ᠸᠢᠴᠠᠲ ᠲᠤ ᠴᠢᠬᠤᠯᠠ ᠶᠡᠭᠡ ᠲᠣᠬᠢᠷᠠᠭᠤᠯᠤᠯᠲᠠ ᠬᠢᠬᠦ ᠪᠠᠷ ᠵᠠᠷᠯᠠᠪᠠ︕
ᠨᠡᠶᠢᠲᠡᠯᠡᠭᠰᠡᠨ ᠴᠠᠭ᠄
2021/9/23
       17᠎ ᠤ ᠡᠳᠦᠷ᠂ ᠸᠢᠴᠠᠲ ᠤᠨ ᠠᠯᠪᠠᠨ ᠲᠠᠯ᠎ᠠ ᠠᠴᠠ《〈ᠸᠢᠴᠠᠲ ᠤᠨ ᠭᠠᠳᠠᠭᠠᠳᠤ ᠴᠥᠷᠬᠡ ᠶᠢᠨ ᠠᠭᠤᠯᠭ᠎ᠠ ᠵᠢᠨ‌ᠬᠠᠮᠢᠶᠠᠷᠤᠯᠲᠠ ᠶᠢᠨ ᠵᠢᠷᠤᠮᠵᠢᠯ〉  ᠎ ᠳᠤ  ᠲᠣᠬᠢᠷᠠᠭᠤᠯᠤᠯᠲᠠ  ᠬᠢᠬᠦ  ᠲᠤᠬᠠᠶ  ᠢᠯᠡᠷᠬᠡᠶᠢᠯᠡᠯᠲᠡ》  ᠎ ᠶᠢ  ᠨᠡᠶᠢᠲᠡᠯᠡᠪᠡ᠂  ᠪᠥᠬᠦ‌ᠠᠭᠤᠯᠭ᠎ᠠ ᠨᠢ ᠳᠣᠤᠷᠠᠬᠢ ᠮᠡᠲᠦ᠄         ᠣᠶᠢᠷ᠎ᠠ ᠳᠤ᠂ ᠠᠵᠤ ᠦᠶᠯᠡᠳᠪᠦᠷᠢ  ᠪᠠ  ᠮᠡᠳᠡᠭᠡ  ᠵᠠᠩᠭᠢᠵᠢᠯᠲᠠ  ᠎ ᠶᠢᠨ  ᠶᠠᠮᠤᠨ  ᠎ ᠤ  ᠭᠠᠳᠠᠭᠠᠳᠤ  ᠴᠥᠷᠬᠡ  ᠵᠢᠨ‌ᠬᠠᠮᠢᠶᠠᠷᠤᠯᠲᠠ ᠳᠤ ᠲᠤᠰᠬᠠᠶ ᠵᠦᠶᠯ ᠤᠨ ᠵᠢᠯᠣᠭᠤᠳᠬᠤ ᠰᠠᠨᠠᠯ ᠳᠤᠷᠠᠳᠪᠠ᠃ ᠸᠢᠴᠠᠲ ᠨᠢ 《ᠠᠮᠤᠷ ᠲᠦᠪᠰᠢᠨ ᠢᠶᠠᠷ ᠬᠤᠷᠢᠭ᠎ᠠ‌‍ᠱᠤᠭᠤᠮ ᠪᠣᠯᠭᠠᠬᠤ》 ᠬᠤᠯᠪᠣᠯᠳᠤᠨ ᠨᠡᠪᠲᠡᠷᠡᠯᠴᠡᠬᠦ ᠶᠢ ᠨᠠᠶᠢᠳᠠᠪᠤᠷᠢᠵᠢᠭᠤᠯᠵᠤ᠂ ᠴᠢᠨᠠᠷ ᠰᠠᠶᠢᠲᠠᠶ ᠲᠠᠪᠴᠠᠩ ᠤᠨ ᠠᠭᠤᠯᠭ᠎ᠠ  ᠪᠠ‌‍ᠰᠠᠶᠢᠨ ᠰᠠᠶᠢᠬᠠᠨ ᠬᠡᠷᠡᠭᠯᠡᠭᠴᠢ ᠶᠢᠨ ᠪᠡᠶᠡᠴᠢ ᠣᠶᠢᠯᠠᠭᠠᠯᠲᠠ ᠶᠢ ᠦᠨᠡᠨ  ᠬᠦ  ᠪᠠᠲᠤᠯᠠᠬᠤ  ᠎ ᠶᠢᠨ  ᠲᠥᠯᠥᠭᠡ᠂  ᠳᠣᠤᠷᠠᠬᠢ  ᠮᠡᠲᠦ‌ᠭᠠᠳᠠᠭᠠᠳᠤ ᠴᠥᠷᠬᠡ ᠶᠢ ᠴᠢᠯᠥᠭᠡᠲᠡᠶ ᠨᠡᠭᠡᠭᠡᠬᠦ ᠵᠠᠷᠴᠢᠮ ᠢ ᠪᠦᠬᠦᠯᠢ ᠴᠣᠭᠴᠠ ᠪᠠᠷ ᠵᠢᠷᠤᠮᠯᠠᠨ᠎ᠠ᠄         1 . ᠤᠯᠤᠰ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠡᠭᠦᠰᠬᠦ ᠶᠢ ᠰᠡᠷᠭᠡᠶᠢᠯᠡᠨ᠎ᠡ︔         2 . ᠬᠡᠷᠡᠭᠯᠡᠭᠴᠢ ᠶᠢᠨ ᠬᠤᠪᠢ ᠶᠢᠨ ᠨᠢᠭᠤᠴᠠ ᠶᠢ ᠬᠡᠲᠦᠷᠬᠡᠶ ᠤᠯᠬᠤ᠂ ᠰᠦᠯᠵᠢᠶᠡᠨ ᠤ ᠮᠡᠳᠡᠭᠡ ᠵᠠᠩᠭᠢ  ᠎ ᠶᠢᠨ  ᠠᠮᠤᠷ‌‍ᠲ᠋ᠦ᠋ᠪᠰᠢᠨ ᠪᠠ ᠲᠤᠭ᠎ᠠ ᠪᠠᠷᠢᠮᠲᠠ ᠶᠢᠨ ᠠᠮᠤᠷ ᠲᠦᠪᠰᠢᠨ ᠢ ᠬᠤᠬᠢᠷᠠᠭᠤᠯᠬᠤ ᠦᠶᠯᠡ ᠠᠵᠢᠯᠯᠠᠭ᠎ᠠ ᠭᠠᠷᠬᠤ ᠶᠢ ᠰᠡᠷᠭᠡᠶᠢᠯᠡᠨ᠎ᠡ︔         3 . ᠬᠡᠲᠦᠷᠬᠡᠶ ᠡᠵᠡᠩᠨᠡᠨ ᠪᠣᠷᠣᠯᠠᠭᠤᠯᠬᠤ᠂ ᠥᠳᠥᠭᠡᠨ ᠬᠤᠪᠢᠶᠠᠯᠴᠠᠬᠤ ᠵᠡᠷᠭᠡ ᠬᠡᠷᠡᠭᠯᠡᠭᠴᠢᠳ ᠤᠨ ᠠᠰᠢᠭ ᠲᠤᠰᠠ ᠵᠢ‌ᠬᠤᠬᠢᠷᠠᠭᠤᠯᠬᠤ ᠦᠶᠯᠡ ᠠᠵᠢᠯᠯᠠᠭ᠎ᠠ ᠭᠠᠷᠬᠤ ᠶᠢ ᠰᠡᠷᠭᠡᠶᠢᠯᠡᠨ᠎ᠡ︔         4 . ᠬᠡᠷᠡᠭᠯᠡᠭᠴᠢ ᠪᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠨᠠᠩ ᠣᠯᠠᠨ ᠰᠣᠩᠭᠤᠬᠤ ᠡᠷᠬᠡ ᠶᠢ ᠬᠡᠷᠡᠭᠯᠡᠭᠴᠢ  ᠳ᠋ᠦ‌‍ᠲ᠋ᠤᠰᠢᠶᠠᠨ᠎ᠠ᠃         ᠳᠡᠭᠡᠷᠡᠬᠢ ᠵᠠᠷᠴᠢᠮ ᠳᠤ ᠰᠠᠭᠤᠷᠢᠯᠠᠨ᠂ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠎ ᠤᠨ ᠵᠢᠯᠣᠭᠤᠳᠣᠯᠭ᠎ᠠ ᠳᠣᠤᠷ᠎ᠠ᠂ᠭᠠᠳᠠᠭᠠᠳᠤ ᠴᠥᠷᠬᠡ ᠶᠢᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠱᠠᠲᠤ ᠦᠶ᠎ᠡ  ᠬᠤᠪᠢᠶᠠᠨ  ᠠᠯᠬᠤᠮ  ᠳᠠᠷᠠᠭ᠎ᠠ  ᠬᠤᠪᠢᠶᠠᠨ‌‍ᠬᠡᠷᠡᠭᠵᠢᠭᠦᠯᠦᠨ᠎ᠡ᠂ ᠨᠢᠭᠡᠳᠦᠭᠡᠷ ᠱᠠᠲᠤ ᠶᠢ 9 ᠰᠠᠷ᠎ᠠ ᠶᠢᠨ 17᠎ ᠤ ᠡᠳᠦᠷ ᠎ ᠠᠴᠠ  ᠡᠬᠢᠯᠡᠵᠦ  ᠬᠡᠷᠡᠭᠵᠢᠭᠦᠯᠦᠨ᠎ᠡ᠂  ᠪᠣᠳᠠᠲᠠᠶ  ᠪᠠᠷ‌‍ᠬᠡᠯᠡᠪᠡᠯ᠄         1 . ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨ ᠬᠦ ᠪᠠᠲᠤᠯᠠᠭᠰᠠᠨ ᠤᠷᠢᠲᠠᠯ ᠳᠣᠤᠷ᠎ᠠ᠂  ᠬᠡᠷᠡᠭᠯᠡᠭᠴᠢ  ᠬᠠᠮᠤᠭ‌‍ᠤᠨ ᠰᠢᠨ᠎ᠡ ᠬᠡᠪᠯᠡᠯ ᠤᠨ ᠸᠢᠴᠠᠲ ᠢ ᠲᠠᠰ ᠳᠡᠪᠰᠢᠭᠦᠯᠦᠭᠰᠡᠨ ᠤ ᠳᠠᠷᠠᠭ᠎ᠠ᠂ ᠨᠢᠭᠡ ᠨᠢᠭᠡ ᠪᠠᠷ ᠨᠢᠭᠤᠷᠲᠠᠨ ᠵᠣᠭᠤᠭᠳᠠᠵᠤ ᠭᠠᠳᠠᠭᠠᠳᠤ‌ᠬᠤᠯᠪᠣᠭ᠎ᠠ ᠶᠢ ᠰᠤᠷᠪᠤᠯᠵᠢᠯᠠᠵᠤ ᠪᠣᠯᠤᠨ᠎ᠠ᠃         2 . ᠬᠡᠷᠡᠭᠯᠡᠭᠴᠢᠳ ᠲᠤ ᠡᠵᠡᠨ ᠮᠡᠳᠡᠵᠦ ᠰᠣᠩᠭᠤᠬᠤ ᠡᠷᠬᠡ ᠬᠠᠩᠭᠠᠨ᠎ᠠ᠃ ᠪᠦᠯᠦᠭᠯᠡᠯ ᠤᠨ ᠴᠥᠷᠬᠦᠯᠡᠭᠡ ᠨᠢ ᠬᠦᠯᠢᠶᠡᠨ‌ᠠᠪᠬᠤ ᠲᠠᠯ᠎ᠠ ᠶᠢᠨ ᠥᠷᠭᠡᠨ ᠣᠯᠠᠨ ᠬᠡᠷᠡᠭᠯᠡᠭᠴᠢ ᠳᠤ ᠬᠤᠯᠪᠣᠭᠳᠠᠬᠤ ᠤᠴᠢᠷ  ᠎ ᠠᠴᠠ  ᠪᠢᠳᠡ  ᠦᠷᠭᠦᠯᠵᠢᠯᠡᠨ  ᠴᠢᠳᠠᠮᠵᠢ  ᠪᠠᠨ‌ᠨᠡᠭᠡᠭᠡᠵᠦ ᠬᠡᠷᠡᠭᠯᠡᠭᠴᠢ ᠶᠢᠨ ᠪᠡᠶ᠎ᠡ ᠪᠠᠨ ᠳᠠᠭᠠᠭᠠᠵᠤ ᠥᠪᠡᠷᠮᠢᠴᠡ ᠰᠣᠩᠭᠤᠯᠲᠠ ᠬᠢᠬᠦ ᠳᠤ ᠳᠥᠭᠦᠮ ᠪᠣᠯᠭᠠᠨ᠎ᠠ᠃         3 . ᠭᠠᠳᠠᠭᠠᠳᠤ ᠴᠥᠷᠬᠡ ᠭᠠᠷᠭᠠᠵᠤ ᠵᠠᠭᠠᠯᠳᠤᠬᠤ ᠳᠤ  ᠬᠡᠷᠡᠭᠯᠡᠭᠴᠢᠳ  ᠬᠠᠤᠯᠢ  ᠲᠣᠭᠲᠠᠭᠠᠯ  ᠎ ᠠᠴᠠ  ᠵᠥᠷᠢᠴᠡᠭᠰᠡᠨ‌ᠭᠠᠳᠠᠭᠠᠳᠤ ᠴᠥᠷᠬᠡ ᠶᠢ ᠢᠯᠡᠴᠢᠯᠡᠨ ᠮᠡᠳᠡᠭᠦᠯᠵᠦ ᠪᠣᠯᠤᠨ᠎ᠠ᠃ ᠲᠠᠪᠴᠠᠩ ᠢ ᠵᠣᠬᠢᠴᠠᠩᠭᠤᠶ ᠲᠦᠷᠢᠮ ᠶᠣᠰᠣᠭᠠᠷ ᠰᠢᠶᠳᠪᠦᠷᠢᠯᠡᠬᠦ ᠵᠢᠨ‌ᠬᠠᠮᠲᠤ ᠭᠠᠳᠠᠭᠠᠳᠤ ᠴᠥᠷᠬᠡ ᠳᠤ ᠲᠠᠪᠴᠠᠩ ᠬᠠᠩᠭᠠᠬᠤ ᠬᠠᠮᠢᠶᠠᠷᠤᠯᠲᠠ ᠶᠢᠨ ᠪᠦᠳᠦᠮᠵᠢᠳᠤ ᠴᠢᠨᠠᠷ  ᠎ ᠲᠤ  ᠢᠲᠡᠭᠡᠮᠵᠢ  ᠎ ᠶᠢᠨ  ᠲᠠᠰ‌ᠬᠤᠪᠢᠶᠠᠬᠤ ᠪᠣᠯᠤᠨ᠎ᠠ᠃         ᠪᠢᠳᠡ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠢᠨᠠᠯᠲᠠ ᠬᠠᠮᠢᠶᠠᠷᠤᠯᠲᠠ  ᠵᠢᠨ‌‍ᠰᠠᠯᠠᠭ᠎ᠠ ᠮᠥᠴᠢᠷ ᠢᠶᠠᠷ ᠬᠢᠨᠠᠨ ᠵᠥᠪᠰᠢᠶᠡᠷᠡᠭᠦᠯᠵᠦ᠂ ᠠᠮᠤᠷ ᠲᠦᠪᠰᠢᠨ ᠎ ᠢᠶᠠᠷ ᠬᠤᠷᠢᠭ᠎ᠠ  ᠱᠤᠭᠤᠮ  ᠪᠣᠯᠭᠠᠨ  《ᠱᠠᠳᠤ  ᠦᠶ᠎ᠡ‌ᠬᠤᠪᠢᠶᠠᠵᠤ᠂ ᠠᠯᠬᠤᠮ ᠲᠠᠷᠠᠭ᠎ᠠ ᠬᠤᠪᠢᠶᠠᠵᠤ》 ᠬᠤᠯᠪᠣᠯᠳᠤᠨ ᠨᠡᠪᠲᠡᠷᠡᠯᠴᠡᠬᠦ ᠲᠥᠰᠦᠯ ᠢ ᠠᠬᠢᠭᠤᠯᠤᠨ᠎ᠠ᠃ ᠡᠭᠦᠨ ᠤ ᠬᠠᠮᠲᠤ᠂ᠸᠢᠴᠠᠲ ᠪᠠᠰᠠ ᠪᠤᠰᠤᠳ ᠢᠨᠲ᠋ᠧᠷ ᠰᠦᠯᠵᠢᠶᠡᠨ ᠤ ᠲᠠᠪᠴᠠᠩ ᠲᠠᠢ ᠢᠳᠡᠪᠬᠢᠲᠡᠶ ᠬᠠᠮᠵᠢᠯᠴᠠᠨ ᠲᠣᠰ ᠤᠳᠠᠭᠠᠨ  ᠎ ᠤ  ᠵᠢᠯᠣᠭᠤᠳᠬᠤ‌‍ᠰᠠᠨᠠᠯ ᠢ ᠬᠠᠮᠲᠤ ᠪᠠᠷ ᠨᠠᠶᠢᠳᠠᠪᠤᠷᠢᠵᠢᠭᠤᠯᠵᠤ᠂ ᠪᠤᠰᠤᠳ ᠲᠠᠪᠴᠠᠩ ᠳᠡᠭᠡᠷ᠎ᠡ  ᠸᠢᠴᠠᠲ  ᠎ ᠤᠨ  ᠦᠶᠯᠡᠴᠢᠯᠡᠭᠡ  ᠎ ᠶᠢ  ᠤᠷᠤᠭᠰᠢᠲᠠᠶ‌‍ᠬᠡᠷᠡᠭᠯᠡᠬᠦ ᠮᠡᠷᠭᠡᠵᠢᠯ ᠤᠨ ᠪᠣᠯᠣᠯᠴᠠᠭᠠᠲᠤ ᠴᠢᠨᠠᠷ ᠢ ᠰᠤᠳᠤᠯᠤᠨ ᠶᠠᠷᠢᠯᠴᠠᠵᠤ᠂ ᠤᠯᠠᠮ ᠨᠢᠭᠡ ᠠᠯᠬᠤᠮ ᠬᠤᠯᠪᠣᠯᠳᠤᠨ  ᠨᠡᠪᠲᠡᠷᠡᠯᠴᠡᠬᠦ᠋ᠢ ᠪᠡᠶᠡᠯᠡᠭᠦᠯᠦᠨ᠎ᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2