠤ᠂ ᠬᠠᠤᠯᠢ ᠴᠠᠭᠠᠵᠠ ᠶᠢᠨ ᠳᠡᠮᠵᠢᠯᠭᠡ ᠦᠵᠡᠭᠦᠯᠬᠦ ᠵᠡᠷᠭᠡ ᠦᠢᠯᠡᠴᠢᠯᠡᠭᠡᠨ ᠤ ᠣᠷᠴᠢᠨ ᠨᠥᠬᠦᠴᠡᠯ ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃      ︵ᠭᠤᠷᠪᠠ︶ ᠰᠤᠷᠲᠠᠯ ᠢ ᠶᠡᠬᠡᠪᠡᠷ ᠴᠡᠭᠴᠡᠯᠡᠨ ᠵᠠᠰᠠᠬᠤ ᠠᠵᠢᠯᠯᠠᠭ᠎ᠠ ᠶᠢ ᠨᠢᠭᠡ ᠤᠳᠠᠭ᠎ᠠ ᠥᠷᠨᠢᠭᠦᠯᠦᠨ᠎ᠡ᠃ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠪᠠᠷ ᠡᠵᠡᠩᠨᠡᠯᠲᠡ ᠶᠢᠨ ᠣᠷᠴᠢᠨ ᠲᠣᠭᠤᠷᠢᠨ ᠢ ᠰᠠᠶᠢᠵᠢᠷᠠᠭᠤᠯᠬᠤ ᠰᠢᠪᠲᠤᠯᠤᠯᠲᠠ ᠶᠢᠨ ᠴᠡᠭ ᠪᠣᠯᠭᠠᠵᠤ᠂ ᠪᠦᠬᠦ ᠠᠵᠢᠯᠳᠠᠨ ᠢ ᠬᠢᠨᠠᠨ ᠰᠢᠯᠭᠠᠬᠤ ᠲᠦᠷᠢᠮ ᠢ ᠭᠤᠣᠯᠳᠠᠯᠭ᠎ᠠ ᠲᠠᠢ ᠪᠠᠶᠢᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ ᠡᠭᠦᠷᠭᠡ ᠶᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠪᠠ ᠠᠵᠢᠯ ᠤᠨ ᠪᠠᠶᠢᠷᠢ ᠶᠢᠨ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠤᠳᠤᠷᠢᠳᠬᠤ ᠺᠠᠳ᠋ᠷ ᠲᠦᠷᠦᠭᠦᠯᠡᠨ ᠰᠤᠷᠲᠠᠯ ᠢᠶᠠᠨ ᠬᠤᠪᠢᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠳᠤ ᠭᠦᠨᠵᠡᠭᠡᠶᠢᠷᠡᠨ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢ ᠥᠷᠨᠢᠭᠦᠯᠵᠦ᠂ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠦᠰᠦᠨ ᠪᠤᠶᠢᠵᠢᠯᠲᠠ ᠶᠢ ᠰᠠᠨᠠᠭᠠᠴᠢᠯᠠᠭ᠎ᠠ ᠠᠴᠠ ᠪᠠᠨ ᠬᠠᠯᠠᠮᠵᠢᠯᠠᠨ ᠬᠠᠶᠢᠷᠠᠯᠠᠵᠤ᠂ ᠵᠠᠰᠠᠭ ᠤᠨ ᠣᠷᠳᠣᠨ ᠪᠠ ᠬᠤᠳᠠᠯᠳᠤᠭᠠᠨ ᠤ ᠬᠠᠷᠢᠴᠠᠭ᠎ᠠ ᠶᠢ ᠢᠳᠡᠪᠬᠢᠲᠡᠢ ᠪᠠᠶᠢᠭᠤᠯᠤᠨ᠎ᠠ᠃ ᠡᠭᠦᠨ ᠤ ᠬᠠᠮᠲᠤ᠂  ᠲᠤᠭᠤᠷᠢᠭ ᠤᠨ ᠱᠠᠲᠤᠨ ᠤ ᠤᠳᠤᠷᠢᠳᠤᠯᠭ᠎ᠠ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠲᠠᠢ ᠬᠠᠷᠢᠯᠴᠠᠬᠤ ᠪᠠᠶᠢᠩᠭᠤ ᠶᠢᠨ ᠲᠣᠭᠲᠠᠴᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ︽ᠵᠠᠰᠠᠭ ᠠᠵᠤ ᠠᠬᠤᠶᠢᠯᠠᠯ ᠢ ᠨᠡᠪᠲᠡᠷᠡᠭᠦᠯᠬᠦ︾ ᠲᠠᠪᠴᠠᠩ ᠪᠠ ᠡᠭᠦᠳᠡ ᠪᠠᠨ ᠨᠡᠭᠡᠭᠡᠵᠦ ᠢᠳᠬᠠᠯ ᠠᠪᠬᠤ ᠠᠰᠠᠭᠤᠳᠠᠯ ᠢ ᠬᠠᠷᠢᠭᠤ ᠲᠤᠰᠬᠠᠬᠤ ᠴᠢᠳᠠᠮᠵᠢ ᠶᠢ ᠴᠢᠩᠭᠠᠷᠠᠭᠤᠯᠤᠨ᠂ ᠠᠵᠤ ᠠᠬᠤᠶᠢᠯᠠᠯ ᠳᠤ ᠬᠤᠯᠪᠣᠭᠳᠠᠭᠰᠠᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠶᠳᠪᠦᠷᠢᠯᠡᠵᠦ᠂ ᠵᠢᠯ ᠤᠨ ᠳᠣᠲᠣᠷ᠎ᠠ ᠦᠯᠡᠳᠡᠵᠦ ᠪᠠᠶᠢᠭ᠎ᠠ ᠠᠰᠠᠭᠤᠳᠠᠯ ᠢ ᠰᠢᠶᠳᠪᠦᠷᠢᠯᠡᠬᠦ ᠶᠢ ᠦᠨᠡᠨ ᠬᠦ ᠪᠠᠲᠤᠯᠠᠵᠤ ᠂ ᠨᠡᠮᠡᠭᠳᠡᠯ ᠤᠨ ᠬᠡᠮᠵᠢᠶ᠎ᠡ ᠶᠢ ᠴᠢᠩᠭ᠎ᠠ ᠬᠢᠵᠠᠭᠠᠷᠯᠠᠨ᠂ ᠰᠢᠨ᠎ᠡ ᠥᠷᠢ ᠭᠠᠷᠭᠠᠬᠤ᠂ ᠳᠤᠲᠠᠭᠤ ᠥᠷᠢᠲᠦᠬᠦ ᠶᠢ ᠴᠢᠩᠭ᠎ᠠ ᠬᠢᠵᠠᠭᠠᠷᠯᠠᠵᠤ᠂ ᠠᠵᠤ ᠠᠬᠤᠶᠢᠯᠠᠯ ᠤᠨ ᠬᠠᠤᠯᠢ ᠶᠣᠰᠣᠨ ᠤ ᠠᠰᠢᠭ ᠲᠤᠰᠠ ᠶᠢ ᠦᠨᠡᠨ ᠬᠦ ᠪᠠᠲᠤᠯᠠᠨ᠎ᠠ᠃ ᠰᠠᠬᠢᠯᠭ᠎ᠠ ᠪᠠᠲᠤ ᠪᠠᠶᠢᠴᠠᠭᠠᠬᠤ  ᠬᠤᠷᠢᠶ᠎ᠠ  ᠬᠢᠨᠠᠨ ᠪᠠᠶᠢᠴᠠᠭᠠᠬᠤ ᠵᠥᠪᠯᠡᠯ ᠤᠨ ᠬᠢᠨ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠡᠪᠳᠡᠭᠰᠡᠨ ᠠᠵᠢᠯᠯᠠᠭ᠎ᠠ ᠳᠤ ᠵᠣᠷᠢᠭᠲᠠᠢ ᠪᠠᠷ ︽ᠬᠤᠷᠴᠠ ᠰᠡᠯᠡᠮ᠎ᠡ︾ ᠦᠵᠡᠭᠦᠯᠵᠦ᠂ ᠲᠤᠰᠬᠠᠢ ᠲᠦᠷᠦᠯ ᠤᠨ ᠲᠣᠭᠤᠷᠢᠨ ᠪᠠᠶᠢᠴᠠᠭᠠᠯᠲᠠ ᠪᠤᠶᠤ ︽ᠪᠠᠯᠴᠢᠷ ᠤᠨ ᠮᠠᠶ᠋ᠢᠭ︾᠎ ᠤᠨ ᠲᠣᠭᠤᠷᠢᠨ ᠪᠠᠶᠢᠴᠠᠭᠠᠯᠲᠠ ᠶᠢ ᠴᠠᠭ ᠲᠤᠨᠢ ᠳᠤᠬᠢᠷᠠᠭᠤᠯᠤᠨ ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠪᠣᠬᠢᠷᠲᠤᠭᠤᠯᠤᠭᠰᠠᠨ ︽ᠰᠤᠷᠲᠠᠯ ᠤᠨ ᠸᠢᠷᠦ᠋ᠰ︾ ᠪᠠ ︽ᠤᠯᠠᠨ ᠢ ᠲᠦᠢᠪᠡᠭᠡᠭᠰᠡᠳ︾᠎ ᠢ ᠠᠷᠢᠯᠭᠠᠵᠤ᠂ ᠠᠵᠤ ᠠᠬᠤᠶᠢᠯᠠᠯ ᠢ ᠨᠡᠩ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃        ᠰᠤᠷᠪᠤᠯᠵᠢᠯᠠᠭᠴᠢ᠄  ᠲᠠᠨ ᠳᠤ ᠮᠠᠰᠢ ᠲᠠᠯᠠᠷᠬᠠᠵᠤ ᠪᠠᠶᠢᠨ᠎ᠠ᠂ ᠣᠯᠠᠨ ᠢᠶᠠᠷ ᠢᠶᠠᠨ ᠵᠢᠨᠢᠩ ᠲᠣᠭᠤᠷᠢᠭ ᠤᠨ ︽ᠲᠠᠯᠪᠢᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠵᠢᠨᠢᠩ ᠲᠣᠭᠤᠷᠢᠭ ᠤᠨ ᠠᠵᠢᠯ ᠲᠥᠷᠥᠯ ᠤᠨ ᠦᠶᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ ᠨᠠᠩ ᠭᠦᠨᠵᠡᠭᠡᠶ ᠲᠠᠨᠢᠯᠲᠠ ᠪᠠ ᠣᠶᠢᠯᠠᠭᠠᠯᠲᠠ ᠲᠠᠢ ᠪᠣᠯᠬᠤ ᠶᠢ ᠢᠲᠡᠭᠡᠵᠦ ᠪᠠᠶᠢᠨ᠎ᠠ᠃ ᠰᠦᠯᠵᠢᠶᠡᠨ ᠤ ᠠᠨᠳᠠ ᠨᠠᠷ ᠤᠨ ᠠᠩᠬᠠᠷᠤᠯ ᠳᠤ ᠲᠠᠯᠠᠷᠬᠠᠵᠤ ᠪᠠᠶᠢᠨ᠎ᠠ᠂ ᠲᠤᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠃ ᠎       ᠎ ᠪᠠᠨ ᠰᠢᠤ ᠫᠢᠩ᠄ ᠬᠥᠲᠥᠯᠥᠭᠴᠢ ᠳᠤ ᠲᠠᠯᠠᠷᠬᠠᠵᠤ ᠪᠠᠶᠢᠨ᠎ᠠ᠂ ᠣᠯᠠᠨ ᠤ ᠵᠢᠨᠢᠩ ᠲᠣᠭᠤᠷᠢᠭ ᠤᠨ ᠠᠵᠢᠯ ᠳᠤ ᠠᠩᠬᠠᠷᠤᠯ ᠲᠠᠯᠪᠢᠵᠤ ᠪᠠᠶᠢᠬᠤ ᠳᠤ ᠲᠠᠯᠠᠷᠬᠠᠵᠤ ᠪᠠᠶᠢᠨ᠎ᠠ︕
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2