ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ ᠵᠢᠷᠭᠤᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2021/7/28
           2021 ᠣᠨ ᠤ 5 ᠰᠠᠷ᠎ᠠ ᠶᠢᠨ 24᠎ ᠤ ᠡᠳᠦᠷ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠵᠢᠶ ᠬᠤᠩ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 12 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠤᠯᠠᠮ ᠨᠢᠭᠡ ᠠᠯᠬᠤᠮ ᠪᠠᠬᠢᠵᠢᠭᠦᠯᠬᠦ ᠲᠤᠬᠠᠶ ᠰᠠᠨᠠᠯ︾ ᠵᠡᠷᠭᠡ ᠴᠢᠬᠤᠯᠠ ᠠᠭᠤᠯᠭ᠎ᠠ ᠶᠢ ᠤᠯᠠᠮᠵᠢᠯᠠᠨ ᠰᠤᠷᠤᠯᠴᠠᠵᠤ᠂ 2021 ᠣᠨ ᠤ ᠳᠡᠭᠡᠷ᠎ᠡ ᠬᠠᠭᠠᠰ ᠵᠢᠯ ᠤᠨ ᠬᠤᠤᠷ ᠴᠠᠭᠠᠵᠠᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠯᠢ ᠶᠢᠨ ᠳ᠋ᠦᠩ ᠵᠡᠷᠭᠡ ᠨᠥᠬᠦᠳ ᠢ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠨᠢ ᠪᠠᠭᠤᠯᠭᠠᠬᠤ ᠵᠡᠷᠭᠡ ᠤᠴᠢᠷ ᠶᠠᠪᠤᠳᠠᠯ ᠤᠨ ᠲᠤᠬᠠᠶ ᠰᠤᠳᠤᠯᠤᠨ ᠪᠠᠶᠢᠷᠢᠯᠠᠭᠤᠯᠪᠠ᠃ ᠤᠳᠦ ᠬᠤᠷᠠᠯᠳᠤᠭᠠᠨ ᠤ ᠭᠤᠣᠯ ᠵᠣᠷᠢᠭ ᠰᠠᠨᠠᠭ᠎ᠠ ᠶᠢ ᠳᠣᠣᠷᠠᠬᠢ ᠮᠡᠲᠦ ᠪᠠᠷ ᠲᠣᠪᠴᠢᠯᠠᠨ ᠲᠡᠮᠳᠡᠭᠯᠡᠶ᠎ᠡ᠄           ᠬᠤᠷᠠᠯ ᠠᠴᠠ ︽ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠴᠢᠨᠠᠭᠰᠢᠳᠠ ᠪᠠᠬᠢᠵᠢᠭᠦᠯᠬᠦ ᠲᠤᠬᠠᠢ ᠰᠠᠨᠠᠯ︾᠎ ᠢ ᠤᠯᠠᠮᠵᠢᠯᠠᠨ ᠰᠤᠷᠤᠯᠴᠠᠪᠠ︔ ︽ᠢᠯᠵᠠᠷᠠᠬᠤ ᠵᠣᠷᠢᠭ ᠥᠬᠡᠶ᠂ ᠢᠯᠵᠠᠷᠠᠵᠤ ᠪᠣᠯᠬᠤ ᠥᠬᠡᠶ᠂ ᠢᠯᠵᠠᠷᠠᠬᠤ ᠶᠢ ᠪᠤᠳᠤᠬᠤ ᠥᠬᠡᠶ ᠪᠠᠶᠢᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠲᠤᠬᠠᠶ ᠵᠢᠯᠣᠭᠤᠳᠬᠤ ᠰᠠᠨᠠᠯ︾᠎ ᠢ ᠤᠯᠠᠮᠵᠢᠯᠠᠨ ᠰᠤᠷᠤᠯᠴᠠᠪᠠ︔ ︽ᠪᠦᠬᠦ ᠣᠷᠣᠨ ᠤ ᠲᠣᠭᠠᠴᠢᠯᠠᠭᠰᠠᠨ ᠠᠵᠤ ᠠᠬᠤᠢ ᠶᠢᠨ ᠶᠡᠭᠡ ᠬᠤᠷᠠᠯ ᠳᠡᠭᠡᠷᠡᠬᠢ ᠶᠠᠷᠢᠶ᠎ᠠ︾᠎ ᠶᠢ ᠤᠯᠠᠮᠵᠢᠯᠠᠨ ᠰᠤᠷᠤᠯᠴᠠᠪᠠ︔ ︽ᠦᠨᠳᠦᠰᠦᠨ ᠱᠠᠲᠤᠨ ᠤ ᠵᠠᠰᠠᠯᠲᠠ ᠶᠢᠨ ᠰᠢᠰᠲᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠰᠠᠨᠠᠯ︾ ᠵᠡᠷᠭᠡ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃           ᠬᠤᠷᠠᠯ ᠠᠴᠠ᠂ ᠨᠠᠮ ᠤᠨ ᠠᠷᠪᠠᠨ ᠨᠠᠶᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢ᠊ ᠡᠶ᠎ᠡ ᠥᠪᠥᠷ ᠮᠣᠩᠭᠤᠯ ᠤᠨ ᠤᠯᠤᠰ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠳᠤᠮᠳᠠᠬᠢ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠭᠦᠨ ᠭᠦᠨᠵᠡᠭᠡᠢ ᠪᠣᠳᠣᠯᠬᠢᠯᠠᠵᠤ᠂ ᠥᠪᠥᠷ ᠮᠣᠩᠭᠤᠯ ᠤᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠳᠤ ᠪᠠᠶᠢᠯᠳᠤᠬᠤ ᠪᠤᠳᠤᠯᠭ᠎ᠠ ᠶᠢᠨ ᠪᠠᠶᠢᠷᠢ ᠰᠠᠭᠤᠷᠢ ᠶᠢ ᠣᠯᠭᠤᠵᠠᠢ᠃           ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠰᠠᠨᠠᠭᠠᠰᠢᠷᠠᠨ ᠵᠣᠪᠠᠨᠢᠬᠤ ᠤᠬᠠᠮᠰᠠᠷ᠂ ᠠᠶᠤᠯ ᠲᠦᠭᠰᠢᠭᠦᠷᠢ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠪᠠᠶᠢᠳᠠᠯ ᠤᠨ ᠬᠥᠭᠵᠢᠯᠲᠡ ᠶᠢᠨ ᠬᠠᠨᠳᠤᠰᠢ ᠪᠣᠯᠤᠨ ᠡᠭᠦᠨ ᠳᠤ ᠨᠢᠭᠤᠭᠳᠠᠵᠤ ᠪᠠᠶᠢᠭ᠎ᠠ ᠠᠶᠤᠯ ᠲᠦᠭᠰᠢᠭᠦᠷᠢ ᠶᠢᠨ ᠥᠷᠢᠰᠥᠯᠳᠦᠭᠡᠨ ᠢ ᠰᠢᠨᠵᠢᠯᠡᠬᠦ ᠤᠬᠠᠭᠠᠨᠴᠢ ᠪᠠᠷ ᠮᠠᠭᠠᠳᠯᠠᠵᠤ᠂ ᠤᠷᠢᠳᠠᠪᠠᠷ ᠰᠢᠳᠠᠷ᠎ᠠ ᠲᠠᠯᠪᠢᠵᠤ᠂ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠵᠦ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠬᠦ ᠬᠡᠷᠡᠭᠲᠡᠢ ᠭᠡᠵᠦ ᠴᠢᠬᠤᠯᠠᠴᠢᠯᠠᠪᠠ᠃           ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠠᠨᠠᠯ ᠤᠨ ᠵᠣᠷᠢᠭ ᠰᠠᠨᠠᠭ᠎ᠠ ᠲᠠᠢ ᠨᠢᠭᠡᠳᠬᠡᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠡᠭᠦᠷᠭᠡᠯᠡᠵᠦ᠂ ᠠᠬᠢᠭᠤᠯᠬᠤ ᠠᠷᠭ᠎ᠠ ᠬᠡᠮᠵᠢ᠊ ᠡᠶ᠎ᠡ ᠪᠠᠨ ᠴᠢᠩᠭᠠᠳᠬᠠᠵᠤ᠂ ᠲᠦᠷᠢᠮ ᠤᠨ ᠬᠢᠵᠠᠭᠠᠷᠯᠠᠯ ᠢ ᠤᠯᠠᠮ ᠴᠢᠨᠠᠭᠰᠢᠳᠠ ᠴᠢᠩᠳᠠᠯᠠᠵᠤ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠢᠲᠡᠭᠡᠯ ᠪᠢᠰᠢᠷᠡᠯ ᠤᠨ ᠡᠷᠡᠰ ᠪᠠᠲᠤ ᠴᠢᠨᠠᠷ᠂ ᠤᠯᠤᠰ ᠲᠦᠷᠦ ᠶᠢᠨ ᠵᠣᠭᠰᠣᠯᠲᠠ ᠶᠢᠨ ᠵᠠᠷᠴᠢᠮᠲᠤ ᠴᠢᠨᠠᠷ᠂ ᠤᠯᠤᠰ ᠲᠦᠷᠦ ᠶᠢᠨ ᠦᠨᠡᠨᠴᠢ ᠰᠢᠳᠤᠷᠭᠤ ᠶᠢᠨ ᠨᠠᠶᠢᠳᠠᠪᠤᠷᠢᠲᠤ ᠴᠢᠨᠠᠷ ᠢ ᠴᠢᠩᠭᠠᠳᠬᠠᠬᠤ ᠬᠡᠷᠡᠭᠲᠡᠢ᠃ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠤᠯᠠᠮ ᠴᠢᠨᠠᠭᠰᠢᠳᠠ ᠠᠬᠢᠭᠤᠯᠵᠤ᠂ ᠬᠡᠷᠡᠭ ᠢᠶᠠᠷ ᠲᠤᠯᠢ ᠪᠣᠯᠭᠠᠵᠤ᠂ ︽ᠴᠢᠩᠭ᠎ᠠ︾᠎ ᠶᠢᠨ ᠭᠤᠣᠯ ᠬᠦᠭ ᠠᠶᠠᠰ ᠢ ᠨᠡᠩ ᠢᠯᠡ ᠲᠣᠳᠣ ᠪᠣᠯᠭᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠨᠡᠩ ᠪᠠᠬᠢᠵᠢᠭᠦᠯᠬᠦ ᠬᠡᠷᠡᠭᠲᠡᠢ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠣᠷᠴᠢᠨ ᠨᠥᠬᠦᠴᠡᠯ ᠢ ᠬᠦᠴᠦᠯᠡᠨ ᠪᠤᠢ ᠪᠣᠯᠭᠠᠵᠤ᠂ ᠢᠯᠵᠠᠷᠠᠯ ᠢ ᠡᠰᠡᠷᠭᠦᠴᠡᠨ ᠠᠷᠢᠭᠤᠨ ᠴᠢᠬᠡᠴᠢ ᠶᠢ ᠡᠷᠬᠢᠮᠯᠡᠬᠦ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠬᠦᠴᠦᠯᠡᠨ ᠲᠡᠭᠦᠯᠳᠡᠷᠵᠢᠭᠦᠯᠵᠦ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠰᠡᠷᠡᠮᠵᠢᠯᠡᠭᠦᠯᠬᠦ ᠬᠥᠮᠦᠵᠢᠯ ᠤᠨ ᠲᠣᠭᠲᠠᠴᠠ ᠶᠢ ᠪᠠᠶᠢᠩᠭᠤᠵᠢᠭᠤᠯᠬᠤ ᠪᠠ ᠤᠷᠳᠤ ᠬᠤᠭᠤᠴᠠᠭᠠᠨ ᠤ ᠪᠦᠲᠦᠮᠵᠢᠲᠡᠶ ᠪᠣᠯᠭᠠᠬᠤ ᠶᠠᠪᠤᠳᠠᠯ ᠢ ᠲᠠᠰᠤᠷᠠᠯᠳᠠ ᠦᠭᠡᠢ ᠪᠦᠷᠢᠨᠰᠢᠬᠦᠯᠦᠨ ᠲᠡᠭᠦᠯᠳᠡᠷᠵᠢᠭᠦᠯᠦᠨ᠎ᠡ᠃          ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤ ᠲᠤᠭ᠎ᠠ ᠪᠦᠷᠢᠳᠬᠡᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ︽ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠠᠵᠢᠯ ᠤᠨ ᠲᠣᠭᠲᠠᠭᠠᠯ︾ ︽ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠲᠤᠬᠠᠶ ᠰᠠᠨᠠᠯ︾ ︽ᠲᠤᠭ᠎ᠠ ᠪᠦᠷᠢᠳᠬᠡᠯ ᠤᠨ ᠰᠠᠬᠢᠯᠭ᠎ᠠ ᠪᠠᠲᠤ ᠬᠠᠤᠯᠢ ᠴᠠᠭᠠᠵᠠ ᠠᠴᠠ ᠵᠥᠷᠢᠴᠡᠭᠰᠡᠨ ᠬᠠᠷᠢᠭᠤᠴᠠᠯᠭᠠᠲᠠᠨ ᠳᠤ ᠰᠢᠳᠬᠡᠯ ᠥᠭᠴᠦ ᠰᠢᠶᠳᠪᠦᠷᠢᠯᠡᠬᠦ ᠰᠠᠨᠠᠭᠤᠯᠭ᠎ᠠ ᠶᠢᠨ ᠠᠷᠭ᠎ᠠ︾ ᠵᠡᠷᠭᠡ ᠶᠢ ᠤᠯᠠᠮᠵᠢᠯᠠᠨ ᠰᠤᠷᠤᠯᠴᠠᠪᠠ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠲᠤᠭ᠎ᠠ ᠪᠦᠷᠢᠳᠬᠡᠯ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶᠢᠯᠡᠭᠰᠡᠨ ᠴᠢᠨᠠᠷᠲᠠᠶ ᠰᠠᠭᠤᠷᠢ ᠴᠢᠨᠠᠷᠲᠠᠶ ᠠᠵᠢᠯ ᠮᠥᠨ᠂ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠣᠯ ᠤᠯᠤᠰ ᠤᠨ ᠬᠤᠷᠸ᠎ᠠ ᠲᠣᠬᠢᠷᠠᠭᠤᠯᠤᠯ ᠡᠵᠡᠮᠳᠡᠯ ᠪᠣᠯᠤᠨ ᠰᠢᠨᠵᠢᠯᠡᠬᠦ ᠤᠬᠠᠭᠠᠨᠴᠢ ᠪᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢᠨ ᠴᠢᠬᠤᠯᠠ ᠦᠨᠳᠦᠰᠦ ᠪᠠᠷᠢᠮᠲᠠ ᠮᠥᠨ᠃          ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠲᠤᠭ᠎ᠠ ᠪᠦᠷᠢᠳᠬᠡᠯ ᠤᠨ ᠠᠵᠢᠯ ᠤᠨ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠣᠶᠢᠯᠠᠭᠠᠵᠤ᠂ ᠲᠤᠭ᠎ᠠ ᠪᠦᠷᠢᠳᠬᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠶᠢᠨ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠦᠢᠯᠡᠳᠬᠦ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠦᠢᠯᠡᠳᠬᠦ ᠶᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠴᠢᠨᠠᠷ ᠰᠠᠶᠢᠲᠠᠢ ᠲᠤᠭ᠎ᠠ ᠪᠦᠷᠢᠳᠬᠡᠯ ᠤᠨ ᠦᠢᠯᠡᠴᠢᠯᠡᠭᠡ ᠪᠠᠷ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃         ᠬᠤᠷᠠᠯ ᠠᠴᠠ ᠯᠢ ᠶᠢᠨ ᠳ᠋ᠦᠩ ᠵᠡᠷᠭᠡ ᠨᠥᠬᠦᠳ ᠤᠨ ᠲᠤᠰᠢᠶᠠᠯ ᠳᠤ ᠲᠣᠮᠢᠯᠠᠬᠤ ᠪᠠ ᠲᠤᠰᠢᠶᠠᠯ ᠠᠴᠠ ᠪᠠᠭᠤᠯᠭᠠᠬᠤ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠪᠡ︔ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠥᠲᠥᠭᠡᠨ ᠪᠠᠶᠢᠭᠤᠯᠤᠯᠲᠠ ᠶᠢᠨ ᠲᠣᠮᠢᠯᠠᠭᠰᠠᠨ ᠰᠠᠯᠪᠤᠷᠢ ᠶᠢᠨ ᠵᠢᠯᠣᠭᠤᠳᠬᠤ ᠬᠤᠪᠢᠶᠠᠷᠢ ᠲᠥᠪ ᠤᠨ ᠬᠠᠮᠢᠶ᠎ᠠ ᠪᠥᠬᠦᠶ ᠵᠦᠶᠯᠡᠰ ᠢ ᠰᠤᠳᠤᠯᠤᠨ ᠬᠢᠨᠠᠨ ᠵᠥᠪᠯᠡᠪᠡ︔ ᠵᠢᠨᠢᠩ ᠲᠣᠭᠤᠷᠢᠭ ᠤᠨ 2021 ᠣᠨ ᠤ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠪᠡᠶᠡᠯᠡᠭᠦᠯᠦᠭᠰᠡᠨ ᠪᠠᠶᠢᠳᠠᠯ ᠵᠢᠴᠢ 2021 ᠣᠨ ᠤ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ ᠪᠠ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠠᠭᠠᠷ ᠤᠨ ᠶᠠᠰᠤ ᠴᠢᠨᠠᠷ ᠢ ᠪᠠᠲᠤᠯᠠᠬᠤ ᠭᠤᠤᠯᠳᠠᠯᠭ᠎ᠠ ᠲᠠᠢ ᠠᠵᠢᠯ ᠵᠡᠷᠭᠡ ᠶᠢ ᠰᠤᠳᠤᠯᠤᠨ ᠬᠢᠨᠠᠨ ᠵᠥᠪᠯᠡᠪᠡ︔ 2021 ᠣᠨ ᠤ ᠳᠡᠭᠡᠷ᠎ᠡ ᠬᠠᠭᠠᠰ ᠵᠢᠯ ᠤᠨ ᠬᠤᠤᠷᠲᠤ ᠡᠳ᠋ ᠢ ᠴᠠᠭᠠᠵᠠᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃          ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠤᠷᠢᠳᠴᠢᠯᠠᠨ ᠠᠷᠭ᠎ᠠ ᠰᠦᠪᠡᠭᠴᠢᠯᠡᠵᠦ᠂ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠡᠪᠦᠯ ᠤᠨ ᠣᠯᠧᠮᠫᠢᠺ ᠴᠤᠭᠯᠠᠭᠠᠨ᠂ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠠᠭᠠᠷ ᠤᠨ ᠶᠠᠰᠤ ᠴᠢᠨᠠᠷ ᠤᠨ ᠪᠠᠲᠤᠯᠠᠭ᠎ᠠ ᠶᠢ ᠦᠨᠡᠨ ᠬᠦ᠋‍ ᠨᠢᠭᠡ ᠵᠦᠶᠯ ᠤᠨ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠪᠣᠯᠭᠠᠵᠤ᠂ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠤᠯᠤᠰ ᠲᠥᠷᠥ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ᠂ ᠡᠯ᠎ᠡ ᠵᠦᠶᠯ ᠤᠨ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠨᠠᠶᠢᠳᠠᠪᠤᠷᠢᠵᠢᠭᠤᠯᠬᠤ ᠪᠠ ᠠᠭᠠᠷ ᠤᠨ ᠶᠠᠰᠤ ᠴᠢᠨᠠᠷ ᠤᠨ ᠪᠠᠲᠤᠯᠠᠭ᠎ᠠ ᠶᠢᠨ ᠠᠵᠢᠯ ᠢ ᠥᠨᠳᠥᠷ ᠵᠣᠭᠰᠣᠴᠠ ᠲᠠᠢ᠂ ᠥᠨᠳᠥᠷ ᠪᠠᠷᠢᠮᠵᠢᠶ᠎ᠠ ᠲᠠᠢ᠂ ᠴᠢᠨᠠᠷ ᠰᠠᠶᠢᠲᠠᠶ ᠰᠠᠶᠢᠲᠤᠷ ᠠᠳᠬᠤᠵᠤ᠂ ᠪᠡᠭᠡᠵᠢᠩ ᠤᠨ 2022 ᠣᠨ ᠤ ᠡᠪᠦᠯ ᠤᠨ ᠣᠯᠧᠮᠫᠢᠺ ᠴᠤᠭᠯᠠᠭᠠᠨ᠂ ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ ᠠᠮᠵᠢᠯᠲᠠ ᠲᠠᠢ ᠡᠷᠭᠢᠯᠡᠬᠦ ᠳᠤ ᠬᠦᠴᠦᠨ ᠴᠢᠳᠠᠯ ᠢᠶᠠᠨ ᠡᠷᠭᠦᠨ᠎ᠡ᠃         ᠬᠤᠷᠠᠯ ᠠᠴᠠ ᠱᠠᠭᠠᠷᠳᠠᠭᠰᠠᠨ ᠨᠢ᠂ ᠦᠵᠡᠯ ᠰᠠᠨᠠᠭ᠎ᠠ ᠪᠠᠨ ᠪᠣᠳᠠᠲᠠᠶᠢᠵᠢᠭᠤᠯᠬᠤ ᠶᠢ ᠴᠢᠬᠤᠯᠠᠴᠢᠯᠠᠵᠤ᠂ ᠬᠤᠤᠷᠲᠤ ᠡᠳ᠋ ᠤᠨ ᠬᠤᠪᠢ ᠬᠥᠮᠦᠨ᠂ ᠬᠡᠷ ᠪᠦᠯᠢ᠂ ᠨᠡᠶᠢᠭᠡᠮ ᠳᠤ ᠦᠵᠡᠭᠦᠯᠬᠦ ᠬᠤᠤᠷ ᠬᠥᠨᠥᠭᠡᠯᠲᠦ ᠴᠢᠨᠠᠷ ᠢ ᠭᠦᠶᠴᠡᠳ ᠲᠠᠨᠢᠵᠤ᠂ ᠢᠯᠠᠩᠭᠤᠶ᠎ᠠ ᠰᠢᠨ᠎ᠡ ᠬᠡᠯᠪᠡᠷᠢ ᠶᠢᠨ ᠬᠤᠤᠷᠲᠤ ᠡᠳ᠋᠂ ᠰᠢᠨ᠎ᠡ ᠬᠡᠯᠪᠡᠷᠢ ᠶᠢᠨ ᠠᠷᠭ᠎ᠠ ᠪᠠᠷᠢᠯ ᠤᠨ ᠨᠡᠪᠴᠢᠯᠲᠡ ᠶᠢ ᠣᠨᠣᠪᠴᠢᠲᠠᠶ ᠰᠤᠳᠤᠯᠤᠨ ᠮᠠᠭᠠᠳᠯᠠᠵᠤ᠂ ᠬᠤᠤᠷᠲᠤ ᠡᠳ᠋ ᠢ ᠴᠠᠭᠠᠵᠠᠯᠠᠬᠤ ᠡᠩᠨᠡᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠂ ᠪᠠᠶᠢᠩᠭᠤᠵᠢᠭᠤᠯᠤᠨ ᠬᠠᠮᠢᠶᠠᠷᠤᠨ ᠡᠵᠡᠮᠳᠡᠬᠦ ᠪᠠ ᠴᠣᠬᠢᠯᠲᠠ ᠥᠭᠬᠦ ᠡᠷᠴᠢᠮ ᠢ ᠴᠢᠩᠭᠠᠷᠠᠭᠤᠯᠬᠤ ᠬᠡᠷᠡᠭᠲᠡᠶ᠃ ᠤᠬᠠᠭᠤᠯᠭ᠎ᠠ ᠶᠢᠨ ᠡᠷᠴᠢᠮ᠂ ᠥᠷᠭᠡᠴᠡ ᠪᠣᠯᠤᠨ ᠭᠦᠨᠴᠡ ᠶᠢ ᠨᠡᠮᠡᠭᠳᠡᠭᠦᠯᠵᠦ᠂ ᠪᠦᠬᠦ ᠨᠡᠶᠢᠭᠡᠮ ᠢᠶᠠᠷ ᠢᠶᠠᠨ ᠬᠤᠣᠷ ᠢ ᠲᠠᠨᠢᠬᠤ᠂ ᠬᠤᠣᠷ ᠢ ᠲᠡᠪᠴᠢᠬᠦ᠂ ᠬᠤᠣᠷ ᠢ ᠬᠤᠷᠢᠭᠯᠠᠬᠤ ᠪᠠ ᠴᠣᠬᠢᠯᠲᠠ ᠥᠭᠬᠦ ᠰᠠᠶᠢᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃         ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃  
 
ᠢᠷᠡᠯᠲᠡ᠄  ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2