ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ
ᠨᠡᠶᠢᠲᠡᠯᠡᠭᠰᠡᠨ ᠴᠠᠭ᠄
2021/9/2
      ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭ᠎ᠠ ︵2021 — 2025 ᠣᠨ︶ ᠪᠣᠯ ᠮᠠᠨ ᠤ ᠤᠯᠤᠰ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠤᠨ ᠪᠦᠲᠦᠭᠡᠵᠦ᠂ ᠨᠢᠭᠡᠳᠦᠭᠡᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠶᠢ ᠪᠡᠶᠡᠯᠡᠭᠦᠯᠦᠭᠰᠡᠨ ᠤ ᠲᠠᠷᠠᠭ᠎ᠠ᠂ ᠢᠯᠠᠯᠲᠠ ᠶᠢᠨ ᠡᠷᠴᠢᠨ ᠳᠡᠭᠡᠷ᠎ᠡ ᠪᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠲᠡᠶᠢᠰᠢ ᠤᠷᠤᠭᠰᠢᠯᠠᠭᠰᠠᠨ ᠠᠩᠬᠠᠳᠠᠭᠴᠢ ᠲᠠᠪᠤᠨ ᠵᠢᠯ ᠮᠥᠨ᠃ ᠮᠠᠨ ᠤ ᠲᠤᠭᠤᠷᠢᠭ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠪᠦᠬᠦ ᠲᠠᠯ᠎ᠠ ᠪᠠᠷ ᠡᠬᠢᠯᠡᠭᠦᠯᠬᠦ ᠴᠢᠬᠤᠯᠠ ᠶᠡᠭᠡ ᠠᠵᠠ ᠲᠣᠬᠢᠶᠠᠯ ᠢ ᠤᠭᠲᠤᠨ ᠠᠪᠴᠢᠷᠠᠵᠤ᠂ ᠪᠦᠬᠦ ᠤᠯᠤᠰ ᠲᠠᠢ ᠬᠠᠮᠲᠤᠪᠠᠷ ᠰᠢᠨ᠎ᠡ ᠱᠠᠲᠤᠨ ᠳᠤ ᠣᠷᠣᠬᠤ ᠪᠣᠯᠤᠨ᠎ᠠ᠃  ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ ᠵᠣᠷᠢᠯᠲᠠ ᠶᠢ ᠲᠣᠳᠣᠷᠬᠠᠶᠢᠯᠠᠨ ᠥᠭᠦᠯᠡᠵᠦ᠂ ᠵᠠᠰᠠᠭ ᠤᠨ ᠣᠷᠳᠣᠨ ᠤ ᠠᠵᠢᠯ ᠤᠨ ᠭᠤᠤᠯᠳᠠᠯᠭ᠎ᠠ ᠶᠢ ᠲᠣᠳᠣᠷᠬᠠᠶᠢᠯᠠᠨ᠂ ᠢᠷᠡᠭᠡᠳᠦᠶ ᠶᠢᠨ ᠲᠠᠪᠤᠨ ᠵᠢᠯ ᠤᠨ ᠬᠥᠭᠵᠢᠯᠲᠡ ᠶᠢᠨ ᠵᠢᠷᠤᠭ ᠲᠥᠯᠥᠪᠯᠡᠭᠡ ᠶᠢ ᠵᠢᠷᠤᠭᠯᠠᠬᠤ ᠶᠢᠨ ᠲᠥᠯᠥᠭᠡ᠂ ︽ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ︾᠎ ᠶᠢ ᠲᠤᠰᠬᠠᠶᠢᠯᠠᠨ ᠨᠠᠶᠢᠷᠠᠭᠤᠯᠤᠨ ᠵᠣᠬᠢᠶᠠᠵᠤ᠂ ᠮᠠᠨ ᠤ ᠲᠤᠭᠤᠷᠢᠭ ᠤᠨ ᠡᠯ᠎ᠡ ᠵᠦᠶᠯ ᠤᠨ ᠠᠵᠢᠯ ᠦᠶᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠨᠢᠭᠡ ᠰᠡᠳᠬᠢᠯ ᠨᠢᠭᠡ ᠴᠢᠭᠯᠡᠯ ᠢᠶᠠᠷ ᠨᠢᠭᠡ ᠳᠠᠪᠲᠠᠮᠵᠢ ᠪᠠᠷ ᠳᠥᠯᠭᠢᠨ ᠠᠬᠢᠭᠤᠯᠪᠠ᠃        ᠴᠥᠷᠬᠡᠯᠡᠬᠦ ᠬᠠᠶ᠋ᠢᠭ᠄ http://www.jnq.gov.cn/information/jnqzfw11668/msg2038358342260.html
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2