ᠥᠪᠥᠷ ᠮᠣᠩᠭᠤᠯ ᠭᠤᠷᠪᠠᠨ ᠬᠡᠦᠬᠡᠳ ᠠᠪᠬᠤ ᠵᠠᠷᠤᠳᠠᠯ ᠢ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠳᠤ ᠣᠷᠣᠭᠤᠯᠵᠤ᠂ ᠬᠡᠦᠬᠡᠳ ᠠᠪᠬᠤ ᠨᠦᠬᠦᠪᠦᠷᠢ ᠮᠦᠡᠭᠭᠦ ᠦᠭᠭᠦ ᠪᠠᠷ ᠲᠤᠳᠤᠷᠬᠠᠢ ᠲᠤᠬᠳᠠᠭᠠᠪᠠ
ᠨᠡᠶᠢᠲᠡᠯᠡᠭᠰᠡᠨ ᠴᠠᠭ᠄
2021/9/23
       9 ᠳ᠋ᠤᠭᠡᠷ ᠰᠠᠷ᠎ᠠ ᠶᠢᠨ 15᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ  ᠡᠮᠨᠡᠯᠭᠡ ᠵᠢᠨ‌‍ᠪᠠᠲᠤᠯᠠᠭ᠎ᠠ ᠶᠢᠨ ᠲᠣᠪᠴᠢᠶ᠎ᠠ ᠶᠢᠨ ᠮᠡᠳᠡᠭᠡ ᠶᠢ ᠦᠨᠳᠦᠰᠦᠯᠡᠪᠡᠯ᠂ ᠦᠷᠡᠵᠢᠯ ᠤᠨ ᠲᠥᠷᠥ ᠶᠢᠨ  ᠪᠣᠳᠣᠯᠭ᠎ᠠ ᠶᠢ  ᠰᠢᠯᠢᠳᠡᠭᠵᠢᠭᠦᠯᠵᠦ‌‍ᠬᠥ᠋ᠮᠦᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠶ ᠬᠥᠭᠵᠢᠯᠲᠡ ᠶᠢ ᠠᠬᠢᠭᠤᠯᠬᠤ ᠲᠤᠬᠠᠶ ᠨᠠᠮ ᠤᠨ ᠲᠥᠪ ᠬᠤᠷᠢᠶᠠᠨ ‍ᠤ‌ᠡᠭᠦᠷᠭᠡ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠷᠪᠠᠨ ᠬᠡᠦᠬᠡᠳ ᠠᠪᠬᠤ ᠲᠥᠷᠥ ᠶᠢᠨ ᠪᠣᠳᠣᠯᠭ᠎ᠠ ᠵᠢ‌ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠢᠳᠡᠪᠬᠢᠲᠡᠶ ᠳᠡᠮᠵᠢᠬᠦ ᠶᠢᠨ  ᠲᠥᠯᠥᠭᠡ᠂  ︽ᠭᠤᠷᠪᠠᠨ  ᠬᠡᠦᠬᠡᠳ  ᠠᠪᠬᠤ ᠶᠢ  ᠳᠡᠮᠵᠢᠬᠦ‌‍ᠲ᠋ᠥ᠋ᠷᠥ ᠶᠢᠨ ᠪᠣᠳᠣᠯᠭ᠎ᠠ ᠶᠢᠨ ᠦᠷᠡᠵᠢᠯ ᠤᠨ ᠳᠠᠭᠠᠳᠬᠠᠯ ᠤᠨ ᠠᠵᠢᠯ ᠢ ᠰᠠᠶᠢᠲᠤᠷ ᠬᠢᠬᠦ ᠲᠤᠬᠠᠶ ᠤᠯᠤᠰ ᠤᠨ  ᠡᠮ  ᠡᠮᠨᠡᠯᠭᠡ ᠵᠢᠨ‌‍ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠬᠡᠷ ᠤᠨ ᠮᠡᠳᠡᠭᠳᠡᠯ︾ ︵ᠡᠮ ᠡᠮᠨᠡᠯᠭᠡ ᠶᠢᠨ ᠳᠠᠭᠠᠳᠬᠠᠯ ᠤᠨ ᠠᠯᠪᠠᠨ ᠬᠡᠷ ᠲᠠᠷᠬᠠᠭᠠᠭᠰᠠᠨ︹2021︺36 ᠳ᠋ᠤᠭᠠᠷ ᠲᠣᠭᠠᠲᠤ︶᠎ ᠢ ᠦᠨᠳᠦᠰᠦᠯᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠭᠤᠷᠪᠠᠨ‌‍ᠬᠡᠦᠬᠡᠳ ᠠᠪᠬᠤ ᠵᠠᠷᠤᠳᠠᠯ ᠢ ᠦᠷᠡᠵᠢᠯ ᠤᠨ ᠳᠠᠭᠠᠳᠬᠠᠯ ᠤᠨ ᠬᠠᠷᠠᠭᠠᠯᠵᠠᠯ ᠥᠭᠬᠦ ᠬᠡᠪᠴᠢᠶᠡᠨ ᠳᠤ ᠣᠷᠣᠭᠤᠯᠪᠠ᠃        ᠣᠶᠢᠯᠠᠭᠠᠭᠰᠠᠨ ᠢᠶᠠᠷ᠂ ︽ᠪᠦᠭᠦᠳᠡ ᠨᠠᠶᠢᠷᠠᠮᠳᠠᠬᠤ ᠲᠤᠮᠳᠠᠳᠤ  ᠠᠷᠠᠳ  ᠤᠯᠤᠰ ᠤᠨ  ᠨᠡᠶᠢᠭᠡᠮ ᠤᠨ  ᠳᠠᠭᠠᠳᠬᠠᠯ ‍ᠤᠨ‌ᠬᠠᠤᠯᠢ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠪᠡᠯ᠂ ᠬᠥᠮᠦᠨ ᠬᠡᠷᠡᠭᠯᠡᠬᠦ  ᠨᠢᠭᠡᠴᠡ  ᠨᠢᠭᠡᠨᠲᠡ  ᠦᠷᠡᠵᠢᠯ ‍ᠤᠨ‌‍ᠲ᠋ᠠᠭᠠᠳᠬᠠᠯ ᠤᠨ ᠰᠦᠢᠳᠬᠡᠯ  ᠲᠤᠰᠢᠶᠠᠭᠰᠠᠨ  ᠪᠠᠶᠢᠪᠠᠯ᠂  ᠲᠡᠭᠦᠨ ᠤ  ᠠᠵᠢᠯᠲᠠᠨ  ᠠᠵᠢᠯᠴᠢᠨ  ᠭᠤᠷᠪᠠᠨ  ᠬᠡᠦᠬᠡᠳ  ᠠᠪᠴᠤ᠂ᠦᠷᠡᠵᠢᠯ ᠤᠨ ᠡᠮ ᠡᠮᠨᠡᠯᠭᠡ ᠶᠢᠨ ᠵᠠᠷᠤᠳᠠᠯ ᠪᠠ ᠦᠷᠡᠵᠢᠯ ᠤᠨ ᠨᠥᠬᠦᠪᠥᠷᠢ ᠵᠡᠷᠭᠡ ᠬᠤᠯᠪᠣᠭᠳᠠᠯ ᠪᠦᠬᠦᠢ  ᠬᠠᠷᠠᠭᠠᠯᠵᠠᠯ ᠢ  ᠡᠳ᠋ᠯᠡᠬᠦ ᠪᠤᠯᠤᠨ᠎ᠡ᠃  
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2