ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ ᠶᠢᠰᠦᠳᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2021/7/28
           2021 ᠣᠨ ᠤ 7 ᠰᠠᠷ᠎ᠠ ᠶᠢᠨ 25 ᠤ ᠡᠳᠦᠷ᠂ ᠵᠢᠨᠢᠩ ᠲᠣᠭᠤᠷᠢᠭ ᠤᠨ ᠨᠠᠮ ᠤᠨ ᠬᠤᠷᠢ᠊ ᠡᠶ᠎ᠡ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠳᠡᠳ᠋ ᠳᠠᠷᠤᠭ᠎ᠠ᠂ ᠲᠣᠭᠤᠷᠢᠭ ᠤᠨ ᠣᠷᠣᠯᠠᠭᠴᠢ ᠳᠠᠷᠤᠭ᠎ᠠ ᠺᠠᠩ ᠬᠠᠢ ᠷᠦᠢ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 14 ᠳ᠋ᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 9 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠶᠡᠷᠦᠩᠬᠡᠢ ᠰᠠᠶᠢᠳ ᠯᠢ ᠺᠧ ᠴᠢᠶᠠᠩ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠣᠭᠲᠠᠭᠤᠨ ᠢᠶᠠᠷ ᠬᠥᠭᠵᠢᠬᠦ ᠶᠢ ᠠᠬᠢᠭᠤᠯᠵᠤ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠶᠠᠷᠢᠶ᠎ᠠ ᠶᠢ ᠤᠯᠠᠮᠵᠢᠯᠠᠨ ᠰᠤᠷᠤᠯᠴᠠᠪᠠ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠬᠤ ᠬᠠᠷᠢᠭᠤᠴᠠᠯᠭ᠎ᠠ ᠶᠢᠨ ᠲᠦᠷᠢᠮ ᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠲᠣᠭᠲᠠᠭᠠᠯ﹀ ᠤᠨ ᠲᠤᠬᠠᠶ ᠮᠡᠳᠡᠭᠳᠡᠯ︾ ᠢ ᠤᠯᠠᠮᠵᠢᠯᠠᠨ ᠰᠤᠷᠤᠯᠴᠠᠵᠤ᠂ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠢᠨᠢᠩ ᠲᠣᠭᠤᠷᠢᠭ ᠤᠨ ᠤᠯᠤᠰ ᠤᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠴᠤ ᠰᠤᠳᠤᠯᠤᠨ ᠪᠠᠶᠢᠷᠢᠯᠠᠭᠤᠯᠪᠠ᠃ ᠤᠳᠦ ᠬᠤᠷᠠᠯᠳᠤᠭᠠᠨ ᠤ ᠭᠤᠣᠯ ᠵᠣᠷᠢᠭ ᠰᠠᠨᠠᠭ᠎ᠠ ᠶᠢ ᠳᠣᠣᠷᠠᠬᠢ ᠮᠡᠲᠦ ᠪᠠᠷ ᠲᠣᠪᠴᠢᠯᠠᠨ ᠲᠡᠮᠳᠡᠭᠯᠡᠶ᠎ᠡ᠄            ᠬᠤᠷᠠᠯ ᠠᠴᠠ ᠶᠡᠷᠦᠩᠬᠡᠢ ᠰᠠᠶᠢᠳ ᠯᠢ ᠺᠧ ᠴᠢᠶᠠᠩ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠣᠭᠲᠠᠭᠤᠨ ᠬᠥᠭᠵᠢᠯᠲᠡ ᠶᠢ ᠠᠬᠢᠭᠤᠯᠵᠤ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠲᠤᠬᠠᠢ ᠶᠠᠷᠢᠶ᠎ᠠ ᠶᠢ ᠤᠯᠠᠮᠵᠢᠯᠠᠨ ᠰᠤᠷᠤᠯᠴᠠᠪᠠ︔ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ︿ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ᠂ ᠬᠤᠳᠠᠯ ᠢᠶᠠᠷ ᠵᠣᠬᠢᠶᠠᠨ ᠬᠠᠭᠤᠷᠮᠠᠭ ᠢᠶᠠᠷ ᠵᠣᠬᠢᠶᠠᠬᠤ ᠬᠠᠷᠢᠭᠤᠴᠠᠯᠭ᠎ᠠ ᠶᠢᠨ ᠲᠦᠷᠢᠮ ᠢ ᠰᠡᠷᠭᠡᠶᠢᠯᠡᠬᠦ ᠪᠠ ᠵᠠᠯᠬᠠᠭᠠᠨ ᠰᠢᠳᠬᠡᠬᠦ ᠲᠣᠭᠲᠠᠭᠠᠯ﹀ ᠤᠨ ᠲᠤᠬᠠᠶ ᠮᠡᠳᠡᠭᠳᠡᠯ︾ ᠢ ᠤᠯᠠᠮᠵᠢᠯᠠᠨ ᠰᠤᠷᠤᠯᠴᠠᠵᠤ᠂ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠵᠢᠨᠢᠩ ᠲᠣᠭᠤᠷᠢᠭ ᠤᠨ ᠤᠯᠤᠰ ᠤᠨ ᠲᠤᠭ᠎ᠠ ᠪᠦᠷᠢᠳᠬᠡᠯ ᠤᠨ ᠰᠢᠮᠳᠠᠭᠤᠯᠤᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠲᠤᠤᠱᠯᠠᠭᠤᠯᠤᠨ ᠨᠠᠶᠢᠳᠠᠪᠤᠷᠢᠵᠢᠭᠤᠯᠤᠭᠰᠠᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠶᠢ ᠰᠣᠨᠣᠰᠪᠠ︔ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ︽ᠺᠠᠳ᠋ᠷ ᠤᠨ ᠳᠠᠪᠬᠤᠷ ᠬᠠᠮᠢᠶᠠᠷᠤᠯᠲᠠ ᠶᠢᠨ ᠠᠵᠢᠯ ᠢ ᠳᠠᠷᠤᠮᠠᠯᠯᠠᠨ ᠲᠠᠷᠬᠠᠭᠠᠬᠤ ᠲᠤᠬᠠᠶ ᠲᠣᠭᠲᠠᠭᠠᠯ ︵ᠲᠤᠷᠰᠢᠨ ᠬᠡᠷᠡᠭᠵᠢᠭᠦᠯᠬᠦ︶︾ ᠢ ᠤᠯᠠᠮᠵᠢᠯᠠᠨ ᠰᠤᠷᠤᠯᠴᠠᠪᠠ᠃            ᠬᠤᠷᠠᠯ ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠱᠠᠲᠤᠨ ᠤ ᠨᠠᠮ ᠤᠨ ᠬᠤᠷᠢ᠊ ᠡᠶ᠎ᠡ᠂ ᠵᠠᠰᠠᠭ ᠤᠨ ᠣᠷᠳᠣᠨ ᠤ ᠶᠠᠷᠢᠶ᠎ᠠ ᠪᠣᠯᠤᠨ ᠪᠢᠴᠢᠭ ᠮᠠᠲᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠦ᠂ ᠭᠦᠨᠵᠡᠭᠡᠢ ᠣᠶᠢᠯᠠᠭᠠᠵᠤ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠮᠠᠨ ᠤ ᠣᠷᠣᠨ ᠤ ᠪᠣᠳᠠᠲᠠᠢ ᠲᠠᠢ ᠪᠠᠨ ᠤᠶᠠᠯᠳᠤᠭᠤᠯᠵᠤ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠲᠡᠷᠡ ᠬᠡᠪ ᠢᠶᠠᠷ ᠨᠢ ᠰᠠᠶᠢᠲᠤᠷ ᠠᠳᠬᠤᠬᠤ ᠬᠡᠷᠡᠭᠲᠡᠢ᠃ ᠦᠵᠡᠯ ᠰᠠᠨᠠᠭ᠎ᠠ ᠲᠠᠨᠢᠯᠲᠠ ᠪᠠᠨ ᠨᠢᠭᠡᠳᠬᠡᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠲᠤᠭ᠎ᠠ ᠪᠦᠷᠢᠳᠬᠡᠯ ᠤᠨ ᠬᠠᠭᠤᠷᠮᠠᠭ ᠢᠶᠠᠷ ᠵᠣᠬᠢᠶᠠᠬᠤ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠬᠤ ᠶᠢ ᠰᠡᠷᠭᠡᠶᠢᠯᠡᠬᠦ ᠪᠠ ᠵᠠᠯᠬᠠᠭᠠᠨ ᠰᠢᠶᠳᠬᠡᠬᠦ ᠴᠢᠬᠤᠯᠠ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠤᠭ᠎ᠠ ᠪᠦᠷᠢᠳᠬᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠲᠤᠭ᠎ᠠ ᠪᠦᠷᠢᠳᠬᠡᠯ ᠤᠨ ᠰᠢᠰᠲ᠋ᠧᠮᠵᠢ ᠪᠠ ᠲᠤᠭ᠎ᠠ ᠪᠦᠷᠢᠳᠬᠡᠯ ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠦᠷᠭᠦᠯᠵᠢᠯᠡᠨ ᠴᠡᠭᠴᠡᠯᠡᠨ ᠰᠠᠶᠢᠵᠢᠷᠠᠭᠤᠯᠬᠤ ᠠᠵᠢᠯ ᠢ ᠣᠷᠳᠣ ᠬᠤᠭᠤᠴᠠᠭ᠎ᠠ ᠪᠠᠷ ᠰᠠᠶᠢᠲᠤᠷ ᠠᠳᠬᠤᠵᠤ᠂ ᠦᠷ᠎ᠡ ᠪᠦᠲᠦᠭᠡᠯ ᠢᠶᠠᠨ ᠲᠠᠰᠤᠷᠠᠯᠲᠠ ᠥᠬᠡᠶ ᠪᠠᠬᠢᠵᠢᠭᠦᠯᠦᠨ ᠳᠡᠭᠡᠭᠰᠢᠯᠡᠭᠦᠯᠵᠦ᠂ ᠬᠠᠤᠯᠢ ᠶᠣᠰᠣᠭᠠᠷ ᠪᠦᠷᠢᠳᠬᠡᠬᠦ᠂ ᠨᠢᠭᠡᠳᠬᠡᠪᠡᠰᠦ ᠵᠣᠬᠢᠬᠤ ᠶᠢ ᠨᠢ ᠴᠥᠮ ᠨᠢᠭᠡᠳᠬᠡᠬᠦ ᠶᠢ ᠦᠨᠡᠨᠬᠦ ᠪᠡᠶᠡᠯᠡᠭᠦᠯᠵᠦ᠂ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠶᠴᠡᠳᠬᠡᠬᠦ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃           ᠬᠤᠷᠠᠯ ᠠᠴᠠ 2021 ᠣᠨ ᠤ ᠳᠡᠭᠡᠷ᠎ᠡ ᠬᠠᠭᠠᠰ ᠵᠢᠯ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤ ᠮᠡᠳᠡᠭᠦᠯᠦᠯᠲᠡ ᠵᠢᠴᠢ 2021 ᠣᠨ ᠤ ᠳᠡᠭᠡᠷ᠎ᠡ ᠬᠠᠭᠠᠰ ᠵᠢᠯ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ ᠤᠨ ᠲᠤᠬᠠᠢ           ᠬᠤᠷᠠᠯ ᠠᠴᠠ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠪᠣᠯ ᠨᠠᠮ ᠤᠨ ᠨᠢᠭᠡᠨ ᠲᠦᠢᠯ ᠤᠨ ᠴᠢᠬᠤᠯᠠ ᠠᠵᠢᠯ ᠪᠣᠯᠤᠨ᠎ᠠ᠂ ᠨᠠᠮ ᠤᠨ ᠪᠠᠶᠢᠭᠤᠯᠤᠯᠲᠠ ᠪᠣᠯᠤᠨ ᠵᠠᠰᠠᠭ ᠤᠨ ᠪᠠᠶᠢᠭᠤᠯᠤᠯᠲᠠ ᠶᠢᠨ ᠴᠢᠬᠤᠯᠠ ᠠᠭᠤᠯᠭ᠎ᠠ ᠪᠣᠯᠤᠨ᠎ᠠ᠃ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠦᠵᠡᠯ ᠤᠬᠠᠮᠰᠠᠷ ᠤᠨ ᠬᠡᠯᠪᠡᠷᠢ ᠶᠢᠨ ᠬᠠᠷᠢᠭᠤᠴᠠᠯᠭ᠎ᠠ ᠶᠢ ᠦᠷᠭᠦᠯᠵᠢᠯᠡᠨ ᠪᠠᠲᠤᠳᠬᠠᠵᠤ᠂ ᠤᠨᠤᠯ ᠤᠨ ᠰᠤᠷᠤᠯᠴᠠᠯᠭ᠎ᠠ ᠶᠢᠨ ᠦᠷ᠎ᠡ ᠪᠦᠲᠦᠭᠡᠯ ᠢ ᠪᠠᠲᠤᠳᠬᠠᠬᠤ ᠶᠢ ᠴᠢᠩᠭᠠᠳᠬᠠᠵᠤ᠂ ᠡᠯ᠎ᠡ ᠲᠦᠷᠦᠯ ᠤᠨ ᠵᠢᠭᠰᠠᠭᠠᠯ ᠤᠨ ᠭᠠᠵᠠᠷ ᠤᠨ ᠤᠬᠠᠭᠤᠯᠭ᠎ᠠ ᠬᠠᠮᠢᠶᠠᠷᠤᠯᠲᠠ ᠶᠢ ᠴᠢᠩᠭᠠᠳᠬᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠣᠭᠤᠳᠴᠤ ᠪᠠᠶᠢᠴᠠᠭᠠᠬᠤ ᠶᠢ ᠥᠷᠨᠢᠭᠦᠯᠵᠦ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ ᠬᠠᠨᠳᠤᠰᠢ ᠶᠢ ᠴᠠᠭ ᠲᠤᠬᠠᠢ ᠳᠤᠨᠢ ᠡᠵᠡᠮᠰᠢᠵᠦ᠂ ᠠᠯᠳᠠᠭᠳᠠᠯ ᠢ ᠪᠠᠶᠢᠴᠠᠭᠠᠨ ᠳᠤᠲᠠᠭᠤᠳᠠᠯ ᠢ ᠨᠥᠬᠦᠪᠥᠷᠢᠯᠡᠵᠦ᠂ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠠᠵᠢᠯ ᠤᠨ ᠪᠠᠶᠢᠳᠠᠯ ᠢ ᠦᠨᠡᠨᠬᠦ ᠪᠤᠢ ᠪᠣᠯᠭᠠᠬᠤ ᠬᠡᠷᠡᠭᠲᠡᠢ᠃           ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠣᠨ ᠤ ᠡᠭᠦᠷᠭᠡ ᠬᠠᠷᠠᠯᠲᠠ ᠲᠠᠢ ᠪᠠᠨ ᠬᠠᠷᠢᠴᠠᠭᠤᠯᠵᠤ᠂ ︽ᠴᠠᠭ ᠬᠠᠭᠠᠰ ᠠᠴᠠ ᠬᠡᠲᠦᠷᠡᠬᠦ᠂ ᠡᠭᠦᠷᠭᠡ ᠬᠠᠭᠠᠰ ᠠᠴᠠ ᠬᠡᠲᠦᠷᠡᠬᠦ ︾ ᠱᠠᠭᠠᠷᠳᠠᠯᠭ᠎ᠠ ᠶᠣᠰᠣᠭᠠᠷ᠂ ᠳᠡᠭᠡᠷ᠎ᠡ ᠬᠠᠭᠠᠰ ᠵᠢᠯ ᠤᠨ ᠠᠵᠢᠯ ᠢ ᠵᠦᠶᠯ ᠳᠠᠷᠠᠭᠠᠯᠠᠨ ᠡᠮᠬᠢᠯᠡᠵᠦ᠂ ᠠᠰᠠᠭᠤᠳᠠᠯ ᠤᠨ ᠬᠦᠷᠦᠯᠴᠡᠬᠦ ᠥᠬᠡᠶ ᠲᠠᠯ᠎ᠠ ᠶᠢ ᠤᠯᠠᠮ ᠨᠢᠭᠡ ᠠᠯᠬᠤᠮ ᠣᠨᠣᠪᠴᠢᠲᠠᠶ ᠡᠷᠢᠵᠦ᠂ ᠴᠢᠭᠯᠡᠭᠦᠯᠬᠦ ᠴᠢᠨᠠᠷᠲᠠᠶ ᠪᠠᠷ ᠠᠵᠢᠯ ᠤᠨ ᠲᠥᠰᠦᠯ ᠲᠣᠭᠲᠠᠭᠠᠵᠤ᠂ ᠦᠨᠡᠨ ᠬᠦ ᠲᠤᠰᠠᠲᠠᠶ ᠬᠠᠲᠠᠭᠤ ᠠᠷᠭ᠎ᠠ ᠪᠣᠳᠠᠲᠠᠶ ᠠᠷᠭ᠎ᠠ ᠶᠢ ᠬᠡᠷᠡᠭᠯᠡᠨ᠂ ᠨᠠᠶᠢᠳᠠᠪᠤᠷᠢᠵᠢᠭᠤᠯᠤᠯᠲᠠ ᠶᠢ ᠠᠬᠢᠭᠤᠯᠬᠤ ᠶᠢ ᠰᠠᠶᠢᠲᠤᠷ ᠠᠳᠬᠤᠵᠤ᠂ ᠬᠠᠷᠠᠯᠲᠠ ᠪᠠᠨ ᠰᠤᠯᠠᠷᠠᠭᠤᠯᠤᠯ ᠥᠬᠡᠶ ᠴᠢᠩᠭ᠎ᠠ ᠠᠳᠬᠤᠨ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠪᠡᠷᠬᠡ ᠶᠢ ᠳᠤᠭᠤᠯᠤᠨ ᠪᠡᠷᠬᠡ ᠶᠢ ᠳᠠᠪᠠᠵᠤ᠂ ᠪᠥᠬᠦ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ ᠶᠢ ᠲᠤᠰᠢᠶᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠡᠳ᠋ ᠤᠨ ᠵᠠᠰᠠᠭ ᠭᠠᠶᠢᠯᠢ ᠶᠢᠨ ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠵᠦ᠂ ᠲᠠᠲᠠᠪᠤᠷᠢᠯᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠪᠠᠶᠢᠳᠠᠯ ᠢ ᠲᠣᠳᠣᠷᠬᠠᠶᠢᠯᠠᠵᠤ᠂ ᠰᠠᠭᠤᠷᠢ ᠲᠤᠭ᠎ᠠ ᠶᠢ ᠲᠣᠳᠣᠷᠬᠠᠢ ᠪᠣᠯᠭᠠᠵᠤ᠂ ᠣᠷᠣᠯᠭ᠎ᠠ ᠶᠢ ᠨᠡᠮᠡᠭᠳᠡᠭᠦᠯᠬᠦ ᠳᠠᠯᠳᠠ ᠬᠦᠴᠦᠨ ᠢ ᠠᠭᠤᠳᠠᠯᠵᠤ᠂ ᠲᠠᠲᠠᠪᠤᠷᠢᠯᠠᠨ ᠬᠠᠮᠢᠶᠠᠷᠬᠤ ᠠᠵᠢᠯ ᠤᠨ ᠠᠯᠳᠠᠰᠢ ᠭᠠᠷᠬᠤ ᠶᠢ ᠬᠤᠷᠢᠭᠯᠠᠬᠤ ᠬᠡᠷᠡᠭᠲᠡᠢ᠃ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠰᠠᠭ ᠤᠨ ᠣᠷᠳᠣᠨ ᠤ ᠦᠶᠯᠡᠴᠢᠯᠡᠭᠡᠨ ᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠡᠷᠴᠢᠮ ᠢ ᠴᠢᠩᠭᠠᠷᠠᠭᠤᠯᠤᠨ᠂ ᠮᠥᠷᠳᠡᠨ ᠦᠶᠯᠡᠴᠢᠯᠡᠬᠦ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠷᠥᠯ ᠵᠦᠶᠯ ᠢ ᠠᠬᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠲᠦᠷᠭᠡᠨ ᠰᠢᠶᠳᠪᠦᠷᠢᠯᠡᠵᠦ᠂ ᠮᠥᠷᠳᠡᠯᠲᠡ ᠨᠢ ᠪᠣᠳᠠᠲᠤ ᠦᠷ᠎ᠡ ᠪᠦᠲᠦᠮᠵᠢ ᠲᠠᠢ᠂ ᠦᠶᠯᠡᠴᠢᠯᠡᠭᠡ ᠨᠢ ᠶᠠᠰᠤ ᠴᠢᠨᠠᠷ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃          ᠬᠤᠷᠠᠯ ᠠᠴᠠ ᠤᠯᠠᠭᠠᠨᠴᠠᠪ ᠤᠨ ᠲᠢᠶᠠᠨ ᠯᠢ ᠰᠤᠷᠭᠠᠭᠤᠯᠢ ᠶᠢᠨ ᠡᠵᠡᠩᠨᠡᠯᠲᠡ ᠶᠢᠨ ᠨᠥᠬᠦᠪᠥᠷᠢ᠂ ᠪᠡᠶ᠎ᠡ ᠴᠢᠭᠢᠷᠠᠭᠵᠢᠭᠤᠯᠬᠤ ᠠᠷᠭ᠎ᠠ ᠵᠠᠮ ᠢ ᠬᠤᠳᠠᠯᠳᠤᠨ ᠠᠪᠬᠤ᠂ ᠪᠠᠷᠢᠯᠭ᠎ᠠ ᠶᠢᠨ ᠬᠤᠭ ᠨᠣᠪᠰᠢ ᠶᠢ ᠠᠷᠢᠯᠭᠠᠬᠤ ᠲᠠᠯᠠᠪᠠᠢ ᠪᠠᠶᠢᠭᠤᠯᠬᠤ᠂ ᠰᠢᠶᠤᠤ ᠳ᠋ᠦᠩ ᠲᠠᠨ ᠰᠢᠢᠳᠪᠦᠷᠢᠯᠡᠬᠦ ᠦᠢᠯᠡᠳᠪᠦᠷᠢ ᠶᠢᠨ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠲᠥᠬᠦᠭᠡᠷᠦᠮᠵᠢ ᠶᠢ ᠰᠣᠯᠢᠬᠤ ᠵᠡᠷᠭᠡ ᠬᠠᠮᠢᠶ᠎ᠠ ᠪᠦᠬᠦᠢ ᠶᠠᠪᠤᠳᠠᠯ ᠢ ᠰᠤᠳᠤᠯᠤᠨ ᠬᠢᠨᠠᠨ ᠵᠥᠪᠯᠡᠪᠡ᠃          ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠡᠭᠦᠷᠭᠡᠯᠡᠯ ᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠰᠡᠳᠬᠢᠴᠡ ᠶᠢᠨ ᠪᠠᠶᠢᠷᠢ ᠲᠣᠭᠲᠠᠭᠠᠯᠲᠠ᠂ ᠬᠠᠷᠢᠭᠤᠴᠠᠯᠭ᠎ᠠ ᠶᠢᠨ ᠬᠤᠪᠢᠶᠠᠷᠢᠯᠠᠯ᠂ ᠬᠡᠷᠡᠭᠵᠢᠭᠦᠯᠬᠦ ᠠᠷᠭ᠎ᠠ ᠵᠠᠮ ᠪᠣᠯᠤᠨ ᠬᠠᠷᠠᠯᠲᠠ ᠡᠭᠦᠷᠭᠡ ᠶᠢ ᠲᠣᠳᠣᠷᠬᠠᠶᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ︔ ᠬᠤᠷᠠᠯ ᠢᠶᠠᠷ ᠶᠠᠷᠢᠯᠴᠠᠭᠰᠠᠨ ᠰᠠᠨᠠᠯ ᠢ ᠬᠢᠨᠠᠮᠠᠭᠠᠶ ᠭᠥᠯᠢᠶᠡᠨ ᠠᠪᠴᠤ᠂ ᠡᠯ᠎ᠡ ᠵᠦᠶᠯ ᠤᠨ ᠵᠥᠪᠯᠡᠬᠦ ᠰᠡᠳᠦᠪ ᠤᠨ ᠪᠣᠳᠠᠲᠠᠶ ᠬᠡᠷᠡᠭᠵᠢᠭᠦᠯᠬᠦ ᠠᠭᠤᠯᠭ᠎ᠠ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠦᠷᠦᠭᠦᠯᠡᠨ ᠬᠠᠷᠢᠭᠤᠴᠠᠬᠤ ᠨᠢᠭᠡᠴᠡ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠮᠥᠷᠳᠡᠨ ᠰᠢᠮᠳᠠᠭᠤᠯᠤᠨ ᠭᠦᠶᠴᠡᠳᠬᠡᠬᠦ ᠪᠠᠨ ᠴᠢᠩᠭᠠᠳᠬᠠᠵᠤ᠂ ᠡᠬᠡ ᠲᠠᠩᠰᠠ ᠪᠠᠶᠢᠭᠤᠯᠤᠨ᠂ ᠡᠯ᠎ᠡ ᠵᠦᠶᠯ ᠤᠨ ᠠᠵᠢᠯ ᠤᠨ ᠡᠮᠬᠢ ᠵᠢᠷᠤᠮ ᠲᠠᠢ ᠠᠭᠢᠬᠤ ᠶᠢ ᠦᠨᠡᠨᠬᠦ ᠪᠠᠲᠤᠯᠠᠬᠤ ᠬᠡᠷᠡᠭᠲᠡᠶ᠃
 
ᠢᠷᠡᠯᠲᠡ᠄ ᠵᠢᠨᠢᠩ ᠲᠣᠭᠤᠷᠢᠭ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2