42 ᠲᠦᠮᠡᠨ ᠵᠢᠨᠢᠩ ᠤᠨ ᠬᠥᠪᠡᠭᠦᠳ ᠥᠬᠢᠳ ᠪᠣᠯᠪᠠᠰᠤᠨ ᠤ ᠭᠡᠷᠡᠯ ᠭᠢᠯᠪᠠᠭ᠎ᠠ ᠶᠢ ᠬᠠᠮᠲᠤ ᠪᠠᠷ ᠡᠭᠦᠳᠴᠦ ᠪᠣᠯᠪᠠᠰᠤᠨ ᠬᠤᠳᠠ ᠶᠢ ᠬᠠᠮᠲᠤ ᠪᠠᠷ ᠴᠣᠭᠴᠠᠯᠠᠶ᠎ᠠ
ᠨᠡᠶᠢᠲᠡᠯᠡᠭᠰᠡᠨ ᠴᠠᠭ᠄
2021/9/8
       ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠠᠴᠠ ᠨᠠᠰᠢ᠂ ᠵᠢᠨᠢᠩ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ︽ᠠᠷᠠᠳ ᠤᠨ ᠲᠥᠯᠥᠭᠡ ᠡᠭᠦᠳᠦᠨ ᠪᠠᠶᠢᠭᠤᠯᠵᠤ᠂ ᠠᠷᠠᠳ ᠲᠤ ᠠᠰᠢᠭ ᠬᠦᠷᠲᠡᠭᠡᠬᠦ︾ ᠠᠵᠢᠯ ᠤᠨ ᠤᠶᠢᠯᠠᠭᠠᠭᠳᠠᠬᠤᠨ ᠢ ᠪᠠᠷᠢᠮᠲᠠᠯᠠᠵᠤ᠂ ᠡᠬᠢᠯᠡᠯᠲᠡ ᠶᠢᠨ ᠴᠡᠭ ᠪᠣᠯ ᠰᠢᠢᠳᠪᠦᠷᠢᠲᠦ ᠳᠠᠶᠢᠯᠠᠯᠳᠤᠭᠠᠨ᠂ ᠡᠬᠢᠯᠡᠵᠦ ᠭᠦᠶᠦᠬᠦ ᠳᠤ ᠰᠢᠪᠲᠤᠯᠤᠯᠲᠠ ᠬᠢᠬᠦ ᠡᠷᠡᠰ ᠵᠣᠷᠢᠭ ᠢ ᠪᠠᠷᠢᠮᠲᠠᠯᠠᠵᠤ᠂ ︽ᠢᠯᠠᠭᠳᠠᠵᠤ ᠳᠡᠶᠢᠯᠬᠦ ᠦᠭᠡᠢ︾ ᠲᠦᠭᠰᠢᠭᠦᠷᠢᠲᠦ ᠰᠡᠳᠬᠢᠯᠭᠡ᠂ ︽ᠰᠠᠭᠤᠵᠤ ᠳᠡᠶᠢᠯᠬᠦ ᠦᠭᠡᠢ︾ ᠲᠤᠯᠭᠠᠮ᠎ᠠ ᠰᠡᠳᠬᠢᠯᠭᠡ᠂ ︽ᠤᠳᠠᠭᠠᠰᠢᠷᠠᠭᠤᠯᠵᠤ ᠳᠡᠶᠢᠯᠬᠦ ᠦᠭᠡᠢ︾ ᠬᠠᠷᠢᠭᠤᠴᠠᠯᠭᠠᠲᠤ ᠰᠡᠳᠬᠢᠯᠭᠡ ᠪᠠᠷ ᠪᠦᠬᠦ ᠲᠤᠭᠤᠷᠢᠭ ᠤᠨ ᠬᠦᠴᠦᠨ ᠢ ᠲᠠᠶᠢᠴᠢᠯᠠᠵᠤ᠂ ᠶᠡᠷᠦ ᠪᠤᠰᠤ ᠶᠢᠨ ᠭᠠᠪᠢᠶ᠎ᠠ ᠵᠢᠳᠬᠦᠯ ᠭᠠᠷᠭᠠᠵᠤ᠂ ᠰᠢᠨ᠎ᠡ ᠨᠢᠭᠡ ᠡᠭᠡᠯᠵᠢ ᠶᠢᠨ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠬᠠᠯᠠᠭᠤᠨ ᠥᠷᠨᠢᠯᠲᠡ ᠶᠢ ᠦᠳᠲᠡᠷ ᠲᠦᠷᠭᠡᠨ ᠪᠤᠢ ᠪᠣᠯᠭᠠᠪᠠ᠃  ᠲᠤᠭᠤᠷᠢᠭ ᠤᠨ ᠲᠠᠰ ᠤᠨ ᠤᠳᠤᠷᠢᠳᠤᠯᠭ᠎ᠠ ᠪᠡᠶ᠎ᠡ ᠪᠠᠷ ᠢᠶᠠᠨ ᠬᠡᠪ ᠲᠦᠷᠢᠮ ᠪᠣᠯᠵᠣ᠂ ᠡᠮᠦᠨ᠎ᠡ ᠹᠷᠣᠨᠲ ᠲᠤ ᠭᠦᠨᠵᠡᠭᠡᠶᠢᠷᠡᠨ᠂ ᠬᠦᠴᠢᠷ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠢᠶᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠤᠨ᠂ ᠴᠡᠭᠴᠡᠯᠡᠨ ᠰᠠᠶᠢᠵᠢᠷᠠᠭᠤᠯᠬᠤ ᠶᠢ ᠬᠦᠴᠦᠲᠡᠶ  ᠠᠬᠢᠭᠤᠯᠵᠠᠢ  ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠳᠠᠭᠠᠭᠠᠴᠢᠯᠠᠨ ᠬᠤᠯᠪᠣᠭᠠᠯᠠᠬᠤ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ︽ᠡᠬᠢ ᠪᠠᠶᠠᠯᠢᠭ ᠢ ᠳᠣᠷᠣᠭᠰᠢ ᠪᠠᠭᠤᠯᠭᠠᠬᠤ︾᠎ ᠪᠠᠷ ︽ᠠᠷᠠᠳ ᠤᠨ ᠠᠮᠢᠳᠤᠷᠠᠯ ᠢ ᠳᠡᠭᠡᠳᠦᠯᠡᠬᠦ︾᠎ ᠶᠢ  ᠬᠦᠨᠳᠤᠳᠭᠡᠪᠡ᠁ ᠪᠠᠶᠢᠭᠤᠯᠭ᠎ᠠ ᠠᠴᠠ ᠨᠡᠶᠢᠭᠡᠮ ᠲᠣᠭᠤᠷᠢᠭ ᠬᠦᠷᠲᠡᠯ᠎ᠡ᠂ ᠺᠠᠳ᠋ᠷᠴᠤᠳ ᠠᠴᠠ ᠤᠯᠠᠨ ᠲᠦᠮᠡᠨ ᠬᠦᠷᠲᠡᠯ᠎ᠡ᠂ ᠬᠤᠳᠠ ᠠᠴᠠ ᠬᠥᠳᠡᠭᠡ ᠲᠣᠰᠬᠤᠨ ᠬᠦᠷᠲᠡᠯ᠎ᠡ᠂ ᠪᠠᠭᠠᠴᠤᠳ ᠬᠡᠤᠬᠡᠳ ᠠᠴᠠ ᠪᠤᠭᠤᠷᠤᠯ ᠨᠠᠰᠤᠲᠠᠨ ᠬᠦᠷᠲᠡᠯ᠎ᠡ᠂ ᠬᠥᠮᠦᠨ ᠪᠦᠬᠦᠨ ᠡᠭᠦᠳᠦᠨ ᠪᠠᠶᠢᠭᠤᠯᠬᠤ ᠳᠤ ᠣᠷᠣᠯᠴᠠᠵᠤ᠂ ᠨᠢᠭᠡ ᠨᠢᠭᠡ ᠪᠠᠷ ᠢᠶᠠᠨ ᠡᠷᠡᠯᠬᠡᠭᠯᠡᠨ ᠲᠡᠮᠡᠴᠡᠵᠦ᠂ ᠪᠦᠬᠦ ᠠᠷᠠᠳ ᠢᠶᠠᠷ ᠢᠶᠠᠨ ᠡᠭᠦᠳᠦᠨ ᠪᠠᠶᠢᠭᠤᠯᠬᠤ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠵᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠡᠭᠦᠳᠦᠨ ᠪᠠᠶᠢᠭᠤᠯᠬᠤ ᠪᠠᠶᠢᠷᠢᠰᠢᠯ ᠢ ᠪᠦᠷᠢᠯᠳᠦᠭᠦᠯᠵᠡᠢ᠃ ᠡᠳᠦᠭᠡ ᠵᠢᠨᠢᠩ ᠢ ᠪᠠᠷᠠᠯᠠᠬᠤᠶ᠎ᠠ᠂ ᠬᠥᠮᠦᠨ ᠨᠢᠭᠡᠪᠦᠷᠢ᠂ ᠭᠡᠷ ᠪᠦᠯᠢ᠂  ᠨᠢᠭᠡᠴᠡ ᠨᠢᠭᠡᠪᠦᠷᠢ ᠴᠥᠮ ᠪᠣᠯᠪᠠᠰᠤᠨ ᠢ ᠡᠷᠬᠢᠮᠯᠡᠬᠦ᠂ ᠶᠣᠰᠣ ᠰᠤᠷᠲᠠᠬᠤᠨ ᠢ ᠬᠦᠨᠳᠦᠳᠬᠡᠬᠦ ᠠᠮᠢᠳᠤᠷᠠᠯ ᠢ ᠬᠦᠰᠡᠨ ᠬᠥᠭᠡᠭᠡᠴᠡᠯᠳᠦᠵᠦ᠂ ᠪᠣᠯᠪᠠᠰᠤᠨ ᠬᠤᠳᠠ ᠶᠢᠨ ᠦᠡᠭᠭᠡ ᠪᠤᠳᠤᠭ ᠪᠠ ᠠᠭᠤᠯᠤᠭᠳᠠᠬᠤᠨ ᠢ ᠲᠠᠰᠤᠷᠠᠯᠳᠠ ᠦᠭᠡᠢ ᠪᠠᠶᠠᠯᠢᠭᠵᠢᠭᠤᠯᠵᠤ ᠪᠠᠶᠢᠨ᠎ᠠ᠃ ᠬᠤᠲᠠ ᠶᠢᠨ ᠠᠷᠠᠳ ᠤᠨ ᠪᠣᠯᠪᠠᠰᠤᠨ ᠢ ᠡᠭᠦᠳᠦᠨ ᠪᠠᠶᠢᠭᠤᠯᠬᠤ ᠳᠤ ᠣᠷᠣᠯᠴᠠᠬᠤ ᠬᠠᠯᠠᠭᠤᠨ ᠰᠡᠳᠬᠢᠯᠭᠡ ᠭᠦᠢᠴᠡᠳ ᠪᠠᠳᠠᠷᠠᠵᠤ᠂ ᠬᠥᠮᠦᠰ ᠤᠨ ᠰᠡᠳᠬᠢᠯ ᠢ ᠬᠥᠳᠡᠯᠭᠡᠮ᠎ᠡ ᠡᠶ᠎ᠡ ᠵᠣᠬᠢᠴᠠᠯ ᠲᠠᠢ ᠠᠶᠠᠰ ᠢ ᠬᠠᠩᠭᠢᠨᠠᠭᠤᠯᠤᠭᠰᠠᠨ ᠪᠠᠶᠢᠨ᠎ᠠ᠃
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2