| ︽ᠵᠢᠨᠢᠩ ᠲᠣᠭᠤᠷᠢᠭ ᠤᠨ 2021 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠬᠡᠷᠡᠭᠵᠢᠭᠦᠯᠬᠦ ᠰᠠᠨᠠᠯ︾ ᠢ ᠳᠠᠷᠤᠮᠠᠯᠯᠠᠨ ᠶᠠᠪᠤᠭᠤᠯᠬᠤ ᠲᠤᠬᠠᠶ | ᠮᠡᠳᠡᠭᠳᠡᠯ | ᠰᠢᠶᠠᠩ᠂ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠲᠣᠭᠤᠷᠢᠭ ᠤᠨ ᠰᠢᠭᠤᠳ ᠬᠠᠷᠢᠶ᠎ᠠ | ᠬᠤᠯᠪᠣᠭᠳᠠᠯ ᠪᠦᠬᠦᠢ ᠨᠢᠭᠡᠴᠡ ᠨᠦᠭᠦᠳ ᠲᠤ᠄ | ︽ᠵᠢᠨᠢᠩ ᠲᠣᠭᠤᠷᠢᠭ ᠤᠨ 2021 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠬᠡᠷᠡᠭᠵᠢᠭᠦᠯᠬᠦ ᠰᠠᠨᠠᠯ︾ ᠢ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ᠣᠨᠴᠠᠭᠠᠶᠢᠯᠠᠨ | ᠮᠡᠳᠡᠭᠳᠡᠪᠡ | 2021 ᠣᠨ ᠤ 7 ᠰᠠᠷ᠎ᠠ ᠶᠢᠨ 12 | ᠵᠢᠨᠢᠩ ᠲᠣᠭᠤᠷᠢᠭ ᠤᠨ 2021 ᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠭᠠᠭᠤᠯᠢ ᠶᠢᠨ ᠰᠣᠷᠣᠭᠴᠢ ᠡᠯᠰᠡᠬᠦ ᠠᠵᠢᠯ ᠤᠨ ᠬᠡᠷᠡᠭᠵᠢᠭᠦᠯᠬᠦ ᠰᠠᠨᠠᠯ | ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠪᠣᠯᠤᠨ ᠪᠦᠬᠦ | ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠰᠤᠷᠬᠤ ᠨᠠᠰᠤᠨ ᠤ ᠬᠡᠦᠬᠡᠳ ᠪᠠᠭᠠᠴᠤᠳ ᠤᠨ ᠡᠷᠬᠡ ᠲᠡᠭᠰᠢ ᠪᠠᠷ ᠠᠯᠪᠠᠨ | ᠵᠢᠷᠤᠮ ᠤᠨ ᠰᠤᠷᠭᠠᠨ ᠬᠥᠮᠦᠵᠢᠯ ᠬᠦᠷᠲᠡᠬᠦ ᠡᠷᠬᠡ ᠶᠢ ᠬᠠᠤᠯᠢ ᠶᠣᠰᠣᠭᠠᠷ ᠪᠠᠲᠤᠯᠠᠵᠤ᠂ ᠰᠤᠷᠭᠠᠨ ᠬᠥᠮᠦᠵᠢᠯ ᠤᠨ | ᠡᠷᠬᠡ ᠲᠡᠭᠰᠢ ᠶᠢ ᠠᠬᠢᠭᠤᠯᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠷᠠᠳ ᠠᠴᠠ ᠡᠷᠭᠢᠯᠡᠭᠰᠡᠨ | ᠰᠤᠷᠭᠠᠨ ᠬᠥᠮᠦᠵᠢᠯ ᠢ ᠠᠬᠢᠭᠤᠯᠬᠤ ᠬᠠᠤᠯᠢ︾ ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠰᠤᠷᠭᠠᠨ ᠬᠥᠮᠦᠵᠢᠯ ᠤᠨ ᠲᠢᠩᠬᠢᠮ ᠤᠨ ︿ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠡᠯᠰᠡᠬᠦ ᠪᠠ | ᠰᠤᠷᠭᠠᠭᠤᠯᠢ ᠳᠤ ᠣᠷᠣᠬᠤ ᠬᠠᠮᠢᠶᠠᠷᠤᠯᠲᠠ ᠶᠢᠨ ᠠᠵᠢᠯ ᠢ ᠴᠢᠩᠭ᠎ᠠ ᠵᠢᠷᠤᠮᠵᠢᠭᠤᠯᠬᠤ ᠲᠤᠬᠠᠶ ᠮᠡᠳᠡᠭᠳᠡᠯ﹀︾ ︵ | ᠥᠪᠥᠷ ᠰᠤᠷᠭᠠᠨ ᠲᠠᠷᠬᠠᠭᠠᠭᠰᠠᠨ ︹ 2019 ︺ 6 ᠳ᠋ᠤᠭᠠᠷ ᠲᠣᠭᠠᠲᠤ︶ ︽︿ᠳᠤᠮᠳᠠᠳᠤ ᠪᠠᠭ᠎ᠠ | ᠰᠤᠷᠭᠠᠭᠤᠯᠢ ᠶᠢᠨ ᠰᠤᠷᠭᠠᠭᠤᠯᠢ ᠰᠣᠩᠭᠤᠬᠤ ᠠᠩᠭᠢ ᠰᠣᠩᠭᠤᠬᠤ ᠲᠤᠰᠬᠠᠶ ᠴᠡᠭᠴᠡᠯᠡᠨ ᠵᠠᠰᠠᠬᠤ ᠠᠵᠢᠯ ᠤᠨ ᠲᠥᠰᠦᠯ | ﹀ ᠢ ᠳᠠᠷᠤᠮᠠᠯᠯᠠᠨ ᠶᠠᠪᠤᠭᠤᠯᠬᠤ ᠲᠤᠬᠠᠶ ᠤᠯᠠᠭᠠᠨᠴᠠᠪ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ | ᠮᠡᠳᠡᠭᠳᠡᠯ︾ ︵ᠤᠯᠠᠭᠠᠨᠴᠠᠪ ᠥᠰᠥᠭ ︹ 2021 ︺ 10 ᠳ᠋ᠤᠭᠠᠷ ᠲᠣᠭᠠᠲᠤ︶ ᠵᠡᠷᠭᠡ ᠪᠢᠴᠢᠭ ᠮᠠᠲ᠋ᠧᠷᠢᠶᠠᠯ ᠤᠨ | ᠵᠣᠷᠢᠭ ᠰᠠᠨᠠᠭ᠎ᠠ ᠪᠠ ᠰᠤᠷᠭᠠᠨ ᠬᠥᠮᠦᠵᠢᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠶᠢ ᠦᠷᠭᠦᠯᠵᠢᠯᠡᠨ | ᠠᠬᠢᠭᠤᠯᠬᠤ ᠲᠤᠬᠠᠶ ᠬᠤᠲᠠ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠤᠨ ᠠᠵᠢᠯ ᠤᠨ ᠱᠠᠭᠠᠷᠳᠠᠯᠭ᠎ᠠ ᠶᠢ ᠵᠢᠨᠢᠩ ᠲᠣᠭᠤᠷᠢᠭ ᠤᠨ ᠰᠤᠷᠭᠠᠨ ᠬᠥᠮᠦᠵᠢᠯ ᠤᠨ ᠠᠵᠢᠯ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠰᠠᠨᠠᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠪᠦᠬᠦ ᠤᠯᠤᠰ ᠤᠨ ᠰᠤᠷᠭᠠᠨ ᠬᠥᠮᠦᠵᠢᠯ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ | ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠬᠠᠮᠢᠶ᠎ᠠ ᠪᠥᠬᠦᠶ ᠲᠣᠭᠲᠠᠭᠠᠯ ᠢᠶᠠᠷ ᠦᠨᠳᠦᠰᠦᠯᠡᠯ | ᠪᠣᠯᠭᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠶᠢ ᠠᠬᠢᠭᠤᠯᠬᠤ ᠪᠠᠷ | ᠬᠠᠷᠠᠯᠲᠠ ᠪᠣᠯᠭᠠᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠦᠶ᠎ᠡ ᠶᠢᠨ ᠰᠤᠷᠭᠠᠭᠤᠯᠢ ᠶᠢᠨ | ᠰᠣᠷᠣᠭᠴᠢ ᠡᠯᠰᠡᠬᠦ ᠦᠶᠯᠡ ᠠᠵᠢᠯᠯᠠᠭ᠎ᠠ ᠶᠢ ᠦᠨᠡᠨᠬᠦ ᠵᠢᠷᠤᠮᠵᠢᠭᠤᠯᠵᠤ᠂ ᠮᠠᠨ ᠤ ᠲᠤᠭᠤᠷᠢᠭ ᠤᠨ ᠡᠷᠦᠬᠡ ᠠᠮᠠ ᠶᠢᠨ | ᠲᠠᠩᠰᠠ ᠲᠠᠢ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠨᠢᠭᠡᠪᠦᠷᠢ ᠪᠣᠯᠤᠨ ᠨᠥᠬᠦᠴᠡᠯ ᠳᠤ | ᠨᠡᠶᠢᠴᠡᠬᠦ ᠬᠤᠲᠠ ᠣᠷᠣᠵᠤ ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠳᠠᠭᠠᠵᠤ ᠨᠡᠭᠦᠭᠰᠡᠨ ᠦᠷ᠎ᠡ | ᠬᠡᠤᠬᠡᠳ ᠤᠨ ᠬᠠᠷᠢᠴᠠᠩᠭᠤᠶ ᠣᠶᠢᠷ᠎ᠠ ᠬᠠᠪᠢ ᠶᠢᠨ ᠰᠤᠷᠭᠠᠭᠤᠯᠢ ᠳᠤ ᠣᠴᠢᠵᠤ ᠰᠤᠷᠤᠯᠴᠠᠬᠤ ᠶᠢ ᠦᠨᠡᠨᠬᠦ ᠪᠠᠲᠤᠯᠠᠵᠤ᠂ | ᠠᠷᠠᠳ ᠲᠦᠮᠡᠨ ᠤ ᠰᠠᠨᠠᠭᠠᠨ ᠳᠤ ᠨᠡᠶᠢᠴᠡᠭᠰᠡᠨ ᠰᠤᠷᠭᠠᠨ ᠬᠥᠮᠦᠵᠢᠯ ᠢ ᠰᠠᠶᠢᠲᠤᠷ ᠡᠷᠭᠢᠯᠡᠨ᠎ᠡ᠃ | ᠬᠤᠶᠠᠷ᠂ ᠦᠨᠳᠦᠰᠦᠨ ᠵᠠᠷᠴᠢᠮ | ︵ᠨᠢᠭᠡ︶ ᠨᠢᠭᠡᠳᠦᠯᠲᠡᠶ ᠲᠥᠯᠥᠪᠵᠢᠭᠦᠯᠬᠦ᠂ ᠲᠡᠩᠴᠡᠭᠦᠷᠢᠲᠡᠶ ᠬᠥᠭᠵᠢᠭᠦᠯᠬᠦ ᠵᠠᠷᠴᠢᠮ ᠢ ᠪᠠᠷᠢᠮᠲᠠᠯᠠᠨ᠎ᠠ | | ᠬᠤᠲᠠ ᠶᠢᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠵᠢᠭᠦᠯᠭᠡ᠂ ᠬᠥᠮᠦᠨ ᠠᠮᠠ ᠶᠢᠨ | ᠬᠥᠭᠵᠢᠯᠲᠡ ᠶᠢᠨ ᠬᠠᠨᠳᠤᠰᠢ᠂ ᠬᠥᠮᠦᠨ ᠠᠮᠠ ᠶᠢᠨ ᠰᠠᠭᠤᠷᠢᠰᠢᠯ ᠤᠨ ᠲᠥᠪᠯᠡᠷᠡᠯ ᠤᠨ ᠬᠡᠮᠵᠢᠶ᠎ᠡ ᠵᠡᠷᠭᠡ ᠬᠦᠴᠦᠨ | ᠵᠦᠶᠯ ᠢ ᠭᠦᠶᠴᠡᠳ ᠪᠣᠳᠣᠯᠬᠢᠯᠠᠵᠤ᠂ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠨᠢᠭᠡᠪᠦᠷᠢ ᠳᠤ | ᠬᠠᠨᠳᠤᠭᠤᠯᠤᠭᠰᠠᠨ ᠰᠤᠷᠭᠠᠨ ᠬᠥᠮᠦᠵᠢᠯ ᠤᠨ ᠦᠶᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ᠎ᠠ᠃ ᠰᠣᠷᠣᠭᠴᠢ | ᠡᠯᠰᠡᠬᠦ ᠬᠡᠰᠡᠭ ᠣᠷᠣᠨ ᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠪᠠᠷ ᠬᠤᠪᠢᠶᠠᠷᠢᠯᠠᠵᠤ᠂ ᠨᠡᠶᠢᠭᠡᠮ ᠨᠡᠶᠢᠲᠡ ᠳᠤ | ᠨᠡᠶᠢᠲᠡᠯᠡᠨ᠎ᠡ᠃ ᠬᠥᠮᠦᠨ ᠠᠮᠠ ᠲᠥᠪᠯᠡᠷᠡᠨ ᠰᠠᠭᠤᠷᠢᠰᠢᠭᠰᠠᠨ ᠣᠷᠣᠨ ᠪᠦᠰᠡ ᠳᠤ᠂ ᠪᠦᠯᠦᠭᠯᠡᠯᠵᠢᠭᠦᠯᠦᠨ | ᠬᠤᠯᠪᠣᠭᠠᠯᠠᠵᠤ ᠰᠤᠷᠭᠠᠭᠤᠯᠢ ᠡᠷᠬᠢᠯᠡᠬᠦ᠂ ᠰᠤᠷᠭᠠᠭᠤᠯᠢ ᠪᠠᠨ ᠬᠦᠴᠦᠷᠬᠡᠭᠵᠢᠭᠦᠯᠦᠨ ᠪᠠᠭᠤᠷᠠᠶ ᠰᠤᠷᠭᠠᠭᠤᠯᠢ ᠪᠠᠨ | ᠳᠠᠭᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢ | ᠪᠠᠭᠠᠰᠬᠠᠨ᠂ ᠰᠤᠷᠭᠠᠨ ᠬᠥᠮᠦᠵᠢᠯ ᠤᠨ ᠰᠢᠯᠢᠳᠡᠭ ᠡᠬᠢ ᠪᠠᠶᠠᠯᠢᠭ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢ ᠠᠬᠢᠭᠤᠯᠤᠨ᠎ᠠ᠃ | ︵ᠬᠤᠶᠠᠷ︶ ᠬᠠᠷᠢᠴᠠᠩᠭᠤᠶ ᠪᠠᠷ ᠲᠣᠭᠲᠠᠭᠤᠨ ᠪᠠᠶᠢᠯᠭᠠᠬᠤ᠂ ᠵᠣᠬᠢᠰᠲᠠᠶ ᠪᠠᠷ ᠲᠣᠬᠢᠷᠠᠭᠤᠯᠬᠤ | ᠵᠠᠷᠴᠢᠮ ᠢ ᠪᠠᠷᠢᠮᠲᠠᠯᠠᠬᠤ ᠬᠡᠷᠡᠭᠲᠡᠶ | ᠰᠤᠷᠭᠠᠭᠤᠯᠢ ᠶᠢᠨ ᠲᠣᠭᠤᠷᠢᠭ ᠤᠨ ᠬᠤᠪᠢᠶᠠᠷᠢᠯᠠᠯ ᠨᠢ ᠵᠣᠬᠢᠬᠤ ᠬᠤᠭᠤᠴᠠᠭᠠᠨ ᠤ ᠳᠣᠲᠣᠷ᠎ᠠ | ᠲᠣᠭᠲᠠᠪᠤᠷᠢᠲᠤ ᠴᠢᠨᠠᠷᠲᠠᠶ ᠪᠠᠶᠢᠳᠠᠭ ᠪᠣᠯᠪᠠᠴᠤ ᠰᠤᠷᠭᠠᠭᠤᠯᠢ ᠳᠤ ᠣᠷᠣᠬᠤ ᠨᠠᠰᠤᠨ ᠤ ᠪᠠᠭᠠᠴᠤᠳ ᠬᠡᠤᠬᠡᠳ ᠤᠨ | ᠲᠤᠭ᠎ᠠ ᠨᠢ ᠬᠠᠷᠢᠨ ᠳᠥᠭᠦᠮ ᠪᠦᠳᠦᠴᠡᠲᠦ ᠣᠷᠣᠨ ᠰᠠᠭᠤᠴᠠᠳᠤ ᠲᠣᠭᠤᠷᠢᠭ ᠢ ᠥᠭᠡᠷᠡᠴᠢᠯᠡᠬᠦ᠂ ᠣᠨᠳᠣᠤ ᠭᠠᠵᠠᠷ ᠲᠤ | ᠨᠡᠭᠦᠯᠭᠡᠬᠦ᠂ ᠬᠥᠮᠦᠨ ᠠᠮᠠ ᠶᠢᠨ ᠰᠢᠯᠵᠢᠯᠲᠡ ᠵᠡᠷᠭᠡ ᠬᠦᠴᠦᠨ ᠵᠦᠶᠯ ᠤᠨ ᠨᠥᠯᠥᠭᠡ ᠶᠢ ᠭᠥᠷᠳᠡᠳᠡᠭ᠃ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠨᠢ ᠬᠡᠰᠡᠭ | ᠲᠣᠭᠤᠷᠢᠭ ᠤᠨ ᠬᠠᠷᠢᠴᠠᠩᠭᠤᠶ ᠲᠣᠭᠲᠠᠭᠤᠨ ᠪᠠᠶᠢᠬᠤ ᠶᠢ ᠪᠠᠲᠤᠯᠠᠭᠰᠠᠨ ᠰᠠᠭᠤᠷᠢᠨ ᠳᠡᠭᠡᠷ᠎ᠡ ᠰᠤᠷᠭᠠᠭᠤᠯᠢ ᠶᠢᠨ | ᠰᠣᠷᠣᠭᠴᠢ ᠡᠯᠰᠡᠬᠦ ᠲᠥᠯᠥᠪᠯᠡᠭᠡ ᠶᠢ ᠦᠨᠳᠦᠰᠦᠯᠡᠨ ᠬᠡᠰᠡᠭ ᠲᠣᠭᠤᠷᠢᠭ ᠤᠨ ᠬᠡᠪᠴᠢᠶ᠎ᠡ ᠶᠢ ᠵᠣᠬᠢᠬᠤ ᠬᠡᠮᠵᠢᠶ᠎ᠡ ᠪᠠᠷ | ᠥᠷᠭᠡᠳᠬᠡᠬᠦ ᠪᠤᠶᠤ ᠪᠠᠭᠠᠰᠬᠠᠵᠤ ᠪᠣᠯᠤᠨ᠎ᠠ᠃ | ︵ᠭᠤᠷᠪᠠ︶ ᠢᠯᠡ ᠲᠣᠳᠣ᠂ ᠡᠷᠬᠡ ᠲᠡᠭᠰᠢ᠂ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠨ᠎ᠠ | | ᠰᠣᠷᠣᠭᠴᠢ ᠡᠯᠰᠡᠬᠦ ᠠᠵᠢᠯ ᠵᠢᠨᠢᠩ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠰᠢᠭᠤᠳ ᠤᠳᠤᠷᠢᠳᠤᠯᠭ᠎ᠠ ᠳᠣᠤᠷ᠎ᠠ | ᠠᠵᠢᠯ ᠢᠶᠠᠨ ᠥᠷᠨᠢᠭᠦᠯᠵᠦ᠂ ᠰᠣᠷᠣᠭᠴᠢ ᠡᠯᠰᠡᠬᠦ ᠲᠥᠷᠥ ᠶᠢᠨ ᠪᠣᠳᠣᠯᠭ᠎ᠠ᠂ ᠰᠣᠷᠣᠭᠴᠢ ᠡᠯᠰᠡᠬᠦ ᠲᠥᠯᠥᠪᠯᠡᠭᠡ᠂ | ᠰᠣᠷᠣᠭᠴᠢ ᠡᠯᠰᠡᠬᠦ ᠬᠡᠪᠴᠢᠶ᠎ᠡ᠂ ᠰᠣᠷᠣᠭᠴᠢ ᠡᠯᠰᠡᠬᠦ ᠲᠠᠰ ᠳᠠᠷᠠᠭᠠᠯᠠᠯ᠂ ᠢᠯᠡ ᠪᠠᠷ ᠠᠩᠭᠢ ᠬᠤᠪᠢᠶᠠᠬᠤ ᠲᠥᠰᠦᠯ | ᠵᠡᠷᠭᠡ ᠮᠡᠳᠡᠭᠡ ᠵᠠᠩᠭᠢ ᠶᠢ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠨ᠎ᠡ᠃ ᠰᠠᠬᠢᠯᠭ᠎ᠠ ᠪᠠᠲᠤ ᠪᠠᠶᠢᠴᠠᠭᠠᠬᠤ ᠬᠢᠨᠠᠨ | ᠪᠠᠶᠢᠴᠠᠭᠠᠬᠤ ᠰᠠᠯᠠᠭ᠎ᠠ ᠮᠥᠴᠢᠷ ᠬᠢᠨᠠᠯᠲᠠ ᠲᠠᠯᠪᠢᠬᠤ ᠳᠤ ᠪᠦᠬᠦ ᠶᠠᠪᠤᠴᠠ ᠪᠠᠷ ᠣᠷᠣᠯᠴᠠᠵᠤ᠂ ᠴᠢᠬᠤᠯᠠ ᠶᠡᠭᠡ | ᠠᠰᠠᠭᠤᠳᠠᠯ ᠢ ᠤᠳᠤᠷᠢᠳᠬᠤ ᠳᠤᠭᠤᠶᠢᠯᠠᠩ ᠠᠴᠠ ᠬᠠᠮᠲᠤ ᠪᠠᠷ ᠲᠣᠭᠲᠠᠭᠠᠨ᠎ᠠ᠃ | ︵ᠲᠦᠷᠪᠡ︶ ᠬᠠᠤᠯᠢ ᠶᠣᠰᠣᠭᠠᠷ ᠵᠢᠷᠤᠮᠵᠢᠭᠤᠯᠬᠤ ᠵᠠᠷᠴᠢᠮ ᠢ ᠪᠠᠷᠢᠮᠲᠠᠯᠠᠨ᠎ᠠ | ᠰᠤᠷᠭᠠᠨ ᠬᠥᠮᠦᠵᠢᠯ ᠤᠨ ᠶᠠᠮᠤᠨ ᠤ ︽ᠠᠷᠪᠠᠨ ᠵᠦᠶᠯ ᠢ ᠴᠢᠩᠭ᠎ᠠ ᠴᠠᠭᠠᠵᠠᠯᠠᠬᠤ︾ ᠰᠠᠬᠢᠯᠭ᠎ᠠ ᠪᠠᠲᠤ | ᠪᠠ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠭᠠᠭᠤᠯᠢ ᠡᠷᠭᠢᠯᠡᠬᠦ ᠦᠶᠯᠡ ᠠᠵᠢᠯᠯᠠᠭ᠎ᠠ ᠶᠢ ᠵᠢᠷᠤᠮᠵᠢᠭᠤᠯᠬᠤ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ | ᠨᠠᠶᠢᠳᠠᠪᠤᠷᠢᠵᠢᠭᠤᠯᠵᠤ᠂ ︽ᠢᠯᠡ ᠪᠠᠷ ᠰᠣᠷᠣᠭᠴᠢ ᠡᠯᠰᠡᠵᠦ᠂ ᠢᠯᠡ ᠪᠠᠷ ᠠᠩᠭᠢ ᠬᠤᠪᠢᠶᠠᠬᠤ︾ ᠶᠢ ᠬᠡᠷᠡᠭᠵᠢᠭᠦᠯᠦᠨ | ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠶ ᠶᠢ ᠪᠣᠶ ᠪᠣᠯᠭᠠᠨ᠎ᠠ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠠᠵᠢᠯ ᠤᠨ ᠤᠳᠤᠷᠢᠳᠤᠯᠭ᠎ᠠ ᠶᠢ | ᠴᠢᠩᠭᠠᠳᠬᠠᠵᠤ᠂ ᠰᠣᠷᠣᠭᠴᠢ ᠡᠯᠰᠡᠬᠦ ᠪᠠ ᠰᠤᠷᠭᠠᠭᠤᠯᠢ ᠳᠤ ᠣᠷᠣᠬᠤ ᠠᠵᠢᠯ ᠤᠨ ᠲᠣᠭᠲᠠᠭᠤᠨ ᠪᠥᠭᠡᠳ ᠡᠮᠬᠢ | ᠵᠢᠷᠤᠮ ᠲᠠᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠵᠢᠨᠢᠩ ᠲᠣᠭᠤᠷᠢᠭ ᠤᠨ 2021 ᠣᠨ ᠤ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠱᠠᠲᠤᠨ ᠤ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠪᠠ᠃ | ᠪᠦᠷᠢᠯᠳᠦᠬᠦᠨ ᠨᠢ ᠳᠣᠣᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠶᠢᠨ ᠶᠠᠨ ᠹᠸᠢ ᠲᠣᠭᠤᠷᠢᠭ ᠤᠨ ᠨᠠᠮ ᠤᠨ ᠬᠤᠷᠢᠶᠠᠨ ᠤ | ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠯᠢᠦ ᡁᠢ ᠷᠦᠩ ᠲᠣᠭᠤᠷᠢᠭ ᠤᠨ ᠰᠤᠷᠭᠠᠨ ᠬᠥᠮᠦᠵᠢᠯ ᠤᠨ | ᠲᠣᠪᠴᠢᠶ᠎ᠠ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ᠂ ᠲᠣᠪᠴᠢᠶᠠᠨ ᠳᠠᠷᠤᠭ᠎ᠠ | ᠪᠦᠷᠢᠯᠳᠦᠬᠦᠨ᠄ ᠰᠢᠶᠠᠩ ᠢᠦᠢ ᠲᠣᠭᠤᠷᠢᠭ ᠤᠨ ᠠᠷᠠᠳ ᠤᠨ ᠶᠠᠪᠤᠳᠠᠯ ᠤᠨ ᠲᠣᠪᠴᠢᠶᠠᠨ ᠤ | ᠳᠠᠷᠤᠭ᠎ᠠ | ᠮᠠ ᠸᠧᠨ ᠪᠢᠨ ᠲᠣᠭᠤᠷᠢᠭ ᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ | ᠬᠤᠪᠢᠶᠠᠷᠢ ᠲᠣᠪᠴᠢᠶᠠᠨ ᠤ ᠳᠠᠷᠤᠭ᠎ᠠ | ᠦ᠋ ᠰᠢᠤᠸᠠᠢ ᠹᠸᠢ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶᠠᠨ ᠤ | ᠳᠡᠳ᠋ ᠳᠠᠷᠤᠭ᠎ᠠ | ᠯᠢᠦ ᠬᠤᠢ ᠲᠣᠭᠤᠷᠢᠭ ᠤᠨ ᠣᠷᠣᠨ ᠰᠠᠭᠤᠴᠠ ᠶᠢᠨ ᠶᠡᠷᠦᠩᠬᠡᠶᠢᠯᠡᠭᠰᠡᠨ ᠪᠠᠲᠤᠯᠠᠭ᠎ᠠ ᠶᠢᠨ | ᠦᠢᠯᠡᠴᠢᠯᠡᠭᠡᠨ ᠤ ᠲᠦᠪ ᠤᠨ ᠡᠷᠬᠢᠯᠡᠭᠴᠢ | ᠵᠧᠤ ᠶᠠ ᠴᠢᠩ ᠲᠣᠭᠤᠷᠢᠭ ᠤᠨ ᠲᠤᠭᠲᠠᠮᠠᠯ ᠬᠥᠷᠥᠩᠭᠡ ᠶᠢᠨ ᠳᠡᠩᠰᠡᠯᠡᠯᠲᠡ ᠶᠢᠨ ᠲᠥᠪ ᠤᠨ | ᠡᠷᠬᠢᠯᠡᠭᠴᠢ | ᠵᠠᠩ ᠮᠠᠨ ᠲᠣᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠦᠪ ᠤᠨ | ᠡᠷᠬᠢᠯᠡᠭᠴᠢ | ᠰᠦᠩ ᠫᠧᠩ᠂ ᠮᠠ ᠯᠢᠶᠠᠨ ᠴᠢᠦᠶ ᠰᠢᠶᠠᠩ ᠤᠨ ᠳᠠᠷᠤᠭ᠎ᠠ | ᠹᠠᠨ ᠲᠢᠩ ᠴᠢᠶᠣᠤ ᠰᠢ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ ᠡᠷᠬᠢᠯᠡᠭᠴᠢ | | ᠯᠢ ᠸᠧᠨᠵᠧ ᠰᠢᠨ ᠬᠤᠸᠠ ᠵᠡᠭᠡᠯᠢ ᠶᠢᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠡᠷᠬᠢᠯᠡᠭᠴᠢ | ᠰᠦᠩ ᠸᠧᠨ ᠵᠢᠶᠧ ᠴᠢᠶᠠᠨ ᠶᠢᠨ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ | ᠭᠠᠵᠠᠷ ᠤᠨ ᠡᠷᠬᠢᠯᠡᠭᠴᠢ | ᠴᠧᠨ ᠱᠢ ᠢᠦᠢ ᠴᠠᠩ ᠴᠢᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠡᠷᠬᠢᠯᠡᠭᠴᠢ | ᠵᠤᠤ ᠹᠸᠡᠭ ᠴᠢᠶᠣᠤ ᠳ᠋ᠦᠩ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠡᠷᠬᠢᠯᠡᠭᠴᠢ | ᠰᠢᠤᠸᠠᠢ ᠵᠢᠶᠦ᠋ᠨ ᠰᠢᠨ ᠲᠢ ᠵᠠᠮ ᠤᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠡᠷᠬᠢᠯᠡᠭᠴᠢ | ᠭᠤᠤ ᠱᠦᠨ ᠬᠤ᠋ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠡᠷᠬᠢᠯᠡᠭᠴᠢ | ᠵᠠᠩ ᠵᠥᠩ ᠱᠢ ᠴᠢᠤᠸᠠᠨ ᠱᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠤᠨ | ᠡᠷᠬᠢᠯᠡᠭᠴᠢ | ᠶᠢᠨ ᠸᠧᠨ ᠰᠢᠤᠸᠠᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ | ᠳᠠᠷᠤᠭ᠎ᠠ | ᠵᠤ ᡁᠢ ᠳ᠋ᠦᠩ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ | ᠳᠠᠷᠤᠭ᠎ᠠ | ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠲᠣᠭᠤᠷᠢᠭ ᠤᠨ | ᠰᠤᠷᠭᠠᠨ ᠬᠥᠮᠦᠵᠢᠯ ᠤᠨ ᠲᠤᠪᠴᠢᠶ᠎ᠠ ᠳᠤ ᠲᠤᠬᠢᠷᠠᠭᠤᠯᠵᠤ᠂ ᠡᠷᠬᠢᠯᠡᠭᠴᠢ ᠶᠢᠨ ᠲᠤᠰᠢᠶᠠᠯ ᠢ ᠯᠢᠦ ᡁᠢ ᠷᠦᠩ | ᠬᠠᠪᠰᠤᠷᠭᠠᠨ ᠬᠠᠷᠢᠭᠤᠴᠠᠵᠤ᠂ ᠪᠦᠷᠢᠯᠳᠦᠬᠦᠨ ᠨᠢ ᠰᠤᠷᠭᠠᠨ ᠬᠥᠮᠦᠵᠢᠯ ᠤᠨ ᠲᠤᠪᠴᠢᠶ᠎ᠠ ᠶᠢᠨ ᠡᠯ᠎ᠡ ᠲᠠᠰᠤᠭ ᠤᠨ | ᠬᠠᠷᠢᠭᠤᠴᠠᠯᠭᠠᠲᠠᠨ ᠪᠠ ᠳᠤᠮᠳᠠᠳᠤ ᠪᠠᠭ᠎ᠠ ᠰᠤᠷᠭᠠᠭᠤᠯᠢ ᠶᠢᠨ ᠵᠠᠬᠢᠷᠤᠯ ᠪᠣᠯᠤᠨ᠎ᠠ᠃ | ᠳᠥᠷᠪᠡ᠂ ᠭᠤᠤᠯ ᠪᠣᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ | ︵ᠨᠢᠭᠡ︶ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠳᠤ ᠦᠶ᠎ᠡ ᠶᠢᠨ ᠰᠤᠷᠭᠠᠭᠤᠯᠢ ᠶᠢᠨ | ᠰᠤᠷᠤᠭᠴᠢ ᠡᠯᠰᠡᠵᠦ ᠰᠤᠷᠭᠠᠭᠤᠯᠢ ᠳᠤ ᠣᠷᠣᠭᠤᠯᠬᠤ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠶ | 1. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠯᠭᠠᠬᠤ ᠥᠬᠡᠶ ᠪᠠᠷ ᠬᠡᠷ ᠣᠶᠢᠷᠠᠯᠴᠠᠭ᠎ᠠ | ᠰᠤᠷᠭᠠᠭᠤᠯᠢ ᠳᠤ ᠣᠷᠣᠭᠤᠯᠬᠤ ᠲᠣᠭᠲᠠᠭᠠᠯ ᠢ ᠨᠠᠶᠢᠳᠠᠪᠤᠷᠢᠵᠢᠭᠤᠯᠤᠨ᠎ᠠ᠃ ᠵᠢᠨᠢᠩ ᠲᠣᠭᠤᠷᠢᠭ ᠤᠨ ᠵᠢᠷᠤᠮ ᠤᠨ | ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠨᠢ ᠰᠤᠷᠭᠠᠨ ᠬᠥᠮᠦᠵᠢᠯ ᠤᠨ | ᠶᠠᠮᠤᠨ ᠤ ︽ᠰᠤᠷᠭᠠᠭᠤᠯᠢ ᠬᠡᠰᠡᠭ ᠬᠤᠪᠢᠶᠠᠨ ᠰᠣᠷᠣᠭᠴᠢ ᠡᠯᠰᠡᠬᠦ᠂ ᠰᠣᠷᠣᠭᠴᠢ ᠶᠢᠨ ᠢᠷᠡᠯᠲᠡ ᠶᠢᠨ ᠬᠡᠷ | ᠣᠶᠢᠷᠠᠯᠴᠠᠭ᠎ᠠ ᠰᠤᠷᠭᠠᠭᠤᠯᠢ ᠳᠤ ᠣᠷᠣᠬᠤ︾ ᠦᠨᠳᠦᠰᠦᠨ ᠱᠠᠭᠠᠷᠳᠠᠯᠭ᠎ᠠ ᠶᠣᠰᠣᠭᠠᠷ᠂ ᠵᠢᠨᠢᠩ ᠲᠣᠭᠤᠷᠢᠭ ᠤᠨ | ᠰᠤᠷᠬᠤ ᠨᠠᠰᠤᠨ ᠤ ᠰᠣᠷᠣᠭᠴᠢ ᠶᠢᠨ ᠲᠤᠭ᠎ᠠ᠂ ᠰᠤᠷᠭᠠᠭᠤᠯᠢ ᠶᠢᠨ ᠲᠠᠷᠬᠠᠯᠲᠠ᠂ ᠰᠤᠷᠭᠠᠭᠤᠯᠢ ᠶᠢᠨ ᠬᠡᠪᠴᠢᠶ᠎ᠡ ᠪᠠ | ᠪᠠᠷᠢᠮᠵᠢᠶ᠎ᠠ ᠵᠡᠷᠭᠡ ᠬᠦᠴᠦᠨ ᠵᠦᠶᠯ ᠢ ᠦᠨᠳᠦᠰᠦᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ | ᠨᠢᠭᠡᠪᠦᠷᠢ ᠶᠢᠨ ᠦᠶᠯᠡᠴᠢᠯᠡᠭᠡᠨ ᠤ ᠲᠣᠭᠤᠷᠢᠭ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ ᠡᠯ᠎ᠡ | ᠰᠤᠷᠭᠠᠭᠤᠯᠢ ᠶᠢᠨ ᠬᠤᠭᠤᠷᠣᠨᠳᠣᠬᠢ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠦᠨᠳᠦᠰᠦᠨ ᠳᠡᠭᠡᠨ | ᠲᠡᠩᠴᠡᠭᠦᠷᠢᠲᠡᠶ ᠪᠠᠶᠢᠬᠤ ᠶᠢ ᠪᠠᠲᠤᠯᠠᠨ᠎ᠠ᠃ ᠵᠠᠯᠭᠠᠯᠳᠤᠭᠰᠠᠨ ᠣᠷᠣᠨ ᠤ ᠳᠣᠲᠣᠷᠠᠬᠢ ᠰᠤᠷᠭᠠᠭᠤᠯᠢ ᠶᠢ ᠥᠭᠡᠷᠡᠴᠢᠯᠡᠵᠦ | ᠥᠷᠭᠡᠳᠬᠡᠨ ᠪᠠᠶᠢᠭᠤᠯᠬᠤ᠂ ᠰᠠᠭᠤᠭᠠᠯᠢ ᠠᠷᠠᠳ ᠤᠨ ᠲᠣᠭᠤᠷᠢᠭ ᠢ ᠰᠢᠨ᠎ᠡ ᠪᠠᠷ ᠪᠠᠶᠢᠭᠤᠯᠬᠤ ᠵᠡᠷᠭᠡ ᠬᠦᠴᠦᠨ | ᠵᠦᠶᠯ ᠠᠴᠠ ᠪᠣᠯᠵᠣ ᠡᠷᠳᠡᠮ ᠤᠨ ᠴᠣᠯᠠ ᠶᠢᠨ ᠬᠠᠩᠭᠠᠯᠭ᠎ᠠ ᠬᠡᠷᠡᠭᠴᠡᠭᠡ ᠳᠤ ᠬᠤᠪᠢᠷᠠᠯᠲᠠ ᠭᠠᠷᠬᠤ ᠦᠶ᠎ᠡ ᠳᠤ᠂ | ᠰᠣᠷᠣᠭᠴᠢ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠨᠢ ᠪᠣᠳᠠᠲᠠᠶ ᠪᠠᠶᠢᠳᠠᠯ ᠢᠶᠠᠨ ᠦᠨᠳᠦᠰᠦᠯᠡᠨ ᠬᠠᠮᠢᠶ᠎ᠠ | ᠪᠥᠬᠦᠶ ᠰᠤᠷᠭᠠᠭᠤᠯᠢ ᠶᠢᠨ ᠵᠠᠯᠭᠠᠯᠳᠤᠭᠰᠠᠨ ᠲᠣᠭᠤᠷᠢᠭ ᠲᠤ ᠵᠣᠬᠢᠰᠲᠠᠶ ᠲᠣᠬᠢᠷᠠᠭᠤᠯᠤᠯᠲᠠ ᠬᠢᠵᠦ᠂ ᠨᠡᠶᠢᠭᠡᠮ ᠳᠤ | ᠨᠡᠶᠢᠲᠡᠯᠡᠨ᠎ᠡ᠃ | 2. ᠰᠤᠷᠭᠠᠭᠤᠯᠢ ᠳᠤ ᠣᠷᠣᠬᠤ ᠨᠥᠬᠦᠴᠡᠯ ᠢ ᠴᠢᠩᠳᠠᠯᠠᠨ᠎ᠠ᠃ ᠪᠦᠬᠦᠯᠢ ᠵᠢᠷᠭᠤᠭᠠᠨ ᠨᠠᠰᠤ ᠬᠦᠷᠦᠭᠰᠡᠨ ︵ | 2015 ᠣᠨ ᠤ 8 ᠳ᠋ᠤᠭᠠᠷ ᠰᠠᠷ᠎ᠠ ᠶᠢᠨ 31 ᠤ ᠡᠳᠦᠷ ᠠᠴᠠ ᠡᠮᠦᠨ᠎ᠡ ᠲᠥᠷᠥᠭᠰᠡᠨ︶᠂ ᠰᠤᠷᠤᠯᠴᠠᠬᠤ | ᠴᠢᠳᠠᠪᠤᠷᠢ ᠲᠠᠢ ᠰᠤᠷᠬᠤ ᠨᠠᠰᠤᠨ ᠤ ᠬᠡᠤᠬᠡᠳ ᠪᠦᠬᠦᠨ ᠡᠷᠬᠡᠪᠰᠢ ᠰᠤᠷᠭᠠᠭᠤᠯᠢ ᠳᠤ ᠣᠷᠣᠬᠤ ᠬᠡᠷᠡᠭᠲᠡᠶ᠃ | ᠡᠪᠡᠳᠴᠢᠨ ᠲᠠᠢ ᠪᠤᠶᠤ ᠪᠤᠰᠤᠳ ᠰᠢᠯᠲᠠᠭᠠᠨ ᠠᠴᠠ ᠪᠣᠯᠵᠣ ᠴᠠᠭ ᠲᠠᠭᠠᠨ ᠰᠤᠷᠭᠠᠭᠤᠯᠢ ᠳᠤ ᠣᠷᠣᠵᠤ ᠳᠡᠶᠢᠯᠬᠦ ᠥᠬᠡᠶ | ᠪᠤᠶᠤ ᠰᠤᠷᠭᠠᠭᠤᠯᠢ ᠳᠤ ᠣᠷᠣᠬᠤ ᠴᠢᠳᠠᠪᠤᠷᠢ ᠥᠬᠡᠶ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠣᠯ | ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠬᠠᠮᠢᠶ᠎ᠠ ᠪᠥᠬᠦᠶ ᠭᠡᠷᠡᠴᠢ ᠪᠠᠨ ᠠᠪᠴᠤ ᠰᠤᠷᠤᠯᠭ᠎ᠠ ᠪᠠᠨ | ᠬᠤᠶᠢᠰᠢᠯᠠᠭᠤᠯᠬᠤ᠂ ᠰᠤᠷᠤᠯᠭ᠎ᠠ ᠠᠴᠠ ᠭᠡᠯᠳᠦᠷᠢᠭᠦᠯᠬᠦ ᠭᠠᠷᠳᠠᠮ ᠢ ᠭᠦᠶᠴᠡᠳᠬᠡᠵᠦ᠂ ᠵᠥᠪᠰᠢᠶᠡᠷᠡᠭᠦᠯᠦᠭᠰᠡᠨ ᠤ | ᠳᠠᠷᠠᠭ᠎ᠠ ᠳᠠᠩᠰᠠᠯᠠᠭᠤᠯᠤᠨ᠎ᠠ᠃ ᠳᠦᠯᠡᠶ ᠶᠠᠪᠠ᠂ ᠰᠣᠬᠤᠷ ︵ᠬᠠᠷᠠᠭ᠎ᠠ ᠮᠠᠭᠤᠲᠠᠶ︶ ᠵᠡᠷᠭᠡ ᠡᠩ ᠤᠨ ᠰᠤᠷᠭᠠᠭᠤᠯᠢ ᠶᠢᠨ | ᠰᠤᠷᠤᠯᠭ᠎ᠠ ᠪᠤᠶᠤ ᠠᠮᠢᠳᠤᠷᠠᠯ ᠳᠤ ᠵᠣᠬᠢᠴᠠᠬᠤ ᠥᠬᠡᠶ ᠰᠤᠷᠬᠤ ᠨᠠᠰᠤᠨ ᠤ ᠬᠡᠤᠬᠡᠳ ᠵᠢᠴᠢ ᠳᠤᠮᠳᠠ ᠵᠡᠷᠭᠡ ᠶᠢᠨ | ᠣᠶᠤᠨ ᠤ ᠵᠡᠮᠳᠡᠭ ᠬᠡᠤᠬᠡᠳ ᠤᠯᠠᠭᠠᠨᠴᠠᠪ ᠬᠤᠲᠠ ᠶᠢᠨ ᠤᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠳᠤ | ᠣᠴᠢᠵᠤ ᠰᠤᠷᠤᠯᠴᠠᠨ᠎ᠠ ᠃ ᠬᠥᠩᠭᠡᠪᠲᠦᠷ ᠣᠶᠤᠨ ᠤ ᠵᠡᠮᠳᠡᠭ ᠬᠡᠤᠬᠡᠳ ᠢ ᠡᠩ ᠤᠨ ᠪᠠᠭ᠎ᠠ ᠰᠤᠷᠭᠠᠭᠤᠯᠢ ᠶᠢᠨ ᠠᠩᠭᠢ | ᠳᠠᠭᠠᠵᠤ ᠰᠤᠷᠤᠯᠴᠠᠭᠤᠯᠬᠤ ᠪᠠᠷ ᠨᠢᠭᠡᠳᠦᠯᠲᠡᠶ ᠳᠣᠭᠢᠷᠠᠭᠤᠯᠤᠨ᠎ᠠ᠃ | 3. ᠰᠣᠷᠣᠭᠴᠢ ᠡᠯᠰᠡᠬᠦ ᠠᠷᠭ᠎ᠠ ᠮᠠᠶ᠋ᠢᠭ ᠢ ᠵᠢᠷᠤᠮᠵᠢᠭᠤᠯᠤᠨ᠎ᠠ᠃ ᠲᠤᠭᠤᠷᠢᠭ ᠤᠨ ᠬᠠᠷᠢᠶ᠎ᠠ ᠳᠤᠮᠳᠠᠳᠤ | ᠪᠠᠭ᠎ᠠ ᠰᠤᠷᠭᠠᠭᠤᠯᠢ ᠨᠤᠭᠤᠳ ᠲᠣᠰ ᠰᠤᠷᠭᠠᠭᠤᠯᠢ ᠶᠢᠨ ᠢᠶᠠᠨ ᠡᠷᠳᠡᠮ ᠤᠨ ᠴᠣᠯᠠ ᠶᠢᠨ ᠬᠠᠩᠭᠠᠯᠭ᠎ᠠ ᠵᠢᠴᠢ | ᠰᠣᠷᠣᠭᠴᠢ ᠶᠢᠨ ᠢᠷᠡᠯᠲᠡ ᠶᠢᠨ ᠲᠠᠷᠬᠠᠯᠲᠠ ᠶᠢ ᠦᠨᠳᠦᠰᠦᠯᠡᠨ᠂ ᠭᠠᠭᠴᠠ ᠰᠤᠷᠭᠠᠭᠤᠯᠢ ᠪᠠᠷ ᠬᠡᠰᠡᠭ ᠬᠤᠪᠢᠶᠠᠬᠤ᠂ | ᠣᠯᠠᠨ ᠰᠤᠷᠭᠠᠭᠤᠯᠢ ᠪᠠᠷ ᠬᠡᠰᠡᠭ ᠬᠤᠯᠪᠣᠬᠤ᠂ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠮᠢᠯᠠᠬᠤ᠂ ᠬᠡᠰᠡᠭ ᠬᠤᠪᠢᠶᠠᠬᠤ | ᠪᠠ ᠣᠷᠣᠨ ᠪᠠᠶᠢᠷᠢ ᠲᠣᠮᠢᠯᠠᠬᠤ ᠶᠢ ᠤᠶᠠᠯᠳᠤᠭᠤᠯᠬᠤ ᠪᠠ ᠶᠢᠰᠦᠨ ᠵᠢᠯ ᠤᠨ ᠳᠦᠷᠢᠮᠲᠦ ᠰᠢᠭᠤᠳ ᠳᠡᠪᠰᠢᠬᠦ ᠵᠡᠷᠭᠡ | ᠣᠯᠠᠨ ᠵᠦᠶᠯ ᠤᠨ ᠠᠷᠭ᠎ᠠ ᠮᠠᠶ᠋ᠢᠭ ᠢ ᠠᠪᠴᠤ᠂ ᠰᠤᠷᠬᠤ ᠨᠠᠰᠤᠨ ᠤ ᠬᠡᠤᠬᠡᠳ ᠪᠠᠭᠠᠴᠤᠳ ᠨᠢᠭᠡᠪᠦᠷᠢ ᠶᠢᠨ ᠠᠯᠪᠠᠨ | ᠵᠢᠷᠤᠮ ᠤᠨ ᠰᠤᠷᠭᠠᠨ ᠬᠥᠮᠦᠵᠢᠯ ᠢ ᠡᠷᠬᠡ ᠲᠡᠭᠰᠢ ᠪᠠᠷ ᠭᠥᠷᠳᠡᠬᠦ ᠶᠢ ᠦᠨᠡᠨᠬᠦ ᠪᠠᠲᠤᠯᠠᠨ᠎ᠠ᠃ ᠠᠯᠪᠠᠨ ᠵᠢᠷᠤᠮ ᠤᠨ | ᠰᠤᠷᠭᠠᠨ ᠬᠥᠮᠦᠵᠢᠯ ᠤᠨ ᠰᠤᠷᠭᠠᠭᠤᠯᠢ ᠶᠢᠨ ᠡᠷᠳᠡᠮ ᠤᠨ ᠴᠣᠯᠠ ᠶᠢᠨ ᠬᠠᠩᠭᠠᠯᠭ᠎ᠠ ᠶᠢᠨ ᠴᠢᠳᠠᠪᠤᠷᠢ ᠨᠢ | ᠲᠦᠢᠯ ᠳᠠᠭᠠᠨ ᠭᠦᠷᠦᠭᠡᠳ ᠬᠡᠰᠡᠭ ᠬᠤᠪᠢᠶᠠᠭᠰᠠᠨ ᠣᠷᠣᠨ ᠪᠦᠰᠡ ᠶᠢᠨ ᠳᠣᠲᠣᠷᠠᠬᠢ ᠰᠣᠷᠣᠭᠴᠢ ᠶᠢᠨ | ᠰᠤᠷᠭᠠᠭᠤᠯᠢ ᠳᠤ ᠣᠷᠣᠬᠤ ᠬᠡᠷᠡᠭᠴᠡᠭᠡ ᠱᠠᠭᠠᠷᠳᠠᠯᠭ᠎ᠠ ᠶᠢ ᠮᠥᠨ ᠬᠦ ᠬᠠᠩᠭᠠᠵᠤ ᠳᠡᠶᠢᠯᠬᠦ ᠥᠬᠡᠶ ᠦᠶ᠎ᠡ ᠳᠤ᠂ ︽ | ᠣᠯᠠᠨ ᠰᠤᠷᠭᠠᠭᠤᠯᠢ ᠬᠤᠯᠪᠣᠭᠠᠯᠠᠨ ᠬᠡᠰᠡᠭ ᠬᠤᠪᠢᠶᠠᠬᠤ ᠪᠠ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠮᠢᠯᠠᠬᠤ ᠶᠢ | ᠤᠶᠠᠯᠳᠤᠭᠤᠯᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠨᠢᠭᠡᠳᠦᠯᠲᠡᠶ ᠲᠥᠯᠥᠪᠯᠡᠨ ᠰᠢᠶᠳᠪᠦᠷᠢᠯᠡᠨ᠎ᠡ᠃ | 4. ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ | ᠰᠤᠷᠤᠯᠭ᠎ᠠ ᠶᠢ ᠪᠠᠲᠤᠯᠠᠬᠤ ᠬᠠᠤᠯᠢ ᠪᠠᠷ ᠲᠣᠭᠲᠠᠭᠠᠭᠰᠠᠨ ᠡᠭᠦᠷᠭᠡ ᠰᠢᠶᠠᠩ ᠪᠠᠯᠭᠠᠰᠤ᠂ ᠡᠯ᠎ᠡ ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ᠂ ᠣᠷᠣᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠨᠢᠭᠡᠴᠡ᠂ ᠳᠤᠮᠳᠠᠳᠤ ᠪᠠᠭ᠎ᠠ | ᠰᠤᠷᠭᠠᠭᠤᠯᠢ ᠨᠤᠭᠤᠳ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠤᠯᠭ᠎ᠠ ᠪᠠᠨ ᠳᠣᠷᠭᠤᠨ ᠵᠣᠭᠰᠣᠬᠤ ᠶᠢ | ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠬᠠᠮᠲᠤᠪᠠᠷ | ᠭᠦᠶᠴᠡᠳᠬᠡᠵᠦ᠂ ᠬᠤᠯᠪᠣᠭᠠᠯᠠᠨ ᠡᠵᠡᠮᠳᠡᠵᠦ ᠬᠤᠯᠪᠣᠭᠠᠯᠠᠨ ᠪᠠᠲᠤᠯᠠᠬᠤ ᠠᠵᠢᠯ ᠤᠨ ᠤᠬᠠᠭᠤᠯᠬᠤ᠂ ᠵᠢᠭᠰᠠᠭᠠᠨ | ᠪᠠᠶᠢᠴᠠᠭᠠᠬᠤ᠂ ᠬᠢᠨᠠᠨ ᠬᠡᠮᠵᠢᠬᠦ ᠪᠠ ᠢᠳᠬᠠᠨ ᠪᠤᠴᠠᠭᠠᠬᠤ ᠲᠣᠭᠲᠠᠴᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ | ᠰᠤᠷᠤᠯᠭ᠎ᠠ ᠠᠯᠳᠠᠵᠤ ᠰᠤᠷᠤᠯᠭ᠎ᠠ ᠪᠠᠨ ᠳᠣᠷᠭᠤᠨ ᠵᠣᠭᠰᠣᠭᠰᠠᠨ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ | ᠪᠠᠭᠠᠴᠤᠳ ᠤᠨ ᠠᠵᠢᠯ ᠤᠨ ᠡᠬᠡ ᠲᠠᠩᠰᠠ ᠶᠢ ᠪᠠᠶᠢᠭᠤᠯᠵᠤ᠂ ᠰᠤᠷᠤᠯᠭ᠎ᠠ ᠪᠠᠨ ᠳᠣᠷᠭᠤᠨ ᠵᠣᠭᠰᠣᠬᠤ ᠶᠢ | ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠠᠵᠢᠯ ᠢ ᠰᠠᠶᠢᠲᠤᠷ ᠬᠢᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤ ᠦᠶ᠎ᠡ ᠶᠢᠨ ᠰᠤᠷᠤᠭᠴᠢᠳ ᠤᠨ ᠣᠷᠣᠪᠠᠰᠤ ᠵᠣᠬᠢᠬᠤ ᠶᠢ ᠪᠦᠬᠦᠨ ᠢ ᠣᠷᠣᠬᠤ ᠶᠢ ᠦᠨᠡᠨᠬᠦ ᠪᠠᠲᠤᠯᠠᠬᠤ ᠬᠡᠷᠡᠭᠲᠡᠶ | ᠃ | 5. ᠢᠯᠡ ᠪᠠᠷ ᠠᠩᠭᠢ ᠬᠤᠪᠢᠶᠠᠬᠤ ᠶᠢ ᠬᠡᠷᠡᠭᠵᠢᠭᠦᠯᠦᠨ᠎ᠡ᠃ ᠳᠤᠮᠳᠠᠳᠤ ᠪᠠᠭ᠎ᠠ ᠰᠤᠷᠭᠠᠭᠤᠯᠢ ᠳᠤ ︽ | ᠢᠯᠡ ᠪᠠᠷ ᠠᠩᠭᠢ ᠬᠤᠪᠢᠶᠠᠬᠤ︾ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠬᠡᠷᠡᠭᠵᠢᠭᠦᠯᠵᠦ᠂ ᠠᠩᠭᠢ | ᠬᠤᠪᠢᠶᠠᠭᠰᠠᠨ ᠶᠠᠪᠤᠴᠠ ᠶᠢ ᠢᠯᠡ ᠪᠣᠯᠭᠠᠵᠤ᠂ ᠠᠩᠭᠢ ᠶᠢᠨ ᠡᠷᠬᠢᠯᠡᠭᠴᠢ ᠵᠢᠴᠢ ᠬᠢᠴᠢᠶᠡᠯ ᠤᠨ ᠪᠠᠭᠰᠢ ᠶᠢ ᠰᠣᠩᠭᠤᠨ | ᠲᠣᠬᠢᠷᠠᠭᠤᠯᠤᠭᠰᠠᠨ ᠶᠠᠪᠤᠴᠠ ᠪᠠ ᠦᠷ᠎ᠡ ᠳ᠋ᠦᠩ ᠢ ᠢᠯᠡ ᠪᠣᠯᠭᠠᠨ᠎ᠠ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ | ᠰᠠᠯᠠᠭ᠎ᠠ ᠮᠥᠴᠢᠷ ᠪᠠ ᠰᠤᠷᠭᠠᠭᠤᠯᠢ ᠨᠤᠭᠤᠳ ᠰᠠᠨᠠᠭᠠᠴᠢᠯᠠᠭ᠎ᠠ ᠠᠴᠠ ᠪᠠᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ | ᠰᠣᠷᠣᠭᠴᠢ ᠶᠢᠨ ᠬᠡᠷ ᠤᠨ ᠠᠬᠠᠮᠠᠳ ᠤᠨ ᠲᠥᠯᠥᠭᠡᠯᠡᠭᠴᠢ ᠶᠢ ᠤᠷᠢᠵᠤ ᠠᠩᠭᠢ ᠬᠤᠪᠢᠶᠠᠬᠤ ᠪᠠ ᠪᠠᠭᠰᠢ ᠶᠢ ᠰᠣᠩᠭᠤᠨ | ᠳᠣᠭᠢᠷᠠᠭᠤᠯᠬᠤ ᠪᠥᠬᠦ ᠠᠩᠭᠢ ᠶᠢᠨ ᠲᠤᠭ᠎ᠠ ᠶᠢ ᠴᠢᠩᠭ᠎ᠠ ᠬᠢᠵᠠᠭᠠᠷᠯᠠᠨ᠎ᠠ᠃ ᠪᠠᠭ᠎ᠠ ᠰᠤᠷᠭᠠᠭᠤᠯᠢ ᠶᠢᠨ ᠡᠬᠢᠨ ᠤ ᠣᠨ ᠤ | ᠠᠩᠭᠢ ᠶᠢᠨ ᠲᠤᠭ᠎ᠠ ᠶᠢ 45 ᠬᠥᠮᠦᠨ ᠤ ᠳᠣᠲᠣᠷ᠎ᠠ ᠬᠢᠵᠠᠭᠠᠷᠯᠠᠵᠤ᠂ ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠠᠩᠭᠢ ᠶᠢᠨ ᠲᠤᠭ᠎ᠠ ᠶᠢ 50 ᠬᠥᠮᠦᠨ ᠤ ᠳᠣᠲᠣᠷ᠎ᠠ ᠬᠢᠵᠠᠭᠠᠷᠯᠠᠨ᠎ᠠ᠃ | 6. ᠣᠨᠴᠠᠭᠠᠶ ᠠᠯᠪᠠᠨ ᠵᠢᠷᠤᠮ ᠤᠨ ᠰᠤᠷᠭᠠᠨ ᠬᠥᠮᠦᠵᠢᠯ ᠭᠥᠷᠳᠡᠬᠦ ᠶᠢ ᠪᠠᠲᠤᠯᠠᠬᠤ | ︵1︶ ᠬᠤᠲᠠ ᠣᠷᠣᠵᠤ ᠠᠵᠢᠯ ᠬᠥᠳᠡᠯᠮᠦᠷᠢ ᠬᠢᠭᠰᠡᠳ ᠤᠨ ᠳᠠᠭᠠᠵᠤ ᠨᠡᠭᠦᠭᠰᠡᠨ ᠦᠷ᠎ᠡ ᠬᠡᠦᠬᠡᠳ ᠤᠨ | ᠰᠤᠷᠭᠠᠭᠤᠯᠢ ᠳᠤ ᠣᠷᠣᠬᠤ ᠶᠢ ᠪᠠᠲᠤᠯᠠᠨ᠎ᠠ᠃ ︽ᠬᠤᠶᠠᠷ ᠢᠶᠠᠷ ᠭᠤᠤᠯ ᠪᠣᠯᠭᠠᠵᠤ᠂ ᠬᠤᠶᠠᠷ ᠢ ᠣᠷᠣᠭᠤᠯᠬᠤ︾ | ᠵᠠᠷᠴᠢᠮ ᠢ ᠪᠠᠷᠢᠮᠲᠠᠯᠠᠨ᠂ ᠠᠵᠢᠯ ᠬᠥᠳᠡᠯᠮᠦᠷᠢ ᠬᠢᠭᠰᠡᠨ ᠦᠨᠡᠮᠯᠡᠯ᠂ ᠣᠷᠣᠰᠢᠨ ᠰᠠᠭᠤᠬᠤ ᠦᠨᠡᠮᠯᠡᠯ ︵ᠪᠤᠶᠤ | ᠣᠷᠣᠰᠢᠨ ᠰᠠᠭᠤᠬᠤ ᠦᠨᠡᠮᠯᠡᠯ︶ ᠢᠶᠠᠷ ᠭᠤᠤᠯ ᠦᠨᠳᠦᠰᠦᠯᠡᠯ ᠪᠣᠯᠭᠠᠭᠰᠠᠨ ᠳᠠᠭᠠᠵᠤ ᠨᠡᠭᠦᠭᠰᠡᠨ ᠦᠷ᠎ᠡ ᠬᠡᠤᠬᠡᠳ ᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠳᠤ ᠣᠷᠣᠬᠤ ᠲᠥᠷᠥ ᠶᠢᠨ ᠪᠣᠳᠣᠯᠭ᠎ᠠ ᠶᠢ | ᠪᠦᠷᠢᠨᠰᠢᠬᠦᠯᠵᠦ᠂ ᠠᠯᠪᠠᠨ ᠠᠴᠠ ᠡᠷᠭᠢᠯᠡᠭᠰᠡᠨ ᠰᠤᠷᠭᠠᠭᠤᠯᠢ ᠪᠠᠷ ᠭᠤᠤᠯ ᠪᠣᠯᠭᠠᠨ ᠳᠠᠭᠠᠵᠤ ᠨᠡᠭᠦᠭᠰᠡᠨ ᠦᠷ᠎ᠡ | ᠬᠡᠤᠬᠡᠳ ᠤᠨ ᠰᠤᠷᠭᠠᠭᠤᠯᠢ ᠳᠤ ᠣᠷᠣᠬᠤ ᠶᠢ ᠳᠣᠭᠢᠷᠠᠭᠤᠯᠬᠤ ᠶᠢ ᠪᠠᠷᠢᠮᠲᠠᠯᠠᠨ᠎ᠠ᠃ ᠵᠢᠨᠢᠩ ᠲᠣᠭᠤᠷᠢᠭ ᠤᠨ ᠭᠠᠳᠠᠭᠰᠢ | ᠭᠠᠷᠴᠤ ᠬᠥᠯᠥᠰᠥᠨ ᠠᠵᠢᠯ ᠬᠢᠵᠦ ᠪᠠᠶᠢᠭ᠎ᠠ ᠬᠥᠮᠦᠰ ᠤᠨ ᠦᠷ᠎ᠡ ᠬᠡᠤᠬᠡᠳ ᠨᠤᠲᠤᠭ ᠲᠠᠭᠠᠨ ᠪᠤᠴᠠᠵᠤ ᠰᠤᠷᠤᠯᠴᠠᠪᠠᠯ᠂ | ᠰᠣᠷᠣᠭᠴᠢ ᠡᠯᠰᠡᠬᠦ ᠠᠯᠪᠠᠨ ᠬᠡᠷ ᠠᠴᠠ ᠬᠠᠤᠯᠢ ᠶᠣᠰᠣᠭᠠᠷ ᠨᠢᠭᠡᠳᠦᠯᠲᠡᠶ ᠲᠥᠯᠥᠪᠯᠡᠨ ᠳᠣᠭᠢᠷᠠᠭᠤᠯᠤᠨ᠎ᠠ᠃ | ᠵᠢᠨᠢᠩ ᠤᠨ ᠡᠷᠦᠬᠡ ᠠᠮᠠ ᠶᠢᠨ ᠲᠠᠩᠰᠠ ᠥᠬᠡᠶ ᠬᠤᠲᠠ ᠣᠷᠣᠵᠤ ᠠᠵᠢᠯ ᠬᠥᠳᠡᠯᠮᠦᠷᠢ ᠬᠢᠭᠰᠡᠳ ᠤᠨ ᠳᠠᠭᠠᠵᠤ | ᠨᠡᠭᠦᠭᠰᠡᠨ ᠦᠷ᠎ᠡ ᠬᠡᠤᠬᠡᠳ ᠢ ᠰᠤᠷᠭᠠᠭᠤᠯᠢ ᠳᠤ ᠣᠷᠣᠭᠤᠯᠬᠤ ᠳᠤ ᠬᠢᠨᠠᠨ ᠬᠠᠮᠠᠭᠠᠯᠠᠭᠴᠢ ᠨᠢ ᠰᠠᠭᠤᠭᠠᠯᠢ ᠠᠷᠠᠳ ᠤᠨ | ᠡᠷᠦᠬᠡ ᠠᠮᠠ ᠶᠢᠨ ᠳᠡᠪᠲᠡᠷ᠂ ᠠᠵᠢᠯ ᠬᠥᠳᠡᠯᠮᠦᠷᠢ ᠬᠢᠭᠰᠡᠨ ᠭᠡᠷᠡᠴᠢ᠂ ᠣᠷᠣᠰᠢᠨ ᠰᠠᠭᠤᠭᠰᠠᠨ ᠭᠡᠷᠡᠴᠢ ᠪᠠᠨ ᠠᠪᠴᠤ | ᠰᠤᠷᠭᠠᠨ ᠬᠥᠮᠦᠵᠢᠯ ᠤᠨ ᠲᠣᠪᠴᠢᠶ᠎ᠠ ᠶᠢᠨ ᠰᠤᠷᠭᠠᠨ ᠬᠥᠮᠦᠵᠢᠯ ᠤᠨ ᠲᠠᠰᠤᠭ ᠲᠤ ᠬᠦᠷᠴᠦ ᠳᠠᠩᠰᠠᠯᠠᠭᠤᠯᠤᠨ᠎ᠠ︔ | ᠨᠢᠭᠡᠨᠲᠡ ᠵᠢᠨᠢᠩ ᠲᠣᠭᠤᠷᠢᠭ ᠤᠨ ᠪᠠᠭ᠎ᠠ ᠰᠤᠷᠭᠠᠭᠤᠯᠢ ᠳᠤ ᠰᠤᠷᠤᠯᠴᠠᠵᠤ ᠪᠠᠶᠢᠭ᠎ᠠ ︽ᠪᠠᠭ᠎ᠠ ᠰᠤᠷᠭᠠᠭᠤᠯᠢ ᠠᠴᠠ | ᠠᠩᠬ᠎ᠠ ᠳᠤᠮᠳᠠᠳᠤ ᠳᠤ ᠳᠡᠪᠰᠢᠬᠦ︾ ᠰᠣᠷᠣᠭᠴᠢ ᠶᠢ ᠤᠤᠯ ᠤᠨ ᠰᠤᠷᠭᠠᠭᠤᠯᠢ ᠠᠴᠠ ᠨᠢ ᠪᠦᠷᠢᠳᠬᠡᠨ ᠳᠡᠭᠡᠭᠰᠢ | ᠮᠡᠳᠡᠭᠦᠯᠵᠦ᠂ ᠬᠠᠮᠤᠭ ᠡᠴᠦᠰ ᠲᠤ ᠨᠢᠭᠡᠳᠦᠯᠲᠡᠶ ᠲᠥᠯᠥᠪᠯᠡᠬᠦ ᠪᠤᠶᠤ ᠺᠣᠮᠫᠢᠦ᠋ᠲ᠋ᠧᠷ ᠢᠶᠠᠷ ᠣᠷᠣᠨ ᠪᠠᠶᠢᠷᠢ ᠲᠣᠮᠢᠯᠠᠬᠤ | ᠵᠡᠷᠭᠡ ᠬᠡᠯᠪᠡᠷᠢ ᠪᠠᠷ ᠲᠥᠪᠬᠢᠨᠡᠭᠦᠯᠦᠨ᠎ᠡ᠃ | ︵2︶ ᠵᠡᠮᠳᠡᠭ᠂ ᠡᠪᠡᠳᠴᠢᠨ ᠲᠠᠢ ᠬᠡᠤᠬᠡᠳ ᠪᠠᠭᠠᠴᠤᠳ ᠤᠨ ᠠᠯᠪᠠᠨ ᠵᠢᠷᠤᠮ ᠤᠨ ᠰᠤᠷᠭᠠᠨ ᠬᠥᠮᠦᠵᠢᠯ | ᠭᠥᠷᠳᠡᠬᠦ ᠶᠢ ᠪᠠᠲᠤᠯᠠᠨ᠎ᠠ᠃ ᠠᠭᠤᠰᠤᠯᠴᠠᠭᠤᠯᠬᠤ ᠰᠤᠷᠭᠠᠨ ᠬᠥᠮᠦᠵᠢᠯ ᠢ ᠢᠳᠡᠪᠬᠢᠲᠡᠶ ᠠᠬᠢᠭᠤᠯᠵᠤ᠂ ᠡᠩ ᠤᠨ | ᠰᠤᠷᠭᠠᠨ ᠬᠥᠮᠦᠵᠢᠯ ᠭᠥᠷᠳᠡᠵᠦ ᠳᠡᠶᠢᠯᠬᠦ ᠰᠤᠷᠬᠤ ᠨᠠᠰᠤᠨ ᠤ ᠬᠥᠩᠭᠡᠨ ᠵᠡᠮᠳᠡᠭ ᠬᠡᠤᠬᠡᠳ ᠪᠠᠭᠠᠴᠤᠳ ᠤᠨ ᠠᠩᠭᠢ | ᠳᠠᠭᠠᠵᠤ ᠰᠤᠷᠤᠯᠴᠠᠬᠤ ᠶᠢ ᠬᠠᠤᠯᠢ ᠶᠣᠰᠣᠭᠠᠷ ᠪᠠᠲᠤᠯᠠᠨ᠎ᠠ ᠃ ᠰᠤᠷᠭᠠᠭᠤᠯᠢ ᠳᠤ ᠣᠷᠣᠬᠤ ᠨᠠᠰᠤᠨ ᠤ ᠳᠤᠮᠳᠠ | ᠵᠡᠷᠭᠡ ᠶᠢᠨ ᠵᠡᠮᠳᠡᠭ ᠬᠡᠤᠬᠡᠳ ᠪᠠᠭᠠᠴᠤᠳ ᠢ ᠣᠨᠴᠣᠭᠤᠶ ᠰᠤᠷᠭᠠᠨ ᠬᠥᠮᠦᠵᠢᠯ ᠤᠨ ᠰᠤᠷᠭᠠᠭᠤᠯᠢ ︵ᠪᠤᠶᠤ ᠣᠨᠴᠣᠭᠤᠶ | ᠡᠬᠢ ᠪᠠᠶᠠᠯᠢᠭ ᠤᠨ ᠬᠢᠴᠢᠶᠡᠯ ᠤᠨ ᠬᠡᠷ︶ ᠳᠤ ᠣᠷᠣᠭᠤᠯᠤᠨ ᠰᠤᠷᠤᠯᠴᠠᠭᠤᠯᠬᠤ ᠪᠠᠷ ᠳᠣᠭᠢᠷᠠᠭᠤᠯᠤᠨ᠎ᠠ ᠃ | ᠰᠤᠷᠭᠠᠭᠤᠯᠢ ᠳᠤ ᠣᠴᠢᠵᠤ ᠰᠤᠷᠤᠯᠴᠠᠵᠤ ᠳᠡᠶᠢᠯᠬᠦ ᠥᠬᠡᠶ ᠬᠦᠨᠳᠦ ᠵᠡᠮᠳᠡᠭ ᠬᠡᠤᠬᠡᠳ ᠪᠠᠭᠠᠴᠤᠳ ᠢ | ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠳᠤ ᠣᠷᠣᠭᠤᠯᠵᠤ᠂ ᠰᠤᠷᠭᠠᠨ ᠬᠥᠮᠦᠵᠢᠯ ᠢ ᠬᠡᠷ ᠲᠤᠨᠢ ᠬᠦᠷᠭᠡᠬᠦ | ᠦᠶᠯᠡᠴᠢᠯᠡᠭᠡ ᠶᠢ ᠥᠷᠨᠢᠭᠦᠯᠦᠨ᠎ᠡ᠃ ᠰᠤᠷᠭᠠᠭᠤᠯᠢ ᠳᠤ ᠣᠷᠣᠬᠤ ᠨᠠᠰᠤᠨ ᠤ ᠬᠡᠤᠬᠡᠳ ᠪᠠᠭᠠᠴᠤᠳ ᠪᠡᠶ᠎ᠡ | ᠮᠠᠬᠠᠪᠣᠳ ᠤᠨ ᠪᠠᠶᠢᠳᠠᠯ ᠠᠴᠠ ᠪᠣᠯᠵᠣ ᠰᠤᠷᠭᠠᠭᠤᠯᠢ ᠳᠤ ᠣᠷᠣᠬᠤ ᠶᠢ ᠬᠤᠶᠢᠰᠢᠯᠠᠭᠤᠯᠬᠤ ᠴᠢᠬᠤᠯᠠᠲᠠᠶ ᠪᠠᠶᠢᠪᠠᠯ᠂ | ᠬᠢᠨᠠᠨ ᠬᠠᠮᠠᠭᠠᠯᠠᠭᠴᠢ ᠨᠢ ᠭᠤᠶᠤᠴᠢᠯᠠᠯ ᠭᠠᠷᠭᠠᠬᠤ ᠶᠢᠨ ᠬᠠᠮᠲᠤ ᠬᠠᠮᠢᠶ᠎ᠠ ᠪᠥᠬᠦᠶ ᠭᠡᠷᠡᠴᠢᠯᠡᠬᠦ ᠮᠠᠲ᠋ᠧᠷᠢᠶᠠᠯ ᠢ ᠬᠠᠩᠭᠠᠵᠤ | ᠂ ᠰᠢᠶᠠᠩ ᠪᠠᠯᠭᠠᠰᠤ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠪᠠ ᠬᠡᠰᠡᠭ ᠲᠣᠭᠤᠷᠢᠭ ᠤᠨ | ᠰᠤᠷᠭᠠᠭᠤᠯᠢ ᠪᠠᠷ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠰᠤᠷᠭᠠᠨ ᠬᠥᠮᠦᠵᠢᠯ ᠤᠨ | ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ ᠬᠤᠭᠤᠴᠠᠭ᠎ᠠ ᠨᠢ ᠲᠤᠯᠪᠠᠯ ᠳᠠᠷᠦ᠋ᠢᠬᠠᠨ ᠰᠤᠷᠭᠠᠭᠤᠯᠢ ᠳᠤ | ᠣᠷᠣᠨ᠎ᠠ᠃ | ︵3︶ ᠬᠡᠷ ᠲᠡᠭᠡᠨ ᠬᠤᠴᠣᠷᠤᠭᠰᠠᠨ ᠬᠡᠤᠬᠡᠳ᠂ ᠥᠨᠥᠴᠢᠨ ᠬᠡᠤᠬᠡᠳ᠂ ᠳᠡᠩᠰᠡᠯᠡᠨ ᠺᠠᠷᠲᠯᠠᠭᠰᠠᠨ | ᠶᠠᠳᠠᠭᠤ ᠬᠦᠴᠢᠷᠳᠡᠯᠲᠡᠶ ᠡᠷᠦᠬᠡ ᠶᠢᠨ ᠰᠤᠷᠬᠤ ᠨᠠᠰᠤᠨ ᠤ ᠦᠷ᠎ᠡ ᠬᠡᠤᠬᠡᠳ ᠢ ᠪᠦᠬᠦᠨ ᠢ ᠰᠤᠷᠭᠠᠭᠤᠯᠢ ᠳᠤ | ᠣᠷᠣᠭᠤᠯᠬᠤ ᠶᠢ ᠪᠠᠲᠤᠯᠠᠨ᠎ᠠ᠃ ᠳᠤᠮᠳᠠᠳᠤ ᠪᠠᠭ᠎ᠠ ᠰᠤᠷᠭᠠᠭᠤᠯᠢ ᠨᠤᠭᠤᠳ ᠬᠡᠷ ᠲᠡᠭᠡᠨ ᠬᠤᠴᠣᠷᠤᠭᠰᠠᠨ ᠬᠡᠤᠬᠡᠳ᠂ | ᠥᠨᠥᠴᠢᠨ ᠬᠡᠤᠬᠡᠳ ᠢ ᠰᠤᠷᠤᠯᠭ᠎ᠠ ᠪᠠᠨ ᠳᠣᠷᠭᠤᠨ ᠵᠣᠭᠰᠣᠬᠤ ᠶᠢ ᠬᠢᠵᠠᠭᠠᠷᠯᠠᠵᠤ ᠰᠤᠷᠤᠯᠭ᠎ᠠ ᠶᠢ ᠪᠠᠲᠤᠯᠠᠬᠤ ᠪᠠ | ᠰᠤᠷᠭᠠᠨ ᠬᠥᠮᠦᠵᠢᠯ ᠤᠨ ᠦᠶᠯᠡᠴᠢᠯᠡᠭᠡᠨ ᠤ ᠠᠵᠢᠯ ᠤᠨ ᠭᠤᠤᠯᠳᠠᠯᠭ᠎ᠠ ᠲᠠᠢ ᠡᠲᠡᠭᠡᠳ ᠪᠣᠯᠭᠠᠵᠤ᠂ ᠨᠠᠩ ᠣᠯᠠᠨ | ᠠᠩᠬᠠᠷᠤᠯ ᠪᠠ ᠬᠠᠶᠢᠷ᠎ᠠ ᠬᠠᠯᠠᠮᠵᠢ ᠦᠵᠡᠭᠦᠯᠬᠦ ᠬᠡᠷᠡᠭᠲᠡᠶ︔ ᠬᠥᠳᠡᠭᠡ ᠲᠣᠰᠬᠤᠨ ᠤ ᠶᠠᠳᠠᠭᠤ ᠬᠦᠴᠢᠷᠳᠡᠯᠲᠡᠶ ᠭᠡᠷ | ᠪᠦᠯᠢ ᠳᠤ ᠭᠦᠨᠵᠡᠭᠡᠶᠢᠷᠡᠨ᠂ ᠭᠡᠷ ᠤᠨ ᠠᠮᠢᠳᠤᠷᠠᠯ ᠨᠢ ᠬᠦᠴᠢᠷᠳᠡᠯᠲᠡᠶ ᠰᠤᠷᠤᠭᠴᠢᠳ ᠢ ᠲᠤᠰᠠᠯᠠᠬᠤ ᠲᠦᠷᠦ ᠶᠢᠨ | ᠪᠤᠳᠤᠯᠭ᠎ᠠ ᠶᠢ ᠢᠳᠡᠪᠬᠢᠲᠡᠶ ᠤᠬᠠᠭᠤᠯᠵᠤ᠂ ᠶᠠᠳᠠᠭᠤ ᠬᠦᠴᠢᠷᠳᠡᠯᠲᠡᠶ ᠰᠤᠷᠤᠭᠴᠢᠳ ᠤᠨ ᠰᠤᠷᠭᠠᠭᠤᠯᠢ ᠳᠤ | ᠣᠷᠣᠬᠤ ᠶᠢ ᠪᠠᠲᠤᠯᠠᠬᠤ ᠬᠡᠷᠡᠭᠲᠡᠶ᠃ | 7. ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠰᠣᠷᠣᠭᠴᠢ ᠡᠯᠰᠡᠬᠦ ᠶᠢ ᠴᠢᠩᠭ᠎ᠠ ᠵᠢᠷᠤᠮᠵᠢᠭᠤᠯᠬᠤ | ᠬᠡᠷᠡᠭᠲᠡᠶ | ︵1︶ ᠠᠯᠪᠠᠨ ᠠᠴᠠ ᠡᠷᠭᠢᠯᠡᠭᠰᠡᠨ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠨᠢᠭᠡᠳᠦᠯᠲᠡᠶ | ᠬᠠᠮᠢᠶᠠᠷᠤᠯᠲᠠ ᠶᠢ ᠪᠠᠷᠢᠮᠲᠠᠯᠠᠨ᠎ᠠ᠃ ᠪᠥᠬᠦ ᠲᠤᠭᠤᠷᠢᠭ ᠤᠨ ᠠᠷᠠᠳ ᠠᠴᠠ ᠡᠷᠭᠢᠯᠡᠭᠰᠡᠨ ᠳᠤᠮᠳᠠᠳᠤ ᠪᠠᠭ᠎ᠠ | ᠰᠤᠷᠭᠠᠭᠤᠯᠢ ᠶᠢᠨ ᠰᠣᠷᠣᠭᠴᠢ ᠡᠯᠰᠡᠬᠦ ᠶᠢ ᠵᠢᠷᠤᠮ ᠤᠨ ᠬᠥᠮᠦᠵᠢᠯ ᠤᠨ ᠰᠣᠷᠣᠭᠴᠢ ᠡᠯᠰᠡᠬᠦ ᠠᠵᠢᠯ ᠤᠨ ᠤᠳᠤᠷᠢᠳᠬᠤ | ᠳᠤᠭᠤᠶᠢᠯᠠᠩ ᠳᠤ ᠣᠷᠣᠭᠤᠯᠤᠨ ᠨᠢᠭᠡᠳᠦᠯᠲᠡᠶ ᠬᠠᠮᠢᠶᠠᠷᠤᠨ᠎ᠠ᠃ ᠠᠷᠠᠳ ᠠᠴᠠ ᠡᠷᠭᠢᠯᠡᠭᠰᠡᠨ ᠰᠤᠷᠭᠠᠭᠤᠯᠢ ᠨᠢ | ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠠᠯᠪᠠᠨ ᠬᠡᠷ ᠤᠨ ᠲᠣᠭᠲᠠᠭᠠᠭᠰᠠᠨ ᠰᠣᠷᠣᠭᠴᠢ ᠡᠯᠰᠡᠬᠦ | ᠰᠠᠨᠠᠯ ᠢ ᠦᠨᠳᠦᠰᠦᠯᠡᠨ᠂ ᠲᠣᠰ ᠰᠤᠷᠭᠠᠭᠤᠯᠢ ᠶᠢᠨ ᠢᠶᠠᠨ ᠰᠣᠷᠣᠭᠴᠢ ᠡᠯᠰᠡᠬᠦ ᠠᠵᠢᠯ ᠤᠨ ᠲᠥᠰᠦᠯ ︵ᠰᠣᠷᠣᠭᠴᠢ | ᠡᠯᠰᠡᠬᠦ ᠲᠥᠯᠥᠪᠯᠡᠭᠡ᠂ ᠰᠣᠷᠣᠭᠴᠢ ᠡᠯᠰᠡᠬᠦ ᠬᠡᠪᠴᠢᠶ᠎ᠡ᠂ ᠰᠣᠷᠣᠭᠴᠢ ᠡᠯᠰᠡᠬᠦ ᠠᠷᠭ᠎ᠠ ᠮᠠᠶ᠋ᠢᠭ᠂ ᠰᠣᠷᠣᠭᠴᠢ ᠡᠯᠰᠡᠬᠦ | ᠴᠠᠭ ᠵᠡᠷᠭᠡ ᠠᠭᠤᠯᠭ᠎ᠠ ᠪᠠᠭᠲᠠᠨ᠎ᠠ︶ ᠢ ᠲᠣᠭᠲᠠᠭᠠᠵᠤ᠂ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠬᠡᠷᠡᠭᠵᠢᠭᠦᠯᠬᠦ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ | ᠬᠢᠨᠠᠯᠲᠠ ᠶᠢ ᠬᠦᠯᠢᠶᠡᠨ᠎ᠡ᠃ ᠰᠤᠷᠭᠠᠭᠤᠯᠢ ᠶᠢᠨ ᠰᠣᠷᠣᠭᠴᠢ ᠡᠯᠰᠡᠬᠦ ᠲᠣᠪᠴᠢ ᠲᠦᠷᠢᠮ ᠪᠠ ᠵᠠᠷ ᠢ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠦᠭᠰᠡᠨ ᠤ ᠳᠠᠷᠠᠭ᠎ᠠ᠂ | ᠰᠤᠷᠭᠠᠨ ᠬᠥᠮᠦᠵᠢᠯ ᠤᠨ ᠲᠣᠪᠴᠢᠶ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ︵2︶ ᠲᠦᠷᠦ ᠶᠢᠨ ᠪᠤᠳᠤᠯᠭ᠎ᠠ ᠰᠠᠬᠢᠯᠭ᠎ᠠ ᠪᠠᠲᠤ ᠶᠢ ᠴᠢᠩᠳᠠᠯᠠᠨ᠎ᠠ᠃ ᠠᠷᠠᠳ ᠠᠴᠠ ᠡᠷᠭᠢᠯᠡᠭᠰᠡᠨ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠨᠤᠭᠤᠳ ᠲᠣᠭᠲᠠᠭᠠᠯ ᠶᠣᠰᠣᠭᠠᠷ ᠪᠡᠶ᠎ᠡ ᠪᠠᠨ ᠳᠠᠭᠠᠭᠠᠵᠤ | ᠰᠣᠷᠣᠭᠴᠢ ᠡᠯᠰᠡᠵᠦ᠂ ᠰᠣᠷᠣᠭᠴᠢ ᠡᠯᠰᠡᠬᠦ ᠲᠥᠯᠥᠪᠯᠡᠭᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠶ᠃ ᠬᠤᠳᠠᠯ | ᠬᠠᠭᠤᠷᠮᠠᠭ ᠢᠶᠠᠷ ᠰᠣᠷᠣᠭᠴᠢ ᠡᠯᠰᠡᠬᠦ ᠤᠬᠠᠭᠤᠯᠭ᠎ᠠ ᠬᠢᠬᠦ ᠶᠢ ᠴᠢᠩᠭ᠎ᠠ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ | ᠣᠷᠣᠨ ᠪᠦᠰᠡ ᠠᠯᠤᠰᠯᠠᠨ ᠰᠣᠷᠣᠭᠴᠢ ᠡᠯᠰᠡᠬᠦ ᠶᠢ ᠴᠢᠩᠭ᠎ᠠ ᠴᠠᠭᠠᠵᠠᠯᠠᠵᠤ᠂ ᠶᠠᠮᠠᠷᠪᠠ ᠬᠡᠯᠪᠡᠷᠢ ᠪᠠᠷ ᠰᠣᠷᠣᠭᠴᠢ ᠶᠢᠨ | ᠢᠷᠡᠯᠲᠡ ᠶᠢ ᠤᠷᠢᠳᠴᠢᠯᠠᠨ ᠰᠣᠩᠭᠤᠵᠤ ᠪᠣᠯᠬᠤ ᠥᠬᠡᠶ᠂ ᠰᠣᠷᠣᠭᠴᠢ ᠶᠢᠨ ᠢᠷᠡᠯᠲᠡ ᠶᠢᠨ ᠪᠠᠶᠢᠭ᠎ᠠ ᠬᠡᠰᠡᠭ | ᠲᠣᠭᠤᠷᠢᠭ ᠤᠨ ᠰᠤᠷᠭᠠᠭᠤᠯᠢ ᠶᠢᠨ ᠰᠣᠷᠣᠭᠴᠢ ᠡᠯᠰᠡᠬᠦ ᠡᠮᠬᠢ ᠳᠢᠭᠯᠢᠮ ᠳᠤ ᠲᠠᠭᠠᠷᠢᠯᠲᠠ ᠤᠴᠠᠷᠠᠭᠤᠯᠬᠤ ᠶᠢ ᠡᠷᠡᠰ | ᠬᠤᠷᠢᠭᠯᠠᠬᠤ ᠬᠡᠷᠡᠭᠲᠡᠶ᠃ | ︵ᠬᠤᠶᠠᠷ︶ ᠬᠠᠷᠠᠭᠠᠯᠵᠠᠯ ᠤᠨ ᠲᠥᠷᠥ ᠶᠢᠨ ᠪᠤᠳᠤᠯᠭ᠎ᠠ ᠶᠢ ᠴᠢᠩᠭ᠎ᠠ ᠬᠡᠷᠡᠭᠵᠢᠭᠦᠯᠬᠦ ᠬᠡᠷᠡᠭᠲᠡᠶ | ᠳᠣᠤᠷᠠᠬᠢ ᠪᠠᠶᠢᠳᠠᠯ ᠤᠨ ᠨᠢᠭᠡ ᠳᠤ ᠬᠠᠷᠢᠶᠠᠯᠠᠭᠳᠠᠪᠠᠯ᠂ ᠵᠢᠷᠤᠮ ᠤᠨ ᠰᠤᠷᠭᠠᠨ ᠬᠥᠮᠦᠵᠢᠯ ᠤᠨ | ᠰᠣᠷᠣᠭᠴᠢ ᠡᠯᠰᠡᠬᠦ ᠠᠯᠪᠠᠨ ᠬᠡᠷ ᠠᠴᠠ ᠬᠤᠯᠪᠣᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠬᠠᠷᠠᠭᠠᠯᠵᠠᠯ ᠤᠨ | ᠲᠥᠷᠥ ᠶᠢᠨ ᠪᠣᠳᠣᠯᠭ᠎ᠠ ᠶᠢᠨ ᠶᠣᠰᠣᠭᠠᠷ᠂ ᠬᠡᠰᠡᠭ ᠲᠣᠭᠤᠷᠢᠭ ᠤᠨ ᠰᠣᠷᠣᠭᠴᠢ ᠶᠢᠨ ᠢᠷᠡᠯᠲᠡ ᠶᠢᠨ ᠪᠠᠶᠢᠳᠠᠯ ᠪᠣᠯᠤᠨ | ᠬᠡᠷ ᠤᠨ ᠠᠬᠠᠮᠠᠳ ᠤᠨ ᠬᠦᠰᠡᠯ ᠰᠠᠨᠠᠭ᠎ᠠ ᠶᠢ ᠦᠨᠳᠦᠰᠦᠯᠡᠨ᠂ ᠨᠢᠭᠡᠳᠦᠯᠲᠡᠶ ᠲᠥᠯᠥᠪᠯᠡᠨ ᠳᠣᠭᠢᠷᠠᠭᠤᠯᠵᠤ | ᠰᠤᠷᠭᠠᠭᠤᠯᠢ ᠳᠤ ᠣᠷᠣᠭᠤᠯᠤᠨ᠎ᠠ᠃ | 1. ᠵᠢᠩᠬᠢᠨᠢ ᠠᠯᠪᠠᠨ ᠤ ᠴᠡᠷᠢᠭ ᠤᠨ ᠦᠷ᠎ᠡ ᠬᠡᠦᠬᠡᠳ᠂ ᠭᠠᠯ ᠰᠡᠷᠭᠡᠶᠢᠯᠡᠨ ᠤᠨᠲᠠᠷᠠᠭᠠᠵᠤ ᠠᠪᠤᠷᠠᠨ | ᠲᠤᠰᠠᠯᠠᠬᠤ ᠬᠥᠮᠦᠰ ᠤᠨ ᠦᠷ᠎ᠡ ᠬᠡᠦᠬᠡᠳ᠂ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠦᠷᠡᠭᠳᠡᠭᠰᠡᠨ | ᠪᠠᠭᠠᠲᠤᠷ ᠪᠠ ᠠᠯᠪᠠᠨ ᠶᠠᠪᠤᠳᠠᠯ ᠢᠶᠠᠷ ᠪᠡᠶ᠎ᠡ ᠦᠷᠡᠭᠳᠡᠭᠰᠡᠨ ᠵᠡᠮᠳᠡᠭ ᠠᠷᠠᠳ ᠤᠨ ᠴᠠᠭᠳᠠᠭ᠎ᠠ ᠶᠢᠨ ᠦᠷ᠎ᠡ ᠬᠡᠦᠬᠡᠳ᠂ | ᠦᠷᠡᠭᠳᠡᠭᠰᠡᠨ ᠪᠠᠭᠠᠲᠤᠷᠴᠤᠳ ᠤᠨ ᠦᠷ᠎ᠡ ᠬᠡᠦᠬᠡᠳ︔ | 2.ᠵᠢᠨᠢᠩ ᠲᠣᠭᠤᠷᠢᠭ ᠤᠨ ᠠᠵᠤ ᠠᠬᠤᠶ ᠶᠢᠨ ᠪᠦᠳᠦᠭᠡᠨ ᠪᠠᠶᠢᠭᠤᠯᠤᠯᠲᠠ᠂ ᠰᠤᠷᠭᠠᠨ ᠬᠥᠮᠦᠵᠢᠯ ᠤᠨ | ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ ᠦᠵᠡᠭᠦᠯᠦᠭᠰᠡᠨ ᠬᠥᠮᠦᠰ ᠤᠨ ᠦᠷ᠎ᠡ ᠬᠡᠦᠬᠡᠳ︔ | 3. ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠤ ᠦᠷ᠎ᠡ ᠬᠡᠤᠬᠡᠳ᠂ ᠵᠠᠰᠠᠭ ᠤᠨ ᠣᠷᠳᠣᠨ ᠤ | ᠨᠡᠮᠡᠭᠦᠷᠢ ᠶᠢ ᠭᠥᠷᠳᠡᠵᠦ ᠪᠠᠶᠢᠭ᠎ᠠ ᠣᠨᠴᠠᠭᠠᠶ ᠴᠢᠳᠠᠪᠤᠷᠢᠲᠠᠨ ᠤ ᠦᠷ᠎ᠡ ᠬᠡᠤᠬᠡᠳ︔ | 4. ᠲᠣᠭᠤᠷᠢᠭ ︵ᠰᠢᠶᠠᠨ︶ ᠤᠨ ᠱᠠᠲᠤᠨ ᠠᠴᠠ ᠳᠡᠭᠡᠭᠰᠢᠬᠢ ᠡᠯ᠎ᠡ ᠲᠥᠷᠥᠯ ᠤᠨ ᠲᠡᠷᠢᠭᠦᠨ ᠤ ᠢᠷᠠᠭᠤ | ᠠᠯᠳᠠᠷ ᠤᠨ ᠴᠣᠯᠠ ᠭᠥᠷᠳᠡᠭᠰᠡᠨ ᠲᠣᠭᠤᠷᠢᠭ ᠤᠨ ᠬᠠᠷᠢᠶ᠎ᠠ ᠡᠯ᠎ᠡ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ | ᠴᠡᠴᠡᠷᠯᠢᠭ ᠤᠨ ᠪᠠᠭᠰᠢ ᠶᠢᠨ ᠦᠷ᠎ᠡ ᠬᠡᠤᠬᠡᠳ ᠃ | 5. ᠬᠤᠪᠧᠶ ᠶᠢ ᠲᠤᠰᠠᠯᠠᠵᠤ ᠬᠢᠵᠢᠭ ᠢ ᠡᠰᠡᠷᠭᠦᠴᠡᠬᠦ ᠡᠮᠴᠢ ᠰᠤᠪᠢᠯᠠᠭᠴᠢ ᠶᠢᠨ ᠦᠷ᠎ᠡ ᠬᠡᠦᠬᠡᠳ᠃ | ︵ᠭᠤᠷᠪᠠ︶ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠤᠨ᠎ᠠ | 1. ᠰᠤᠷᠭᠠᠭᠤᠯᠢ ᠶᠢᠨ ᠬᠠᠷᠢᠶ᠎ᠠ ᠶᠢ ᠴᠠᠭ ᠲᠤᠬᠠᠶ ᠳᠤᠨᠢ ᠳᠠᠩᠰᠠᠯᠠᠭᠤᠯᠬᠤ ᠬᠡᠷᠡᠭᠲᠡᠶ᠃ ᠲᠤᠭᠤᠷᠢᠭ ᠤᠨ | ᠬᠠᠷᠢᠶ᠎ᠠ ᠳᠤᠮᠳᠠᠳᠤ ᠪᠠᠭ᠎ᠠ ᠰᠤᠷᠭᠠᠭᠤᠯᠢ ᠨᠤᠭᠤᠳ ᠰᠣᠷᠣᠭᠴᠢ ᠶᠢᠨ ᠰᠤᠷᠭᠠᠭᠤᠯᠢ ᠶᠢᠨ ᠬᠠᠷᠢᠶ᠎ᠠ ᠶᠢᠨ ᠡᠳᠦᠷ | ᠲᠤᠲᠤᠮ ᠤᠨ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠰᠤᠷᠭᠠᠭᠤᠯᠢ ᠶᠢᠨ ᠬᠠᠷᠢᠶ᠎ᠠ ᠶᠢᠨ ᠮᠡᠳᠡᠭᠡ ᠵᠠᠩᠭᠢ ᠶᠢ | ᠴᠠᠭ ᠲᠤᠬᠠᠶ ᠳᠤᠨᠢ ᠳᠡᠩᠰᠡᠯᠡᠵᠦ᠂ ᠬᠠᠷᠭᠤᠭᠤᠯᠤᠨ ᠰᠢᠯᠭᠠᠵᠤ᠂ ᠳᠡᠭᠡᠭᠰᠢ ᠮᠡᠳᠡᠭᠦᠯᠬᠦ ᠪᠠ ᠬᠤᠪᠢᠷᠠᠭᠤᠯᠬᠤ ᠶᠢᠨ | ᠬᠠᠮᠲᠤ ᠮᠡᠳᠡᠭᠡ ᠵᠠᠩᠭᠢ ᠶᠢᠨ ᠦᠨᠡᠨ ᠪᠣᠳᠠᠲᠠᠶ᠂ ᠣᠨᠣᠪᠴᠢᠲᠠᠶ᠂ ᠪᠦᠷᠢᠨ ᠪᠦᠲᠦᠨ ᠪᠠᠶᠢᠬᠤ ᠶᠢ ᠦᠨᠡᠨᠬᠦ ᠪᠠᠲᠤᠯᠠᠬᠤ | ᠬᠡᠷᠡᠭᠲᠡᠶ᠃ | 2. ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠶᠢ ᠴᠢᠩᠳᠠᠯᠠᠨ᠎ᠠ᠃ ᠲᠤᠭᠤᠷᠢᠭ ᠤᠨ ᠬᠠᠷᠢᠶ᠎ᠠ ᠪᠥᠬᠦᠶ | ᠳᠤᠮᠳᠠᠳᠤ ᠪᠠᠭ᠎ᠠ ᠰᠤᠷᠭᠠᠭᠤᠯᠢ ᠨᠤᠭᠤᠳ ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠪᠠᠨ ᠦᠨᠡᠨᠬᠦ | ᠴᠢᠩᠭᠠᠳᠬᠠᠵᠤ᠂ ︽ᠨᠢᠭᠡ ᠬᠥᠮᠦᠨ ᠨᠢᠭᠡ ᠬᠠᠷᠢᠶ᠎ᠠ ᠲᠠᠢ᠂ ᠬᠠᠷᠢᠶ᠎ᠠ ᠨᠢ ᠬᠥᠮᠦᠨ ᠢ ᠳᠠᠭᠠᠵᠤ ᠶᠠᠪᠤᠬᠤ᠂ ᠬᠠᠷᠢᠶ᠎ᠠ ᠨᠢ | ᠨᠢᠭᠡᠳᠦᠯᠲᠡᠶ ᠪᠠᠶᠢᠬᠤ︾ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠡᠩ ᠤᠨ ᠳᠤᠮᠳᠠᠳᠤ ᠪᠠᠭ᠎ᠠ ᠰᠤᠷᠭᠠᠭᠤᠯᠢ ᠶᠢᠨ | ᠰᠤᠷᠤᠭᠴᠢᠳ ᠤᠨ ᠵᠢᠭᠡᠯᠡᠨ ᠰᠤᠷᠤᠯᠴᠠᠬᠤ ᠶᠢ ᠴᠢᠩᠭ᠎ᠠ ᠴᠠᠭᠠᠵᠠᠯᠠᠬᠤ ᠬᠡᠷᠡᠭᠲᠡᠶ᠃ ᠨᠢᠭᠡᠳᠦᠭᠡᠷ ᠣᠨ ᠪᠠ ᠳᠣᠯᠣᠳᠤᠭᠠᠷ | ᠣᠨ ᠤ ᠰᠢᠨ᠎ᠡ ᠰᠤᠷᠤᠭᠴᠢᠳ ᠵᠢᠨᠢᠩ ᠲᠣᠭᠤᠷᠢᠭ ᠲᠤ ᠰᠤᠷᠭᠠᠭᠤᠯᠢ ᠰᠢᠯᠵᠢᠵᠦ ᠪᠣᠯᠬᠤ ᠥᠬᠡᠶ᠃ | ᠲᠠᠪᠤ᠂ ᠠᠵᠢᠯ ᠤᠨᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ | ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠡᠯᠰᠡᠬᠦ ᠪᠠ ᠰᠤᠷᠭᠠᠭᠤᠯᠢ ᠳᠤ ᠣᠷᠣᠬᠤ ᠠᠵᠢᠯ ᠤᠨ ᠵᠢᠯᠣᠭᠤᠳᠣᠯᠭ᠎ᠠ | ᠂ ᠬᠢᠨᠠᠯᠲᠠ ᠪᠠ ᠬᠠᠮᠢᠶᠠᠷᠤᠯᠲᠠ ᠪᠠᠨ ᠦᠨᠡᠨᠬᠦ ᠴᠢᠩᠭᠠᠳᠬᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ | ᠡᠯᠰᠡᠬᠦ ᠪᠠ ᠰᠤᠷᠭᠠᠭᠤᠯᠢ ᠳᠤ ᠣᠷᠣᠬᠤ ᠠᠵᠢᠯ ᠤᠨ ᠲᠤᠬᠠᠶ ᠤᠯᠤᠰ᠂ ᠥᠪᠡᠷᠲᠡᠭᠡᠨ ᠵᠠᠰᠠᠬᠤ ᠣᠷᠣᠨ ᠪᠠ | ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠡᠯ᠎ᠡ ᠵᠦᠶᠯ ᠤᠨ ᠱᠠᠭᠠᠷᠳᠠᠯᠭ᠎ᠠ ᠶᠢ | ᠴᠢᠩᠭ᠎ᠠ ᠬᠡᠷᠡᠭᠵᠢᠭᠦᠯᠵᠦ᠂ ᠬᠤᠲᠠ ᠶᠢᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ᠤᠨ ︽ᠰᠤᠷᠭᠠᠨ ᠬᠥᠮᠦᠵᠢᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠢ | ᠥᠷᠨᠢᠭᠦᠯᠬᠦ ᠲᠤᠬᠠᠶ ᠲᠥᠰᠦᠯ︾ ᠤᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠱᠠᠭᠠᠷᠳᠠᠯᠭ᠎ᠠ ᠶᠢ ᠴᠢᠩᠭ᠎ᠠ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠢᠯᠡ ᠪᠠᠷ ᠰᠣᠷᠣᠭᠴᠢ ᠡᠯᠰᠡᠬᠦ᠂ ᠢᠯᠡ ᠪᠠᠷ ᠠᠩᠭᠢ ᠬᠤᠪᠢᠶᠠᠬᠤ ᠡᠯ᠎ᠡ | ᠵᠦᠶᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠰᠣᠷᠣᠭᠴᠢ | ᠡᠯᠰᠡᠬᠦ ᠪᠠ ᠰᠤᠷᠭᠠᠭᠤᠯᠢ ᠳᠤ ᠣᠷᠣᠬᠤ ᠠᠵᠢᠯ ᠤᠨ ᠲᠣᠭᠲᠠᠭᠤᠨ ᠪᠥᠭᠡᠳ ᠡᠮᠬᠢ ᠵᠢᠷᠤᠮ ᠲᠠᠢ ᠶᠠᠪᠤᠭᠳᠠᠬᠤ ᠶᠢ | ᠦᠨᠡᠨᠬᠦ ᠪᠠᠲᠤᠯᠠᠬᠤ ᠬᠡᠷᠡᠭᠲᠡᠶ᠃ | ︵ᠬᠤᠶᠠᠷ︶ ᠰᠤᠷᠤᠭᠴᠢ ᠡᠯᠰᠡᠬᠦ ᠤᠬᠠᠭᠤᠯᠭ᠎ᠠ ᠶᠢ ᠴᠢᠩᠭᠠᠳᠬᠠᠬᠤ ᠬᠡᠷᠡᠭᠲᠡᠶ | ᠰᠤᠷᠭᠠᠨ ᠬᠥᠮᠦᠵᠢᠯ ᠤᠨ ᠲᠣᠪᠴᠢᠶ᠎ᠠ᠂ ᠡᠯ᠎ᠡ ᠳᠤᠮᠳᠠᠳᠤ ᠪᠠᠭ᠎ᠠ ᠰᠤᠷᠭᠠᠭᠤᠯᠢ ᠨᠤᠭᠤᠳ ᠠᠯᠪᠠᠨ ᠤ | ᠰᠦᠯᠵᠢᠶ᠎ᠡ᠂ ᠸᠢᠴᠠᠲ ᠤᠨ ᠲᠠᠪᠴᠠᠩ ᠵᠢᠴᠢ ᠪᠤᠰᠤᠳ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠭᠤᠯᠤᠨ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠢᠯᠭᠠᠬᠤ ᠥᠬᠡᠶ ᠪᠠᠷ ᠬᠡᠷ ᠣᠶᠢᠷᠠᠯᠴᠠᠭ᠎ᠠ ᠰᠤᠷᠭᠠᠭᠤᠯᠢ ᠳᠤ | ᠣᠷᠣᠭᠤᠯᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠪᠠ ᠤᠬᠠᠭᠤᠯᠭ᠎ᠠ ᠪᠠᠨ ᠴᠢᠩᠭᠠᠳᠬᠠᠬᠤ ᠬᠡᠷᠡᠭᠲᠡᠶ ᠃ | ᠬᠡᠷ ᠤᠨ ᠠᠬᠠᠮᠠᠳ ᠪᠣᠯᠤᠨ ᠰᠤᠷᠤᠭᠴᠢᠳ ᠤᠨ ᠰᠣᠷᠣᠭᠴᠢ ᠡᠯᠰᠡᠬᠦ ᠯᠠᠪᠯᠠᠯᠭ᠎ᠠ ᠳᠤ ᠢᠳᠡᠪᠬᠢᠲᠡᠶ ᠬᠠᠷᠢᠭᠤᠯᠲᠠ | ᠥᠭᠴᠦ᠂ ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠬᠥᠲᠥᠯᠦᠨ ᠵᠢᠯᠣᠭᠤᠳᠴᠤ᠂ ᠥᠷᠭᠡᠨ ᠣᠯᠠᠨ ᠬᠡᠷ ᠤᠨ ᠠᠬᠠᠮᠠᠳ | ᠪᠣᠯᠤᠨ ᠰᠤᠷᠤᠭᠴᠢᠳ ᠲᠤ ᠦᠶᠯᠡᠴᠢᠯᠡᠨ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠣᠷᠣᠭᠴᠢ ᠡᠯᠰᠡᠬᠦ ᠪᠠ | ᠰᠤᠷᠭᠠᠭᠤᠯᠢ ᠳᠤ ᠣᠷᠣᠬᠤ ᠠᠵᠢᠯ ᠤᠨ ᠰᠠᠶᠢᠨ ᠰᠠᠶᠢᠬᠠᠨ ᠨᠡᠶᠢᠭᠡᠮ ᠤᠨ ᠣᠷᠴᠢᠨ ᠲᠣᠭᠤᠷᠢᠨ ᠪᠣᠯᠤᠨ ᠶᠠᠷᠢᠶ᠎ᠠ | ᠬᠡᠯᠡᠯᠴᠡᠭᠡᠨ ᠤ ᠠᠭᠤᠷ ᠠᠮᠢᠰᠬᠤᠯ ᠢ ᠴᠢᠷᠮᠠᠶᠢᠨ ᠪᠣᠶ ᠪᠣᠯᠭᠠᠬᠤ ᠬᠡᠷᠡᠭᠲᠡᠶ᠃ | ︵ᠭᠤᠷᠪᠠ︶ ᠰᠤᠷᠤᠭᠴᠢ ᠡᠯᠰᠡᠬᠦ ᠥᠢᠯᠡ ᠠᠵᠢᠯᠯᠠᠭ᠎ᠠ ᠶᠢ ᠵᠢᠷᠤᠮᠵᠢᠭᠤᠯᠬᠤ ᠬᠡᠷᠡᠭᠲᠡᠶ | ᠳᠤᠮᠳᠠᠳᠤ ᠪᠠᠭ᠎ᠠ ᠰᠤᠷᠭᠠᠭᠤᠯᠢ ᠨᠤᠭᠤᠳ ᠰᠣᠷᠣᠭᠴᠢ ᠡᠯᠰᠡᠬᠦ ᠰᠠᠬᠢᠯᠭ᠎ᠠ ᠪᠠᠲᠤ ᠶᠢ ᠴᠢᠩᠭ᠎ᠠ | ᠬᠡᠷᠡᠭᠵᠢᠭᠦᠯᠵᠦ᠂ ᠰᠤᠷᠭᠠᠨ ᠬᠥᠮᠦᠵᠢᠯ ᠤᠨ ᠶᠠᠮᠤᠨ ᠤ ︽ᠠᠷᠪᠠᠨ ᠵᠦᠶᠯ ᠤᠨ ᠴᠢᠩᠭ᠎ᠠ ᠴᠠᠭᠠᠵᠠᠯᠠᠯ︾ ᠢ ᠴᠢᠩᠭ᠎ᠠ | ᠨᠠᠶᠢᠳᠠᠪᠤᠷᠢᠵᠢᠭᠤᠯᠬᠤ ᠬᠡᠷᠡᠭᠲᠡᠶ᠃ ᠲᠥᠯᠥᠪᠯᠡᠭᠡ ᠥᠬᠡᠶ ᠪᠠᠷ᠂ ᠲᠥᠯᠥᠪᠯᠡᠭᠡ ᠠᠴᠠ ᠳᠠᠪᠠᠭᠤᠯᠤᠨ ᠵᠣᠬᠢᠶᠠᠨ | ᠪᠠᠶᠢᠭᠤᠯᠵᠤ ᠰᠣᠷᠣᠭᠴᠢ ᠡᠯᠰᠡᠬᠦ ᠶᠢ ᠴᠢᠩᠭ᠎ᠠ ᠴᠠᠭᠠᠵᠠᠯᠠᠨ᠎ᠠ᠂ ᠰᠤᠷᠭᠠᠭᠤᠯᠢ ᠨᠤᠭᠤᠳ ᠰᠣᠷᠣᠭᠴᠢ ᠡᠯᠰᠡᠬᠦ ᠠᠵᠢᠯ | ᠳᠠᠭᠤᠰᠤᠭᠰᠠᠨ ᠤ ᠳᠠᠷᠠᠭ᠎ᠠ ᠪᠤᠰᠤᠳ ᠰᠤᠷᠭᠠᠭᠤᠯᠢ ᠳᠤ ᠡᠯᠰᠡᠭᠳᠡᠭᠰᠡᠨ ᠰᠣᠷᠣᠭᠴᠢ ᠶᠢ ᠳᠤᠷ᠎ᠠ ᠪᠠᠷ ᠢᠶᠠᠨ ᠡᠯᠰᠡᠵᠦ | ᠪᠣᠯᠬᠤ ᠥᠬᠡᠶ ᠃ ᠥᠪᠡᠰᠦᠪᠡᠨ ᠵᠣᠬᠢᠶᠠᠨ ᠪᠠᠶᠢᠭᠤᠯᠬᠤ ᠪᠤᠶᠤ ᠨᠡᠶᠢᠭᠡᠮ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠲᠠᠢ ᠬᠠᠮᠲᠤᠷᠠᠨ ᠰᠣᠷᠣᠭᠴᠢ ᠶᠢᠨ ᠢᠷᠡᠯᠲᠡ ᠶᠢ ᠰᠢᠯᠢᠨ ᠰᠣᠩᠭᠤᠬᠤ ᠪᠠᠷ ᠵᠣᠷᠢᠯᠭ᠎ᠠ ᠪᠣᠯᠭᠠᠭᠰᠠᠨ ᠡᠯ᠎ᠡ | ᠲᠥᠷᠥᠯ ᠤᠨ ᠰᠢᠯᠭᠠᠯᠲᠠ ᠶᠢ ᠵᠣᠬᠢᠶᠠᠨ ᠪᠠᠶᠢᠭᠤᠯᠬᠤ᠂ ᠡᠰᠡᠬᠦᠯ᠎ᠡ ᠨᠡᠶᠢᠭᠡᠮ ᠤᠨ ᠪᠣᠯᠪᠠᠰᠤᠷᠠᠭᠤᠯᠤᠯ ᠤᠨ | ᠪᠠᠶᠢᠭᠤᠯᠤᠮᠵᠢ ᠶᠢᠨ ᠥᠪᠡᠰᠦᠪᠡᠨ ᠵᠣᠬᠢᠶᠠᠨ ᠪᠠᠶᠢᠭᠤᠯᠤᠭᠰᠠᠨ ᠡᠯ᠎ᠡ ᠲᠥᠷᠥᠯ ᠤᠨ ᠰᠢᠯᠭᠠᠯᠲᠠ ᠶᠢᠨ ᠦᠷ᠎ᠡ ᠳ᠋ᠦᠩ ᠢ | ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ ᠃ ᠤᠷᠢᠳᠴᠢᠯᠠᠨ ᠵᠣᠬᠢᠶᠠᠨ ᠪᠠᠶᠢᠭᠤᠯᠵᠤ ᠰᠣᠷᠣᠭᠴᠢ ᠡᠯᠰᠡᠬᠦ᠂ ᠬᠡᠯᠪᠡᠷᠢ ᠶᠢ ᠨᠢ | ᠥᠭᠡᠷᠡᠲᠦᠭᠦᠯᠦᠨ ᠰᠣᠷᠣᠭᠴᠢ ᠶᠢᠨ ᠢᠷᠡᠯᠲᠡ ᠶᠢ ᠰᠣᠩᠭᠤᠬᠤ ᠶᠢ ᠴᠢᠩᠭ᠎ᠠ ᠴᠠᠭᠠᠵᠠᠯᠠᠨ᠎ᠠ᠃ ᠠᠯᠪᠠᠨ ᠠᠴᠠ | ᠡᠷᠭᠢᠯᠡᠭᠰᠡᠨ ᠰᠤᠷᠭᠠᠭᠤᠯᠢ ᠪᠣᠯᠤᠨ ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠬᠤᠯᠢᠯᠳᠤᠭᠤᠯᠤᠨ ᠰᠣᠷᠣᠭᠴᠢ | ᠡᠯᠰᠡᠬᠦ᠂ ᠬᠤᠯᠢᠯᠳᠤᠭᠤᠯᠤᠨ ᠠᠩᠭᠢ ᠬᠤᠪᠢᠶᠠᠬᠤ ᠶᠢ ᠴᠢᠩᠭ᠎ᠠ ᠴᠠᠭᠠᠵᠠᠯᠠᠨ᠎ᠠ︔ ᠶᠡᠭᠡ ᠬᠡᠮᠵᠢᠶᠡᠨ ᠤ ᠡᠳ᠋ ᠪᠣᠳᠠᠰ ᠢᠶᠠᠷ | ᠱᠠᠩᠨᠠᠬᠤ᠂ ᠬᠤᠳᠠᠯ ᠬᠠᠭᠤᠷᠮᠠᠭ ᠢᠶᠠᠷ ᠤᠬᠠᠭᠤᠯᠬᠤ ᠵᠡᠷᠭᠡ ᠵᠦᠢ ᠪᠤᠰᠤ ᠠᠷᠭ᠎ᠠ ᠪᠠᠷᠢᠯ ᠢᠶᠠᠷ ᠰᠤᠷᠤᠬᠴᠢ ᠶᠢᠨ | ᠢᠷᠡᠯᠳᠡ ᠶᠢ ᠲᠠᠲᠠᠵᠤ ᠠᠪᠴᠢᠷᠠᠬᠤ ᠶᠢ ᠴᠢᠩᠭ᠎ᠠ ᠴᠠᠭᠠᠵᠠᠯᠠᠨ᠎ᠠ︔ ᠶᠠᠮᠠᠷᠪᠠ ᠰᠤᠷᠭᠠᠭᠤᠯᠢ ᠶᠢᠨ ᠰᠤᠷᠭᠠᠭᠤᠯᠢ ᠳᠤ | ᠣᠷᠣᠬᠤ ᠲᠠᠢ ᠬᠤᠯᠪᠣᠭᠳᠠᠭᠤᠯᠤᠭᠰᠠᠨ ︽ᠡᠳ᠋ ᠮᠥᠩᠭᠦ ᠪᠠᠷ ᠰᠤᠷᠤᠯᠭ᠎ᠠ ᠶᠢ ᠲᠡᠳᠬᠦᠬᠦ ᠵᠣᠭᠤᠰ︾ ᠬᠤᠷᠢᠶᠠᠬᠤ ᠪᠤᠶᠤ | ᠬᠡᠯᠪᠡᠷᠢ ᠶᠢ ᠨᠢ ᠥᠭᠡᠷᠡᠲᠦᠭᠦᠯᠦᠨ ᠬᠤᠷᠢᠶᠠᠬᠤ ᠶᠢ ᠴᠢᠩᠭ᠎ᠠ ᠴᠠᠭᠠᠵᠠᠯᠠᠨ᠎ᠠ ᠃ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠱᠠᠲᠤᠨ ᠤ ᠰᠤᠷᠭᠠᠭᠤᠯᠢ ᠨᠤᠭᠤᠳ ᠡᠯ᠎ᠡ ᠲᠥᠷᠥᠯ ᠤᠨ ᠤᠷᠤᠯᠳᠤᠭᠠᠨ ᠤ ᠦᠨᠡᠮᠯᠡᠯ᠂ ᠬᠢᠴᠢᠶᠡᠯ | ᠲᠥᠷᠥᠯ ᠤᠨ ᠤᠷᠤᠯᠳᠤᠭᠠᠨ ᠤ ᠬᠢᠷᠢ ᠪᠦᠲᠦᠮᠵᠢ ᠪᠤᠶᠤ ᠲᠠᠰ ᠰᠢᠯᠭᠠᠭᠰᠠᠨ ᠭᠡᠷᠡᠴᠢ ᠵᠡᠷᠭᠡ ᠪᠠᠷ ᠰᠣᠷᠣᠭᠴᠢ ᠡᠯᠰᠡᠬᠦ | ᠦᠨᠳᠦᠰᠦᠯᠡᠯ ᠪᠣᠯᠭᠠᠬᠤ ᠶᠢ ᠴᠢᠩᠭ᠎ᠠ ᠴᠠᠭᠠᠵᠠᠯᠠᠨ᠎ᠠ︔ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ | ᠰᠤᠷᠭᠠᠭᠤᠯᠢ ᠳᠤ ᠶᠠᠮᠠᠷᠪᠠ ᠨᠡᠷᠡᠯᠡᠭᠰᠡᠨ ᠭᠤᠤᠯᠳᠠᠯᠭ᠎ᠠ ᠲᠠᠢ ᠠᠩᠭᠢ᠂ ᠲᠦᠷᠭᠡᠨ ᠤᠳᠠᠭᠠᠨ ᠤ ᠠᠩᠭᠢ ᠭᠠᠷᠭᠠᠬᠤ ᠶᠢ | ᠴᠢᠩᠭ᠎ᠠ ᠴᠠᠭᠠᠵᠠᠯᠠᠨ᠎ᠠ ᠃ ᠠᠩᠬ᠎ᠠ ᠵᠡᠷᠭᠡ ᠶᠢᠨ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ | ᠰᠤᠷᠭᠠᠭᠤᠯᠢ ᠶᠢᠨ ᠰᠤᠷᠤᠭᠴᠢᠳ ᠤᠨ ᠳᠤᠮᠳᠠ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ | ᠬᠢᠷᠢ ᠪᠦᠲᠦᠮᠵᠢ ᠶᠢᠨ ᠨᠡᠷᠡᠰ ᠤᠨ ᠵᠢᠭᠰᠠᠭᠠᠯᠲᠠ ᠬᠢᠬᠦ ᠶᠢ ᠴᠢᠩᠭ᠎ᠠ ᠴᠠᠭᠠᠵᠠᠯᠠᠵᠤ᠂ ᠳᠤᠮᠳᠠ ᠪᠠ ᠳᠡᠭᠡᠳᠦ | ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠮᠠᠩᠯᠠᠶ ᠪᠠ ᠰᠤᠷᠭᠠᠭᠤᠯᠢ ᠳᠡᠪᠰᠢᠬᠦ ᠨᠣᠷᠮ᠎ᠠ ᠶᠢ | ᠤᠬᠠᠭᠤᠯᠤᠨ᠎ᠠ᠂ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠴᠦ ᠰᠤᠷᠭᠠᠭᠤᠯᠢ ᠶᠢᠨ ᠳᠤᠮᠳᠠ | ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠪᠠᠶᠢᠳᠠᠯ ᠤᠨ ᠨᠡᠷᠡᠰ ᠤᠨ ᠵᠢᠭᠰᠠᠭᠠᠯᠲᠠ ᠬᠢᠬᠦ | ᠵᠢᠴᠢ ᠰᠤᠷᠭᠠᠭᠤᠯᠢ ᠳᠤ ᠲᠣᠰ ᠰᠤᠷᠭᠠᠭᠤᠯᠢ ᠶᠢᠨ ᠪᠤᠰᠤ ᠳᠤᠮᠳᠠ ᠪᠠ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ | ᠰᠤᠷᠭᠠᠭᠤᠯᠢ ᠶᠢᠨ ᠬᠠᠷᠢᠶ᠎ᠠ ᠶᠢᠨ ᠬᠠᠮᠢᠶᠠᠷᠤᠯᠲᠠ ᠶᠢ ᠴᠢᠩᠳᠠᠯᠠᠵᠤ᠂ ᠬᠥᠮᠦᠨ ᠤ ᠬᠠᠷᠢᠶ᠎ᠠ ᠶᠢ ᠰᠠᠯᠭᠠᠬᠤ᠂ | ᠰᠤᠷᠭᠠᠭᠤᠯᠢ ᠶᠢᠨ ᠬᠠᠷᠢᠶ᠎ᠠ ᠶᠢ ᠬᠤᠭᠤᠰᠣᠨ ᠡᠯᠭᠦᠬᠦ᠂ ᠰᠤᠷᠭᠠᠭᠤᠯᠢ ᠶᠢᠨ ᠬᠠᠷᠢᠶ᠎ᠠ ᠶᠢ ᠬᠠᠭᠤᠷᠮᠠᠭ ᠢᠶᠠᠷ ᠵᠣᠬᠢᠶᠠᠬᠤ | ᠵᠡᠷᠭᠡ ᠦᠵᠡᠭᠳᠡᠯ ᠭᠠᠷᠬᠤ ᠶᠢ ᠴᠢᠩᠭ᠎ᠠ ᠴᠠᠭᠠᠵᠠᠯᠠᠵᠤ᠂ ᠲᠣᠭᠲᠠᠭᠠᠯ ᠠᠴᠠ ᠵᠥᠷᠢᠴᠡᠨ ᠣᠷᠣᠨ ᠪᠦᠰᠡ ᠠᠯᠤᠰᠯᠠᠨ | ᠡᠯᠰᠡᠭᠰᠡᠨ ᠰᠣᠷᠣᠭᠴᠢ ᠪᠠ ᠲᠣᠭᠲᠠᠭᠠᠯ ᠠᠴᠠ ᠵᠥᠷᠢᠴᠡᠨ ᠰᠤᠷᠭᠠᠭᠤᠯᠢ ᠰᠢᠯᠵᠢᠭᠰᠡᠨ ᠰᠣᠷᠣᠭᠴᠢ ᠳᠤ | ᠰᠤᠷᠭᠠᠭᠤᠯᠢ ᠶᠢᠨ ᠬᠠᠷᠢᠶ᠎ᠠ ᠶᠢ ᠰᠢᠯᠵᠢᠭᠦᠯᠦᠨ ᠵᠠᠯᠭᠠᠬᠤ ᠶᠢ ᠭᠦᠶᠴᠡᠳᠬᠡᠵᠦ ᠪᠣᠯᠬᠤ ᠥᠬᠡᠶ᠃ | ︵ᠲᠦᠷᠪᠡ︶ ᠰᠠᠬᠢᠯᠭ᠎ᠠ ᠪᠠᠲᠤ ᠶᠢ ᠬᠡᠷᠡᠭᠵᠢᠭᠦᠯᠵᠦ ᠬᠠᠷᠢᠭᠤᠴᠠᠯᠭ᠎ᠠ ᠨᠡᠬᠡᠮᠵᠢᠯᠡᠬᠦ ᠶᠢ | ᠴᠢᠩᠭᠠᠳᠬᠠᠨ᠎ᠠ | ᠬᠤᠲᠠ ᠶᠢᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ | ᠰᠤᠷᠭᠠᠨ ᠬᠥᠮᠦᠵᠢᠯ ᠤᠨ ᠬᠦᠷᠢᠶᠡᠨ ᠳᠠᠬᠢ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠬᠠᠷᠠᠯᠲᠠ ᠪᠠ | ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠰᠠᠬᠢᠯᠭ᠎ᠠ ᠪᠠᠲᠤ ᠶᠢ ᠬᠡᠷᠡᠭᠵᠢᠭᠦᠯᠬᠦ ︽ᠳᠥᠷᠪᠡᠨ ᠵᠦᠶᠯ ᠤᠨ ᠬᠡᠯᠪᠡᠷᠢ︾ ᠶᠢ | ᠶᠡᠷᠦᠩᠬᠡᠶᠢᠯᠡᠨ ᠰᠠᠶᠢᠲᠤᠷ ᠬᠡᠷᠡᠭᠯᠡᠵᠦ᠂ ︽ᠬᠤᠶᠠᠷ ᠬᠠᠷᠢᠭᠤᠴᠠᠯᠭ᠎ᠠ︾ ᠶᠢ ᠪᠣᠳᠠᠲᠠᠶᠢᠵᠢᠭᠤᠯᠤᠨ ᠤᠷᠢᠳᠴᠢᠯᠠᠨ | ᠰᠡᠷᠭᠡᠶᠢᠯᠡᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠴᠡᠭᠴᠡᠯᠡᠨ ᠥᠭᠡᠷᠡᠴᠢᠯᠡᠵᠦ ᠨᠠᠶᠢᠳᠠᠪᠤᠷᠢᠵᠢᠭᠤᠯᠬᠤ ᠶᠢ | ᠴᠢᠩᠭᠠᠳᠬᠠᠨ᠂ ᠰᠣᠷᠣᠭᠴᠢ ᠡᠯᠰᠡᠬᠦ ᠠᠵᠢᠯ ᠤᠨ ᠳᠤᠮᠳᠠ ᠡᠭᠦᠰᠦᠭᠰᠡᠨ ᠲᠦᠷᠢᠮ ᠲᠣᠭᠲᠠᠭᠠᠯ ᠰᠠᠬᠢᠯᠭ᠎ᠠ ᠪᠠᠲᠤ ᠶᠢ | ᠵᠥᠷᠢᠴᠡᠭᠰᠡᠨ ᠠᠰᠠᠭᠤᠳᠠᠯ ᠳᠤ᠂ ᠦᠶᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ᠂ ᠺᠠᠳ᠋ᠷ ᠤᠨ | ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ᠂ ᠠᠯᠪᠠᠨ ᠠᠴᠠ ᠡᠷᠭᠢᠯᠡᠭᠰᠡᠨ ᠰᠤᠷᠭᠠᠭᠤᠯᠢ ᠶᠢᠨ ᠵᠠᠬᠢᠷᠤᠯ ᠢ | ᠵᠠᠷᠯᠠᠨ ᠰᠢᠭᠦᠮᠵᠢᠯᠡᠵᠦ᠂ ᠰᠡᠷᠡᠮᠵᠢᠯᠡᠭᠦᠯᠦᠨ ᠴᠡᠭᠡᠷᠯᠡᠭᠦᠯᠵᠦ ᠶᠠᠷᠢᠯᠴᠠᠬᠤ᠂ ᠵᠣᠬᠢᠶᠠᠨ ᠪᠠᠶᠢᠭᠤᠯᠤᠯᠲᠠ ᠶᠢᠨ | ᠰᠢᠶᠳᠪᠦᠷᠢᠯᠡᠯᠲᠡ ᠵᠢᠴᠢ ᠨᠠᠮ ᠤᠨ ᠰᠠᠬᠢᠯᠭ᠎ᠠ ᠵᠠᠰᠠᠭ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠬᠡᠷᠡᠭᠲᠡᠶ︔ | ᠠᠷᠠᠳ ᠠᠴᠠ ᠡᠷᠭᠢᠯᠡᠭᠰᠡᠨ ᠰᠤᠷᠭᠠᠭᠤᠯᠢ ᠶᠢᠨ ᠣᠨ ᠤ ᠪᠠᠶᠢᠴᠠᠭᠠᠯᠲᠠ ᠳᠤ ᠬᠢᠷᠢ ᠲᠡᠩᠴᠡᠭᠰᠡᠨ ᠥᠬᠡᠶ᠃ | ᠬᠢᠨᠠᠯᠲᠠ ᠲᠠᠯᠪᠢᠬᠤ ᠤᠲᠠᠰᠤ᠄ 8989396 | 8188203 | ᠵᠢᠷᠭᠤᠭ᠎ᠠ᠂ ᠰᠢᠶᠳᠪᠦᠷᠢᠯᠡᠵᠦ ᠳᠠᠭᠤᠰᠤᠭᠠᠳᠤᠶ ᠵᠦᠶᠯᠡᠰ ᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠰᠣᠷᠣᠭᠴᠢ ᠡᠯᠰᠡᠬᠦ ᠠᠯᠪᠠᠨ ᠬᠡᠷ ᠠᠴᠠ ᠬᠠᠷᠢᠭᠤᠴᠠᠨ ᠲᠠᠶᠢᠯᠪᠤᠷᠢᠯᠠᠨ᠎ᠠ ᠃ | ᠳᠠᠭᠠᠯᠳᠤᠭᠤᠯᠤᠯ᠄ | 1. ᠵᠢᠨᠢᠩ ᠲᠣᠭᠤᠷᠢᠭ ᠤᠨ 2021 ᠣᠨ ᠤ ᠨᠢᠭᠡᠳᠦᠭᠡᠷ ᠣᠨ ᠤ ᠰᠢᠨ᠎ᠡ ᠰᠣᠷᠣᠭᠴᠢ ᠶᠢᠨ ᠰᠤᠷᠭᠠᠭᠤᠯᠢ ᠳᠤ | ᠣᠷᠣᠬᠤ ᠲᠥᠰᠦᠯ | 2. ᠵᠢᠨᠢᠩ ᠲᠣᠭᠤᠷᠢᠭ ᠤᠨ 2021 ᠣᠨ ᠤ ᠳᠣᠯᠣᠳᠤᠭᠠᠷ ᠣᠨ ᠤ ᠰᠢᠨ᠎ᠡ ᠰᠤᠷᠤᠭᠴᠢᠳ ᠤᠨ ᠰᠤᠷᠭᠠᠭᠤᠯᠢ ᠳᠤ | ᠣᠷᠣᠬᠤ ᠲᠥᠰᠦᠯ | 3. ᠵᠢᠨᠢᠩ ᠲᠣᠭᠤᠷᠢᠭ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤᠨ ᠤ ᠰᠤᠷᠭᠠᠭᠤᠯᠢ ᠶᠢᠨ ︽ | ᠢᠯᠡ ᠪᠠᠷ ᠠᠩᠭᠢ ᠬᠤᠪᠢᠶᠠᠬᠤ︾ ᠠᠵᠢᠯ ᠤᠨ ᠵᠢᠯᠣᠭᠤᠳᠬᠤ ᠰᠠᠨᠠᠯ | ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠯᠪᠠᠨ | ᠬᠡᠷ | 2021 ᠣᠨ ᠤ 7 ᠰᠠᠷ᠎ᠠ ᠶᠢᠨ 1 ᠤ ᠡᠳᠦᠷ | | | | |