ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠪᠢᠴᠢᠭ ᠮᠠᠲ᠋ᠧᠷᠢᠶᠠᠯ
ᠨᠡᠶᠢᠲᠡᠯᠡᠭᠰᠡᠨ ᠴᠠᠭ᠄
2021/7/8
        ᠵᠢᠨᠢᠩ ᠵᠠᠰᠠᠭ ᠠᠯᠪᠠᠨ ﹇2021﹈ 13 ᠳ᠋ᠤᠭᠠᠷ ᠲᠣᠭᠠᠲᠤ         ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂  ᠲᠤᠭᠤᠷᠢᠭ ᠤᠨ ᠰᠢᠭᠤᠳ ᠬᠠᠷᠢᠶ᠎ᠠ ᠬᠤᠯᠪᠣᠭᠳᠠᠯ ᠪᠦᠬᠦᠢ  ᠨᠢᠭᠡᠴᠡ ᠨᠦᠭᠦᠳ ᠲᠤ᠄        ︽ᠵᠢᠨᠢᠩ ᠲᠣᠭᠤᠷᠢᠭ ᠤᠨ ︿ᠠᠳᠠᠯ ᠠᠬᠤᠶ ᠶᠢᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠠᠬᠢᠭᠤᠯᠬᠤ﹀ ᠲᠤᠰᠬᠠᠶ ᠠᠵᠢᠯᠯᠠᠭ᠎ᠠ ᠶᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ︾᠎ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠮᠠᠨ ᠤ  ᠲᠤᠭᠤᠷᠢᠭ ᠤᠨ ᠪᠣᠳᠠᠲᠤ ᠪᠠᠶᠢᠳᠠᠯ ᠢ ᠦᠨᠳᠦᠰᠦᠯᠡᠨ᠂ ᠵᠢᠷᠤᠮᠯᠠᠨ ᠬᠡᠷᠡᠭᠵᠢᠭᠦᠯᠲᠦᠭᠡᠶ᠃                                                           ᠣᠨᠴᠠᠭᠠᠶᠢᠯᠠᠨ ᠮᠡᠳᠡᠭᠳᠡᠪᠡ                                                     2021 ᠣᠨ 6 ᠰᠠᠷ᠎ᠠ ᠶᠢᠨ 22᠎ ᠤᠨ ᠡᠳᠦᠷ         ᠵᠢᠨᠢᠩ ᠲᠣᠭᠤᠷᠢᠭ ᠤᠨ ︽ᠠᠳᠠᠯ ᠠᠬᠤᠶ ᠶᠢᠨ ᠦᠶᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠵᠦ ᠪᠣᠯᠪᠠᠰᠤᠨ ᠬᠤᠲᠠ ᠶᠢ         ᠡᠭᠦᠳᠦᠨ ᠪᠠᠶᠢᠭᠤᠯᠬᠤ ᠶᠢ ᠠᠬᠢᠭᠤᠯᠬᠤ︾ ᠲᠤᠰᠬᠠᠶ ᠠᠵᠢᠯᠯᠠᠭ᠎ᠠ ᠶᠢ ᠥᠷᠨᠢᠭᠦᠯᠬᠦ ᠲᠤᠬᠠᠶ ᠬᠡᠷᠡᠭᠵᠢᠭᠦᠯᠬᠦ ᠲᠥᠰᠦᠯ     ᠪᠦᠬᠦ ᠲᠤᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠤ ᠠᠵᠢᠯ ᠲᠥᠷᠥᠯ ᠤᠨ ᠬᠥᠭᠵᠢᠯᠲᠡ ᠶᠢ ᠤᠯᠠᠮ ᠨᠢᠭᠡ ᠠᠯᠬᠤᠮ ᠣᠳᠣ ᠦᠶ᠎ᠡ ᠶᠢᠨ ᠬᠤᠲᠠ ᠶᠢᠨ ᠬᠠᠮᠢᠶᠠᠷᠤᠯᠲᠠ ᠲᠠᠢ ᠲᠣᠬᠢᠷᠠᠯᠴᠠᠭᠰᠠᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠤᠨ ᠰᠢᠨ᠎ᠡ ᠪᠠᠶᠢᠭᠤᠯᠤᠮᠵᠢ ᠶᠢ ︽ᠪᠥᠬᠦ ᠤᠯᠤᠰ ᠤᠨ ᠪᠣᠯᠪᠠᠰᠤᠨ ᠬᠤᠲᠠ︾᠎ ᠶᠢ ᠡᠭᠦᠳᠦᠨ ᠪᠠᠶᠢᠭᠤᠯᠬᠤ ᠪᠠᠷ ᠲᠣᠬᠢᠶᠠᠯ ᠪᠣᠯᠭᠠᠨ᠂ ᠠᠳᠠᠯ ᠠᠬᠤᠶ ᠶᠢᠨ ᠦᠶᠯᠡᠴᠢᠯᠡᠭᠡᠨ ᠤ ᠦᠶᠯᠡ ᠠᠵᠢᠯᠯᠠᠭ᠎ᠠ ᠶᠢ ᠦᠨᠡᠨᠬᠦ ᠵᠢᠷᠤᠮᠵᠢᠭᠤᠯᠵᠤ᠂ ᠠᠳᠠᠯ ᠠᠬᠤᠶ ᠶᠢᠨ ᠦᠶᠯᠡᠴᠢᠯᠡᠭᠡᠨ ᠤ ᠶᠠᠰᠤ ᠴᠢᠨᠠᠷ ᠢ ᠪᠠᠲᠤᠯᠠᠨ᠂ ᠠᠳᠠᠯ ᠠᠬᠤᠶ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠳᠠᠯ ᠠᠬᠤᠶ ᠶᠢᠨ ᠦᠶᠯᠡᠴᠢᠯᠡᠭᠡᠨ ᠤ ᠠᠵᠢᠯ ᠲᠥᠷᠥᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠭᠦᠨᠵᠡᠭᠡᠶ ᠠᠬᠢᠭᠤᠯᠵᠤ᠂ ᠮᠠᠨ ᠤ  ᠲᠤᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠤᠨ ᠪᠣᠳᠠᠲᠠᠶ ᠲᠠᠢ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃           ᠨᠢᠭᠡ᠂ ᠵᠢᠯᠣᠭᠤᠳᠬᠤ ᠦᠵᠡᠯ ᠰᠠᠨᠠᠭ᠎ᠠ         ᠰᠢ ᠶᠢᠨ ᠫᠢᠩ ᠎ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠪᠥᠬᠦ  ᠲᠤᠭᠤᠷᠢᠭ ᠤᠨ ᠠᠳᠠᠯ ᠠᠬᠤᠶ ᠶᠢᠨ ᠦᠶᠯᠡᠴᠢᠯᠡᠭᠡᠨ ᠤ ᠠᠵᠢᠯ ᠲᠥᠷᠥᠯ ᠤᠨ ᠵᠢᠷᠤᠮᠵᠢᠭᠰᠠᠨ ᠬᠠᠮᠢᠶᠠᠷᠤᠯᠲᠠ ᠶᠢ ᠪᠡᠶᠡᠯᠡᠭᠦᠯᠬᠦ ᠪᠠᠷ ᠬᠠᠷᠠᠯᠲᠠ ᠪᠣᠯᠭᠠᠨ᠂ ᠠᠳᠠᠯ ᠠᠬᠤᠶ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠦᠶᠯᠡᠴᠢᠯᠡᠭᠡᠨ ᠤ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠪᠠᠷ ᠭᠤᠤᠯ ᠱᠤᠭᠤᠮ ᠪᠣᠯᠭᠠᠵᠤ᠂ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠲᠤ ᠣᠷᠣᠰᠢᠵᠤ ᠪᠠᠶᠢᠭ᠎ᠠ ᠬᠦᠴᠢᠷᠳᠡᠯ ᠪᠠ ᠲᠣᠪᠤᠶᠢᠮ᠎ᠠ ᠠᠰᠠᠭᠤᠳᠠᠯ ᠢ ᠬᠦᠴᠦᠯᠡᠨ ᠰᠢᠶᠳᠪᠦᠷᠢᠯᠡᠨ᠎ᠡ᠃ ︽ᠪᠦᠬᠦ ᠤᠯᠤᠰ ᠤᠨ ᠪᠣᠯᠪᠠᠰᠤᠨ ᠬᠤᠲᠠ︾᠎ ᠶᠢ ᠡᠭᠦᠳᠦᠨ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠵᠠᠰᠠᠭ ᠤᠨ ᠣᠷᠳᠣᠨ ᠤ ᠬᠠᠮᠢᠶ᠎ᠠ ᠪᠥᠬᠦᠶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠵᠢᠴᠢ ᠥᠮᠴᠢᠲᠡᠨ ᠤ ᠵᠥᠪᠯᠡᠯ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠬᠥᠳᠡᠯᠦᠯᠴᠡᠬᠦ᠂ ᠬᠠᠷᠢᠯᠴᠠᠨ ᠬᠠᠮᠵᠢᠯᠴᠠᠬᠤ᠂ ᠬᠠᠷᠢᠯᠴᠠᠨ ᠳᠡᠮᠵᠢᠬᠦ᠂ ᠴᠤᠭᠭᠠᠷ ᠠᠳᠬᠤᠵᠤ ᠬᠠᠮᠲᠤᠪᠠᠷ ᠬᠠᠮᠢᠶᠠᠷᠬᠤ ᠶᠡᠷᠦᠩᠬᠡᠶ ᠱᠠᠭᠠᠷᠳᠠᠯᠭ᠎ᠠ ᠶᠢ ᠴᠢᠩᠭᠠᠷᠠᠭᠤᠯᠵᠤ᠂ ᠠᠳᠠᠯ ᠠᠬᠤᠶ ᠶᠢᠨ ᠦᠶᠯᠡᠴᠢᠯᠡᠭᠡ ᠶᠢ ᠨᠠᠷᠢᠯᠢᠬᠵᠢᠭᠤᠯᠬᠤ᠂ ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ᠂ ᠵᠠᠬ᠎ᠠ ᠳᠡᠯᠭᠡᠭᠦᠷᠴᠢᠯᠡᠬᠦ᠂ ᠤᠶᠤᠨᠴᠢᠯᠠᠬᠤ ᠳᠠᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠰᠠᠶᠢᠨ ᠰᠠᠶᠢᠬᠠᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠬᠡᠷᠡᠭᠲᠡᠶ᠃           ᠬᠤᠶᠠᠷ᠂ ᠶᠡᠷᠦᠩᠬᠡᠶ ᠬᠠᠷᠠᠯᠲᠠ        ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠶᠠᠮᠤᠨ ᠤ ︽ᠣᠷᠣᠨ ᠰᠠᠭᠤᠴᠠ ᠶᠢᠨ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠮᠡᠳᠡᠭᠳᠡᠯ︾ ︵ᠬᠡᠷ ᠪᠠᠷᠢᠬᠤ ᠲᠣᠭᠲᠠᠭᠠᠯ ︹ 2020 ︺ 10 ᠳ᠋ᠤᠭᠠᠷ ᠲᠣᠭᠠᠲᠤ︶᠎ ᠤᠨ ᠱᠠᠭᠠᠷᠳᠠᠯᠭ᠎ᠠ ᠶᠣᠰᠣᠭᠠᠷ᠂ ᠣᠷᠳᠣ ᠬᠤᠭᠤᠴᠠᠭᠠᠨ ᠤ ᠪᠦᠲᠦᠮᠵᠢᠲᠡᠶ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠦᠷᠢᠨᠰᠢᠬᠦᠯᠵᠦ᠂ ᠣᠷᠣᠨ ᠰᠠᠭᠤᠴᠠ ᠶᠢᠨ  ᠰᠠᠭᠤᠭᠠᠯᠢ ᠲᠣᠭᠤᠷᠢᠭ ᠤᠨ ᠰᠠᠭᠤᠷᠢ ᠪᠡᠯᠡᠳᠬᠡᠮᠵᠢ ᠶᠢᠨ ᠲᠣᠬᠢᠷᠠᠭᠤᠯᠤᠯᠲᠠ ᠶᠢ ᠲᠡᠭᠦᠯᠳᠡᠷᠵᠢᠭᠦᠯᠦᠨ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠵᠠᠰᠠᠯᠲᠠ ᠶᠢ ᠴᠢᠩᠭᠠᠳᠬᠠᠵᠤ᠂ ᠠᠳᠠᠯ ᠠᠬᠤᠶ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠦᠨᠡᠨᠴᠢ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠦᠶᠯᠡᠴᠢᠯᠡᠭᠡᠨ ᠤ ᠠᠵᠤ ᠠᠬᠤᠶᠢᠯᠠᠯ ᠤᠨ ᠭᠡᠷ᠎ᠡ ᠭᠦᠶᠴᠡᠳᠬᠡᠬᠦ ᠠᠵᠢᠯᠯᠠᠭ᠎ᠠ᠂ ᠠᠳᠠᠯ ᠠᠬᠤᠶ ᠶᠢᠨ ᠦᠶᠯᠡᠴᠢᠯᠡᠭᠡᠨ ᠤ ᠪᠠᠷᠢᠮᠵᠢᠶᠠᠵᠢᠭᠤᠯᠬᠤ ᠪᠠᠶᠢᠭᠤᠯᠤᠯᠲᠠ᠂ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠤᠨ ᠪᠠᠲᠤᠯᠠᠭ᠎ᠠ ᠵᠡᠷᠭᠡ ᠲᠠᠯ᠎ᠠ ᠠᠴᠠ ᠭᠤᠤᠯᠳᠠᠯᠭ᠎ᠠ ᠲᠠᠢ ᠭᠠᠷᠳᠠᠵᠤ᠂ ᠨᠠᠮ ᠤᠨ ᠪᠠᠶᠢᠭᠤᠯᠤᠯᠲᠠ ᠪᠠᠷ ᠨᠡᠶᠢᠭᠡᠮ ᠲᠣᠭᠤᠷᠢᠭ ᠤᠨ ᠵᠠᠰᠠᠯᠲᠠ ᠶᠢ ᠬᠥᠲᠥᠯᠦᠨ ᠳᠠᠭᠠᠭᠤᠯᠬᠤ ᠪᠣᠷᠣ ᠲᠥᠯᠥᠪ ᠤᠨ ᠳᠣᠤᠷᠠᠬᠢ ᠠᠳᠠᠯ ᠠᠬᠤᠶ ᠶᠢᠨ ᠬᠠᠮᠢᠶᠠᠷᠤᠯᠲᠠ ᠶᠢᠨ ᠡᠯ᠎ᠡ ᠲᠠᠯ᠎ᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠠᠮᠲᠤ ᠪᠠᠷ ᠵᠥᠪᠳᠡᠯᠴᠡᠬᠦ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠬᠠᠮᠢᠶᠠᠷᠬᠤ᠂ ᠬᠠᠮᠲᠤ ᠪᠠᠷ ᠵᠠᠰᠠᠬᠤ᠂ ᠬᠠᠮᠲᠤ ᠪᠠᠷ ᠡᠳ᠋ᠯᠡᠬᠦ︾ ᠠᠳᠠᠯ ᠠᠬᠤᠶ ᠶᠢᠨ ᠬᠠᠮᠢᠶᠠᠷᠤᠯᠲᠠ ᠶᠢᠨ ᠰᠢᠨ᠎ᠡ ᠪᠠᠶᠢᠷᠢᠰᠢᠯ ᠢ ᠪᠤᠶ ᠪᠣᠯᠭᠠᠵᠤ᠂ ︽ᠨᠢᠭᠡ ᠵᠢᠯ ᠳᠤ ᠰᠠᠶᠢᠵᠢᠷᠠᠭᠤᠯᠬᠤ ᠶᠢ ᠠᠬᠢᠭᠤᠯᠬᠤ᠂ ᠬᠤᠶᠠᠷ ᠵᠢᠯ ᠳᠤ ᠳᠡᠭᠡᠭᠰᠢᠯᠡᠭᠦᠯᠬᠦ ᠶᠢ ᠠᠬᠢᠭᠤᠯᠬᠤ᠂ ᠭᠤᠷᠪᠠᠨ ᠵᠢᠯ ᠳᠤ ᠬᠥᠭᠵᠢᠯᠲᠡ ᠶᠢ ᠠᠬᠢᠭᠤᠯᠬᠤ︾ ᠠᠵᠢᠯ ᠤᠨ ᠶᠡᠷᠦᠩᠬᠡᠶ ᠰᠡᠳᠬᠢᠮᠵᠢ ᠪᠠᠷ ᠳᠡᠮᠵᠢᠨ᠂ ᠪᠥᠬᠦ  ᠲᠤᠭᠤᠷᠢᠭ ᠤᠨ ᠣᠷᠣᠨ ᠰᠠᠭᠤᠴᠠ ᠶᠢᠨ ᠵᠢᠵᠢᠭ ᠲᠣᠭᠤᠷᠢᠭ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠢᠯᠡᠳᠲᠡ ᠰᠠᠶᠢᠵᠢᠷᠠᠭᠤᠯᠬᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠪᠦᠬᠦᠯᠢ ᠴᠣᠭᠴᠠ ᠶᠢᠨ ᠬᠢᠷᠢ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠬᠦ᠂ ᠰᠠᠭᠤᠭᠠᠯᠢ ᠠᠷᠠᠳ ᠤᠨ ᠠᠮᠢᠳᠤᠷᠠᠯ ᠤᠨ ᠶᠠᠰᠤ ᠴᠢᠨᠠᠷ ᠬᠢᠭᠡᠳ ᠵᠣᠯ ᠵᠢᠷᠭᠠᠯ ᠤᠨ ᠵᠢᠭᠠᠯᠲᠠ ᠲᠤᠭ᠎ᠠ ᠶᠢ ᠢᠯᠡᠳᠲᠡ ᠳᠡᠭᠡᠭᠰᠢᠯᠡᠭᠦᠯᠬᠦ ᠶᠢ ᠪᠡᠶᠡᠯᠡᠭᠦᠯᠵᠦ᠂ ᠡᠴᠦᠰ ᠲᠡᠭᠡᠨ ᠮᠠᠨ ᠤ  ᠲᠤᠭᠤᠷᠢᠭ ᠤᠨ ᠠᠳᠠᠯ ᠠᠬᠤᠶ ᠶᠢᠨ ᠦᠶᠯᠡᠴᠢᠯᠡᠭᠡᠨ ᠤ ᠰᠠᠶᠢᠨ ᠪᠥᠭᠡᠳ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠵᠦ᠂ ᠮᠠᠨ ᠤ ᠣᠷᠣᠨ ᠤ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠶᠢ ᠦᠨᠡᠨᠬᠦ ᠠᠬᠢᠭᠤᠯᠤᠨ᠎ᠠ᠃           ᠭᠤᠷᠪᠠ᠂ ᠭᠤᠣᠯ ᠡᠭᠦᠷᠭᠡ            ︵ᠨᠢᠭᠡ︶ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠴᠢᠳᠠᠪᠤᠷᠢ ᠶᠢ ᠳᠡᠭᠡᠭᠰᠢᠯᠡᠭᠦᠯᠦᠨ᠎ᠡ          1᠂ ᠪᠠᠲᠤᠯᠠᠭ᠎ᠠ ᠶᠢᠨ ᠲᠣᠭᠲᠠᠴᠠ ᠶᠢ ᠪᠥᠷᠢᠨᠰᠢᠬᠦᠯᠥᠨ ᠲᠡᠭᠦᠯᠳᠡᠷᠵᠢᠭᠦᠯᠦᠨ᠎ᠡ᠃ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠠᠳᠠᠯ ᠠᠬᠤᠶ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠲᠣᠬᠢᠷᠠᠭᠤᠯᠤᠯᠲᠠ ᠶᠢ ᠪᠦᠷᠢᠨᠰᠢᠭᠦᠯᠬᠦ ᠪᠠ ᠲᠡᠭᠦᠯᠳᠡᠷᠵᠢᠭᠦᠯᠵᠦ᠂ ᠲᠤᠰᠬᠠᠶ ᠲᠤᠰᠢᠶᠠᠯᠲᠤ ᠠᠵᠢᠯᠲᠠᠨ ᠳᠣᠭᠢᠷᠠᠭᠤᠯᠤᠨ᠂ ᠠᠵᠢᠯ ᠤᠨ ᠡᠭᠦᠷᠭᠡ ᠬᠠᠷᠢᠭᠤᠴᠠᠯᠭ᠎ᠠ ᠶᠢ ᠲᠣᠳᠣᠷᠬᠠᠶᠢᠯᠠᠵᠤ᠂ ᠠᠳᠠᠯ ᠠᠬᠤᠶ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠵᠤ᠂ ᠬᠠᠷᠢᠶ᠎ᠠ ᠭᠠᠵᠠᠷ ᠤᠨ ᠬᠠᠮᠢᠶᠠᠷᠤᠯᠲᠠ ᠪᠠ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠬᠦ ᠬᠡᠷᠡᠭᠲᠡᠶ᠃          2᠂ ᠬᠢᠨᠠᠨ ᠬᠠᠮᠢᠶᠠᠷᠴᠤ ᠰᠢᠯᠭᠠᠨ ᠬᠢᠨᠠᠬᠤ ᠶᠢ ᠴᠢᠩᠭᠠᠷᠠᠭᠤᠯᠤᠨ᠎ᠠ᠃ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ︽ᠵᠢᠨᠢᠩ ᠲᠣᠭᠤᠷᠢᠭ ᠤᠨ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠦᠶᠯᠡᠴᠢᠯᠡᠭᠡᠨ ᠤ ᠰᠢᠯᠭᠠᠨ ᠬᠢᠨᠠᠬᠤ ᠠᠷᠭ᠎ᠠ︾᠎ ᠶᠢᠨ ᠲᠣᠭᠲᠠᠭᠠᠯ ᠢ ᠦᠨᠳᠦᠰᠦᠯᠡᠨ᠂ ᠣᠨ ᠤ ᠪᠦᠬᠦᠨ ᠢ ᠬᠠᠮᠤᠷᠬᠤ ᠶᠢ ᠰᠢᠯᠭᠠᠨ ᠬᠢᠨᠠᠵᠤ ᠦᠨᠡᠯᠡᠨ ᠲᠣᠭᠲᠠᠭᠠᠬᠤ ᠶᠢ ᠬᠡᠷᠡᠭᠵᠢᠭᠦᠯᠵᠦ᠂ ᠰᠢᠯᠭᠠᠨ ᠬᠢᠨᠠᠭᠰᠠᠨ ᠦᠷ᠎ᠡ ᠳ᠋ᠦᠩ ᠢ ︽ᠤᠯᠠᠭᠠᠨ ᠬᠠᠷ᠎ᠠ ᠰᠠᠮᠪᠠᠷ᠎ᠠ︾᠎ ᠶᠢᠨ ᠬᠡᠯᠪᠡᠷᠢ ᠪᠠᠷ ᠢᠯᠡ ᠨᠡᠶᠢᠲᠡᠯᠡᠨ᠎ᠡ᠃ ᠰᠢᠯᠭᠠᠨ ᠬᠢᠨᠠᠬᠤ ᠪᠠᠷ ᠳᠡᠮᠵᠢᠨ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠠᠳᠠᠯ ᠠᠬᠤᠶ ᠶᠢᠨ ᠦᠶᠯᠡᠴᠢᠯᠡᠭᠡᠨ ᠤ ᠦᠶᠯᠡ ᠠᠵᠢᠯᠯᠠᠭ᠎ᠠ ᠶᠢ ᠵᠢᠷᠤᠮᠵᠢᠭᠤᠯᠤᠨ᠂ ᠦᠶᠯᠡᠴᠢᠯᠡᠭᠡᠨ ᠤ ᠭᠡᠷ᠎ᠡ ᠲᠣᠭᠲᠠᠬᠤ ᠵᠢᠴᠢ ᠵᠡᠷᠭᠡ ᠳᠡᠰ ᠤᠨ ᠦᠶᠯᠡᠴᠢᠯᠡᠭᠡᠨ ᠤ ᠪᠠᠷᠢᠮᠵᠢᠶ᠎ᠠ ᠶᠢ ᠵᠢᠷᠤᠮᠵᠢᠭᠤᠯᠵᠤ᠂ ᠵᠢᠷᠤᠮᠵᠢᠯ ᠥᠬᠡᠶ ᠡᠵᠡᠩᠨᠡᠯᠲᠡ ᠶᠢᠨ ᠦᠶᠯᠡ ᠠᠵᠢᠯᠯᠠᠭ᠎ᠠ ᠪᠠ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠵᠠᠰᠠᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠪᠥᠬᠦ  ᠲᠠᠯ᠎ᠠ ᠪᠠᠷ ᠳᠡᠭᠡᠭᠰᠢᠯᠡᠬᠦᠯᠦᠨ᠎ᠡ᠃         3᠂ ᠠᠳᠠᠯ ᠠᠬᠤᠶ ᠶᠢᠨ ᠦᠢᠯᠡᠴᠢᠯᠡᠭᠡᠨ  ᠤ ᠠᠵᠤ ᠠᠬᠤᠶᠢᠯᠠᠯ  ᠤᠨ ᠢᠲᠡᠭᠡᠮᠵᠢ ᠶᠢᠨ ᠬᠠᠮᠢᠶᠠᠷᠤᠯᠲᠠ ᠶᠢᠨ ᠲᠥᠷᠢᠮ ᠢ ᠪᠠᠶᠢᠭᠤᠯᠤᠨ᠎ᠠ᠃ ᠨᠢᠭᠡ ᠳᠤ ᠠᠳᠠᠯ ᠠᠬᠤᠶ ᠶᠢᠨ ᠦᠶᠯᠡᠴᠢᠯᠡᠭᠡᠨ ᠤ ᠢᠲᠡᠭᠡᠮᠵᠢ ᠶᠢᠨ ᠦᠨᠡᠯᠡᠯᠲᠡ ᠶᠢᠨ ᠲᠦᠷᠢᠮ ᠢ ᠪᠠᠶᠢᠭᠤᠯᠵᠤ᠂ ᠨᠢᠭᠡᠳᠦᠯᠲᠡᠶ ᠢᠲᠡᠭᠡᠮᠵᠢ ᠶᠢᠨ ᠦᠨᠡᠯᠡᠯᠲᠡ ᠶᠢᠨ ᠪᠠᠷᠢᠮᠵᠢᠶ᠎ᠠ ᠶᠢ ᠲᠣᠭᠲᠠᠭᠠᠵᠤ᠂ ᠠᠵᠤ ᠠᠬᠤᠶᠢᠯᠠᠯ ᠤᠨ ᠢᠲᠡᠭᠡᠮᠵᠢ ᠶᠢᠨ ᠪᠠᠶᠢᠳᠠᠯ ᠢ ᠦᠨᠳᠦᠰᠦᠯᠡᠨ᠂ ᠢᠲᠡᠭᠡᠮᠵᠢ ᠶᠢ ᠲᠠᠰ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠬᠡᠷᠡᠭᠵᠢᠭᠦᠯᠦᠨ᠎ᠡ  ᠃ ᠬᠤᠶᠠᠷ ᠲᠤ ᠠᠳᠠᠯ ᠠᠬᠤᠶ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠠᠳᠠᠯ ᠠᠬᠤᠶ ᠶᠢᠨ ᠨᠡᠶᠢᠭᠡᠮᠯᠢᠭ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ ᠮᠥᠴᠢᠷ ᠤᠨ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠵᠦ᠂ ᠠᠳᠠᠯ ᠠᠬᠤᠶ ᠶᠢᠨ ᠦᠶᠯᠡᠴᠢᠯᠡᠭᠡᠨ ᠤ ︽ᠤᠯᠠᠭᠠᠨ ᠬᠠᠷ᠎ᠠ ᠰᠠᠮᠪᠠᠷ᠎ᠠ︾᠎ ᠶᠢᠨ ᠲᠦᠷᠢᠮ ᠢ ᠪᠠᠶᠢᠭᠤᠯᠵᠤ᠂ ︽ᠦᠨᠡᠨᠴᠢ ᠢᠲᠡᠭᠡᠮᠵᠢᠲᠡᠶ ᠪᠠᠷ ᠤᠷᠮᠠᠰᠢᠭᠤᠯᠬᠤ᠂ ᠢᠲᠡᠭᠡᠮᠵᠢ ᠠᠯᠳᠠᠭᠰᠠᠳ ᠢ ᠵᠠᠯᠬᠠᠭᠠᠨ ᠴᠡᠭᠡᠷᠯᠡᠭᠦᠯᠬᠦ︾ ᠢᠲᠡᠭᠡᠮᠵᠢ ᠶᠢᠨ ᠦᠨᠡᠯᠡᠯᠲᠡ ᠶᠢᠨ ᠲᠣᠭᠲᠠᠴᠠ ᠶᠢ ᠪᠣᠶ ᠪᠣᠯᠭᠠᠨ᠎ᠠ᠃ ᠭᠤᠷᠪᠠ ᠳᠤ ᠢᠲᠡᠭᠡᠮᠵᠢ ᠶᠢᠨ ᠮᠡᠳᠡᠭᠡ ᠵᠠᠩᠭᠢ ᠶᠢᠨ ᠡᠮᠦᠨᠡᠬᠢ ᠬᠤᠭᠤᠴᠠᠭᠠᠨ ᠤ ᠠᠳᠠᠯ ᠠᠬᠤᠶ ᠶᠢᠨ ᠬᠠᠮᠢᠶᠠᠷᠤᠯᠲᠠ ᠶᠢᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ᠂ ᠥᠮᠴᠢᠲᠡᠨ ᠤ ᠶᠡᠭᠡ ᠬᠤᠷᠠᠯ ᠠᠴᠠ ᠠᠳᠠᠯ ᠠᠬᠤᠶ ᠶᠢᠨ ᠦᠶᠯᠡᠴᠢᠯᠡᠭᠡᠨ ᠤ ᠠᠵᠤ ᠠᠬᠤᠶᠢᠯᠠᠯ ᠢ ᠰᠣᠩᠭᠤᠨ ᠤᠷᠢᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ ᠲᠠᠯ᠎ᠠ ᠶᠢᠨ ᠬᠡᠷᠡᠭᠯᠡᠯᠲᠡ ᠶᠢ ᠴᠢᠩᠭᠠᠷᠠᠭᠤᠯᠵᠤ᠂ ᠮᠠᠨ ᠤ  ᠲᠤᠭᠤᠷᠢᠭ ᠤᠨ ᠠᠳᠠᠯ ᠠᠬᠤᠶ ᠶᠢᠨ ᠦᠶᠯᠡᠴᠢᠯᠡᠭᠡᠨ ᠤ ᠠᠵᠢᠯ ᠲᠥᠷᠥᠯ ᠤᠨ ᠡᠷᠡᠭᠦᠯ ᠪᠥᠭᠡᠳ ᠡᠮᠬᠢ  ᠵᠢᠷᠤᠮ ᠲᠠᠢ ᠪᠤᠯᠭᠠᠨ᠎ᠠ᠃        4᠂ ᠠᠳᠠᠯ ᠠᠬᠤᠶ ᠶᠢᠨ ᠠᠵᠤ ᠠᠬᠤᠶᠢᠯᠠᠯ ᠤᠨ ᠳᠠᠩᠰᠠᠯᠠᠭᠤᠯᠬᠤ ᠲᠦᠷᠢᠮ ᠢ ᠵᠢᠷᠤᠮᠵᠢᠭᠤᠯᠤᠨ᠎ᠠ᠃ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠲᠥᠯᠥᠭᠡ᠂ ᠠᠳᠠᠯ ᠠᠬᠤᠶ ᠶᠢᠨ ᠦᠢᠯᠡᠴᠢᠯᠡᠭᠡᠨ ᠤ ᠵᠠᠬ᠎ᠠ ᠳᠡᠯᠭᠡᠭᠦᠷ ᠢ ︽ᠤᠯᠠᠭᠠᠨᠴᠠᠪ ᠬᠤᠲᠠ ᠶᠢᠨ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ ᠪᠠ ᠲᠥᠷᠥᠯ ᠵᠦᠢᠯ ᠢ ᠳᠠᠩᠰᠠᠯᠠᠬᠤ ᠬᠠᠮᠢᠶᠠᠷᠤᠯᠲᠠ ᠶᠢᠨ ᠠᠷᠭ᠎ᠠ︾᠎ ᠶᠢ ᠦᠨᠳᠦᠰᠦᠯᠡᠪᠡᠯ᠂ ᠠᠵᠤ ᠠᠬᠤᠶᠢᠯᠠᠯ᠂ ᠲᠥᠷᠥᠯ ᠵᠦᠶᠯ ᠢ ᠳᠠᠩᠰᠠᠯᠠᠬᠤ ᠲᠦᠷᠢᠮ ᠢ ᠪᠦᠷᠢᠨᠰᠢᠬᠦᠯᠵᠦ᠂ ᠠᠳᠠᠯ ᠠᠬᠤᠶ ᠶᠢᠨ ᠦᠶᠯᠡᠴᠢᠯᠡᠭᠡᠨ ᠤ ᠠᠵᠢᠯ ᠲᠥᠷᠥᠯ ᠤᠨ ᠠᠵᠢᠯ ᠶᠠᠪᠤᠳᠠᠯ ᠤᠨ ᠳᠤᠮᠳᠠᠬᠢ᠂ ᠠᠵᠢᠯ ᠶᠠᠪᠤᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠥᠮᠴᠢᠲᠡᠨ ᠤ ᠠᠰᠢᠭ ᠲᠤᠰᠠ ᠶᠢ ᠬᠤᠬᠢᠷᠠᠭᠤᠯᠬᠤ ᠶᠢ ᠲᠠᠰᠤ ᠵᠣᠭᠰᠣᠭᠠᠵᠤ᠂ ᠵᠠᠬ᠎ᠠ ᠳᠡᠯᠭᠡᠭᠦᠷ ᠤᠨ ᠡᠷᠦᠶ ᠬᠤᠷᠤᠶ ᠥᠬᠡᠶ ᠦᠵᠡᠭᠳᠡᠯ ᠢ ᠴᠡᠭᠴᠡᠯᠡᠨ ᠵᠠᠰᠠᠵᠤ᠂ ᠮᠠᠨ ᠤ  ᠲᠤᠭᠤᠷᠢᠭ ᠤᠨ ᠠᠳᠠᠯ ᠠᠬᠤᠶ ᠶᠢᠨ ᠠᠵᠢᠯ ᠲᠥᠷᠥᠯ ᠤᠨ ᠬᠠᠮᠢᠶᠠᠷᠤᠯᠲᠠ ᠶᠢᠨ ᠡᠮᠬᠢ ᠳᠢᠭᠯᠢᠮ ᠢ ᠤᠯᠠᠮ ᠨᠢᠭᠡ ᠠᠯᠬᠤᠮ ᠵᠢᠷᠤᠮᠵᠢᠭᠤᠯᠤᠨ᠂ ᠪᠥᠬᠦ ᠲᠤᠭᠤᠷᠢᠭ ᠤᠨ ᠠᠳᠠᠯ ᠠᠬᠤᠶ ᠶᠢᠨ ᠦᠶᠯᠡᠴᠢᠯᠡᠭᠡᠨ ᠤ ᠠᠵᠢᠯ ᠲᠥᠷᠥᠯ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠠᠮᠤᠷ ᠲᠣᠭᠲᠠᠭᠤᠨ ᠡᠶ᠎ᠡ ᠵᠣᠬᠢᠴᠠᠯ ᠲᠠᠢ ᠬᠥᠮᠦᠰ ᠤᠨ ᠣᠷᠣᠰᠢᠨ ᠰᠠᠭᠤᠬᠤ ᠣᠷᠴᠢᠨ ᠲᠤᠭᠤᠷᠢᠨ ᠢ ᠰᠢᠯᠢᠳᠡᠭᠵᠢᠭᠦᠯᠦᠨ᠎ᠡ᠃        5᠂ ᠠᠳᠠᠯ ᠠᠬᠤᠶ ᠶᠢᠨ ᠨᠡᠶᠢᠭᠡᠮᠯᠢᠭ ᠢ ᠵᠣᠬᠢᠶᠠᠨ ᠪᠠᠶᠢᠭᠤᠯᠵᠤ᠂ ᠠᠵᠢᠯ ᠲᠥᠷᠥᠯ ᠤᠨ ᠬᠢᠨᠠᠯᠲᠠ ᠲᠠᠯᠪᠢᠬᠤ ᠦᠶᠯᠡᠳᠦᠯ ᠢ ᠪᠠᠳᠠᠷᠠᠭᠤᠯᠤᠨ᠎ᠠ᠃ ᠵᠢᠨᠢᠩ ᠲᠣᠭᠤᠷᠢᠭ ᠤᠨ ᠠᠳᠠᠯ ᠠᠬᠤᠶ ᠶᠢᠨ ᠨᠡᠶᠢᠭᠡᠮᠯᠢᠭ ᠢ ᠵᠣᠬᠢᠶᠠᠨ ᠪᠠᠶᠢᠭᠤᠯᠬᠤ ᠪᠠᠷ ᠳᠠᠮᠵᠢᠭᠤᠯᠤᠨ᠂ ᠨᠡᠶᠢᠭᠡᠮᠯᠢᠭ ᠤᠨ ᠬᠥᠭᠦᠷᠭᠡ ᠬᠤᠯᠪᠣᠭᠠᠰᠤ ᠶᠢᠨ ᠦᠶᠯᠡᠳᠦᠯ ᠪᠠ ᠠᠵᠢᠯ ᠲᠥᠷᠥᠯ ᠤᠨ ᠬᠢᠨᠠᠯᠲᠠ ᠲᠠᠯᠪᠢᠬᠤ ᠦᠶᠯᠡᠳᠦᠯ ᠢ ᠪᠠᠳᠠᠷᠠᠭᠤᠯᠵᠤ᠂ ᠠᠵᠢᠯ ᠲᠥᠷᠥᠯ ᠤᠨ ᠦᠶᠯᠡ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠷᠠᠭᠤᠯᠵᠤ᠂ ᠵᠢᠱᠢᠶ᠎ᠡ ᠦᠵᠡᠭᠦᠯᠬᠦ ᠦᠶᠯᠡᠳᠦᠯ ᠢ ᠪᠠᠳᠠᠷᠠᠭᠤᠯᠤᠨ᠂ ᠠᠵᠢᠯ ᠲᠥᠷᠥᠯ ᠤᠨ ᠬᠢᠷᠢ ᠲᠦᠪᠰᠢᠨ ᠤ ᠲᠠᠰᠤᠷᠠᠯᠲᠠ ᠥᠬᠡᠶ ᠳᠡᠭᠡᠭᠰᠢᠯᠡᠬᠦ ᠶᠢ ᠠᠬᠢᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠠᠵᠢᠯ ᠤᠨ ᠲᠤᠰᠬᠠᠶᠢᠵᠢᠬᠤ᠂ ᠵᠢᠷᠤᠮᠵᠢᠬᠤ᠂ ᠣᠯᠠᠨ ᠡᠰᠢᠵᠢᠬᠦ ᠳᠠᠰᠢ ᠬᠥᠭᠵᠢᠬᠦ ᠶᠢ ᠠᠬᠢᠭᠤᠯᠤᠨ᠎ᠠ︾ ᠭᠡᠵᠡᠶ᠃       6᠂ ᠠᠳᠠᠯ ᠠᠬᠤᠶ ᠶᠢᠨ ᠬᠠᠮᠢᠶᠠᠷᠤᠯᠲᠠ ᠶᠢᠨ ᠮᠡᠳᠡᠭᠡ ᠵᠠᠩᠭᠢᠵᠢᠭᠤᠯᠬᠤ᠂ ᠪᠠᠷᠢᠮᠵᠢᠶᠠᠵᠢᠭᠤᠯᠬᠤ᠂ ᠵᠢᠷᠤᠮᠵᠢᠭᠤᠯᠬᠤ ᠪᠠᠶᠢᠭᠤᠯᠤᠯᠲᠠ ᠶᠢ ᠴᠢᠩᠭᠠᠳᠬᠠᠨ᠎ᠠ᠃  ᠵᠠᠰᠠᠭ ᠤᠨ ᠣᠷᠳᠣᠨ ᠢᠶᠠᠷ ᠭᠤᠣᠯ ᠤᠳᠤᠷᠢᠳᠤᠮᠵᠢ ᠪᠣᠯᠭᠠᠭᠰᠠᠨ ᠠᠳᠠᠯ ᠠᠬᠤᠶ ᠶᠢᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠣᠳᠣᠬᠢᠴᠢᠯᠠᠭᠰᠠᠨ ᠮᠡᠳᠡᠭᠡ ᠵᠠᠩᠭᠢᠵᠢᠯᠲᠠ ᠶᠢᠨ ᠮᠡᠷᠭᠡᠵᠢᠯ ᠪᠠ ᠠᠷᠭ᠎ᠠ ᠪᠠᠷᠢᠯ ᠢ ᠠᠰᠢᠭᠯᠠᠨ᠂ ᠠᠳᠠᠯ ᠠᠬᠤᠶ ᠶᠢᠨ ᠦᠶᠯᠡᠴᠢᠯᠡᠭᠡᠨ ᠤ ᠠᠵᠤ ᠠᠬᠤᠶᠢᠯᠠᠯ ᠢ ᠵᠢᠷᠤᠮᠵᠢᠭᠤᠯᠤᠨ᠂ ᠴᠠᠭ ᠲᠤᠬᠠᠶ ᠳᠤᠨᠢ ᠬᠠᠮᠢᠶᠠᠷᠴᠤ᠂ ᠠᠳᠠᠯ ᠠᠬᠤᠶ ᠶᠢᠨ ᠠᠵᠤ ᠠᠬᠤᠶᠢᠯᠠᠯ ᠤᠨ ᠳᠣᠲᠣᠭᠠᠳᠤ ᠭᠠᠳᠠᠭᠠᠳᠤ ᠶᠢᠨ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠪᠠ ᠪᠦᠲᠦᠮᠵᠢᠲᠡᠶ ᠠᠰᠢᠭᠯᠠᠬᠤ ᠶᠢ ᠪᠡᠶᠡᠯᠡᠭᠦᠯᠦᠨ᠂ ᠠᠳᠠᠯ ᠠᠬᠤᠶ ᠶᠢᠨ ᠠᠵᠤ ᠠᠬᠤᠶᠢᠯᠠᠯ ᠤᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠥᠪᠡᠷ ᠤᠨ ᠥᠷᠲᠡᠭ ᠢ ᠪᠠᠭᠤᠷᠠᠭᠤᠯᠤᠨ᠂ ᠠᠵᠤ ᠠᠬᠤᠶ ᠶᠢᠨ ᠦᠷ᠎ᠡ ᠠᠰᠢᠭ ᠢ ᠨᠡᠮᠡᠭᠳᠡᠭᠦᠯᠬᠦ ᠪᠠ ᠠᠳᠠᠯ ᠠᠬᠤᠶ ᠶᠢᠨ ᠠᠵᠤ ᠠᠬᠤᠶᠢᠯᠠᠯ ᠤᠨ ᠵᠠᠬ᠎ᠠ ᠳᠡᠯᠭᠡᠭᠦᠷ ᠤᠨ ᠥᠷᠢᠰᠦᠯᠳᠦᠬᠦ ᠴᠢᠳᠠᠪᠤᠷᠢ ᠶᠢ ᠴᠢᠩᠭᠠᠷᠠᠭᠤᠯᠵᠤ᠂ ᠠᠳᠠᠯ ᠠᠬᠤᠶ ᠶᠢᠨ ᠦᠶᠯᠡᠴᠢᠯᠡᠭᠡᠨ ᠤ ᠠᠵᠤ ᠠᠬᠤᠶᠢᠯᠠᠯ ᠤᠨ ᠬᠥᠭᠵᠢᠯᠲᠡ ᠶᠢᠨ ᠬᠠᠮᠢᠶᠠᠷᠤᠯᠲᠠ ᠎ ᠶᠢ ᠴᠢᠩᠭᠠᠳᠬᠠᠨ᠎ᠠ  ᠃ ᠠᠳᠠᠯ ᠠᠬᠤᠶ ᠶᠢᠨ ᠬᠠᠮᠢᠶᠠᠷᠤᠯᠲᠠ ᠶᠢᠨ ᠰᠦᠯᠵᠢᠶᠡᠨ ᠥᠷᠲᠡᠭᠡ ᠪᠠ ᠸᠢᠴᠠᠲ ᠤᠨ ᠨᠡᠶᠢᠲᠡ ᠶᠢᠨ ᠳ᠋ᠤᠭᠠᠷ ᠢ ᠰᠦᠯᠵᠢᠶᠡᠨ ᠳᠤ ᠣᠷᠣᠭᠤᠯᠬᠤ ᠶᠢ ᠲᠦᠷᠭᠡᠳᠬᠡᠵᠦ᠂ ᠠᠳᠠᠯ ᠠᠬᠤᠶ ᠶᠢᠨ ᠬᠠᠮᠢᠶᠠᠷᠤᠯᠲᠠ ᠶᠢᠨ ᠬᠠᠤᠯᠢ ᠲᠦᠭᠡᠮᠡᠯᠵᠢᠭᠦᠯᠬᠦ ᠡᠷᠴᠢᠮ ᠢ ᠴᠢᠩᠭᠠᠷᠠᠭᠤᠯᠵᠤ᠂ ᠤᠬᠠᠭᠤᠯᠬᠤ ᠬᠡᠪᠴᠢᠶ᠎ᠡ ᠶᠢ ᠥᠷᠭᠡᠳᠬᠡᠨ᠎ᠡ᠃        7᠂ ᠠᠳᠠᠯ ᠠᠬᠤᠶ ᠶᠢᠨ ᠦᠶᠯᠡᠴᠢᠯᠡᠭᠡᠨ ᠤ ᠰᠦᠶᠳᠬᠡᠯ ᠤᠨ ᠰᠦᠶᠳᠬᠡᠯ ᠬᠤᠷᠢᠶᠠᠬᠤ ᠳᠤ ᠬᠦᠴᠢᠷᠲᠡᠶ ᠪᠠᠶᠢᠬᠤ ᠠᠰᠠᠭᠤᠳᠠᠯ ᠢ ᠬᠦᠴᠦᠯᠡᠨ ᠰᠢᠶᠳᠪᠦᠷᠢᠯᠡᠨ᠎ᠡ᠃ ᠨᠢᠭᠡ ᠳᠤ ᠠᠳᠠᠯ ᠠᠬᠤᠶ ᠶᠢᠨ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠵᠦ᠂ ᠣᠷᠣᠨ ᠨᠤᠲᠤᠭ ᠤᠨ ᠣᠨᠴᠠᠯᠢᠭ ᠲᠠᠢ ᠬᠡᠷᠡᠭᠵᠢᠭᠦᠯᠬᠦ ᠴᠢᠨᠠᠷᠲᠠᠶ ᠬᠠᠤᠯᠢ ᠲᠣᠭᠲᠠᠭᠠᠯ ᠢ ᠴᠠᠭ ᠲᠤᠬᠠᠶ ᠳᠤᠨᠢ ᠲᠣᠭᠲᠠᠭᠠᠵᠤ᠂ ᠠᠳᠠᠯ ᠠᠬᠤᠶ ᠶᠢᠨ ᠬᠠᠮᠢᠶᠠᠷᠤᠯᠲᠠ ᠶᠢ ᠨᠢᠭᠡᠨ ᠪᠦᠷᠢᠨ ᠪᠦᠲᠦᠨ᠂ ᠰᠢᠰᠲ᠋ᠧᠮ ᠲᠠᠢ ᠬᠠᠤᠯᠢ ᠴᠠᠭᠠᠵᠠ ᠶᠢᠨ ᠰᠢᠰᠲ᠋ᠧᠮᠵᠢ ᠶᠢ ᠪᠦᠷᠢᠯᠳᠦᠭᠦᠯᠦᠨ᠎ᠡ᠃ ᠬᠤᠶᠠᠷ ᠲᠤ ᠠᠳᠠᠯ ᠠᠬᠤᠶ ᠶᠢᠨ ᠬᠠᠮᠢᠶᠠᠷᠤᠯᠲᠠ ᠶᠢᠨ ᠡᠮᠦᠨᠡᠬᠢ ᠬᠤᠭᠤᠴᠠᠭᠠᠨ ᠳᠤ ᠣᠷᠣᠯᠴᠠᠬᠤ ᠶᠢ ᠪᠡᠶᠡᠯᠡᠭᠦᠯᠵᠦ᠂ ᠰᠠᠭᠤᠭᠠᠯᠢ ᠲᠣᠭᠤᠷᠢᠭ ᠤᠨ ᠲᠥᠯᠥᠪᠵᠢᠭᠦᠯᠭᠡ ᠶᠢᠨ ᠪᠠᠶᠢᠷᠢᠰᠢᠭᠤᠯᠤᠯᠲᠠ ᠳᠤ ᠵᠦᠶ ᠵᠣᠬᠢᠰᠲᠠᠶ ᠰᠠᠨᠠᠭᠤᠯᠭ᠎ᠠ ᠳᠤᠷᠠᠳᠴᠤ᠂ ᠪᠠᠷᠢᠯᠭ᠎ᠠ ᠶᠢᠨ ᠶᠠᠰᠤ ᠴᠢᠨᠠᠷ ᠲᠤ ᠴᠢᠬᠤᠯᠠ ᠪᠥᠬᠦᠶ ᠬᠢᠨᠠᠯᠲᠠ ᠲᠠᠯᠪᠢᠵᠤ᠂ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠶᠠᠪᠤᠴᠠ ᠳᠤ ᠢᠯᠡᠷᠡᠭᠦᠯᠦᠭᠰᠡᠨ ᠰᠢᠨ᠎ᠡ ᠠᠰᠠᠭᠤᠳᠠᠯ ᠢ ᠴᠠᠭ ᠲᠤᠬᠠᠶ ᠳᠤᠨᠢ ᠪᠥᠲᠥᠭᠡᠨ ᠪᠠᠶᠢᠭᠤᠯᠬᠤ ᠨᠢᠭᠡᠴᠡ ᠳᠤ ᠳᠤᠷᠠᠳᠤᠨ ᠭᠠᠷᠭᠠᠵᠤ᠂ ᠴᠠᠭ ᠲᠤᠬᠠᠶ ᠳᠤᠨᠢ ᠰᠢᠶᠳᠪᠦᠷᠢᠯᠡᠨ᠂ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ ᠶᠢᠨ ᠦᠯᠡᠳᠡᠭᠳᠡᠯ ᠠᠰᠠᠭᠤᠳᠠᠯ ᠢ ᠡᠬᠢ ᠡᠭᠦᠰᠦᠯ ᠠᠴᠠ ᠨᠢ ᠪᠠᠭᠠᠰᠬᠠᠨ᠎ᠠ᠃ ᠭᠤᠷᠪᠠ ᠳᠤ ᠠᠳᠠᠯ ᠠᠬᠤᠶ ᠶᠢᠨ ᠦᠶᠯᠡᠴᠢᠯᠡᠭᠡᠨ ᠤ ᠰᠦᠶᠳᠬᠡᠯ ᠤᠨ ᠦᠨ᠎ᠡ ᠲᠣᠭᠲᠠᠭᠠᠵᠤ ᠰᠦᠶᠳᠬᠡᠯ ᠬᠤᠷᠢᠶᠠᠬᠤ ᠲᠣᠭᠲᠠᠴᠠ ᠶᠢ ᠲᠡᠭᠦᠯᠳᠡᠷᠵᠢᠭᠦᠯᠵᠦ᠂ ︽ᠶᠠᠰᠤ ᠴᠢᠨᠠᠷ ᠪᠠ ᠦᠨ᠎ᠡ ᠬᠠᠩᠰᠢ ᠬᠠᠷᠢᠯᠴᠠᠨ ᠨᠡᠶᠢᠴᠡᠭᠰᠡᠨ︾ ᠦᠶᠯᠡᠴᠢᠯᠡᠭᠡ ᠬᠠᠩᠭᠠᠵᠤ᠂ ᠦᠶᠯᠡᠴᠢᠯᠡᠭᠡᠨ ᠤ ᠬᠡᠯᠡᠯᠴᠡᠭᠡᠷ ᠲᠤ ᠤᠷᠢᠳᠴᠢᠯᠠᠨ ᠪᠣᠯᠵᠣᠨ ᠲᠣᠭᠲᠠᠭᠰᠠᠨ ᠦᠶᠯᠡᠴᠢᠯᠡᠭᠡᠨ ᠤ ᠪᠠᠷᠢᠮᠵᠢᠶ᠎ᠠ ᠳᠤ ᠬᠦᠷᠦᠭᠦᠯᠦᠨ᠎ᠡ᠃ ᠲᠦᠷᠪᠡ ᠳᠤ ᠮᠠᠭᠤ ᠰᠠᠨᠠᠭ᠎ᠠ ᠲᠠᠢ ᠪᠠᠷ ᠥᠷᠢᠲᠦᠭᠰᠡᠨ ᠰᠦᠢᠳᠬᠡᠯ᠂ ᠰᠢᠪᠠᠳᠠᠨ ᠲᠤᠰᠢᠶᠠᠯᠭᠠᠭᠠᠳ ᠲᠤᠰᠠ ᠭᠠᠷᠬᠤ ᠦᠭᠡᠢ ᠪᠣᠯ ᠠᠳᠠᠯ ᠠᠬᠤᠶ ᠶᠢᠨ ᠲᠦᠷᠭᠡᠨ ᠲᠠᠰᠤᠯᠬᠤ ᠠᠷᠭ᠎ᠠ ᠪᠠᠷ ᠳᠠᠮᠵᠢᠬᠤ ᠬᠡᠷᠡᠭᠲᠡᠶ  ᠃                                        ᠤᠷᠴᠢᠭᠤᠯᠤᠭᠴᠢ᠄ ᠲᠤᠶᠠᠭ᠎ᠠ
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2