ᠵᠢᠨᠢᠩ ᠲᠣᠭᠤᠷᠢᠭ ᠤᠨ ᠵᠠᠮ ᠬᠠᠷᠢᠯᠴᠠᠭᠠᠨ ᠤ ᠲᠠᠨᠢᠯᠴᠠᠭᠤᠯᠭ᠎ᠠ
ᠨᠡᠶᠢᠲᠡᠯᠡᠭᠰᠡᠨ ᠴᠠᠭ᠄
2021/9/2
      
        ᠵᠢᠨᠢᠩ ᠲᠣᠭᠤᠷᠢᠭ ᠨᠢ ᠡᠬᠡ ᠤᠯᠤᠰ ᠤᠨ ᠠᠰ ᠬᠤᠶᠢᠲᠤ ᠬᠡᠰᠡᠭ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ ᠲᠤ ᠪᠠᠶᠢᠷᠢᠯᠠᠵᠤ᠂ ᠵᠡᠭᠦᠨᠰᠢ ᠪᠠᠨ ᠾᠧᠪᠸᠢ᠂ ᠰᠢᠯᠢ ᠶᠢᠨ ᠭᠤᠤᠯ ᠠᠶᠢᠮᠠᠭ ᠲᠠᠢ ᠬᠥᠷᠰᠢᠯᠡᠵᠦ᠂ ᠪᠠᠷᠠᠭᠤᠨᠰᠢ ᠪᠠᠨ ᠬᠥᠬᠡᠬᠤᠲᠠ᠂ ᠪᠤᠭᠤᠲᠤ ᠬᠤᠲᠠ ᠲᠠᠢ ᠵᠠᠯᠭᠠᠯᠳᠤᠵᠤ᠂ ᠡᠮᠦᠨᠡᠰᠢ ᠪᠠᠨ ᠳ᠋ᠠᠲ᠋ᠦ᠋ᠩ᠂ ᠤᠮᠠᠷᠠᠰᠢ ᠪᠠᠨ ᠡᠷᠢᠶᠡᠨ ᠬᠤᠲᠠ᠂ ᠮᠣᠩᠭᠤᠯ ᠤᠯᠤᠰ ᠲᠠᠢ ᠵᠠᠯᠭᠠᠯᠳᠤᠵᠤ᠂ ᠬᠢᠯᠢ ᠶᠢᠨ ᠱᠤᠭᠤᠮ ᠨᠢ 103.16 ᠺᠢᠯᠣᠮᠧᠲᠷ ᠪᠠᠶᠢᠵᠤ᠂  ᠵᠠᠮ ᠬᠠᠷᠢᠯᠴᠠᠭ᠎ᠠ ᠨᠢ ᠤᠯᠠᠭᠠᠨᠴᠠᠪ ᠤᠨ ᠬᠥᠭᠵᠢᠯᠲᠡ ᠶᠢᠨ ᠬᠠᠮᠤᠭ ᠤᠨ ᠶᠡᠭᠡ ᠳᠠᠪᠠᠭᠤᠯᠢᠭ ᠤᠨ ᠨᠢᠭᠡ ᠪᠣᠯᠤᠨ᠎ᠠ᠃        ᠵᠢᠨᠢᠩ ᠣᠷᠣᠨ ᠪᠣᠯ ᠱᠠᠨ ᠰᠢ ᠡᡁᠧᠪᠸᠢ ᠥᠪᠥᠷ ᠮᠣᠩᠭᠤᠯ ᠭᠤᠷᠪᠠᠨ ᠮᠤᠵᠢ ᠶᠢᠨ ᠠᠭᠤᠯᠵᠠᠷ ᠲᠤ ᠪᠠᠶᠢᠷᠢᠯᠠᠵᠤ᠂ ᠪᠡᠭᠡᠵᠢᠩ ᠲᠢᠶᠠᠨᠵᠢᠨ ᠡᡁᠧᠪᠸᠢ ᠶᠢᠨ ᠠᠵᠤ ᠠᠬᠤᠢ ᠶᠢᠨ ᠬᠦᠷᠢᠶ᠎ᠡ᠂ ᠥᠪᠡᠷᠲᠡᠭᠡᠨ ᠵᠠᠰᠠᠬᠤ ᠣᠷᠣᠨ ᠤ ᠬᠠᠳᠤᠨ ᠭᠤᠣᠯ ᠳᠠᠭᠠᠤ ᠶᠢᠨ ᠠᠵᠤ ᠠᠬᠤᠢ ᠶᠢᠨ ᠪᠦᠰᠡ ᠪᠣᠯᠤᠨ ᠬᠥᠬᠡᠬᠤᠲᠠ ᠪᠤᠭᠤᠲᠤ ᠤᠷᠳᠤᠰ ᠤᠨ ᠠᠵᠤ ᠠᠬᠤᠢ ᠶᠢᠨ  ᠬᠦᠷᠢᠶ᠎ᠡ ᠶᠢᠨ ᠠᠭᠤᠯᠵᠠᠷ ᠲᠤ ᠪᠠᠶᠢᠷᠢᠯᠠᠵᠤ᠂ ᠵᠡᠭᠦᠨ ᠬᠤᠶᠢᠲᠤ ᠣᠷᠣᠨ᠂ ᠤᠮᠠᠷᠠᠲᠤ ᠣᠷᠣᠨ᠂ ᠪᠠᠷᠠᠭᠤᠨ ᠬᠤᠶᠢᠲᠤ ᠣᠷᠣᠨ ᠤ ᠭᠤᠷᠪᠠᠨ ᠶᠡᠭᠡ ᠠᠵᠤ ᠠᠬᠤᠢ ᠶᠢᠨ ᠣᠷᠣᠨ ᠢ ᠬᠤᠯᠪᠣᠭᠰᠠᠨ ᠴᠢᠬᠤᠯᠠ ᠵᠠᠩᠭᠢᠯᠠᠭ᠎ᠠ ᠶᠢᠨ ᠴᠡᠭ ᠪᠣᠯᠤᠨ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠮᠠᠷᠠᠰᠢ ᠨᠡᠭᠡᠭᠡᠵᠦ ᠡᠮᠦᠨᠡᠰᠢ ᠬᠤᠯᠪᠣᠭᠠᠯᠠᠬᠤ ᠠᠭᠤᠯᠵᠠᠷ᠂ ᠵᠡᠭᠦᠨᠰᠢ ᠤᠷᠤᠭᠰᠢᠯᠠᠵᠤ ᠪᠠᠷᠠᠭᠤᠨᠰᠢ ᠭᠠᠷᠬᠤ ︽ᠬᠥᠭᠦᠷᠭᠡᠨ ᠪᠠᠬᠢᠯᠡᠯᠲᠡ︾ ᠪᠣᠯᠤᠨ᠎ᠠ᠃       ᠵᠢᠨᠢᠩ ᠲᠣᠭᠤᠷᠢᠭ ᠤᠨ ᠵᠠᠮ ᠬᠠᠷᠢᠯᠴᠠᠭ᠎ᠠ ᠳᠥᠭᠦᠮ᠂ ᠬᠢᠯᠢ ᠶᠢᠨ ᠳᠣᠲᠣᠷᠠᠬᠢ ᠵᠠᠮ ᠤᠨ ᠲᠣᠣᠷ ᠤᠨ ᠨᠢᠭᠲᠠᠴᠠ ᠥᠪᠥᠷ ᠮᠣᠩᠭᠤᠯ ᠤᠨ ᠡᠯ᠎ᠡ ᠠᠶᠢᠮᠠᠭ ᠬᠤᠲᠠ ᠶᠢᠨ ᠲᠡᠷᠢᠭᠦᠨ ᠳᠤ ᠣᠷᠣᠵᠤ᠂ ᠪᠦᠬᠦ ᠬᠤᠲᠠ ᠶᠢᠨ ᠤᠯᠤᠰ ᠲᠥᠷᠥ᠂ ᠠᠵᠤ ᠠᠬᠤᠶ᠂ ᠰᠣᠶᠣᠯ ᠤᠨ ᠲᠥᠪ  ᠂᡺ ᠵᠢᠨᠢᠩ ᠲᠣᠭᠤᠷᠢᠭ ᠪᠠᠷᠠᠭᠤᠨᠰᠢ ᠪᠠᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠬᠥᠬᠡᠬᠤᠲᠠ ᠠᠴᠠ 120 ᠺᠢᠯᠣᠮᠧᠲᠷ ᠵᠠᠶᠢᠲᠠᠶ᠂ ᠡᠮᠦᠨᠡᠰᠢ ᠪᠠᠨ ︽ᠨᠡᠭᠦᠷᠡᠰᠦᠨ ᠤ ᠬᠤᠲᠠ︾ ᠳ᠋ᠠᠲ᠋ᠤᠩ ᠠᠴᠠ 103 ᠺᠢᠯᠣᠮᠧᠲᠷ ᠵᠠᠶᠢᠲᠠᠶ ᠪᠠᠶᠢᠵᠤ᠂ ᠵᠡᠭᠦᠨᠰᠢ ᠪᠠᠨ ᠴᠢᠭᠤᠯᠤᠯᠲᠤ ᠬᠠᠭᠠᠯᠭ᠎ᠠ ᠠᠴᠠ 180 ᠺᠢᠯᠣᠮᠧᠲᠷ᠂ ᠪᠡᠭᠡᠵᠢᠩ ᠠᠴᠠ 320 ᠺᠢᠯᠣᠮᠧᠲᠷ ᠵᠠᠶᠢᠲᠠᠶ᠂ ᠤᠮᠠᠷᠠᠰᠢ ᠪᠠᠨ ᠳᠤᠮᠳᠠᠳᠤ ᠮᠣᠩᠭᠤᠯ ᠤᠨ ᠬᠠᠮᠤᠭ ᠤᠨ ᠲᠣᠮᠣ ᠬᠠᠭᠤᠷᠠᠶ ᠵᠠᠮ ᠤᠨ ᠪᠣᠭᠤᠮᠲᠠ ᠡᠷᠢᠶᠡᠨ ᠬᠤᠲᠠ ᠠᠴᠠ 300 ᠺᠢᠯᠣᠮᠧᠲᠷ ᠵᠠᠶᠢᠲᠠᠶ ᠂ ᠲᠢᠶᠠᠨᠵᠢᠨ᠂ ᠴᠢᠨ ᠬᠤᠸᠠᠩ ᠳ᠋ᠤᠤ᠂ ᠼᠤᠤ ᠹᠸᠢ ᠳ᠋ᠢᠶᠠᠨ ᠤ ᠭᠤᠷᠪᠠᠨ ᠶᠡᠭᠡ ᠭᠠᠷᠠᠮ ᠠᠴᠠ 500 ᠺᠢᠯᠣᠮᠧᠲᠷ ᠵᠠᠶᠢᠲᠠᠢ ᠪᠠᠶᠢᠵᠤ᠂ ᠳᠤᠮᠳᠠᠳᠤ ᠤᠯᠤᠰ ᠠᠴᠠ ᠮᠣᠩᠭᠤᠯ᠂ ᠤᠷᠤᠰ ᠪᠣᠯᠤᠨ ᠵᠡᠭᠦᠨ ᠧᠦ᠋ᠷᠣᠫᠠ ᠳᠤ ᠨᠡᠪᠲᠡᠷᠡᠬᠦ ᠴᠢᠬᠤᠯᠠ ᠤᠯᠠᠨ ᠤᠯᠤᠰ ᠤᠨ ᠬᠠᠭᠤᠷᠠᠢ ᠵᠠᠮ  ᠪᠣᠯᠤᠨ᠎ᠠ᠂ ᠪᠠᠷᠠᠭᠤᠨ ᠬᠤᠶᠢᠲᠤ ᠣᠷᠣᠨ ᠠᠴᠠ ᠵᠡᠭᠦᠨ ᠡᠮᠦᠨᠡᠰᠢ ᠲᠠᠯᠠᠢ ᠳᠤ ᠭᠠᠷᠬᠤ ᠳᠤ ᠵᠠᠪᠠᠯ ᠥᠩᠭᠡᠷᠡᠬᠦ ᠭᠠᠵᠠᠷ ᠪᠣᠯᠤᠨ᠎ᠠ᠂ ᠮᠥᠨᠴᠦ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠬᠥᠭᠵᠢᠯᠲᠡ ᠶᠢᠨ ᠲᠥᠯᠥᠪᠵᠢᠭᠦᠯᠭᠡ ᠪᠣᠯᠤᠨ ᠳᠤᠮᠳᠠᠳᠤ ᠤᠷᠤᠰ ᠮᠣᠩᠭᠤᠯ ᠤᠨ ᠠᠵᠤ ᠠᠬᠤᠢ ᠶᠢᠨ ᠬᠤᠩᠬᠢᠯ ᠤᠨ ᠵᠠᠩᠭᠢᠯᠠᠭ᠎ᠠ ᠶᠢᠨ ᠬᠤᠳᠠ ᠪᠣᠯᠤᠨ᠎ᠠ᠃ ᠬᠢᠯᠢ ᠶᠢᠨ ᠳᠣᠲᠣᠷ᠎ᠠ 110᠂ 208 ᠤᠯᠤᠰ ᠤᠨ ᠵᠠᠮ᠂ G6᠂ G7᠂ G55᠂ ᠮᠤᠵᠢ ᠶᠢᠨ ᠬᠤᠭᠤᠷᠣᠨᠳᠣᠬᠢ ᠶᠡᠭᠡ ᠵᠠᠮ᠂ ᠬᠥᠬᠡᠬᠤᠲᠠ ᠠᠴᠠ ᠰᠢᠩ ᠾᠧ ᠬᠦᠷᠬᠦ ᠨᠡᠭᠦᠷᠡᠰᠦ ᠵᠥᠭᠡᠭᠡᠪᠦᠷᠢᠯᠡᠬᠦ ᠲᠤᠰᠬᠠᠢ ᠱᠤᠭᠤᠮ ᠪᠠ ᠵᠡᠭᠦᠨᠭᠠᠷ ᠠᠴᠠ ᠰᠢᠩ  ᠾᠧ  ᠬᠦᠷᠬᠦ ᠬᠦᠨᠳᠦ ᠠᠴᠢᠶᠠᠨ ᠤ ᠲᠦᠷᠭᠡᠨ ᠳᠠᠪᠬᠢᠬᠤ ᠵᠠᠰᠠᠮᠠᠯ ᠵᠠᠮ ᠲᠠᠢ  ᠃ ᠵᠢᠩ ᠪᠦᠦ᠂ ᠵᠢᠶ ᠡᠯ᠂ ᠵᠢᠶ ᠵᠠᠩ᠂ ᠵᠢᠶ ᠲᠦᠩ᠂ ᠹᠸᠡᠭ ᠵᠥᠩ ᠵᠡᠷᠭᠡ ᠲᠡᠮᠦᠷ ᠵᠠᠮ ᠤᠨ ᠱᠤᠭᠤᠮ ᠬᠥᠨᠳᠡᠯᠡᠨ ᠭᠤᠯᠳᠤ ᠰᠦᠯᠵᠢᠯᠳᠦᠵᠡᠶ ᡽᠃ ᠹᠷᠠᠨᠺᠹᠦ᠋ᠷᠲ ᠵᠦᠭ ᠨᠡᠪᠲᠡᠷᠡᠬᠦ ᠣᠯᠠᠨ ᠤᠯᠤᠰ ᠤᠨ ᠪᠠᠷᠠᠭ᠎ᠠ ᠲᠡᠭᠡᠭᠡᠪᠦᠷᠢ ᠶᠢᠨ ᠴᠤᠪᠤᠭ᠎ᠠ ᠲᠡᠷᠭᠡ ᠵᠢᠨᠢᠩ ᠠᠴᠠ ᠡᠬᠢᠯᠡᠵᠦ᠂ ᠮᠣᠩᠭᠤᠯ᠂ ᠣᠷᠣᠰ ᠪᠣᠯᠤᠨ ᠧᠦ᠋ᠷᠣᠫᠠ ᠶᠢᠨ ᠬᠤᠯᠪᠣᠭ᠎ᠠ ᠳᠤ ᠨᠡᠪᠲᠡᠷᠡᠬᠦ ᠣᠯᠠᠨ ᠤᠯᠤᠰ ᠤᠨ ᠬᠠᠭᠤᠷᠠᠶ ᠵᠠᠮ ᠤᠨ ᠴᠢᠬᠤᠯᠠ ᠵᠠᠮ ᠪᠣᠯᠤᠨ᠎ᠠ  ᠃᡽ ᠬᠥᠬᠡᠬᠤᠲᠠ ᠪᠤᠭᠤᠲᠤ ᠣᠷᠳᠣᠰ ᠤᠨ ᠣᠯᠠᠨ ᠬᠥᠳᠡᠯᠭᠡᠭᠦᠷᠲᠦ ᠴᠤᠪᠤᠭ᠎ᠠ ᠲᠡᠷᠭᠡ ᠨᠢᠭᠡᠨᠲᠡ ᠨᠡᠪᠲᠡᠷᠡᠵᠦ᠂ ︽ᠬᠥᠬᠡᠬᠤᠲᠠ ᠪᠤᠭᠤᠲᠤ ᠣᠷᠳᠣᠰ︾ ᠬᠤᠲᠠ ᠶᠢᠨ ᠲᠣᠭᠤᠷᠢᠭ ᠯᠤᠭ᠎ᠠ ᠶᠢᠨ ᠨᠡᠶᠢᠯᠡᠯ ᠨᠠᠩ ᠨᠢᠭᠲᠠ ᠪᠣᠯᠪᠠ᠃ ᠡᠭᠦᠨ ᠠᠴᠠ ᠭᠠᠳᠠᠨ᠎ᠠ᠂ ᠤᠯᠠᠭᠠᠨᠴᠠᠪ ᠤᠨ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠨᠢᠭᠡᠨᠲᠡ ᠠᠰᠢᠭᠯᠠᠯᠲᠠ ᠳᠤ ᠣᠷᠣᠵᠤ᠂ 2016 ᠣᠨ ᠤ 8 ᠰᠠᠷ᠎ᠠ ᠪᠣᠯᠲᠠᠯ᠎ᠠ᠂  ᠲᠢᠶᠠᠨᠵᠢᠨ᠂ ᠰᠢ ᠠᠨ᠂ ᠣᠷᠳᠣᠰ᠂ ᠬᠠᠷᠪᠢᠨ᠂ ᠱᠧᠨᠵᠧᠨ ᠵᠡᠷᠭᠡ ᠤᠯᠤᠰ ᠤᠨ ᠳᠣᠲᠣᠭᠠᠳᠤ ᠶᠢᠨ ᠣᠯᠠᠨ ᠬᠤᠲᠠ ᠳᠤ ᠬᠦᠷᠴᠦ ᠪᠣᠯᠤᠨ᠎ᠠ  ᠃ ᠵᠢᠨᠢᠩ ᠤᠨ ᠪᠣᠭᠤᠮᠲᠠ ᠪᠠ ᠪᠣᠭᠤᠮᠲᠠ ᠶᠢ ᠰᠡᠷᠭᠦᠭᠡᠨ ᠪᠠᠶᠢᠭᠤᠯᠬᠤ  ᠂ ᠤᠯᠠᠭᠠᠨᠴᠠᠪ ᠠᠴᠠ ᠪᠡᠭᠡᠵᠢᠩ ᠬᠦᠷᠬᠦ ᠲᠦᠷᠭᠡᠨ ᠤ ᠲᠡᠮᠦᠷ ᠵᠠᠮ ᠢ ᠶᠠᠭ ᠪᠦᠳᠦᠭᠡᠨ ᠪᠠᠶᠢᠭᠤᠯᠵᠤ ᠪᠤᠢ᠂ 2017 ᠣᠨ ᠳᠤ ᠲᠦᠷᠭᠡᠨ ᠤ ᠲᠡᠮᠦᠷ ᠵᠠᠮ ᠠᠴᠠ ᠴᠢᠭᠤᠯᠤᠯᠳᠤ ᠬᠠᠭᠠᠯᠭ᠎ᠠ ᠬᠦᠷᠬᠦ ᠬᠡᠰᠡᠭ ᠢ ᠨᠡᠪᠲᠡᠷᠡᠭᠦᠯᠵᠦ᠂ 2019 ᠣᠨ ᠳᠤ ᠲᠦᠷᠭᠡᠨ ᠤ ᠲᠡᠮᠦᠷ ᠵᠠᠮ ᠤᠨ ᠪᠦᠬᠦ ᠱᠤᠭᠤᠮ ᠢᠶᠠᠷ ᠲᠡᠷᠭᠡ ᠨᠡᠪᠲᠡᠷᠡᠵᠦ᠂ ᠨᠡᠶᠢᠰᠯᠡᠯ ᠤᠨ ᠨᠢᠭᠡ ᠴᠠᠭ ᠤᠨ ᠠᠵᠤ ᠠᠬᠤᠢ ᠶᠢᠨ ᠲᠣᠭᠤᠷᠢᠭ ᠲᠤ ᠵᠢᠩᠬᠢᠨᠢ ᠪᠠᠷ ᠠᠭᠤᠰᠤᠯᠴᠠᠵᠤ᠂  ᠤᠯᠠᠭᠠᠨᠴᠠᠪ ᠤᠨ ᠵᠠᠮ ᠬᠠᠷᠢᠯᠴᠠᠭ᠎ᠠ ᠪᠣᠯᠤᠨ ᠣᠷᠣᠨ ᠪᠠᠶᠢᠷᠢ ᠶᠢᠨ ᠳᠠᠪᠠᠭᠤᠯᠢᠭ ᠢ ᠤᠯᠠᠮ ᠴᠢᠨᠠᠭᠰᠢᠳᠠ ᠢᠯᠡᠷᠡᠭᠦᠯᠬᠦ ᠪᠣᠯᠤᠨ᠎ᠠ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2