ᠵᠢᠨᠢᠩ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠲᠡᠭᠦᠰᠪᠡ
ᠨᠡᠶᠢᠲᠡᠯᠡᠭᠰᠡᠨ ᠴᠠᠭ᠄
2022/1/10
ᠵᠢᠨᠢᠩ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨᠲᠥᠯᠥᠭᠡᠯᠡᠭᠴᠢᠳ ᠤᠨ ᠠᠩᠬᠠᠳᠤᠭᠠᠷ ᠤᠳᠠᠭᠠᠨ ᠤ ᠬᠤᠷᠠᠯ ᠲᠡᠭᠦᠰᠪᠡ ᠴᠢ᠊· ᠳᠠᠯᠠᠨᠲᠠᠢ  ᠺᠠᠩ ᠬᠠᠶ ᠷᠦᠢ ᠰᠢᠤᠢ ᠯᠦᠩ ᠶᠠᠷᠢᠶ᠎ᠠ ᠲᠠᠯᠪᠢᠪᠠ ᠲᠦᠩ ᠢ ᠣᠷᠣᠯᠴᠠᠵᠠᠢ        ᠦᠨᠡᠨᠬᠦ ᠪᠣᠳᠠᠲᠠᠢ ᠠᠵᠢᠯᠯᠠᠵᠤ ᠰᠢᠨ᠎ᠡ ᠠᠶᠠᠨ ᠵᠠᠮ ᠢᠶᠠᠨ ᠡᠬᠢᠯᠡᠭᠦᠯᠵᠦ᠂ ᠪᠦᠯᠬᠦᠮᠳᠡᠨ ᠲᠡᠮᠡᠴᠡᠵᠦ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠡᠭᠦᠳᠬᠦ ᠬᠡᠷᠡᠭᠲᠡᠢ᠃       1 ᠰᠠᠷ᠎ᠠ ᠶᠢᠨ 9᠎ ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠳᠥᠷᠪᠡᠳᠦᠭᠡᠷ ᠪᠥᠬᠦᠳᠡ ᠬᠤᠷᠠᠯᠳᠤᠭᠠᠨ ᠢ ᠬᠤᠷᠠᠯᠳᠤᠭᠤᠯᠵᠤ᠂ ᠡᠯ᠎ᠡ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠪᠡᠶᠡᠯᠡᠭᠦᠯᠦᠭᠰᠡᠨ ᠤ ᠲᠠᠷᠠᠭ᠎ᠠ᠂ ᠶᠡᠭᠡ ᠬᠤᠷᠠᠯ ᠢᠯᠠᠯᠲᠠ ᠲᠠᠢ ᠪᠠᠷ ᠲᠡᠭᠦᠰᠪᠡ᠃ ᠬᠤᠷᠠᠯ ᠠᠴᠠ᠂ ᠰᠢᠨ᠎ᠡ ᠴᠠᠭ ᠦᠶ᠎ᠡ ᠠᠴᠠ ᠣᠯᠭᠤᠭᠰᠠᠨ ᠡᠭᠦᠷᠭᠡ ᠢᠷᠠᠭᠤ ᠠᠯᠳᠠᠷᠲᠠᠢ ᠪᠥᠭᠡᠳ ᠠᠷᠢᠭᠤᠨ ᠲᠠᠷᠬᠠᠨ᠂ ᠠᠷᠠᠳ ᠲᠦᠮᠡᠨ ᠤ ᠲᠠᠯᠪᠢᠭᠰᠠᠨ ᠬᠦᠰᠡᠯ ᠡᠷᠡᠮᠡᠯᠵᠡᠯ ᠴᠢᠩ ᠰᠡᠳᠬᠢᠯ ᠤᠨ ᠪᠥᠭᠡᠳ ᠭᠦᠨ ᠵᠤᠵᠠᠭᠠᠨ ᠪᠠᠶᠢᠨ᠎ᠠ ᠭᠡᠵᠦ ᠤᠷᠢᠶᠠᠯᠠᠪᠠ᠃ ᠥᠷᠭᠡᠨ ᠤᠯᠠᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠳᠡᠭᠡᠳᠦ ᠱᠠᠲᠤᠨ ᠤ ᠨᠠᠮ ᠤᠨ ᠬᠤᠷᠢᠶ᠎ᠠ ᠪᠣᠯᠤᠨ ᠵᠢᠨᠢᠩ ᠲᠣᠭᠤᠷᠢᠭ ᠤᠨ ᠨᠠᠮ ᠤᠨ  ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠡᠷᠡᠯᠬᠡᠭᠯᠡᠨ ᠤᠷᠤᠭᠰᠢᠯᠠᠵᠤ᠂ ᠡᠷᠡᠰ ᠰᠢᠭᠤᠷᠬᠠᠢ ᠪᠠᠷ ᠤᠷᠤᠭᠰᠢᠯᠠᠵᠤ᠂ ᠵᠢᠨᠢᠩ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ︕       ᠵᠢᠨᠢᠩ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠤ ᠳᠥᠷᠪᠡᠳᠦᠭᠡᠷ ᠪᠥᠬᠦᠳᠡ ᠬᠤᠷᠠᠯ ᠢ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠬᠡᠭᠴᠢ ᠲᠡᠷᠢᠭᠦᠯᠡᠭᠴᠢ ᠰᠢᠤᠢ ᠯᠦᠩ ᠡᠷᠬᠢᠯᠡᠪᠡ᠃ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠬᠡᠭᠴᠢ ᠲᠡᠷᠢᠭᠦᠯᠡᠭᠴᠢ  ᠴᠢ᠊·  ᠳᠠᠯᠠᠨᠲᠠᠢ᠂ ᠵᠠᠩ ᠵᠧ ᠬᠤᠢ᠂ ᠶᠠᠩ ᠰᠢᠶᠤᠤ ᠶᠢᠨ᠂ ᠯᠠᠨ ᠮᠢᠩ ᠹᠠᠩ᠂ ᠷᠧᠨ ᠶᠦᠩ ᠱᠧᠩ ᠵᠢᠴᠢ ᠲᠣᠭᠤᠷᠢᠭ ᠤᠨ ᠤᠳᠤᠷᠢᠳᠤᠯᠭ᠎ᠠ ᠺᠠᠩ ᠬᠠᠢ ᠷᠦᠢ᠂ ᠲᠦᠩ ᠢ᠂ ᠳ᠋ᠧᠦ ᠲᠤᠤ ᠷᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠤᠪᠠ᠃         ᠯᠢ ᡁᠢ ᠭᠠᠩ᠂ ᠮᠠ ᠬᠤᠩ ᠹᠸᠢ᠂ ᠵᠠᠩ ᠱᠦᠨ ᠯᠢ᠂  ᠶᠤᠤ ᠬᠠᠢ ᠮᠢᠩ᠂ ᠾᠧ ᠷᠦᠨ ᠭᠧᠨ᠂ ᠯᠢ ᠵᠢᠩ᠂ ᠵᠠᠩ ᡁᠢ ᠷᠦᠩ᠂ ᠰᠢᠤᠢ ᠹᠧᠩ ᠵᠡᠷᠭᠡ ᠤᠳᠤᠷᠢᠳᠤᠯᠭ᠎ᠠ ᠵᠢᠴᠢ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠶᠢᠨ ᠨᠢᠭᠡᠳᠦᠭᠡᠷ ᠬᠤᠭᠤᠴᠠᠭ᠎ᠠ ᠰᠣᠯᠢᠬᠤ ᠰᠣᠩᠭᠤᠭᠤᠯᠢ ᠶᠢᠨ ᠵᠢᠭᠠᠨ ᠵᠢᠯᠣᠭᠤᠳᠬᠤ ᠱᠠᠯᠠᠪᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠤᠶᠠᠷ ᠪᠦᠷᠢᠯᠳᠦᠬᠦᠨ ᠬᠤᠷᠠᠯ ᠳᠤ ᠣᠷᠣᠯᠴᠠᠨ ᠵᠢᠭᠠᠨ ᠵᠢᠯᠣᠭᠤᠳᠪᠠ᠃         ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 193 ᠬᠥᠮᠦᠨ᠂ ᠪᠣᠳᠠᠲᠠᠢ ᠣᠷᠣᠯᠴᠠᠭᠰᠠᠨ ᠲᠥᠯᠥᠭᠡᠯᠡᠭᠴᠢ 187 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃         ᠬᠤᠷᠠᠯ ᠳᠡᠭᠡᠷ᠎ᠡ᠂ ᠰᠢᠨ᠎ᠡ ᠪᠠᠷ ᠰᠣᠩᠭᠤᠭᠳᠠᠭᠰᠠᠨ ᠵᠢᠨᠢᠩ ᠲᠣᠭᠤᠷᠢᠭ ᠤᠨ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ᠂ ᠳᠡᠳ᠋ ᠡᠷᠬᠢᠯᠡᠭᠴᠢ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ᠂ ᠲᠣᠭᠤᠷᠢᠭ ᠤᠨ ᠳᠡᠳ᠋ ᠳᠠᠷᠤᠭ᠎ᠠ᠂ ᠲᠣᠭᠤᠷᠢᠭ ᠤᠨ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠳᠠᠷᠤᠭ᠎ᠠ᠂ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠡᠷᠭᠡ ᠳᠡᠰ ᠳᠠᠷᠠᠭ᠎ᠠ ᠪᠠᠷ ᠲᠠᠶᠢᠰᠠᠨ ᠳᠤ ᠭᠠᠷᠴᠤ ᠲᠥᠯᠥᠭᠡᠯᠡᠭᠴᠢᠳ ᠲᠠᠢ ᠠᠭᠤᠯᠵᠠᠪᠠ᠃ ᠳᠠᠷᠠᠭ᠎ᠠ ᠨᠢ᠂ ᠲᠤᠰ ᠤᠳᠠᠭ᠎ᠠ ᠶᠢᠨ ᠶᠡᠭᠡ ᠬᠤᠷᠠᠯ ᠠᠴᠠ ᠰᠣᠩᠭᠤᠵᠤ ᠭᠠᠷᠭᠠᠭᠰᠠᠨ ᠪᠠ ᠪᠠᠲᠤᠯᠠᠯᠲᠠ ᠬᠢᠵᠦ ᠪᠠᠲᠤᠯᠠᠭᠰᠠᠨ ᠲᠦᠷᠦ ᠶᠢᠨ ᠠᠵᠢᠯᠲᠠᠳ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠬᠠᠮᠲᠤ ᠶᠢᠨ ᠭᠡᠷᠡᠴᠢᠯᠡᠭᠡ ᠪᠠᠷ᠂ ᠦᠨᠳᠦᠰᠦᠨ ᠬᠠᠤᠯᠢ ᠳᠤ ᠲᠠᠩᠭᠠᠷᠢᠭᠯᠠᠪᠠ᠃          ᠶᠡᠭᠡ ᠬᠤᠷᠠᠯ ᠠᠴᠠ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠶ ᠰᠢᠶᠳᠪᠦᠷᠢ ᠶᠢ ᠪᠠᠲᠤᠯᠠᠵᠤ᠂ ᠵᠢᠨᠢᠩ ᠲᠣᠭᠤᠷᠢᠭ ᠤᠨ 2021 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢ ᠭᠦᠢᠴᠡᠳᠬᠡᠭᠰᠡᠨ ᠪᠠᠶᠢᠳᠠᠯ ᠬᠢᠭᠡᠳ 2022 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠰᠢᠶᠳᠪᠦᠷᠢ᠂ ᠵᠢᠨᠢᠩ ᠲᠣᠭᠤᠷᠢᠭ ᠤᠨ 2021 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠪᠠ 2022 ᠣᠨ ᠤ ᠡᠳ᠋ ᠤᠨ ᠵᠠᠰᠠᠭ ᠤᠨ ᠲᠥᠰᠦᠪ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠵᠢᠨᠢᠩ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠵᠢᠨᠢᠩ ᠲᠣᠭᠤᠷᠢᠭ ᠤᠨ ᠠᠷᠠᠳ ᠤᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ᠂ ᠵᠢᠨᠢᠩ ᠲᠣᠭᠤᠷᠢᠭ ᠤᠨ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ ᠶᠢ ᠪᠠᠲᠤᠯᠠᠪᠠ᠃         ᠡᠯ᠎ᠡ ᠵᠦᠢᠯ ᠤᠨ ᠵᠥᠪᠯᠡᠬᠦ ᠵᠦᠢᠯ ᠢᠶᠠᠨ ᠪᠡᠶᠡᠯᠡᠭᠦᠯᠦᠭᠰᠡᠨ ᠤ ᠳᠠᠷᠠᠭ᠎ᠠ᠂  ᠴᠢ᠊· ᠳᠠᠯᠠᠨᠲᠠᠢ᠂ ᠲᠤᠰ ᠤᠳᠠᠭ᠎ᠠ ᠶᠢᠨ ᠬᠤᠷᠠᠯ ᠳᠤ᠂ ᠲᠥᠯᠥᠭᠡᠯᠡᠭᠴᠢᠳ‌ᠤᠯᠤᠰ ᠲᠦᠷᠦ ᠶᠢᠨ ᠣᠷᠭᠢᠯᠤᠮ᠎ᠠ ᠬᠠᠯᠠᠭᠤᠨ ᠰᠡᠳᠬᠢᠯᠭᠡ ᠪᠠ ᠬᠤᠷᠴᠠ ᠴᠢᠩᠭ᠎ᠠ ᠡᠭᠦᠷᠭᠡ ᠬᠠᠷᠢᠭᠤᠴᠠᠯᠭ᠎ᠠ ᠪᠠᠷ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠬᠠᠤᠯᠢ ᠶᠣᠰᠣᠭᠠᠷ ᠡᠷᠬᠡ ᠪᠠᠨ ᠬᠡᠷᠡᠭᠵᠢᠭᠦᠯᠵᠦ᠂ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤᠪᠠᠷ ᠵᠥᠪᠯᠡᠭᠰᠡᠨ ᠨᠢ ᠲᠤᠭ ᠢᠶᠠᠨ ᠥᠨᠳᠥᠷ ᠮᠠᠨᠳᠤᠭᠤᠯᠤᠭᠰᠠᠨ᠂ ᠠᠷᠠᠳᠴᠢᠯᠠᠯ ᠪᠦᠯᠬᠦᠮᠳᠡᠯ ᠲᠠᠢ ᠪᠣᠯᠤᠭᠰᠠᠨ ᠶᠡᠭᠡ ᠬᠤᠷᠠᠯ᠂ ᠰᠤᠷᠲᠠᠯ ᠴᠢᠬᠡᠴᠢ ᠣᠪᠣᠷ ᠲᠥᠪ᠂ ᠬᠥᠮᠦᠰ ᠢ ᠤᠷᠮᠠᠰᠢᠭᠤᠯᠤᠨ ᠤᠷᠤᠭᠰᠢᠯᠠᠭᠤᠯᠤᠭᠰᠠᠨ ᠶᠡᠭᠡ ᠬᠤᠷᠠᠯ ᠪᠣᠯᠤᠨ᠎ᠠ ᠭᠡᠵᠦ  ᠵᠢᠭᠠᠪᠠ᠃ ᠠᠳᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ  ᠲᠤᠭᠤᠷᠢᠭ ᠤᠨ ᠨᠠᠮ ᠤᠨ ᠬᠤᠷᠢᠶ᠎ᠠ ᠶᠢᠨ ᠡᠮᠦᠨ᠎ᠡ ᠠᠴᠠ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠂ ᠰᠢᠨ᠎ᠡ ᠪᠠᠷ ᠰᠣᠩᠭᠤᠭᠳᠠᠭᠰᠠᠨ ᠨᠥᠬᠦᠳ ᠲᠤ ᠬᠠᠯᠠᠭᠤᠨ ᠪᠠᠶᠠᠷ ᠬᠦᠷᠭᠡᠵᠦ᠂ ᠲᠥᠯᠥᠭᠡᠯᠡᠭᠴᠢᠳ᠂ ᠬᠤᠷᠠᠯ ᠳᠤ ᠣᠷᠣᠯᠴᠠᠭᠰᠠᠨ ᠨᠥᠬᠦᠳ ᠪᠣᠯᠤᠨ ᠪᠦᠬᠦ ᠠᠵᠢᠯᠲᠠᠳ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠪᠡ᠃         ᠴᠢ᠊· ᠳᠠᠯᠠᠨᠲᠠᠢ ᠲᠣᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠠᠵᠢᠯ ᠢ ᠭᠦᠢᠴᠡᠳ ᠨᠤᠲᠠᠯᠠᠵᠤ᠂ ᠲᠡᠷᠡ ᠬᠡᠯᠡᠭᠰᠡᠨ ᠨᠢ᠂ ᠥᠩᠭᠡᠷᠡᠭᠰᠡᠨ ᠳᠥᠷᠪᠡᠨ ᠵᠢᠯ ᠳᠤ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠢ ᠶᠢᠨ ᠫᠢᠩ ᠶᠡᠷᠦᠩᠬᠡᠶ ᠱᠦᠵᠢ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠷᠢᠮ ᠢ ᠪᠠᠷᠢᠮᠲᠠᠯᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ ᠶᠢ ᠬᠢᠨᠠᠮᠠᠭᠠᠶ ᠲᠤᠤᠱᠯᠠᠭᠤᠯᠵᠤ᠂ ᠨᠠᠮ ᠤᠨ ᠲᠥᠪ ᠬᠤᠷᠢᠶ᠎ᠠ ᠶᠢᠨ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠵᠢᠴᠢ  ᠲᠤᠭᠤᠷᠢᠭ ᠤᠨ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠠᠵᠢᠯ ᠤᠨ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠢᠮᠠᠭᠲᠠ ᠪᠠᠷᠢᠮᠲᠠᠯᠠᠵᠤ᠂ ᠭᠤᠣᠯᠳᠠᠯᠭ᠎ᠠ ᠲᠠᠢ ᠨᠢᠭᠲᠠ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠵᠦ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ᠂ ᠢᠳᠡᠪᠬᠢᠲᠡᠢ ᠪᠠᠷ ᠠᠵᠢᠯ ᠬᠢᠵᠦ᠂ ᠬᠥᠭᠵᠢᠯᠲᠡ ᠳᠤ ᠦᠢᠯᠡᠴᠢᠯᠡᠬᠦ ᠳᠡᠭᠡᠨ ᠠᠮᠵᠢᠯᠲᠠ ᠲᠠᠢ ᠪᠥᠭᠡᠳ ᠠᠵᠢᠯ ᠲᠠᠢ ᠪᠠᠶᠢᠵᠤ᠂ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠡᠭᠡᠨ ᠬᠦᠴᠦᠲᠡᠢ ᠪᠥᠭᠡᠳ ᠪᠦᠲᠦᠮᠵᠢᠲᠡᠢ ᠪᠠᠶᠢᠵᠤ᠂ ᠲᠤᠰ ᠪᠡᠶ᠎ᠡ ᠶᠢᠨ ᠪᠠᠶᠢᠭᠤᠯᠤᠯᠲᠠ ᠳᠠᠭᠠᠨ ᠠᠮᠢᠳᠤᠯᠢᠭ ᠰᠠᠶᠢᠬᠠᠨ ᠪᠠᠶᠢᠵᠤ᠂ ᠶᠡᠭᠡ ᠬᠡᠮᠵᠢᠶᠡᠨ ᠤ ᠳᠤᠪᠤᠶᠢᠢᠮ᠎ᠠ ᠦᠷ᠎ᠡ ᠪᠦᠲᠦᠮᠵᠢ ᠲᠠᠢ ᠠᠵᠢᠯ ᠢ ᠬᠢᠭᠰᠡᠨ ᠪᠠᠶᠢᠨ᠎ᠠ        ᠴᠢ᠊· ᠳᠠᠯᠠᠨᠲᠠᠢ᠂ ᠬᠤᠶᠢᠰᠢᠳᠠ ᠶᠢᠨ ᠲᠠᠪᠤᠨ ᠵᠢᠯ ᠪᠣᠯ ᠮᠠᠨ ᠤ  ᠲᠤᠭᠤᠷᠢᠭ ᠤᠨ ᠢᠯᠠᠯᠲᠠ ᠶᠢᠨ ᠡᠷᠴᠢᠨ ᠳᠡᠭᠡᠷ᠎ᠡ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠵᠠᠩᠭᠢᠯᠠᠭ᠎ᠠ ᠶᠢᠨ ᠬᠤᠭᠤᠴᠠᠭ᠎ᠠ ᠪᠣᠯᠤᠨ᠎ᠠ᠃ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ ᠳᠤ ᠡᠷᠬᠡᠪᠰᠢ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠤᠯᠤᠰ ᠲᠦᠷᠦ ᠶᠢᠨ ᠵᠣᠭᠰᠣᠯᠲᠠ ᠪᠠᠨ ᠪᠠᠲᠤᠳᠬᠠᠵᠤ᠂ ᠤᠯᠤᠰ ᠲᠦᠷᠦ ᠶᠢᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠵᠦ᠂ ᠤᠯᠤᠰ ᠲᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠦᠨᠡᠨᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠠᠵᠢᠯ ᠢᠶᠠᠨ ᠥᠷᠨᠢᠭᠦᠯᠬᠦ ᠶᠢᠨ ᠦᠨᠳᠦᠰᠦᠨ ᠪᠠᠲᠤᠯᠠᠭ᠎ᠠ ᠪᠣᠯᠭᠠᠬᠤ ᠬᠡᠷᠡᠭᠲᠡᠢ ᠃  ᠡᠷᠬᠡᠪᠰᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠨ ᠬᠥᠭᠵᠢᠯᠲᠡ ᠶᠢ ᠠᠬᠢᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ᠂ ᠬᠤᠳᠠ ᠶᠢᠨ ᠨᠠᠮ ᠤᠨ  ᠬᠤᠷᠢᠶ᠎ᠠ  ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠭᠤᠣᠯ ᠴᠢᠬᠤᠯᠠ ᠠᠭᠤᠯᠭ᠎ᠠ ᠶᠢ ᠪᠠᠲᠤ ᠡᠵᠡᠮᠳᠡᠵᠦ᠂ ︽ᠲᠣᠭᠲᠠᠭᠤᠨ ᠢ ᠲᠡᠷᠢᠭᠦᠨ ᠳᠤ ᠲᠠᠯᠪᠢᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ︾ ᠶᠡᠷᠦᠩᠬᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂  ᠲᠤᠭᠤᠷᠢᠭ ᠤᠨ ᠠᠷᠪᠠᠨ ᠳᠥᠷᠪᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠳᠤᠷᠠᠳᠤᠭᠰᠠᠨ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠪᠠᠶᠢᠷᠢ ᠲᠣᠭᠲᠠᠭᠠᠯᠲᠠ ᠶᠢ ᠡᠵᠡᠮᠳᠡᠵᠦ᠂ ᠢᠳᠡᠪᠬᠢᠲᠡᠢ ᠪᠠᠶᠢᠴᠠᠭᠠᠨ ᠰᠤᠳᠤᠯᠤᠯᠲᠠ ᠬᠢᠵᠦ᠂ ᠬᠢᠨᠠᠯᠲᠠ ᠲᠠᠯᠪᠢᠬᠤ ᠶᠢ ᠲᠤᠪᠤᠶᠢᠯᠭᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠢᠯᠡᠳᠦᠯ ᠢ ᠦᠨᠡᠨᠬᠦ ᠪᠠᠳᠠᠷᠠᠭᠤᠯᠵᠤ᠂ ᠵᠢᠨᠢᠩ ᠤᠨ ᠰᠢᠨ᠎ᠡ ᠨᠢᠭᠡ ᠡᠭᠡᠯᠵᠢ ᠶᠢᠨ ᠴᠢᠨᠠᠷ ᠰᠠᠶᠢᠲᠠᠢ ᠬᠥᠭᠵᠢᠯᠲᠡ ᠶᠢᠨ ᠳᠤᠮᠳᠠ ᠲᠡᠷᠢᠭᠦᠨ ᠲᠣᠬᠢᠶᠠᠯ ᠢ ᠵᠠᠪᠳᠤᠨ ᠣᠯᠵᠤ᠂ ᠲᠡᠷᠢᠭᠦᠨ ᠪᠠᠶᠢᠷᠢ ᠶᠢ ᠤᠯᠬᠤ ᠶᠢ ᠠᠬᠢᠭᠤᠯᠬᠤ ᠬᠡᠷᠡᠭᠲᠡᠢ᠃ ᠡᠷᠬᠡᠪᠰᠢ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠷᠠᠳ ᠤᠨ ᠪᠠᠶᠢᠳᠠᠯ ᠢ ᠴᠠᠭ ᠲᠤᠬᠠᠢ ᠳᠤᠨᠢ ᠲᠤᠰᠬᠠᠵᠤ᠂ ᠠᠷᠠᠳ ᠤᠨ ᠵᠣᠪᠠᠨᠢᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠠᠷᠠᠳ ᠤᠨ ᠰᠡᠳᠬᠢᠯ ᠢ ᠭᠦᠢᠴᠡᠳ ᠨᠢᠭᠲᠠᠷᠠᠭᠤᠯᠵᠤ᠂ ᠠᠷᠠᠳ ᠤᠯᠠᠨ ᠤ ᠦᠨᠳᠦᠰᠦᠨ ᠠᠰᠢᠭ ᠲᠤᠰᠠ ᠶᠢ ᠰᠠᠶᠢᠲᠤᠷ ᠬᠠᠮᠠᠭᠠᠯᠠᠬᠤ ᠂ ᠰᠠᠶᠢᠲᠤᠷ ᠬᠥᠭᠵᠢᠭᠦᠯᠬᠦ᠂ ᠰᠠᠶᠢᠲᠤᠷ ᠪᠡᠶᠡᠯᠡᠭᠦᠯᠬᠦ ᠶᠢ ᠠᠯᠢᠪᠠ ᠠᠵᠢᠯ ᠤᠨ ᠢᠶᠠᠨ ᠡᠭᠦᠰᠭᠡᠯ ᠪᠠ ᠲᠡᠭᠦᠰᠬᠡᠯ ᠪᠣᠯᠭᠠᠬᠤ ᠬᠡᠷᠡᠭᠲᠡᠢ ᠃ ᠡᠷᠬᠡᠪᠰᠢ ᠳᠣᠲᠣᠷ ᠲᠠᠮᠢᠷ ᠢᠶᠠᠨ ᠰᠢᠮᠳᠠᠨ ᠪᠣᠯᠪᠠᠰᠤᠷᠠᠵᠤ ᠬᠡᠪ ᠴᠢᠨᠠᠷ ᠢᠶᠠᠨ ᠳᠡᠭᠡᠭᠰᠢᠯᠡᠭᠦᠯᠬᠦ ᠬᠡᠷᠡᠭᠲᠡᠶ᠂ ᠵᠢᠱᠢᠶᠡᠴᠢ ᠪᠠᠶᠢᠭᠤᠯᠭ᠎ᠠ ᠶᠢ ᠪᠠᠶᠢᠭᠤᠯᠤᠨ ᠬᠦᠴᠦᠷᠬᠡᠭᠵᠢᠭᠦᠯᠵᠦ᠂ ᠴᠠᠭᠠᠷᠠᠭᠰᠠᠨ ᠡᠷᠳᠡᠮ ᠴᠢᠳᠠᠪᠤᠷᠢ ᠶᠢ ᠪᠣᠯᠪᠠᠰᠤᠷᠠᠭᠤᠯᠤᠨ᠂ ᠲᠦᠷᠢᠮ ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢ ᠦᠨᠡᠨ ᠬᠦ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠶᠢ ᠤᠬᠠᠮᠰᠠᠷ ᠠᠴᠠ ᠪᠠᠨ ᠪᠠᠷᠢᠮᠲᠠᠯᠠᠬᠤ ᠤᠯᠤᠰ ᠲᠦᠷᠦ ᠶᠢᠨ ᠪᠠᠶᠢᠭᠤᠯᠭ᠎ᠠ᠂ ᠠᠷᠠᠳ ᠲᠦᠮᠡᠨ ᠡᠷᠬᠡ ᠮᠡᠳᠡᠵᠦ ᠡᠵᠡᠨ ᠰᠠᠭᠤᠬᠤ ᠶᠢ ᠪᠠᠲᠤᠯᠠᠬᠤ ᠲᠦᠷᠦ ᠶᠢᠨ ᠡᠷᠬᠡᠲᠦ ᠪᠠᠶᠢᠭᠤᠯᠭ᠎ᠠ᠂ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠢᠯ ᠤᠨ ᠲᠤᠰᠢᠶᠠᠯ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠡᠭᠦᠷᠭᠡᠯᠡᠬᠦ ᠠᠵᠢᠯ ᠤᠨ ᠪᠠᠶᠢᠭᠤᠯᠭ᠎ᠠ ᠂ ᠠᠷᠠᠳ ᠤᠯᠠᠨ ᠲᠠᠢ ᠢᠮᠠᠭᠲᠠ ᠨᠢᠭᠲᠠ ᠬᠠᠷᠢᠯᠴᠠᠭ᠎ᠠ ᠲᠠᠢ ᠪᠠᠶᠢᠬᠤ ᠲᠥᠯᠥᠭᠡᠯᠡᠬᠦ ᠪᠠᠶᠢᠭᠤᠯᠭ᠎ᠠ ᠪᠣᠯᠭᠠᠨ᠎ᠠ᠃           ᠴᠢ᠊· ᠳᠠᠯᠠᠨᠲᠠᠢ ᠴᠢᠬᠤᠯᠠᠴᠢᠯᠠᠭᠰᠠᠨ ᠨᠢ᠂  ᠲᠤᠭᠤᠷᠢᠭ ᠤᠨ ᠨᠠᠮ ᠤᠨ ᠬᠤᠷᠢᠶ᠎ᠠ ᠥᠩᠭᠡᠷᠡᠭᠰᠡᠨ ᠲᠠᠢ ᠪᠠᠨ ᠠᠳᠠᠯᠢ ᠪᠠᠷ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ᠂ ᠠᠵᠢᠯ ᠢᠶᠠᠨ ᠥᠷᠨᠢᠭᠦᠯᠬᠦ᠂ ᠦᠶᠯᠡᠳᠦᠯ ᠢᠶᠠᠨ ᠪᠠᠳᠠᠷᠠᠭᠤᠯᠬᠤ ᠶᠢ ᠪᠥᠬᠦ ᠬᠦᠴᠦᠨ ᠢᠶᠠᠷ ᠢᠶᠠᠨ ᠳᠡᠮᠵᠢᠨ ᠪᠠᠲᠤᠯᠠᠨ᠎ᠠ᠃ ︽ᠨᠢᠭᠡ ᠵᠠᠰᠠᠭ ᠤᠨ ᠣᠷᠳᠣᠨ ᠬᠤᠶᠠᠷ ᠬᠤᠷᠢᠶ᠎ᠠ︾᠎ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠰᠢᠶᠳᠪᠦᠷᠢ ᠲᠣᠭᠲᠠᠭᠠᠯ ᠢ ᠬᠢᠨᠠᠮᠠᠭᠠᠶ ᠬᠡᠷᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ᠂ ᠬᠠᠤᠯᠢ ᠶᠣᠰᠣᠭᠠᠷ ᠬᠢᠨᠠᠨ ᠪᠠᠶᠢᠴᠠᠭᠠᠬᠤ ᠪᠠ ᠲᠥᠪ ᠭᠤᠣᠯᠴᠢ ᠪᠠᠷ ᠬᠠᠤᠯᠢ ᠪᠠᠷᠢᠬᠤ ᠴᠢᠳᠠᠪᠤᠷᠢ ᠬᠢᠷᠢ ᠬᠡᠮᠵᠢᠶ᠎ᠡ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠡᠷᠬᠡ ᠲᠤᠰᠢᠶᠠᠯ ᠢᠶᠠᠨ ᠬᠡᠷᠡᠭᠵᠢᠭᠦᠯᠬᠦ ᠶᠢ ᠢᠳᠡᠪᠬᠢᠲᠡᠢ ᠲᠡᠮᠵᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠵᠥᠪᠯᠡᠯᠭᠡ ᠰᠠᠨᠠᠭᠤᠯᠭ᠎ᠠ ᠶᠢ ᠨᠠᠷᠢᠨ ᠬᠢᠨᠠᠮᠠᠭᠠᠢ ᠰᠢᠢᠳᠪᠦᠷᠢᠯᠡᠵᠦ᠂ ᠰᠠᠨᠠᠭᠠᠴᠢᠯᠠᠭ᠎ᠠ ᠠᠴᠠ ᠪᠠᠨ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠳᠤ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠤᠬᠠᠮᠰᠠᠷ ᠠᠴᠠ ᠪᠠᠨ ᠭᠤᠣᠯᠳᠠᠯᠭ᠎ᠠ ᠲᠠᠢ ᠤᠶᠠᠯᠳᠤᠭᠤᠯᠤᠨ᠂ ᠶᠡᠭᠡ ᠲᠠᠯ᠎ᠠ ᠳᠤ ᠦᠢᠯᠡᠴᠢᠯᠡᠵᠦ᠂  ᠶᠡᠭᠡ ᠬᠢᠨᠠᠯᠲᠠ ᠲᠠᠯᠪᠢᠬᠤ᠂ ᠲᠣᠭᠲᠠᠭᠠᠯ ᠭᠠᠷᠭᠠᠬᠤ᠂ ᠲᠤᠰᠢᠶᠠᠯ ᠳᠤ ᠲᠣᠮᠢᠯᠠᠵᠤ ᠲᠤᠰᠢᠶᠠᠯ ᠠᠴᠠ ᠪᠠᠭᠤᠯᠭᠠᠬᠤ ᠵᠡᠷᠭᠡ ᠡᠷᠬᠡ ᠲᠤᠰᠢᠶᠠᠯ ᠢᠶᠠᠨ ᠦᠨᠡᠨ ᠬᠦ ᠭᠦᠢᠴᠡᠳᠬᠡᠬᠦ ᠬᠡᠷᠡᠭᠲᠡᠶ᠃ ᠲᠥᠯᠥᠭᠡᠯᠡᠭᠴᠢᠳ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠥᠯᠥᠭᠡᠯᠡᠭᠴᠢᠳ ᠤᠨ ᠢᠷᠠᠭᠤ ᠠᠯᠳᠠᠷ ᠢ ᠨᠠᠨᠳᠢᠩᠨᠠᠵᠤ᠂ ᠠᠷᠠᠳ ᠲᠦᠮᠡᠨ ᠤ ᠲᠥᠯᠥᠭᠡ ᠣᠷᠣᠯᠠᠨ ᠥᠭᠦᠯᠡᠬᠦ᠂ ᠠᠷᠠᠳ ᠲᠦᠮᠡᠨ ᠤ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠠᠷᠠᠳ ᠲᠦᠮᠡᠨ ᠳᠤ ᠦᠢᠯᠡᠴᠢᠯᠡᠬᠦ ᠳᠤᠮᠳᠠ ᠲᠥᠯᠥᠭᠡᠯᠡᠭᠴᠢᠳ ᠤᠨ ᠦᠨ᠎ᠡ ᠦᠷᠳᠡᠭ ᠢ ᠢᠯᠡᠷᠡᠭᠦᠯᠵᠦ᠂ ᠴᠠᠭ ᠦᠶ᠎ᠡ ᠶᠢᠨ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ᠃        ᠰᠢᠨ᠎ᠡ ᠪᠠᠷ ᠰᠣᠩᠭᠤᠭᠳᠠᠭᠰᠠᠨ ᠲᠣᠭᠤᠷᠢᠭ ᠤᠨ ᠳᠠᠷᠤᠭ᠎ᠠ ᠺᠠᠩ ᠬᠠᠢ ᠷᠦᠢ ᠲᠤᠰᠢᠶᠠᠯ ᠳᠤ ᠭᠠᠷᠬᠤ ᠶᠠᠷᠢᠶᠠᠨ ᠳᠠᠭᠠᠨ᠂ ᠲᠤᠰ ᠤᠳᠠᠭ᠎ᠠ ᠶᠢᠨ ᠶᠡᠭᠡ ᠬᠤᠷᠠᠯ ᠠᠴᠠ ᠨᠠᠮᠠᠶᠢ ᠰᠢᠨ᠎ᠡ ᠨᠢᠭᠡ ᠬᠤᠭᠤᠴᠠᠭᠠᠨ ᠤ ᠵᠢᠨᠢᠩ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠲᠣᠭᠤᠷᠢᠭ ᠤᠨ ᠳᠠᠷᠤᠭ᠎ᠠ ᠪᠠᠷ ᠰᠣᠩᠭᠤᠭᠰᠠᠨ ᠨᠢ ᠲᠦᠢᠯ ᠤᠨ ᠢᠷᠠᠭᠤ ᠠᠯᠳᠠᠷ ᠲᠠᠢ᠂ ᠬᠢᠵᠠᠭᠠᠯᠠᠰᠢ ᠦᠭᠡᠢ ᠣᠮᠣᠭᠰᠢᠯ ᠲᠠᠢ ᠰᠠᠨᠠᠭᠳᠠᠵᠤ ᠪᠠᠶᠢᠨ᠎ᠠ᠂ ᠨᠡᠩ ᠴᠤ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ ᠭᠡᠳᠡᠭ ᠢ ᠭᠦᠨᠵᠡᠭᠡᠢ ᠣᠶᠢᠯᠠᠭᠠᠵᠤ ᠪᠠᠶᠢᠨ᠎ᠠ ᠭᠡᠵᠦ ᠢᠯᠡᠳᠬᠡᠪᠡ᠃ ᠬᠤᠶᠢᠰᠢᠳᠠ ᠶᠢᠨ ᠠᠵᠢᠯ ᠤᠨ ᠳᠤᠮᠳᠠ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠬᠦᠨ ᠲᠠᠢ ᠬᠠᠮᠲᠤᠪᠠᠷ᠂ ᠵᠣᠬᠢᠶᠠᠨ ᠪᠠᠶᠢᠭᠤᠯᠤᠯᠲᠠ ᠪᠠ ᠠᠷᠠᠳ ᠲᠦᠮᠡᠨ ᠠᠴᠠ ᠣᠯᠭᠤᠭᠰᠠᠨ ᠢᠲᠡᠭᠡᠯ ᠪᠠ ᠬᠦᠰᠡᠯ ᠡᠷᠡᠮᠡᠯᠵᠡᠯ ᠢ ᠬᠤᠪᠢ ᠲᠠᠬᠢᠨ ᠨᠠᠨᠳᠢᠩᠨᠠᠵᠤ᠂ ᠴᠠᠭ ᠦᠶ᠎ᠡ ᠠᠴᠠ ᠣᠯᠭᠤᠭᠰᠠᠨ ᠠᠵᠠ ᠲᠣᠬᠢᠶᠠᠯ ᠪᠠ ᠲᠠᠪᠴᠠᠩ ᠢ ᠬᠤᠪᠢ ᠲᠠᠬᠢᠨ ᠨᠠᠨᠳᠢᠩᠨᠠᠵᠤ᠂ ᠵᠢᠨᠢᠩ ᠲᠣᠭᠤᠷᠢᠭ ᠤᠨ ᠲᠦᠷᠦ ᠲᠦᠪᠰᠢᠨ ᠲᠦᠮᠡᠨ ᠠᠮᠤᠭᠤᠯᠠᠩ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠬᠥᠭᠵᠢᠯᠲᠡ ᠶᠢ ᠡᠷᠢᠯᠬᠢᠯᠡᠬᠦ ᠶᠡᠭᠡ ᠰᠠᠶᠢᠨ ᠪᠠᠶᠢᠳᠠᠯ ᠢ ᠬᠤᠪᠢ ᠲᠠᠬᠢᠨ ᠨᠠᠨᠳᠢᠩᠨᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠤᠯᠤᠰ ᠲᠦᠷᠦ ᠶᠢᠨ ᠵᠣᠭᠰᠣᠯᠲᠠ ᠪᠠᠨ ᠢᠮᠠᠭᠲᠠ ᠪᠠᠷᠢᠮᠲᠠᠯᠠᠨ᠎ᠠ ᠃ ᠡᠭᠦᠷᠭᠡ ᠬᠠᠷᠢᠭᠤᠴᠠᠯᠭ᠎ᠠ ᠪᠠᠨ ᠭᠤᠲᠤᠭᠠᠬᠤ ᠦᠭᠡᠢ᠂ ᠬᠥᠭᠵᠢᠭᠦᠯᠬᠦ ᠶᠢ ᠲᠡᠷᠢᠭᠦᠨ ᠳᠤ ᠲᠠᠯᠪᠢᠬᠤ ᠶᠢ ᠢᠮᠠᠭᠲᠠ ᠪᠠᠷᠢᠮᠲᠠᠯᠠᠬᠤ ᠬᠡᠷᠡᠭᠲᠡᠢ ᠃ ᠵᠣᠷᠢᠯᠲᠠ ᠪᠠᠨ ᠦᠢᠯᠡᠳᠦᠯᠭᠡᠵᠢᠭᠦᠯᠵᠦ᠂ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ ᠃ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠵᠦ᠂ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠢᠮᠠᠭᠲᠠ ᠪᠠᠷᠢᠮᠲᠠᠯᠠᠬᠤ ᠬᠡᠷᠡᠭᠲᠡᠢ ᠃ ᠪᠡᠶ᠎ᠡ ᠪᠠᠷ ᠢᠶᠠᠨ ᠦᠯᠢᠭᠡᠷ ᠳᠠᠭᠤᠷᠢᠶᠠᠯ ᠦᠵᠡᠭᠦᠯᠵᠦ᠂ ᠠᠷᠢᠭᠤᠨ ᠴᠢᠬᠡᠴᠢ ᠤᠤᠷ ᠴᠢᠨᠠᠷ ᠢᠶᠠᠨ ᠢᠮᠠᠭᠲᠠ ᠪᠠᠷᠢᠮᠲᠠᠯᠠᠬᠤ ᠬᠡᠷᠡᠭᠲᠡᠢ ᠃ ᠬᠠᠤᠯᠢ ᠶᠣᠰᠣᠭᠠᠷ ᠵᠠᠰᠠᠭ ᠶᠠᠪᠤᠭᠤᠯᠬᠤ ᠳᠤ᠂ ᠬᠠᠤᠯᠢ ᠪᠠᠷ ᠵᠠᠰᠠᠬᠤ ᠪᠠᠷ ᠬᠥᠲᠥᠯᠪᠦᠷᠢ ᠪᠣᠯᠭᠠᠬᠤ ᠶᠢ ᠢᠮᠠᠭᠲᠠ ᠪᠠᠷᠢᠮᠲᠠᠯᠠᠵᠤ᠂ ᠴᠠᠭ ᠮᠥᠴᠡ ᠪᠢᠳᠡᠨ ᠢ ᠬᠦᠯᠢᠶᠡᠬᠦ ᠦᠭᠡᠢ᠂ ᠥᠷᠯᠥᠭᠡ ᠦᠳᠡᠰᠢ ᠶᠢ ᠲᠡᠮᠡᠴᠡᠬᠦ ᠲᠡᠮᠡᠴᠡᠯ ᠤᠨ ᠵᠣᠷᠢᠭ ᠰᠠᠨᠠᠭ᠎ᠠ ᠪᠠᠷ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠭᠦᠢᠴᠡᠳᠬᠡᠵᠦ᠂ ᠦᠷᠭᠦᠯᠵᠢᠯᠡᠨ ᠲᠡᠮᠡᠴᠡᠵᠦ᠂ ᠵᠢᠨᠢᠩ ᠲᠣᠭᠤᠷᠢᠭ ᠤᠨ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠬᠦ ᠬᠡᠷᠡᠭᠲᠡᠢ᠃        ᠰᠢᠤᠢ ᠯᠦᠩ ᠢᠯᠡᠳᠭᠡᠭᠰᠡᠨ ᠨᠢ᠂ ᠰᠢᠨ᠎ᠡ ᠠᠶᠠᠨ ᠵᠠᠮ ᠳᠤ᠂ ᠬᠠᠷᠢᠭᠤᠴᠠᠯᠭ᠎ᠠ ᠪᠠ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠵᠦ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ  ᠬᠤᠷᠢᠶ᠎ᠠ ᠶᠢ ᠪᠦᠯᠬᠦᠮᠳᠡᠭᠦᠯᠦᠨ ᠳᠠᠭᠠᠭᠤᠯᠵᠤ ᠡᠭᠦᠷᠭᠡ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠰᠠᠶᠢᠲᠤᠷ ᠪᠠᠷᠢᠮᠲᠠᠯᠠᠨ ᠲᠡᠭᠦᠯᠳᠡᠷᠵᠢᠭᠦᠯᠵᠦ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠦᠨᠡᠨᠬᠦ ᠴᠢᠩᠭᠠᠳᠬᠠᠨ ᠰᠠᠶᠢᠵᠢᠷᠠᠭᠤᠯᠵᠤ᠂ ᠪᠦᠬᠦ ᠶᠠᠪᠤᠴᠠ ᠶᠢᠨ ᠠᠷᠠᠳ ᠤᠨ ᠠᠷᠠᠳᠴᠢᠯᠠᠯ ᠢ ᠲᠠᠰᠤᠷᠠᠯᠳᠡ ᠦᠭᠡᠢ ᠬᠥᠭᠵᠢᠭᠦᠯᠦᠨ᠎ᠡ ᠭᠡᠵᠦ ᠢᠯᠡᠳᠬᠡᠪᠡ᠃ ᠲᠣᠭᠤᠷᠢᠭ ᠤᠨ ᠨᠠᠮ ᠤᠨ ᠬᠤᠷᠢᠶᠠᠨ ᠤ ᠤᠳᠤᠷᠢᠳᠤᠯᠭ᠎ᠠ ᠳᠣᠣᠷ᠎ᠠ᠂ ᠠᠷᠠᠳ ᠲᠦᠮᠡᠨ ᠤ ᠡᠮᠬᠢ ᠵᠢᠷᠤᠮ ᠲᠠᠢ ᠤᠯᠤᠰ ᠲᠥᠷᠥ ᠳᠤ ᠣᠷᠣᠯᠴᠠᠬᠤ ᠶᠢ ᠥᠷᠭᠡᠳᠬᠡᠵᠦ᠂ ᠠᠷᠠᠳ ᠲᠦᠮᠡᠨ ᠤ ᠰᠡᠳᠬᠢᠯ ᠤᠨ ᠦᠭᠡ ᠶᠢ ᠰᠣᠨᠣᠰᠴᠤ᠂ ᠠᠷᠠᠳ ᠲᠦᠮᠡᠨ ᠤ ᠡᠮᠦᠨ᠎ᠡ ᠠᠴᠠ ᠰᠠᠨᠠᠯ ᠳᠡᠪᠰᠢᠭᠦᠯᠵᠦ᠂ ᠠᠷᠠᠳ ᠲᠦᠮᠡᠨ ᠤ ᠲᠥᠯᠥᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠥᠭᠵᠢᠯᠲᠡ ᠶᠢ ᠠᠬᠢᠭᠤᠯᠬᠤ ᠳᠡᠭᠡᠷ᠎ᠡ ᠬᠦᠴᠦ ᠲᠠᠯᠪᠢᠵᠤ᠂ ︽ᠨᠢᠭᠡ ᠵᠠᠰᠠᠭ ᠤᠨ ᠣᠷᠳᠣᠨ ᠬᠤᠶᠠᠷ ᠬᠤᠷᠢᠶ᠎ᠠ︾᠎ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠳᠬᠤᠬᠤ ᠶᠢ ᠬᠢᠨᠠᠨ ᠳᠡᠮᠵᠢᠬᠦ ᠳᠡᠭᠡᠷ᠎ᠡ ᠬᠦᠴᠦ ᠲᠠᠯᠪᠢᠵᠤ᠂ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢᠨ ᠱᠠᠭᠠᠷᠳᠠᠯᠭ᠎ᠠ ᠶᠢ ᠳᠡᠭᠡᠭᠰᠢᠯᠡᠭᠦᠯᠬᠦ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠲᠥᠪᠯᠡᠷᠡᠭᠦᠯᠬᠦ ᠳᠡᠭᠡᠷ᠎ᠡ ᠬᠦᠴᠦ ᠲᠠᠯᠪᠢᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠢ ᠰᠢᠨ᠎ᠡ ᠲᠦᠪᠰᠢᠨ ᠳᠤ ᠬᠦᠷᠭᠡᠬᠦ ᠪᠠᠷ ᠴᠢᠷᠮᠠᠶᠢᠵᠤ᠂ ᠠᠵᠢᠯ ᠬᠢᠵᠦ ᠦᠢᠯᠡᠰ ᠪᠤᠰᠬᠠᠬᠰᠠᠨ ᠪᠣᠳᠠᠲᠤ ᠠᠮᠵᠢᠯᠲᠠ ᠪᠠᠷ ᠢᠶᠠᠨ ᠲᠥᠯᠥᠭᠡᠯᠡᠭᠴᠢᠳ ᠪᠣᠯᠤᠨ ᠪᠦᠬᠦ  ᠲᠤᠭᠤᠷᠢᠭ ᠤᠨ ᠠᠷᠠᠳ ᠲᠦᠮᠡᠨ ᠤ ᠠᠴᠢ ᠶᠢ ᠬᠠᠷᠢᠭᠤᠯᠤᠨ᠎ᠠ  ᠭᠡᠵᠡᠢ᠃            ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠤᠨ ᠳᠤᠮᠳᠠ ᠢᠯᠠᠯᠲᠠ ᠲᠠᠢ ᠪᠠᠷ ᠲᠡᠭᠦᠰᠪᠡ᠃  
 
ᠢᠷᠡᠯᠲᠡ᠄ ᠵᠢᠨᠢᠡᠭ ᠲᠤᠭᠤᠷᠢᠭ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2