| | 8 ᠰᠠᠷ᠎ᠠ ᠶᠢᠨ 31 ᠤ ᠦᠳᠡ ᠶᠢᠨ ᠡᠮᠦᠨ᠎ᠡ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠳᠠ ᠶᠢᠨ ᠳᠠᠷᠤᠭ᠎ᠠ ᠴᠢ ᠹᠸᠢ ᠶᠦᠨ ᠪᠦᠬᠦ ᠬᠤᠳᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠢ | ᠡᠷᠬᠢᠯᠡᠨ ᠬᠤᠷᠠᠯᠳᠤᠭᠤᠯᠵᠤ᠂ ᠡᠯ᠎ᠡ ᠬᠤᠰᠢᠭᠤ ᠰᠢᠶᠠᠨ ᠬᠤᠳᠠ ᠲᠣᠭᠤᠷᠢᠭ ᠪᠣᠯᠤᠨ ᠬᠤᠳᠠ ᠶᠢᠨ ᠰᠢᠭᠤᠳ ᠬᠠᠷᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ | ᠡᠯ᠎ᠡ ᠲᠦᠷᠦᠯ ᠤᠨ ᠭᠤᠣᠯᠳᠠᠯᠭ᠎ᠠ ᠲᠠᠢ ᠠᠵᠢᠯ ᠢ ᠠᠬᠢᠭᠤᠯᠤᠭᠰᠠᠨ ᠪᠠᠶᠢᠳᠠᠯ ᠢ ᠳ᠋ᠦᠩᠨᠡᠨ ᠪᠦᠷᠢᠳᠬᠡᠵᠦ᠂ ᠣᠷᠣᠰᠢᠵᠤ | ᠪᠠᠶᠢᠭ᠎ᠠ ᠵᠦᠷᠢᠶ᠎ᠡ ᠬᠦᠷᠦᠯᠴᠡᠬᠦ ᠦᠭᠡᠢ ᠲᠠᠯ᠎ᠠ ᠶᠢ ᠭᠦᠨᠵᠡᠭᠡᠢ ᠵᠠᠳᠠᠯᠵᠤ᠂ ᠬᠤᠶᠢᠰᠢᠳᠠ ᠶᠢᠨ ᠬᠡᠰᠡᠭ ᠬᠤᠭᠤᠴᠠᠭᠠᠨ ᠤ | ᠭᠤᠣᠯᠳᠠᠯᠭ᠎ᠠ ᠲᠠᠢ ᠡᠭᠦᠷᠭᠡ ᠶᠢ ᠲᠤᠬᠢᠷᠠᠭᠤᠯᠤᠨ ᠪᠠᠶᠢᠷᠢᠯᠠᠭᠤᠯᠪᠠ᠃ ᠬᠤᠳᠠ ᠶᠢᠨ ᠤᠳᠤᠷᠢᠳᠤᠯᠭ᠎ᠠ ᠶᠦᠨ ᠫᠧᠩ | ᠭᠠᠩ᠂ ᠯᠸᠢ ᠿᠤ᠋ ᠰᠢᠨ᠂ ᠼᠤᠤ ᡁᠢ᠂ ᠹᠠᠩ ᠽᠧ᠂ ᠯᠢ ᠵᠢᠶᠠᠨ ᠸᠧᠨ ᠬᠤᠷᠠᠯ ᠳᠤ ᠣᠷᠣᠯᠴᠠᠪᠠ᠃ | ᠴᠢ ᠹᠸᠢ ᠶᠦᠨ ᠵᠢᠭᠠᠵᠤ ᠭᠠᠷᠭᠠᠭᠰᠠᠨ ᠨᠢ᠂ ᠴᠢᠬᠤᠯᠠ ᠶᠡᠭᠡ ᠲᠥᠷᠥᠯ ᠵᠦᠢᠯ ᠪᠣᠯ ᠠᠵᠤ ᠠᠬᠤᠶ ᠶᠢᠨ | ᠬᠥᠭᠵᠢᠯᠲᠡ ᠶᠢᠨ ︽ᠠᠮᠢᠨ ᠰᠤᠳᠠᠰᠤ︾ ᠮᠥᠨ᠂ ᠣᠷᠣᠨ ᠨᠤᠲᠤᠭ ᠤᠨ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠳᠠᠶᠢᠴᠢᠯᠠᠬᠤ ᠴᠢᠬᠤᠯᠠ ᠬᠥᠳᠡᠯᠭᠡᠭᠦᠷ ᠮᠥᠨ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠳᠠᠯᠠᠵᠤ᠂ ᠳᠡᠭᠡᠷ᠎ᠡ ᠳᠣᠣᠷ᠎ᠠ ᠱᠠᠳᠤ ᠪᠠᠷ ᠢᠶᠠᠨ ᠨᠡᠪᠳᠡᠷᠡᠯᠴᠡᠵᠤ᠂ | ᠬᠠᠷᠢᠯᠴᠠᠨ ᠬᠠᠮᠵᠢᠯᠴᠠᠵᠤ᠂ ᠰᠠᠨᠠᠭᠠᠴᠢᠯᠠᠭ᠎ᠠ ᠠᠴᠠ ᠪᠠᠨ ᠤᠷᠢᠳᠴᠢᠯᠠᠨ ᠦᠢᠯᠡᠴᠢᠯᠡᠵᠤ᠂ ᠠᠵᠤ ᠠᠬᠤᠶᠢᠯᠠᠯ ᠢ | ᠬᠠᠪᠰᠤᠷᠤᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ᠂ ᠡᠯᠧᠮᠧᠨ᠋ᠲ ᠢ | ᠪᠠᠲᠤᠯᠠᠬᠤ ᠵᠡᠷᠭᠡ ᠠᠵᠢᠯ ᠢ ᠰᠠᠶᠢᠲᠤᠷ ᠬᠢᠵᠦ᠂ ᠭᠡᠷ᠎ᠡ ᠲᠣᠭᠲᠠᠭᠰᠠᠨ ᠲᠦᠷᠦᠯ ᠵᠦᠢᠯ ᠢ ᠡᠷᠲᠡ ᠨᠠᠶᠢᠳᠠᠪᠤᠷᠢᠵᠢᠭᠤᠯᠬᠤ | ᠂ ᠰᠢᠨ᠎ᠡ ᠪᠠᠷ ᠪᠠᠶᠢᠭᠤᠯᠬᠤ ᠲᠦᠷᠦᠯ ᠵᠦᠢᠯ ᠢ ᠡᠷᠲᠡ ᠠᠵᠢᠯ ᠡᠬᠢᠯᠡᠭᠦᠯᠬᠦ᠂ ᠪᠠᠶᠢᠭᠤᠯᠵᠤ ᠪᠠᠶᠢᠭ᠎ᠠ ᠲᠦᠷᠦᠯ ᠵᠦᠢᠯ ᠢ | ᠡᠷᠲᠡ ᠠᠵᠢᠯ ᠳᠠᠭᠤᠰᠬᠠᠬᠤ᠂ ᠠᠵᠢᠯ ᠳᠠᠭᠤᠰᠤᠭᠰᠠᠨ ᠲᠦᠷᠦᠯ ᠵᠦᠢᠯ ᠢ ᠡᠷᠲᠡ ᠠᠰᠢᠭᠯᠠᠯᠲᠠ ᠳᠤ ᠣᠷᠣᠭᠤᠯᠬᠤ ᠶᠢ | ᠬᠦᠴᠦᠯᠡᠨ ᠠᠬᠢᠭᠤᠯᠬᠤ ᠬᠡᠷᠡᠭᠲᠡᠢ᠃ ᠤᠯᠤᠰ ᠤᠨ ᠬᠤᠷᠸ᠎ᠠ ᠲᠦᠷᠦ ᠶᠢᠨ ᠪᠤᠳᠤᠯᠭ᠎ᠠ ᠶᠢᠨ ᠤᠳᠤᠷᠢᠳᠤᠮᠵᠢ ᠶᠢ | ᠣᠨᠣᠪᠴᠢᠲᠠᠢ ᠡᠵᠡᠮᠳᠡᠵᠦ᠂ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠠᠵᠢᠯ ᠢ ᠤᠷᠢᠳᠴᠢᠯᠠᠨ ᠰᠠᠶᠢᠲᠤᠷ | ᠬᠢᠵᠦ᠂ ᠲᠦᠷᠦᠯ ᠵᠦᠢᠯ ᠢ ᠲᠥᠯᠥᠪᠵᠢᠭᠦᠯᠵᠦ ᠨᠥᠭᠡᠴᠡᠯᠡᠬᠦ ᠶᠠᠰᠤ ᠴᠢᠨᠠᠷ ᠤᠨ ᠲᠦᠪᠰᠢᠨ ᠢ ᠦᠨᠡᠨᠬᠦ ᠳᠡᠭᠡᠭᠰᠢᠯᠡᠭᠦᠯᠬᠦ | ᠬᠡᠷᠡᠭᠲᠡᠢ᠃ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ ᠪᠣᠭᠤᠮᠲᠠ ᠶᠢ ᠴᠢᠩᠭ᠎ᠠ ᠠᠳᠬᠤᠵᠤ᠂ ᠡᠨᠧᠷᠭᠢ | ᠠᠷᠪᠢᠯᠠᠬᠤ᠂ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢᠨ ᠦᠨᠡᠯᠡᠯᠲᠡ ᠶᠢᠨ ᠬᠢᠨᠠᠨ ᠪᠠᠶᠢᠴᠠᠭᠠᠯᠲᠠ ᠶᠢ | ᠴᠢᠩᠭ᠎ᠠ ᠬᠡᠷᠡᠭᠵᠢᠭᠦᠯᠵᠦ᠂ ︽ᠡᠨᠧᠷᠭᠢ ᠶᠢᠨ ᠬᠤᠷᠣᠭᠳᠠᠭᠤᠯᠤᠯ ᠶᠡᠬᠡᠲᠡᠶ᠂ ᠪᠣᠬᠢᠷᠲᠤᠭᠤᠯᠤᠯ ᠶᠡᠬᠡᠲᠡᠶ︾ ᠲᠦᠷᠦᠯ | ᠵᠦᠢᠯ ᠤᠨ ᠰᠣᠬᠤᠷ ᠪᠠᠯᠠᠶ ᠪᠠᠷ ᠬᠥᠭᠵᠢᠬᠦ ᠶᠢ ᠡᠷᠡᠰ ᠬᠤᠷᠢᠭᠯᠠᠬᠤ ᠬᠡᠷᠡᠭᠲᠡᠶ᠃ ᠪᠣᠬᠢᠷᠲᠤᠯ ᠢ ᠰᠡᠷᠭᠡᠶᠢᠯᠡᠨ ᠵᠠᠰᠠᠬᠤ | ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠬᠦᠴᠦᠨ ᠢᠶᠠᠨ | ᠲᠥᠪᠯᠡᠷᠡᠭᠦᠯᠦᠨ ᠠᠷᠠᠳ ᠤᠯᠠᠨ ᠤ ᠳᠡᠷᠭᠡᠳᠡᠬᠢ ᠠᠮᠢ ᠠᠬᠤᠢ ᠣᠷᠴᠢᠨ ᠲᠣᠭᠤᠷᠢᠨ ᠤ ᠲᠤᠪᠤᠶᠢᠮ᠎ᠠ ᠠᠰᠠᠭᠤᠳᠠᠯ ᠢ | ᠰᠢᠢᠳᠪᠦᠷᠢᠯᠡᠬᠦ ᠬᠡᠷᠡᠭᠲᠡᠢ᠃ ᠬᠠᠭᠤᠴᠢᠨ ᠵᠢᠵᠢᠭ ᠲᠣᠭᠤᠷᠢᠭ ᠪᠠ ᠳᠥᠭᠦᠮ ᠪᠦᠲᠦᠴᠡᠳᠦ ᠣᠷᠣᠨ ᠰᠠᠭᠤᠴᠠ ᠶᠢᠨ | ᠲᠣᠭᠤᠷᠢᠭ ᠢ ᠰᠢᠨᠡᠳᠭᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠡᠷ ᠪᠠᠶᠢᠰᠢᠩ ᠭᠠᠵᠠᠷ ᠰᠢᠷᠣᠶ ᠶᠢᠨ | ᠬᠥᠷᠥᠩᠭᠡ ᠶᠢᠨ ᠬᠦᠷᠢᠶᠡᠨ ᠳᠠᠬᠢ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠪᠥᠬᠦ ᠬᠦᠴᠦᠨ ᠢᠶᠠᠷ ᠢᠶᠠᠨ | ᠰᠢᠢᠳᠪᠦᠷᠢᠯᠡᠬᠦ ᠬᠡᠷᠡᠭᠲᠡᠶ᠃ ᠡᠷᠦᠬᠡ ᠶᠢᠨ ᠵᠣᠷᠯᠣᠩ ᠢ ᠥᠭᠡᠷᠡᠴᠢᠯᠡᠨ ᠰᠠᠶᠢᠵᠢᠷᠠᠭᠤᠯᠬᠤ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠪᠣᠳᠠᠲᠠᠢ ᠪᠦᠭᠡᠳ ᠨᠠᠷᠢᠯᠢᠭ ᠠᠳᠬᠤᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ | ᠪᠣᠳᠠᠲᠠᠢ ᠳᠤ ᠨᠠᠶᠢᠳᠠᠪᠤᠷᠢᠵᠢᠭᠤᠯᠬᠤ ᠦᠭᠡᠢ ᠪᠣᠯ ᠲᠠᠯᠪᠢᠬᠤ ᠦᠭᠡᠢ᠂ ᠤᠯᠠᠨ ᠲᠦᠮᠡᠨ ᠬᠠᠨᠤᠮᠵᠢ ᠦᠭᠡᠢ ᠪᠣᠯ | ᠲᠠᠯᠪᠢᠬᠤ ᠦᠭᠡᠢ ᠪᠠᠶᠢᠬᠤ ᠶᠢ ᠡᠷᠡᠰ ᠪᠡᠶᠡᠯᠡᠭᠦᠯᠵᠦ᠂ ᠦᠨᠡᠨᠬᠦ ᠰᠠᠶᠢᠨ ᠶᠠᠪᠤᠳᠠᠯ ᠢ ᠰᠠᠶᠢᠲᠤᠷ ᠬᠢᠵᠦ᠂ ᠪᠣᠳᠠᠲᠠᠢ | ᠶᠠᠪᠤᠳᠠᠯ ᠢ ᠪᠣᠳᠠᠲᠠᠢ ᠬᠢᠬᠦ ᠬᠡᠷᠡᠭᠲᠡᠢ᠃ ᠳᠤᠯᠠᠭᠠᠯᠭ᠎ᠠ ᠶᠢᠨ ᠪᠡᠯᠡᠳᠬᠡᠯ ᠠᠵᠢᠯ ᠢ ᠡᠷᠲᠡᠬᠡᠨ ᠰᠠᠶᠢᠲᠤᠷ ᠬᠢᠵᠦ᠂ | ᠪᠠᠶᠢᠴᠠᠭᠠᠬᠤ ᠴᠢᠬᠤᠯᠠᠲᠠᠶ ᠶᠢ ᠨᠢ ᠴᠥᠮ ᠪᠠᠶᠢᠴᠠᠭᠠᠵᠤ᠂ ᠵᠠᠰᠠᠬᠤ ᠴᠢᠬᠤᠯᠠᠲᠠᠶ ᠶᠢ ᠨᠢ ᠴᠥᠮ ᠵᠠᠰᠠᠵᠤ᠂ ᠤᠯᠠᠨ | ᠲᠦᠮᠡᠨ ᠤ ᠳᠤᠯᠠᠭᠠᠨ ᠪᠦᠯᠢᠶᠡᠨ ᠡᠪᠦᠯ ᠢ ᠥᠩᠭᠡᠷᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠶ᠃ ᠣᠷᠣᠰᠢᠭᠤᠯᠭ᠎ᠠ ᠶᠢᠨ | ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠣᠷᠣᠰᠢᠭᠤᠯᠭ᠎ᠠ ᠶᠢᠨ ᠭᠠᠵᠠᠷ ᠪᠣᠯᠤᠨ ᠰᠢᠶᠠᠨ ᠰᠢᠶᠠᠩ ᠲᠣᠰᠬᠤᠨ | ᠭᠤᠷᠪᠠᠨ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠤ ᠪᠠᠶᠢᠭᠤᠯᠤᠯᠲᠠ ᠶᠢ | ᠲᠦᠷᠭᠡᠳᠬᠡᠵᠦ᠂ ᠰᠤᠯᠠ ᠪᠤᠯᠠᠵᠤ ᠳᠤᠷ᠎ᠠ ᠪᠠᠷ ᠢᠶᠠᠨ ᠣᠷᠣᠰᠢᠭᠤᠯᠬᠤ ᠶᠢ ᠲᠤᠰᠬᠠᠶᠢᠯᠠᠨ ᠵᠠᠰᠠᠬᠤ ᠠᠵᠢᠯ ᠢ ᠦᠨᠡᠨᠬᠦ | ᠰᠠᠶᠢᠲᠤᠷ ᠬᠢᠬᠦ ᠬᠡᠷᠡᠭᠲᠡᠶ᠃ ᠬᠢᠵᠢᠭ ᠤᠨ ᠪᠠᠶᠢᠳᠠᠯ ᠢ ᠪᠠᠶᠢᠩᠭᠤᠵᠢᠭᠤᠯᠤᠨ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ | ᠠᠷᠭ᠎ᠠ ᠬᠡᠮᠵᠢᠶ᠎ᠡ ᠶᠢ ᠴᠢᠩᠭ᠎ᠠ ᠪᠥᠭᠡᠳ ᠨᠠᠷᠢᠯᠢᠭ ᠰᠠᠶᠢᠲᠤᠷ ᠨᠠᠶᠢᠳᠠᠪᠤᠷᠢᠵᠢᠭᠤᠯᠵᠤ᠂ ᠬᠢᠯᠪᠠᠷ ᠪᠤᠰᠤ ᠪᠠᠷ ᠣᠯᠤᠭᠰᠠᠨ | ᠰᠡᠷᠭᠡᠶᠢᠯᠡᠨ ᠡᠵᠡᠮᠳᠡᠬᠦ ᠦᠷ᠎ᠡ ᠪᠦᠲᠦᠭᠡᠯ ᠢ ᠡᠷᠡᠰ ᠪᠠᠲᠤ ᠰᠠᠬᠢᠬᠤ ᠬᠡᠷᠡᠭᠲᠡᠢ᠃ ᠵᠠᠬᠢᠳᠠᠯ ᠰᠤᠷᠪᠤᠯᠵᠢᠯᠠᠭ᠎ᠠ ᠶᠢᠨ | ᠲᠣᠭᠲᠠᠭᠤᠨ ᠢ ᠬᠠᠮᠠᠭᠠᠯᠠᠬᠤ ᠪᠠ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ | ᠬᠢᠵᠦ᠂ ᠠᠮᠤᠷ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ ᠬᠡᠵᠤ ᠴᠢ ᠹᠧᠢ ᠶᠦᠨ | ᠴᠢᠬᠤᠯᠠᠴᠢᠯᠠᠪᠠ᠃ | |