| 2021 ᠣᠨ ᠤ 6 ᠰᠠᠷ᠎ᠠ ᠶᠢᠨ 11 ᠤ ᠡᠳᠦᠷ᠂ ᠣᠷᠣᠨ ᠤ ᠨᠠᠮ ᠤᠨ ᠬᠤᠷᠢ᠊ ᠡᠶ᠎ᠡ ᠶᠢᠨ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠪᠠᠨ ᠰᠢᠤ ᠫᠢᠩ ᠵᠢᠨᠢᠩ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ᠂ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠲᠤᠬᠠᠢ | ᠬᠡᠷᠡᠭᠵᠢᠭᠦᠯᠬᠦ ᠲᠥᠰᠦᠯ ︵ᠬᠦᠷᠭᠡᠨ ᠬᠢᠨᠠᠭᠤᠯᠬᠤ ᠨᠤᠤᠷᠠᠭ︶︾ ᠵᠡᠷᠭᠡ ᠬᠤᠯᠪᠣᠭᠳᠠᠯ ᠪᠦᠬᠦᠢ ᠶᠠᠪᠤᠳᠠᠯ ᠤᠨ ᠲᠤᠬᠠᠢ | ᠰᠤᠳᠤᠯᠤᠨ ᠪᠠᠶᠢᠷᠢᠯᠠᠭᠤᠯᠵᠠᠢ᠃ ᠤᠳᠦ ᠬᠤᠷᠠᠯᠳᠤᠭᠠᠨ ᠤ ᠭᠤᠣᠯ ᠵᠣᠷᠢᠭ ᠰᠠᠨᠠᠭ᠎ᠠ ᠶᠢ ᠳᠣᠣᠷᠠᠬᠢ ᠮᠡᠲᠦ ᠪᠠᠷ | ᠲᠣᠪᠴᠢᠯᠠᠨ ᠲᠡᠮᠳᠡᠭᠯᠡᠶ᠎ᠡ᠄ | ᠬᠤᠷᠠᠯ ᠠᠴᠠ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ | ᠵᠣᠯᠭᠠᠭᠤᠯᠬᠤ ᠲᠤᠬᠠᠢ ᠬᠡᠷᠡᠭᠵᠢᠭᠦᠯᠬᠦ ᠲᠥᠰᠦᠯ ︵ᠬᠦᠷᠭᠡᠨ ᠬᠢᠨᠠᠭᠤᠯᠬᠤ ᠨᠤᠤᠷᠠᠭ︶︾᠂ ︽ᠵᠢᠨᠢᠩ ᠲᠣᠭᠤᠷᠢᠭ ᠤᠨ | ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ | ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠴᠡᠭᠴᠡᠯᠡᠨ ᠰᠠᠶᠢᠵᠢᠷᠠᠭᠤᠯᠬᠤ | ᠠᠵᠢᠯ ᠤᠨ ᠲᠥᠰᠦᠯ ︵ᠬᠦᠷᠭᠡᠨ ᠬᠢᠨᠠᠭᠤᠯᠬᠤ ᠨᠤᠤᠷᠠᠭ︶︾ ᠢ ᠰᠤᠳᠤᠯᠤᠨ ᠬᠢᠨᠠᠨ ᠵᠥᠪᠯᠡᠵᠡᠢ᠃ | ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠬᠡᠯ ᠳᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠵᠤ᠂ ᠶᠠᠳᠠᠭᠤ ᠬᠦᠴᠢᠷᠳᠡᠯᠲᠡᠢ | ᠬᠥᠮᠦᠨ ᠠᠮᠠ ᠪᠣᠯᠤᠨ ᠶᠠᠳᠠᠭᠤ ᠬᠦᠴᠢᠷᠳᠡᠯᠲᠡᠢ ᠭᠠᠵᠠᠷ ᠣᠷᠣᠨ ᠢ ᠪᠦᠬᠦ ᠤᠯᠤᠰ ᠲᠠᠢ ᠬᠠᠮᠲᠤᠪᠠᠷ ᠪᠦᠬᠦ ᠲᠠᠯ᠎ᠠ ᠶᠢᠨ | ᠴᠢᠨᠡᠭᠡᠯᠢᠭ ᠨᠡᠶᠢᠭᠡᠮ ᠳᠤ ᠣᠷᠣᠭᠤᠯᠬᠤ ᠪᠣᠯ ᠮᠠᠨ ᠤ ᠨᠠᠮ ᠤᠨ ᠲᠥᠪ ᠴᠢᠩᠭ᠎ᠠ ᠠᠮᠠᠯᠠᠯᠲᠠ ᠪᠣᠯᠤᠨ᠎ᠠ ᠭᠡᠵᠦ ᠵᠢᠭᠠᠵᠤ | ᠭᠠᠷᠭᠠᠪᠠ᠃ 2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠡᠬᠢᠯᠡᠯᠲᠡ ᠶᠢᠨ ᠵᠢᠯ ᠮᠥᠨ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ | ᠶᠠᠪᠤᠳᠠᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠵᠠᠩᠭᠢᠯᠠᠭ᠎ᠠ ᠶᠢᠨ | ᠵᠢᠯ ᠮᠥᠨ᠃ ᠪᠢᠳᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠡᠯ᠎ᠡ | ᠵᠦᠢᠯ ᠤᠨ ᠠᠵᠢᠯ ᠢ ᠦᠨᠡᠨᠬᠦ ᠰᠠᠶᠢᠲᠤᠷ ᠬᠢᠵᠦ᠂ ᠶᠠᠳᠠᠭᠤ ᠠᠴᠠ ᠠᠩᠭᠢᠵᠢᠷᠠᠭᠤᠯᠬᠤ ᠰᠠᠭᠤᠷᠢ ᠶᠢ ᠨᠡᠩ ᠪᠠᠲᠤᠳᠬᠠᠵᠤ᠂ | ᠦᠷ᠎ᠡ ᠪᠦᠲᠦᠮᠵᠢ ᠶᠢ ᠨᠡᠩ ᠦᠷᠭᠦᠯᠵᠢᠯᠡᠭᠦᠯᠬᠦ ᠳᠤ ᠬᠦᠷᠭᠡᠬᠦ ᠬᠡᠷᠡᠭᠲᠡᠢ᠃ | ᠬᠤᠷᠠᠯ ᠠᠴᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ | ᠴᠢᠨᠠᠭᠰᠢᠳᠠ ᠪᠠᠬᠢᠵᠢᠭᠦᠯᠦᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ | ᠪᠦᠲᠦᠮᠵᠢᠲᠡᠢ ᠵᠣᠯᠭᠠᠭᠤᠯᠬᠤ ᠶᠢ ᠪᠡᠶᠡᠯᠡᠭᠦᠯᠬᠦ ᠶᠢᠨ ᠬᠠᠮᠲᠤ ᠬᠤᠷᠠᠯ ᠤᠨ ᠵᠣᠷᠢᠭ ᠰᠠᠨᠠᠭ᠎ᠠ ᠶᠣᠰᠣᠭᠠᠷ ᠴᠢᠨᠠᠭᠰᠢᠳᠠ | ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠰᠢᠶᠠᠩ᠂ ᠪᠠᠯᠭᠠᠰᠤ ᠢᠳᠡᠪᠬᠢᠲᠡᠢ ᠬᠠᠮᠵᠢᠯᠴᠠᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠪᠠᠲᠤᠯᠠᠬᠤ ᠬᠡᠷᠡᠭᠲᠡᠢ᠃ | ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠴᠢᠬᠤᠯᠠᠴᠢᠯᠠᠭᠰᠠᠨ ᠨᠢ᠂ ᠠᠮᠢ ᠠᠬᠤᠢ ᠶᠢᠨ | ᠪᠣᠯᠪᠠᠰᠤᠨ ᠢ ᠪᠠᠶᠢᠭᠤᠯᠬᠤ ᠨᠢ ᠠᠷᠠᠳ ᠲᠦᠮᠡᠨ ᠤ ᠪᠤᠶᠠᠨ ᠵᠢᠷᠭᠠᠯ ᠲᠠᠢ ᠬᠤᠯᠪᠣᠭᠳᠠᠵᠤ᠂ ᠦᠨᠳᠦᠰᠦᠲᠡᠨ ᠤ | ᠢᠷᠡᠭᠡᠳᠦᠢ ᠲᠠᠢ ᠬᠤᠯᠪᠣᠭᠳᠠᠨ᠎ᠠ᠃ ᠰᠠᠶᠢᠢᠨ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠣᠯ ᠬᠠᠮᠤᠭ ᠤᠨ | ᠡᠷᠬᠡ ᠲᠡᠭᠰᠢ ᠤᠯᠠᠨ ᠨᠡᠶᠢᠲᠡ ᠶᠢᠨ ᠪᠦᠲᠦᠭᠡᠭᠳᠡᠬᠦᠨ ᠮᠥᠨ᠂ ᠬᠠᠮᠤᠭ ᠤᠨ ᠲᠦᠭᠡᠮᠡᠯ ᠠᠰᠢᠭ ᠬᠦᠷᠲᠡᠭᠡᠬᠦ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠮᠥᠨ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠡᠭᠴᠡᠯᠡᠨ ᠰᠠᠶᠢᠵᠢᠷᠠᠭᠤᠯᠬᠤ | ᠴᠠᠭ ᠤᠨ ᠬᠢᠵᠠᠭᠠᠷ ᠢ ᠲᠣᠳᠣᠷᠬᠠᠶᠢᠯᠠᠵᠤ᠂ ᠵᠤᠷᠪᠤᠰ ᠳᠠᠷᠠᠭᠠᠯᠠᠨ ᠰᠢᠮᠳᠠᠭᠤᠯᠤᠨ ᠴᠡᠭᠴᠡᠯᠡᠨ ᠰᠠᠶᠢᠵᠢᠷᠠᠭᠤᠯᠵᠤ᠂ ᠡᠯ᠎ᠡ | ᠵᠦᠶᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠵᠤ᠂ 2022 ᠣᠨ ᠤ ᠵᠢᠯ ᠤᠨ ᠰᠡᠭᠦᠯᠴᠢ ᠠᠴᠠ ᠡᠮᠦᠨ᠎ᠡ ᠪᠦᠬᠦᠨ ᠢ ᠴᠡᠭᠴᠡᠯᠡᠨ ᠰᠠᠶᠢᠵᠢᠷᠠᠭᠤᠯᠬᠤ ᠶᠢᠨ | ᠬᠠᠮᠲᠤ ᠰᠢᠯᠭᠠᠨ ᠬᠤᠷᠢᠶᠠᠵᠤ ᠳ᠋ᠤᠭᠠᠷ ᠢ ᠨᠢ ᠬᠦᠴᠦᠨ ᠥᠬᠡᠶ ᠪᠣᠯᠭᠠᠬᠤ ᠪᠠᠷ ᠴᠢᠷᠮᠠᠶᠢᠬᠤ ᠬᠡᠷᠡᠭᠲᠡᠶ᠃ | | |