ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 2021 ᠣᠨ ᠤ 10 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ
ᠨᠡᠶᠢᠲᠡᠯᠡᠭᠰᠡᠨ ᠴᠠᠭ᠄
2021/8/26
            2021 ᠣᠨ ᠤ 8 ᠰᠠᠷ᠎ᠠ ᠶᠢᠨ 23᠎ ᠤ ᠡᠳᠦᠷ᠂ ᠵᠢᠨᠢᠩ ᠲᠣᠭᠤᠷᠢᠭ ᠤᠨ ᠨᠠᠮ ᠬᠤᠷᠢᠶ᠎ᠠ ᠶᠢᠨ ᠳᠡᠳ᠋ ᠱᠦᠵᠢ᠂ ᠲᠣᠭᠤᠷᠢᠭ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠭᠤᠷᠢᠭ ᠤᠨ ᠳᠡᠳ᠋ ᠳᠠᠷᠤᠭ᠎ᠠ᠂ ᠲᠣᠭᠤᠷᠢᠭ ᠤᠨ ᠣᠷᠣᠯᠠᠭᠴᠢ ᠳᠠᠷᠤᠭ᠎ᠠ ᠺᠠᠩ ᠬᠠᠢ ᠷᠦᠢ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ 14 ᠳ᠋ᠦᠭᠡᠷ ᠤᠳᠠᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ 9 ᠳ᠋ᠦᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ  ᠲᠣᠪᠴᠢᠶ᠎ᠠ ᠶᠢᠨ ᠭᠤᠴᠢᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠵᠠᠢ︔ ᠰᠢ ᠶᠢᠨ ᠫᠢᠩ ᠶᠡᠷᠦᠩᠬᠡᠢ ᠱᠦᠵᠢ ᠶᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠢᠭᠰᠡᠨ ᠴᠢᠬᠤᠯᠠ ᠴᠣᠬᠤᠯᠠᠪᠤᠷᠢ ᠶᠢ ᠤᠯᠠᠮᠵᠢᠯᠠᠨ ᠰᠤᠷᠤᠯᠴᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ  ᠶᠢᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠲᠠᠪᠤᠳᠤᠭᠠᠷ ᠬᠤᠷᠠᠯ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠰᠢᠯᠢᠳᠡᠭ ᠨᠢᠭᠡ ᠲᠡᠷᠢᠭᠦᠨ︾᠎ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠪᠠ︔ ︽︿ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠳ᠋ᠦᠩᠨᠡᠯᠲᠡ ᠶᠢᠨ ᠮᠡᠳᠡᠭᠦᠯᠦᠯᠲᠡ﹀᠎ ᠶᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠮᠡᠳᠡᠭᠳᠡᠯ︾ ᠵᠢᠴᠢ ︽︿ᠬᠤᠶᠠᠷ ᠥᠨᠳᠥᠷ﹀᠎ ᠤᠨ ᠵᠦᠢᠯᠡᠰ ᠤᠨ ᠰᠣᠬᠤᠷ ᠪᠠᠯᠠᠶ ᠪᠠᠷ ᠬᠥᠭᠵᠢᠬᠦ ᠶᠢ ᠡᠷᠡᠰ ᠬᠤᠷᠢᠭᠯᠠᠬᠤ ᠲᠤᠬᠠᠶ ᠮᠡᠳᠡᠭᠳᠡᠯ︾᠎ ᠢ ᠤᠯᠠᠮᠵᠢᠯᠠᠨ ᠰᠤᠷᠤᠯᠴᠠᠪᠠ᠃ ᠬᠤᠷᠠᠯ ᠠᠴᠠ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠪᠦᠬᠦ ᠬᠥᠮᠦᠰ ᠤᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠡᠳ᠋ ᠪᠣᠳᠠᠰ ᠢ ᠨᠥᠭᠡᠴᠡᠯᠡᠬᠦ ᠪᠠ ᠵᠢᠨᠢᠩ ᠲᠣᠭᠤᠷᠢᠭ ᠤᠨ ᠪᠠᠢ ᠬᠠᠢ ᠽᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠪᠥᠭᠡᠮ ᠬᠦᠴᠢᠯ ᠢ ᠰᠢᠯᠭᠠᠨ ᠪᠠᠶᠢᠴᠠᠭᠠᠬᠤ ᠲᠤᠷᠰᠢᠯᠲᠠ ᠶᠢᠨ ᠲᠠᠰᠤᠭ ᠪᠠᠶᠢᠭᠤᠯᠬᠤ ᠵᠢᠴᠢ ᠤᠶᠤᠨᠲᠤ ᠵᠢᠨᠢᠩ ᠤᠨ ᠪᠦᠳᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠬᠦ ᠵᠡᠷᠭᠡ ᠶᠠᠪᠤᠳᠠᠯ ᠤᠳ ᠢ ᠰᠤᠳᠤᠯᠤᠨ ᠬᠢᠨᠠᠨ ᠵᠥᠪᠯᠡᠪᠡ᠃ ᠤᠳᠦ ᠬᠤᠷᠠᠯᠳᠤᠭᠠᠨ ᠤ ᠭᠤᠣᠯ ᠵᠣᠷᠢᠭ ᠰᠠᠨᠠᠭ᠎ᠠ ᠶᠢ ᠳᠣᠣᠷᠠᠬᠢ ᠮᠡᠲᠦ ᠪᠠᠷ ᠲᠣᠪᠴᠢᠯᠠᠨ ᠲᠡᠮᠳᠡᠭᠯᠡᠶ᠎ᠡ᠄             ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠤᠴᠢᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠵᠠᠢ︔ ᠰᠢ ᠶᠢᠨ ᠫᠢᠩ ᠶᠡᠷᠦᠩᠬᠡᠢ ᠱᠦᠵᠢ ᠶᠢᠨ ᠣᠳᠣᠬᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠳᠤ ᠬᠢᠭᠰᠡᠨ ᠴᠢᠬᠤᠯᠠ ᠴᠣᠬᠤᠯᠠᠪᠤᠷᠢ ᠶᠢ ᠤᠯᠠᠮᠵᠢᠯᠠᠨ ᠰᠤᠷᠤᠯᠴᠠᠪᠠ︔ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠲᠠᠢ ᠹᠧᠩ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠡᠳ᠋ ᠤᠨ ᠵᠠᠰᠠᠭ ᠠᠵᠤ ᠠᠬᠤᠢ ᠶᠢᠨ ᠵᠥᠪᠯᠡᠯ ᠤᠨ ᠲᠠᠪᠤᠳᠤᠭᠠᠷ ᠬᠤᠷᠠᠯ ᠪᠣᠯᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠬᠤᠶᠠᠷ ᠰᠢᠯᠢᠳᠡᠭ ᠨᠢᠭᠡ ᠲᠡᠷᠢᠭᠦᠨ︾᠎ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠠᠷᠢᠶ᠎ᠠ ᠶᠢ ᠤᠯᠠᠮᠵᠢᠯᠠᠨ ᠰᠤᠷᠤᠯᠴᠠᠪᠠ︔ ︽︿ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢᠨ ᠳ᠋ᠦᠩᠨᠡᠯᠲᠡ ᠶᠢᠨ ᠮᠡᠳᠡᠭᠦᠯᠦᠯᠲᠡ﹀᠎ ᠶᠢ ᠳᠠᠷᠤᠮᠠᠯᠯᠠᠨ ᠲᠠᠷᠬᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠮᠡᠳᠡᠭᠳᠡᠯ︾ ᠵᠢᠴᠢ ︽︿ᠬᠤᠶᠠᠷ ᠥᠨᠳᠥᠷ﹀᠎ ᠤᠨ ᠵᠦᠢᠯᠡᠰ ᠤᠨ ᠰᠣᠬᠤᠷ ᠪᠠᠯᠠᠶ ᠪᠠᠷ ᠬᠥᠭᠵᠢᠬᠦ ᠶᠢ ᠡᠷᠡᠰ ᠬᠤᠷᠢᠭᠯᠠᠬᠤ ᠲᠤᠬᠠᠶ ᠮᠡᠳᠡᠭᠳᠡᠯ︾᠎ ᠢ ᠤᠯᠠᠮᠵᠢᠯᠠᠨ ᠰᠤᠷᠤᠯᠴᠠᠪᠠ᠃            ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢ ᠶᠢᠨ ᠫᠢᠩ ᠶᠡᠷᠦᠩᠬᠡᠶ ᠱᠦᠵᠢ ᠶᠢᠨ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠭᠤᠴᠢᠨ ᠨᠢᠭᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠳᠡᠭᠡᠷ᠎ᠡ ᠲᠠᠯᠪᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯ ᠤᠨ ᠭᠧᠨ ᠢ ᠤᠯᠠᠮᠵᠢᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠨᠠᠭᠰᠢᠳᠠ ᠭᠦᠨᠵᠡᠭᠡᠶᠢᠷᠡᠭᠦᠯᠵᠦ᠂ ᠪᠦᠬᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ᠂ ᠺᠠᠳ᠋ᠷᠴᠤᠳ ᠤᠨ ᠤᠨᠤᠯ ᠢᠶᠠᠷ ᠵᠡᠪᠰᠡᠭᠯᠡᠬᠦ ᠶᠢ ᠴᠢᠩᠭᠠᠳᠬᠠᠬᠤ ᠶᠢ ᠢᠮᠠᠭᠲᠠ ᠪᠠᠷᠢᠮᠲᠠᠯᠠᠵᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠦᠢᠯᠡᠳᠦᠯᠭᠡᠵᠢᠭᠦᠯᠵᠦ᠂ ᠢᠷᠠᠭᠤ ᠠᠯᠳᠠᠷᠲᠤ ᠬᠤᠪᠢᠰᠬᠠᠯ ᠤᠨ ᠤᠯᠠᠮᠵᠢᠯᠠᠯ ᠢ ᠪᠠᠳᠠᠷᠠᠭᠤᠯᠵᠤ᠂ ᠬᠤᠪᠢᠰᠬᠠᠯ ᠤᠨ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠬᠤᠪᠢᠰᠬᠠᠯ ᠤᠨ ᠭᠧᠨ ᠢ ᠦᠶ᠎ᠡ ᠶᠢᠨ ᠦᠶ᠎ᠡ ᠳᠤ ᠤᠯᠠᠮᠵᠢᠯᠠᠬᠤ ᠶᠢ ᠬᠥᠮᠦᠵᠢᠭᠦᠯᠦᠨ ᠬᠦᠳᠦᠯᠦᠨ ᠳᠠᠭᠠᠭᠤᠯᠤᠨ᠎ᠠ᠃ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠣᠳᠣᠬᠠᠨ ᠤ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠦᠵᠡᠯ ᠰᠠᠨᠠᠭ᠎ᠠ ᠪᠣᠯᠤᠨ ᠦᠢᠯᠡ ᠠᠵᠢᠯᠯᠠᠭ᠎ᠠ ᠪᠠᠨ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠪᠣᠯᠤᠨ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ᠂ ᠤᠯᠠᠭᠠᠨᠴᠠᠪ ᠬᠤᠲᠠ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠠᠵᠢᠯ ᠤᠨ ᠲᠣᠬᠢᠷᠠᠭᠤᠯᠤᠯᠲᠠ ᠶᠣᠰᠣᠭᠠᠷ᠂ ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠵᠤ᠂ ᠣᠯᠠᠨ ᠨᠡᠶᠢᠲᠡ ᠶᠢᠨ ᠲᠠᠯᠠᠪᠤᠷ ᠲᠤ ᠵᠢᠭᠰᠠᠭᠠᠨ ᠪᠠᠶᠢᠴᠠᠭᠠᠵᠤ ᠳᠠᠩᠰᠠᠯᠠᠬᠤ᠂ ᠪᠡᠶ᠎ᠡ ᠶᠢᠨ ᠳᠤᠯᠠᠭᠠᠨ ᠢ ᠪᠠᠶᠢᠴᠠᠭᠠᠨ ᠰᠢᠯᠭᠠᠬᠤ᠂ ᠠᠮᠠᠪᠴᠢ ᠶᠢ ᠵᠡᠭᠦᠬᠦ ᠵᠡᠷᠭᠡ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠤᠨ᠂ ᠰᠢᠨ᠎ᠡ ᠪᠠᠷ ᠬᠠᠳᠠᠭᠰᠠᠨ ᠸᠠᠺᠼᠢᠨ ᠤ ᠲᠠᠷᠢᠯᠭ᠎ᠠ ᠶᠢᠨ ᠠᠵᠢᠯ ᠢ ᠠᠬᠢᠭᠤᠯᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠸᠠᠺᠼᠢᠨ ᠤ ᠲᠠᠷᠢᠯᠭ᠎ᠠ ᠶᠢ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠵᠤ᠂ ᠭᠥᠯᠢᠶᠡᠨ ᠠᠪᠤᠪᠠᠯ ᠵᠣᠬᠢᠬᠤ ᠶᠢ ᠨᠢ ᠴᠥᠮ ᠭᠥᠯᠢᠶᠡᠨ ᠠᠪᠴᠤ᠂ ᠮᠠᠨ ᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠣᠤᠷ ᠢ ᠨᠢᠭᠲᠠ ᠪᠥᠭᠡᠳ ᠪᠠᠲᠤ ᠰᠦᠯᠵᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ᠎ᠡ᠃            ᠬᠤᠷᠠᠯ ᠠᠴᠠ ᠠᠭᠤᠰᠬᠢᠨ ᠦᠷᠪᠢᠰᠦᠯ ᠤᠨ ᠰᠢᠨ᠎ᠡ ᠬᠢᠵᠢᠭ ᠤᠨ ᠪᠠᠶᠢᠳᠠᠯ ᠤᠨ ᠪᠥᠬᠦ ᠠᠵᠢᠯᠲᠠᠨ ᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠡᠳ᠋ ᠪᠣᠳᠠᠰ ᠢ ᠨᠥᠭᠡᠴᠡᠯᠡᠬᠦ ᠪᠠ ᠵᠢᠨᠢᠩ ᠲᠣᠭᠤᠷᠢᠭ ᠤᠨ ᠪᠠᠶ ᠬᠠᠶ ᠽᠢ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠪᠥᠭᠡᠮ ᠬᠦᠴᠢᠯ ᠢ ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ ᠪᠠᠶᠢᠭᠤᠯᠬᠤ ᠲᠤᠬᠠᠶ ᠬᠤᠯᠪᠣᠭᠳᠠᠯ ᠪᠥᠬᠦᠶ ᠤᠴᠢᠷ ᠶᠠᠪᠤᠳᠠᠯ ᠢ ᠰᠤᠳᠤᠯᠤᠨ ᠬᠢᠨᠠᠨ ᠵᠥᠪᠯᠡᠪᠡ︔ ᠤᠶᠤᠨᠲᠤ ᠵᠢᠨᠢᠩ ᠤᠨ ᠪᠦᠳᠦᠭᠡᠨ ᠪᠠᠶᠢᠭᠤᠯᠤᠯᠲᠠ ᠶᠢᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠬᠦ ᠲᠤᠬᠠᠢ ᠬᠠᠮᠢᠶ᠎ᠠ ᠪᠦᠬᠦᠢ ᠶᠠᠪᠤᠳᠠᠯ ᠢ ᠰᠤᠳᠤᠯᠤᠨ ᠬᠢᠨᠠᠨ ᠵᠥᠪᠯᠡᠪᠡ︔ ︽ᠵᠢᠨᠢᠩ ᠲᠣᠭᠤᠷᠢᠭ ᠤᠨ ᠰᠢᠲᠠᠮᠠᠬᠠᠶ ᠬᠡᠶ ᠶᠢᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠲᠤᠬᠠᠶ ᠲᠥᠰᠦᠯ︾ ︽ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠳᠡᠭᠳᠡᠮᠡᠬᠡᠶ ᠴᠢᠨᠠᠷᠲᠠᠶ ᠣᠷᠭᠠᠨᠢᠭ ᠪᠣᠳᠠᠰ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢᠨ ᠲᠥᠰᠦᠯ︾᠎ ᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃             ᠬᠤᠷᠠᠯ ᠠᠴᠠ ᠵᠢᠭᠠᠵᠤ ᠭᠠᠷᠭᠠᠭᠰᠠᠨ ᠨᠢ᠂ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠥᠷᠨᠢᠭᠦᠯᠬᠦ ᠪᠣᠯ ᠸᠢᠷᠦ᠋ᠰ ᠲᠤ ᠬᠠᠯᠳᠠᠪᠤᠷᠢᠯᠠᠭᠳᠠᠭᠰᠠᠳ ᠢ ᠲᠦᠷᠭᠡᠨ ᠢᠯᠡᠷᠡᠭᠦᠯᠬᠦ᠂ ᠬᠠᠯᠳᠠᠪᠤᠷᠢᠯᠠᠬᠤ ᠠᠷᠭ᠎ᠠ ᠵᠠᠮ ᠢ ᠪᠦᠲᠦᠮᠵᠢᠲᠡᠶ ᠲᠠᠰᠤᠯᠬᠤ᠂ ᠬᠢᠵᠢᠭ ᠤᠨ ᠲᠠᠷᠬᠠᠯᠲᠠ ᠶᠢ ᠰᠡᠷᠭᠡᠶᠢᠯᠡᠬᠦ ᠬᠠᠮᠤᠭ ᠤᠨ ᠴᠢᠬᠤᠯᠠ ᠠᠷᠭ᠎ᠠ ᠪᠠᠷᠢᠯ ᠤᠨ ᠨᠢᠭᠡ ᠮᠥᠨ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠷᠢᠳᠴᠢᠯᠠᠨ ᠤᠬᠠᠭᠠᠯᠠᠵᠤ᠂ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠡᠳ᠋ ᠪᠣᠳᠠᠰ ᠢ ᠨᠥᠭᠡᠴᠡᠯᠡᠵᠦ᠂ ᠪᠠᠶᠢᠴᠠᠭᠠᠨ ᠬᠡᠮᠵᠢᠬᠦ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠂ ᠪᠥᠬᠦ ᠠᠵᠢᠯᠲᠠᠨ ᠤ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠨᠢ ᠮᠠᠨ ᠤ ᠣᠷᠣᠨ ᠤ ᠠᠵᠤ ᠦᠢᠯᠡᠰ ᠤᠨ ᠬᠥᠭᠵᠢᠯᠲᠡ᠂ ᠬᠤᠲᠠ ᠶᠢᠨ ᠪᠦᠲᠦᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠤᠨ ᠰᠠᠶᠢᠵᠢᠷᠠᠯᠲᠠ ᠳᠤ ᠴᠥᠮ ᠲᠦᠢᠯ ᠤᠨ ᠶᠡᠭᠡ ᠠᠬᠢᠭᠤᠯᠬᠤ ᠦᠢᠯᠡᠳᠦᠯ ᠲᠠᠢ᠂ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠤᠬᠠᠶᠢᠯᠠᠭᠰᠠᠨ ᠠᠵᠢᠯ ᠢ ᠵᠣᠯᠭᠠᠭᠤᠯᠬᠤ ᠪᠠ ᠲᠤᠭ᠎ᠠ ᠪᠠᠷᠢᠮᠲᠠ ᠶᠢ ᠬᠤᠷᠢᠶᠠᠩᠭᠤᠶᠢᠯᠠᠬᠤ ᠵᠡᠷᠭᠡ ᠠᠵᠢᠯ ᠢ ᠦᠷᠭᠦᠯᠵᠢᠯᠡᠨ ᠵᠣᠬᠢᠶᠠᠨ ᠪᠠᠶᠢᠭᠤᠯᠤᠨ ᠡᠬᠢᠯᠡᠭᠦᠯᠵᠦ᠂ ᠲᠡᠷᠢᠭᠦᠨ ᠤ ᠭᠠᠵᠠᠷ ᠣᠷᠣᠨ ᠤ ᠲᠤᠷᠰᠢᠯᠭ᠎ᠠ ᠶᠢ ᠭᠦᠶᠴᠡᠳ ᠰᠤᠷᠤᠯᠴᠠᠨ ᠲᠣᠯᠢ ᠪᠣᠯᠭᠠᠵᠤ᠂ ᠡᠬᠢᠯᠡᠯᠲᠡ ᠶᠢᠨ ᠴᠡᠭ ᠢᠶᠠᠷ ᠲᠥᠯᠥᠪᠵᠢᠭᠦᠯᠦᠨ᠂ ᠥᠨᠳᠥᠷ ᠪᠠᠷᠢᠮᠵᠢᠶ᠎ᠠ ᠪᠠᠷ ᠪᠠᠶᠢᠷᠢᠰᠢᠭᠤᠯᠵᠤ᠂ ᠠᠯᠬᠤᠮ ᠳᠠᠷᠠᠭ᠎ᠠ ᠲᠠᠢ ᠪᠠᠷ ᠬᠡᠷᠡᠭᠵᠢᠭᠦᠯᠵᠦ᠂ ᠠᠵᠤ ᠦᠶᠯᠡᠰ ᠤᠨ ᠠᠵᠢᠯᠯᠠᠭᠠᠨ ᠤ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠮᠠᠨ ᠤ ᠣᠷᠣᠨ ᠤ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠪᠣᠳᠠᠲᠠᠶ ᠶᠢ ᠡᠷᠬᠢᠮᠯᠡᠨ ᠥᠨᠳᠥᠷ ᠦᠷ᠎ᠡ ᠪᠦᠲᠦᠮᠵᠢᠲᠡᠶ ᠪᠠᠷ ᠳᠥᠯᠭᠢᠨ ᠠᠬᠢᠭᠤᠯᠬᠤ ᠬᠡᠷᠡᠭᠲᠡᠶ᠃             ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠤᠯᠠᠮ ᠴᠢᠨᠠᠭᠰᠢᠳᠠ ᠪᠣᠳᠠᠲᠠᠶᠢᠵᠢᠭᠤᠯᠵᠤ᠂ ᠡᠭᠦᠷᠭᠡᠯᠡᠯ ᠢᠶᠠᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠰᠡᠳᠬᠢᠴᠡ ᠶᠢᠨ ᠪᠠᠶᠢᠷᠢ ᠲᠣᠭᠲᠠᠭᠠᠯᠲᠠ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ᠂ ᠬᠡᠷᠡᠭᠵᠢᠭᠦᠯᠬᠦ ᠠᠷᠭ᠎ᠠ ᠵᠠᠮ ᠪᠣᠯᠤᠨ ᠬᠠᠷᠠᠯᠲᠠ ᠡᠭᠦᠷᠭᠡ ᠶᠢ ᠲᠣᠳᠣᠷᠬᠠᠶᠢᠯᠠᠵᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ︔ ᠬᠤᠷᠠᠯ ᠤᠨ ᠶᠠᠷᠢᠯᠴᠠᠭᠰᠠᠨ ᠰᠠᠨᠠᠯ ᠢ ᠬᠢᠨᠠᠮᠠᠭᠠᠶ ᠭᠥᠯᠢᠶᠡᠨ ᠠᠪᠴᠤ᠂ ᠡᠯ᠎ᠡ ᠵᠦᠶᠯ ᠤᠨ ᠵᠥᠪᠯᠡᠬᠦ ᠰᠡᠳᠦᠪ ᠤᠨ ᠪᠣᠳᠠᠲᠠᠶ ᠬᠡᠷᠡᠭᠵᠢᠭᠦᠯᠬᠦ ᠠᠭᠤᠯᠭ᠎ᠠ ᠳᠤ ᠤᠯᠠᠮ ᠨᠢᠭᠡ ᠠᠯᠬᠤᠮ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠲᠦᠷᠦᠭᠦᠯᠡᠨ ᠬᠠᠷᠢᠭᠤᠴᠠᠬᠤ ᠨᠢᠭᠡᠴᠡ ᠨᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠮᠥᠷᠳᠡᠨ ᠰᠢᠮᠳᠠᠭᠤᠯᠤᠨ ᠭᠦᠶᠴᠡᠳᠬᠡᠬᠦ ᠪᠠᠨ ᠴᠢᠩᠭᠠᠳᠬᠠᠵᠤ᠂ ᠡᠯ᠎ᠡ ᠵᠦᠶᠯ ᠤᠨ ᠠᠵᠢᠯ ᠢ ᠡᠮᠬᠢ ᠵᠢᠷᠤᠮ ᠲᠠᠢ ᠠᠬᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃            ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                                                ᠤᠷᠴᠢᠭᠤᠯᠤᠭᠴᠢ᠄  ᠪᠤᠥ ᠯᠢᠩ ᠶᠤᠸᠠᠨ                                                                  
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2