ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2021/7/28
              2021 ᠣᠨ ᠤ 7 ᠰᠠᠷ᠎ᠠ ᠶᠢᠨ 8᠎ ᠤ ᠡᠳᠦᠷ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠳᠡᠳ᠋ ᠳᠠᠷᠤᠭ᠎ᠠ᠂ ᠲᠣᠭᠤᠷᠢᠭ ᠤᠨ ᠣᠷᠣᠯᠠᠭᠴᠢ ᠳᠠᠷᠤᠭ᠎ᠠ ᠺᠠᠩ ᠬᠠᠶ ᠷᠦᠢ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 13 ᠳ᠋ᠤᠭᠠᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠲᠠᠪᠤᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠯᠡᠬᠦ ᠲᠣᠭᠲᠠᠭᠠᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠯᠳᠡ ᠨᠠᠮ ᠤᠨ ᠲᠤᠭ ᠤᠨ ᠳᠦᠷᠢᠮ︾ ᠵᠢᠴᠢ ᠪᠦᠬᠦ ᠨᠡᠶᠢᠭᠡᠮ ᠳᠤ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠬᠡᠬᠡᠯᠳᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ ᠢ ᠤᠯᠠᠮᠵᠢᠯᠠᠨ ᠰᠤᠷᠤᠯᠴᠠᠪᠠ︔ ᠬᠤᠷᠠᠯ ᠠᠴᠠ ᠬᠤᠶᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠾᠧᠩ ᠳ᠋ᠡ ᠰᠤᠷᠭᠠᠭᠤᠯᠢ ᠶᠢᠨ ᠲᠣᠭᠤᠷᠢᠭ ᠤᠨ ᠡᠷᠬᠢᠨ ᠲᠣᠭᠤᠷᠢᠨ ᠤ ᠲᠤᠬᠢᠷᠠᠭᠤᠯᠤᠨ ᠪᠠᠶᠢᠭᠤᠯᠬᠤ ᠵᠠᠮ ᠵᠢᠴᠢ ᠬᠤᠭᠤᠯᠠᠢ ᠶᠢᠨ ᠲᠣᠣᠷ ᠤᠨ ᠢᠨᠵᠧᠨᠧᠷᠢᠩ᠂ ᠵᠢᠨᠢᠩ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠪᠤᠩᠬᠤᠨ ᠤ ᠪᠦᠳᠦᠬᠡᠨ ᠪᠠᠶᠢᠭᠤᠯᠤᠯᠲᠠ᠂ ︽ᠵᠢᠨᠢᠩ ᠲᠣᠭᠤᠷᠢᠭ ᠤᠨ 2021 — 2022 ᠣᠨ ᠤ ᠲᠦᠭᠦᠬᠡᠢ ᠨᠡᠭᠦᠷᠡᠰᠦ ᠶᠢ ᠰᠤᠯᠠ ᠰᠢᠲᠠᠭᠠᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠴᠡᠪᠡᠷ ᠨᠡᠭᠦᠷᠡᠰᠦ ᠶᠢ ᠲᠠᠷᠬᠠᠭᠠᠬᠤ ᠠᠵᠢᠯ ᠤᠨ ᠲᠥᠰᠦᠯ︾ ᠵᠡᠷᠭᠡ ᠶᠠᠪᠤᠳᠠᠯ ᠢ ᠰᠤᠳᠤᠯᠤᠨ ᠬᠢᠨᠠᠨ ᠵᠥᠪᠯᠡᠪᠡ᠃ ᠤᠳᠦ ᠬᠤᠷᠠᠯᠳᠤᠭᠠᠨ ᠤ ᠭᠤᠣᠯ ᠵᠣᠷᠢᠭ ᠰᠠᠨᠠᠭ᠎ᠠ ᠶᠢ ᠳᠣᠣᠷᠠᠬᠢ ᠮᠡᠲᠦ ᠪᠠᠷ ᠲᠣᠪᠴᠢᠯᠠᠨ ᠲᠡᠮᠳᠡᠭᠯᠡᠶ᠎ᠡ᠄              ᠬᠤᠷᠠᠯ ᠠᠴᠠ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠡᠭᠡ ᠬᠤᠷᠠᠯ ᠳᠡᠭᠡᠷᠡᠬᠢ ᠶᠠᠷᠢᠶ᠎ᠠ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠤᠷᠢᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠷᠪᠠᠨ ᠲᠠᠪᠤᠳᠤᠭᠠᠷ ᠤᠳᠠᠭ᠎ᠠ ᠶᠢᠨ ᠠᠺᠠᠳᠧᠮᠢᠴᠢ ᠶᠢᠨ ᠶᠡᠭᠡ ᠬᠤᠷᠠᠯ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠪᠠ︔ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠯᠡᠬᠦ ᠲᠣᠭᠲᠠᠭᠠᠯ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠦᠯᠳᠡ ᠨᠠᠮ ᠤᠨ ᠲᠤᠭ ᠤᠨ ᠳᠦᠷᠢᠮ︾ ᠵᠢᠴᠢ ᠪᠦᠬᠦ ᠨᠡᠶᠢᠭᠡᠮ ᠳᠤ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠬᠡᠬᠡᠯᠳᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ ᠶᠢᠨ ᠤᠬᠠᠭᠤᠯᠭ᠎ᠠ ᠬᠥᠮᠦᠵᠢᠯ ᠢ ᠥᠷᠨᠢᠭᠦᠯᠬᠦ ᠲᠤᠬᠠᠢ ᠮᠡᠳᠡᠭᠳᠡᠯ ᠢ ᠤᠯᠠᠮᠵᠢᠯᠠᠨ ᠰᠤᠷᠤᠯᠴᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ᠊ ᠡᠶ᠎ᠡ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢ᠊ ᠡᠶ᠎ᠡ ᠶᠢᠨ ᠡᠷᠬᠢᠯᠡᠭᠴᠢ ᠱᠢ ᠲᠠᠢ ᠹᠧᠩ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠲᠦ ᠠᠭᠤᠰᠬᠢᠨ ᠦᠷᠪᠢᠰᠦᠯ ᠢ ᠡᠰᠡᠷᠭᠦᠴᠡᠬᠦ ᠬᠢᠵᠢᠭ ᠤᠨ ᠪᠠᠶᠢᠳᠠᠯ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠣᠯᠤᠨ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ ᠵᠡᠭᠦᠨ ᠣᠷᠣᠨ ᠤ ᠠᠶᠢᠮᠠᠭ ᠬᠤᠳᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃             ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠶ ᠱᠦᠵᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠰᠢᠨ᠎ᠡ ᠦᠨᠳᠦᠷᠴᠡ ᠳᠡᠭᠡᠷ᠎ᠡ ᠵᠣᠭᠰᠣᠵᠤ᠂ ᠵᠠᠭᠤᠨ ᠵᠢᠯ ᠤᠨ ᠭᠡᠷᠡᠯ ᠰᠠᠴᠤᠷᠠᠩᠭᠤᠶ ᠲᠡᠦᠬᠡᠨ ᠶᠠᠪᠤᠴᠠ ᠶᠢ ᠭᠦᠨ ᠰᠡᠳᠬᠢᠯᠭᠡ ᠲᠠᠢ ᠪᠠᠷ ᠡᠷᠭᠢᠴᠡᠭᠦᠯᠵᠦ᠂ ᠵᠠᠭᠤᠨ ᠵᠢᠯ ᠤᠨ ᠬᠠᠷᠠᠯᠲᠠ ᠪᠠᠨ ᠪᠡᠶᠡᠯᠡᠭᠦᠯᠬᠦ ᠶᠢ ᠲᠥᠪ ᠴᠢᠩᠭ᠎ᠠ ᠪᠠᠷ ᠲᠤᠩᠬᠠᠭᠯᠠᠵᠤ᠂ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠵᠤ᠂ ᠡᠷᠬᠢᠮ ᠨᠠᠨᠳᠢᠨ ᠲᠡᠦᠬᠡᠨ ᠲᠤᠷᠰᠢᠯᠭ᠎ᠠ ᠶᠢ ᠨᠠᠷᠢᠨ ᠣᠨᠣᠪᠴᠢᠲᠠᠢ ᠳ᠋ᠦᠩᠨᠡᠵᠦ᠂ ᠨᠡᠩ ᠶᠡᠭᠡ ᠢᠷᠠᠭᠤ ᠠᠯᠳᠠᠷ ᠢ ᠲᠡᠮᠡᠴᠡᠨ ᠤᠯᠬᠤ ᠠᠭᠤᠤ ᠶᠡᠭᠡ ᠤᠷᠢᠶᠠᠯᠠᠭ᠎ᠠ ᠶᠢ ᠭᠠᠷᠭᠠᠬᠤ ᠪᠣᠯ ᠮᠠᠷᠺᠰ ᠤᠨ ᠦᠵᠡᠯ ᠤᠨ ᠬᠥᠲᠥᠯᠪᠦᠷᠢ ᠶᠢᠨ ᠴᠢᠨᠠᠷᠲᠠᠢ ᠲᠤᠯᠭᠤᠷ ᠪᠢᠴᠢᠭ ᠮᠥᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠡᠪ ᠬᠠᠮᠲᠤᠴᠤᠳ ᠤᠨ ᠤᠬ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠤᠯᠤᠰ ᠲᠦᠷᠦ ᠶᠢᠨ ᠲᠤᠩᠬᠠᠭ ᠮᠥᠨ᠂ ᠮᠠᠨ ᠤ ᠨᠠᠮ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠲᠡᠦᠬᠡ ᠪᠠᠷ ᠲᠤᠯᠢ ᠪᠣᠯᠭᠠᠵᠤ᠂ ᠢᠷᠡᠭᠡᠳᠦᠢ ᠶᠢ ᠨᠡᠭᠡᠭᠡᠬᠦ ᠰᠢᠨᠵᠢᠯᠡᠬᠦ ᠤᠬᠠᠭᠠᠨᠴᠢ ᠵᠦᠭᠯᠡᠭᠦᠷ ᠮᠥᠨ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠢᠨ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠲᠠᠢ ᠨᠢᠭᠡᠳᠬᠡᠵᠦ᠂ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠤᠶᠢᠢᠯᠠᠭᠠᠨ ᠣᠶᠢᠯᠠᠭᠠᠵᠤ᠂ ᠦᠨᠡᠨᠬᠦ ᠤᠶᠤᠨ ᠲᠠᠷᠢᠬᠢᠨ ᠳᠤᠨᠢ ᠬᠠᠳᠠᠩᠰᠢᠭᠤᠯᠤᠨ ᠰᠡᠳᠬᠢᠯ ᠳᠤᠨᠢ ᠬᠠᠳᠠᠩᠰᠢᠭᠤᠯᠵᠤ ᠭᠤᠣᠯ ᠴᠢᠬᠤᠯᠠ ᠠᠭᠤᠯᠭ᠎ᠠ ᠶᠢ ᠨᠢ ᠬᠠᠳᠠᠩᠰᠢᠭᠤᠯᠵᠤ᠂ ᠦᠨᠡᠨᠬᠦ ᠪᠣᠳᠠᠲᠤ ᠠᠵᠢᠯᠯᠠᠭ᠎ᠠ ᠲᠠᠢ ᠪᠠᠨ ᠤᠶᠠᠯᠳᠤᠭᠤᠯᠤᠨ ᠪᠣᠳᠠᠲᠤ ᠠᠵᠢᠯᠯᠠᠭ᠎ᠠ ᠲᠠᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠶᠢ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠲᠠᠷᠠᠭᠠᠴᠢ ᠶᠢᠨ ᠱᠠᠲᠤᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠭᠤᠣᠯ ᠰᠡᠳᠦᠪ ᠭᠤᠣᠯ ᠰᠢᠵᠢᠮ ᠪᠣᠯᠭᠠᠵᠤ᠂ ᠨᠠᠷᠢᠨ ᠨᠢᠮᠪᠠᠶ ᠲᠣᠬᠢᠷᠠᠭᠤᠯᠤᠨ ᠪᠠᠶᠢᠷᠢᠯᠠᠭᠤᠯᠵᠤ᠂ ᠨᠠᠷᠢᠨ ᠨᠢᠮᠪᠠᠶ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠶᠠᠷᠢᠶᠠᠨ ᠤ ᠪᠠᠶᠠᠯᠢᠭ ᠠᠭᠤᠯᠤᠭᠳᠠᠬᠤᠨ᠂ ᠭᠤᠣᠯ ᠴᠢᠬᠤᠯᠠ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠶ ᠣᠶᠢᠯᠠᠭᠠᠭᠤᠯᠤᠨ ᠡᠵᠡᠮᠰᠢᠭᠦᠯᠬᠦ ᠬᠡᠷᠡᠭᠲᠡᠶ᠃             ᠬᠤᠷᠠᠯ ᠠᠴᠠ ᠬᠤᠶᠠᠳᠤᠭᠠᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠾᠧᠩ ᠳ᠋ᠡ ᠰᠤᠷᠭᠠᠭᠤᠯᠢ ᠶᠢᠨ ᠲᠣᠭᠤᠷᠢᠭ ᠤᠨ ᠡᠷᠬᠢᠨ ᠲᠣᠭᠤᠷᠢᠨ ᠤ ᠲᠤᠬᠢᠷᠠᠭᠤᠯᠤᠨ ᠪᠠᠶᠢᠭᠤᠯᠬᠤ ᠵᠠᠮ ᠵᠢᠴᠢ ᠬᠤᠭᠤᠯᠠᠢ ᠶᠢᠨ ᠲᠣᠣᠷ ᠤᠨ ᠢᠨᠵᠧᠨᠧᠷᠢᠩ᠂ ᠵᠢᠨᠢᠩ ᠲᠣᠭᠤᠷᠢᠭ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠨᠡᠶᠢᠲᠡ ᠶᠢᠨ ᠪᠤᠩᠬᠤᠨ ᠤ ᠪᠦᠳᠦᠬᠡᠨ ᠪᠠᠶᠢᠭᠤᠯᠤᠯᠲᠠ᠂ ︽ᠵᠢᠨᠢᠩ ᠲᠣᠭᠤᠷᠢᠭ ᠤᠨ 2021 — 2022 ᠣᠨ ᠤ ᠨᠡᠭᠦᠷᠡᠰᠦ ᠶᠢ ᠰᠤᠯᠠ ᠰᠢᠲᠠᠭᠠᠬᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠴᠡᠪᠡᠷ ᠨᠡᠭᠦᠷᠡᠰᠦ ᠶᠢ ᠲᠠᠷᠬᠠᠭᠠᠬᠤ ᠠᠵᠢᠯ ᠤᠨ ᠲᠥᠰᠦᠯ︾ ᠵᠡᠷᠭᠡ ᠬᠠᠮᠢᠶ᠎ᠠ ᠪᠦᠬᠦᠢ ᠶᠠᠪᠤᠳᠠᠯ ᠢ ᠰᠤᠳᠤᠯᠤᠨ ᠬᠢᠨᠠᠨ ᠵᠥᠪᠯᠡᠵᠡᠢ᠃             ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠪᠠᠨ ᠤᠯᠠᠮ ᠴᠢᠨᠠᠭᠰᠢᠳᠠ ᠪᠠᠲᠤᠳᠬᠠᠵᠤ᠂ ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠰᠡᠳᠬᠢᠴᠡ ᠶᠢᠨ ᠪᠠᠶᠢᠷᠢ ᠲᠣᠭᠲᠠᠭᠠᠯᠲᠠ᠂ ᠬᠠᠷᠢᠭᠤᠴᠠᠯᠭ᠎ᠠ ᠶᠢᠨ ᠬᠤᠪᠢᠶᠠᠷᠢᠯᠠᠯ᠂ ᠬᠡᠷᠡᠭᠵᠢᠭᠦᠯᠬᠦ ᠠᠷᠭ᠎ᠠ ᠵᠠᠮ ᠪᠣᠯᠤᠨ ᠬᠠᠷᠠᠯᠲᠠ ᠡᠭᠦᠷᠭᠡ ᠶᠢ ᠲᠣᠳᠣᠷᠬᠠᠶᠢᠯᠠᠵᠤ᠂ ᠲᠦᠷᠦ ᠶᠢᠨ ᠪᠤᠳᠤᠯᠭ᠎ᠠ ᠶᠢ ᠵᠣᠯᠭᠠᠭᠤᠯᠬᠤ᠂ ᠲᠦᠷᠦ ᠶᠢᠨ ᠪᠤᠳᠤᠯᠭ᠎ᠠ ᠶᠢ ᠲᠠᠶᠢᠯᠪᠤᠷᠢᠯᠠᠬᠤ ᠠᠵᠢᠯ ᠢ ᠰᠠᠶᠢᠲᠤᠷ ᠬᠢᠵᠦ᠂ ᠠᠷᠠᠳ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠰᠠᠶᠢᠲᠤᠷ ᠬᠠᠷᠢᠭᠤᠯᠲᠠ ᠥᠭᠴᠦ᠂ ᠰᠠᠶᠢᠲᠤᠷ ᠰᠢᠢᠳᠪᠦᠷᠢᠯᠡᠬᠦ ᠬᠡᠷᠡᠭᠲᠡᠢ︔ ᠬᠤᠷᠠᠯ ᠢᠶᠠᠷ ᠶᠠᠷᠢᠯᠴᠠᠭᠰᠠᠨ ᠰᠠᠨᠠᠯ ᠢ ᠬᠢᠨᠠᠮᠠᠭᠠᠶ ᠭᠥᠯᠢᠶᠡᠨ ᠠᠪᠴᠤ᠂ ᠡᠯ᠎ᠡ ᠵᠦᠶᠯ ᠤᠨ ᠵᠥᠪᠯᠡᠬᠦ ᠰᠡᠳᠦᠪ ᠤᠨ ᠪᠣᠳᠠᠲᠠᠶ ᠬᠡᠷᠡᠭᠵᠢᠭᠦᠯᠬᠦ ᠠᠭᠤᠯᠭ᠎ᠠ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠦᠷᠦᠭᠦᠯᠡᠨ ᠬᠠᠷᠢᠭᠤᠴᠠᠬᠤ ᠨᠢᠭᠡᠴᠡ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠮᠥᠷᠳᠡᠨ ᠰᠢᠮᠳᠠᠭᠤᠯᠤᠨ ᠭᠦᠶᠴᠡᠳᠬᠡᠬᠦ ᠪᠠᠨ ᠴᠢᠩᠭᠠᠳᠬᠠᠵᠤ᠂ ᠡᠬᠡ ᠲᠠᠩᠰᠠ ᠪᠠᠶᠢᠭᠤᠯᠤᠨ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠡᠯ᠎ᠡ ᠵᠦᠶᠯ ᠤᠨ ᠠᠵᠢᠯ ᠤᠨ ᠡᠮᠬᠢ ᠵᠢᠷᠤᠮ ᠲᠠᠢ ᠠᠭᠢᠬᠤ ᠶᠢ ᠦᠨᠡᠨᠬᠦ ᠪᠠᠲᠤᠯᠠᠬᠤ ᠬᠡᠷᠡᠭᠲᠡᠶ᠃            ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2