ᠤᠰᠤ ᠠᠷᠪᠢᠯᠠᠬᠤ ᠭᠤᠣᠯ ᠬᠠᠷᠠᠯᠲᠠ
ᠨᠡᠶᠢᠲᠡᠯᠡᠭᠰᠡᠨ ᠴᠠᠭ᠄
2021/6/9
● 2020᠎ ᠳᠤ   ᠲᠦᠮᠡᠨ ᠲᠦᠭᠦᠷᠢᠭ ᠤᠨ ᠤᠯᠤᠰ ᠤᠨ ᠳᠤᠲᠤᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠤᠰᠤ ᠬᠡᠷᠡᠭᠯᠡᠬᠦ ᠬᠡᠮᠵᠢᠶ᠎ᠠ᠂ ᠲᠦᠮᠡᠨ ᠲᠦᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ ᠤᠰᠤ ᠬᠡᠷᠡᠭᠯᠡᠬᠦ ᠬᠡᠮᠵᠢᠶ᠎ᠠ ᠶᠢ 2015 ᠤᠨ ᠤ ᠬᠢ ᠠᠴᠠ ᠲᠤᠰ ᠲᠤᠰ 25% ᠪᠠ 20%᠎ ᠪᠠᠷ ᠪᠠᠭᠤᠷᠠᠭᠤᠯᠤᠨ᠎ᠠ᠃ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠤᠰᠤ ᠶᠢ ᠲᠠᠬᠢᠨ ᠠᠰᠢᠬᠯᠠᠬᠤ ᠨᠤᠷᠮ᠎ᠠ ᠶᠢ 91%᠎ ᠠᠴᠠ ᠳᠡᠭᠡᠭᠰᠢ ᠪᠤᠯᠭᠠᠨ᠎ᠠ᠃ᠲᠠᠷᠢᠶᠠᠯᠠᠩ ᠤᠨ ᠤᠰᠤᠯᠠᠯᠲᠠ ᠶᠢᠨ ᠤᠰᠤ ᠶᠢ ᠪᠦᠲᠦᠮᠵᠢᠲᠠᠢ ᠠᠰᠢᠬᠯᠠᠬᠤ ᠢᠯᠡᠳᠭᠡᠮᠵᠢ ᠶᠢ 0.55᠎ ᠳᠤ ᠬᠦᠷᠭᠡᠨ᠎ᠠ᠃ᠪᠦᠬᠦ ᠤᠷᠤᠨ ᠤ ᠤᠯᠠᠨ ᠨᠡᠶᠢᠲᠠ ᠶᠢᠨ ᠤᠰᠤ ᠬᠠᠩᠭᠠᠬᠤ ᠬᠤᠭᠤᠯᠠᠢ ᠶᠢᠨ ᠨᠡᠪᠴᠢᠬᠦ ᠪᠠ ᠰᠦᠢᠳᠬᠦ ᠨᠤᠷᠮ᠎ᠠ ᠶᠢ 10%᠎ ᠶᠢᠨ ᠳᠤᠲᠤᠷ᠎ᠠ ᠬᠢᠵᠠᠭᠠᠷᠯᠠᠨ᠎ᠠ᠃● 2022 ᠤᠨ ᠪᠤᠯᠲᠠᠯ᠎ᠠ    ᠲᠦᠮᠡᠨ ᠲᠦᠭᠦᠷᠢᠭ ᠤᠨ ᠤᠯᠤᠰ ᠤᠨ ᠳᠤᠲᠤᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠲᠡᠭ ᠤᠨ ᠤᠰᠤ ᠬᠡᠷᠡᠭᠯᠡᠬᠦ ᠬᠡᠮᠵᠢᠶ᠎ᠠ᠂ ᠲᠦᠮᠡᠨ ᠲᠦᠭᠦᠷᠢᠭ ᠤᠨ ᠠᠵᠤ ᠦᠢᠯᠡᠳᠪᠦᠷᠢ ᠶᠢᠨ ᠨᠡᠮᠡᠭᠳᠡᠯ ᠦᠷᠲᠡᠭ ᠤᠨ ᠤᠰᠤ ᠬᠡᠷᠡᠭᠯᠡᠬᠦ ᠬᠡᠮᠵᠢᠶ᠎ᠠ ᠶᠢ 2015 ᠤᠨ ᠤ ᠬᠢ ᠠᠴᠠ ᠲᠤᠰ ᠲᠤᠰ 32% ᠪᠠ 28%᠎ ᠪᠠᠷ ᠪᠠᠭᠤᠷᠠᠭᠤᠯᠤᠨ᠎ᠠ᠃ᠲᠠᠷᠢᠶᠠᠯᠠᠩ ᠤᠨ ᠤᠰᠤᠯᠠᠯᠲᠠ ᠶᠢᠨ ᠤᠰᠤ ᠶᠢ ᠪᠦᠲᠦᠮᠵᠢᠲᠠᠢ ᠠᠰᠢᠬᠯᠠᠬᠤ ᠢᠯᠡᠳᠭᠡᠮᠵᠢ ᠶᠢ 0.56᠎ ᠠᠴᠠ ᠳᠡᠭᠡᠭᠰᠢ ᠪᠤᠯᠭᠠᠨ᠎ᠠ᠃ᠪᠦᠬᠦ ᠤᠷᠤᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠠ ᠶᠢ 211.57 ᠳ᠋ᠥᠩᠰᠢᠭᠤᠷ ᠪᠤᠰᠤᠭ᠎ᠠ ᠲᠦᠷᠪᠡᠯᠵᠢᠨ ᠮᠧᠳ᠋ᠷ ᠤᠨ ᠳᠤᠲᠤᠷ᠎ᠠ ᠬᠢᠵᠠᠭᠠᠷᠯᠠᠨ᠎ᠠ᠃● 2035 ᠤᠨ ᠪᠤᠯᠲᠠᠯ᠎ᠠ      ᠪᠦᠬᠦ ᠤᠷᠤᠨ ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠠ ᠶᠢ 236.25 ᠳ᠋ᠥᠩᠰᠢᠭᠤᠷ ᠪᠤᠰᠤᠭ᠎ᠠ ᠲᠦᠷᠪᠡᠯᠵᠢᠨ ᠮᠧᠳ᠋ᠷ ᠤᠨ ᠳᠤᠲᠤᠷ᠎ᠠ ᠬᠢᠵᠠᠭᠠᠷᠯᠠᠨ᠎ᠠ᠃ᠤᠰᠤᠨ ᠤ ᠡᠬᠢ ᠪᠠᠶᠠᠯᠢᠭ ᠢ ᠠᠷᠪᠢᠯᠠᠬᠤ ᠪᠠ ᠡᠷᠭᠢᠯᠳᠡᠳᠦ ᠠᠰᠢᠬᠯᠠᠯᠲᠠ ᠶᠢ ᠤᠯᠤᠰ ᠤᠨ ᠳᠤᠲᠤᠭᠠᠲᠤ ᠶᠢᠨ ᠲᠡᠷᠢᠬᠦᠨ ᠤ ᠲᠦᠪᠰᠢᠨ ᠳᠤ ᠬᠦᠷᠭᠡᠵᠦ᠂ ᠤᠰᠤᠨ ᠤ ᠡᠬᠢ ᠪᠠᠶᠠᠯᠢᠭ ᠤᠨ ᠠᠰᠢᠬᠯᠠᠯᠲᠠ ᠪᠠ ᠬᠦᠭᠵᠢᠯᠲᠠ ᠶᠢᠨ ᠬᠡᠪᠴᠢᠶᠠᠵᠢᠯ᠂ ᠠᠵᠦ ᠦᠢᠯᠡᠰ ᠤᠨ ᠪᠦᠲᠦᠴᠡ ᠪᠤᠯᠤᠨ ᠤᠷᠤᠨ ᠪᠦᠰᠡ ᠶᠢᠨ ᠲᠦᠯᠦᠪᠵᠢᠬᠦᠯᠬᠡ ᠵᠡᠷᠭᠡ ᠵᠤᠬᠢᠴᠠᠩᠭᠤᠢ ᠬᠦᠭᠵᠢᠭᠰᠡᠨ ᠤᠳᠤᠬᠢᠴᠢᠯᠠᠭᠰᠠᠨ ᠰᠢᠨ᠎ᠠ ᠲᠤᠭᠲᠠᠴᠠ ᠶᠢ ᠪᠦᠷᠢᠯᠳᠦᠬᠦᠯᠦᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2