ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠮ ᠢᠶᠠᠷ ᠯᠠᠪᠳᠠᠭᠤᠨ ᠵᠠᠮᠨᠠᠬᠤ ᠶᠢ ᠪᠠᠷᠢᠮᠲᠠᠯᠠᠵᠤ ᠬᠥᠳᠡᠭᠡ ᠠᠵᠤ ᠠᠬᠤᠢ ᠬᠥᠳᠡᠭᠡ ᠲᠣᠰᠬᠤᠨ ᠤ ᠤᠳᠤᠬᠢᠴᠢᠯᠠᠯᠲᠠ ᠶᠢ ᠲᠦᠷᠭᠡᠳᠭᠡᠬᠦ ᠬᠡᠷᠡᠭᠲᠡᠢ
ᠨᠡᠶᠢᠲᠡᠯᠡᠭᠰᠡᠨ ᠴᠠᠭ᠄
2021/9/2
ᠰᠤᠷᠪᠤᠯᠵᠢᠯᠠᠭᠰᠠᠨ ᠵᠣᠴᠢᠨ  ᠄ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ   ᠴᠠᠩ  ᠾᠦᠢ ᠴᠢᠩ ᠰᠤᠷᠪᠤᠯᠵᠢᠯᠠᠭᠰᠠᠨ ᠴᠠᠭ᠄ 2021.08.13ᠰᠤᠷᠪᠤᠯᠵᠢᠯᠠᠭᠴᠢ᠄ ᠰᠦᠯᠵᠢᠶᠡᠨ ᠤ ᠠᠨᠳᠠ ᠨᠠᠷ ᠰᠠᠶᠢᠨ ᠪᠠᠶᠢᠵᠠᠭᠠᠨ᠎ᠠ  ᠤᠤ︕ ᠲᠣᠰ ᠬᠤᠭᠤᠴᠠᠭᠠᠨ ᠤ ᠰᠤᠷᠪᠤᠯᠵᠢᠯᠠᠭ᠎ᠠ ᠳᠤ᠂ ᠪᠢᠳᠡᠨ ᠤ ᠣᠯᠠᠨ ᠳᠤ ᠤᠷᠢᠵᠤ ᠠᠪᠴᠢᠷᠠᠭᠰᠠᠨ ᠵᠣᠴᠢᠨ ᠪᠣᠯ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶ᠎ᠠ ᠶᠢᠨ ᠳᠠᠷᠤᠭ᠎ᠠ ᠴᠠᠩ ᠾᠦᠢ ᠴᠢᠩ ᠨᠥᠬᠦᠷ ᠪᠣᠯᠤᠨ᠎ᠠ᠃ ᠰᠤᠷᠪᠤᠯᠵᠢᠯᠠᠭᠴᠢ᠄ ᠴᠠᠩ ᠲᠣᠪᠴᠢᠶᠠᠨ ᠳᠠᠷᠤᠭ᠎ᠠ  ᠂ ᠲᠠ ᠰᠠᠶᠢᠨ  ᠤᠤ︕ ᠴᠠᠩ ᠾᠦᠢ ᠴᠢᠩ᠄ ᠬᠥᠲᠥᠯᠥᠭᠴᠢ ᠰᠠᠶᠢᠨ  ᠤᠤ᠂ ᠰᠦᠯᠵᠢᠶᠡᠨ ᠤ ᠠᠨᠳᠠ ᠨᠠᠷ ᠰᠠᠶᠢᠨ  ᠤᠤ︕ ᠰᠤᠷᠪᠤᠯᠵᠢᠯᠠᠭᠴᠢ᠄ ᠲᠣᠪᠴᠢᠶᠠᠨ ᠳᠠᠷᠤᠭ᠎ᠠ ᠴᠠᠩ ᠬᠤᠢ ᠴᠢᠩ ᠲᠠ ᠵᠢᠨᠢᠩ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠦᠭᠰᠡᠨ ᠦᠨᠳᠦᠰᠦᠨ ᠪᠠᠶᠢᠳᠠᠯ ᠢ ᠲᠠᠨᠢᠯᠴᠠᠭᠤᠯᠤᠨ᠎ᠠ  ᠤᠤ︖ ᠴᠠᠩ ᠾᠦᠢ ᠴᠢᠩ᠄ ᠵᠢᠨᠢᠩ ᠲᠣᠭᠤᠷᠢᠭ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠤᠮᠳᠠ ᠬᠡᠰᠡᠭ ᠲᠤ ᠪᠠᠶᠢᠷᠢᠯᠠᠵᠤ᠂ ᠤᠳᠤ  ᠨᠠᠢᠮᠠᠨ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠮᠠ ᠯᠢᠶᠠᠨ ᠴᠢᠦᠢ ᠰᠢᠶᠠᠩ ᠪᠣᠯᠤᠨ ᠪᠠᠢ ᠬᠠᠢ ᠽᠢ ᠪᠠᠯᠭᠠᠰᠤ ᠶᠢ ᠬᠠᠷᠢᠶᠠᠯᠠᠵᠤ᠂ ᠬᠠᠷᠢᠶ᠎ᠠ ᠣᠷᠣᠨ ᠤ ᠶᠡᠷᠦᠩᠬᠡᠢ ᠲᠠᠯᠠᠪᠠᠢ ᠨᠢ 526.5 ᠲᠡᠭᠰᠢ ᠳᠥᠷᠪᠡᠯᠵᠢᠨ ᠺᠢᠯᠤᠮᠧᠲᠷ᠂ ᠪᠠᠶᠢᠭᠤᠯᠤᠭᠰᠠᠨ ᠲᠣᠭᠤᠷᠢᠭ ᠤᠨ ᠲᠠᠯᠠᠪᠠᠢ ᠨᠢ 60 ᠲᠡᠭᠰᠢ ᠳᠥᠷᠪᠡᠯᠵᠢᠨ ᠺᠢᠯᠤᠮᠧᠲᠷ᠂ ᠶᠡᠷᠦᠩᠬᠡᠢ ᠬᠥᠮᠦᠨ ᠠᠮᠠ ᠨᠢ 40 ᠭᠠᠷᠤᠢ ᠲᠦᠮᠡ᠂ ᠤᠯᠠᠭᠠᠨᠴᠠᠪ ᠬᠤᠳᠠ ᠶᠢᠨ ᠵᠠᠰᠠᠭ ᠤᠨ ᠣᠷᠳᠣᠨ ᠤ ᠪᠠᠶᠢᠭ᠎ᠠ ᠭᠠᠵᠠᠷ ᠪᠣᠯᠤᠨ ᠪᠦᠬᠦ ᠬᠤᠳᠠ ᠶᠢᠨ ᠤᠯᠤᠰ ᠲᠦᠷᠦ᠂ ᠠᠵᠤ ᠠᠬᠤᠢ᠂ ᠰᠣᠶᠣᠯ᠂ ᠮᠡᠳᠡᠭᠡ ᠵᠠᠩᠭᠢ ᠶᠢᠨ ᠲᠥᠪ ᠪᠣᠯᠤᠨ᠎ᠠ᠃ ᠨᠢᠭᠡ ᠰᠢᠶᠠᠩ ᠨᠢᠭᠡ ᠪᠠᠯᠭᠠᠰᠤᠨ ᠳᠤ 25 ᠵᠠᠰᠠᠭ ᠵᠠᠬᠢᠷᠭᠠᠨ ᠤ ᠭᠠᠴᠠᠭ᠎ᠠ 116 ᠠᠶᠢᠯ ᠲᠣᠰᠬᠤᠨ ᠢ ᠬᠠᠷᠢᠶᠠᠯᠠᠭᠤᠯᠵᠤ᠂ ᠬᠥᠳᠡᠭᠡ ᠲᠣᠰᠬᠤᠨ ᠤ ᠡᠷᠦᠬᠡ ᠠᠮᠠ ᠶᠢᠨ ᠳᠠᠩᠰᠠ ᠲᠠᠢ ᠬᠥᠮᠦᠨ ᠠᠮᠠ 14740 ᠡᠷᠦᠬᠡ᠂ 40152 ᠬᠥᠮᠦᠨ᠂ ᠪᠠᠶᠢᠩᠭᠤ ᠰᠠᠭᠤᠭ᠎ᠠ ᠬᠥᠮᠦᠨ ᠠᠮᠠ 6302 ᠡᠷᠦᠬᠡ᠂ 15752 ᠬᠥᠮᠦᠨ ᠪᠠᠶᠢᠨ᠎ᠠ᠃ ᠪᠥᠬᠦ ᠲᠤᠭᠤᠷᠢᠭ ᠤᠨ ᠲᠠᠷᠢᠶᠠᠨ ᠭᠠᠵᠠᠷ ᠤᠨ ᠶᠡᠷᠦᠩᠬᠡᠶ ᠲᠠᠯᠠᠪᠠᠶ 14.3 ᠲᠦᠮᠡᠨ ᠮᠥ ᠪᠠᠶᠢᠵᠤ᠂ ᠡᠭᠦᠨ ᠳᠤ ᠬᠠᠮᠲᠤ ᠶᠢᠨ ᠪᠡᠯᠡᠳᠬᠡᠯ ᠭᠠᠵᠠᠷ 1.78 ᠲᠦᠮᠡᠨ ᠮᠥ ᠪᠠᠶᠢᠨ᠎ᠠ᠃ 2020 ᠣᠨ ᠤ ᠡᠴᠦᠰ ᠪᠣᠯᠲᠠᠯ᠎ᠠ᠂ ᠨᠢᠭᠡᠳᠦᠭᠡᠷ ᠠᠵᠤ ᠦᠶᠯᠡᠰ ᠤᠨ ᠦᠶᠯᠡᠳᠪᠦᠷᠢᠯᠡᠯ ᠤᠨ ᠪᠥᠬᠦ ᠥᠷᠲᠡᠭ 4.5 ᠳ᠋ᠦᠩᠰᠢᠭᠤᠷ ᠲᠥᠭᠦᠷᠢᠭ ᠲᠤ ᠬᠦᠷᠴᠦ᠂ ᠭᠤᠷᠪᠠᠨ ᠠᠵᠤ ᠦᠶᠯᠡᠰ ᠤᠨ ᠡᠵᠡᠯᠡᠬᠦ ᠬᠠᠷᠢᠴᠠᠯ ᠨᠢ 2.1᠄ 42.6᠄ 55.3 ᠪᠣᠯᠤᠨ᠎ᠠ  ᠃ ᠲᠠᠷᠢᠶᠠᠴᠢᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ 19362 ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 8.3% ᠨᠡᠮᠡᠭᠳᠡᠵᠡᠶ᠃ ᠰᠤᠷᠪᠤᠯᠵᠢᠯᠠᠭᠴᠢ᠄ ᠲᠠ ᠵᠢᠨᠢᠩ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠬᠢᠨ ᠠᠬᠢᠭᠤᠯᠬᠤ ᠪᠠᠷ ᠲᠥᠯᠥᠪᠯᠡᠵᠦ ᠪᠠᠶᠢᠬᠤ ᠶᠢ ᠲᠠᠨᠢᠯᠴᠠᠭᠤᠯᠤᠨ᠎ᠠ  ᠤᠤ︖ ᠴᠠᠩ ᠾᠦᠢ ᠴᠢᠩ᠄ ᠨᠢᠭᠡ ᠳᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ  ᠰᠢᠰᠲ᠋ᠧᠮ ᠢ ᠪᠦᠷᠢᠨᠰᠢᠬᠦᠯᠦᠨ᠎ᠠ᠃ ᠵᠢᠨᠢᠩ ᠲᠣᠭᠤᠷᠢᠭ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠠᠵᠢᠯ ᠤᠨ ᠳᠦᠷᠢᠮ︾᠎ ᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠲᠠᠪᠤᠨ ᠱᠠᠲᠤᠨ ᠤ ᠱᠦᠵᠢ︾᠎ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠳᠬᠤᠬᠤ ᠠᠵᠢᠯ ᠤᠨ ᠲᠣᠭᠲᠠᠴᠠ ᠶᠢ ᠬᠦᠴᠦᠯᠡᠨ ᠴᠢᠩᠭᠠᠳᠬᠠᠵᠠᠢ᠃  ᠲᠤᠭᠤᠷᠢᠭ ᠤᠨ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ  ᠲᠤᠭᠤᠷᠢᠭ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠲᠣᠭᠲᠠᠴᠠ ᠶᠢ ᠲᠡᠭᠦᠯᠳᠡᠷᠵᠢᠭᠦᠯᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠴᠢ᠊· ᠳᠠᠯᠠᠨᠲᠠᠢ  ᠎ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠲᠠᠷᠢᠶᠠᠯᠠᠩ ᠮᠠᠯ ᠠᠵᠤ ᠠᠬᠤᠶ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠤᠭᠰᠠᠨ ᠪᠥᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠠᠪᠤᠨ ᠶᠡᠭᠡ ᠬᠥᠭᠵᠢᠭᠦᠯᠦᠨ ᠮᠠᠨᠳᠤᠭᠤᠯᠬᠤ︾ ᠲᠤᠰᠬᠠᠶ ᠳᠤᠭᠤᠶᠢᠯᠠᠩ ᠢ ᠪᠠᠶᠢᠭᠤᠯᠵᠤ᠂ ᠵᠢᠨᠢᠩ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠣᠪᠴᠢᠶ᠎ᠠ ᠶᠢ ᠪᠠᠶᠢᠭᠤᠯᠤᠭᠰᠠᠨ ᠤ ᠬᠠᠮᠲᠤ᠂ ᠲᠣᠭᠤᠷᠢᠭ ᠤᠨ ᠳᠥᠷᠪᠡᠨ ᠶᠡᠭᠡ ᠪᠠᠭ ᠤᠨ ᠤᠳᠤᠷᠢᠳᠤᠯᠭ᠎ᠠ ᠪᠠ  ᠲᠤᠭᠤᠷᠢᠭ ᠤᠨ ᠰᠢᠭᠤᠳ ᠬᠠᠷᠢᠶ᠎ᠠ 1 ᠰᠠᠯᠠᠭ᠎ᠠ ᠮᠥᠴᠢᠷ ᠨᠢᠭᠡ ᠲᠣᠰᠬᠤᠨ ᠢ ᠳᠠᠭᠠᠭᠠᠴᠢᠯᠠᠨ ᠬᠤᠯᠪᠣᠭᠠᠯᠠᠬᠤ ᠲᠣᠭᠲᠠᠴᠠ ᠶᠢ ᠪᠠᠶᠢᠭᠤᠯᠤᠭᠰᠠᠨ ᠪᠠᠶᠢᠨ᠎ᠠ᠃ ᠬᠤᠶᠠᠷ ᠲᠤ᠂ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠪᠠᠶᠢᠯᠳᠤᠬᠤ ᠪᠤᠳᠤᠯᠭ᠎ᠠ ᠶᠢᠨ ᠵᠢᠷᠤᠭ ᠲᠥᠯᠥᠪᠯᠡᠭᠡ ᠶᠢ ᠰᠠᠶᠢᠲᠤᠷ ᠵᠢᠷᠤᠭᠯᠠᠨ᠎ᠠ᠃ ᠮᠠᠨ ᠤ  ᠲᠤᠭᠤᠷᠢᠭ ︽ᠤᠯᠠᠭᠠᠨᠴᠠᠪ ᠬᠤᠲᠠ ᠶᠢᠨ ᠵᠢᠨᠢᠩ ᠲᠣᠭᠤᠷᠢᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ︵2021 — 2025 ᠣᠨ︶︾᠂ ᠤᠯᠠᠭᠠᠨᠴᠠᠪ ᠤᠨ ᠲᠠᠯ᠎ᠠ ᠨᠤᠲᠤᠭ ᠤᠨ ᠵᠢᠭᠤᠯᠴᠢᠯᠠᠯ ᠤᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠭᠰᠠᠨ ᠪᠥᠭᠡᠳ ᠣᠲᠣ ᠶᠠᠭ 24 ᠵᠠᠰᠠᠭ ᠵᠠᠬᠢᠷᠭᠠᠨ ᠤ ᠲᠣᠰᠬᠤᠨ ᠤ ᠠᠶᠢᠯ ᠲᠣᠰᠬᠤᠨ ᠤ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠬᠥᠳᠡᠭᠡ ᠲᠣᠰᠬᠤᠨ ᠢ ᠲᠥᠷᠥᠯ ᠬᠤᠪᠢᠶᠠᠨ ᠬᠥᠭᠵᠢᠭᠦᠯᠬᠦ ᠰᠢᠰᠲ᠋ᠧᠮᠵᠢ ᠶᠢ ᠢᠳᠡᠪᠬᠢᠲᠡᠶ ᠪᠠᠶᠢᠭᠤᠯᠵᠤ ᠪᠠᠶᠢᠨ᠎ᠠ᠃ ᠭᠤᠷᠪᠠ ᠳᠤ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠨ᠎ᠡ᠃ ᠮᠠᠨ ᠤ  ᠲᠤᠭᠤᠷᠢᠭ ᠬᠥᠳᠡᠭᠡ ᠲᠣᠰᠬᠤᠨ ᠤ ᠭᠠᠵᠠᠷ ᠰᠢᠷᠣᠶ ᠳᠠᠭᠠᠭᠠᠴᠢᠯᠠᠨ ᠡᠵᠡᠩᠨᠡᠬᠦ ᠡᠷᠬᠡ ᠶᠢ ᠨᠤᠲᠠᠯᠠᠨ ᠲᠣᠭᠲᠠᠭᠠᠬᠤ ᠠᠵᠢᠯ ᠢ ᠨᠢᠭᠡᠨᠲᠡ ᠦᠨᠳᠦᠰᠦᠨ ᠳᠡᠭᠡᠨ ᠪᠡᠶᠡᠯᠡᠭᠦᠯᠪᠡ᠃ ᠪᠥᠬᠦ  ᠲᠤᠭᠤᠷᠢᠭ ᠤᠨ ᠭᠠᠵᠠᠷ ᠰᠢᠷᠣᠶ ᠶᠢᠨ ᠡᠷᠬᠡ ᠶᠢ ᠨᠢᠭᠡᠨᠲᠡ 128 ᠲᠣᠰᠬᠤᠨ ᠳᠤᠭᠤᠶᠢᠯᠠᠩ᠂ 8944 ᠡᠷᠦᠬᠡ ᠶᠢᠨ ᠡᠷᠬᠡ ᠶᠢ ᠨᠤᠲᠠᠯᠠᠨ ᠲᠣᠭᠲᠠᠭᠠᠵᠤ᠂ ᠡᠷᠬᠡ ᠶᠢ ᠨᠤᠲᠠᠯᠠᠨ ᠲᠣᠭᠲᠠᠭᠠᠭᠰᠠᠨ ᠲᠠᠯᠠᠪᠠᠶ 12.17 ᠲᠦᠮᠡᠨ ᠮᠥ᠂ ᠬᠠᠮᠲᠤ ᠶᠢᠨ ᠪᠡᠯᠡᠳᠬᠡᠯ ᠭᠠᠵᠠᠷ 1.82 ᠲᠦᠮᠡᠨ ᠮᠥ ᠪᠠᠶᠢᠵᠤ᠂ ᠡᠷᠬᠡ ᠶᠢ ᠨᠤᠲᠠᠯᠠᠨ ᠲᠣᠭᠲᠠᠭᠠᠭᠰᠠᠨ ᠨᠣᠷᠮ᠎ᠠ 99% ᠪᠣᠯᠪᠠ  ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠨᠢᠭᠡᠨᠲᠡ ᠪᠦᠬᠦ ᠲᠠᠯ᠎ᠠ ᠪᠠᠷ ᠪᠡᠶᠡᠯᠡᠭᠦᠯᠵᠦ᠂ ᠣᠷᠣᠨ ᠰᠠᠭᠤᠴᠠ ᠶᠢᠨ ᠭᠠᠵᠠᠷ ᠤᠨ ᠥᠭᠡᠷᠡᠴᠢᠯᠡᠯᠲᠡ ᠶᠢᠨ ᠲᠦᠷᠪᠡ ᠳᠤ᠂ ᠪᠣᠬᠢᠷᠲᠤᠯ ᠦᠭᠡᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠦᠢᠯᠡᠰ ᠤᠨ ᠬᠥᠭᠵᠢᠯ ᠮᠠᠨᠳᠤᠯ ᠢ ᠠᠬᠢᠭᠤᠯᠤᠨ᠎ᠠ᠃ ᠮᠠᠨ ᠤ ᠲᠤᠭᠤᠷᠢᠭ ᠬᠤᠲᠠ ᠶᠢᠨ ᠲᠡᠭᠦᠷᠭᠡ ᠶᠢᠨ ᠮᠠᠶ᠋ᠢᠭ ᠤᠨ ᠲᠠᠷᠢᠶᠠᠯᠠᠩ ᠮᠠᠯ ᠠᠵᠤ ᠠᠬᠤᠶ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠦᠶᠯᠡᠴᠢᠯᠡᠭᠡᠨ ᠤ ᠬᠤᠲᠠ ᠪᠠᠷ ᠲᠦᠰᠢᠭ ᠪᠣᠯᠭᠠᠵᠤ᠂ ᠴᠢᠨᠠᠷ ᠰᠠᠶᠢᠲᠠᠶ ᠪᠣᠬᠢᠷᠲᠤᠯ ᠥᠬᠡᠶ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠦᠨ᠂ ᠠᠵᠤ ᠦᠶᠯᠡᠰ ᠤᠨ ᠬᠥᠭᠵᠢᠯᠲᠡ ᠶᠢ ᠬᠦᠴᠦᠯᠡᠨ ᠠᠬᠢᠭᠤᠯᠤᠨ᠎ᠠ᠃ ᠮᠠᠨ ᠤ  ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠲᠣᠬᠢᠷᠠᠭᠤᠯᠤᠯᠲᠠ ᠰᠢᠪᠲᠤᠯᠤᠯᠲᠠ ᠲᠠᠢ ᠪᠣᠯᠵᠣ᠂ ᠪᠥᠬᠦ ᠲᠤᠭᠤᠷᠢᠭ ᠤᠨ ᠲᠠᠷᠢᠮᠠᠯ ᠤᠨ ᠲᠠᠷᠢᠮᠠᠯ ᠤᠨ ᠲᠠᠯᠠᠪᠠᠶ ᠶᠢ 11 ᠲᠦᠮᠡᠨ ᠮᠥ ᠳᠤ ᠲᠣᠭᠲᠠᠪᠤᠷᠢᠵᠢᠭᠤᠯᠤᠨ᠂ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠯᠲᠡ ᠶᠢ ᠶᠡᠬᠡᠪᠡᠷ ᠬᠥᠭᠵᠢᠭᠦᠯᠵᠦ᠂ ᠣᠲᠣ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰᠵᠢᠯᠲᠡ ᠶᠢᠨ ᠬᠥᠲᠥᠴᠢ ᠠᠵᠤ ᠠᠬᠤᠶᠢᠯᠠᠯ 15 ᠪᠠᠶᠢᠵᠤ᠂ ᠮᠠᠯᠴᠢᠨ ᠲᠠᠷᠢᠶᠠᠴᠢᠨ ᠤ ᠲᠤᠰᠬᠠᠶ ᠠᠵᠢᠯ ᠤᠨ ᠬᠤᠷᠰᠢᠶ᠎ᠠ 182 ᠪᠣᠯᠪᠠ᠃ ᠲᠠᠷᠢᠶᠠᠯᠠᠩ ᠤᠨ ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠵᠦ᠂ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠪᠡᠶᠡᠯᠡᠭᠦᠯᠪᠡ᠃ ᠲᠠᠪᠤ ᠳᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠡᠳᠬᠢᠯ ᠢ ᠬᠥᠳᠡᠯᠭᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠶᠢᠨ ᠲᠤᠰᠠᠳᠠ᠂ ᠮᠠᠨ ᠤ ᠲᠤᠭᠤᠷᠢᠭ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠤᠨ ᠠᠬᠢᠭᠤᠯᠪᠠ᠃ ᠬᠤᠲᠠ ᠬᠥᠳᠡᠭᠡ ᠶᠢ ᠨᠢᠭᠡ ᠴᠤᠭᠴᠠᠵᠢᠭᠤᠯᠬᠤ ᠲᠦᠷᠢᠮ ᠤᠨ ᠥᠭᠡᠷᠡᠴᠢᠯᠡᠯᠲᠡ ᠶᠢ ᠠᠬᠢᠭᠤᠯᠵᠤ᠂ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ᠂ ᠪᠣᠬᠢᠷ ᠤᠰᠤ ᠶᠢ ᠬᠤᠷᠢᠶᠠᠨ ᠴᠤᠭᠯᠠᠭᠤᠯᠬᠤ᠂ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠠᠵᠢᠯ ᠵᠢᠴᠢ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠥᠬᠦ ᠣᠷᠣᠨ ᠢᠶᠠᠷ ᠠᠬᠢᠭᠤᠯᠬᠤ ᠠᠵᠢᠯ ᠢ ᠦᠷᠭᠦᠯᠵᠢᠯᠡᠨ ᠠᠬᠢᠭᠤᠯᠤᠨ᠎ᠠ᠃ ᠵᠢᠷᠭᠤᠭ᠎ᠠ ᠳᠤ᠂ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠷᠢ ᠳᠤᠲᠠᠭᠤᠳᠠᠯ ᠢ ᠨᠥᠬᠦᠪᠥᠷᠢᠯᠡᠨ᠎ᠡ᠃ ᠮᠠᠨ ᠤ ᠲᠤᠭᠤᠷᠢᠭ ᠤᠶᠢᠷ᠎ᠠ ᠶᠢᠨ ᠵᠢᠯ ᠤᠨ ᠲᠤᠷᠰᠢ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠳᠤᠲᠠᠭᠤᠳᠠᠯ ᠢ ᠢᠳᠡᠪᠬᠢᠲᠡᠢ ᠨᠥᠬᠦᠪᠥᠷᠢᠯᠡᠪᠡ᠃ ᠪᠥᠬᠦ ᠲᠤᠭᠤᠷᠢᠭ ᠲᠤ ᠶᠠᠳᠠᠭᠤ ᠬᠦᠴᠢᠷᠳᠡᠯᠲᠡᠶ ᠡᠷᠦᠬᠡ ᠶᠢᠨ 1430 ᠢᠵᠢ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠶᠢ ᠪᠡᠶᠡᠯᠡᠭᠦᠯᠵᠦ᠂ ᠬᠥᠳᠡᠭᠡ ᠲᠣᠰᠬᠤᠨ ᠤ ᠠᠮᠤᠷ ᠲᠦᠪᠰᠢᠨ ᠪᠤᠰᠤ ᠣᠷᠣᠨ ᠰᠠᠭᠤᠴᠠ ᠶᠢᠨ ᠠᠰᠠᠭᠤᠳᠠᠯ ᠢ ᠲᠦᠢᠯᠪᠤᠷᠢᠲᠠᠶ ᠰᠢᠶᠳᠪᠦᠷᠢᠯᠡᠪᠡ᠃ ᠠᠶᠢᠯ ᠲᠣᠰᠬᠤᠨ ᠳᠤ ᠴᠥᠮ ᠵᠠᠰᠠᠮᠠᠯ ᠵᠠᠮ ᠨᠡᠪᠲᠡᠷᠡᠭᠦᠯᠬᠦ ᠶᠢ ᠪᠡᠶᠡᠯᠡᠭᠦᠯᠵᠦ᠂ ᠵᠠᠮ ᠤᠨ ᠬᠠᠲᠠᠭᠤᠷᠠᠯ ᠤᠨ ᠨᠣᠷᠮ᠎ᠠ ᠶᠢ 100%᠎ ᠳᠤ ᠬᠦᠷᠦᠭᠦᠯᠦᠨ᠎ᠡ᠃ ᠬᠥᠳᠡᠭᠡ ᠲᠣᠰᠬᠤᠨ ᠤ ᠤᠤᠭᠤᠬᠤ ᠤᠰᠤᠨ ᠤ ᠠᠮᠤᠷ ᠲᠦᠪᠰᠢᠨ ᠢ ᠡᠷᠦᠬᠡ ᠳᠤ ᠬᠦᠷᠭᠡᠬᠦ ᠨᠣᠷᠮ᠎ᠠ ᠶᠢ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠢ 25 ᠪᠠᠶᠢᠭᠤᠯᠪᠠ᠃ ᠲᠣᠰᠬᠤᠨ ᠤ ᠱᠠᠲᠤᠨ ᠤ ᠪᠠᠷᠢᠮᠵᠢᠶᠠᠵᠢᠭᠰᠠᠨ ᠡᠷᠡᠭᠦᠯ ᠬᠠᠮᠠᠭᠠᠯᠠᠯ ᠤᠨ ᠲᠠᠰᠤᠭ᠂ ᠰᠣᠶᠣᠯ ᠪᠡᠶ᠎ᠡ ᠶᠢᠨ ᠲᠠᠮᠢᠷ ᠤᠨ ᠲᠠᠯᠠᠪᠠᠶ᠂ ᠶᠡᠷᠦᠩᠬᠡᠶᠢᠯᠡᠭᠰᠡᠨ ᠴᠢᠨᠠᠷᠲᠠᠶ ᠰᠣᠶᠣᠯ ᠤᠨ ᠦᠶᠯᠡᠴᠢᠯᠡᠭᠡᠨ ᠤ ᠲᠥᠪ᠂ ᠶᠡᠷᠦᠩᠬᠡᠶᠢᠯᠡᠭᠰᠡᠨ ᠴᠢᠨᠠᠷᠲᠠᠶ ᠦᠶᠯᠡᠴᠢᠯᠡᠭᠡᠨ ᠤ ᠥᠷᠲᠡᠭᠡ ᠶᠢ ᠪᠦᠷᠢᠨ ᠬᠠᠮᠤᠷᠬᠤ ᠶᠢ ᠪᠡᠶᠡᠯᠡᠭᠦᠯᠦᠨ᠎ᠡ ᠴᠠᠬᠢᠯᠭᠠᠨ ᠬᠦᠴᠦᠨ ᠢ ᠡᠷᠦᠬᠡ ᠳᠤ ᠣᠷᠣᠭᠤᠯᠬᠤ ᠨᠣᠷᠮ᠎ᠠ ᠪᠠ ᠥᠷᠭᠡᠨ ᠪᠦᠰᠡᠲᠦ ᠰᠦᠯᠵᠢᠶ᠎ᠡ᠂ ᠲᠧᠯᠸᠢᠰ ᠳ᠋ᠢᠶᠠᠩᠬᠤᠸᠠ᠂ ᠰᠢᠯᠵᠢᠮᠡᠯ ᠮᠡᠳᠡᠭᠡ ᠬᠤᠯᠪᠣᠭᠠᠨ ᠤ ᠳᠣᠬᠢᠶ᠎ᠠ ᠶᠢᠨ ᠪᠦᠷᠬᠦᠴᠡ ᠶᠢᠨ ᠨᠣᠷᠮ᠎ᠠ ᠶᠢ ᠴᠥᠮ 100%᠎ ᠳᠤ ᠬᠦᠷᠦᠭᠦᠯᠦᠨ᠎ᠡ᠃ ᠰᠤᠷᠪᠤᠯᠵᠢᠯᠠᠭᠴᠢ᠄ ᠴᠠᠩ ᠲᠣᠪᠴᠢᠶᠠᠨ ᠳᠠᠷᠤᠭ᠎ᠠ  ᠂ ᠮᠠᠨ ᠤ  ᠲᠤᠭᠤᠷᠢᠭ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠶᠢ ᠪᠣᠳᠠᠲᠠᠶ ᠠᠳᠬᠤᠵᠤ᠂ ᠳᠣᠲᠣᠭᠠᠳᠤ ᠶᠢᠨ ᠬᠥᠭᠵᠢᠯᠲᠡ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠬᠤ ᠲᠠᠯ᠎ᠠ ᠪᠠᠷ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠠᠪᠤᠭᠰᠠᠨ ᠪᠣᠶ︖ ᠴᠠᠩ ᠾᠦᠢ ᠴᠢᠩ᠄ ᠨᠢᠭᠡ ᠳᠤ ᠶᠠᠳᠠᠭᠤ ᠶᠢ ᠲᠡᠳᠬᠦᠬᠦ ᠲᠤᠰᠬᠠᠶ ᠪᠠᠯᠠ ᠮᠥᠩᠭᠦ ᠶᠢᠨ ᠦᠶᠯᠡᠳᠦᠯ ᠢ ᠭᠦᠶᠴᠡᠳ ᠪᠠᠳᠠᠷᠠᠭᠤᠯᠤᠨ᠎ᠠ᠃ ᠶᠠᠳᠠᠭᠤ ᠬᠦᠴᠢᠷᠳᠡᠯᠲᠡᠶ ᠡᠷᠦᠬᠡ ᠶᠢᠨ ᠪᠡᠶ᠎ᠡ ᠪᠠᠨ ᠳᠠᠭᠠᠭᠠᠵᠤ ᠦᠶᠯᠡᠳᠪᠦᠷᠢᠯᠡᠯ ᠢᠶᠠᠨ ᠬᠥᠭᠵᠢᠭᠦᠯᠬᠦ ᠪᠠ ᠬᠥᠲᠥᠴᠢ ᠠᠵᠤ ᠠᠬᠤᠶᠢᠯᠠᠯ ᠳᠤ ᠬᠤᠪᠢ ᠣᠷᠣᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠡᠷᠦᠬᠡ ᠶᠢᠨ ᠦᠶᠯᠡᠳᠪᠦᠷᠢᠯᠡᠯ ᠢᠶᠠᠨ ᠬᠥᠭᠵᠢᠭᠦᠯᠬᠦ ᠶᠢ ᠲᠡᠳᠬᠦᠨ ᠳᠡᠮᠵᠢᠵᠦ᠂ ᠠᠵᠤ ᠦᠶᠯᠡᠰ ᠤᠨ ᠶᠠᠳᠠᠭᠤ ᠠᠴᠠ ᠠᠩᠭᠢᠵᠢᠷᠠᠬᠤ ᠶᠢ ᠠᠬᠢᠭᠤᠯᠤᠨ᠎ᠠ᠃ ᠬᠥᠳᠡᠯᠮᠦᠷᠢᠯᠡᠬᠦ ᠴᠢᠳᠠᠪᠤᠷᠢ ᠲᠠᠢ ᠪᠠ ᠬᠥᠭᠵᠢᠯᠲᠡ ᠶᠢᠨ ᠬᠦᠰᠡᠯ ᠲᠠᠢ ᠶᠠᠳᠠᠭᠤ ᠬᠦᠴᠢᠷᠳᠡᠯᠲᠡᠶ 50 ᠡᠷᠦᠬᠡ᠂ 115 ᠬᠥᠮᠦᠨ ᠳᠤ ᠪᠡᠶ᠎ᠡ ᠪᠠᠨ ᠳᠠᠭᠠᠭᠠᠵᠤ ᠠᠵᠤ ᠦᠶᠯᠡᠰ ᠢ ᠬᠥᠭᠵᠢᠭᠦᠯᠬᠦ ᠪᠠᠷ ᠲᠣᠬᠢᠷᠠᠭᠤᠯᠤᠯᠲᠠ ᠬᠢᠵᠦ᠂ 134 ᠲᠦᠮᠡᠨ ᠲᠥᠭᠦᠷᠢᠭ ᠤᠨ ᠨᠥᠬᠦᠪᠥᠷᠢ ᠮᠥᠩᠭᠦ ᠣᠷᠣᠭᠤᠯᠪᠠ᠃ ᠦᠶᠯᠡᠳᠪᠦᠷᠢᠯᠡᠯ ᠢ ᠬᠥᠭᠵᠢᠭᠦᠯᠬᠦ ᠢᠳᠡᠪᠬᠢᠵᠢᠯ ᠲᠠᠢ 375 ᠡᠷᠦᠬᠡ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠳᠤ ᠳᠠᠷᠢᠵᠤ ᠲᠡᠵᠢᠭᠡᠨ ᠦᠷᠡᠵᠢᠭᠦᠯᠬᠦ ᠶᠢᠨ ᠱᠠᠩᠨᠠᠯ ᠨᠥᠬᠦᠪᠥᠷᠢ ᠶᠢᠨ ᠪᠠᠯᠠ ᠮᠥᠩᠭᠦ ᠶᠢ 106.7 ᠲᠦᠮᠡᠨ ᠲᠥᠭᠦᠷᠢᠭ ᠲᠠᠷᠬᠠᠭᠠᠵᠤ᠂ ᠳᠠᠷᠢᠵᠤ ᠲᠡᠵᠢᠭᠡᠨ ᠦᠷᠡᠵᠢᠭᠦᠯᠬᠦ ᠶᠢ ᠬᠥᠭᠵᠢᠭᠦᠯᠬᠦ ᠳᠤ ᠬᠡᠷᠡᠭᠯᠡᠨ᠎ᠡ᠃ ᠨᠠᠰᠤ ᠠᠬᠠᠰᠢᠷᠠᠭᠰᠠᠨ᠂ ᠡᠪᠡᠳᠴᠢᠨ ᠠᠴᠠ ᠪᠣᠯᠵᠣ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠶᠠᠳᠠᠭᠤ ᠬᠦᠴᠢᠷᠳᠡᠯᠲᠡᠶ ᠡᠷᠦᠬᠡ ᠳᠤ᠂ ᠲᠤᠰᠬᠠᠶ ᠵᠦᠶᠯ ᠤᠨ ᠶᠠᠳᠠᠭᠤ ᠶᠢ ᠲᠡᠳᠬᠦᠬᠦ ᠪᠠᠯᠠ ᠮᠥᠩᠭᠦ ᠶᠢ ᠠᠰᠢᠭᠯᠠᠨ ᠴᠠᠰᠤᠲᠤ ᠲᠠᠯ᠎ᠠ ᠶᠢᠨ ᠰᠠᠭᠠᠯᠢ ᠶᠢᠨ ᠦᠶᠯᠡᠰ ᠵᠡᠷᠭᠡ ᠶᠠᠳᠠᠭᠤ ᠶᠢ ᠲᠡᠳᠬᠦᠬᠦ ᠬᠥᠲᠥᠴᠢ ᠠᠵᠤ ᠠᠬᠤᠶᠢᠯᠠᠯ ᠯᠤᠭ᠎ᠠ ᠬᠠᠮᠲᠤᠷᠠᠯᠴᠠᠵᠤ᠂ ᠰᠠᠭᠠᠯᠢ ᠶᠢᠨ ᠦᠨᠢᠶ᠎ᠡ ᠶᠢ ᠨᠠᠶᠢᠳᠠᠨ ᠬᠠᠮᠢᠶᠠᠷᠤᠭᠤᠯᠵᠤ ᠨᠠᠶᠢᠳᠠᠨ ᠲᠡᠵᠢᠭᠡᠯᠭᠡᠬᠦ ᠠᠷᠭ᠎ᠠ ᠮᠠᠶ᠋ᠢᠭ ᠢ ᠠᠪᠴᠤ ᠪᠠᠶᠢᠭᠠᠳ ᠨᠥᠬᠦᠪᠥᠷᠢ ᠶᠢᠨ ᠪᠠᠯᠠ ᠮᠥᠩᠭᠦ ᠣᠷᠣᠭᠤᠯᠤᠨ᠎ᠠ᠃ ᠬᠤᠶᠠᠷ ᠲᠤ ᠬᠥᠲᠥᠴᠢ ᠠᠵᠤ ᠦᠶᠯᠡᠰ ᠤᠨ ᠲᠥᠷᠥᠯ ᠵᠦᠶᠯ ᠢ ᠢᠳᠡᠪᠬᠢᠲᠡᠶ ᠪᠠᠷ ᠪᠤᠶᠢᠵᠢᠭᠤᠯᠤᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠵᠤ᠂ 2019 ᠣᠨ ᠤ ᠬᠥᠬᠡᠬᠤᠲᠠ  ᠴᠢᠭᠤᠯᠭᠠᠲᠤ ᠬᠠᠭᠠᠯᠭ᠎ᠠ ᠶᠢᠨ ᠠᠶᠠᠨᠴᠢᠳ ᠤᠨ ᠲᠡᠭᠡᠭᠡᠪᠦᠷᠢ ᠶᠢᠨ ᠲᠤᠰᠬᠠᠶ ᠱᠤᠭᠤᠮ ᠨᠡᠪᠲᠡᠷᠡᠭᠰᠡᠨ ᠵᠢᠴᠢ 2022 ᠣᠨ ᠤ ᠪᠡᠭᠡᠵᠢᠩ ᠤᠨ ᠡᠪᠦᠯ ᠤᠨ ᠣᠯᠧᠮᠫᠢᠺ ᠴᠤᠭᠯᠠᠭᠠᠨ ᠬᠤᠲᠠ ᠶᠢᠨ ᠠᠪᠴᠢᠷᠠᠭᠰᠠᠨ ᠮᠥᠰᠥ ᠴᠠᠰᠤᠨ ᠤ ᠬᠠᠯᠠᠭᠤᠨ ᠤᠷᠤᠰᠬᠠᠯ ᠢ ᠠᠰᠢᠭᠯᠠᠨ᠂ ᠬᠤᠶᠠᠷ ᠵᠢᠭᠤᠯᠴᠢᠯᠠᠯ ᠤᠨ ᠴᠠᠰᠤᠨ ᠳᠤ ᠭᠤᠯᠭᠤᠬᠤ ᠲᠠᠯᠠᠪᠠᠶ ᠶᠢ ᠢᠵᠢ ᠪᠥᠷᠢᠳᠦᠭᠦᠯᠦᠨ ᠬᠡᠷᠡᠭᠵᠢᠭᠦᠯᠵᠦ᠂ ᠮᠠ ᠯᠢᠶᠠᠨ ᠴᠢᠦᠶ ᠰᠢᠶᠠᠩ ᠤᠨ ᠳ᠋ᠠ ᠠᠷᠪᠠᠳᠤᠭᠠᠷ ᠲᠣᠰᠬᠤᠨ ᠠᠴᠠ ᠪᠠᠶ ᠬᠠᠶ ᠽᠢ ᠪᠠᠯᠭᠠᠰᠤᠨ ᠤ ᠳ᠋ᠠ ᠾᠧ ᠸᠠᠨ᠂ ᠰᠢᠶᠤᠤ ᠳ᠋ᠦᠩ ᠬᠤᠤ ᠲᠣᠰᠬᠤᠨ ᠣᠷᠴᠢᠮ ᠤᠨ ᠲᠣᠰᠬᠤᠨ ᠪᠠᠯᠭᠠᠰᠤ ᠳᠤ ᠬᠦᠷᠴᠦ ᠤᠨᠴᠠᠯᠢᠬᠳᠤ ᠵᠢᠭᠤᠯᠴᠢᠯᠠᠯ ᠤᠨ ᠲᠥᠷᠥᠯ ᠵᠦᠶᠯ ᠢ ᠬᠥᠭᠵᠢᠭᠦᠯᠬᠦ ᠶᠢ ᠵᠡᠷᠭᠡ ᠳᠤᠨᠢ ᠠᠬᠢᠭᠤᠯᠵᠤ᠂ ᠶᠡᠭᠡ ᠠᠷᠪᠠᠳᠤᠭᠠᠷ ᠨᠣᠮᠧᠷᠲᠤ ᠲᠣᠮᠣ ᠫᠤᠩ ᠲᠡᠭᠦᠬᠦ᠂ ᠰᠡᠬᠡᠭᠡᠲᠡᠨ ᠵᠠᠯᠠᠭᠤᠴᠤᠳ ᠤᠨ ᠵᠢᠵᠢᠭ ᠬᠦᠷᠢᠶ᠎ᠡ᠂ ︽ᠨᠢᠭᠡ ᠬᠤᠩᠭᠢᠯ ᠬᠤᠶᠠᠷ ᠴᠠᠭᠠᠷᠢᠭ︾᠎ ᠤᠨ ᠦᠵᠡᠭᠦᠯᠦᠯᠭᠡ ᠶᠢᠨ ᠲᠠᠷᠢᠶᠠᠯᠠᠩ ᠤᠨ ᠪᠦᠰᠡ ᠵᠡᠷᠭᠡ ᠤᠨᠴᠠᠯᠢᠬᠳᠤ ᠠᠵᠤ ᠦᠶᠯᠡᠰ ᠤᠨ ᠲᠥᠷᠥᠯ ᠵᠦᠶᠯ ᠢ ᠬᠦᠴᠦᠯᠡᠨ ᠪᠣᠶ ᠪᠣᠯᠭᠠᠨ᠎ᠠ᠃ ᠨᠥᠬᠦᠴᠡᠯ ᠲᠠᠢ ᠲᠠᠷᠢᠶᠠᠴᠢᠨ ᠡᠷᠦᠬᠡ ᠶᠢᠨ ᠣᠳᠣᠨ ᠲᠠᠰ ᠤᠨ ᠭᠥᠯᠢᠶᠡᠨ ᠠᠪᠬᠤ ᠡᠷᠦᠬᠡ ᠶᠢ ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠲᠣᠭᠤᠷᠢᠨ ᠦᠵᠡᠵᠦ ᠪᠡᠶᠡᠴᠢᠯᠡᠨ ᠣᠶᠢᠯᠠᠭᠠᠬᠤ᠂ ᠠᠮᠠᠷᠠᠯᠲᠠ ᠠᠪᠴᠤ ᠪᠡᠶ᠎ᠡ ᠰᠤᠪᠢᠯᠠᠬᠤ᠂ ᠢᠳᠡᠭᠡᠨ ᠤᠮᠳᠠᠭᠠᠨ ᠵᠤᠭ᠎ᠠ ᠴᠡᠩᠭᠡᠯ᠂ ᠪᠡᠶ᠎ᠡ ᠶᠢᠨ ᠲᠠᠮᠢᠷ ᠤᠨ ᠬᠥᠳᠡᠯᠭᠡᠭᠡᠨ ᠡᠷᠡᠭᠦᠯ ᠴᠢᠭᠢᠷᠠᠭ ᠪᠡᠶ᠎ᠡ ᠶᠢᠨ ᠲᠠᠮᠢᠷ ᠢ ᠨᠢᠭᠡ ᠴᠣᠭᠴᠠᠵᠢᠭᠤᠯᠤᠭᠰᠠᠨ ᠬᠥᠳᠡᠭᠡ ᠲᠣᠰᠬᠤᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠵᠠᠭᠪᠤᠷ ᠢ ᠬᠦᠴᠦᠯᠡᠨ ᠪᠣᠶ ᠪᠣᠯᠭᠠᠵᠤ᠂ ᠵᠠᠮ ᠳᠠᠭᠠᠤ ᠶᠢᠨ 19 ᠲᠣᠰᠬᠤᠨ ᠤ 192 ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠨ ᠲᠣᠭᠲᠠᠭᠤᠨ ᠣᠷᠣᠯᠭ᠎ᠠ ᠶᠢ ᠪᠡᠶᠡᠯᠡᠭᠦᠯᠦᠨ᠎ᠡ᠃ ᠭᠤᠷᠪᠠ ᠳᠤ ᠮᠥᠩᠭᠦᠨ ᠭᠦᠢᠯᠭᠡᠭᠡᠨ ᠢᠶᠠᠷ ᠶᠠᠳᠠᠭᠤ ᠶᠢ ᠲᠡᠳᠬᠦᠬᠦ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠮᠠᠨ ᠤ  ᠲᠤᠭᠤᠷᠢᠭ ᠰᠢᠤᠳᠠᠨ ᠤ ᠬᠠᠳᠠᠭᠠᠯᠠᠮᠵᠢ᠂ ᠲᠠᠷᠢᠶᠠᠯᠠᠩ ᠤᠨ ᠬᠤᠳᠠᠯᠳᠤᠭᠠᠨ ᠤ ᠪᠠᠩᠬᠢ 2 ᠪᠠᠩᠬᠢ ᠲᠠᠢ ᠬᠠᠮᠲᠤᠷᠠᠨ ︽5 ᠲᠦᠮᠡᠨ ᠲᠥᠭᠦᠷᠢᠭ᠂ 3 ᠵᠢᠯ ᠤᠨ ᠬᠤᠭᠤᠴᠠᠭ᠎ᠠ ᠲᠠᠢ᠂ ᠳᠠᠭᠠᠭᠠᠯᠲᠠ ᠥᠯᠥ ᠬᠢᠬᠦ᠂ ᠪᠠᠷᠢᠴᠠᠭ᠎ᠠ ᠠᠴᠠ ᠭᠡᠯᠳᠦᠷᠢᠭᠦᠯᠬᠦ᠂ ᠰᠠᠭᠤᠷᠢ ᠬᠦᠤ ᠮᠥᠩᠭᠦ ᠶᠢᠨ ᠨᠣᠷᠮ᠎ᠠ ᠶᠢ ᠬᠡᠷᠡᠭᠵᠢᠭᠦᠯᠬᠦ︾ ᠶᠠᠳᠠᠭᠤ ᠶᠢ ᠲᠡᠳᠬᠦᠬᠦ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠪᠥᠬᠦ ᠶᠠᠪᠤᠴᠠ ᠳᠤ ᠪᠥᠬᠦ ᠲᠤᠭ᠎ᠠ ᠪᠠᠷ ᠳᠠᠮ ᠬᠦᠤ ᠥᠭᠬᠦ ᠰᠢᠨ᠎ᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠨᠡᠶᠢᠲᠡ 86 ᠡᠷᠦᠬᠡ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠳᠤ 374 ᠲᠦᠮᠡᠨ ᠲᠥᠭᠦᠷᠢᠭ ᠤᠨ ᠵᠢᠭᠡᠯᠡᠯᠭᠡ ᠲᠠᠯᠪᠢᠪᠠ᠃ ᠡᠭᠦᠨ ᠤ ᠬᠠᠮᠲᠤ ︽ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠲᠥᠰᠦᠯ︾᠎ ᠢ ᠨᠡᠶᠢᠲᠡᠯᠡᠵᠦ᠂ ᠭᠠᠷᠴᠤ ᠮᠡᠳᠡᠬᠦ ᠮᠥᠩᠭᠦᠨ ᠭᠦᠶᠯᠭᠡᠭᠡᠨ ᠤ ᠠᠶᠤᠯ ᠲᠦᠭᠰᠢᠭᠦᠷᠢ ᠪᠠ ᠠᠵᠤ ᠦᠶᠯᠡᠰ ᠤᠨ ᠠᠶᠤᠯ ᠲᠦᠭᠰᠢᠭᠦᠷᠢ ᠳᠤ ᠴᠢᠭᠯᠡᠭᠦᠯᠦᠨ᠂ 2017 ᠣᠨ ᠳᠤ ᠬᠡᠷᠡᠭᠵᠢᠭᠦᠯᠦᠭᠰᠡᠨ 82 ᠡᠷᠦᠬᠡ ᠶᠢᠨ 410 ᠲᠦᠮᠡᠨ ︽ᠡᠷᠦᠬᠡ ᠶᠢᠨ ᠵᠢᠭᠡᠯᠡᠯᠭᠡ ᠪᠠ ᠠᠵᠤ ᠠᠬᠤᠶᠢᠯᠠᠯ ᠤᠨ ᠬᠡᠷᠡᠭᠯᠡᠬᠦ︾ ᠵᠢᠭᠡᠯᠡᠯᠭᠡ ᠶᠢ ᠵᠠᠯᠠᠷᠠᠭᠤᠯᠵᠤ᠂ ᠨᠢᠭᠡᠨᠲᠡ ᠠᠵᠤ ᠠᠬᠤᠶᠢᠯᠠᠯ ᠠᠴᠠ ᠵᠢᠭᠡᠯᠡᠯᠭᠡ ᠶᠢ ᠪᠦᠬᠦᠨ ᠢ ᠪᠤᠴᠠᠭᠠᠪᠠ  ᠃ ᠳᠥᠷᠪᠡ ᠳᠤ ᠳᠠᠷᠢᠵᠤ ᠲᠡᠵᠢᠭᠡᠨ ᠦᠷᠡᠵᠢᠭᠦᠯᠬᠦ ᠮᠡᠷᠭᠡᠵᠢᠯ ᠤᠨ ᠳᠡᠮᠵᠢᠯᠭᠡ ᠶᠢ ᠢᠳᠡᠪᠬᠢᠲᠡᠶ ᠬᠠᠩᠭᠠᠨ᠎ᠠ᠃ ᠮᠠᠨ ᠤ ᠣᠷᠣᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠳᠠᠷᠢᠵᠤ ᠲᠡᠵᠢᠭᠡᠬᠦ ᠬᠤᠶᠠᠷ ᠦᠶᠯᠡᠰ ᠢ ᠬᠠᠮᠲᠤ ᠳᠤᠨᠢ ᠬᠠᠷᠠᠭᠠᠯᠵᠠᠵᠤ᠂ ᠠᠵᠤ ᠦᠶᠯᠡᠰ ᠤᠨ ᠵᠢᠭᠠᠨ ᠵᠢᠯᠣᠭᠤᠳᠣᠭᠴᠢ ᠳᠤ ᠰᠢᠨ᠎ᠡ ᠪᠠᠷ ᠲᠣᠬᠢᠷᠠᠭᠤᠯᠤᠯᠲᠠ ᠬᠢᠵᠦ᠂ 2 ᠵᠠᠰᠠᠭ ᠵᠠᠬᠢᠷᠭᠠᠨ ᠤ ᠲᠣᠰᠬᠤᠨ ᠪᠦᠷᠢ ᠳᠤ 1 ᠨᠡᠷᠡᠰ ᠲᠠᠷᠢᠶᠠᠯᠠᠩ ᠤᠨ ᠮᠡᠷᠭᠡᠵᠢᠯᠲᠡᠨ ᠪᠠ 1 ᠨᠡᠷᠡᠰ ᠲᠡᠵᠢᠭᠡᠨ ᠦᠷᠡᠵᠢᠭᠦᠯᠬᠦ ᠮᠡᠷᠭᠡᠵᠢᠯᠲᠡᠨ ᠳᠣᠭᠢᠷᠠᠭᠤᠯᠬᠤ ᠠᠷᠭ᠎ᠠ ᠮᠠᠶ᠋ᠢᠭ ᠢᠶᠠᠷ᠂ ᠨᠡᠶᠢᠲᠡ 24 ᠨᠡᠷᠡᠰ ᠠᠵᠤ ᠦᠶᠯᠡᠰ ᠤᠨ ᠵᠢᠭᠠᠨ ᠵᠢᠯᠣᠭᠤᠳᠣᠭᠴᠢ ᠶᠢ ᠰᠣᠩᠭᠤᠨ ᠲᠣᠮᠢᠯᠠᠵᠤ᠂ ᠲᠠᠷᠢᠶᠠᠨ ᠭᠠᠵᠠᠷ ︵ᠡᠷᠦᠬᠡ ᠡᠷᠦᠬᠡ︶᠎ ᠳᠤ ᠭᠦᠨᠵᠡᠭᠡᠶᠢᠷᠡᠨ ᠮᠡᠷᠭᠡᠵᠢᠯ ᠤᠨ ᠵᠢᠯᠣᠭᠤᠳᠣᠯᠭ᠎ᠠ ᠥᠷᠨᠢᠭᠦᠯᠵᠦ᠂ ᠶᠠᠳᠠᠭᠤ ᠬᠦᠴᠢᠷᠳᠡᠯᠲᠡᠶ ᠡᠷᠦᠬᠡ ᠶᠢ ᠨᠡᠶᠢᠲᠡ 600 ᠭᠠᠷᠤᠶ ᠡᠷᠦᠬᠡ ᠤᠳᠠᠭ᠎ᠠ ᠵᠢᠭᠠᠨ ᠵᠢᠯᠣᠭᠤᠳᠪᠠ᠃ ᠰᠤᠷᠪᠤᠯᠵᠢᠯᠠᠭᠴᠢ᠄ ᠲᠠ ᠮᠠᠨ ᠤ ᠲᠤᠭᠤᠷᠢᠭ ᠤᠨ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠤᠨ ᠲᠦᠷᠦᠯ ᠵᠦᠢᠯ ᠤᠨ ᠠᠬᠢᠴᠠ ᠶᠢᠨ ᠪᠠᠶᠢᠳᠠᠯ ᠢ ᠲᠠᠨᠢᠯᠴᠠᠭᠤᠯᠤᠨ᠎ᠠ  ᠤᠤ︖ ᠴᠠᠩ ᠾᠦᠢ ᠴᠢᠩ᠄ ᠵᠢᠨᠢᠩ ᠲᠣᠭᠤᠷᠢᠭ ᠤᠨ ᠬᠠᠷᠢᠶᠠᠨ ᠳᠠᠬᠢ ᠨᠢᠭᠡ ᠰᠢᠶᠠᠩ ᠨᠢᠭᠡ ᠪᠠᠯᠭᠠᠰᠤ᠂ 25 ᠵᠠᠰᠠᠭ ᠵᠠᠬᠢᠷᠭᠠᠨ ᠤ ᠲᠣᠰᠬᠤᠨ᠂ 116 ᠠᠶᠢᠯ ᠲᠣᠰᠬᠤᠨ᠂ ᠪᠠᠶᠢᠩᠭᠤ ᠰᠠᠭᠤᠭ᠎ᠠ ᠲᠠᠷᠢᠶᠠᠴᠢᠨ ᠡᠷᠦᠬᠡ 6302 ᠡᠷᠦᠬᠡ᠃ 2018 ᠣᠨ ᠠᠴᠠ ᠨᠠᠰᠢ᠂ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠤᠨ ᠲᠥᠷᠥᠯ ᠵᠦᠶᠯ ᠳᠤ ᠨᠢᠭᠡᠨᠲᠡ 2956 ᠡᠷᠦᠬᠡ ᠠᠷᠢᠭᠤᠨ ᠴᠡᠪᠡᠷ ᠵᠣᠷᠯᠣᠩ ᠢ ᠪᠠᠶᠢᠭᠤᠯᠵᠤ᠂ ᠡᠭᠦᠷᠭᠡ ᠪᠠᠨ ᠪᠡᠶᠡᠯᠡᠭᠦᠯᠦᠭᠰᠡᠨ ᠨᠣᠷᠮ᠎ᠠ ᠨᠢ 127.74% ᠬᠦᠷᠴᠡᠶ᠃ ᠣᠳᠣᠬᠠᠨ ᠳᠤ᠂ ᠠᠷᠢᠭᠤᠨ ᠴᠡᠪᠡᠷ ᠡᠷᠦᠬᠡ ᠶᠢᠨ ᠵᠣᠷᠯᠣᠩ ᠤᠨ ᠶᠡᠷᠦᠩᠬᠡᠶ ᠲᠤᠭ᠎ᠠ 3150 ᠡᠷᠦᠬᠡ ᠳᠤ ᠬᠦᠷᠴᠦ᠂ ᠮᠠᠨ ᠤ ᠲᠤᠭᠤᠷᠢᠭ ᠤᠨ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠭᠰᠡᠨ ᠨᠣᠷᠮ᠎ᠠ 49.98%᠎ ᠳᠤ ᠬᠦᠷᠴᠦ᠂ ᠬᠤᠶᠠᠷ ᠨᠦᠬᠡ ᠶᠢ ᠰᠣᠯᠪᠢᠴᠠᠭᠤᠯᠬᠤ᠂ ᠣᠴᠦ᠋ᠢᠵᠤ ᠰᠠᠭᠤᠬᠤ ᠳᠤ ᠬᠤᠶᠠᠷ ᠬᠡᠷᠡᠭᠴᠡᠭᠡᠲᠦ ᠵᠠᠭᠪᠤᠷ ᠢᠶᠠᠷ ᠭᠤᠤᠯᠯᠠᠭᠤᠯᠤᠨ᠂ ᠨᠡᠶᠢᠲᠡ 1059 ᠲᠦᠮᠡᠨ ᠲᠥᠭᠦᠷᠢᠭ ᠤᠨ ᠪᠠᠯᠠ ᠮᠥᠩᠭᠦ ᠣᠷᠣᠭᠤᠯᠵᠤ᠂ ᠨᠢᠭᠡ ᠰᠢᠶᠠᠩ ᠨᠢᠭᠡ ᠪᠠᠯᠭᠠᠰᠤ ᠶᠢᠨ 20 ᠵᠠᠰᠠᠭ ᠵᠠᠬᠢᠷᠭᠠᠨ ᠤ ᠲᠣᠰᠬᠤᠨ ᠳᠤ ᠬᠤᠯᠪᠣᠭᠳᠠᠵᠠᠶ᠃ ᠮᠠᠨ ᠤ ᠲᠤᠭᠤᠷᠢᠭ ᠬᠥᠳᠡᠭᠡ ᠲᠣᠰᠬᠤᠨ ᠤ ᠵᠣᠷᠯᠣᠩ ᠤᠨ ᠬᠤᠪᠢᠰᠬᠠᠯ ᠢ ᠨᠡᠶᠢᠳᠡᠮ ᠪᠦᠷᠬᠦᠭᠦᠯᠬᠦ ᠲᠥᠷᠥᠯ ᠵᠦᠶᠯ ᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ ᠤ ᠠᠷᠢᠭᠤᠨ ᠴᠡᠪᠡᠷ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢᠨ ᠬᠠᠷᠢᠴᠠᠯ ᠢ ᠦᠷᠭᠦᠯᠵᠢᠯᠡᠨ ᠳᠡᠭᠡᠭᠰᠢᠯᠡᠭᠦᠯᠵᠦ᠂ 50 ᠡᠷᠦᠬᠡ ᠠᠴᠠ ᠳᠡᠭᠡᠭᠰᠢᠬᠢ ᠪᠠᠶᠢᠩᠭᠤ ᠰᠠᠭᠤᠭ᠎ᠠ ᠠᠶᠢᠯ ᠲᠣᠰᠬᠤᠨ ᠢ ᠪᠦᠬᠦᠨ ᠢ ᠠᠷᠢᠭᠤᠨ ᠴᠡᠪᠡᠷ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢᠨ ᠬᠡᠪᠴᠢᠶᠡᠨ ᠳᠤ ᠣᠷᠣᠭᠤᠯᠵᠤ᠂ 2025 ᠣᠨ ᠪᠣᠯᠬᠤ ᠳᠤ ᠠᠷᠢᠭᠤᠨ ᠴᠡᠪᠡᠷ ᠵᠣᠷᠯᠣᠩ ᠤᠨ ᠲᠦᠭᠡᠮᠡᠯᠵᠢᠯᠲᠡ ᠶᠢᠨ ᠨᠣᠷᠮ᠎ᠠ ᠶᠢ 90%᠎ ᠠᠴᠠ ᠳᠡᠭᠡᠭᠰᠢ ᠳᠤ ᠬᠦᠷᠦᠭᠦᠯᠬᠦ ᠪᠠᠷ ᠲᠥᠯᠥᠪᠯᠡᠵᠦ ᠪᠣᠶ᠃ ᠰᠤᠷᠪᠤᠯᠵᠢᠯᠠᠭᠴᠢ᠄ ᠴᠠᠩ ᠲᠣᠪᠴᠢᠶᠠᠨ ᠳᠠᠷᠤᠭ᠎ᠠ  ᠂ ᠮᠠᠨ ᠤ  ᠲᠤᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢ ᠲᠠᠷᠠᠭᠠᠴᠢ ᠶᠢᠨ ᠠᠯᠬᠤᠮ ᠳᠤ ᠬᠡᠷᠬᠢᠨ ᠬᠥᠭᠵᠢᠭᠦᠯᠬᠦ ᠵᠢᠴᠢ ᠢᠷᠡᠭᠡᠳᠦᠶ ᠶᠢᠨ ᠬᠥᠭᠵᠢᠯᠲᠡ ᠳᠤ ᠶᠠᠮᠠᠷ ᠶᠠᠮᠠᠷ ᠴᠢᠬᠤᠯᠠ ᠠᠷᠭ᠎ᠠ ᠬᠡᠮᠵᠢᠶ᠎ᠡ ᠪᠠᠶᠢᠬᠤ ᠪᠣᠶ︖ ᠲᠠ ᠲᠠᠨᠢᠯᠴᠠᠭᠤᠯᠤᠭᠠᠳ ᠥᠭᠭᠦᠨ᠎ᠡ  ᠤᠤ︖ ᠴᠠᠩ ᠾᠦᠢ ᠴᠢᠩ᠄ ᠮᠠᠨ ᠤ  ᠲᠤᠭᠤᠷᠢᠭ ᠤᠨ ᠠᠵᠤ ᠦᠢᠯᠡᠰ ᠤᠨ ᠣᠳᠣᠬᠢ ᠪᠠᠶᠢᠳᠠᠯ ᠳᠤ ᠰᠠᠭᠤᠷᠢᠯᠠᠨ᠂ ᠮᠠᠨ ᠤ ᠲᠣᠪᠴᠢᠶ᠎ᠠ ᠵᠢᠨᠢᠩ ᠲᠣᠭᠤᠷᠢᠭ ᠤᠨ ᠲᠠᠷᠢᠶᠠᠯᠠᠩ ᠮᠠᠯ ᠠᠵᠤ ᠠᠬᠤᠶ ᠶᠢᠨ ᠤᠰᠤᠨ ᠠᠰᠢᠭᠯᠠᠯᠲᠠ ᠶᠢᠨ ᠦᠢᠯᠡᠰ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠠᠵᠢᠯ ᠤᠨ ᠲᠥᠯᠥᠪᠵᠢᠭᠦᠯᠭᠡ ᠶᠢ ᠲᠣᠭᠲᠠᠭᠠᠵᠤ᠂ ᠳᠠᠷᠠᠭᠠᠴᠢ ᠶᠢᠨ ᠠᠯᠬᠤᠮ ᠳᠤ ᠠᠰᠢᠭ ᠦᠭᠡᠶ ᠪᠠᠶᠢᠳᠠᠯ ᠠᠴᠠ ᠵᠠᠶᠢᠯᠠᠵᠤ᠂ ᠳᠠᠪᠠᠭᠤᠯᠢᠭ ᠲᠠᠯ᠎ᠠ ᠪᠠᠨ ᠪᠠᠳᠠᠷᠠᠭᠤᠯᠵᠤ᠂ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠲᠥᠮᠥᠰᠥᠨ ᠤ ᠪᠦᠷᠢᠨ ᠪᠦᠲᠦᠨ ᠠᠵᠤ ᠦᠢᠯᠡᠰ ᠤᠨ ᠬᠡᠯᠬᠢᠶ᠎ᠡ ᠶᠢᠨ ︽ᠪᠢᠲᠡᠭᠦᠦ ᠴᠠᠭᠠᠷᠢᠭ︾᠎ ᠢᠶᠠᠷ ᠭᠤᠣᠯ ᠪᠣᠯᠭᠠᠭᠰᠠᠨ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ᠂ ᠮᠢᠬᠠᠨ ᠤ ᠲᠥᠷᠥᠯ ᠪᠠ ᠰᠦ ᠶᠢᠨ ᠲᠥᠷᠥᠯ ᠢ ᠡᠳ᠋ᠰᠢᠭᠦᠯᠬᠦ ᠪᠠᠷ ︽ᠬᠤᠶᠠᠷ ᠵᠢᠭᠦᠷ︾ ᠪᠣᠯᠭᠠᠭᠰᠠᠨ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠶᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠡᠳ᠋ᠰᠢᠭᠦᠯᠦᠯᠲᠡ ᠶᠢᠨ ᠦᠶᠯᠡᠴᠢᠯᠡᠭᠡᠨ ᠤ ᠠᠵᠤ ᠦᠶᠯᠡᠰ᠂ ᠣᠷᠣᠨ ᠪᠦᠰᠡ ᠶᠢᠨ ᠴᠢᠨᠠᠷᠲᠠᠶ ᠲᠠᠷᠢᠶᠠᠯᠠᠩ ᠤᠨ ᠪᠦᠲᠦᠭᠡᠭᠳᠡᠬᠦᠨ ᠢ ᠬᠥᠮᠥᠷᠭᠡᠯᠡᠨ ᠬᠠᠳᠠᠭᠠᠯᠠᠵᠤ ᠰᠢᠨ᠎ᠡ ᠰᠣᠷᠭᠤᠭ ᠪᠠᠶᠢᠯᠭᠠᠬᠤ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡ ᠪᠠ ᠰᠡᠯᠡᠭᠦᠴᠡᠯ ᠲᠠᠷᠢᠶᠠᠯᠠᠩ ᠤᠨ ᠵᠤᠭᠠᠴᠠᠯ ᠢᠶᠠᠷ ᠭᠤᠤᠯ ᠪᠣᠯᠭᠠᠭᠰᠠᠨ ᠦᠶᠯᠡᠴᠢᠯᠡᠭᠡᠨ ᠤ ᠦᠶᠯᠡᠰ ᠤᠨ ᠰᠠᠭᠤᠷᠢᠨ ᠭᠠᠵᠠᠷ ᠢ ᠪᠠᠶᠢᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠦᠶᠯᠡᠳᠪᠦᠷᠢᠯᠡᠵᠦ ᠡᠳ᠋ᠰᠢᠭᠦᠯᠬᠦ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠶᠯᠭᠡᠭᠡ᠂ ᠠᠷᠠᠯᠵᠢᠶ᠎ᠠ ᠬᠤᠳᠠᠯᠳᠤᠭᠠᠨ ᠤ ᠦᠶᠯᠡᠴᠢᠯᠡᠭᠡ᠂ ᠬᠥᠳᠡᠭᠡ ᠲᠣᠰᠬᠤᠨ ᠤ ᠵᠢᠭᠤᠯᠴᠢᠯᠠᠯ ᠵᠡᠷᠭᠡ ᠬᠦᠷᠢᠶ᠎ᠡ ᠴᠠᠷᠠᠭ᠎ᠠ ᠶᠢᠨ ᠣᠷᠣᠨ ᠪᠦᠰᠡ ᠶᠢᠨ ᠴᠢᠨᠠᠷᠲᠠᠶ ᠴᠢᠳᠠᠮᠵᠢ ᠶᠢ ᠴᠢᠩᠭᠠᠷᠠᠭᠤᠯᠤᠨ᠎ᠠ᠃ 2025 ᠣᠨ ᠪᠣᠯᠬᠤ ᠳᠤ᠂ ︽ᠨᠢᠭᠡ ᠴᠠᠭᠠᠷᠢᠭ ᠬᠤᠶᠠᠷ ᠵᠢᠭᠦᠷ ᠭᠤᠷᠪᠠᠨ ᠲᠥᠪ︾᠎ ᠤᠨ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠶᠯᠡᠰ ᠤᠨ ᠠᠭᠤᠰᠤᠯᠴᠠᠭᠰᠠᠨ ᠪᠠᠶᠢᠷᠢᠰᠢᠯ ᠢ ᠦᠨᠳᠦᠰᠦᠨ ᠳᠡᠭᠡᠨ ᠪᠠᠶᠢᠭᠤᠯᠤᠨ᠎ᠠ᠃ ᠨᠢᠭᠡ ᠳᠤ ᠲᠠᠷᠢᠶᠠᠯᠠᠩ ᠤᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠮᠢᠨ ᠹᠤᠩ ᠦᠷ᠎ᠡ ᠶᠢᠨ ᠦᠶᠯᠡᠰ ᠤᠨ ᠬᠢᠵᠠᠭᠠᠷᠲᠤ ᠺᠣᠮᠫᠠᠨᠢ᠂ ᠶᠢᠨ ᠳ᠋ᠧᠦ ᠳ᠋ᠧᠦ ᠶᠢᠨ ᠺᠣᠮᠫᠠᠨᠢ ᠵᠢᠴᠢ ᠭᠦᠸᠧ ᠰᠢ ᠺᠣᠮᠫᠠᠨᠢ ᠵᠡᠷᠭᠡ ᠠᠵᠤ ᠠᠬᠤᠶᠢᠯᠠᠯ ᠳᠤ ᠭᠦᠶᠴᠡᠳ ᠲᠦᠰᠢᠭᠯᠡᠵᠦ᠂ ᠲᠣᠤᠷ ᠲᠠᠰᠤᠭ᠂ ᠬᠦᠯᠡᠮᠵᠢ ᠵᠡᠷᠭᠡ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠲᠥᠮᠥᠰᠥ ᠶᠢᠨ ᠦᠷ᠎ᠡ ᠲᠥᠮᠥᠰᠥ ᠪᠤᠶᠢᠵᠢᠭᠤᠯᠬᠤ ᠰᠠᠭᠤᠷᠢ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢᠨ ᠳᠤᠲᠠᠭᠤᠳᠠᠯ ᠢ ᠨᠥᠬᠦᠪᠥᠷᠢᠯᠡᠨ᠎ᠡ᠃ ᠤᠮᠠᠷᠠᠲᠤ ᠣᠷᠣᠨ ᠤ ᠡᠬᠡ ᠬᠠᠭᠤᠷᠠᠶ ᠶᠢᠨ ᠭᠠᠷᠠᠮ᠂ ᠳᠤᠮᠳᠠᠳᠤ ᠧᠦ᠋ᠷᠣᠫᠠ ᠶᠢᠨ ᠵᠢᠰᠢᠶᠠᠨ ᠤ ᠭᠠᠯᠲᠤ ᠲᠡᠷᠭᠡ ᠵᠢᠴᠢ ᠭᠠᠶᠢᠯᠢ ᠪᠠᠲᠤᠯᠠᠬᠤ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ︵B ᠬᠡᠯᠪᠡᠷᠢ︶ ᠵᠡᠷᠭᠡ ᠪᠠᠷᠠᠭᠠᠨ ᠤ ᠭᠦᠶᠯᠭᠡᠭᠡᠨ ᠤ ᠰᠢᠰᠲ᠋ᠧᠮᠵᠢ ᠶᠢᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠤᠯᠠᠭᠠᠨᠴᠠᠪ ᠬᠤᠲᠠ ᠶᠢᠨ ᠲᠥᠮᠥᠰᠥ ᠶᠢ ᠪᠥᠭᠡᠮ ᠢᠶᠠᠷ ᠬᠤᠳᠠᠯᠳᠤᠬᠤ ᠠᠷᠠᠯᠵᠢᠶᠠᠨ ᠤ ᠵᠠᠬ᠎ᠠ ᠳᠡᠯᠭᠡᠭᠦᠷ ᠢ ᠪᠠᠶᠢᠭᠤᠯᠤᠨ᠎ᠠ᠃ ᠬᠤᠶᠠᠷ ᠲᠤ ᠮᠠᠯ ᠤᠨ ᠠᠰᠢᠭ ᠰᠢᠮ᠎ᠡ ᠶᠢᠨ ᠦᠶᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠭᠠᠭ᠋ᠠᠶ᠂ ᠰᠠᠭᠠᠯᠢ ᠶᠢᠨ ᠦᠨᠢᠶ᠎ᠡ᠂ ᠠᠯᠠᠰᠢᠨ ᠦᠬᠡᠷ᠂ ᠠᠯᠠᠰᠢᠨ ᠬᠤᠨᠢ ᠵᠡᠷᠭᠡ ᠠᠵᠤ ᠦᠶᠯᠡᠰ ᠤᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠵᠦ᠂ ᠲᠡᠵᠢᠭᠡᠨ ᠦᠷᠡᠵᠢᠭᠦᠯᠬᠦ ᠠᠵᠤ ᠦᠶᠯᠡᠰ ᠤᠨ ᠪᠦᠰᠡ ᠶᠢ ᠪᠣᠶ ᠪᠣᠯᠭᠠᠨ᠎ᠠ᠃ ᠬᠡᠪᠴᠢᠶᠡᠲᠦ ᠠᠵᠤ ᠠᠬᠤᠶᠢᠯᠠᠯ ᠤᠳ ᠴᠥᠮ ᠪᠠᠷᠢᠮᠵᠢᠶᠠᠵᠢᠭᠤᠯᠤᠨ ᠲᠡᠵᠢᠭᠡᠨ ᠦᠷᠡᠵᠢᠭᠦᠯᠬᠦ ᠶᠢ ᠬᠡᠷᠡᠭᠵᠢᠭᠦᠯᠵᠦ᠂ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ︽ᠭᠠᠭ᠋ᠠᠶ ᠶᠢ ᠬᠢᠵᠠᠭᠠᠷᠯᠠᠨ ᠬᠤᠨᠢ ᠢᠮᠠᠭ᠎ᠠ ᠶᠢ ᠴᠥᠭᠡᠳᠬᠡᠨ ᠦᠬᠡᠷ ᠢ ᠨᠡᠮᠡᠭᠳᠡᠭᠦᠯᠬᠦ︾᠎ ᠶᠢ ᠵᠦᠶ ᠵᠣᠬᠢᠰᠲᠠᠶ ᠠᠬᠢᠭᠤᠯᠵᠤ᠂ ᠴᠢᠤᠸᠠᠨ ᠨᠤᠤ ᠲᠣᠰᠬᠤᠨ ᠤ ᠣᠲᠣ ᠶᠢᠨ ᠪᠠᠶᠢᠭ᠎ᠠ ᠠᠯᠠᠰᠢᠨ ᠦᠬᠡᠷ ᠤᠨ ᠠᠵᠤ ᠦᠶᠯᠡᠰ ᠤᠨ ᠰᠠᠭᠤᠷᠢ ᠶᠢ ᠭᠦᠶᠴᠡᠳ ᠠᠰᠢᠭᠯᠠᠨ᠂ ᠲᠦᠮᠡᠨ ᠲᠣᠯᠣᠭᠠᠶ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ ᠪᠠᠶᠢᠭᠤᠯᠤᠨ᠎ᠠ᠃ ᠵᠢᠭᠦᠷᠲᠡᠨ ᠤ ᠲᠥᠷᠥᠯ ᠢ ᠨᠢᠲᠤᠯᠵᠤ ᠡᠳ᠋ᠰᠢᠭᠦᠯᠬᠦ ᠦᠶᠯᠡᠳᠪᠦᠷᠢ ᠶᠢ ᠪᠠᠶᠢᠭᠤᠯᠵᠤ᠂ ᠮᠠᠨ ᠤ  ᠲᠤᠭᠤᠷᠢᠭ ᠤᠨ ᠵᠢᠭᠦᠷᠲᠡᠨ ᠤ ᠲᠥᠷᠥᠯ ᠢ ᠨᠢᠲᠤᠯᠵᠤ ᠡᠳ᠋ᠰᠢᠭᠦᠯᠬᠦ ᠳᠤᠲᠠᠭᠤᠳᠠᠯ ᠢ ᠨᠥᠬᠦᠪᠥᠷᠢᠯᠡᠨ᠎ᠡ᠃ ᠡᠭᠦᠨ ᠤ ᠬᠠᠮᠲᠤ ᠱᠤᠸᠠᠩ ᠾᠦᠢ ᠵᠡᠷᠭᠡ ᠠᠵᠤ ᠠᠬᠤᠶᠢᠯᠠᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ᠮᠠᠯ ᠵᠢᠭᠦᠷᠲᠡᠨ ᠤ ᠠᠰᠢᠭ ᠰᠢᠮ᠎ᠡ ᠶᠢ ᠭᠦᠨᠵᠡᠭᠡᠶ ᠡᠳ᠋ᠰᠢᠭᠦᠯᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠭᠤᠷᠪᠠ ᠳᠤ ᠦᠶᠯᠡᠴᠢᠯᠡᠭᠡᠨ ᠤ ᠦᠶᠯᠡᠰ ᠤᠨ ᠰᠠᠭᠤᠷᠢᠨ ᠭᠠᠵᠠᠷ ᠢ ᠰᠢᠶᠠᠩ ᠪᠠᠯᠭᠠᠰᠤ ᠪᠠᠷ ᠨᠢᠭᠡᠴᠢ ᠪᠣᠯᠭᠠᠵᠤ᠂ ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠵᠣᠬᠢᠰᠲᠠᠶ ᠠᠰᠢᠭᠯᠠᠵᠤ᠂ ᠬᠤᠶᠠᠷ ︽ᠵᠢᠵᠢᠭ ᠬᠡᠯᠪᠡᠷᠢ ᠶᠢᠨ ᠡᠯᠧᠺᠲᠷᠣᠨ ᠬᠤᠳᠠᠯᠳᠤᠭᠠᠨ ᠤ ᠪᠣᠯᠪᠠᠰᠤᠷᠠᠭᠤᠯᠬᠤ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ︾᠎ ᠢ ᠪᠠᠶᠢᠭᠤᠯᠵᠤ᠂ ᠡᠭᠦᠨ ᠤ ᠬᠠᠮᠲᠤ ᠵᠢᠨᠢᠩ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠣᠳᠣ ᠪᠠᠶᠢᠭ᠎ᠠ ᠡᠬᠢ ᠮᠠᠨ ᠤ ᠲᠤᠭᠤᠷᠢᠭ ᠢ ᠪᠥᠬᠦ ᠬᠤᠲᠠ ᠶᠢᠨ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠡᠳ᠋ᠰᠢᠭᠦᠯᠦᠯᠲᠡ ᠶᠢᠨ ᠦᠶᠯᠡᠴᠢᠯᠡᠭᠡᠨ ᠤ ᠠᠵᠤ ᠦᠶᠯᠡᠰ ᠤᠨ ᠲᠥᠪ ᠪᠣᠯᠭᠠᠨ ᠪᠠᠶᠢᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠰᠦᠯᠵᠢᠶᠡᠨ ᠳᠡᠭᠡᠷᠡᠬᠢ ᠪᠣᠷᠣᠯᠠᠭᠤᠯᠭ᠎ᠠ ᠶᠢ ᠠᠬᠢᠭᠤᠯᠤᠨ᠂ ᠠᠵᠤ ᠦᠶᠯᠡᠰ ᠤᠨ ᠴᠤᠭᠯᠠᠷᠠᠯ ᠢ ᠪᠣᠶ ᠪᠣᠯᠭᠠᠵᠤ᠂ ᠬᠥᠳᠡᠭᠡ ᠲᠣᠰᠬᠤᠨ ᠤ ᠵᠢᠭᠤᠯᠴᠢᠯᠠᠭᠴᠢᠳ ᠤᠨ ᠦᠶᠯᠡᠴᠢᠯᠡᠭᠡᠨ ᠤ ᠲᠥᠪ᠂ ᠢᠯᠡᠷᠬᠡᠶᠢᠯᠡᠯ ᠢᠶᠠᠷ ᠬᠥᠲᠥᠯᠦᠨ ᠵᠢᠯᠣᠭᠤᠳᠬᠤ ᠪᠠ ᠲᠠᠶᠢᠯᠪᠤᠷᠢᠯᠠᠬᠤ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠲᠣᠰ ᠭᠠᠵᠠᠷ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠵᠢᠷᠤᠮᠵᠢᠭᠰᠠᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠠᠷᠠᠳ ᠤᠨ ᠵᠠᠩ ᠦᠶᠯᠡ᠂ ᠨᠤᠲᠤᠭ ᠤᠰᠤ᠂ ᠴᠠᠭ ᠤᠨ ᠥᠩᠭᠡ ᠶᠢ ᠤᠷᠲᠤᠳᠬᠠᠬᠤ ᠶᠢ ᠨᠢᠭᠡ ᠴᠤᠭᠴᠠᠵᠢᠭᠤᠯᠤᠭᠰᠠᠨ ᠬᠥᠳᠡᠭᠡ ᠲᠣᠰᠬᠤᠨ ᠤ ᠵᠢᠭᠤᠯᠴᠢᠯᠠᠯ ᠤᠨ ᠲᠠᠸᠠᠷ ᠢ ᠰᠤᠳᠤᠯᠤᠨ ᠨᠡᠭᠡᠭᠡᠬᠦ ᠶᠢ ᠴᠢᠩᠭᠠᠳᠬᠠᠨ᠎ᠠ᠃ ᠰᠤᠷᠪᠤᠯᠵᠢᠯᠠᠭᠴᠢ᠄ ᠴᠠᠩ ᠲᠣᠪᠴᠢᠶᠠᠨ ᠳᠠᠷᠤᠭ᠎ᠠ ᠶᠢᠨ ᠬᠠᠯᠠᠰᠢᠷᠠᠯ ᠥᠬᠡᠶ ᠬᠠᠷᠢᠭᠤᠯᠤᠭᠰᠠᠨ ᠳᠤ ᠮᠠᠰᠢ ᠲᠠᠯᠠᠷᠬᠠᠵᠤ ᠪᠠᠶᠢᠨ᠎ᠠ᠂ ᠲᠣᠰ ᠤᠳᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠣᠯᠠᠨ ᠤ ᠠᠩᠬᠠᠷᠤᠯ ᠳᠤ ᠲᠠᠯᠠᠷᠬᠠᠵᠤ ᠪᠠᠶᠢᠨ᠎ᠠ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2