2022 ᠤᠨ ᠤ  ᠵᠢᠨᠢᠩ ᠲᠤᠭᠤᠷᠢᠭ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ  —2022 ᠣᠨ ᠤ 1 ᠰᠠᠷ᠎ᠠ ᠶᠢᠨ 7᠎ ᠤ ᠡᠳᠦᠷ  ᠵᠢᠨᠢᠩ ᠲᠣᠭᠤᠷᠢᠭ ᠤᠨ ᠠᠷᠪᠠᠨ  ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ
ᠨᠡᠶᠢᠲᠡᠯᠡᠭᠰᠡᠨ ᠴᠠᠭ᠄
2022/1/25
ᠲᠥᠯᠥᠭᠡᠯᠡᠭᠴᠢᠳ ᠡ᠄       ᠤᠳᠤ ᠪᠢ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠶᠠᠷᠢᠯᠴᠠᠬᠤ ᠪᠣᠯᠪᠠᠤ᠂ ᠲᠡᠷᠡᠴᠢᠯᠡᠨ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠡᠷᠬᠢᠮ ᠨᠠᠨᠳᠢᠨ ᠰᠠᠨᠠᠯ ᠢᠶᠠᠨ ᠳᠤᠷᠠᠳᠬᠤ ᠪᠣᠯᠪᠠᠤ᠃ ᠨᠢᠭᠡ᠂ ᠥᠩᠭᠡᠷᠡᠭᠰᠡᠨ ᠲᠦᠷᠪᠡᠨ ᠵᠢᠯ ᠤᠨ ᠠᠵᠢᠯ ᠤᠨ ᠲᠤᠬᠠᠶ ᠡᠷᠭᠢᠴᠡᠭᠦᠯᠦᠯ         ᠲᠤᠰ ᠬᠤᠭᠤᠴᠠᠭᠠᠨ ᠤ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠤ ᠲᠦᠷᠪᠡᠨ ᠵᠢᠯ ᠪᠣᠯ ᠵᠢᠨᠢᠩ ᠲᠣᠭᠤᠷᠢᠭ ᠤᠨ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠳᠠᠯ ᠢ ᠢᠳᠡᠪᠬᠢᠲᠡᠢ ᠠᠷᠭᠠᠴᠠᠵᠤ᠂ ᠠᠵᠤ ᠠᠬᠤᠢ ᠶᠢ ᠦᠷᠭᠦᠯᠵᠢᠯᠡᠨ ᠡᠷᠡᠭᠦᠯ ᠢᠶᠠᠷ ᠬᠥᠭᠵᠢᠭᠦᠯᠦᠭᠰᠡᠨ ᠲᠦᠷᠪᠡᠨ ᠵᠢᠯ ᠮᠥᠨ᠂ ᠠᠵᠤ ᠦᠢᠯᠡᠰ ᠤᠨ ᠪᠦᠲᠦᠴᠡ ᠶᠢ ᠭᠦᠨᠵᠡᠭᠡᠢ ᠲᠤᠬᠢᠷᠠᠭᠤᠯᠵᠤ᠂ ᠬᠥᠭᠵᠢᠯᠲᠡ ᠶᠢᠨ ᠠᠷᠭ᠎ᠠ ᠬᠡᠯᠪᠡᠷᠢ ᠶᠢ ᠲᠦᠷᠭᠡᠨ ᠬᠤᠪᠢᠷᠠᠭᠤᠯᠤᠭᠰᠠᠨ ᠲᠦᠷᠪᠡᠨ ᠵᠢᠯ ᠮᠥᠨ᠂ ᠨᠡᠶᠢᠭᠡᠮ ᠤᠨ ᠦᠢᠯᠡᠰ ᠪᠦᠬᠦ ᠲᠠᠯ᠎ᠠ ᠪᠠᠷ ᠳᠠᠪᠰᠢᠵᠤ᠂ ᠠᠷᠠᠳ ᠤᠨ ᠠᠮᠢᠳᠤᠷᠠᠯ ᠲᠠᠰᠤᠷᠠᠯᠳᠠ ᠦᠭᠡᠢ ᠰᠠᠶᠢᠵᠢᠷᠠᠭᠰᠠᠨ ᠲᠦᠷᠪᠡᠨ ᠵᠢᠯ ᠮᠥᠨ᠃ ᠳᠥᠷᠪᠡᠨ ᠵᠢᠯ ᠤᠨ ᠲᠤᠷᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ  ᠲᠤᠭᠤᠷᠢᠭ ᠤᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂  ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ ᠳᠣᠣᠷ᠎ᠠ᠂ ᠪᠦᠬᠦ ᠲᠤᠭᠤᠷᠢᠭ ᠢᠶᠠᠷ ᠢᠶᠠᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠶ ᠰᠤᠷᠤᠯᠴᠠᠨ ᠬᠡᠷᠡᠭᠯᠡᠵᠦ ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠪᠠᠷ ᠶᠡᠷᠦᠩᠬᠡᠶᠢᠯᠡᠨ ᠵᠢᠯᠣᠭᠤᠳᠣᠭᠤᠯᠵᠤ᠂  ᠲᠤᠭᠤᠷᠢᠭ ᠤᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ ᠠᠴᠠ ᠲᠣᠭᠲᠠᠭᠠᠭᠰᠠᠨ ᠬᠠᠷᠠᠯᠲᠠ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠵᠢᠨᠢᠩ ᠲᠣᠭᠤᠷᠢᠭ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠰᠢᠨ᠎ᠡ ᠠᠶᠠᠯᠠᠯ ᠢ ᠡᠬᠢᠯᠡᠭᠦᠯᠪᠡ᠃ ᠳᠥᠷᠪᠡᠨ ᠵᠢᠯ ᠤᠨ ᠲᠤᠷᠰᠢ᠂ ᠪᠥᠬᠦ ᠲᠤᠭᠤᠷᠢᠭ ᠤᠨ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠨᠡᠶᠢᠲᠡ 845.61 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 5.9% ᠨᠡᠮᠡᠭᠳᠡᠪᠡ ᠃ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠤᠨ ᠵᠢᠯ ᠳᠤᠮᠳᠠᠴᠢ ᠶᠢᠨ ᠨᠡᠮᠡᠭᠳᠡᠯ ᠤᠨ ᠬᠤᠷᠳᠤᠴᠠ 13.9%᠎ ᠳᠤ ᠬᠥᠷᠪᠡ  ᠃ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ ᠨᠡᠶᠢᠲᠡ 280.1 ᠳ᠋ᠦᠩᠰᠢᠭᠤᠷ ᠲᠥᠭᠦᠷᠢᠭ ᠪᠡᠶᠡᠯᠡᠭᠦᠯᠵᠦ ᠂ ᠵᠢᠯ ᠪᠦᠷᠢ ᠳᠤᠮᠳᠠᠴᠢ ᠪᠠᠷ 19.3%᠎ ᠪᠠᠷ ᠨᠡᠮᠡᠭᠳᠡᠪᠡ ᠃ ᠨᠡᠶᠢᠭᠡᠮ ᠤᠨ ᠬᠡᠷᠡᠭᠯᠡᠭᠡᠨ ᠤ ᠵᠦᠶᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ ᠨᠡᠶᠢᠲᠡ 376.78 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 2.4% ᠨᠡᠮᠡᠭᠳᠡᠪᠡ ᠃ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠨᠡᠶᠢᠲᠡ 50.7 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 3.07%᠎ ᠪᠠᠷ ᠨᠡᠮᠡᠭᠳᠡᠪᠡ ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 38201 ᠲᠥᠭᠦᠷᠢᠭ᠂ 21252 ᠲᠥᠭᠦᠷᠢᠭ ᠲᠤ ᠬᠦᠷᠴᠦ᠂ ᠵᠢᠯ ᠪᠦᠷᠢ ᠳᠤᠮᠳᠠᠴᠢ ᠪᠠᠷ 5.4%᠂ 9.5%᠎ ᠪᠠᠷ ᠨᠡᠮᠡᠭᠳᠡᠨ᠂ ᠭᠤᠤᠯ ᠪᠣᠯᠬᠤ ᠠᠵᠤ ᠠᠬᠤᠶ ᠶᠢᠨ ᠭᠦᠶᠴᠡᠳᠬᠡᠯ ᠲᠤᠭ᠎ᠠ ᠳᠥᠷᠪᠡᠨ ᠵᠢᠯ ᠳᠠᠷᠠᠭᠠᠯᠠᠨ ᠪᠥᠬᠦ ᠬᠤᠲᠠ ᠳᠤ ᠲᠡᠷᠢᠭᠦᠯᠡᠪᠡ᠃          ᠲᠦᠷᠪᠡᠨ ᠵᠢᠯ ᠤᠨ ᠲᠤᠷᠰᠢ᠂ ᠪᠢᠳᠡ ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾᠎ ᠢ ᠰᠠᠶᠢᠲᠤᠷ ᠬᠢᠵᠦ ᠢᠯᠠᠯᠲᠠ ᠤᠯᠬᠤ ᠶᠢ ᠢᠮᠠᠭᠲᠠ ᠬᠠᠮᠤᠭ ᠤᠨ ᠶᠡᠭᠡ ᠤᠯᠤᠰ ᠲᠦᠷᠦ ᠶᠢᠨ ᠡᠭᠦᠷᠭᠡ ᠪᠠᠨ ᠪᠣᠯᠭᠠᠵᠤ᠂ ᠥᠨᠢ ᠤᠳᠠᠭᠠᠨ ᠴᠢᠷᠮᠠᠶᠢᠨ ᠠᠵᠢᠯᠯᠠᠵᠤ᠂ ᠴᠢᠳᠠᠮᠠᠭᠠᠢ ᠪᠠᠷ ᠬᠢᠵᠦ ᠴᠢᠳᠠᠮᠠᠭᠠᠢ ᠪᠠᠷ ᠪᠦᠲᠦᠭᠡᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠴᠢᠨᠠᠷᠲᠠᠢ ᠢᠯᠠᠯᠲᠠ ᠶᠢ ᠤᠯᠪᠠ᠃ ᠠᠷᠪᠢᠯᠠᠨ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠵᠣᠭᠤᠰ ᠨᠢᠭᠡᠪᠦᠷᠢ ᠶᠢ ᠴᠥᠮ ᠵᠠᠩᠭᠢᠯᠠᠭ᠎ᠠ ᠶᠢᠨ ᠭᠠᠵᠠᠷ ᠪᠠ ᠴᠢᠬᠤᠯᠠ ᠭᠠᠵᠠᠷ ᠲᠤ ᠬᠡᠷᠡᠭᠯᠡᠬᠦ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠨᠡᠶᠢᠳᠡ 137.8 ᠳ᠋ᠦᠩᠰᠢᠭᠤᠷ ᠲᠥᠭᠦᠷᠢᠭ  ᠲᠦᠯᠦᠵᠦ᠂ ︽ᠠᠷᠪᠠ ᠶᠢ ᠪᠦᠷᠬᠦᠭᠦᠯᠬᠦ︾ ᠢᠨᠵᠧᠨᠧᠷᠢᠩ ᠤᠨ ᠵᠣᠭᠤᠰ ᠪᠠ ᠠᠷᠠᠳ ᠤᠨ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠵᠥᠷᠢᠯᠳᠦᠭᠡᠨ ᠦᠭᠡᠢ ᠲᠠᠩᠰᠠᠨ ᠤ ᠵᠣᠭᠤᠰ ᠢ ᠪᠦᠬᠦᠨ ᠢ ᠲᠦᠯᠦᠵᠤ᠂ ᠣᠷᠣᠨ ᠪᠦᠰᠡ ᠶᠢᠨ ᠴᠢᠨᠠᠷᠲᠠᠶ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠦᠯᠦ ᠭᠠᠷᠭᠠᠬᠤ ᠬᠢᠵᠠᠭᠠᠷ ᠱᠤᠭᠤᠮ ᠢ ᠪᠦᠲᠦᠮᠵᠢᠲᠡᠶ ᠪᠠᠷ ᠰᠠᠬᠢᠪᠠ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾᠎ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠠᠷᠢᠯᠢᠭ ᠣᠨᠣᠴᠠᠲᠠᠶ︾ ᠭᠡᠬᠦ ᠬᠤᠶᠠᠷ ᠥᠰᠥᠭ ᠢ ᠡᠬᠢᠨ ᠠᠴᠠ ᠨᠢ ᠳᠠᠭᠤᠰᠲᠠᠯ᠎ᠠ ᠲᠤᠤᠱᠯᠠᠭᠤᠯᠵᠤ᠂ 813 ᠡᠷᠦᠬᠡ᠂ 1535 ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠡᠶᠡᠯᠡᠭᠦᠯᠬᠦ ᠵᠠᠮ ᠳᠡᠭᠡᠷ᠎ᠡ ︽ᠨᠢᠭᠡ ᠡᠷᠦᠬᠡ ᠶᠢ ᠴᠦ ᠣᠷᠬᠢᠭᠳᠠᠭᠤᠯᠬᠤ ᠥᠬᠡᠶ᠂ ᠨᠢᠭᠡ ᠬᠥᠮᠦᠨ ᠢ ᠴᠦ ᠣᠷᠬᠢᠭᠳᠠᠭᠤᠯᠬᠤ ᠥᠬᠡᠶ︾ ᠪᠠᠶᠢᠬᠤ ᠶᠢ ᠪᠡᠶᠡᠯᠡᠭᠦᠯᠵᠡᠢ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾᠎ ᠶᠢᠨ ᠬᠠᠷᠢᠭᠤ ᠲᠤᠰᠬᠠᠬᠰᠠᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠪᠠ ᠃ ᠠᠷᠢᠭᠤᠨ ᠴᠡᠪᠡᠷ ᠡᠨᠧᠷᠭᠢ ᠪᠠᠷ ᠢᠯᠴᠢ ᠬᠠᠩᠭᠠᠬᠤ ᠲᠠᠯᠠᠪᠠᠢ 3200 ᠲᠦᠮᠡᠨ ᠲᠡᠭᠰᠢ ᠳᠥᠷᠪᠡᠯᠵᠢᠨ ᠮᠧᠲᠷ ᠲᠤ ᠬᠦᠷᠴᠦ᠂ ᠵᠢᠯ ᠳᠤᠮᠳᠠᠴᠢ ᠶᠢᠨ ᠠᠭᠠᠷ ᠤᠨ ᠶᠠᠰᠤ ᠴᠢᠨᠠᠷ ᠰᠢᠯᠢᠳᠡᠭ ᠰᠠᠶᠢᠨ ᠡᠳᠦᠷ ᠤᠨ ᠲᠤᠭ᠎ᠠ 338 ᠡᠳᠦᠷ ᠲᠤ ᠬᠦᠷᠴᠡᠢ ᠃ ᠬᠤᠸᠠᠩ ᠴᠢ ᠬᠠᠶ ᠶᠢᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠢ ᠰᠢᠯᠢᠳᠡᠭᠵᠢᠭᠦᠯᠦᠨ ᠲᠣᠬᠢᠷᠠᠭᠤᠯᠵᠤ᠂ ᠰᠢᠶᠤᠤ ᠳ᠋ᠦᠩ ᠲᠠᠨ᠂ ᠬᠥᠬᠡᠮᠳᠦᠭ ᠤᠰᠤ ᠬᠥᠬᠡ ᠣᠭᠲᠠᠷᠭᠤᠶ᠂ ᠬᠤᠸᠠ ᠯᠢ  ᠪᠣᠬᠢᠷ ᠤᠰᠤ ᠰᠢᠶᠳᠪᠦᠷᠢᠯᠡᠬᠦ ᠦᠶᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠤᠰᠤᠨ ᠤ ᠡᠬᠢ ᠰᠤᠷᠪᠤᠯᠵᠢ ᠶᠢᠨ ᠭᠠᠵᠠᠷ ᠢ ᠪᠦᠬᠦᠨ ᠢ ᠪᠢᠲᠡᠭᠦᠮᠵᠢᠯᠡᠨ ᠬᠠᠮᠢᠶᠠᠷᠬᠤ ᠶᠢ ᠪᠡᠶᠡᠯᠡᠭᠦᠯᠪᠡ  ᠃ ᠬᠥᠷᠥᠰᠥ ᠰᠢᠷᠣᠶ ᠶᠢᠨ ᠪᠣᠬᠢᠷᠲᠤᠯ ᠤᠨ ︽ᠳᠥᠷᠪᠡ ᠶᠢ ᠡᠵᠡᠮᠳᠡᠬᠦ︾ ᠠᠵᠢᠯᠯᠠᠭ᠎ᠠ ᠶᠢ ᠯᠠᠪᠳᠠᠭᠤᠨ ᠪᠠᠲᠤᠲᠠᠶ ᠥᠷᠨᠢᠭᠦᠯᠵᠦ᠂ ᠬᠥᠬᠡ ᠲᠩᠷᠢ ᠴᠠᠭᠠᠨ ᠡᠭᠦᠯᠡ᠂ ᠬᠥᠬᠡᠮᠳᠦᠭ ᠨᠣᠭᠤᠭᠠᠨ ᠠᠭᠤᠯᠠ ᠤᠰᠤᠨ ᠤ ᠠᠮᠢ ᠠᠬᠤᠶ ᠶᠢᠨ ᠰᠠᠭᠤᠷᠢ  ᠨᠠᠩ ᠲᠣᠪᠤᠶᠢᠮ᠎ᠠ ᠪᠣᠯᠪᠠ᠃         ᠲᠦᠷᠪᠡᠨ ᠵᠢᠯ ᠤᠨ ᠲᠤᠷᠰᠢ᠂ ᠪᠢᠳᠡ ᠢᠮᠠᠭᠲᠠ ᠴᠢᠨᠠᠷ ᠰᠠᠶᠢᠲᠠᠢ ᠬᠥᠭᠵᠢᠯᠲᠡ ᠶᠢ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢᠨ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠳᠠᠪᠠᠭ᠎ᠠ ᠶᠢ ᠳᠠᠪᠠᠵᠤ ᠪᠡᠷᠬᠡ ᠶᠢ ᠲᠤᠭᠤᠯᠤᠨ ᠪᠡᠷᠬᠡ ᠶᠢ ᠳᠠᠪᠠᠵᠤ᠂ ᠪᠣᠳᠠᠲᠤ ᠴᠣᠭᠴᠠ ᠶᠢᠨ ᠠᠵᠤ ᠠᠬᠤᠢ ᠯᠠᠪᠳᠠᠭᠤᠨ ᠪᠠᠲᠤᠲᠠᠢ ᠠᠯᠬᠤᠮ ᠢ ᠠᠯᠬᠤᠪᠠ᠃ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ 1.7 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠵᠤ᠂ 13 ᠲᠠᠷᠢᠶᠠᠯᠠᠩ ᠮᠠᠯ ᠠᠵᠤ ᠠᠬᠤᠶ ᠶᠢᠨ ᠬᠥᠲᠥᠴᠢ ᠠᠵᠤ ᠠᠬᠤᠶᠢᠯᠠᠯ᠂ 182 ᠡᠯ᠎ᠡ ᠲᠥᠷᠥᠯ ᠤᠨ ᠲᠤᠰᠬᠠᠶ ᠬᠤᠷᠰᠢᠶ᠎ᠠ᠂ 25 ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ ᠶᠢ  ᠪᠠᠶᠢᠭᠤᠯᠪᠠ᠃ ᠨᠡᠷᠡᠨ ᠭᠡᠷᠡᠯᠲᠦ ᠲᠠᠯ᠎ᠠ ᠨᠤᠲᠤᠭ ·  ᠳ᠋ᠠ ᠡᠾᠧ ᠸᠠᠨ ᠴᠠᠰᠤᠨ ᠳᠤ ᠭᠤᠯᠭᠤᠬᠤ ᠲᠠᠯᠠᠪᠠᠢ ᠶᠢ ᠪᠠᠶᠢᠭᠤᠯᠤᠨ ᠡᠵᠡᠩᠨᠡᠯᠲᠡ ᠳᠤ ᠣᠷᠣᠭᠤᠯᠵᠤ᠂ ᠤᠨᠴᠠᠯᠢᠬᠳᠤ ᠠᠶᠢᠯ ᠲᠣᠰᠬᠤᠨ᠂ ᠤᠨᠴᠠᠯᠢᠬᠳᠤ ᠵᠢᠵᠢᠭ ᠪᠠᠯᠭᠠᠰᠤ ᠶᠢ ᠯᠠᠪᠳᠠᠭᠤᠨ ᠢᠶᠠᠷ ᠬᠦᠭᠵᠢᠭᠦᠯᠪᠡ᠃ ᠬᠤᠸᠠ ᠸᠧᠶ᠂ ᠠᠯᠮᠤᠷᠠᠳ᠂ ᠠᠯᠢ ᠵᠡᠷᠭᠡ 13  ᠨᠠᠷᠠᠲᠦ ᠲᠤᠭ᠎ᠠ ᠪᠠᠷᠢᠮᠲᠠ ᠶᠢᠨ ᠲᠥᠪ ᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ᠂ ︽ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠲᠤᠭ᠎ᠠ ᠪᠠᠷᠢᠮᠲᠠ ᠶᠢᠨ ᠲᠥᠪ ᠬᠤᠳᠠ︾᠂ ︽ᠲᠤᠭ᠎ᠠ ᠪᠠᠷᠢᠮᠲᠠ ᠶᠢᠨ ᠲᠥᠪ ᠤᠨ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠬᠤᠳᠠ︾᠎ ᠪᠠᠷ ᠦᠨᠡᠯᠡᠭᠳᠡᠵᠦ᠂ ᠲᠦᠷᠦ ᠶᠢᠨ ᠶᠠᠪᠤᠳᠠᠯ ᠤᠨ ᠬᠤᠷᠢᠶᠠᠨ ᠤ ᠵᠠᠷᠯᠠᠨ ᠰᠠᠶᠢᠰᠢᠶᠠᠯ ᠢ ᠤᠯᠪᠠ᠃  ᠴᠢᠩ ᠬᠤᠸᠠ ᠲᠦᠩ ᠹᠠᠩ᠂ ᠵᠥᠩ ᠬᠤᠩ ᠽᠢ ᠵᠢᠩ᠂ ᠬᠤᠷᠳᠤᠨ ᠭᠠᠷ ᠵᠡᠷᠭᠡ ᠨᠢᠭᠡ ᠪᠦᠯᠦᠭ ᠴᠢᠬᠤᠯᠠ ᠶᠡᠭᠡ ᠲᠥᠷᠥᠯ ᠵᠦᠢᠯ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠵᠢᠩ ᠨᠢᠩ  2 × 66 ᠲᠦᠮᠡᠨ ᠺᠢᠯᠣᠸᠠᠲ ᠤᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠵᠦᠢᠯᠡᠰ ᠢ ᠪᠦᠬᠦ ᠲᠠᠯ᠎ᠠ ᠪᠠᠷ ᠡᠬᠢᠯᠡᠭᠦᠯᠵᠦ᠂ ᠬᠠᠨ ᠯᠠᠨ ᠠᠮᠢᠳᠤᠷᠠᠯ ᠤᠨ ᠬᠤᠭ ᠨᠣᠪᠰᠢ ᠪᠠᠷ ᠴᠠᠬᠢᠯᠭᠠᠨ ᠭᠠᠷᠭᠠᠬᠤ ᠵᠦᠢᠯᠡᠰ ᠢ ᠠᠮᠵᠢᠯᠲᠠ ᠲᠠᠢ ᠪᠠᠷ ᠲᠣᠣᠷ ᠲᠤ ᠨᠡᠶᠢᠯᠡᠭᠦᠯᠵᠦ᠂ ᠨᠠᠨ ᠳ᠋ᠠ ᠭᠡᠷᠡᠯ ᠴᠠᠬᠢᠯᠭᠠᠨ ᠤ ᠨᠢᠭᠡᠳᠦᠭᠡᠷ ᠬᠤᠭᠤᠴᠠᠭᠠᠨ ᠤ ᠲᠤᠷᠰᠢᠨ ᠦᠢᠯᠡᠳᠪᠦᠷᠢᠯᠡᠬᠦ ᠠᠵᠢᠯᠯᠠᠭᠠᠨ ᠢ ᠡᠬᠢᠯᠡᠭᠦᠯᠵᠦ᠂ ᠬᠠᠶ ᠯᠢ ᠴᠠᠬᠢᠯᠭᠠᠨ ᠪᠠᠭᠲᠠᠭᠠᠭᠴᠢ ᠶᠢᠨ ᠪᠦᠳᠦᠭᠡᠨ ᠪᠠᠶᠢᠭᠤᠯᠤᠯᠲᠠ ᠶᠢ ᠲᠦᠷᠭᠡᠳᠬᠡᠨ᠂ ᠳ᠋ᠦᠩ ᠶᠠᠩ  ᠭᠤᠸᠠᠩ᠂ ᠬᠠᠶ ᠯᠢ  ᠬᠤᠸᠠ ᠴᠸᠡᠭ ᠪᠦᠸᠧ ᠦᠢᠯᠡᠳᠪᠦᠷᠢᠯᠡᠬᠦ ᠴᠢᠳᠠᠪᠤᠷᠢ ᠪᠦᠬᠦ ᠪᠥᠮᠪᠥᠷᠴᠡᠭ ᠤᠨ 40%᠎ ᠠᠴᠠ ᠳᠡᠭᠡᠭᠰᠢᠬᠢ ᠶᠢ ᠡᠵᠡᠯᠡᠵᠦ᠂ ᠯᠠᠨ ᠭᠧ  ᠭᠧ ᠨᠡᠷᠡᠮᠵᠢᠲᠦ ᠦᠢᠯᠡᠳᠬᠦᠨ ᠪᠦᠬᠦ ᠤᠯᠤᠰ ᠲᠤ ᠳᠠᠭᠤᠷᠢᠰᠴᠤ᠂ ᠳᠤᠮᠳᠠᠳᠤ ᠤᠯᠤᠰ ᠤᠨ ᠢᠳᠡᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠠᠴᠠ ᠲᠡᠭᠦᠨ ᠢ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠡᠭᠡᠳᠡᠭᠰᠡᠨ ᠰᠦ ᠶᠢᠨ ᠬᠤᠳᠠ︾ ᠭᠡᠵᠦ ᠨᠡᠷᠡᠶᠢᠳᠪᠡ᠃ ᠳᠣᠯᠣᠳᠤᠭᠠᠷ ᠰᠤᠮᠤᠨ ᠤ ᠪᠠᠷᠠᠭᠠᠨ ᠤ ᠭᠦᠶᠯᠭᠡᠭᠡᠨ ᠤ ᠰᠠᠭᠤᠷᠢᠨ ᠭᠠᠵᠠᠷ ᠢ ᠪᠥᠬᠦ ᠲᠠᠯ᠎ᠠ ᠪᠠᠷ ᠪᠠᠶᠢᠭᠤᠯᠤᠨ ᠳᠠᠭᠤᠰᠬᠠᠵᠤ᠂ B ᠪᠠᠲᠤᠯᠠᠭ᠎ᠠ ᠶᠢᠨ ᠲᠥᠪ ᠤᠨ ᠪᠣᠭᠤᠮᠲᠠ ᠶᠢ ᠪᠢᠲᠡᠭᠦᠮᠵᠢᠯᠡᠨ ᠡᠵᠡᠩᠨᠡᠵᠦ᠂ ᠳᠤᠮᠳᠠᠳᠤ ᠧᠦ᠋ᠷᠣᠫᠠ ᠶᠢᠨ ᠡᠭᠡᠯᠵᠢᠨ ᠤ ᠭᠠᠯᠲᠤ ᠲᠡᠷᠭᠡ ᠨᠡᠶᠢᠲᠡ 500 ᠭᠠᠷᠤᠶ ᠴᠤᠪᠤᠭ᠎ᠠ ᠲᠡᠷᠭᠡ ᠨᠡᠪᠲᠡᠷᠡᠵᠦ᠂ ᠥᠪᠡᠷᠲᠡᠭᠡᠨ ᠵᠠᠰᠠᠬᠤ ᠣᠷᠣᠨ ᠤ ᠶᠡᠷᠦᠩᠬᠡᠶ ᠠᠶᠠᠯᠠᠯ ᠤᠨ 43.7%᠎ ᠶᠢ ᠡᠵᠡᠯᠡᠪᠡ᠃ ᠪᠥᠬᠦ ᠴᠠᠷᠠᠭᠠᠨ ᠤ ᠵᠢᠭᠤᠯᠴᠢᠯᠠᠯ᠂ ᠳᠥᠷᠪᠡᠨ ᠤᠯᠠᠷᠢᠯ ᠤᠨ ᠵᠢᠭᠤᠯᠴᠢᠯᠠᠯ ᠢ ᠶᠡᠬᠡᠪᠡᠷ ᠬᠥᠭᠵᠢᠭᠦᠯᠵᠦ᠂ ︽ᠥᠪᠡᠷᠲᠡᠭᠡᠨ ᠵᠠᠰᠠᠬᠤ ᠣᠷᠣᠨ ᠤ ᠲᠠᠰ ᠤᠨ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ︾ ︽ᠳᠤᠮᠳᠠᠳᠤ ᠤᠯᠤᠰ ᠤᠨ ᠬᠠᠮᠤᠭ ᠤᠨ ᠰᠠᠶᠢᠨ ᠪᠡᠶ᠎ᠡ ᠶᠢᠨ ᠲᠠᠮᠢᠷ ᠤᠨ ᠰᠡᠯᠡᠭᠦᠴᠡᠯ ᠤᠨ ᠵᠢᠭᠤᠯᠴᠢᠯᠠᠯ ᠤᠨ ᠵᠣᠷᠢᠭᠰᠠᠨ ᠭᠠᠵᠠᠷ︾ ᠪᠠ ︽ᠵᠤᠰᠠᠯᠠᠩ ᠤᠨ ᠵᠢᠭᠤᠯᠴᠢᠯᠠᠯ ᠤᠨ ᠵᠠᠭᠪᠤᠷ ᠬᠤᠲᠠ︾᠎ ᠪᠠᠷ ᠦᠨᠡᠯᠡᠭᠳᠡᠪᠡ᠃ ᠤᠯᠠᠭᠠᠨᠴᠠᠪ ᠤᠨ ᠬᠤᠷᠠᠯ ᠦᠵᠡᠰᠬᠦᠯᠡᠩ ᠤᠨ ᠲᠥᠪ ᠪᠥᠬᠦ ᠲᠠᠯ᠎ᠠ ᠪᠠᠷ ᠪᠠᠶᠢᠭᠤᠯᠤᠭᠳᠠᠵᠤ᠂ ᠳᠤᠮᠳᠠᠳᠤ ᠮᠣᠩᠭᠤᠯ ᠣᠷᠣᠰ ᠭᠤᠷᠪᠠᠨ ᠤᠯᠤᠰ ᠤᠨ ᠵᠢᠭᠤᠯᠴᠢᠯᠠᠯ ᠤᠨ ᠰᠠᠶᠢᠳ ᠨᠠᠷ ᠤᠨ ᠬᠤᠷᠠᠯ᠂ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠵᠡᠷᠭᠡ 60 ᠭᠠᠷᠤᠶ ᠤᠳᠠᠭᠠᠨ ᠤ ᠲᠣᠮᠣ ᠬᠡᠯᠪᠡᠷᠢ ᠶᠢᠨ ᠬᠤᠷᠠᠯ ᠦᠵᠡᠰᠬᠦᠯᠡᠩ ᠤᠨ ᠠᠵᠢᠯᠯᠠᠭ᠎ᠠ ᠶᠢ ᠠᠮᠵᠢᠯᠲᠠ ᠲᠠᠢ ᠡᠷᠭᠢᠯᠡᠨ ᠡᠷᠭᠢᠯᠡᠵᠦ᠂ ᠬᠤᠲᠠ ᠶᠢᠨ ᠨᠥᠯᠥᠭᠡᠯᠡᠬᠦ ᠬᠦᠴᠦᠨ᠂ ᠲᠠᠲᠠᠬᠤ ᠬᠦᠴᠦᠨ ᠶᠡᠭᠡ ᠪᠠᠷ ᠳᠡᠭᠡᠭᠰᠢᠯᠡᠪᠡ᠃       ᠲᠦᠷᠪᠡᠨ ᠵᠢᠯ ᠤᠨ ᠲᠤᠷᠰᠢ᠂ ᠪᠢᠳᠡ ᠢᠮᠠᠭᠲᠠ ᠣᠷᠣᠨ ᠪᠦᠰᠡ ᠶᠢᠨ ᠴᠢᠨᠠᠷᠲᠠᠢ ᠭᠤᠣᠯ ᠬᠤᠳᠠ ᠶᠢᠨ ᠲᠣᠭᠤᠷᠢᠭ ᠢ ᠪᠠᠶᠢᠭᠤᠯᠬᠤ ᠶᠠᠪᠤᠳᠠᠯ ᠢ ᠬᠤᠳᠠ ᠶᠢᠨ ᠲᠦᠷᠢ ᠲᠥᠷᠬᠦ ᠶᠢ ᠳᠡᠭᠡᠭᠰᠢᠯᠡᠭᠦᠯᠬᠦ ᠲᠡᠷᠢᠭᠦᠨ ᠴᠢᠬᠤᠯᠠ ᠢᠨᠵᠧᠨᠧᠷᠢᠩ ᠪᠣᠯᠭᠠᠵᠤ᠂ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠶᠢ ᠨᠥᠬᠦᠪᠥᠷᠢᠯᠡᠵᠦ᠂ ᠪᠦᠳᠦᠭᠡᠨ ᠪᠠᠶᠢᠭᠤᠯᠬᠤ ᠪᠠ ᠬᠠᠮᠢᠶᠠᠷᠬᠤ ᠶᠢ ᠵᠡᠷᠭᠡᠪᠡᠷ ᠴᠢᠬᠤᠯᠠᠴᠢᠯᠠᠵᠤ᠂ ᠬᠤᠳᠠ ᠬᠥᠳᠡᠭᠡ ᠶᠢᠨ ᠳᠦᠷᠰᠦ ᠪᠠᠶᠢᠳᠠᠯ ᠢ ᠶᠡᠬᠡᠪᠡᠷ ᠳᠡᠭᠡᠭᠰᠢᠯᠡᠭᠦᠯᠪᠡ᠃ ᠪᠡᠭᠡᠵᠢᠩ ᠠᠴᠠ ᠬᠥᠬᠡᠬᠤᠲᠠ ᠬᠦᠷᠬᠦ ᠲᠦᠷᠭᠡᠨ ᠤ ᠲᠡᠮᠦᠷ ᠵᠠᠮ ᠪᠦᠬᠦ ᠱᠤᠭᠤᠮ ᠢᠶᠠᠷ ᠲᠡᠷᠭᠡ ᠨᠡᠪᠲᠡᠷᠡᠵᠦ᠂ ᠵᠢᠨᠢᠩ ᠎ ᠤᠨ ᠲᠦᠷᠭᠡᠨ ᠤ ᠲᠡᠮᠦᠷ ᠵᠠᠮ ᠲᠦᠷᠭᠡᠨ ᠢᠶᠠᠷ ᠠᠬᠢᠪᠠ᠃ ᠪᠠᠶᠢᠭᠤᠯᠤᠭᠰᠠᠨ ᠣᠷᠣᠨ ᠤ ᠲᠠᠯᠠᠪᠠᠢ 68 ᠲᠡᠭᠰᠢ ᠳᠥᠷᠪᠡᠯᠵᠢᠨ ᠺᠢᠯᠣᠮᠧᠲᠷ ᠪᠠᠶᠢᠭᠰᠠᠨ ᠠᠴᠠ ᠪᠠᠨ ᠨᠡᠮᠡᠭᠳᠡᠭᠡᠳ78 ᠲᠡᠭᠰᠢ ᠳᠥᠷᠪᠡᠯᠵᠢᠨ‌‍ᠺᠢᠯᠣᠮᠧᠲᠷ ᠪᠤᠯᠵᠤ᠂ ᠬᠤᠳᠠ ᠪᠠᠯᠭᠠᠰᠤᠵᠢᠯᠳᠠ ᠶᠢᠨ ᠨᠤᠷᠮ᠎ᠠ 93.7% ᠪᠠᠶᠢᠭᠰᠠᠨ ᠠᠴᠠ ᠪᠠᠨ ᠳᠡᠭᠡᠭᠰᠢᠯᠡᠭᠡᠳ 96.3% ᠪᠣᠯᠵᠠᠶ᠃ ᠰᠢᠨ᠎ᠡ ᠪᠠᠷ ᠪᠠᠶᠢᠭᠤᠯᠤᠭᠰᠠᠨ ᠦᠷᠭᠦᠯᠵᠢᠯᠡᠨ ᠪᠠᠶᠢᠭᠤᠯᠤᠭᠰᠠᠨ ᠪᠠ ᠥᠭᠡᠷᠡᠴᠢᠯᠡᠨ ᠪᠠᠶᠢᠭᠤᠯᠤᠭᠰᠠᠨ ᠵᠠᠮ 152 ᠵᠤᠷᠪᠤᠰ 116.5 ᠺᠢᠯᠣᠮᠧᠲᠷ ᠲᠤ ᠬᠦᠷᠴᠦ᠂ ᠬᠤᠳᠠ ᠶᠢᠨ ᠲᠣᠭᠤᠷᠢᠭ ᠤᠨ ᠵᠠᠮ ᠤᠨ ᠪᠦᠬᠦ ᠤᠷᠳᠤ ᠶᠢᠨ ᠬᠡᠮᠵᠢᠶ᠎ᠡ 446 ᠺᠢᠯᠣᠮᠧᠲᠷ ᠲᠤ ᠬᠦᠷᠪᠡ᠃ ᠡᠯ᠎ᠡ ᠲᠦᠷᠦᠯ ᠤᠨ ᠬᠤᠭᠤᠯᠠᠶ ᠶᠢᠨ ᠲᠣᠣᠷ ᠢ 308 ᠺᠢᠯᠣᠮᠧᠲᠷ ᠳᠡᠪᠢᠰᠴᠦ᠂ ᠬᠤᠭᠤᠯᠠᠶ ᠶᠢᠨ ᠲᠣᠣᠷ ᠤᠨ ᠤᠷᠳᠤ ᠶᠢᠨ ᠬᠡᠮᠵᠢᠶ᠎ᠡ 1600 ᠺᠢᠯᠣᠮᠧᠲᠷ ᠢ ᠳᠠᠪᠠᠪᠠ᠃ ᠬᠤᠲᠠ ᠶᠢᠨ ᠪᠠᠶᠢᠭᠠᠯᠢ ᠶᠢᠨ ᠰᠢᠲᠠᠮᠠᠬᠠᠶ ᠬᠡᠶ ᠶᠢᠨ ᠳᠤᠮᠳᠠ ᠳᠠᠷᠤᠯᠲᠠᠲᠤ ᠬᠤᠭᠤᠯᠠᠶ ᠶᠢᠨ ᠱᠤᠭᠤᠮ ᠢ ᠱᠠᠨᠰᠢ ᠪᠡᠭᠡᠵᠢᠩ ᠤᠨ ᠳᠥᠷᠪᠡᠳᠦᠭᠡᠷ ᠱᠤᠭᠤᠮ ᠲᠠᠢ ᠠᠮᠵᠢᠯᠲᠠ ᠲᠠᠢ ᠪᠠᠷ ᠵᠣᠯᠭᠠᠭᠤᠯᠵᠤ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠪᠦᠷᠬᠦᠴᠡ ᠶᠢᠨ ᠨᠣᠷᠮ᠎ᠠ᠂ ᠡᠷᠦᠬᠡ ᠳᠤ ᠣᠷᠣᠬᠤ ᠨᠣᠷᠮ᠎ᠠ ᠶᠢ ᠲᠣᠰ‌‍ᠲ᠋ᠣᠰ 80% ᠪᠠ 50% ᠪᠣᠯᠲᠠᠯ᠎ᠠ ᠳᠡᠭᠡᠭᠰᠢᠯᠡᠭᠦᠯᠪᠡ᠃ ᠤᠰᠤᠨ ᠤ ᠡᠬᠢ ᠰᠤᠷᠪᠤᠯᠵᠢ ᠶᠢᠨ ᠭᠠᠵᠠᠷ ᠢ 3 ᠬᠡᠰᠡᠭ ᠰᠢᠨ᠎ᠡ ᠪᠠᠷ ᠥᠷᠭᠡᠳᠬᠡᠨ ᠪᠠᠶᠢᠭᠤᠯᠵᠤ᠂ ᠡᠳᠦᠷ ᠤᠨ ᠤᠰᠤᠨ ᠤ ᠭᠠᠷᠤᠯᠲᠠ ᠶᠢᠨ ᠴᠢᠳᠠᠪᠤᠷᠢ ᠶᠢ 8.2 ᠲᠦᠮᠡᠨ ᠲᠣᠨ ᠪᠣᠯᠲᠠᠯ᠎ᠠ  ᠳᠡᠭᠡᠭᠰᠢᠯᠡᠬᠦᠯᠵᠡᠢ᠃ ᠬᠤᠲᠠ ᠶᠢᠨ ᠢᠯᠴᠢ ᠬᠠᠩᠭᠠᠯᠭ᠎ᠠ ᠶᠢ ᠣᠶᠤᠨᠴᠢᠯᠠᠭᠰᠠᠨ ᠠᠵᠢᠯᠯᠠᠭᠠᠨ ᠢ ᠪᠡᠶᠡᠯᠡᠭᠦᠯᠵᠦ᠂ ᠢᠯᠴᠢ ᠬᠠᠩᠭᠠᠯᠭ᠎ᠠ ᠶᠢ ᠲᠦᠭᠡᠮᠡᠯᠵᠢᠭᠦᠯᠦᠭᠰᠡᠨ ᠨᠣᠷᠮ᠎ᠠ 96% ᠬᠥᠷᠪᠡ᠃ 15 ᠵᠦᠶᠯ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠵᠦ᠂ ᠴᠠᠬᠢᠯᠭᠠᠨ ᠬᠦᠴᠦᠨ ᠤ ᠪᠠᠲᠤᠯᠠᠭ᠎ᠠ ᠶᠢᠨ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠪᠡ᠃ ︽ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ︾ ᠴᠢᠭᠯᠡᠯᠲᠡ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠤᠰᠤᠨ ᠠᠰᠢᠭᠯᠠᠯᠲᠠ ᠶᠢᠨ ᠶᠠᠮᠤᠨ ᠳᠤ ᠪᠦᠬᠦ ᠤᠯᠤᠰ ᠤᠨ ᠰᠢᠶᠠᠨ ᠤ ᠬᠡᠪᠴᠢᠶᠡᠨ ᠤ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠢᠶᠠᠷ ᠦᠨᠡᠯᠡᠭᠳᠡᠪᠡ᠃ 477 ᠨᠡᠶᠢᠲᠡ ᠶᠢᠨ ᠮᠠᠰᠢᠨ ᠲᠡᠷᠭᠡ ᠪᠦᠬᠦᠨ ᠢᠶᠠᠷ ᠢᠶᠠᠨ ᠰᠢᠨ᠎ᠡ ᠡᠨᠧᠷᠭᠢ ᠶᠢᠨ ᠰᠤᠷᠪᠤᠯᠵᠢ ᠪᠠᠷ ᠣᠷᠣᠯᠠᠭᠳᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠨ ᠠᠬᠤᠶ ᠶᠢ ᠬᠠᠮᠠᠭᠠᠯᠠᠬᠤ᠂ ᠪᠣᠬᠢᠷᠲᠤᠯ ᠦᠭᠡᠢ ᠠᠶᠠᠯᠠᠯ ᠤᠨ ᠰᠢᠨ᠎ᠡ ᠴᠠᠭ ᠦᠶ᠎ᠡ ᠶᠢ ᠨᠡᠭᠡᠭᠡᠪᠡ᠃ 78 ᠺᠢᠯᠣᠮᠧᠲᠷ ᠤᠨ ᠨᠠᠨ ᠱᠠ ᠾᠧ ᠭᠤᠣᠯ ᠢ ᠶᠡᠷᠦᠩᠬᠡᠶᠢᠯᠡᠨ ᠵᠠᠰᠠᠬᠤ ᠢᠨᠵᠧᠨᠧᠷᠢᠩ ᠤᠳᠠᠯ ᠦᠭᠡᠢ ᠳᠠᠭᠤᠰᠴᠤ᠂ ᠲᠡᠦᠬᠡᠨ ᠳᠡᠭᠡᠷᠡᠬᠢ ᠬᠡᠪᠴᠢᠶ᠎ᠡ ᠪᠠᠷ ᠬᠠᠮᠤᠭ ᠤᠨ ᠶᠡᠭᠡ ᠲᠦᠬᠦᠮ ᠪᠦᠳᠦᠴᠡᠳᠦ ᠣᠷᠣᠨ‌‍ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ 5 ᠲᠦᠮᠡ ᠰᠢᠬᠠᠮ ᠡᠷᠦᠬᠡ ᠰᠠᠭᠤᠭᠠᠯᠢ ᠠᠷᠠᠳ ᠢ ︽ᠲᠦᠬᠦᠮ ᠪᠦᠳᠦᠴᠡᠳᠦ ᠣᠷᠣᠨ ᠰᠠᠭᠤᠴᠠ ᠠᠴᠠ ᠭᠠᠷᠭᠠᠵᠤ ᠠᠰᠠᠷ ᠲᠤ ᠣᠷᠣᠭᠤᠯᠤᠭᠰᠠᠨ︾ ᠪᠠᠶᠢᠨ᠎ᠠ᠃  152 ᠲᠦᠮᠡᠨ ᠲᠡᠭᠰᠢ ᠳᠥᠷᠪᠡᠯᠵᠢᠨ ᠮᠧᠲᠷ  ᠲᠠᠯᠠᠪᠠᠢ ᠶᠢᠨ 100 ᠬᠠᠭᠤᠴᠢᠨ ᠰᠠᠭᠤᠭᠠᠯᠢ ᠲᠣᠭᠤᠷᠢᠭ ᠢ ᠥᠨᠳᠥᠷ ᠪᠠᠷᠢᠮᠵᠢᠶ᠎ᠠ ᠪᠠᠷ ᠥᠭᠡᠷᠡᠴᠢᠯᠡᠨ ᠪᠠᠶᠢᠭᠤᠯᠵᠤ᠂ 482 ᠲᠦᠮᠡᠨ ᠲᠡᠭᠰᠢ ᠳᠥᠷᠪᠡᠯᠵᠢᠨ ᠮᠧᠲᠷ ᠤᠨ ᠬᠤᠳᠠᠯᠳᠤᠭᠠᠨ ᠤ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠢ ᠰᠢᠨ᠎ᠡ ᠪᠠᠷ ᠪᠠᠶᠢᠭᠤᠯᠵᠤ᠂ 134 ᠲᠦᠮᠡᠨ ᠲᠡᠭᠰᠢ ᠳᠥᠷᠪᠡᠯᠵᠢᠨ ᠮᠧᠲᠷ ᠤᠨ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠢ ᠥᠭᠡᠷᠡᠴᠢᠯᠡᠨ ᠲᠥᠪᠬᠢᠨᠡᠭᠦᠯᠵᠦ᠂ 3680 ᠢᠵᠢ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠪᠢᠶᠠᠷᠢᠯᠠᠵᠤ᠂ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠣᠷᠣᠨ ᠰᠠᠭᠤᠴᠠ ᠶᠢᠨ ᠲᠠᠯᠠᠪᠠᠢ ᠶᠢ 36 ᠲᠡᠭᠰᠢ ᠳᠥᠷᠪᠡᠯᠵᠢᠨ ᠮᠧᠲᠷ ᠲᠤ  ᠬᠦᠷᠭᠡᠵᠡᠢ᠃ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠲᠣᠭᠤᠷᠢᠭ ᠬᠥᠳᠡᠭᠡ ᠲᠣᠰᠬᠤᠨ ᠤ ᠭᠤᠷᠪᠠᠨ ᠱᠠᠲᠤᠨ ᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠠᠮᠢᠶᠠᠷᠤᠯᠲᠠ ᠶᠢᠨ ᠲᠣᠣᠷ ᠢ ᠪᠠᠶᠢᠭᠤᠯᠵᠤ᠂ ᠮᠠᠰᠢᠨᠴᠢᠯᠠᠭᠰᠠᠨ ᠠᠷᠢᠭᠤᠨ ᠴᠡᠪᠡᠷ ᠤᠨ ᠨᠤᠷᠮ᠎ᠠ ᠶᠢ 95% ᠡᠴᠠ‌‍ᠲ᠋ᠡᠭᠡᠭᠰᠢ ᠳᠤ ᠬᠦᠷᠭᠡᠪᠡ ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠪᠥᠬᠦ ᠲᠠᠯ᠎ᠠ ᠪᠠᠷ ᠡᠬᠢᠯᠡᠭᠦᠯᠵᠦ᠂ ᠣᠷᠣᠨ ᠰᠠᠭᠤᠴᠠ ᠶᠢᠨ ᠰᠠᠭᠤᠭᠠᠯᠢ ᠲᠣᠭᠤᠷᠢᠭ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠪᠦᠷᠬᠦᠴᠡ ᠶᠢ ᠲᠣᠰ ᠲᠣᠰ 50% ᠪᠠ 100%᠎ ᠳᠤ ᠬᠦᠷᠦᠭᠦᠯᠦᠨ᠎ᠡ ᠬᠦᠷᠦᠭᠦᠯᠵᠡᠢ ᠃ ︽ᠵᠣᠷᠯᠣᠩ ᠤᠨ ᠬᠤᠪᠢᠰᠬᠠᠯ︾᠎ ᠢ ᠪᠥᠬᠦ ᠬᠦᠴᠦᠨ ᠢᠶᠠᠷ ᠠᠬᠢᠭᠤᠯᠵᠤ᠂ ᠡᠯ᠎ᠡ ᠲᠥᠷᠥᠯ ᠤᠨ ᠨᠡᠶᠢᠲᠡ ᠶᠢᠨ ᠵᠣᠷᠯᠣᠩ ᠢ 207 ᠰᠢᠨ᠎ᠡ ᠪᠠᠷ ᠪᠠᠶᠢᠭᠤᠯᠪᠠ᠃ ᠪᠦᠬᠦ ᠬᠤᠳᠠ ᠳᠤ ᠤᠷᠢᠳ ᠢᠶᠠᠷ ︽ᠤᠶᠤᠨᠲᠤ ᠬᠤᠳᠠ︾᠎ ᠶᠢᠨ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠤᠳᠠ ᠶᠢᠨ ᠵᠢᠷᠤᠮᠵᠢᠭᠰᠠᠨ᠂ ᠨᠠᠷᠢᠯᠢᠬᠵᠢᠭᠰᠠᠨ᠂ ᠤᠶᠤᠨᠴᠢᠯᠠᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ ᠬᠤᠲᠠ ᠬᠥᠳᠡᠭᠡ ᠶᠢᠨ ︽ᠭᠤᠷᠪᠠ ᠶᠢ ᠨᠢᠭᠡ ᠴᠤᠭᠴᠠᠵᠢᠭᠤᠯᠬᠤ︾ ᠥᠭᠡᠷᠡᠴᠢᠯᠡᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ 2956 ᠡᠷᠦᠬᠡ ᠶᠢᠨ ᠵᠣᠷᠯᠣᠩ ᠢ ᠥᠨᠳᠥᠷ ᠪᠠᠷᠢᠮᠵᠢᠶ᠎ᠠ ᠪᠠᠷ ᠥᠭᠡᠷᠡᠴᠢᠯᠡᠵᠦ᠂ ︽ᠳᠦᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾᠎ ᠢ 12 ᠵᠤᠷᠪᠤᠰ 77 ᠺᠢᠯᠣᠮᠧᠲᠷ ᠪᠠᠶᠢᠭᠤᠯᠵᠤ᠂ 54 ᠠᠶᠢᠯ ᠲᠣᠰᠬᠤᠨ ᠢ ᠨᠣᠭᠤᠭᠠᠷᠠᠭᠤᠯᠤᠨ ᠭᠤᠶᠤᠵᠢᠭᠤᠯᠬᠤ ᠠᠵᠢᠯ ᠢ ᠪᠡᠶᠡᠯᠡᠭᠦᠯᠵᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠴᠣ᠋ ᠰᠢᠨ᠎ᠡ ᠪᠠᠶᠢᠳᠠᠯ ᠲᠠᠢ ᠪᠣᠯᠭᠠᠪᠠ᠃      ᠲᠦᠷᠪᠡᠨ ᠵᠢᠯ ᠤᠨ ᠲᠤᠷᠰᠢ᠂ ᠪᠢᠳᠡ ᠢᠮᠠᠭᠲᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢ ᠭᠦᠢᠴᠡᠵᠦ ᠳᠠᠪᠠᠭ᠋ᠤ ᠰᠢᠪᠲᠤᠯᠤᠯᠲᠠ ᠶᠢᠨ ᠵᠠᠩᠭᠢᠯᠠᠭ᠎ᠠ ᠶᠢᠨ ᠠᠷᠭ᠎ᠠ ᠪᠣᠯᠭᠠᠵᠤ᠂ ᠠᠭᠤᠯᠠ ᠲᠠᠭᠠᠷᠠᠪᠠᠯ ᠵᠠᠮ ᠨᠡᠭᠡᠭᠡᠵᠦ᠂ ᠤᠰᠤ ᠲᠠᠭᠠᠷᠠᠪᠠᠯ ᠬᠥᠭᠦᠷᠭᠡ ᠲᠠᠯᠪᠢᠵᠤ᠂ ᠬᠥᠭᠵᠢᠯᠲᠡ ᠶᠢᠨ ᠠᠮᠢᠵᠢᠷᠠᠯ ᠤᠨ ᠬᠦᠴᠦᠨ ᠢᠯᠡᠳᠲᠡ ᠴᠢᠩᠭᠠᠷᠠᠪᠠ᠃ ᠰᠢᠨ᠎ᠡ ᠨᠢᠭᠡᠨ ᠡᠭᠡᠯᠵᠢ ᠶᠢᠨ ᠵᠠᠰᠠᠭ ᠤᠨ ᠣᠷᠳᠣᠨ ᠤ ᠪᠠᠶᠢᠭᠤᠯᠤᠮᠵᠢ ᠪᠠ ᠠᠵᠢᠯ ᠦᠢᠯᠡᠰ ᠤᠨ ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠪᠠᠷ ᠬᠥᠲᠥᠯᠦᠮᠵᠢ ᠪᠣᠯᠭᠠᠵᠤ᠂ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠬᠡᠷᠡᠭᠵᠢᠭᠦᠯᠦᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠶᠯᠡᠰ ᠢ ᠨᠡᠶᠢᠲᠡ 445 ᠴᠥᠭᠡᠳᠬᠡᠵᠦ᠂ ᠬᠢᠨᠠᠨ ᠵᠥᠪᠰᠢᠶᠡᠷᠡᠬᠦ ᠶᠠᠪᠤᠴᠠ ᠶᠢ 222 ᠪᠠᠭᠠᠰᠬᠠᠵᠤ᠂ ᠶᠠᠪᠤᠴᠠ ᠶᠢ ᠰᠢᠯᠢᠳᠡᠭᠵᠢᠭᠦᠯᠬᠦ ᠨᠣᠷᠮ᠎ᠠ ᠶᠢ 70%᠎ ᠳᠤ ᠬᠦᠷᠭᠡᠪᠡ ᠃ ︽ᠰᠦᠯᠵᠢᠶᠡᠨ ᠳᠡᠭᠡᠷ᠎ᠡ ᠭᠦᠶᠴᠡᠳᠬᠡᠬᠦ︾ ︽ᠠᠯᠠᠭᠠᠨ ᠳᠡᠭᠡᠷ᠎ᠡ ᠠᠴᠠ ᠭᠦᠶᠴᠡᠳᠬᠡᠬᠦ︾ ︽ᠬᠠᠪᠰᠤᠷᠤᠨ ᠣᠷᠣᠯᠠᠨ ᠭᠦᠶᠴᠡᠳᠬᠡᠬᠦ︾ ︽ᠨᠢᠭᠡ ᠯᠡ ᠤᠳᠠᠭ᠎ᠠ ᠳᠤ ᠭᠦᠶᠴᠡᠳᠬᠡᠬᠦ︾᠎ ᠶᠢ ᠪᠥᠬᠦ ᠬᠦᠴᠦᠨ ᠢᠶᠠᠷ ᠳᠥᠯᠭᠢᠨ ᠠᠬᠢᠭᠤᠯᠵᠤ᠂ ᠠᠵᠤ ᠠᠬᠤᠶᠢᠯᠠᠯ ᠨᠡᠭᠡᠭᠡᠨ ᠡᠷᠭᠢᠯᠡᠬᠦ ᠶᠢ 0.5 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ 3 ᠠᠵᠢᠯᠯᠠᠬᠤ ᠡᠳᠦᠷ ᠪᠣᠯᠭᠠᠨ ᠪᠠᠭᠠᠰᠬᠠᠵᠤ᠂ ᠢᠨᠵᠧᠨᠧᠷᠢᠩ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠬᠢᠨᠠᠨ ᠵᠥᠪᠰᠢᠶᠡᠷᠡᠯ ᠢ ᠳᠤᠮᠳᠠᠴᠢ ᠪᠠᠷ 10 ᠠᠵᠢᠯᠯᠠᠬᠤ ᠡᠳᠦᠷ ᠪᠠᠭᠠᠰᠬᠠᠨ᠂ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ︽ᠨᠢᠭᠡ ᠯᠡ ᠠᠯᠪᠠᠨ ᠲᠠᠮᠠᠭ᠎ᠠ ᠪᠠᠷ ᠬᠢᠨᠠᠨ ᠵᠥᠪᠰᠢᠶᠡᠷᠡᠯ ᠢ ᠬᠠᠮᠢᠶᠠᠷᠬᠤ︾ ᠥᠭᠡᠷᠡᠴᠢᠯᠡᠯᠲᠡ ᠶᠢ ᠤᠷᠤᠭᠰᠢᠲᠠᠶ ᠳᠥᠯᠭᠢᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠳᠤ ᠥᠨᠳᠥᠷ ᠲᠠᠪᠳᠠᠮᠵᠢᠳᠤ ᠵᠦᠶᠯᠡᠰ ᠢ ᠮᠤᠵᠢ ᠠᠯᠤᠰᠯᠠᠨ ᠨᠡᠶᠢᠳᠡᠮ ᠭᠦᠶᠴᠡᠳᠬᠡᠬᠦ ᠶᠢ ᠤᠷᠢᠳᠠᠪᠠᠷ ᠪᠡᠶᠡᠯᠡᠭᠦᠯᠵᠡᠢ᠃ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠶᠢ ᠶᠡᠬᠡᠪᠡᠷ ᠠᠬᠢᠭᠤᠯᠵᠤ᠂ ︽ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ︾᠂ ︽ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾᠂ ︽ᠦᠨᠡᠮᠯᠡᠯ ᠪᠠ ᠦᠨᠡᠮᠯᠡᠯ ᠢ ᠰᠠᠯᠭᠠᠬᠤ︾ ᠪᠠ ᠪᠥᠬᠦ ᠶᠠᠪᠤᠴᠠ ᠶᠢᠨ ᠡᠯᠧᠺᠲᠷᠣᠨ ᠰᠦᠯᠵᠢᠶᠡᠨ ᠳᠠᠬᠢ ᠳᠡᠩᠰᠡᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠡᠯ᠎ᠡ ᠲᠥᠷᠥᠯ ᠤᠨ ᠵᠠᠬ᠎ᠠ ᠳᠡᠯᠭᠡᠭᠦᠷ ᠤᠨ ᠭᠤᠤᠯ ᠴᠣᠭᠴᠠ 4.75 ᠲᠦᠮᠡᠨ ᠡᠷᠦᠬᠡ ᠳᠤ ᠬᠦᠷᠴᠦ᠂ ᠳᠠᠩᠰᠠᠯᠠᠭᠤᠯᠤᠭᠰᠠᠨ ᠬᠥᠷᠥᠩᠭᠡ ᠨᠢ 1119 ᠳ᠋ᠦᠩᠰᠢᠭᠤᠷ ᠲᠥᠭᠦᠷᠢᠭ ᠲᠤ ᠬᠥᠷᠪᠡ᠃ ᠬᠦᠴᠢᠷᠳᠡᠯ ᠢ ᠰᠢᠶᠳᠪᠦᠷᠢᠯᠡᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠶᠢᠲᠡ 26 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠠᠰᠤᠵᠤ ᠭᠡᠯᠳᠦᠷᠢᠭᠦᠯᠵᠦ᠂ 1.63 ᠳ᠋ᠦᠩᠰᠢᠭᠤᠷ ᠲᠥᠭᠦᠷᠢᠭ ᠤᠨ ᠬᠠᠷᠠᠭᠠᠯᠵᠠᠯᠲᠤ ᠲᠥᠷᠥ ᠶᠢᠨ ᠪᠣᠳᠣᠯᠭ᠎ᠠ ᠶᠢᠨ ᠪᠠᠯᠠ ᠮᠥᠩᠭᠦ ᠶᠢ ᠪᠡᠶᠡᠯᠡᠭᠦᠯᠪᠡ᠃ ᠪᠥᠬᠦ ᠬᠤᠲᠠ ᠳᠤ ᠠᠵᠤ ᠦᠶᠯᠡᠳᠪᠦᠷᠢ ᠶᠢᠨ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠶᠯ ᠤᠨ ᠠᠮᠠᠯᠠᠯᠲᠠ ᠶᠢᠨ ᠲᠦᠷᠢᠮ ᠪᠠ ᠢᠨᠵᠧᠨᠧᠷᠢᠩ ᠤᠨ ᠬᠦᠷᠢᠶᠡᠨ ᠳᠠᠬᠢ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢ ᠤᠷᠢᠳᠠᠪᠠᠷ ᠬᠡᠷᠡᠭᠵᠢᠭᠦᠯᠵᠦ᠂ ᠠᠵᠤ ᠠᠬᠤᠶᠢᠯᠠᠯ ᠤᠨ ᠣᠷᠣᠯᠠᠨ ᠭᠦᠶᠴᠡᠳᠬᠡᠬᠦ ᠲᠥᠪ ᠢ ᠪᠠᠶᠢᠭᠤᠯᠤᠨ᠂ ᠠᠵᠤ ᠠᠬᠤᠶᠢᠯᠠᠯ ᠤᠨ ᠲᠥᠷᠥᠯ ᠵᠦᠶᠯ ᠢ ᠲᠥᠷᠥᠯ ᠵᠦᠶᠯ ᠲᠣᠭᠲᠠᠭᠠᠬᠤ ᠠᠴᠠ ᠠᠵᠢᠯ ᠳᠠᠭᠤᠰᠬᠠᠬᠤ ᠭᠠᠷᠳᠠᠮ ᠬᠦᠷᠲᠡᠯᠡᠬᠢ ᠪᠥᠬᠦ ᠶᠠᠪᠤᠴᠠ ᠳᠤ ᠣᠷᠣᠯᠠᠨ ᠭᠦᠶᠴᠡᠳᠬᠡᠬᠦ ᠶᠢ ᠪᠡᠶᠡᠯᠡᠭᠦᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠵᠤ᠂ ᠬᠤᠲᠠ ᠶᠢᠨ ᠪᠠᠯᠠ ᠣᠷᠣᠭᠤᠯᠤᠯᠲᠠ᠂ ᠤᠯᠤᠰ ᠤᠨ ᠪᠠᠯᠠ ᠣᠷᠣᠭᠤᠯᠤᠯᠲᠠ ᠶᠢᠨ ᠬᠤᠶᠠᠷ ᠵᠠᠰᠠᠭ ᠤᠨ ᠣᠷᠳᠣᠨ ᠤ ᠪᠠᠯᠠ ᠲᠣᠬᠢᠷᠠᠭᠤᠯᠭ᠎ᠠ ᠶᠢᠨ ᠲᠠᠪᠴᠠᠩ ᠢ ᠪᠣᠳᠠᠲᠤ ᠴᠣᠭᠴᠠᠵᠢᠭᠤᠯᠤᠨ ᠠᠵᠢᠯᠯᠠᠭᠤᠯᠬᠤ ᠶᠢ ᠪᠡᠶᠡᠯᠡᠭᠦᠯᠵᠦ᠂ ᠲᠦᠭᠡᠭᠡᠯ ᠤᠰᠤ᠂ ᠢᠯᠴᠢ ᠬᠠᠩᠭᠠᠬᠤ᠂ ᠨᠡᠶᠢᠲᠡ ᠶᠢᠨ ᠵᠠᠮ ᠬᠠᠷᠢᠯᠴᠠᠭ᠎ᠠ ᠶᠢ ᠺᠣᠮᠫᠠᠨᠢ ᠶᠢᠨ ᠳᠦᠷᠢᠮᠲᠦ ᠥᠭᠡᠷᠡᠴᠢᠯᠡᠯᠲᠡ ᠶᠢ ᠪᠡᠶᠡᠯᠡᠭᠦᠯᠵᠦ᠂ ᠵᠢᠭᠤᠯᠴᠢᠯᠠᠯ ᠤᠨ ᠪᠠᠯᠠ ᠣᠷᠣᠭᠤᠯᠤᠯᠲᠠ ᠶᠢᠨ ᠺᠣᠮᠫᠠᠨᠢ᠂ ᠬᠤᠩ  ᠸᠧ ᠺᠣᠮᠫᠠᠨᠢ ᠶᠢ ᠪᠠᠶᠢᠭᠤᠯᠤᠨ᠂ ᠤᠯᠤᠰ ᠤᠨ ᠥᠮᠴᠢᠯᠡᠯᠲᠦ ᠬᠥᠷᠥᠩᠭᠡ ᠶᠢᠨ ᠵᠠᠬ᠎ᠠ ᠳᠡᠯᠭᠡᠭᠦᠷᠴᠢᠯᠡᠨ ᠠᠵᠢᠯᠯᠠᠭᠤᠯᠬᠤ ᠶᠢ  ᠬᠡᠷᠡᠭᠵᠢᠭᠦᠯᠵᠡᠢ᠃ ᠪᠡᠭᠡᠵᠢᠩ ᠲᠢᠶᠠᠨᠵᠢᠨ ᠾᠧᠪᠧᠶ ᠶᠢᠨ ᠠᠵᠤ ᠦᠶᠯᠡᠰ ᠤᠨ ᠰᠢᠯᠵᠢᠯᠲᠡ ᠶᠢ ᠢᠳᠡᠪᠬᠢᠲᠡᠶ ᠪᠠᠷ ᠵᠠᠯᠭᠠᠨ ᠠᠪᠴᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ᠂ ᠤᠯᠠᠭᠠᠨᠴᠠᠪ ᠶᠡᠭᠡ ᠴᠢᠭᠤᠯᠤᠯᠲᠤ ᠬᠠᠭᠠᠯᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠨ᠂ ᠨᠡᠶᠢᠲᠡ 77 ᠬᠤᠳᠠᠯᠳᠤᠭᠠᠴᠢᠨ ᠤᠷᠢᠵᠤ ᠪᠣᠳᠠᠲᠠᠶᠢᠵᠢᠭᠤᠯᠤᠭᠰᠠᠨ ᠲᠥᠷᠥᠯ ᠵᠦᠶᠯ ᠪᠠᠶᠢᠵᠤ᠂ 173.4 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠶᠢ ᠪᠣᠳᠠᠲᠠᠶᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠨᠡᠭᠡᠭᠡᠨ ᠬᠥᠭᠵᠢᠭᠦᠯᠵᠦ ᠨᠡᠭᠡᠭᠡᠯᠲᠡ ᠬᠢᠬᠦ ᠰᠢᠨ᠎ᠡ ᠥᠨᠳᠦᠷᠯᠢᠭ ᠢ ᠴᠣᠭᠴᠠᠯᠠᠨ ᠪᠠᠶᠢᠭᠤᠯᠬᠤ ᠲᠠᠯ᠎ᠠ ᠪᠠᠷ ᠯᠠᠪᠳᠠᠭᠤᠨ ᠪᠠᠲᠤᠲᠠᠶ ᠠᠯᠬᠤᠮ ᠢ ᠠᠯᠬᠤᠪᠠ᠃       ᠲᠦᠷᠪᠡᠨ ᠵᠢᠯ ᠤᠨ ᠲᠤᠷᠰᠢ᠂ ᠪᠢᠳᠡ ᠢᠮᠠᠭᠲᠠ ᠠᠷᠠᠳ ᠤᠯᠠᠨ ᠤ ᠰᠠᠶᠢᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠯ ᠤᠨ ᠬᠠᠷᠠᠯᠲᠠ ᠪᠠᠨ ᠪᠣᠯᠭᠠᠵᠤ᠂ ᠴᠢᠳᠠᠯ ᠤᠨ ᠬᠢᠷᠢ ᠪᠠᠷ ᠢᠶᠠᠨ ᠴᠢᠷᠮᠠᠶᠢᠵᠤ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠪᠦᠬᠦ ᠲᠠᠯ᠎ᠠ ᠪᠠᠷ ᠰᠠᠶᠢᠵᠢᠷᠠᠭᠤᠯᠪᠠ᠃ ᠬᠤᠲᠠ ᠪᠠᠯᠭᠠᠰᠤᠨ ᠤ 1.9 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠥᠳᠡᠭᠡ ᠲᠣᠰᠬᠤᠨ ᠤ ᠬᠥᠳᠡᠯᠮᠦᠷᠢ ᠬᠦᠴᠦᠨ ᠢ 2.3 ᠲᠦᠮᠡᠨ ᠬᠥᠮᠦᠨ ᠤᠳᠠᠭ᠎ᠠ ᠰᠢᠯᠵᠢᠭᠦᠯᠦᠨ ᠠᠵᠢᠯ ᠣᠯᠭᠤᠵᠤ᠂ ᠠᠳᠠᠯ ᠦᠶᠯᠡᠰ ᠴᠣᠭᠴᠠᠯᠠᠬᠤ ᠵᠢᠭᠡᠯᠡᠯᠭᠡ ᠶᠢ 6016 ᠲᠦᠮᠡᠨ ᠲᠥᠭᠦᠷᠢᠭ ᠲᠠᠯᠪᠢᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠣᠷᠮ᠎ᠠ ᠶᠢ 4.5%᠎ ᠶᠢᠨ ᠳᠣᠲᠣᠷ᠎ᠠ ᠲᠣᠭᠲᠠᠭᠤᠨ ᠢᠶᠠᠷ ᠬᠢᠵᠠᠭᠠᠷᠯᠠᠪᠠ᠃ ᠬᠥᠳᠡᠭᠡ ᠲᠣᠰᠬᠤᠨ ᠤ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢ ᠬᠤᠲᠠ ᠪᠠᠯᠭᠠᠰᠤᠨ ᠤ ᠰᠠᠭᠤᠭᠠᠯᠢ ᠠᠷᠠᠳ ᠤᠨ ᠦᠨᠳᠦᠰᠦᠨ ᠡᠮ ᠡᠮᠨᠡᠯᠭᠡ ᠶᠢᠨ ᠳᠠᠭᠠᠳᠬᠠᠯ ᠲᠠᠢ ᠨᠢᠭᠡᠳᠬᠡᠨ ᠠᠵᠢᠯᠯᠠᠭᠤᠯᠵᠤ᠂ ᠪᠥᠬᠦ ᠤᠯᠤᠰ ᠤᠨ ᠴᠢᠬ ᠲᠣᠭᠲᠠᠭᠠᠭᠰᠠᠨ ᠡᠮ ᠡᠮᠨᠡᠯᠭᠡ ᠶᠢᠨ ᠪᠠᠶᠢᠭᠤᠯᠤᠮᠵᠢ ᠶᠢ ᠣᠨᠳᠣᠤ ᠭᠠᠵᠠᠷ ᠲᠤ ᠰᠢᠭᠤᠳ ᠮᠡᠳᠡᠭᠦᠯᠬᠦ ᠶᠢ ᠨᠠᠰᠤᠵᠢᠯ ᠤᠨ ᠠᠰᠠᠷᠠᠮᠵᠢ ᠶᠢᠨ ᠮᠥᠩᠭᠦ᠂ ᠠᠵᠢᠯ ᠠᠯᠳᠠᠯᠲᠠ ᠶᠢᠨ ᠮᠥᠩᠭᠦ ᠦᠷᠭᠦᠯᠵᠢᠯᠡᠨ ᠨᠡᠮᠡᠭᠳᠡᠪᠡ᠃ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠨᠢᠭᠡ ᠴᠤᠭᠴᠠᠵᠢᠭᠤᠯᠤᠨ ᠠᠵᠢᠯᠯᠠᠭᠤᠯᠵᠤ᠂ ᠬᠠᠮᠤᠭ ᠤᠨ ᠥᠨᠳᠥᠷ ᠪᠠᠷᠢᠮᠵᠢᠶ᠎ᠠ ᠶᠢ ᠬᠥᠮᠦᠨ ᠪᠦᠷᠢ  8448 ᠲᠥᠭᠦᠷᠢᠭ ᠬᠦᠷᠲᠡᠯ᠎ᠡ ᠳᠡᠭᠡᠭᠰᠢᠯᠡᠭᠦᠯᠵᠦ᠂ ᠬᠦᠴᠢᠷᠳᠡᠯᠲᠡᠶ ᠬᠠᠮᠲᠤᠯᠢᠭ ᠤᠨ ᠠᠮᠢᠳᠤᠷᠠᠯ ᠤᠨ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠪᠡ᠃ 9000 ᠭᠠᠷᠤᠶ ᠡᠷᠤᠭᠡ ᠶᠢᠨ ︽ᠪᠤᠴᠠᠵᠤ ᠨᠡᠭᠦᠬᠦ ᠳᠤ ᠬᠦᠴᠢᠷᠲᠡᠶ︾᠂ 3000 ᠭᠠᠷᠤᠶ ᠡᠷᠤᠭᠡ ᠶᠢᠨ ︽ᠣᠷᠣᠵᠤ ᠰᠠᠭᠤᠬᠤ ᠳᠤ ᠬᠦᠴᠢᠷᠲᠡᠶ︾᠂ 11.91 ᠲᠦᠮᠡᠨ ᠢᠵᠢ ︽ᠦᠨᠡᠮᠯᠡᠯ ᠠᠪᠬᠤ ᠳᠤ ᠬᠦᠴᠢᠷᠲᠡᠶ︾ ᠵᠡᠷᠭᠡ ᠭᠡᠷ ᠪᠠᠶᠢᠰᠢᠩ ᠭᠠᠵᠠᠷ ᠰᠢᠷᠣᠶ ᠶᠢᠨ ᠬᠥᠷᠤᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠬᠦᠴᠦ ᠲᠠᠯᠪᠢᠨ ᠰᠢᠶᠳᠪᠦᠷᠢᠯᠡᠵᠦ᠂ ᠤᠯᠠᠨ ᠲᠦᠮᠡᠨ ᠢ ᠤᠯᠠᠨ ᠵᠢᠯ ᠭᠠᠴᠢᠭᠳᠠᠭᠤᠯᠵᠤ ᠪᠠᠶᠢᠭᠰᠠᠨ ᠠᠮᠤᠷ ᠲᠠᠶᠢᠪᠤᠩ ᠣᠷᠣᠨ ᠰᠠᠭᠤᠴᠠ ᠶᠢᠨ ᠬᠦᠰᠡᠯ ᠢ ᠲᠣᠭᠲᠠᠭᠤᠨ ᠢᠶᠠᠷ ᠪᠡᠶᠡᠯᠡᠭᠦᠯᠪᠡ᠃ ᠬᠢᠴᠢᠶᠡᠯ ᠬᠥᠮᠦᠵᠢᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠵᠢᠨᠢᠩ ᠤᠨ ᠬᠠᠷᠢᠶᠠᠲᠤ ᠳᠤᠮᠳᠠᠳᠤ ᠰᠤᠷᠭᠠᠭᠤᠯᠢ ᠪᠠᠶᠢᠭᠤᠯᠤᠭᠳᠠᠭᠰᠠᠨ 11 ᠵᠢᠯ ᠤᠨ ᠲᠤᠷᠰᠢ ᠴᠢᠩᠬᠤᠸᠠ ᠶᠡᠭᠡ ᠰᠤᠷᠭᠠᠭᠤᠯᠢ ᠪᠡᠭᠡᠵᠢᠩ ᠶᠡᠭᠡ ᠰᠤᠷᠭᠠᠭᠤᠯᠢ ᠳᠤ ᠰᠢᠯᠭᠠᠭᠤᠯᠤᠨ ᠤᠷᠤᠭᠰᠠᠨ ︽ᠥᠴᠦᠬᠡᠨ ᠴᠦ ᠰᠢᠪᠲᠤᠯᠤᠯᠲᠠ ᠦᠭᠡᠶ︾ ᠪᠠᠶᠢᠳᠠᠯ ᠢ ᠪᠡᠶᠡᠯᠡᠭᠦᠯᠵᠦ᠂ ᠪᠥᠬᠦ  ᠲᠤᠭᠤᠷᠢᠭ ᠎ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ ᠪᠥᠬᠦ ᠬᠤᠲᠠ ᠳᠤ ᠳᠥᠷᠪᠡᠨ ᠵᠢᠯ ᠳᠠᠷᠠᠭᠠᠯᠠᠨ ᠨᠢᠭᠡᠳᠦᠭᠡᠷ ᠲᠤ ᠣᠷᠣᠵᠤ᠂ ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠢ 34 ᠰᠢᠨ᠎ᠡ ᠪᠠᠷ ᠪᠠᠶᠢᠭᠤᠯᠵᠤ ᠥᠭᠡᠷᠡᠴᠢᠯᠡᠨ ᠪᠠᠶᠢᠭᠤᠯᠵᠤ᠂ 398 ᠪᠠᠭᠰᠢ ᠶᠢ ᠢᠯᠡ ᠪᠠᠷ ᠤᠷᠢᠨ ᠡᠯᠰᠡᠵᠦ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ᠂ ᠬᠥᠬᠡᠬᠤᠲᠠ ᠶᠢᠨ ᠬᠤᠶᠠᠳᠤᠭᠠᠷ ᠳᠤᠮᠳᠠᠳᠤ ᠰᠤᠷᠭᠠᠭᠤᠯᠢ᠂ ᠰᠧᠴᠤᠸᠠᠨ ᠤ ᠲᠢᠶᠠᠨ ᠯᠢ ᠵᠡᠷᠭᠡ ᠨᠠᠷᠠᠲᠤ ᠰᠤᠷᠭᠠᠭᠤᠯᠢ ᠲᠠᠢ ᠬᠠᠮᠲᠤᠷᠠᠨ ᠰᠤᠷᠭᠠᠭᠤᠯᠢ ᠡᠷᠭᠢᠯᠡᠬᠦ ᠬᠠᠷᠢᠴᠠᠭ᠎ᠠ ᠶᠢ ᠠᠮᠵᠢᠯᠲᠠ ᠲᠠᠢ ᠪᠠᠶᠢᠭᠤᠯᠵᠤ᠂ ᠲᠣᠤᠷ ᠪᠥᠮᠪᠦᠭᠡ᠂ ᠮᠥᠰᠥ ᠴᠠᠰᠤ᠂ ᠤᠮᠪᠠᠯᠲᠠ᠂ ᠬᠥᠯ ᠪᠥᠮᠪᠦᠭᠡ ᠶᠢ ᠰᠤᠷᠭᠠᠭᠤᠯᠢ ᠶᠢᠨ ᠬᠦᠷᠢᠶᠡᠨ ᠳᠤ ᠣᠷᠣᠭᠤᠯᠬᠤ ᠶᠢ ᠢᠳᠡᠪᠬᠢᠲᠡᠶ ᠳᠥᠯᠭᠢᠨ ᠠᠬᠢᠭᠤᠯᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠲᠠᠰᠤᠷᠠᠯᠲᠠ ᠥᠬᠡᠶ ᠳᠡᠭᠡᠭᠰᠢᠯᠡᠭᠦᠯᠪᠡ᠃ ᠬᠤᠲᠠ ᠶᠢᠨ ᠭᠤᠷᠪᠠᠳᠤᠭᠠᠷ ᠡᠮᠨᠡᠯᠭᠡ ᠶᠢᠨ ᠬᠤᠷᠢᠶ᠎ᠠ ᠬᠤᠶᠠᠳᠤᠭᠠᠷ ᠳᠡᠰ ᠤᠨ ᠬᠥᠬᠡ ᠳᠡᠰ ᠤᠨ ᠡᠮᠨᠡᠯᠭᠡ ᠶᠢᠨ ᠬᠤᠷᠢᠶ᠎ᠠ ᠳᠤ ᠳᠡᠪᠰᠢᠵᠦ᠂ ᠪᠡᠭᠡᠵᠢᠩ ᠤᠨ ᠴᠠᠩ ᠴᠦᠨ ᠲᠧᠩ ᠠᠨᠠᠭᠠᠬᠤ ᠤᠬᠠᠭᠠᠨ ᠤ ᠳᠡᠭᠡᠳᠦ ᠲᠠᠰ ᠤᠨ ᠴᠢᠳᠠᠪᠤᠷᠢᠲᠠᠨ ᠤ ᠬᠤᠯᠪᠣᠭ᠎ᠠ ᠲᠠᠢ ᠠᠮᠵᠢᠯᠲᠠᠲᠠᠶ ᠬᠠᠮᠲᠤᠷᠠᠨ ᠠᠵᠢᠯᠯᠠᠵᠤ᠂ ᠡᠮᠴᠢᠯᠡᠭᠡᠨ ᠤ ᠦᠶᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠴᠢᠩᠭᠠᠳᠬᠠᠪᠠ᠃ ᠭᠠᠭ᠋ᠠᠶ ᠶᠢᠨ ᠬᠢᠵᠢᠭ᠂ ᠬᠤᠯᠤᠭᠠᠨ᠎ᠠ ᠶᠢᠨ ᠬᠢᠵᠢᠭ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠨ ᠬᠢᠵᠠᠭᠠᠷᠯᠠᠵᠤ᠂ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠨ᠎ᠠ᠃ ᠰᠣᠶᠣᠯ ᠤᠨ ᠦᠢᠯᠡᠰ ᠥᠷᠨᠢᠭᠦᠨ ᠬᠥᠭᠵᠢᠵᠦ᠂ ᠱᠠᠰᠢᠨ ᠰᠤᠷᠲᠠᠬᠤᠨ ᠤ ᠬᠠᠷᠢᠴᠠᠭ᠎ᠠ ᠡᠶ᠎ᠡ ᠵᠣᠬᠢᠴᠠᠩᠭᠤᠢ ᠡᠷᠡᠭᠦᠯ ᠡᠩᠬᠡ ᠪᠠᠶᠢᠵᠤ᠂ ᠴᠡᠷᠢᠭ ᠵᠠᠰᠠᠭ ᠴᠡᠷᠢᠭ ᠠᠷᠠᠳ ᠪᠦᠯᠬᠦᠮᠳᠡᠨ ᠤᠷᠤᠭᠰᠢᠯᠠᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ︽ᠲᠦᠷᠪᠡ ᠤᠳᠠᠭ᠎ᠠ ᠮᠠᠩᠯᠠᠶᠢᠯᠠᠬᠤ︾᠎ ᠶᠢ ᠪᠡᠶᠡᠯᠡᠭᠦᠯᠵᠦ᠂ ᠪᠢᠴᠢᠭ ᠤᠨ ᠰᠤᠷᠪᠤᠯᠵᠢ ᠶᠢᠨ ᠵᠢᠨᠢᠩ᠂ ᠡᠷᠡᠭᠦᠯ ᠡᠩᠬᠡ ᠵᠢᠨᠢᠩ᠂ ᠠᠮᠤᠷ ᠠᠮᠤᠭᠤᠯᠠᠩ ᠵᠢᠨᠢᠩ᠂ ᠬᠠᠤᠯᠢᠵᠢᠯ ᠤᠨ ᠵᠢᠨᠢᠩ ᠤᠨ ᠪᠠᠶᠢᠭᠤᠯᠤᠯᠲᠠ ᠢᠯᠡᠳᠲᠡ ᠦᠷ᠎ᠡ ᠪᠦᠲᠦᠮᠵᠢ ᠣᠯᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠶᠡᠭᠡ ᠬᠡᠮᠵᠢᠶ᠎ᠡ ᠪᠠᠷ ᠳᠡᠭᠡᠭᠰᠢᠯᠡᠪᠡ᠃     ᠡᠭᠦᠨ ᠤ ᠬᠠᠮᠲᠤ᠂ ᠪᠢᠳᠡ ᠨᠠᠮ ᠤᠨ ᠲᠥᠪ ᠬᠤᠷᠢᠶ᠎ᠠ ᠶᠢᠨ ᠪᠥᠬᠦ ᠲᠠᠯ᠎ᠠ ᠪᠠᠷ ᠬᠠᠤᠯᠢ ᠶᠣᠰᠣᠭᠠᠷ ᠤᠯᠤᠰ ᠢᠶᠠᠨ ᠵᠠᠰᠠᠬᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠬᠤ ᠪᠠᠷ ᠭᠤᠤᠯ ᠰᠢᠵᠢᠮ ᠪᠣᠯᠭᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠠᠵᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠣᠷᠣᠨ ᠢ ᠠᠮᠵᠢᠯᠲᠠ ᠲᠠᠢ ᠡᠭᠦᠳᠦᠨ  ᠪᠠᠶᠢᠭᠤᠯᠵᠠᠢ᠃ ᠨᠠᠮ ᠤᠨ ᠲᠥᠪ ᠬᠤᠷᠢᠶ᠎ᠠ ᠵᠢᠴᠢ ᠡᠯ᠎ᠡ ᠱᠠᠲᠤᠨ ᠤ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠯ ᠢᠶᠠᠷ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠢ ᠲᠡᠮᠡᠴᠡᠯ᠂ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ ᠂ ︽ᠲᠤᠮᠤ ᠲᠦᠬᠦᠮ ᠪᠦᠳᠦᠴᠡᠳᠤ ᠭᠡᠷ ᠪᠠᠶᠢᠰᠢᠩ︾ ᠪᠣᠯᠤᠨ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠭᠰᠠᠨ ᠠᠰᠠᠭᠤᠳᠠᠯ ᠢ ᠲᠤᠰᠬᠠᠢ ᠴᠡᠭᠴᠡᠯᠡᠨ ᠵᠠᠰᠠᠬᠤ᠂ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠵᠢᠴᠢ ᠡᠯ᠎ᠡ ᠲᠦᠷᠦᠯ ᠤᠨ ᠲᠣᠭᠤᠷᠢᠨ ᠪᠠᠶᠢᠴᠠᠭᠠᠬᠤ᠂ ᠬᠢᠨᠠᠨ ᠵᠢᠯᠣᠭᠤᠳᠬᠤ᠂ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠢ᠃ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ᠂ ︽ᠣᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠪᠠ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠦᠵᠡᠯ ᠰᠠᠨᠠᠭ᠎ᠠ ᠤᠯᠤᠰ ᠲᠥᠷᠥ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠷᠠᠳ ᠲᠦᠮᠡᠨ ᠳᠤ ᠦᠶᠯᠡᠴᠢᠯᠡᠬᠦ ᠦᠵᠡᠯ ᠤᠬᠠᠮᠰᠠᠷ ᠢ ᠲᠠᠰᠤᠷᠠᠯᠲᠠ ᠥᠬᠡᠶ ᠴᠢᠩᠭᠠᠳᠬᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠥᠪ ᠤᠨ ᠨᠠᠶᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ︽ᠲᠦᠷᠪᠡᠨ ᠰᠤᠷᠲᠠᠯ︾᠎ ᠢ ᠦᠷᠭᠦᠯᠵᠢᠯᠡᠨ ᠴᠢᠩᠭ᠎ᠠ ᠬᠤᠷᠢᠭᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠪᠦᠬᠦ  ᠲᠤᠭᠤᠷᠢᠭ ᠤᠨ ᠺᠠᠳ᠋ᠷ ᠤᠨ ᠰᠤᠷᠲᠠᠯ ᠢᠯᠡᠳᠲᠡ ᠰᠠᠶᠢᠵᠢᠷᠠᠪᠠ᠃ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ ᠠᠷᠠᠳᠴᠢᠯᠠᠯ ᠢᠶᠠᠷ ᠰᠢᠶᠳᠪᠦᠷᠢᠲᠦ ᠪᠣᠳᠣᠯᠭ᠎ᠠ ᠲᠣᠭᠲᠠᠭᠠᠬᠤ ᠶᠢ ᠪᠠᠷᠢᠮᠲᠠᠯᠠᠵᠤ᠂  ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ᠂ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠬᠤᠲᠠ ᠶᠢᠨ ᠲᠣᠭᠤᠷᠢᠭ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠵᠢᠴᠢ ᠠᠷᠠᠳ ᠤᠨ ᠠᠮᠢᠳᠤᠷᠠᠯ ᠤᠨ ᠡᠯ᠎ᠡ ᠲᠥᠷᠥᠯ ᠤᠨ ᠬᠦᠰᠡᠯ ᠱᠠᠭᠠᠷᠳᠠᠯᠭ᠎ᠠ ᠳᠤ ᠨᠡᠶᠢᠲᠡ 2700 ᠡᠯ᠎ᠡ ᠠᠷᠠᠳᠴᠢᠯᠠᠭᠰᠠᠨ ᠨᠠᠮ ᠪᠦᠯᠦᠭ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠨᠠᠮ ᠪᠦᠯᠦᠭ ᠤᠨ ᠪᠤᠰᠤ ᠬᠥᠮᠦᠰ ᠤᠨ ᠰᠠᠨᠠᠯ ᠰᠠᠨᠠᠭᠤᠯᠭ᠎ᠠ ᠶᠢ ᠰᠠᠨᠠᠭᠠᠴᠢᠯᠠᠭ᠎ᠠ ᠠᠴᠠ ᠪᠠᠨ ᠰᠣᠨᠣᠰᠴᠤ᠂ ᠳᠣᠯᠣᠳᠤᠭᠠᠷ ᠤᠳᠠᠭ᠎ᠠ ᠶᠢᠨ ᠪᠦᠬᠦ ᠤᠯᠤᠰ ᠤᠨ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠶᠢ ᠴᠢᠨᠠᠷ ᠰᠠᠶᠢᠲᠠᠢ ᠪᠡᠶᠡᠯᠡᠭᠦᠯᠵᠦ᠂ ᠡᠯ᠎ᠡ ᠲᠦᠷᠦᠯ ᠤᠨ ᠬᠢᠨᠠᠨ ᠪᠤᠳᠤᠯᠲᠠ ᠪᠠᠷ ᠢᠯᠡᠷᠡᠭᠦᠯᠦᠭᠰᠡᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠬᠠᠮ ᠵᠠᠭᠤᠴᠢᠯᠠᠭᠤᠷ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠬᠠᠩᠭᠠᠨ ᠪᠣᠷᠣᠯᠠᠭᠤᠯᠬᠤ ᠬᠠᠮᠲᠤᠷᠠᠯᠴᠠᠭ᠎ᠠ᠂ ᠴᠠᠭ ᠠᠭᠤᠷ᠂ ᠠᠮᠤ ᠪᠤᠳᠠᠭ᠎ᠠ᠂ ᠪᠠᠷᠠᠭᠠᠨ ᠤ ᠦᠨ᠎ᠡ᠂ ᠳᠠᠩᠰᠠ ᠡᠪᠬᠡᠮᠡᠯ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ᠂ ᠤᠯᠠᠭᠠᠨ ᠵᠠᠭᠠᠯᠮᠠᠶᠢᠢᠳᠠᠨ ᠤ ᠨᠡᠶᠢᠭᠡᠮᠯᠢᠭ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠲᠠᠰᠤᠷᠠᠯᠲᠠ ᠦᠭᠡᠢ ᠰᠢᠨ᠎ᠡ ᠲᠠᠪᠰᠢᠯᠳᠠ ᠲᠠᠢ ᠪᠣᠯᠭᠠᠪᠠ         ᠲᠥᠯᠥᠭᠡᠯᠡᠭᠴᠢᠳ ᠡ︕ ᠲᠦᠷᠪᠡᠨ ᠵᠢᠯ ᠤᠨ ᠬᠥᠭᠵᠢᠯᠲᠡ ᠳᠤ ᠬᠦᠴᠢᠷ ᠪᠡᠷᠬᠡᠰᠢᠶᠡᠯ ᠲᠤᠯᠭᠠᠷᠠᠵᠤ᠂ ᠲᠦᠷᠪᠡᠨ ᠵᠢᠯ ᠤᠨ ᠴᠢᠷᠮᠠᠶᠢᠯᠭ᠎ᠠ ᠳᠤ ᠰᠠᠶᠢᠨ ᠦᠷ᠎ᠡ ᠪᠦᠲᠦᠮᠵᠢ ᠤᠯᠪᠠ᠃ ᠳᠥᠷᠪᠡᠨ ᠵᠢᠯ ᠤᠨ ᠲᠤᠷᠰᠢ᠂ ᠪᠢᠳᠡ ᠯᠠᠪᠳᠠᠭᠤᠨ ᠲᠣᠭᠲᠠᠭᠤᠨ ᠢᠶᠠᠷ ᠡᠷᠡᠮᠡᠬᠡᠶᠢᠯᠡᠨ ᠲᠡᠮᠡᠴᠡᠵᠦ᠂ ᠰᠠᠭᠤᠷᠢ ᠲᠠᠯᠪᠢᠬᠤ ᠪᠠ ᠠᠯᠤᠰ ᠬᠡᠳᠦ ᠶᠢ ᠪᠣᠳᠣᠯᠬᠢᠯᠠᠬᠤ ᠶᠢ ᠣᠷᠭᠠᠨᠢᠭ ᠢᠶᠠᠷ ᠬᠠᠮᠵᠢᠯᠴᠠᠭᠤᠯᠬᠤ ᠶᠢ ᠪᠠᠷᠢᠮᠲᠠᠯᠠᠵᠤ᠂ ᠳᠤᠲᠠᠭᠤᠳᠠᠯ ᠢ ᠨᠥᠬᠦᠪᠥᠷᠢᠯᠡᠬᠦ ᠪᠠ ᠲᠣᠭᠲᠠᠭᠤᠨ ᠢᠶᠠᠷ ᠨᠡᠮᠡᠭᠳᠡᠭᠦᠯᠬᠦ ᠶᠢ ᠨᠢᠭᠲᠠ ᠤᠶᠠᠯᠳᠤᠭᠤᠯᠵᠤ᠂ ᠭᠤᠣᠯᠳᠠᠯᠭ᠎ᠠ ᠲᠠᠢ ᠠᠵᠢᠯ ᠪᠠ ᠭᠤᠣᠯ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠠᠵᠤ ᠠᠬᠤᠶ ᠪᠠᠭᠤᠷᠠᠬᠤ ᠳᠠᠷᠤᠯᠲᠠ ᠦᠷᠭᠦᠯᠵᠢᠯᠡᠨ ᠨᠡᠮᠡᠭᠳᠡᠵᠦ ᠪᠠᠶᠢᠭ᠎ᠠ ᠠᠬᠤᠶ ᠪᠠᠶᠢᠳᠠᠯ ᠳᠣᠣᠷ᠎ᠠ ᠠᠵᠤ ᠠᠬᠤᠶ ᠶᠢᠨ ᠠᠵᠢᠯᠯᠠᠭᠠᠨ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠶᠢ ᠪᠠᠲᠤᠯᠠᠵᠤ᠂ ᠪᠡᠯᠡ ᠲᠣᠬᠢᠷᠠᠭᠤᠯᠬᠤ ᠳᠤ ᠶᠡᠷᠦ ᠪᠤᠰᠤ ᠶᠢᠨ ᠬᠦᠴᠢᠷᠳᠡᠯ ᠲᠠᠢ ᠪᠠᠶᠢᠬᠤ ᠨᠥᠬᠦᠴᠡᠯ ᠳᠣᠣᠷ᠎ᠠ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠪᠦᠲᠦᠮᠵᠢᠲᠡᠶ ᠪᠠᠷ ᠲᠦᠯᠬᠢᠨ ᠠᠬᠢᠭᠤᠯᠵᠤ᠂ ᠡᠳ᠋ ᠤᠨ ᠬᠦᠴᠦᠨ ᠲᠦᠢᠯ ᠤᠨ ᠪᠠᠴᠢᠮ ᠪᠠᠶᠢᠬᠤ ᠪᠠᠶᠢᠳᠠᠯ ᠳᠣᠣᠷ᠎ᠠ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠡᠯᠢᠶᠡᠳ ᠶᠡᠭᠡ ᠪᠠᠷ ᠰᠠᠶᠢᠵᠢᠷᠠᠭᠤᠯᠬᠤ ᠶᠢ ᠪᠡᠶᠡᠯᠡᠭᠦᠯᠵᠦ᠂ ᠵᠥᠷᠢᠴᠡᠯ ᠠᠰᠠᠭᠤᠳᠠᠯ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠪᠠᠶᠢᠬᠤ ᠪᠠᠶᠢᠳᠠᠯ ᠳᠣᠣᠷ᠎ᠠ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠠᠬᠢᠭᠤᠯᠵᠠᠢ᠃ ᠢᠯᠠᠩᠭᠤᠶ᠎ᠠ  ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠡᠮᠦᠨ᠎ᠡ᠂ ᠥᠷᠭᠡᠨ ᠤᠯᠠᠨ ᠡᠮᠨᠡᠯᠭᠡ ᠶᠢᠨ ᠠᠵᠢᠯᠳᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠦᠨᠳᠦᠰᠦᠨ ᠱᠠᠲᠤᠨ ᠤ ᠺᠠᠳ᠋ᠷ ᠵᠡᠷᠭᠡ ᠪᠠᠷ ᠲᠥᠯᠥᠭᠡᠯᠡᠭᠦᠯᠦᠭᠰᠡᠨ ᠵᠢᠨᠢᠩ ᠤᠨ ᠬᠥᠪᠡᠭᠦᠳ ᠥᠬᠢᠳ ᠪᠦᠬᠦ ᠲᠠᠯ᠎ᠠ ᠶᠢ ᠬᠠᠷᠠᠭᠠᠯᠵᠠᠵᠤ᠂ ᠰᠡᠳᠬᠢᠯ ᠨᠢᠭᠡᠳᠦᠨ ᠬᠦᠴᠦ ᠪᠠᠨ ᠡᠷᠭᠦᠵᠦ᠂ ᠬᠠᠷᠠᠮ ᠦᠭᠡᠢ ᠵᠢᠳᠬᠦᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠷᠢᠭᠯᠠᠨ ᠴᠣᠬᠢᠬᠤ ᠲᠠᠶᠢᠢᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠭᠠᠳᠠᠭᠠᠳᠤ ᠠᠴᠠ ᠣᠷᠣᠭᠤᠯᠬᠤ ᠶᠢ ᠰᠡᠷᠭᠡᠶᠢᠯᠡᠬᠦ︾᠂ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠵᠦ ᠰᠤᠷᠤᠯᠭ᠎ᠠ ᠪᠠᠨ ᠰᠡᠷᠭᠦᠭᠡᠬᠦ᠂ ᠪᠦᠬᠦ ᠠᠷᠠᠳ ᠤᠨ ᠸᠠᠺᠼᠢᠨ ᠤ ᠲᠠᠷᠢᠯᠭ᠎ᠠ ᠬᠢᠬᠦ ᠵᠡᠷᠭᠡ ᠠᠯᠢ ᠤᠯᠠᠨ ᠬᠠᠲᠠᠭᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠶᠢᠨ ᠬᠥᠭᠵᠢᠯᠲᠡ ᠶᠢᠨ ᠬᠤᠣᠰ ᠢᠯᠠᠯᠲᠠ ᠶᠢ ᠲᠡᠮᠡᠴᠡᠨ ᠣᠯᠤᠭᠰᠠᠨ ᠪᠠᠶᠢᠨ᠎ᠠ᠃ ᠡᠳᠡᠭᠡᠷ ᠠᠮᠵᠢᠯᠲᠠ ᠶᠢ ᠣᠯᠤᠭᠰᠠᠨ ᠨᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠵᠠᠮᠴᠢᠯᠠᠨ ᠵᠠᠯᠠᠭᠤᠷ ᠢ ᠠᠳᠬᠤᠭᠰᠠᠨ ᠤ ᠦᠷ᠎ᠡ ᠳ᠋ᠦᠩ ᠮᠥᠨ᠂ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠪᠣᠯᠤᠨ  ᠲᠤᠭᠤᠷᠢᠭ ᠤᠨ ᠨᠠᠮ ᠤᠨ ᠬᠤᠷᠢᠶ᠎ᠠ ᠪᠥᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠡᠷᠡᠰ ᠴᠢᠩᠭ᠎ᠠ ᠤᠳᠤᠷᠢᠳᠤᠭᠰᠠᠨ ᠤ ᠦᠷ᠎ᠡ ᠳ᠋ᠦᠩ ᠮᠥᠨ᠂ ᠲᠤᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂  ᠲᠤᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠬᠦᠴᠦᠲᠡᠶ ᠬᠢᠨᠠᠯᠲᠠ ᠲᠠᠯᠪᠢᠵᠤ᠂ ᠬᠦᠴᠦᠲᠡᠶ ᠳᠡᠮᠵᠢᠭᠰᠡᠨ ᠤ ᠦᠷ᠎ᠡ ᠳ᠋ᠦᠩ ᠮᠥᠨ᠂ ᠥᠩᠭᠡᠷᠡᠭᠰᠡᠨ ᠳᠤ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠬᠦᠨᠳᠦ ᠡᠭᠦᠷᠭᠡ ᠶᠢ ᠡᠭᠦᠷᠭᠡᠯᠡᠨ ᠤᠷᠤᠭᠰᠢᠯᠠᠵᠤ᠂ ᠦᠷᠭᠦᠯᠵᠢᠯᠡᠨ ᠲᠡᠮᠡᠴᠡᠭᠰᠡᠨ ᠤ ᠦᠷ᠎ᠡ ᠳ᠋ᠦᠩ ᠮᠥᠨ᠂ ᠨᠠᠩ ᠴᠤ ᠪᠥᠬᠦ ᠲᠤᠭᠤᠷᠢᠭ ᠎ ᠤᠨ ᠥᠷᠭᠡᠨ ᠣᠯᠠᠨ ᠺᠠᠳ᠋ᠷ ᠣᠯᠠᠨ ᠲᠦᠮᠡᠨ ᠤ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠰᠢᠷᠭᠠᠭᠤ ᠬᠠᠲᠠᠭᠤᠵᠢᠯᠲᠠᠶ ᠠᠵᠢᠯᠯᠠᠭᠰᠠᠨ ᠤ ᠦᠷ᠎ᠡ ᠳ᠋ᠦᠩ ᠮᠥᠨ᠃ ᠡ᠊ᠨᠳᠡ ᠪᠢ  ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ  ᠲᠤᠭᠤᠷᠢᠭ ᠤᠨ ᠠᠷᠠᠳ ᠲᠦᠮᠡᠨ᠂ ᠵᠠᠰᠠᠭ ᠤᠨ ᠣᠷᠳᠣᠨ ᠤ ᠠᠵᠢᠯ ᠳᠤ ᠬᠦᠴᠦᠲᠡᠶ ᠳᠡᠮᠵᠢᠯᠭᠡ ᠦᠵᠡᠭᠦᠯᠦᠭᠰᠡᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠡᠯ᠎ᠡ ᠠᠷᠠᠳᠴᠢᠯᠠᠭᠰᠠᠨ ᠨᠠᠮ ᠪᠦᠯᠦᠭ᠂ ᠵᠡᠪᠰᠡᠭᠲᠦ ᠴᠠᠭᠳᠠᠭ᠎ᠠ ᠶᠢᠨ ᠳᠠᠷᠤᠭ᠎ᠠ ᠪᠠᠶᠢᠯᠳᠤᠭᠴᠢᠳ᠂ ᠵᠢᠨᠢᠩ ᠤᠨ ᠪᠦᠳᠦᠭᠡᠨ ᠪᠠᠶᠢᠭᠤᠯᠤᠯᠲᠠ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ᠂ ᠲᠡᠭᠦᠨ ᠳᠤ ᠣᠷᠣᠯᠴᠠᠭᠰᠠᠨ ᠪᠤᠢ ᠪᠦᠬᠦᠢ ᠨᠥᠬᠦᠳ᠂ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠬᠦ ᠶᠢᠨ ᠬᠠᠮᠲᠤ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠦᠶ᠎ᠡ︕         ᠲᠤᠰ ᠬᠤᠭᠤᠴᠠᠭᠠᠨ ᠤ ᠵᠠᠰᠠᠭ ᠤᠨ ᠣᠷᠳᠣᠨ ᠤ ᠠᠵᠢᠯ ᠢ ᠳ᠋ᠦᠩᠨᠡᠭᠡᠳ᠂ ᠴᠠᠭ ᠤᠨ ᠦᠡᠭᠭᠡ ᠶᠢ ᠲᠠᠭᠠᠬᠰᠠᠨ᠂ ᠪᠠᠭᠲᠠᠭᠠᠮᠵᠢᠲᠠᠢ᠂ ᠰᠢᠨ᠎ᠡ ᠶᠢ ᠡᠭᠦᠳᠦᠭᠰᠡᠨ᠂ ᠨᠡᠭᠡᠭᠡᠯᠲᠡᠲᠡᠢ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠭᠤᠣᠯ ᠬᠤᠳᠠ ᠶᠢᠨ ᠲᠣᠭᠤᠷᠢᠭ ᠢ ᠪᠠᠶᠢᠭᠤᠯᠬᠤ ᠳᠤ ᠡᠷᠬᠡᠪᠰᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠂ ︽ᠲᠦᠷᠪᠡᠨ ᠤᠬᠠᠮᠰᠠᠷ︾᠎ ᠢ ᠪᠠᠲᠤ ᠪᠤᠢ ᠪᠣᠯᠭᠠᠵᠤ᠂ ︽ᠲᠦᠷᠪᠡᠨ ᠢᠲᠡᠭᠡᠯ︾᠎ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ  ᠬᠡᠮᠵᠢᠶ᠎ᠡ  ᠪᠠᠷ ᠨᠢᠭᠡᠳᠦᠯᠲᠡᠢ ᠪᠠᠶᠢᠬᠤ ᠬᠡᠷᠡᠭᠲᠡᠢ ᠭᠡᠳᠡᠭ ᠢ ᠪᠢᠳᠡ ᠭᠦᠨᠵᠡᠭᠡᠢ ᠣᠶᠢᠯᠠᠭᠠᠪᠠ᠃ ᠡᠷᠬᠡᠪᠰᠢ ᠠᠮᠢ ᠠᠬᠤᠢ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠭᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢ ᠰᠡᠷᠭᠦᠭᠡᠬᠦ᠂ ᠪᠣᠬᠢᠷᠲᠤᠯ ᠢ ᠰᠡᠷᠭᠡᠶᠢᠯᠡᠨ ᠵᠠᠰᠠᠬᠤ ᠶᠢ ᠪᠦᠬᠦ ᠲᠠᠯ᠎ᠠ ᠪᠠᠷ ᠠᠬᠢᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠰᠠᠶᠢᠲᠤᠷ ᠵᠠᠮᠨᠠᠬᠤ ᠬᠡᠷᠡᠭᠲᠡᠢ᠃ ᠡᠷᠬᠡᠪᠰᠢ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠤᠶᠢᠢᠯᠠᠭᠠᠭᠳᠠᠬᠤᠨ ᠢ ᠢᠳᠡᠪᠬᠢᠲᠡᠢ ᠦᠢᠯᠡᠳᠦᠯᠭᠡᠵᠢᠭᠦᠯᠵᠦ᠂ ᠰᠢᠨ᠎ᠡ ᠴᠠᠭ ᠦᠶ᠎ᠡ ᠰᠢᠨ᠎ᠡ ᠱᠠᠭᠠᠷᠳᠠᠯᠭ᠎ᠠ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠰᠢᠨ᠎ᠡ ᠬᠠᠭᠤᠴᠢᠨ ᠬᠥᠳᠡᠯᠭᠡᠬᠦ ᠬᠦᠴᠦᠨ ᠤ ᠰᠣᠯᠢᠭᠳᠠᠯ ᠢ ᠲᠦᠷᠭᠡᠳᠬᠡᠵᠦ᠂ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠪᠣᠯᠤᠨ ᠦᠷ᠎ᠡ ᠠᠰᠢᠭ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠡᠷᠬᠡᠪᠰᠢ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠢᠮᠠᠭᠲᠠ ᠬᠠᠤᠯᠢ ᠪᠠᠷ ᠵᠠᠰᠠᠬᠤ ᠣᠶᠢᠯᠠᠭᠠᠭᠳᠠᠬᠤᠨ ᠢ ᠬᠡᠷᠡᠭᠯᠡᠨ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠰᠠᠬᠢᠵᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠤᠬᠠᠮᠰᠠᠷ ᠢᠶᠠᠨ ᠴᠢᠩᠭᠠᠳᠬᠠᠵᠤ᠂ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠡᠯ᠎ᠡ ᠵᠦᠢᠯ ᠤᠨ ᠠᠵᠢᠯ ᠤᠨ ᠬᠠᠤᠯᠢ ᠪᠠᠷ ᠵᠠᠰᠠᠬᠤ ᠵᠠᠮ ᠢᠶᠠᠷ ᠶᠠᠪᠤᠭᠳᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠷᠬᠡᠪᠰᠢ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠯᠠᠨ ᠤ ᠬᠠᠮᠤᠭ ᠠᠴᠠ ᠠᠩᠬᠠᠷᠴᠤ ᠪᠠᠶᠢᠭ᠎ᠠ᠂ ᠬᠠᠮᠤᠭ ᠤᠨ ᠰᠢᠭᠤᠳ᠂ ᠬᠠᠮᠤᠭ ᠤᠨ ᠪᠣᠳᠠᠲᠠᠢ ᠠᠰᠢᠭ ᠲᠤᠰᠠ ᠶᠢᠨ ᠠᠰᠠᠭᠤᠳᠠᠯ ᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠤ᠂ ᠠᠷᠠᠳ ᠤᠯᠠᠨ ᠤ ᠰᠠᠶᠢᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠲᠠᠰᠤᠷᠠᠯᠳᠠ ᠦᠭᠡᠢ ᠬᠠᠩᠭᠠᠬᠤ ᠬᠡᠷᠡᠭᠲᠡᠢ᠃          ᠠᠮᠤᠷ ᠲᠦᠪᠰᠢᠨ ᠪᠠᠶᠢᠬᠤ ᠳᠤ ᠠᠶᠤᠯ ᠲᠦᠭᠰᠢᠭᠦᠷᠢ ᠶᠢ ᠮᠠᠷᠲᠠᠬᠤ ᠦᠭᠡᠢ᠂ ᠲᠣᠭᠲᠠᠭᠤᠨ ᠪᠠᠶᠢᠬᠤ ᠳᠤ ᠵᠣᠪᠠᠭᠤᠷᠢ ᠵᠦᠳᠡᠭᠦᠷᠢ ᠶᠢ ᠮᠠᠷᠲᠠᠬᠤ ᠦᠭᠡᠢ︕ ᠠᠮᠵᠢᠯᠲᠠ ᠪᠠᠨ ᠨᠤᠲᠠᠯᠠᠬᠤ ᠶᠢᠨ ᠵᠡᠷᠭᠡᠴᠡᠭᠡᠪᠡᠷ ᠪᠢᠳᠡ ᠤᠷᠤᠭᠰᠢᠯᠠᠯᠲᠠ ᠶᠢᠨ ᠳᠤᠮᠳᠠᠬᠢ ᠬᠦᠴᠢᠷ ᠪᠡᠷᠬᠡᠰᠢᠶᠡᠯ ᠪᠠ ᠰᠢᠯᠭᠠᠯᠲᠠ ᠶᠢ ᠨᠡᠩ ᠴᠤ ᠣᠯᠵᠤ ᠬᠠᠷᠠᠬᠤ ᠬᠡᠷᠡᠭᠲᠡᠶ᠃ ᠨᠢᠭᠡ ᠳᠤ ᠭᠠᠳᠠᠭᠠᠳᠤ ᠬᠥᠭᠵᠢᠯᠲᠡ ᠶᠢᠨ ᠣᠷᠴᠢᠨ ᠨᠥᠬᠦᠴᠡᠯ ᠤᠨ ᠲᠣᠭᠲᠠᠭᠤᠨ ᠪᠤᠰᠤ ᠴᠢᠨᠠᠷ᠂ ᠲᠣᠭᠲᠠᠭᠠᠯᠲᠤ ᠪᠤᠰᠤ ᠴᠢᠨᠠᠷ ᠢᠯᠡᠳᠲᠡ ᠨᠡᠮᠡᠭᠳᠡᠵᠦ᠂ ᠬᠢᠵᠢᠭ ᠤᠨ ᠪᠠᠶᠢᠳᠠᠯ ᠤᠨ ᠨᠥᠯᠥᠭᠡ ᠮᠥᠨ ᠯᠡ ᠦᠷᠭᠦᠯᠵᠢᠯᠡᠵᠦ᠂ ᠠᠵᠤ ᠠᠬᠤᠶ ᠶᠢᠨ ᠶᠡᠷᠦᠩᠬᠡᠶ ᠬᠡᠮᠵᠢᠶ᠎ᠡ ᠶᠡᠭᠡ ᠪᠢᠰᠢ᠂ ᠪᠦᠲᠦᠴᠡ ᠰᠢᠯᠢᠳᠡᠭ ᠪᠢᠰᠢ᠂ ᠶᠠᠰᠤ ᠴᠢᠨᠠᠷ ᠥᠨᠳᠥᠷ ᠪᠢᠰᠢ ᠪᠠᠶᠢᠬᠤ ᠠᠰᠠᠭᠤᠳᠠᠯ ᠮᠥᠨ ᠯᠡ ᠲᠤᠪᠤᠶᠢᠢᠮ᠎ᠠ ᠣᠷᠣᠰᠢᠵᠤ ᠪᠠᠶᠢᠨ᠎ᠠ ᠃ ᠬᠤᠶᠠᠷ ᠲᠤ ᠬᠦᠷᠢᠶᠡᠯᠡᠩ ᠲᠣᠭᠤᠷᠢᠭ ᠤᠨ ᠲᠠᠪᠴᠠᠩ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠲᠠᠯ᠎ᠠ ᠶᠢᠨ ᠰᠠᠭᠤᠷᠢ ᠮᠥᠨ ᠬᠦ ᠪᠠᠭᠤᠷᠠᠶ ᠪᠠᠶᠢᠵᠤ᠂ ᠰᠠᠭᠤᠷᠢ ᠪᠡᠯᠡᠳᠬᠡᠮᠵᠢ᠂ ᠭᠤᠤᠯᠯᠠᠬᠤ ᠠᠵᠤ ᠦᠶᠯᠡᠰ᠂ ᠦᠨᠳᠦᠰᠦᠨ ᠠᠷᠠᠳ ᠤᠨ ᠠᠮᠢᠳᠤᠷᠠᠯ ᠵᠡᠷᠭᠡ ᠲᠠᠯ᠎ᠠ ᠪᠠᠷ ᠨᠥᠭᠡᠴᠡᠯᠡᠵᠦ ᠪᠠᠶᠢᠭ᠎ᠠ ᠴᠢᠬᠤᠯᠠ ᠶᠡᠭᠡ ᠲᠥᠷᠥᠯ ᠵᠦᠶᠯ᠂ ᠴᠢᠨᠠᠷ ᠰᠠᠶᠢᠲᠠᠶ ᠲᠥᠷᠥᠯ ᠵᠦᠶᠯ ᠣᠯᠠᠨ ᠪᠢᠰᠢ᠂ ᠬᠥᠭᠵᠢᠯᠲᠡ ᠶᠢᠨ ᠰᠡᠯᠭᠦᠬᠦ ᠬᠦᠴᠦᠨ ᠮᠥᠨ ᠬᠦ ᠬᠦᠷᠦᠯᠴᠡᠬᠦ ᠥᠬᠡᠶ ᠪᠠᠶᠢᠨ᠎ᠠ᠃ ᠭᠤᠷᠪᠠ ᠳᠤ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠨᠡᠩ ᠲᠤᠪᠤᠶᠢᠢᠮ᠎ᠠ ᠪᠤᠯᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠰᠢᠶᠳᠪᠦᠷᠢᠯᠡᠬᠦ ᠡᠭᠦᠷᠭᠡ ᠬᠠᠲᠠᠭᠤ ᠪᠡᠷᠬᠡ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠲᠠᠭᠤᠳᠠᠯ ᠨᠡᠯᠢᠶᠡᠳ ᠤᠯᠠᠨ ᠪᠠᠶᠢᠨ᠎ᠠ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ᠂ ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠳᠤ ᠪᠠᠰᠠ ᠤᠷᠳᠤ ᠬᠤᠭᠤᠴᠠᠭᠠᠨ ᠤ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠭᠠᠷᠭᠠᠬᠤ ᠴᠢᠬᠤᠯᠠᠲᠠᠶ ᠪᠠᠶᠢᠨ᠎ᠠ ᠃ ᠲᠦᠷᠪᠡ ᠳᠤ᠂ ᠵᠠᠬ᠎ᠠ ᠳᠡᠯᠭᠡᠭᠦᠷ ᠤᠨ ᠡᠯᠧᠮᠧᠨ᠋ᠲ᠂ ᠦᠢᠯᠡᠴᠢᠯᠡᠭᠡᠨ ᠤ ᠡᠯᠧᠮᠧᠨ᠋ᠲ᠂ ᠣᠷᠴᠢᠨ ᠲᠣᠭᠤᠷᠢᠨ ᠤ ᠡᠯᠧᠮᠧᠨ᠋ᠲ ᠤᠨ ᠪᠠᠲᠤᠯᠠᠭ᠎ᠠ ᠬᠦᠷᠦᠯᠴᠡᠬᠦ ᠦᠭᠡᠢ᠂ ᠵᠠᠷᠢᠮ ᠰᠠᠯᠠᠭ᠎ᠠ ᠮᠥᠴᠢᠷ ᠤᠨ ᠬᠢᠨᠠᠨ ᠵᠥᠪᠰᠢᠶᠡᠷᠡᠬᠦ ᠠᠶᠢᠵᠠᠮ ᠤᠳᠠᠭᠠᠨ᠂ ᠬᠡᠷᠡᠭ ᠡᠷᠬᠢᠯᠡᠬᠦ ᠭᠤᠭᠴᠤᠭ᠎ᠠ ᠤᠯᠠᠨ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠳᠤᠮᠳᠠᠬᠢ ᠵᠥᠷᠢᠴᠡᠯ ᠪᠠ ᠠᠰᠠᠭᠤᠳᠠᠯ ᠳᠤ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠᠷ ᠳᠤᠲᠠᠮᠠᠭ ᠪᠠᠶᠢᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠤᠯᠠᠮ ᠴᠢᠨᠠᠭᠰᠢᠳᠠ ᠰᠢᠯᠢᠳᠡᠭᠵᠢᠭᠦᠯᠬᠦ ᠴᠢᠬᠤᠯᠠᠲᠠᠢ ᠪᠠᠶᠢᠨ᠎ᠠ ᠃ ᠲᠠᠪᠤ ᠳᠤ ᠴᠥᠭᠡᠨ ᠲᠣᠭᠠᠨ ᠤ ᠺᠠᠳ᠋ᠷᠴᠤᠳ ᠤᠨ ︽ᠦᠬᠡᠨᠴᠡ ᠲᠤᠷᠤᠢ ᠠᠯᠵᠠᠭᠤ ᠬᠤᠶᠢᠷᠭᠤ ᠰᠤᠯᠠ ᠵᠠᠳᠠᠭᠠᠶ︾ ᠦᠵᠡᠭᠳᠡᠯ ᠮᠥᠨ ᠯᠡ ᠣᠷᠣᠰᠢᠵᠤ᠂ ᠵᠠᠰᠠᠭ ᠤᠨ ᠣᠷᠳᠣᠨ ᠤ ᠤᠯᠠᠨ ᠨᠡᠶᠢᠲᠡ ᠶᠢᠨ ᠦᠢᠯᠡᠴᠢᠯᠡᠭᠡ ᠪᠠ ᠨᠡᠶᠢᠭᠡᠮ ᠤᠨ ᠵᠠᠰᠠᠯᠲᠠ ᠶᠢᠨ ᠲᠠᠯ᠎ᠠ ᠪᠠᠷ ᠰᠢᠨ᠎ᠡ ᠶᠢ ᠡᠭᠦᠳᠬᠦ ᠶᠠᠪᠤᠳᠠᠯ ᠢ ᠠᠯᠭᠤᠷᠯᠠᠵᠤ ᠪᠣᠯᠤᠰᠢ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠵᠠᠪᠠᠯ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠦᠨᠡᠨ ᠬᠦ ᠰᠢᠶᠳᠪᠦᠷᠢᠯᠡᠬᠦ ᠬᠡᠷᠡᠭᠲᠡᠶ᠃ ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠲᠡᠮᠡᠴᠡᠯ ᠤᠨ ᠬᠠᠷᠠᠯᠲᠠ         ᠲᠥᠯᠥᠭᠡᠯᠡᠭᠴᠢᠳ ᠡ︕ ᠬᠤᠶᠢᠰᠢᠳᠠ ᠶᠢᠨ ᠲᠠᠪᠤᠨ ᠵᠢᠯ ᠪᠣᠯ ᠢᠯᠠᠯᠲᠠ ᠶᠢᠨ ᠡᠷᠴᠢᠨ ᠳᠡᠭᠡᠷ᠎ᠡ ᠪᠠᠨ ᠴᠢᠷᠮᠠᠶᠢᠨ ᠲᠡᠮᠡᠴᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠢᠨ᠎ᠡ ᠠᠶᠠᠯᠠᠯ ᠢᠶᠠᠨ ᠡᠬᠢᠯᠡᠭᠦᠯᠬᠦ ᠴᠢᠬᠤᠯᠠ ᠲᠠᠪᠤᠨ ᠵᠢᠯ ᠪᠣᠯᠤᠨ᠎ᠠ᠂ ᠵᠢᠨᠢᠩ ᠤᠨ ᠵᠤᠵᠠᠭᠠᠨ ᠬᠤᠷᠠᠮᠳᠤᠭᠤᠯᠵᠤ  ᠮᠠᠨᠳᠤᠨ ᠬᠥᠭᠵᠢᠬᠦ᠂ ᠳᠠᠪᠠᠯᠲᠠ ᠶᠢ ᠳᠠᠪᠠᠵᠤ ᠭᠠᠷᠬᠤ ᠵᠠᠩᠭᠢᠯᠠᠭ᠎ᠠ ᠶᠢᠨ ᠲᠠᠪᠤᠨ ᠵᠢᠯ ᠪᠣᠯᠤᠨ᠎ᠠ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠢᠨᠢᠩ ᠲᠣᠭᠤᠷᠢᠭ ᠤᠨ ᠠᠷᠪᠠᠨ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠲᠡᠦᠬᠡ ᠶᠢᠨ ᠰᠢᠨ᠎ᠡ ᠭᠠᠷᠤᠭ᠎ᠠ ᠳᠡᠭᠡᠷ᠎ᠡ ᠵᠣᠭᠰᠣᠵᠤ᠂ ᠵᠢᠨᠢᠩ ᠤᠨ ᠢᠷᠡᠭᠡᠳᠦᠢ ᠶᠢᠨ ᠬᠥᠭᠵᠢᠯᠲᠡ ᠶᠢᠨ ᠠᠤᠭ᠎ᠠ ᠲᠥᠰᠦᠪ ᠢ ᠵᠢᠷᠤᠭᠯᠠᠵᠤ᠂ ᠬᠥᠮᠦᠰ ᠤᠨ ᠰᠡᠳᠬᠢᠯ ᠢ ᠵᠣᠷᠢᠭᠵᠢᠭᠤᠯᠵᠤ᠂ ᠬᠥᠮᠦᠰ ᠤᠨ ᠤᠷᠮ᠎ᠠ ᠵᠣᠷᠢᠭ ᠢ ᠬᠥᠭᠵᠢᠭᠡᠪᠡ᠃ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ  ᠲᠤᠭᠤᠷᠢᠭ ᠤᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠨᠠᠮ ᠤᠨ ᠲᠥᠪ ᠬᠤᠷᠢᠶ᠎ᠠ ᠠᠴᠠ ᠥᠪᠡᠷᠲᠡᠭᠡᠨ ᠵᠠᠰᠠᠬᠤ ᠣᠷᠣᠨ ᠳᠤ ᠣᠯᠭᠤᠭᠰᠠᠨ ︽ᠬᠤᠶᠠᠷ ᠬᠠᠯᠬᠠᠪᠴᠢ ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠥᠪᠡᠷᠲᠡᠭᠡᠨ ᠵᠠᠰᠠᠬᠤ ᠣᠷᠣᠨ ᠠᠴᠠ ᠤᠯᠠᠭᠠᠨᠴᠠᠪ ᠬᠤᠲᠠ ᠳᠤ ᠳᠤᠷᠠᠳᠤᠭᠰᠠᠨ ︽ᠳᠥᠷᠪᠡᠨ ᠰᠢᠨ᠎ᠡ ᠰᠢᠪᠲᠤᠯᠤᠯᠲᠠ ᠶᠢ ᠪᠡᠶᠡᠯᠡᠭᠦᠯᠬᠦ︾ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠥᠪᠡᠷᠲᠡᠭᠡᠨ ᠵᠠᠰᠠᠬᠤ ᠣᠷᠣᠨ ᠤ ᠨᠠᠮ ᠤᠨ  ᠬᠤᠷᠢᠶ᠎ᠠ ᠶᠢᠨ ︽ᠨᠢᠭᠡ ᠬᠠᠷᠠᠯᠲᠠ︾᠂ ︽ᠭᠤᠷᠪᠠᠨ ᠵᠣᠬᠢᠶᠠᠯ︾᠂ ︽ᠭᠤᠷᠪᠠᠨ ᠥᠨᠳᠦᠷᠯᠢᠭ︾᠂ ︽ᠲᠠᠪᠤᠨ ᠶᠡᠭᠡ ᠠᠵᠤ ᠦᠢᠯᠡᠰ ᠤᠨ ᠰᠠᠭᠤᠷᠢᠨ︾᠎ ᠤ ᠬᠥᠭᠵᠢᠯᠲᠡ ᠶᠢᠨ ᠰᠡᠳᠬᠢᠴᠡ ᠪᠠᠷ᠂ ︽ᠭᠠᠪᠢᠶ᠎ᠠ ᠵᠢᠳᠬᠦᠯ ᠨᠢ ᠨᠠᠳᠠ ᠳᠤ ᠭᠠᠭᠴᠠ ᠪᠠᠶᠢᠬᠤ ᠪᠢᠰᠢ᠂ ᠭᠠᠪᠢᠶ᠎ᠠ ᠵᠢᠳᠬᠦᠯ ᠨᠢ ᠯᠠᠪᠲᠠᠢ ᠨᠠᠳᠠ ᠳᠤ ᠪᠠᠶᠢᠬᠤ︾ ᠬᠠᠷᠢᠭᠤᠴᠠᠯᠭ᠎ᠠ ᠡᠭᠦᠷᠭᠡᠯᠡᠬᠦ ᠵᠣᠷᠢᠭ ᠰᠠᠨᠠᠭ᠎ᠠ ᠪᠠ ᠢᠲᠡᠭᠡᠯ ᠵᠣᠷᠢᠭ ᠢᠶᠠᠷ ᠵᠢᠨᠢᠩ ᠤᠨ ᠬᠤᠷᠳᠤᠴᠠ ᠶᠢ ᠡᠭᠦᠳᠴᠦ᠂ ᠵᠢᠨᠢᠩ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠵᠢᠨᠢᠩ ᠤᠨ ᠲᠦᠷᠦᠯ ᠲᠡᠮᠳᠡᠭ ᠢ ᠳᠠᠭᠤᠷᠢᠰᠤᠭᠤᠯᠵᠤ᠂ ᠵᠢᠨᠢᠩ ᠤᠨ ᠴᠤᠭ ᠵᠢᠪᠬᠤᠭ᠎ᠠ ᠶᠢ ᠢᠯᠡᠷᠡᠭᠦᠯᠵᠦ᠂ ᠰᠢᠨ᠎ᠡ ᠠᠶᠠᠨ ᠵᠠᠮ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠬᠤ ᠪᠠᠷ ᠴᠢᠷᠮᠠᠶᠢᠨ᠎ᠠ᠃         ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠱᠠᠭᠠᠷᠳᠠᠯᠭ᠎ᠠ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠬᠥᠭᠵᠢᠭᠦᠯᠬᠦ ᠪᠠ ᠠᠮᠤᠷ ᠲᠦᠪᠰᠢᠨ ᠢ ᠵᠡᠷᠭᠡᠪᠡᠷ ᠴᠢᠬᠤᠯᠠᠴᠢᠯᠠᠬᠤ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠱᠠᠲᠤᠨ ᠳᠤ ᠰᠠᠭᠤᠷᠢᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠶ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠬᠦᠴᠦ ᠲᠠᠯᠪᠢᠨ ᠦᠢᠯᠡᠴᠢᠯᠡᠬᠦ ᠪᠠ ᠠᠭᠤᠰᠤᠯᠴᠠᠵᠤ᠂ ᠥᠭᠡᠷᠡᠴᠢᠯᠡᠯᠲᠡ ᠨᠡᠭᠡᠭᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠪᠠᠷ ᠭᠤᠣᠯ ᠱᠤᠭᠤᠮ ᠪᠣᠯᠭᠠᠬᠤ ᠶᠢ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠢ ᠰᠠᠶᠢᠲᠤᠷ ᠵᠠᠮᠨᠠᠵᠤ᠂ ᠣᠳᠣᠬᠢᠴᠢᠯᠠᠭᠰᠠᠨ ᠵᠠᠰᠠᠯᠲᠠ ᠶᠢᠨ  ᠰᠢᠰᠲ᠋ᠧᠮ ᠢ ᠲᠦᠷᠭᠡᠨ ᠪᠠᠶᠢᠭᠤᠯᠵᠤ᠂ ᠴᠠᠭ ᠤᠨ ᠦᠡᠭᠭᠡ ᠶᠢ ᠲᠠᠭᠠᠬᠰᠠᠨ᠂ ᠪᠠᠭᠲᠠᠭᠠᠮᠵᠢᠲᠠᠢ᠂ ᠰᠢᠨ᠎ᠡ ᠶᠢ ᠡᠭᠦᠳᠦᠭᠰᠡᠨ᠂ ᠨᠡᠭᠡᠭᠡᠯᠲᠡᠲᠡᠢ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠭᠤᠣᠯ ᠬᠤᠳᠠ ᠶᠢᠨ ᠲᠣᠭᠤᠷᠢᠭ ᠢ ᠬᠦᠴᠦᠯᠡᠨ ᠪᠠᠶᠢᠭᠤᠯᠤᠨ᠎ᠠ᠃        ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠎ ᠤ ᠦᠢᠯᠡᠳᠪᠦᠷᠢᠯᠡᠯ ᠎ ᠤᠨ ᠶᠡᠷᠦᠩᠬᠡᠶ ᠥᠷᠳᠡᠭ ᠢ ᠵᠢᠯ ᠪᠦᠷᠢ ᠳᠤᠮᠳᠠᠴᠢ ᠪᠠᠷ 7% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 10%ᠣᠷᠴᠢᠮ ᠨᠡᠮᠡᠭᠳᠡᠭᠦᠯᠵᠦ᠂ ᠲᠣᠭᠲᠠᠭᠠᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠳᠡᠭ ᠎ ᠢ 10%ᠣᠷᠴᠢᠮ ᠨᠡᠮᠡᠭᠳᠡᠭᠦᠯᠵᠦ᠂ ᠨᠡᠶᠢᠭᠡᠮ ᠎ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 6%ᠣᠷᠴᠢᠮ ᠨᠡᠮᠡᠭᠳᠡᠭᠦᠯᠵᠦ᠂ ᠡᠩ ᠎ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 4% ᠣᠷᠴᠢᠮ ᠨᠡᠮᠡᠭᠳᠡᠭᠦᠯᠵᠦ᠂ ᠬᠤᠳᠠ ᠬᠥᠳᠡᠭᠡ ᠶᠢᠨ ᠰᠠᠭᠤᠭᠠᠯᠢ ᠠᠷᠠᠳ‌‍ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 6% ᠪᠠ 8% ᠣᠷᠴᠢᠮ ᠨᠡᠮᠡᠭᠳᠡᠭᠦᠯᠦᠨ᠎ᠡ᠃      ︵ᠨᠢᠭᠡ︶ ᠤᠳᠤ ᠦᠶ᠎ᠡ ᠶᠢᠨ ᠠᠵᠤ ᠦᠢᠯᠡᠰ ᠢᠶᠠᠷ ᠬᠥᠳᠡᠯᠭᠡᠭᠦᠷ ᠪᠣᠯᠭᠠᠵᠤ᠂ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠲᠦᠷᠭᠡᠳᠬᠡᠵᠦ᠂ ᠵᠢᠨᠢᠩ ᠤᠨ ᠬᠥᠭᠵᠢᠯᠲᠡ ᠶᠢ ᠨᠡᠩ ᠪᠣᠳᠠᠲᠤ ᠬᠦᠴᠦᠨ ᠲᠠᠢ ᠪᠣᠯᠭᠠᠨ᠎ᠠ᠃ ᠲᠣᠮᠣ ᠳ᠋ᠠᠶᠢᠲ᠋ᠠ ᠶᠢᠨ ᠴᠤᠭᠯᠠᠷᠠᠯ ᠤᠨ ᠳᠠᠪᠠᠭᠤᠯᠢᠭ ᠲᠤ ᠲᠦᠰᠢᠭᠯᠡᠨ᠂ ᠨᠢᠭᠡ ᠪᠦᠯᠦᠭ ᠲᠤᠭ᠎ᠠ ᠪᠠᠷᠢᠮᠲᠠ ᠶᠢᠨ ᠬᠡᠷᠡᠭᠯᠡᠭᠡᠨ᠂ ᠲᠤᠭ᠎ᠠ ᠪᠠᠷᠢᠮᠲᠠ ᠶᠢᠨ ᠠᠵᠢᠯᠯᠠᠭᠤᠯᠵᠤ ᠪᠠᠲᠤᠯᠠᠬᠤ᠂ ᠲᠤᠭ᠎ᠠ ᠪᠠᠷᠢᠮᠲᠠ ᠶᠢᠨ ᠲᠣᠨᠤᠭ ᠲᠥᠬᠦᠭᠡᠷᠦᠮᠵᠢ ᠦᠶᠯᠡᠳᠬᠦ ᠵᠡᠷᠭᠡ ᠡᠯᠧᠺᠲᠷᠣᠨ ᠮᠡᠳᠡᠭᠡ ᠵᠠᠩᠭᠢ ᠶᠢᠨ ᠲᠥᠷᠥᠯ ᠵᠦᠶᠯ ᠢ ᠢᠳᠡᠪᠬᠢᠲᠡᠶ ᠪᠠᠷ ᠣᠷᠣᠭᠤᠯᠤᠨ ᠠᠪᠴᠢᠷᠠᠵᠤ᠂ ︽ᠲᠣᠭᠠᠴᠢᠯᠠᠭᠰᠠᠨ ᠠᠵᠤ ᠦᠶᠢᠯᠡᠰᠵᠢᠯ᠂ ᠠᠵᠤ ᠦᠶᠯᠡᠰ ᠤᠨ ᠲᠣᠭᠠᠴᠢᠯᠠᠯᠲᠠ᠂ ᠲᠣᠭᠠᠴᠢᠯᠠᠯᠲᠠ ᠶᠢᠨ ᠵᠠᠰᠠᠯᠲᠠ︾᠎ ᠶᠢᠨ ᠬᠥᠭᠵᠢᠯᠲᠡ ᠶᠢᠨ ᠭᠤᠤᠯ ᠱᠤᠭᠤᠮ ᠤᠨ ᠲᠣᠭᠤᠷᠢᠨ ᠳᠤ᠂ ᠦᠶᠯᠡᠳᠬᠦ ᠦᠶᠯᠡᠰ ᠤᠨ ᠲᠣᠭᠠᠴᠢᠯᠠᠯᠲᠠ ᠶᠢᠨ ᠬᠡᠯᠪᠡᠷᠢ ᠶᠢ ᠬᠤᠪᠢᠷᠠᠭᠤᠯᠬᠤ᠂ 5G ᠮᠡᠷᠭᠡᠵᠢᠯ ᠤᠨ ᠬᠡᠷᠡᠭᠯᠡᠯᠲᠡ ᠶᠢ ᠥᠷᠭᠡᠳᠬᠡᠬᠦ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ︽ᠭᠤᠷᠪᠠᠨ ᠶᠡᠭᠡ ᠠᠵᠢᠯᠯᠠᠭ᠎ᠠ︾᠎ ᠶᠢ ᠭᠤᠤᠯᠳᠠᠯᠭ᠎ᠠ ᠲᠠᠢ ᠥᠷᠨᠢᠭᠦᠯᠵᠦ᠂ ᠳᠤᠮᠳᠠᠳᠤ ᠤᠯᠤᠰ ᠤᠨ ᠤᠮᠠᠷᠠᠲᠤ ᠶᠢᠨ ᠲᠣᠮᠣ ᠲᠤᠭ᠎ᠠ ᠪᠠᠷᠢᠮᠲᠠ ᠶᠢᠨ ᠠᠵᠤ ᠦᠶᠯᠡᠰ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠤᠯᠠᠭᠠᠨᠴᠠᠪ — ᠡᠷᠢᠶᠡᠨ ᠬᠤᠲᠠ ᠶᠢᠨ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠪᠦᠲᠦᠭᠡᠨ ᠪᠠᠶᠢᠭᠤᠯᠤᠯᠲᠠ ᠪᠠᠷ ᠠᠵᠠ ᠲᠣᠬᠢᠶᠠᠯ ᠪᠣᠯᠭᠠᠵᠤ᠂ ᠲᠤᠯᠤᠭᠠᠨ ᠰᠤᠮᠤ ᠳᠤᠮᠳᠠᠳᠤ ᠧᠦ᠋ᠷᠣᠫᠠ ᠶᠢᠨ ᠵᠢᠰᠢᠶᠠᠨ ᠤ ᠴᠤᠪᠤᠭ᠎ᠠ ᠲᠡᠷᠭᠡ ᠶᠢᠨ ᠪᠠᠷᠠᠭᠠᠨ ᠤ ᠭᠦᠶᠯᠭᠡᠭᠡᠨ ᠤ ᠵᠠᠩᠭᠢᠯᠠᠭ᠎ᠠ ᠶᠢᠨ ᠰᠠᠭᠤᠷᠢᠨ ᠭᠠᠵᠠᠷ᠂ ᠵᠢᠨᠢᠩ ᠨᠢᠰᠬᠡᠯ ᠤᠨ ᠪᠠᠭᠤᠳᠠᠯ᠂ ᠤᠮᠠᠷᠠᠲᠤ ᠶᠢᠨ ᠡᠬᠡ ᠬᠠᠭᠤᠷᠠᠶ ᠶᠢᠨ ᠭᠠᠷᠠᠮ ᠵᠡᠷᠭᠡ ᠲᠠᠪᠴᠠᠩ ᠳᠤ ᠰᠠᠭᠤᠷᠢᠯᠠᠨ᠂ ᠬᠥᠮᠥᠷᠭᠡᠯᠡᠨ ᠬᠠᠳᠠᠭᠠᠯᠠᠬᠤ ᠪᠠᠷᠠᠭᠠᠨ ᠤ ᠭᠦᠶᠯᠭᠡᠭᠡ᠂ ᠬᠦᠶᠲᠡᠨ ᠬᠡᠯᠬᠢᠶᠡᠲᠦ ᠪᠠᠷᠠᠭᠠᠨ ᠤ ᠭᠦᠶᠯᠭᠡᠭᠡ ᠶᠢ ᠶᠡᠬᠡᠪᠡᠷ ᠬᠥᠭᠵᠢᠭᠦᠯᠵᠦ᠂ ᠨᠠᠩ ᠣᠯᠠᠨ ᠤᠯᠤᠰ ᠪᠠ ᠤᠯᠤᠰ ᠤᠨ ᠳᠣᠲᠣᠭᠠᠳᠤ ᠶᠢᠨ ᠲᠠᠸᠠᠷ ᠢ ᠮᠠᠨ ᠤ ᠲᠤᠭᠤᠷᠢᠭ ᠲᠤ ᠦᠶᠯᠡᠳᠪᠦᠷᠢᠯᠡᠵᠦ ᠡᠳ᠋ᠰᠢᠭᠦᠯᠬᠦ᠂ ᠲᠥᠪᠯᠡᠷᠡᠭᠦᠯᠦᠨ ᠲᠥᠪᠯᠡᠷᠡᠭᠦᠯᠵᠦ ᠲᠠᠷᠬᠠᠭᠠᠬᠤ ᠪᠣᠯᠭᠠᠵᠤ᠂ ︽ᠠᠵᠤ ᠠᠬᠤᠶ ᠶᠢᠨ ᠨᠡᠪᠲᠡᠷᠡᠬᠦ ᠵᠠᠮ︾᠎ ᠢ ︽ᠨᠡᠪᠲᠡᠷᠡᠬᠦ ᠵᠠᠮ ᠤᠨ ᠠᠵᠤ ᠠᠬᠤᠶ︾ ᠳᠠᠰᠢ ᠬᠤᠪᠢᠷᠠᠭᠤᠯᠬᠤ᠂ ︽ᠵᠠᠮ ᠥᠩᠭᠡᠷᠡᠬᠦ ᠠᠵᠤ ᠠᠬᠤᠶ︾᠎ ᠶᠢ ︽ᠪᠣᠳᠠᠲᠠᠶᠢᠵᠢᠭᠤᠯᠬᠤ ᠠᠵᠤ ᠠᠬᠤᠶ︾ ᠳᠠᠰᠢ ᠬᠤᠪᠢᠷᠠᠭᠤᠯᠬᠤ ᠶᠢ ᠳᠥᠯᠭᠢᠨ ᠠᠬᠢᠭᠤᠯᠵᠤ᠂ ᠡᠬᠡ ᠬᠠᠭᠤᠷᠠᠶ ᠶᠢᠨ ᠭᠠᠷᠠᠮ ᠤᠨ ᠬᠡᠯᠪᠡᠷᠢ ᠶᠢᠨ ᠶᠡᠷᠦᠩᠬᠡᠶᠢᠯᠡᠭᠰᠡᠨ ᠪᠠᠷᠠᠭᠠᠨ ᠤ ᠭᠦᠶᠯᠭᠡᠭᠡᠨ ᠤ ᠠᠵᠤ ᠦᠶᠯᠡᠰ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠴᠡᠪᠡᠷ ᠨᠣᠭᠤᠭ᠎ᠠ ᠶᠢ ᠪᠡᠭᠡᠵᠢᠩ ᠳᠤ ᠣᠷᠣᠭᠤᠯᠬᠤ ᠢᠨᠵᠧᠨᠧᠷᠢᠩ ᠢᠶᠠᠷ ᠵᠢᠯᠣᠭᠤᠳᠤᠮᠵᠢ ᠪᠣᠯᠭᠠᠵᠤ᠂ ︽ᠪᠡᠭᠡᠵᠢᠩ  ᠎ ᠠᠴᠠ ᠪᠠᠷᠠᠭᠤᠨᠰᠢ ᠪᠠᠨ ᠨᠢᠭᠡ ᠠᠯᠬᠤᠮ ᠶᠠᠪᠤᠨ᠎ᠠ︾ ᠭᠠᠵᠠᠷ ᠣᠷᠣᠨ ᠤ ᠳᠠᠪᠠᠭᠤᠯᠢᠭ ᠪᠠ ︽ᠳᠤᠮᠳᠠᠳᠤ ᠤᠯᠤᠰ ᠤᠨ ᠲᠥᠮᠥᠰᠥ ᠶᠢᠨ ᠬᠤᠲᠠ︾ ︽ᠡᠭᠡᠳᠡᠭᠰᠡᠨ ᠰᠦ ᠶᠢᠨ ᠬᠤᠲᠠ︾ ︽ᠪᠥᠬᠦ ᠤᠯᠤᠰ ᠤᠨ ᠬᠦᠶᠲᠡᠨ ᠰᠡᠷᠢᠭᠦᠨ ᠢᠳᠡᠰᠢᠨ ᠨᠣᠭᠤᠭᠠᠨ ᠤ ᠰᠠᠭᠤᠷᠢᠨ ᠭᠠᠵᠠᠷ︾ ᠵᠡᠷᠭᠡ ᠨᠠᠷᠠᠲᠤ ᠲᠥᠷᠥᠯ ᠲᠡᠮᠳᠡᠭᠲᠦ ᠵᠢᠨ‌‍ᠲ᠋ᠠᠪᠠᠭᠤᠯᠢᠭ ᠲᠤ ᠭᠦᠶᠴᠡᠳ ᠲᠦᠰᠢᠭᠯᠡᠨ᠂ ᠡᠷᠬᠢᠨ ᠲᠣᠭᠤᠷᠢᠨ ᠤ ᠳᠠᠪᠠᠭᠤᠯᠢᠭ ᠲᠠᠷᠢᠶᠠᠯᠠᠩ ᠤᠨ ᠣᠨᠴᠠ ᠭᠠᠷᠤᠯᠲᠠ ᠶᠢ ᠪᠥᠬᠦ ᠲᠠᠯ᠎ᠠ ᠪᠠᠷ ᠡᠮᠬᠢᠯᠡᠨ ᠨᠡᠶᠢᠯᠡᠭᠦᠯᠵᠦ᠂ ᠳᠠᠷᠢᠵᠤ ᠲᠡᠵᠢᠭᠡᠨ ᠦᠷᠡᠵᠢᠭᠦᠯᠬᠦ ᠠᠴᠠ ᠨᠠᠷᠢᠯᠢᠭ ᠡᠳ᠋ᠰᠢᠭᠦᠯᠬᠦ᠂ ᠳᠠᠬᠢᠨ ᠪᠠᠷᠠᠭᠠᠨ ᠤ ᠭᠦᠶᠯᠭᠡᠭᠡᠨ ᠢᠶᠠᠷ ᠳᠣᠭᠢᠷᠠᠭᠤᠯᠤᠨ ᠬᠦᠷᠭᠡᠬᠦ ᠬᠦᠷᠲᠡᠯᠡᠬᠢ ᠪᠣᠬᠢᠷᠲᠤᠯ ᠥᠬᠡᠶ ᠢᠳᠡᠭᠡᠨ ᠤ ᠠᠵᠤ ᠦᠶᠯᠡᠰ ᠤᠨ ᠰᠢᠰᠲ᠋ᠧᠮᠵᠢ ᠶᠢ ᠲᠦᠷᠭᠡᠳᠬᠡᠨ ᠪᠠᠶᠢᠭᠤᠯᠵᠤ᠂ ᠪᠣᠬᠢᠷᠲᠤᠯ ᠥᠬᠡᠶ ᠢᠳᠡᠭᠡᠨ ᠢ ᠡᠳ᠋ᠰᠢᠭᠦᠯᠦᠨ ᠭᠠᠷᠭᠠᠬᠤ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠰᠣᠶᠣᠯ ᠤᠨ ᠵᠤᠭᠠᠴᠠᠯ ᠤᠨ ᠬᠥᠭᠵᠢᠯᠲᠡ ᠶᠢᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ ᠨᠠᠶᠢᠷᠠᠭᠤᠯᠤᠨ ᠵᠣᠬᠢᠶᠠᠵᠤ᠂ ᠲᠠᠯ᠎ᠠ ᠨᠤᠲᠤᠭ ᠤᠨ ᠵᠤᠭᠠᠴᠠᠯ᠂ ᠠᠷᠠᠳ ᠤᠨ ᠣᠷᠣᠨ ᠰᠠᠭᠤᠴᠠ ᠶᠢᠨ ᠵᠤᠭᠠᠴᠠᠯ᠂ ᠬᠤᠪᠢᠰᠬᠠᠯ ᠤᠨ ᠵᠤᠭᠠᠴᠠᠯ᠂ ᠮᠥᠰᠥ ᠴᠠᠰᠤᠨ ᠤ ᠵᠤᠭᠠᠴᠠᠯ ᠵᠡᠷᠭᠡ ᠰᠣᠳᠣᠨ ᠵᠠᠮ ᠱᠤᠭᠤᠮ ᠢ  ᠤᠬᠠᠭᠤᠯᠵᠤ᠂ ᠤᠯᠤᠰ ᠤᠨ ᠪᠦᠬᠦ ᠣᠷᠣᠨ ᠪᠦᠰᠡ ᠶᠢᠨ ᠵᠤᠭᠠᠴᠠᠯ ᠤᠨ  ᠵᠢᠱᠢᠶ᠎ᠡ ᠦᠵᠡᠭᠦᠯᠬᠦ ᠣᠷᠣᠨ ᠢ ᠴᠢᠷᠮᠠᠶᠢᠨ ᠪᠠᠶᠢᠭᠤᠯᠤᠨ᠎ᠠ ᠃ ᠲᠥᠪ ᠬᠤᠲᠠ ᠲᠣᠭᠤᠷᠢᠭ ᠤᠨ ᠲᠥᠪᠯᠡᠷᠡᠯ ᠤᠨ ᠳᠠᠪᠠᠭᠤᠯᠢᠭ ᠲᠤ ᠲᠦᠰᠢᠭᠯᠡᠨ᠂ ᠮᠠᠨ ᠤ  ᠲᠤᠭᠤᠷᠢᠭ ᠵᠢᠴᠢ ᠡᠷᠬᠢᠨ ᠲᠣᠭᠤᠷᠢᠨ ᠤ ᠬᠤᠰᠢᠭᠤ ᠰᠢᠶᠠᠨ ᠤ ᠵᠢᠭᠤᠯᠴᠢᠯᠠᠯ ᠤᠨ ᠡᠬᠢ ᠪᠠᠶᠠᠯᠢᠭ ᠢ ᠪᠠᠶᠠᠯᠢᠭᠵᠢᠭᠤᠯᠵᠤ ᠂ ᠣᠷᠣᠨ ᠪᠦᠰᠡ ᠶᠢᠨ ᠴᠢᠨᠠᠷᠲᠠᠶ ᠥᠪᠡᠷ ᠢᠶᠠᠨ ᠵᠢᠯᠣᠭᠤᠳᠴᠤ ᠵᠢᠭᠤᠯᠴᠢᠯᠠᠬᠤ ᠲᠥᠪᠯᠡᠷᠡᠭᠦᠯᠦᠨ ᠲᠠᠷᠬᠠᠭᠠᠬᠤ ᠭᠠᠵᠠᠷ ᠢ ᠲᠦᠷᠭᠡᠳᠬᠡᠨ ᠪᠠᠶᠢᠭᠤᠯᠤᠨ᠎ᠠ ᠃ ︽ᠪᠡᠭᠡᠵᠢᠩ ᠤᠨ ᠲᠡᠭᠦᠷᠭᠡ ᠶᠢᠨ ᠲᠠᠯ᠎ᠠ ᠨᠤᠲᠤᠭ · ᠵᠤᠰᠠᠯᠠᠩ ᠤᠨ ᠬᠤᠲᠠ︾᠎ ᠶᠢᠨ ᠨᠠᠷᠠᠲᠤ ᠲᠥᠷᠥᠯ ᠲᠡᠮᠳᠡᠭᠲᠦ ᠶᠢᠨ ᠦᠶᠯᠡᠳᠦᠯ ᠢ ᠭᠦᠶᠴᠡᠳ ᠪᠠᠳᠠᠷᠠᠭᠤᠯᠵᠤ᠂ ᠨᠢᠭᠡ ᠪᠦᠯᠦᠭ ᠬᠠᠯᠠᠭᠤᠨ ᠷᠠᠰᠢᠶᠠᠨ ᠤ ᠡᠷᠡᠭᠦᠯᠵᠢᠯ ᠰᠤᠪᠢᠯᠠᠯᠲᠠ᠂ ᠪᠡᠶ᠎ᠡ ᠶᠢᠨ ᠲᠠᠮᠢᠷ ᠤᠨ ᠡᠷᠡᠭᠦᠯᠵᠢᠯ ᠰᠤᠪᠢᠯᠠᠯᠲᠠ᠂ ᠡᠮᠴᠢᠯᠡᠭᠡ ᠡᠷᠡᠭᠦᠯᠵᠢᠯ ᠰᠤᠪᠢᠯᠠᠯᠲᠠ ᠵᠡᠷᠭᠡ ᠨᠢᠳᠤᠷᠭᠠᠨ ᠪᠦᠲᠦᠭᠡᠭᠳᠡᠬᠦᠨ ᠢ ᠪᠤᠶᠢᠵᠢᠭᠤᠯᠵᠤ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠡᠷᠡᠭᠦᠯᠵᠢᠯ ᠰᠤᠪᠢᠯᠠᠯᠲᠠ ᠶᠢᠨ ᠠᠵᠤ ᠦᠶᠯᠡᠰ ᠢ ᠨᠢᠭᠡ ᠴᠤᠭᠴᠠᠵᠢᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ︽ᠭᠤᠤᠯᠯᠠᠨ ᠤᠳᠤᠷᠢᠳᠬᠤ + ᠪᠤᠶᠢᠵᠢᠭᠤᠯᠬᠤ︾᠎ ᠪᠠᠷ ᠭᠤᠤᠯᠳᠠᠯᠭ᠎ᠠ ᠪᠣᠯᠭᠠᠵᠤ᠂ ᠴᠠᠭᠠᠰᠤ᠂ ᠪᠠᠯ ᠴᠢᠯᠠᠭᠤ᠂ ᠯᠢᠲ᠋ᠢ ᠴᠠᠬᠢᠯᠭᠠᠨ ᠴᠡᠨᠡᠭ ᠵᠡᠷᠭᠡ ᠰᠢᠨ᠎ᠡ ᠮᠠᠲ᠋ᠧᠷᠢᠶᠠᠯ ᠤᠨ ᠠᠵᠤ ᠦᠶᠯᠡᠰ ᠢ ᠵᠦᠶ ᠵᠣᠬᠢᠰᠲᠠᠶ ᠬᠥᠭᠵᠢᠭᠦᠯᠵᠦ᠂ ᠡᠯᠧᠺᠲᠷᠣᠨ ᠮᠡᠳᠡᠭᠡ ᠵᠠᠩᠭᠢ ᠶᠢᠨ ᠮᠠᠲ᠋ᠧᠷᠢᠶᠠᠯ ᠤᠨ ᠠᠵᠤ ᠦᠶᠯᠡᠰ ᠤᠨ ᠳᠣᠤᠷ᠎ᠠ ᠦᠵᠦᠭᠦᠷ ᠠᠴᠠ ᠳᠡᠭᠡᠳᠦ ᠦᠵᠦᠭᠦᠷ ᠳᠠᠰᠢ ᠬᠥᠭᠵᠢᠬᠦ ᠶᠢ ᠠᠬᠢᠭᠤᠯᠤᠨ᠎ᠠ ᠃ ᠹᠯᠣᠷ ᠴᠠᠬᠢᠭᠤᠷ ᠡᠯᠧᠺᠲᠷᠣᠨ ᠣᠨᠴᠠ ᠬᠡᠢ᠂ ᠹᠯᠣᠷ ᠠᠭᠤᠯᠤᠭᠰᠠᠨ ᠪᠥᠭᠡᠭᠡᠨᠡᠪᠦᠷᠢ ᠵᠡᠷᠭᠡ ᠰᠢᠨ᠎ᠡ ᠮᠠᠲᠧᠷᠢᠶᠠᠯ ᠤᠨ ᠠᠵᠤ ᠦᠢᠯᠡᠰ ᠢ ᠲᠦᠷᠭᠡᠳᠬᠡᠨ ᠪᠤᠶᠢᠵᠢᠭᠤᠯᠵᠤ᠂ ᠹᠯᠣᠷ ᠴᠠᠬᠢᠭᠤᠷ ᠡᠯᠧᠺᠲᠷᠣᠨ ᠰᠢᠨ᠎ᠡ ᠮᠠᠲᠧᠷᠢᠶᠠᠯ ᠤᠨ ᠠᠵᠤ ᠦᠢᠯᠡᠰ ᠤᠨ ᠬᠦᠷᠢᠶᠡᠯᠡᠩ ᠢ ᠪᠦᠳᠦᠬᠡᠨ ᠪᠠᠶᠢᠭᠤᠯᠤᠨ᠎ᠠ ᠃ ᠰᠠᠯᠬᠢᠨ ᠬᠦᠴᠦᠨ ᠤ ᠴᠠᠬᠢᠯᠭᠠᠨ ᠤ ᠡᠬᠢ ᠪᠠᠶᠠᠯᠢᠭ ᠤᠨ ᠭᠦᠶᠴᠡᠳ ᠳᠠᠪᠠᠭᠤᠯᠢᠭ ᠲᠤ ᠲᠦᠰᠢᠭᠯᠡᠨ᠂ ᠨᠢᠭᠡ ᠪᠦᠯᠦᠭ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ᠂ ᠳᠡᠭᠡᠳᠦ ᠲᠠᠰ ᠤᠨ ᠬᠡᠷᠡᠯ ᠴᠡᠨᠡᠭ ᠤᠨ ᠲᠣᠨᠤᠭ ᠲᠥᠬᠦᠭᠡᠷᠦᠮᠵᠢ᠂ ᠡᠨᠧᠷᠭᠢ ᠬᠠᠳᠠᠭᠠᠯᠠᠬᠤ ᠳ᠋ᠢᠶᠠᠨ ‍ᠤᠤᠢ ᠦᠶᠯᠡᠳᠬᠦ ᠵᠡᠷᠭᠡ ᠲᠥᠷᠥᠯ ᠵᠦᠶᠯ ᠢ ᠣᠷᠣᠭᠤᠯᠤᠨ ᠠᠪᠴᠢᠷᠠᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠶᠯᠡᠰ ᠤᠨ ᠰᠠᠭᠤᠷᠢᠨ ᠭᠠᠵᠠᠷ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃         ︵ᠬᠤᠶᠠᠷ︶ ᠥᠭᠡᠷᠡᠴᠢᠯᠡᠯᠲᠡ ᠨᠡᠭᠡᠭᠡᠯᠳᠡ ᠪᠠᠷ ᠤᠳᠤᠷᠢᠳᠤᠮᠵᠢ ᠪᠣᠯᠭᠠᠨ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠵᠢᠨᠢᠩ ᠤᠨ ᠬᠥᠭᠵᠢᠯᠲᠡ ᠶᠢ ᠨᠡᠩ ᠢᠯᠡᠭᠦᠦ ᠠᠮᠢᠵᠢᠷᠠᠯ ᠤᠨ ᠬᠦᠴᠦᠨ ᠲᠠᠢ ᠪᠣᠯᠭᠠᠨ᠎ᠠ᠃ ︽ᠪᠠᠭᠤᠯᠭᠠᠬᠤ ᠬᠠᠮᠢᠶᠠᠷᠬᠤ ᠦᠶᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶ ᠳᠥᠯᠭᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠤᠶᠤᠨᠲᠤ ᠰᠢᠰᠲ᠋ᠧᠮ ᠢ ᠶᠡᠬᠡᠪᠡᠷ ᠪᠠᠶᠢᠭᠤᠯᠤᠨ᠂ ︽ᠨᠢᠭᠡ ᠥᠷᠲᠡᠭᠡᠨ ᠤ ᠮᠠᠶ᠋ᠢᠭ︾᠎ ᠤᠨ ᠦᠶᠯᠡᠴᠢᠯᠡᠭᠡᠨ ᠤ ᠰᠢᠰᠲ᠋ᠧᠮ ᠢ ᠪᠠᠶᠢᠭᠤᠯᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠶᠴᠡᠳᠬᠡᠬᠦ︾ ︽ᠠᠯᠠᠭᠠᠨ ᠳᠡᠭᠡᠷ᠎ᠡ ᠠᠴᠠ ᠭᠦᠶᠴᠡᠳᠬᠡᠬᠦ︾ ︽ᠬᠠᠮᠤᠭ ᠠᠷᠪᠢᠨ ᠳᠠᠭᠠᠨ ᠨᠢᠭᠡ ᠯᠡ ᠤᠳᠠᠭ᠎ᠠ ᠭᠦᠶᠦᠯᠭᠡᠬᠦ︾ ︽ᠨᠢᠭᠡ ᠯᠡ ᠠᠯᠪᠠᠨ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾᠎ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠢᠨᠵᠧᠨᠧᠷᠢᠩ ᠤᠨ ᠲᠥᠷᠥᠯ ᠵᠦᠶᠯ ᠢ ᠬᠢᠨᠠᠨ ᠵᠥᠪᠰᠢᠶᠡᠷᠡᠬᠦ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠨᠠᠩ ᠣᠯᠠᠨ ᠬᠦᠷᠢᠶ᠎ᠡ ᠴᠠᠷᠠᠭ᠎ᠠ ᠳᠤ ︽ᠳᠤᠲᠠᠭᠤ ᠶᠢ ᠭᠥᠯᠢᠶᠡᠨ ᠠᠪᠴᠤ ᠰᠢᠶᠳᠪᠦᠷᠢᠯᠡᠬᠦ︾ ︽ᠠᠮᠠᠯᠠᠯᠲᠠ ᠪᠠᠨ ᠮᠡᠳᠡᠭᠳᠡᠬᠦ︾ ᠵᠡᠷᠭᠡ ᠲᠦᠢᠯ ᠤᠨ ᠲᠥᠬᠦᠮ ᠬᠢᠨᠠᠨ ᠵᠥᠪᠰᠢᠶᠡᠷᠡᠯ ᠢ ᠬᠠᠶᠢᠨ ᠰᠦᠪᠡᠭᠴᠢᠯᠡᠨ᠎ᠡ᠃ ᠬᠠᠤᠯᠢᠵᠢᠯ ᠤᠨ ᠡᠵᠡᠩᠨᠡᠯᠲᠡ ᠶᠢᠨ ᠣᠷᠴᠢᠨ ᠲᠣᠭᠤᠷᠢᠨ ᠤ ᠪᠠᠶᠢᠭᠤᠯᠤᠯᠲᠠ ᠶᠢ ᠴᠢᠩᠭᠠᠳᠬᠠᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠥᠬᠦ ᠲᠠᠯ᠎ᠠ ᠪᠠᠷ ᠲᠡᠭᠦᠯᠳᠡᠷᠵᠢᠭᠦᠯᠵᠦ᠂ ᠲᠡᠷᠢᠭᠦᠨ ᠤ ᠡᠵᠡᠩᠨᠡᠯᠲᠡ ᠶᠢᠨ ᠣᠷᠴᠢᠨ ᠲᠣᠭᠤᠷᠢᠨ ᠢ ᠴᠢᠷᠮᠠᠶᠢᠨ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶᠢᠯᠠᠯ ᠤᠨ ᠬᠢᠨᠠᠨ ᠵᠥᠪᠰᠢᠶᠡᠷᠡᠬᠦ ᠴᠤᠪᠤᠷᠠᠯ ᠢᠶᠠᠷ ᠬᠠᠮᠤᠭ ᠤᠨ ᠲᠥᠬᠦᠮ᠂ ᠴᠠᠭ ᠢᠶᠠᠷ ᠬᠠᠮᠤᠭ ᠤᠨ ᠣᠬᠤᠷ ᠂ ᠥᠪᠡᠷ ᠤᠨ ᠥᠷᠲᠡᠭ ᠢᠶᠠᠷ ᠬᠠᠮᠤᠭ ᠤᠨ ᠳᠣᠤᠷ᠎ᠠ ᠰᠢᠶᠠᠨ ᠲᠣᠭᠤᠷᠢᠭ ᠢ ᠪᠥᠬᠦ ᠬᠦᠴᠦᠨ ᠢᠶᠠᠷ ᠢᠶᠠᠨ ᠪᠣᠶ ᠪᠣᠯᠭᠠᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶ ᠶᠢᠨ ᠠᠮᠢᠵᠢᠷᠠᠯ ᠤᠨ ᠬᠦᠴᠦᠨ᠂ ᠡᠵᠡᠮᠳᠡᠬᠦ ᠬᠦᠴᠦᠨ ᠪᠠ ᠠᠶᠤᠯ ᠲᠦᠭᠰᠢᠭᠦᠷᠢ ᠶᠢ ᠡᠰᠡᠷᠭᠦᠴᠡᠬᠦ ᠴᠢᠳᠠᠪᠤᠷᠢ ᠶᠢ ᠲᠠᠰᠤᠷᠠᠯᠳᠠ ᠦᠭᠡᠢ ᠴᠢᠩᠭᠠᠷᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠰᠢᠯᠢᠳᠡᠭᠵᠢᠭᠦᠯᠦᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠲᠦᠯᠬᠢᠨ ᠠᠬᠢᠭᠤᠯᠤᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠮᠠᠨᠳᠤᠭᠤᠯᠬᠤ︾ ᠠᠵᠢᠯᠯᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠢᠶᠠᠷ ᠣᠷᠣᠨ ᠢᠶᠠᠨ ᠮᠠᠨᠳᠤᠭᠤᠯᠬᠤ ᠪᠠᠶᠢᠯᠳᠤᠬᠤ ᠪᠣᠳᠣᠯᠭ᠎ᠠ᠂ ᠴᠢᠳᠠᠪᠤᠷᠢᠲᠠᠨ ᠢᠶᠠᠷ ᠣᠷᠣᠨ ᠢᠶᠠᠨ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠶᠡᠬᠡᠪᠡᠷ ᠬᠡᠷᠡᠭᠵᠢᠭᠦᠯᠦᠨ᠂ ᠪᠥᠬᠦ ᠬᠤᠲᠠ ᠶᠢᠨ ᠰᠢᠨ᠎ᠡ ᠶᠢ ᠡᠭᠦᠳᠬᠦ ᠥᠨᠳᠦᠷᠯᠢᠭ ᠢ ᠬᠦᠴᠦᠯᠡᠨ ᠴᠣᠭᠴᠠᠯᠠᠨ᠎ᠠ᠃ ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠳᠡ ᠶᠢ ᠥᠷᠭᠡᠳᠬᠡᠵᠦ᠂ ᠣᠷᠣᠭᠤᠯᠵᠤ ᠠᠪᠴᠢᠷᠠᠬᠤ ᠪᠠ ᠭᠠᠳᠠᠭᠰᠢ ᠭᠠᠷᠭᠠᠬᠤ ᠶᠢ ᠤᠶᠠᠯᠳᠤᠭᠤᠯᠬᠤ ᠶᠢ ᠪᠠᠷᠢᠮᠲᠠᠯᠠᠵᠤ᠂ ᠪᠡᠭᠡᠵᠢᠩ ᠲᠢᠶᠠᠨᠵᠢᠨ ᠡᡁᠧᠪᠸᠢ᠂ ᠬᠥᠬᠡᠬᠤᠲᠠ ᠪᠤᠭᠤᠲᠤ ᠤᠷᠳᠤᠰ ᠦᠽᠪᠧᠺᠰᠲ᠋ᠠᠨ ᠤ ᠬᠠᠮᠵᠢᠯᠴᠠᠨ ᠬᠥᠭᠵᠢᠬᠦ ᠪᠠ ᠤᠯᠠᠭᠠᠨᠴᠠᠪ ᠶᠡᠭᠡ ᠴᠢᠭᠤᠯᠤᠯᠳᠤ ᠬᠠᠭᠠᠯᠭ᠎ᠠ ᠶᠢᠨ ᠣᠷᠣᠨ ᠪᠦᠰᠡ ᠶᠢᠨ ᠬᠠᠮᠲᠤᠷᠠᠯᠴᠠᠭ᠎ᠠ ᠳᠤ ᠭᠦᠨᠵᠡᠭᠡᠢ ᠣᠷᠣᠯᠴᠠᠵᠤ᠂ ᠨᠢᠭᠡ ᠪᠦᠯᠦᠭ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠᠷ ᠥᠨᠳᠥᠷ᠂ ᠳᠠᠶᠢᠴᠢᠯᠠᠬᠤ ᠴᠢᠳᠠᠪᠤᠷᠢ ᠪᠠᠷ ᠴᠢᠩᠭ᠎ᠠ᠂ ᠬᠥᠭᠵᠢᠯᠲᠡ ᠶᠢᠨ ᠳᠠᠯᠳᠠ ᠬᠦᠴᠦᠨ ᠢᠶᠠᠷ ᠶᠡᠭᠡ ᠲᠠᠭᠠᠭᠤᠯᠤᠭᠴᠢ ᠠᠵᠤ ᠠᠬᠤᠶᠢᠯᠠᠯ ᠪᠣᠯᠤᠨ ᠲᠦᠷᠦᠯ ᠵᠦᠢᠯ ᠢ ᠢᠳᠡᠪᠬᠢᠲᠡᠢ ᠪᠠᠷ ᠣᠷᠣᠭᠤᠯᠵᠤ ᠠᠪᠴᠢᠷᠠᠬᠤ ᠬᠡᠷᠡᠭᠲᠡᠢ᠃ ︽ᠨᠢᠭᠡ ᠪᠦᠰᠡ ᠨᠢᠭᠡ ᠵᠠᠮ︾ ᠪᠠ ︽ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ︾᠎ ᠤᠨ ᠪᠥᠲᠥᠭᠡᠨ ᠪᠠᠶᠢᠭᠤᠯᠤᠯᠲᠠ ᠳᠤ ᠪᠥᠬᠦ ᠲᠠᠯ᠎ᠠ ᠪᠠᠷ ᠠᠭᠤᠰᠤᠯᠴᠠᠵᠤ᠂ ᠲᠣᠰ ᠭᠠᠵᠠᠷ ᠤᠨ ᠠᠵᠤ ᠠᠬᠤᠶᠢᠯᠠᠯ ᠤᠨ ︽ᠨᠢᠭᠡ ᠪᠦᠰᠡ ᠨᠢᠭᠡ ᠵᠠᠮ︾ ᠳᠠᠭᠠᠤ ᠶᠢᠨ ᠤᠯᠤᠰ ᠤᠨ ᠪᠠᠷᠠᠭᠠᠨ ᠤ ᠭᠦᠶᠯᠭᠡᠭᠡᠨ ᠤ ᠠᠵᠤ ᠠᠬᠤᠶᠢᠯᠠᠯ᠂ ᠪᠠᠷᠠᠭ᠎ᠠ ᠪᠠᠷ ᠣᠷᠣᠯᠠᠭᠤᠯᠬᠤ ᠠᠵᠤ ᠠᠬᠤᠶᠢᠯᠠᠯ ᠯᠤᠭ᠎ᠠ ᠭᠦᠨᠵᠡᠭᠡᠶ ᠬᠠᠮᠲᠤᠷᠠᠯᠴᠠᠬᠤ ᠶᠢ ᠵᠣᠷᠢᠭᠵᠢᠭᠤᠯᠵᠤ᠂ ᠪᠠᠶᠢᠳᠠᠯ ᠢ ᠠᠰᠢᠭᠯᠠᠨ ᠮᠠᠨ ᠤ  ᠲᠤᠭᠤᠷᠢᠭ ᠤᠨ ᠳᠠᠪᠠᠭᠤᠯᠢᠭ ᠡᠬᠢ ᠪᠠᠶᠠᠯᠢᠭ᠂ ᠴᠢᠨᠠᠷ ᠰᠠᠶᠢᠲᠠᠶ ᠦᠶᠯᠡᠳᠬᠦᠨ ᠢ ᠭᠠᠳᠠᠭᠰᠢ ᠭᠠᠷᠭᠠᠨ᠎ᠠ᠃       ︵ᠭᠤᠷᠪᠠ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠵᠢᠯᠤᠭᠤᠳᠤᠯᠭ᠎ᠠ ᠪᠣᠯᠭᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ ᠢ ᠤᠷᠢᠳᠠᠪᠠᠷ ᠬᠥᠭᠵᠢᠭᠦᠯᠵᠦ᠂ ᠵᠢᠨᠢᠩ ᠤᠨ ᠬᠥᠭᠵᠢᠯᠲᠡ ᠶᠢ ᠨᠡᠩ ᠬᠥᠳᠡᠯᠭᠡᠬᠦ ᠬᠦᠴᠦᠨ ᠲᠠᠢ ᠪᠣᠯᠭᠠᠨ᠎ᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠶᠢ ᠯᠠᠪᠳᠠᠭᠤᠨ ᠪᠠᠲᠤᠲᠠᠢ ᠠᠬᠢᠭᠤᠯᠵᠤ᠂ ︽ᠲᠦᠷᠪᠡ ᠶᠢ ᠦᠯᠦ ᠲᠠᠶᠠᠭᠳᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠲᠠᠪᠤᠨ ᠵᠢᠯ ᠤᠨ ᠰᠢᠯᠵᠢᠯᠲᠡ ᠶᠢᠨ ᠬᠤᠭᠤᠴᠠᠭᠠᠨ ᠤ ᠲᠦᠷᠦ ᠶᠢᠨ ᠪᠤᠳᠤᠯᠭ᠎ᠠ ᠶᠢ ᠭᠦᠢᠴᠡᠳ ᠰᠠᠶᠢᠲᠤᠷ ᠬᠡᠷᠡᠭᠯᠡᠵᠦ᠂ ᠬᠡᠪᠴᠢᠶᠡᠵᠢᠯ ᠤᠨ ᠴᠢᠨᠠᠷᠲᠠᠢ ᠲᠠᠬᠢᠨ ᠶᠠᠳᠠᠭᠤᠷᠠᠬᠤ ᠬᠤᠷᠢᠭ᠎ᠠ ᠱᠤᠭᠤᠮ ᠢ ᠡᠷᠡᠰ ᠰᠠᠬᠢᠨ᠎ᠠ᠃ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾᠎ ᠶᠢ ᠡᠷᠡᠰ ᠬᠤᠷᠢᠭᠯᠠᠵᠤ᠂ ︽ᠠᠮᠤ ᠪᠤᠳᠠᠭᠠᠨ ᠤ ᠪᠤᠰᠤ ᠪᠣᠯᠭᠠᠬᠤ︾᠎ ᠶᠢ ᠰᠡᠷᠭᠡᠶᠢᠯᠡᠨ ᠬᠤᠷᠢᠭᠯᠠᠨ᠎ᠠ᠃ ︽ᠭᠤᠷᠪᠠᠨ ᠡᠷᠬᠡ ᠶᠢ ᠰᠠᠯᠭᠠᠬᠤ︾᠎ ᠶᠢ ᠬᠠᠤᠯᠢ ᠲᠣᠭᠲᠠᠭᠠᠯ ᠶᠣᠰᠣᠭᠠᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠬᠠᠮᠲᠤ ᠶᠢᠨ ᠥᠮᠴᠢᠯᠡᠯ ᠤᠨ ᠡᠷᠬᠡ ᠶᠢᠨ ᠠᠷᠠᠯᠵᠢᠶᠠᠨ ᠤ ᠲᠥᠪ ᠢ ᠪᠠᠶᠢᠭᠤᠯᠵᠤ᠂ ᠬᠥᠳᠡᠭᠡ ᠲᠣᠰᠬᠤᠨ ᠤ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠡᠮᠬᠢ ᠵᠢᠷᠤᠮ ᠲᠠᠢ ᠪᠠᠷ ᠵᠢᠷᠤᠮᠵᠢᠭᠤᠯᠤᠨ ᠡᠷᠭᠢᠯᠲᠡ ᠳᠤ ᠣᠷᠣᠭᠤᠯᠬᠤ ᠶᠢ ᠲᠦᠯᠬᠢᠨ ᠠᠬᠢᠭᠤᠯᠤᠨ᠎ᠠ᠃ ᠮᠢᠨ ᠹᠸᠡᠭ ᠂ ᠵᠢᠶᠠ ᠾᠧᠩ ᠵᠡᠷᠭᠡ ᠠᠵᠤ ᠠᠬᠤᠶᠢᠯᠠᠯ ᠤᠨ ᠬᠤᠳᠠᠯᠳᠤᠭᠠᠴᠢᠯᠠᠭᠰᠠᠨ ᠡᠭᠦᠯᠳᠡᠷ ᠪᠤᠶᠢᠵᠢᠭᠤᠯᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠬᠦ ᠶᠢ ᠳᠡᠮᠵᠢᠵᠦ᠂ ᠣᠲᠣ ᠦᠶ᠎ᠡ ᠶᠢᠨ ᠦᠷ᠎ᠡ ᠶᠢᠨ ᠦᠶᠯᠡᠰ ᠤᠨ ᠠᠵᠤ ᠦᠶᠯᠡᠰ ᠤᠨ ᠰᠦᠷᠦᠭᠵᠢᠯ ᠢ ᠪᠤᠶᠢᠵᠢᠭᠤᠯᠤᠨ᠎ᠠ᠃ ᠰᠢᠶᠠᠩ ᠪᠠᠯᠭᠠᠰᠤ ᠶᠢᠨ ᠲᠥᠪ ᠬᠤᠲᠠ ᠶᠢᠨ ᠲᠣᠭᠤᠷᠢᠭ ᠲᠠᠢ ᠬᠥᠷᠰᠢᠯᠡᠵᠦ ᠪᠠᠶᠢᠭ᠎ᠠ ᠭᠠᠵᠠᠷ ᠣᠷᠣᠨ ᠤ ᠳᠠᠪᠠᠭᠤᠯᠢᠭ ᠲᠤ ᠲᠦᠰᠢᠭᠯᠡᠨ᠂ ᠬᠤᠲᠠ ᠶᠢᠨ ᠲᠡᠭᠦᠷᠭᠡ ᠶᠢᠨ ᠮᠠᠶ᠋ᠢᠭ ᠤᠨ ᠤᠨᠴᠠᠯᠢᠭᠳᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠪᠥᠬᠦ ᠬᠤᠲᠠ ᠶᠢᠨ ᠬᠤᠲᠠ ᠶᠢᠨ ᠲᠡᠭᠦᠷᠭᠡ ᠶᠢᠨ ᠮᠠᠶ᠋ᠢᠭ ᠤᠨ ᠲᠠᠷᠢᠶᠠᠯᠠᠩ ᠤᠨ ᠣᠯᠠᠨ ᠴᠢᠳᠠᠮᠵᠢᠳᠤ ᠵᠢᠱᠢᠶ᠎ᠡ ᠦᠵᠡᠭᠦᠯᠬᠦ ᠣᠷᠣᠨ ᠢ ᠬᠦᠴᠦᠯᠡᠨ ᠪᠣᠶ ᠪᠣᠯᠭᠠᠨ᠎ᠠ᠃ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ᠂ ᠠᠮᠢᠳᠤᠷᠠᠯ ᠤᠨ ᠬᠤᠭ ᠨᠣᠪᠰᠢ ᠶᠢ ᠬᠤᠣᠷ ᠦᠭᠡᠶᠢᠵᠢᠭᠦᠯᠦᠨ ᠰᠢᠶᠳᠪᠦᠷᠢᠯᠡᠬᠦ᠂ ᠠᠮᠢᠳᠤᠷᠠᠯ ᠤᠨ ᠪᠣᠬᠢᠷ ᠤᠰᠤ ᠶᠢ ᠵᠠᠰᠠᠬᠤ ᠪᠠ ᠬᠥᠳᠡᠭᠡ ᠲᠣᠰᠬᠤᠨ ᠢ ᠨᠣᠭᠤᠭᠠᠷᠠᠭᠤᠯᠤᠨ ᠭᠤᠶᠤᠵᠢᠭᠤᠯᠬᠤ ᠢᠨᠵᠧᠨᠧᠷᠢᠩ ᠢ ᠲᠤᠬᠠᠶ ᠶᠢᠨ ᠭᠠᠵᠠᠷ ᠲᠤᠨᠢ ᠲᠣᠬᠢᠷᠠᠭᠤᠯᠤᠨ ᠲᠦᠯᠬᠢᠨ ᠠᠬᠢᠭᠤᠯᠵᠤ᠂ ︽ᠲᠦᠷᠪᠡᠨ ᠰᠠᠶᠢᠨ ᠬᠥᠳᠡᠭᠡ ᠲᠣᠰᠬᠤᠨ ᠤ ᠵᠠᠮ︾᠎ ᠤᠨ ᠵᠢᠱᠢᠶ᠎ᠡ ᠦᠵᠡᠭᠦᠯᠬᠦ ᠡᠭᠦᠳᠦᠨ ᠪᠠᠶᠢᠭᠤᠯᠤᠯᠲᠠ ᠶᠢ ᠭᠦᠨᠵᠡᠭᠡᠶᠢᠷᠡᠭᠦᠯᠵᠦ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠤᠨ᠎ᠠ᠃      ︵ᠳᠥᠷᠪᠡ︶ ᠬᠤᠲᠠ ᠶᠢᠨ ᠰᠢᠨᠡᠴᠢᠯᠡᠯᠲᠡ ᠪᠠᠷ ᠭᠠᠷᠳᠠᠴᠠ ᠪᠣᠯᠭᠠᠵᠤ᠂ ᠳᠤᠲᠠᠭᠤᠳᠠᠯ ᠢᠶᠠᠨ ᠨᠥᠬᠦᠪᠥᠷᠢᠯᠡᠵᠦ᠂ ᠵᠢᠨᠢᠩ ᠤᠨ ᠬᠥᠭᠵᠢᠯᠲᠡ ᠶᠢ ᠨᠠᠩ ᠲᠠᠲᠠᠬᠤ ᠬᠦᠴᠦᠨ ᠲᠠᠢ ᠪᠣᠯᠭᠠᠨ᠎ᠠ᠃ ︽ᠣᠯᠠᠨ ᠲᠥᠯᠥᠪᠵᠢᠭᠦᠯᠭᠡ ᠶᠢ ᠨᠢᠭᠡᠳᠬᠡᠬᠦ ︾ ᠦᠷ᠎ᠡ ᠪᠦᠲᠦᠭᠡᠯ ᠤᠨ ᠬᠡᠷᠡᠭᠯᠡᠯᠲᠡ ᠶᠢ ᠭᠦᠨᠵᠡᠭᠡᠶᠢᠷᠡᠭᠦᠯᠵᠦ᠂ ᠬᠤᠲᠠ ᠶᠢᠨ ᠵᠠᠮ ᠬᠠᠷᠢᠯᠴᠠᠭᠠᠨ ᠤ ᠲᠣᠣᠷ ᠢ ᠪᠦᠬᠦ ᠲᠠᠯ᠎ᠠ ᠪᠠᠷ ᠰᠢᠯᠢᠳᠡᠭᠵᠢᠭᠦᠯᠵᠦ ᠤᠰᠤ ᠴᠠᠬᠢᠯᠭᠠᠨ ᠬᠡᠢ ᠳᠤᠯᠠᠭᠠᠯᠠᠭ᠎ᠠ ᠶᠢᠨ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠵᠤ᠂ ᠦᠶᠡᠷ ᠢ ᠰᠡᠷᠭᠡᠶᠢᠯᠡᠬᠦ᠂ ᠤᠰᠤᠲᠤᠯ ᠢ ᠵᠠᠯᠠᠬᠤ᠂ ᠭᠠᠯ ᠤᠨᠲᠠᠷᠠᠭᠠᠬᠤ ᠵᠡᠷᠭᠡ ᠠᠮᠤᠷ ᠲᠦᠪᠰᠢᠨ ᠤ ᠪᠡᠯᠡᠳᠬᠡᠮᠵᠢ ᠶᠢ ᠲᠡᠭᠦᠯᠳᠡᠷᠵᠢᠭᠦᠯᠵᠦ᠂ ᠲᠥᠪ ᠬᠤᠲᠠ ᠶᠢᠨ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠥᠷᠢᠯᠡᠬᠦ᠂ ᠵᠢᠩ ᠨᠢᠩ  2 × 66 ᠲᠦᠮᠡᠨ ᠺᠢᠯᠣᠸᠠᠲ ᠤᠨ ᠢᠯᠴᠢ ᠴᠠᠬᠢᠯᠭᠠᠨ ᠢ ᠬᠠᠮᠲᠤᠷᠠᠨ ᠦᠶᠯᠡᠳᠪᠦᠷᠢᠯᠡᠬᠦ ᠵᠡᠷᠭᠡ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠬᠠᠭᠤᠴᠢᠨ ᠪᠠ ᠬᠠᠭᠤᠴᠢᠷᠬᠠᠰᠠᠨ  ᠰᠠᠭᠤᠭᠠᠯᠢ ᠲᠣᠭᠤᠷᠢᠭ᠂ ᠳᠥᠭᠦᠮ ᠪᠦᠲᠦᠴᠡᠲᠦ ᠣᠷᠣᠨ ᠰᠠᠭᠤᠴᠠᠳᠤ ᠲᠣᠭᠤᠷᠢᠭ ᠂ ᠰᠠᠭᠤᠭᠠᠯᠢ ᠠᠷᠠᠳ ᠤᠨ ᠰᠠᠭᠤᠭᠠᠯᠢ ᠲᠣᠭᠤᠷᠢᠭ ᠤᠨ ᠬᠤᠶᠠᠳᠠᠬᠢ ᠤᠳᠠᠭᠠᠨ ᠤ ᠤᠰᠤ ᠬᠠᠩᠭᠠᠬᠤ ᠪᠡᠯᠡᠳᠬᠡᠮᠵᠢ ᠵᠡᠷᠭᠡ ᠶᠢ ᠥᠭᠡᠷᠡᠴᠢᠯᠡᠬᠦ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ ᠬᠤᠲᠠ ᠶᠢᠨ ᠶᠡᠷᠦᠩᠬᠡᠶᠢᠯᠡᠭᠰᠡᠨ ᠳᠠᠭᠠᠭᠠᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠤᠶᠠᠨ ᠬᠠᠲᠠᠨ ᠴᠢᠨᠠᠷᠲᠠᠶ ᠬᠤᠲᠠ ᠶᠢ ᠪᠥᠬᠦ ᠬᠦᠴᠦᠨ ᠢᠶᠠᠷ ᠢᠶᠠᠨ ᠪᠥᠲᠥᠭᠡᠨ ᠪᠠᠶᠢᠭᠤᠯᠤᠨ᠎ᠠ᠃ ᠰᠢᠨ᠎ᠡ ᠨᠢᠭᠡ ᠡᠭᠡᠯᠵᠢ ᠶᠢᠨ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠭᠤᠷᠪᠠᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠲᠣᠤᠷᠵᠢᠭᠤᠯᠤᠭᠰᠠᠨ ᠦᠶᠯᠡᠴᠢᠯᠡᠭᠡᠨ ᠤ ᠬᠠᠮᠢᠶᠠᠷᠤᠯᠲᠠ ᠶᠢᠨ ᠰᠢᠰᠲ᠋ᠧᠮᠵᠢ ᠶᠢ ᠪᠥᠬᠦ ᠲᠠᠯ᠎ᠠ ᠪᠠᠷ ᠲᠡᠭᠦᠯᠳᠡᠷᠵᠢᠭᠦᠯᠵᠦ᠂ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠦᠨᠡᠨᠬᠦ ︽ᠬᠠᠮᠤᠭ ᠰᠡᠭᠦᠯᠴᠢ ᠶᠢᠨ ᠨᠢᠭᠡ ᠬᠥᠮᠦᠨ︾ ︽ᠬᠠᠮᠤᠭ ᠰᠡᠭᠦᠯᠴᠢ ᠶᠢᠨ ᠨᠢᠭᠡ ᠮᠧᠲᠷ︾᠎ ᠲᠤ ᠨᠠᠶᠢᠳᠠᠪᠤᠷᠢᠵᠢᠭᠤᠯᠤᠨ᠎ᠠ᠃ ᠬᠤᠲᠠ ᠶᠢᠨ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠶ ᠥᠷᠨᠢᠭᠦᠯᠵᠦ᠂ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠭᠰᠡᠨ ᠰᠠᠭᠤᠷᠢᠨ ᠳᠡᠭᠡᠷ᠎ᠡ᠂ ᠨᠠᠩ ᠥᠨᠳᠥᠷ ᠬᠢᠷᠢ ᠲᠦᠪᠰᠢᠨ ᠪᠥᠬᠦᠶ ᠪᠥᠬᠦ ᠤᠯᠤᠰ ᠤᠨ ᠪᠣᠯᠪᠠᠰᠤᠨ ᠬᠤᠲᠠ ᠶᠢ ᠪᠥᠬᠦ ᠬᠦᠴᠦᠨ ᠢᠶᠠᠷ ᠢᠶᠠᠨ ᠡᠭᠦᠳᠦᠨ ᠪᠠᠶᠢᠭᠤᠯᠤᠨ᠎ᠠ᠃        ︵ᠲᠠᠪᠤ︶ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠪᠠᠷ ᠰᠠᠭᠤᠷᠢ ᠴᠡᠭ ᠪᠣᠯᠭᠠᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠶᠢ ᠪᠠᠷᠢᠮᠲᠠᠯᠠᠨ᠂ ᠵᠢᠨᠢᠩ ᠤᠨ ᠬᠥᠭᠵᠢᠯᠲᠡ ᠶᠢ ᠨᠠᠩ ᠶᠡᠭᠡ ᠳᠠᠯᠳᠠ ᠬᠦᠴᠦᠨ ᠲᠠᠢ ᠪᠣᠯᠭᠠᠨ᠎ᠠ᠃ ︽ᠬᠤᠶᠠᠷ ᠢ ᠬᠢᠵᠠᠭᠠᠷᠯᠠᠬᠤ︾ ᠬᠠᠷᠠᠯᠲᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠬᠤᠶᠠᠷ ᠨᠡᠭᠦᠷᠡᠰᠦᠲᠥ᠋ᠷᠥᠭᠴᠢ︾᠎ ᠶᠢᠨ ᠠᠵᠢᠯ ᠢ ᠯᠠᠪᠳᠠᠭᠤᠨ ᠢᠶᠠᠷ ᠠᠬᠢᠭᠤᠯᠵᠤ᠂ ᠡᠨᠧᠷᠭᠢ ᠶᠢᠨ ᠬᠤᠷᠣᠭᠳᠠᠯ ᠢ ᠰᠢᠨ᠎ᠡ ᠪᠠᠷ ᠨᠡᠮᠡᠭᠳᠡᠭᠦᠯᠬᠦ ᠵᠦᠢᠯᠡᠰ ᠢ ᠡᠷᠡᠰ ᠬᠤᠷᠢᠭᠯᠠᠨ᠎ᠠ᠃ ᠬᠦᠬᠡ ᠣᠭᠲᠠᠷᠭᠤᠢ᠂ ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠭᠦᠨᠵᠡᠭᠡᠶᠢᠷᠡᠭᠦᠯᠦᠨ ᠠᠬᠢᠭᠤᠯᠵᠤ᠂ ᠠᠵᠤ ᠦᠢᠯᠡᠳᠪᠦᠷᠢ ᠶᠢᠨ ᠬᠠᠶᠠᠭᠳᠠᠮᠠᠯ ᠬᠡᠢ᠂ ᠢᠳᠡᠭᠡᠨ ᠤᠮᠳᠠᠭᠠᠨ ᠤ ᠲᠤᠰᠤᠨ ᠤᠳᠤᠭ᠎ᠠ᠂ ᠲᠣᠭᠤᠰᠣ ᠰᠢᠷᠣᠢ ᠶᠢᠨ ᠪᠣᠬᠢᠷᠲᠤᠯ ᠵᠡᠷᠭᠡ ᠶᠢ ᠲᠤᠰᠬᠠᠢ ᠵᠠᠰᠠᠬᠤ ᠶᠢ ᠴᠢᠩᠭᠠᠳᠬᠠᠵᠤ᠂ ᠲᠥᠪ ᠬᠤᠳᠠ ᠶᠢᠨ ᠲᠣᠭᠤᠷᠢᠭ ᠤᠨ ᠠᠷᠢᠭᠤᠨ ᠴᠡᠪᠡᠷ ᠳᠤᠯᠠᠭᠠᠯᠭ᠎ᠠ ᠶᠢ ᠪᠦᠬᠦᠨ ᠢ ᠪᠦᠷᠬᠦᠬᠦᠯᠬᠦ ᠶᠢ ᠪᠡᠶᠡᠯᠡᠭᠦᠯᠵᠦ᠂ ︽ᠵᠢᠨᠢᠩ ᠤᠨ ᠬᠦᠬᠡ ᠦᠩᠭᠡ︾᠎ ᠶᠢ ︽ᠬᠡᠪ ᠤᠨ ᠬᠦᠬᠡ ᠦᠩᠭᠡ︾ ᠪᠣᠯᠭᠠᠨ᠎ᠠ ᠃ ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ ᠢ ᠭᠦᠨᠵᠡᠭᠡᠢ ᠠᠬᠢᠭᠤᠯᠵᠤ᠂ ᠠᠵᠤ ᠦᠢᠯᠡᠳᠪᠦᠷᠢ ᠶᠢᠨ ᠬᠠᠶᠠᠭᠳᠠᠮᠠᠯ ᠤᠰᠤ᠂ ᠬᠤᠳᠠ ᠬᠥᠳᠡᠭᠡ ᠶᠢᠨ ᠪᠣᠬᠢᠷ ᠤᠰᠤ ᠶᠢ ᠵᠠᠰᠠᠬᠤ ᠶᠢ ᠴᠢᠩᠭᠠᠳᠬᠠᠵᠤ᠂ ᠬᠤᠳᠠ ᠶᠢᠨ ᠦᠮᠡᠬᠡᠢ ᠤᠰᠤᠨ ᠴᠣᠭᠴᠠ ᠶᠢ ᠲᠦᠢᠯᠪᠤᠷᠢᠲᠠᠢ ᠠᠷᠢᠯᠭᠠᠵᠤ᠂ ᠬᠤᠳᠠ ᠶᠢᠨ ᠲᠣᠭᠤᠷᠢᠭ ᠤᠨ ᠤᠰᠤᠨ ᠴᠣᠭᠴᠠ ᠶᠢ ᠤᠷᠳᠤ ᠬᠤᠭᠤᠴᠠᠭ᠎ᠠ ᠪᠠᠷ ︽ᠲᠦᠷᠢᠮ︾᠎ ᠢᠶᠠᠷ ᠥᠨᠢ ᠡᠭᠦᠷᠢᠳᠡ ᠴᠡᠪᠡᠷᠰᠢᠬᠦ ᠶᠢ ᠪᠠᠲᠤᠯᠠᠬᠤ ᠬᠡᠷᠡᠭᠲᠡᠢ᠃ ᠬᠥᠷᠥᠰᠥ ᠰᠢᠷᠣᠶ ᠶᠢᠨ ᠪᠣᠬᠢᠷᠲᠤᠯ ᠤᠨ ᠡᠬᠢ ᠡᠭᠦᠰᠦᠯ ᠤᠨ ᠠᠶᠤᠯ ᠲᠦᠭᠰᠢᠭᠦᠷᠢ ᠶᠢ ᠴᠢᠩᠭ᠎ᠠ ᠬᠠᠮᠢᠶᠠᠷᠤᠨ ᠡᠵᠡᠮᠳᠡᠵᠦ᠂ ᠬᠢᠮᠢ ᠶᠢᠨ ᠪᠣᠷᠲᠣᠭᠤᠷ ᠲᠠᠷᠢᠶᠠᠨ ᠡᠮ ᠤᠨ ᠬᠡᠮᠵᠢᠶ᠎ᠡ ᠶᠢ ᠪᠠᠭᠠᠰᠬᠠᠬᠤ ᠪᠠ ᠴᠠᠭᠠᠨ ᠤ ᠪᠣᠬᠢᠷᠲᠤᠯ ᠢ ᠵᠠᠰᠠᠬᠤ ᠶᠢ ᠦᠷᠭᠦᠯᠵᠢᠯᠡᠨ ᠠᠬᠢᠭᠤᠯᠵᠤ᠂ ᠠᠶᠤᠯᠲᠠᠶ ᠬᠠᠶᠠᠭᠳᠠᠮᠠᠯ ᠪᠣᠳᠠᠰ ᠪᠠ ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠷᠢᠶᠠᠨ ᠴᠤᠭᠯᠠᠭᠤᠯᠵᠤ ᠰᠢᠶᠳᠪᠦᠷᠢᠯᠡᠬᠦ ᠶᠢ ᠴᠢᠩᠭᠠᠳᠬᠠᠨ᠂ ︽ᠨᠢᠭᠡ ᠭᠠᠵᠠᠷ ᠤᠨ ᠴᠡᠪᠡᠷ ᠬᠥᠷᠥᠰᠥ︾᠎ ᠶᠢ ᠦᠨᠡᠨᠬᠦ ᠰᠠᠬᠢᠨ᠎ᠠ᠃ ᠣᠶ ᠰᠢᠭᠤᠶ ᠡᠪᠡᠰᠦ ᠪᠡᠯᠴᠢᠭᠡᠷ ᠤᠨ ᠣᠷᠳᠣ ᠬᠤᠭᠤᠴᠠᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂   ᠭᠬᠢᠷᠢ ᠶᠢᠨ ᠨᠠᠭᠤᠷ ᠤᠨ ᠰᠠᠪᠠ ᠭᠠᠵᠠᠷ ᠤᠨ ᠠᠮᠢ ᠠᠬᠤᠶ ᠶᠢᠨ ᠣᠷᠴᠢᠨ ᠲᠣᠭᠤᠷᠢᠨ ᠪᠠ ︽ᠭᠤᠷᠪᠠᠨ ᠠᠭᠤᠯᠠ ᠬᠤᠶᠠᠷ ᠭᠤᠤᠯ︾᠎ ᠢ ᠬᠠᠮᠠᠭᠠᠯᠠᠨ ᠬᠠᠮᠢᠶᠠᠷᠴᠤ ᠬᠠᠮᠠᠭᠠᠯᠠᠬᠤ ᠡᠷᠴᠢᠮ ᠢ ᠴᠢᠩᠭᠠᠷᠠᠭᠤᠯᠤᠨ᠂ ︽ᠨᠠᠷᠢᠨ ᠵᠦᠶᠯᠡᠰ ᠢ ᠡᠵᠡᠮᠳᠡᠬᠦ︾ ︽ᠥᠩᠭᠡ ᠬᠡᠮᠵᠢᠭᠳᠡᠯ ᠢ ᠡᠵᠡᠮᠳᠡᠬᠦ︾᠎ ᠪᠠᠷ ᠭᠤᠤᠯ ᠳᠠᠭᠠᠤ ᠨᠤᠭᠤᠭᠠᠷᠠᠭᠤᠯᠲᠠ᠂ ᠠᠭᠤᠯᠠᠨ ᠴᠣᠭᠴᠠ ᠶᠢᠨ ᠨᠤᠭᠤᠭᠠᠷᠠᠭᠤᠯᠲᠠ ᠢ ᠪᠣᠶ ᠪᠣᠯᠭᠠᠵᠤ᠂ ᠬᠤᠲᠠ ᠶᠢᠨ ᠪᠠᠶᠢᠭᠠᠯᠢ ᠪᠠ ᠬᠥᠮᠦᠨ ᠰᠣᠶᠣᠯ ᠤᠨ ᠡᠬᠢ ᠪᠠᠶᠠᠯᠢᠭ ᠢ ᠣᠷᠭᠠᠨᠢᠭ ᠢᠶᠠᠷ ᠬᠤᠯᠪᠣᠨ᠎ᠠ᠃ ︽  ᠲᠦᠷᠪᠡ ᠶᠢ ᠲᠣᠭᠲᠠᠭᠠᠬᠤ︾ ᠵᠠᠷᠴᠢᠮ ᠢ ᠪᠦᠬᠦ ᠲᠠᠯ᠎ᠠ ᠪᠠᠷ ᠲᠤᠤᠱᠯᠠᠭᠤᠯᠵᠤ᠂ ᠤᠰᠤᠨ ᠤ ᠡᠬᠢ ᠪᠠᠶᠠᠯᠢᠭ ᠢ ᠬᠠᠮᠤᠭ ᠤᠨ ᠬᠠᠲᠠᠭᠤ ᠬᠢᠵᠠᠭᠠᠷᠯᠠᠯ ᠪᠣᠯᠭᠠᠵᠤ᠂ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠦᠨ᠎ᠡ᠃     ︵ᠵᠢᠷᠭᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠᠷ ᠦᠨᠳᠦᠰᠦ ᠪᠣᠯᠭᠠᠵᠤ᠂ ᠠᠷᠠᠳ ᠲᠦᠮᠡᠨ ᠢ ᠳᠡᠭᠡᠳᠦᠯᠡᠬᠦ ᠶᠢ ᠲᠤᠪᠤᠶᠢᠯᠭᠠᠨ᠂ ᠵᠢᠨᠢᠩ ᠤᠨ ᠬᠥᠭᠵᠢᠯᠲᠡ ᠶᠢ ᠨᠡᠩ ᠨᠢᠭᠲᠠᠷᠠᠭᠤᠯᠬᠤ ᠬᠦᠴᠦᠨ ᠲᠠᠢ ᠪᠣᠯᠭᠠᠨ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠭᠤᠣᠯᠳᠠᠯᠭ᠎ᠠ ᠲᠠᠢ ᠬᠠᠮᠲᠤᠯᠢᠭ ᠤᠨ ᠠᠵᠢᠯ ᠣᠯᠭᠤᠯᠲᠠ ᠶᠢᠨ ᠳᠡᠮᠵᠢᠯᠭᠡ ᠶᠢ ᠴᠢᠩᠭᠠᠳᠬᠠᠵᠤ᠂ ᠨᠢᠭᠡ ᠴᠦ ᠠᠵᠢᠯ ᠣᠯᠤᠭᠰᠠᠨ ᠦᠭᠡᠢ ᠭᠡᠷ ᠪᠦᠯᠢ ᠶᠢᠨ ᠬᠥᠳᠡᠯᠦᠯ ᠪᠠᠶᠢᠳᠠᠯ ᠦᠭᠡᠢ ᠪᠠᠶᠢᠬᠤ ᠶᠢ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠬᠠᠤᠯᠢ ᠪᠠᠷ ᠲᠣᠭᠲᠠᠭᠠᠭᠰᠠᠨ ᠠᠵᠢᠯᠲᠠᠨ ᠢ ᠪᠦᠬᠦᠨ ᠢ ᠬᠠᠮᠤᠷᠬᠤ ᠶᠢ ᠳᠥᠯᠭᠢᠨ ᠠᠬᠢᠭᠤᠯᠤᠨ᠎ᠠ᠃ ︽ᠣᠷᠣᠨ ᠰᠠᠭᠤᠴᠠ ᠪᠠ ᠣᠷᠣᠨ ᠰᠠᠭᠤᠴᠠ ᠶᠢ ᠰᠠᠷᠢᠭᠠᠯᠠᠬᠤ ᠦᠭᠡᠢ︾ ᠪᠠᠶᠢᠬᠤ ᠶᠢ ᠪᠠᠷᠢᠮᠲᠠᠯᠠᠵᠤ ᠂ ᠤᠯᠠᠨ ᠪᠡᠶᠡᠴᠢ ᠴᠣᠭᠴᠠ ᠠᠴᠠ ᠬᠠᠩᠭᠠᠬᠤ᠂ ᠤᠯᠠᠨ ᠠᠷᠭ᠎ᠠ ᠵᠠᠮ ᠢᠶᠠᠷ ᠪᠠᠲᠤᠯᠠᠬᠤ᠂ ᠲᠦᠷᠢᠶᠡᠰᠦᠯᠡᠬᠦ ᠪᠠ ᠬᠤᠳᠠᠯᠳᠤᠨ ᠠᠪᠬᠤ ᠶᠢ ᠵᠡᠷᠭᠡ ᠪᠠᠷ ᠴᠢᠬᠤᠯᠠᠴᠢᠯᠠᠬᠤ ᠣᠷᠣᠨ ᠰᠠᠭᠤᠴᠠ ᠶᠢᠨ ᠲᠦᠷᠢᠮ ᠢ ᠲᠦᠷᠭᠡᠪᠴᠢᠯᠡᠨ ᠪᠠᠶᠢᠭᠤᠯᠵᠤ᠂ ᠤᠯᠠᠨ ᠲᠦᠮᠡᠨ ᠤ ᠤᠯᠠᠨ ᠶᠠᠩᠵᠤᠴᠢᠯᠠᠭᠰᠠᠨ ᠣᠷᠣᠨ ᠰᠠᠭᠤᠴᠠ ᠶᠢᠨ ᠬᠡᠷᠡᠭᠴᠡᠭᠡ ᠶᠢ ᠬᠦᠴᠦᠯᠡᠨ ᠬᠠᠩᠭᠠᠨ᠎ᠠ᠃ ᠬᠡᠷ ᠲᠡᠭᠡᠨ ᠰᠠᠭᠤᠬᠤ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠨᠠᠰᠤᠲᠠᠨ ᠢ ᠲᠡᠳᠬᠦᠬᠦ᠂ ᠵᠡᠮᠳᠡᠭᠴᠦᠳ ᠢ ᠲᠤᠰᠠᠯᠠᠬᠤ᠂ ᠥᠨᠥᠴᠢᠨ ᠬᠡᠤᠬᠡᠳ ᠢ ᠠᠪᠤᠷᠬᠠᠤ ᠵᠡᠷᠭᠡ ᠠᠰᠠᠷᠠᠮᠵᠢ ᠶᠢᠨ ᠦᠶᠯᠡᠰ ᠤᠨ ᠪᠥᠬᠦ ᠲᠠᠯ᠎ᠠ ᠶᠢᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠶᠣᠰᠣ ᠰᠤᠷᠲᠠᠬᠤᠨ ᠢ ᠪᠣᠶ ᠪᠣᠯᠭᠠᠵᠤ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠰᠤᠷᠭᠠᠨ ᠬᠥᠮᠦᠵᠢᠯ ᠢ ᠬᠥᠭᠵᠢᠭᠦᠯᠦᠨ ᠮᠠᠨᠳᠤᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠪᠡᠭᠡᠵᠢᠩ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ᠂ ᠢ ᠯᠢ ᠵᠡᠷᠭᠡ 18 ᠳᠤᠮᠳᠠᠳᠤ ᠪᠠᠭ᠎ᠠ ᠰᠤᠷᠭᠠᠭᠤᠯᠢ ᠶᠢ ᠤᠯᠠᠭᠠᠨᠴᠠᠪ ᠤᠨ ᠨᠠᠷᠠᠲᠤ ᠰᠤᠷᠭᠠᠭᠤᠯᠢ ᠶᠢᠨ ᠡᠩᠨᠡᠭᠡ ᠳᠤ ᠣᠷᠣᠭᠤᠯᠵᠤ᠂ ᠨᠢᠭᠡ ᠬᠡᠰᠡᠭ ᠢ ᠨᠢ ᠥᠪᠡᠷᠲᠡᠭᠡᠨ ᠵᠠᠰᠠᠬᠤ ᠣᠷᠣᠨ ᠤ ᠨᠠᠷᠠᠲᠤ ᠰᠤᠷᠭᠠᠭᠤᠯᠢ ᠶᠢᠨ ᠡᠩᠨᠡᠭᠡ ᠳᠤ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠡᠷᠡᠭᠦᠯ ᠡᠩᠬᠡ ᠵᠢᠨᠢᠩ ᠤᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠭᠤᠷᠪᠠᠳᠤᠭᠠᠷ ᠡᠮᠨᠡᠯᠭᠡ ᠶᠢᠨ ᠬᠤᠷᠢᠶ᠎ᠠ ᠶᠢ ᠭᠤᠷᠪᠠᠳᠤᠭᠠᠷ ᠳᠡᠰ ᠤᠨ ᠬᠥᠬᠡᠭᠴᠢᠨ ᠲᠠᠰ ᠤᠨ ᠡᠮᠨᠡᠯᠭᠡ ᠶᠢᠨ ᠬᠤᠷᠢᠶ᠎ᠠ ᠪᠣᠯᠭᠠᠨ ᠲᠠᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠤ᠂ ᠬᠢᠲᠠᠳ ᠮᠣᠩᠭᠤᠯ ᠡᠮ ᠡᠮᠨᠡᠯᠭᠡ ᠶᠢ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠦᠨ ᠬᠥᠭᠵᠢᠭᠦᠯᠬᠦ ᠶᠢ ᠠᠬᠢᠭᠤᠯᠤᠨ᠂ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ ᠤᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠯᠠᠪᠳᠠᠭᠤᠨ ᠢᠶᠠᠷ ᠳᠡᠭᠡᠭᠰᠢᠯᠡᠭᠦᠯᠵᠦ᠂ ᠠᠷᠠᠳ ᠣᠯᠠᠨ ᠳᠤ ᠲᠤᠬᠠᠶ ᠶᠢᠨ ᠭᠠᠵᠠᠷ ᠲᠤᠨᠢ ᠡᠷᠬᠡ ᠲᠡᠭᠰᠢ᠂ ᠰᠢᠰᠲ᠋ᠧᠮ ᠲᠠᠢ ᠦᠷᠭᠦᠯᠵᠢᠯᠡᠭᠰᠡᠨ ᠡᠷᠡᠭᠦᠯ ᠮᠡᠨᠳᠦ ᠶᠢᠨ ᠦᠶᠯᠡᠴᠢᠯᠡᠭᠡ ᠶᠢ ᠡᠳ᠋ᠯᠡᠭᠦᠯᠦᠨ᠎ᠡ᠃ ᠪᠥᠬᠦ ᠠᠷᠠᠳ ᠤᠨ ᠪᠡᠶ᠎ᠡ ᠮᠠᠬᠠᠪᠣᠳ ᠢᠶᠠᠨ ᠴᠢᠭᠢᠷᠠᠭᠵᠢᠭᠤᠯᠬᠤ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠪᠢᠴᠢᠭ ᠤᠨ  ᠰᠤᠷᠪᠤᠯᠵᠢᠲᠦ ᠵᠢᠨᠢᠩ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ︽ᠤᠯᠠᠭᠠᠨᠮᠥ᠋ᠴᠢᠷ ᠢ ᠲᠦᠮᠡᠨ ᠡᠷᠦᠬᠡ ᠳᠤ ᠣᠷᠣᠭᠤᠯᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠲᠡᠤᠬᠡ ᠶᠢᠨ ᠳᠤᠷᠠᠰᠬᠠᠯᠲᠤ ᠵᠦᠶᠯᠡᠰ ᠤᠨ ᠬᠠᠮᠠᠭᠠᠯᠠᠯᠲᠠ ᠪᠠ ᠠᠰᠢᠭᠯᠠᠯᠲᠠ ᠶᠢ ᠴᠢᠩᠭᠠᠳᠬᠠᠨ᠂ ᠨᠢᠭᠡ ᠪᠦᠯᠦᠭ ᠠᠷᠠᠳ ᠤᠨ ᠵᠠᠩ ᠦᠶᠯᠡ ᠶᠢᠨ ᠰᠣᠶᠣᠯ᠂ ᠬᠤᠪᠢᠰᠬᠠᠯ ᠤᠨ ᠰᠣᠶᠣᠯ ᠤᠨ ᠮᠦᠽᠧᠶ ᠵᠢᠴᠢ ᠦᠵᠡᠭᠦᠯᠦᠯᠭᠡ ᠶᠢᠨ ᠲᠢᠩᠬᠢᠮ ᠢ ᠬᠦᠴᠦᠯᠡᠨ ᠪᠠᠶᠢᠭᠤᠯᠵᠤ᠂ ᠠᠷᠠᠳ ᠣᠯᠠᠨ ᠳᠤ ᠨᠠᠩ ᠪᠦᠷᠢᠨ ᠲᠡᠭᠦᠯᠳᠡᠷ᠂ ᠨᠠᠩ ᠡᠯᠪᠡᠭ ᠪᠠᠶᠠᠯᠢᠭ᠂ ᠨᠠᠩ ᠴᠢᠨᠠᠷ ᠰᠠᠶᠢᠲᠠᠶ ᠣᠶᠤᠨ ᠤ ᠰᠣᠶᠣᠯ ᠤᠨ ᠠᠮᠢᠳᠤᠷᠠᠯ ᠢ ᠡᠳ᠋ᠯᠡᠭᠦᠯᠦᠨ᠎ᠡ᠃ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠢ ᠡᠷᠡᠰ ᠬᠤᠷᠢᠭᠯᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠭᠡᠮ ᠰᠣᠭᠤᠭ ᠢ ᠰᠡᠷᠭᠡᠶᠢᠯᠡᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠢ ᠪᠦᠬᠦ ᠬᠦᠴᠦᠨ ᠢᠶᠠᠷ ᠢᠶᠠᠨ ᠬᠠᠮᠠᠭᠠᠯᠠᠵᠤ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠨ᠎ᠠ ᠃ ᠭᠤᠷᠪᠠ᠂ 2022 ᠣᠨ ᠤ ᠭᠤᠣᠯ ᠠᠵᠢᠯ        ᠲᠥᠯᠥᠭᠡᠯᠡᠭᠴᠢᠳ ᠡ᠂ ᠰᠠᠶᠢᠨ‌‍ᠰᠠᠶᠢᠬᠠᠨ ᠡᠬᠢᠯᠡᠯᠲᠡ ᠨᠢ ᠪᠦᠬᠦ ᠲᠠᠯ᠎ᠠ ᠶᠢ ᠨᠦᠯᠦᠭᠡᠯᠡᠵᠦ᠂ ᠬᠤᠶᠢᠨᠠᠬᠢ ᠠᠵᠢᠯ ᠳᠤ ᠪᠠᠨ ᠰᠠᠭᠤᠷᠢ  ᠲᠠᠯᠪᠢᠲᠠᠭ᠃ 2022 ᠣᠨ ᠪᠣᠯ ᠰᠢᠨ᠎ᠡ  ᠨᠢᠭᠡᠨ ᠬᠤᠭᠤᠴᠠᠭᠠᠨ ᠤ ᠵᠠᠰᠠᠭ ᠤᠨ ᠣᠷᠳᠣᠨ ᠤ ᠡᠬᠢᠯᠡᠯᠲᠡ ᠶᠢᠨ ᠵᠢᠯ  ᠪᠠᠶᠢᠵᠤ᠂ ᠪᠠᠰᠠ ᠴᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠶᠢ ᠬᠡᠷᠡᠭᠵᠢᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠪᠢᠳᠡ ᠦᠩᠭᠡᠷᠡᠭᠰᠡᠨ ᠲᠠᠪᠤᠨ ᠵᠢᠯ ᠢᠶᠠᠨ ᠪᠠᠷᠠᠯᠠᠵᠤ᠂ ᠣᠳᠣᠬᠠᠨ ᠤ ᠪᠠᠶᠢᠳᠠᠯ ᠳᠤ ᠰᠠᠭᠤᠷᠢᠯᠠᠨ᠂ ᠴᠠᠭ ᠮᠥᠴᠡ ᠶᠢ ᠠᠯᠳᠠᠯ ᠥᠬᠡᠶ ᠲᠡᠮᠡᠴᠡᠬᠦ ᠲᠤᠯᠭᠠᠮ᠎ᠠ ᠰᠡᠳᠬᠢᠯᠭᠡ ᠪᠠ ᠬᠠᠷᠢᠭᠤᠴᠠᠯᠭᠠᠲᠤ ᠣᠪᠤᠷ ᠢᠶᠠᠷ ᠵᠢᠨᠢᠩ ᠲᠣᠭᠤᠷᠢᠭ ᠤᠨ ᠠᠵᠤ ᠠᠬᠤᠶ ᠨᠡᠶᠢᠭᠡᠮ ᠤᠨ ᠴᠢᠨᠠᠷᠯᠢᠭ ᠬᠥᠭᠵᠢᠯᠲᠡ ᠶᠢ ᠳᠠᠬᠢᠨ ᠰᠢᠨ᠎ᠡ ᠳᠡᠭᠲᠡᠷ ᠲᠤ  ᠭᠠᠷᠭᠠᠬᠤ ᠪᠠᠷ ᠪᠥᠬᠦ ᠬᠦᠴᠦᠨ ᠢᠶᠠᠷ ᠢᠶᠠᠨ  ᠴᠢᠷᠮᠠᠶᠢᠬᠤ ᠬᠡᠷᠡᠭᠲᠡᠶ᠃        ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠬᠠᠷᠠᠯᠲᠠ ᠪᠣᠯ᠄ ᠭᠠᠵᠠᠷ ᠣᠷᠣᠨ ᠤ ᠦᠶᠯᠡᠳᠪᠦᠷᠢᠯᠡᠯ ᠤᠨ ᠶᠡᠷᠦᠩᠬᠡᠶ ᠥᠷᠲᠡᠭ ᠢ 6.0 % ᠣᠷᠴᠢᠮ ᠨᠡᠮᠡᠭᠳᠡᠭᠦᠯᠦᠨ᠂ ᠬᠡᠪᠴᠢᠶᠡᠵᠢᠯ ᠠᠴᠠ ᠳᠡᠭᠡᠭᠰᠢᠬᠢ ᠠᠵᠤ ᠦᠶᠯᠡᠳᠪᠦᠷᠢ ᠶᠢᠨ ᠨᠡᠮᠡᠭᠳᠡᠯ ᠥᠷᠲᠡᠭ ᠢ 6.0 % ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠪᠣᠳᠠᠰ ᠤᠨ ᠵᠢᠵᠢᠭᠯᠡᠨ ᠪᠣᠷᠣᠯᠠᠭᠤᠯᠬᠤ ᠶᠡᠷᠦᠩᠬᠡᠢ ᠬᠡᠮᠵᠢᠶ᠎ᠡ ᠶᠢ 5.0% ᠣᠷᠴᠢᠮ ᠨᠡᠮᠡᠭᠳᠡᠭᠦᠯᠦᠨ᠂ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢ 84 ᠳ᠋ᠦᠩᠰᠢᠭᠤᠷ ᠲᠥᠭᠦᠷᠢᠭ ᠠᠴᠠ  ᠳᠠᠪᠠᠭᠤᠯᠵᠤ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 4.0% ᠣᠷᠴᠢᠮ ᠳᠡᠭᠡᠭᠰᠢᠯᠡᠭᠦᠯᠦᠨ᠂ ᠬᠤᠲᠠ ᠬᠦᠳᠡᠭᠡᠨ ᠤ ᠰᠠᠭᠤᠭᠠᠯᠢ ᠠᠷᠠᠳ ᠤᠨ ᠬᠦᠮᠦᠨ ᠪᠦᠷᠢ ᠵᠢᠨ‌ᠣᠷᠣᠯᠭ᠎ᠠ ᠶᠢ ᠲᠣᠰ ᠲᠣᠰ 6.0 %᠂ 8.0% ᠣᠷᠴᠢᠮ ᠨᠡᠮᠡᠭᠳᠡᠭᠦᠯᠦᠨ᠎ᠡ᠃        ︵ᠨᠢᠭᠡ︶ ᠠᠵᠤ ᠦᠢᠯᠡᠰ ᠤᠨ ᠨᠠᠩ ᠥᠨᠳᠥᠷ ᠲᠦᠪᠰᠢᠨ ᠳᠤ ᠬᠦᠷᠬᠦ ᠶᠢ ᠪᠦᠬᠦ ᠬᠦᠴᠦᠨ ᠢᠶᠠᠷ ᠠᠬᠢᠭᠤᠯᠤᠨ᠎ᠠ᠃ ︽ᠬᠠᠭᠤᠴᠢᠨ ᠢ  ᠵᠣᠬᠢᠴᠠᠭᠤᠯᠬᠤ︾  ᠪᠠ ︽ᠰᠢᠨ᠎ᠡ ᠶᠢ ᠪᠤᠶᠢᠵᠢᠭᠤᠯᠬᠤ︾᠎ ᠶᠢ ᠬᠠᠮᠳᠤᠷᠠᠭᠤᠯᠤᠨ ᠬᠦᠴᠦᠯᠡᠬᠦ ᠶᠢ ᠪᠠᠷᠢᠮᠲᠠᠯᠠᠵᠤ᠂ ᠬᠡᠯᠬᠢᠶᠡᠵᠢᠯ ᠢ ᠦᠷᠭᠡᠳᠭᠡᠨ‌ᠨᠦ᠋ᠬᠦᠪᠦᠷᠢᠯᠡᠵᠦ ᠬᠦᠴᠦᠷᠬᠡᠭᠵᠢᠭᠦᠯᠬᠦ ᠳᠤ ᠠᠩᠬᠠᠷᠤᠯ ᠢᠶᠠᠨ ᠳᠦᠪᠯᠡᠷᠡᠭᠦᠯᠦᠨ᠂ ᠤᠯᠠᠮᠵᠢᠯᠠᠯᠲᠤ ᠬᠥᠳᠡᠯᠭᠡᠬᠦ ᠡᠨᠧᠷᠭᠢ ᠶᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠬᠥᠳᠡᠯᠭᠡᠬᠦ ᠡᠨᠧᠷᠭᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠴᠢᠨᠠᠷᠯᠢᠭ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠭᠦᠷ ᠢ ᠪᠣᠶ ᠪᠣᠯᠭᠠᠨ᠎ᠠ᠃  ᠴᠢᠩ ᠬᠤᠸᠠ ᠲᠦᠩ ᠹᠠᠩ᠂ ᠵᠥᠩ ᠬᠤᠩ ᠽᠢ ᠵᠢᠩ ᠺᠣᠮᠫᠠᠨᠢ ᠶᠢᠨ  ᠪᠡᠯᠡ ᠪᠠᠨ ᠨᠡᠮᠡᠭᠳᠡᠭᠦᠯᠦᠨ ᠦᠶᠯᠡᠳᠪᠦᠷᠢᠯᠡᠯ ᠢᠶᠠᠨ ᠥᠷᠭᠡᠳᠬᠡᠬᠦ ᠶᠢ ᠠᠬᠢᠭᠤᠯᠵᠤ᠂ ᠠ ᠯᠢ ᠪᠠ ᠪᠠ ᠺᠣᠮᠫᠠᠨᠢ ᠪᠠᠶᠢᠭᠤᠯᠵᠤ ᠳᠠᠭᠤᠰᠬᠠᠨ ᠠᠰᠢᠭᠯᠠᠯᠲᠠ ᠳᠤ ᠣᠷᠤᠭᠤᠯᠵᠤ᠂ ᠣᠷᠤᠨ ᠪᠦᠰᠡ ᠶᠢᠨ ᠬᠡᠯᠬᠢᠶᠡᠵᠢᠯ᠂ ᠵᠣᠬᠢᠶᠠᠮᠠᠯ ᠤᠶᠤᠨᠳᠦ ᠴᠢᠳᠠᠪᠬᠢ᠂ 5G ᠵᠡᠷᠭᠡ ᠰᠢᠨ᠎ᠡ ᠪᠠᠷ ᠬᠦᠭᠵᠢᠵᠦ ᠪᠠᠶᠢᠭ᠎ᠠ ᠲᠣᠭᠠᠴᠢᠯᠠᠭᠰᠠᠨ ᠠᠵᠤ ᠦᠶᠯᠡᠰ ᠤᠨ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠲᠤᠭ᠎ᠠ ᠪᠠᠷᠢᠮᠲᠠ ᠴᠤᠭᠯᠠᠭᠤᠯᠬᠤ᠂ ᠬᠠᠳᠠᠭᠠᠯᠠᠬᠤ᠂ ᠤᠬᠢᠶᠠᠬᠤ᠂ ᠪᠣᠯᠪᠠᠰᠤᠷᠠᠭᠤᠯᠬᠤ ᠵᠢᠴᠢ ᠲᠤᠭ᠎ᠠ ᠪᠠᠷᠢᠮᠲᠠ ᠶᠢᠨ ᠲᠥᠪ ᠤᠨ ᠵᠢᠷᠤᠭ ᠲᠥᠯᠥᠪᠯᠡᠭᠡ᠂ ᠠᠵᠢᠯᠯᠠᠭᠤᠯᠵᠤ ᠬᠠᠮᠠᠭᠠᠯᠠᠬᠤ ᠦᠢᠯᠡᠴᠢᠯᠡᠭᠦᠷ ᠮᠠᠰᠢᠨ ᠦᠶᠯᠡᠳᠬᠦ  ᠵᠡᠷᠭᠡ ᠨᠢᠭᠡ ᠪᠦᠯᠦᠭ ᠲᠥᠷᠥᠯ ᠵᠦᠶᠯ ᠢ ᠢᠳᠡᠪᠬᠢᠲᠡᠶ ᠤᠷᠢᠨ ᠠᠪᠴᠢᠷᠠᠵᠤ᠂ ᠲᠣᠭᠠᠴᠢᠯᠠᠭᠰᠠᠨ ᠠᠵᠤ ᠠᠬᠤᠶ ᠶᠢᠨ ᠠᠵᠤ ᠦᠶᠯᠡᠰ ᠤᠨ ᠰᠢᠰᠲ᠋ᠧᠮ ᠢ ᠪᠥᠬᠦ ᠲᠠᠯ᠎ᠠ ᠪᠠᠷ ᠪᠠᠶᠢᠭᠤᠯᠵᠤ᠂ ᠲᠣᠭᠠᠴᠢᠯᠠᠭᠰᠠᠨ ᠣᠯᠠᠨ ᠨᠡᠶᠢᠲᠡ ᠶᠢᠨ ᠦᠶᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠲᠣᠮᠣ ᠳ᠋ᠠᠶᠢᠲ᠋ᠠ ᠶᠢᠨ ᠠᠵᠤ ᠦᠶᠯᠡᠰ ᠢ ᠦᠢᠯᠡᠳᠦᠯᠭᠡᠵᠢᠭᠦᠯᠬᠦ ᠪᠠ ᠦᠢᠯᠡᠴᠢᠯᠡᠭᠡᠵᠢᠭᠦᠯᠬᠦ ᠶᠢ ᠬᠦᠴᠦᠯᠡᠨ ᠠᠬᠢᠭᠤᠯᠤᠨ᠎ᠠ᠃ ᠳ᠋ᠦᠩ ᠶᠠᠩ ᠭᠤᠸᠠᠩ᠂ ᠬᠠᠢ ᠯᠢ ᠬᠤᠸᠠ ᠪᠦᠸᠧ ᠶᠢᠨ ᠪᠡᠯᠡ ᠤᠷᠤᠭᠤᠯᠵᠤ ᠠᠵᠤ ᠦᠢᠯᠡᠰ ᠢᠶᠠᠨ ᠦᠷᠭᠡᠳᠭᠡᠬᠦ ᠶᠢ ᠲᠦᠷᠭᠡᠳᠬᠡᠵᠦ᠂ ᠵᠢᠩ ᠨᠢᠩ  2×66 ᠲᠦᠮᠡᠨ ᠬᠢᠯᠦᠸᠠᠲ ᠢᠯᠴᠢ ᠴᠠᠬᠢᠯᠭᠠᠨ ᠬᠤᠯᠪᠣᠭᠠᠯᠠᠨ ᠦᠢᠯᠡᠳᠪᠦᠷᠢᠯᠡᠬᠦ᠂ ᠬᠠᠢ ᠯᠢ ᠴᠠᠬᠢᠯᠭᠠᠨ ᠪᠠᠭᠲᠠᠭᠠᠭᠴᠢ ᠶᠢ ᠪᠠᠶᠢᠭᠤᠯᠤᠨ ᠠᠵᠢᠯᠯᠠᠭᠤᠯᠵᠦ᠂ ᠶᠢᠨ ᠱᠦᠸᠧ ᠣᠷᠴᠢᠨ ᠲᠣᠭᠤᠷᠢᠨ᠂ ᠨᠠᠨ ᠳ᠋ᠠ ᠭᠡᠷᠡᠯ ᠴᠠᠬᠢᠯᠭᠠᠨ ᠤ ᠬᠤᠶᠠᠳᠤᠭᠠᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠭᠧ ᠯᠧᠢ ᠸᠧᠢ ᠡᠯ ᠵᠡᠷᠭᠡ ᠲᠣᠰ ᠭᠠᠵᠠᠷ ᠤᠨ ᠲᠣᠨᠤᠭ ᠰᠡᠯᠪᠢᠭ ᠤᠨ ᠠᠵᠤ ᠠᠬᠤᠶᠢᠯᠠᠯ ᠢ ᠥᠭᠡᠷᠡᠴᠢᠯᠡᠨ ᠰᠢᠨᠡᠳᠬᠡᠵᠦ ᠳᠡᠰ ᠳᠡᠪᠰᠢᠭᠦᠯᠬᠦ ᠶᠢ ᠳᠠᠮᠵᠢᠵᠤ᠂ ᠳ᠋ᠦᠩ ᠶᠠᠩ ᠭᠤᠸᠠᠩ ᠴᠧᠩ ᠪᠦᠸᠧ᠂ ᠰᠠᠨ ᠰᠢᠨ ᠨᠠᠵᠠᠭᠠᠢ ᠮᠠᠲ᠋ᠧᠷᠢᠶᠠᠯ ᠵᠡᠷᠭᠡ ᠲᠥᠷᠦᠯ ᠵᠦᠢᠯ ᠢ ᠳᠠᠷᠤᠢ ᠲᠦᠷᠭᠡᠨ ᠪᠠᠶᠢᠭᠤᠯᠬᠤ ᠶᠢ  ᠢᠳᠡᠪᠬᠢᠯᠡᠨ ᠠᠬᠢᠭᠤᠯᠵᠤ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠡᠷᠴᠢᠮᠵᠢᠬᠦ᠂ ᠬᠡᠪᠴᠢᠶᠡᠵᠢᠬᠦ ᠶᠢ ᠬᠦᠴᠦᠯᠡᠨ ᠠᠬᠢᠭᠤᠯᠦᠨ᠎ᠡ᠃ ︽  ᠮᠧᠩ ᠽᠢ ᠨᠡᠷᠡᠮᠵᠢᠲᠦ︾᠎  ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠱᠤᠸᠠᠩ ᠾᠦᠢ᠂ ᠨᠠᠷᠠᠰᠤᠨ ᠠᠷᠢᠬᠢᠨ ᠦᠶᠯᠡᠰ ᠤᠨ ᠨᠡᠭᠦᠯᠭᠡᠨ ᠥᠭᠡᠷᠡᠴᠢᠯᠡᠬᠦ ᠶᠢ ᠠᠬᠢᠭᠤᠯᠵᠤ᠂ ᠯᠠᠨ ᠭᠧ ᠭᠧ᠂ ᠮᠠ ᠣᠪᠤᠭᠳᠤ ᠶᠢᠨ ᠯᠠᠯᠤ ᠶᠢᠨ ᠢᠳᠡᠭᠡᠨ ᠵᠡᠷᠭᠡ ᠠᠵᠤ ᠠᠬᠤᠶᠢᠯᠠᠯ ᠤᠨ ᠨᠠᠷᠠᠲᠤ  ᠲᠡᠮᠳᠡᠭᠲᠦ ᠶᠢᠨ ᠠᠯᠳᠠᠷ ᠢᠶᠠᠨ ᠳᠡᠭᠡᠭᠰᠢᠯᠡᠭᠦᠯᠬᠦ ᠶᠢ ᠳᠡᠮᠵᠢᠵᠦ᠂ ᠲᠥᠮᠥᠰᠥ᠂ ᠮᠢᠬᠠᠨ ᠢᠳᠡᠭᠡᠨ᠂ ᠴᠠᠭᠠᠨ ᠢᠳᠡᠭᠡᠨ ᠪᠠ ᠡᠯᠳᠡᠪ ᠠᠮᠤ ᠢᠳᠡᠰᠢᠨ ᠨᠣᠭᠤᠭ᠎ᠠ ᠶᠢ ᠡᠳ᠋ᠰᠢᠭᠦᠯᠬᠦ‍ ᠨᠢᠭᠡ ᠪᠦᠯᠦᠭ ᠠᠵᠤ ᠠᠬᠤᠶᠢᠯᠠᠯ ᠢ ᠣᠷᠣᠭᠤᠯᠤᠨ ᠠᠪᠴᠢᠷᠠᠵᠦ᠂ ᠪᠣᠬᠢᠷᠲᠤᠯ ᠥᠬᠡᠶ ᠢᠳᠡᠭᠡᠨ ᠡᠳ᠋ᠰᠢᠭᠦᠯᠬᠦ ᠠᠵᠤ ᠦᠶᠯᠡᠰ ᠤᠨ ᠪᠠᠷᠢᠮᠵᠢᠶᠠᠵᠢᠯᠲᠠ᠂ ᠨᠠᠷᠠᠲᠤ ᠳᠡᠮᠳᠡᠭᠵᠢᠯᠲᠡ ᠶᠢᠨ ᠴᠢᠭᠯᠡᠯ ᠢᠶᠠᠷ ᠤᠷᠤᠭᠰᠢᠯᠠᠬᠤ ᠶᠢ ᠬᠦᠴᠦᠯᠡᠨ ᠠᠬᠢᠭᠤᠯᠦᠨ᠎ᠡ᠃ B ᠬᠡᠯᠪᠡᠷᠢ ᠶᠢᠨ ᠬᠠᠮᠠᠭᠠᠯᠠᠯᠲᠠ ᠶᠢᠨ ᠲᠥᠪ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ᠂ ᠤᠮᠠᠷᠠᠲᠤ ᠶᠢᠨ ᠡᠬᠡ ᠬᠠᠭᠤᠷᠠᠶ ᠶᠢᠨ ᠭᠠᠷᠠᠮ ᠵᠡᠷᠭᠡ ᠲᠠᠪᠴᠠᠩ ᠤᠨ ᠳᠠᠪᠠᠭᠤᠯᠢᠭ ᠢ ᠭᠦᠶᠴᠡᠳ ᠪᠠᠳᠠᠷᠠᠭᠤᠯᠵᠤ᠂ ᠳᠣᠯᠣᠳᠤᠭᠠᠷ ᠰᠤᠮᠤ ᠶᠢᠨ ᠪᠠᠷᠠᠭᠠᠨ ᠭᠦᠶᠯᠭᠡᠭᠡᠨ ᠤ ᠰᠠᠭᠤᠷᠢᠨ ᠭᠠᠵᠠᠷ ᠤᠨ ᠶᠡᠷᠦᠩᠬᠡᠶᠢᠯᠡᠭᠰᠡᠨ ᠬᠠᠮᠠᠭᠠᠯᠠᠯᠲᠠ ᠶᠢᠨ ᠣᠷᠣᠨ ᠢᠶᠠᠷ ᠮᠡᠳᠡᠭᠦᠯᠬᠦ ᠶᠢ ᠢᠳᠡᠪᠬᠢᠲᠡᠶ ᠠᠬᠢᠭᠤᠯᠦᠨ᠎ᠡ᠃ ᠳᠤᠮᠳᠠᠳᠤ ᠣᠷᠣᠰ ᠮᠣᠩᠭᠤᠯ ᠣᠯᠠᠨ ᠤᠯᠤᠰ ᠤᠨ ᠠᠵᠤ ᠠᠬᠤᠶ ᠶᠢᠨ ᠠᠵᠤ ᠦᠶᠯᠡᠰ ᠤᠨ ᠬᠦᠷᠢᠶᠡᠯᠡᠩ᠂ ᠪᠣᠬᠢᠷᠲᠤᠯ ᠥᠬᠡᠶ ᠭᠠᠳᠠᠭᠠᠳᠤ ᠠᠴᠠ ᠣᠷᠣᠭᠤᠯᠵᠤ ᠭᠠᠷᠭᠠᠬᠤ ᠠᠮᠤ ᠲᠣᠰᠣ ᠬᠥᠮᠥᠷᠭᠡᠯᠡᠨ ᠬᠠᠳᠠᠭᠠᠯᠠᠵᠤ ᠡᠳ᠋ᠰᠢᠭᠦᠯᠬᠦ ᠬᠦᠷᠢᠶᠡᠯᠡᠩ᠂ ᠡᠯᠧᠺᠲᠷᠣᠨ ᠴᠠᠬᠢᠯᠭᠠᠨ ᠬᠡᠷᠡᠭᠰᠡᠯ ᠤᠨ ᠠᠵᠤ ᠦᠶᠯᠡᠰ ᠤᠨ ᠬᠦᠷᠢᠶᠡᠯᠡᠩ᠂ ᠳᠡᠭᠡᠳᠦ ᠲᠠᠰ ᠤᠨ ᠲᠣᠨᠤᠭ ᠲᠥᠬᠦᠭᠡᠷᠦᠮᠵᠢ ᠦᠶᠯᠡᠳᠬᠦ ᠠᠵᠤ ᠦᠶᠯᠡᠰ ᠤᠨ ᠬᠦᠷᠢᠶᠡᠯᠡᠩ ᠢ ᠲᠥᠯᠥᠪᠵᠢᠭᠦᠯᠦᠨ ᠪᠠᠶᠢᠭᠤᠯᠵᠤ᠂ ᠳᠤᠮᠳᠠᠳᠤ ᠧᠦ᠋ᠷᠣᠫᠠ ᠶᠢᠨ ᠡᠭᠡᠯᠵᠢ ᠶᠢᠨ ᠭᠠᠯᠲᠤ ᠲᠡᠷᠭᠡ ᠶᠢᠨ ᠢᠷᠡᠵᠦ ᠶᠠᠪᠤᠬᠤ ᠪᠠᠷᠠᠭᠠᠨ ᠤ ᠨᠡᠮᠡᠯᠲᠡ ᠥᠷᠲᠡᠭ ᠢ ᠳᠡᠭᠡᠭᠰᠢᠯᠡᠭᠦᠯᠵᠦ᠂ ︽ᠦᠷ᠎ᠡ ᠠᠰᠢᠭ ᠲᠤᠤᠷ᠎ᠠ︾ ᠠᠰᠠᠭᠤᠳᠠᠯ ᠢ ᠦᠨᠡᠨ ᠬᠦ ᠰᠢᠢᠳᠪᠦᠷᠢᠯᠡᠨ᠎ᠡ᠃ ᠸᠠᠨ ᠳ᠋ᠠ᠂ ᠸᠧᠢ ᠳ᠋ᠦᠸᠧ ᠯᠢ᠂ ᠠᠷᠠᠰᠤᠨ ᠡᠳ᠋ᠯᠡᠯ ᠤᠨ ᠬᠤᠲᠠ ᠵᠡᠷᠭᠡ ᠭᠤᠷᠪᠠᠨ ᠶᠡᠭᠡ ᠬᠤᠳᠠᠯᠳᠤᠭᠠᠨ ᠤ ᠲᠣᠭᠤᠷᠢᠭ ᠤᠨ ᠡᠵᠡᠩᠨᠡᠯᠲᠡ ᠶᠢᠨ ᠬᠡᠯᠪᠡᠷᠢ ᠶᠢ ᠳᠡᠰ ᠳᠡᠪᠰᠢᠭᠦᠯᠬᠦ ᠶᠢ ᠠᠬᠢᠭᠤᠯᠵᠤ᠂ ᠴᠠᠬᠠᠷ ᠡᠷᠲᠡᠨ ᠤ ᠵᠡᠭᠡᠯᠢ᠂ ᠵᠢᠨᠢᠩ ᠡᠷᠲᠡᠨ ᠤ ᠬᠤᠲᠠ᠂ ᠵᠢᠨᠢᠩ ᠵᠠᠮ ᠤᠨ ᠰᠣᠶᠣᠯ ᠠᠷᠠᠯᠵᠢᠶ᠎ᠠ ᠵᠢᠭᠤᠯᠴᠢᠯᠠᠯ ᠤᠨ ᠵᠡᠭᠡᠯᠢ ᠶᠢᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠲᠦᠷᠭᠡᠳᠬᠡᠵᠦ᠂ ᠨᠢᠭᠡ ᠪᠦᠯᠦᠭ ᠣᠨᠴᠠᠯᠢᠭᠲᠤ ᠬᠤᠳᠠᠯᠳᠤᠭ᠎ᠠ᠂ ᠰᠣᠶᠣᠯ ᠰᠡᠯᠡᠭᠦᠴᠡᠯ᠂ ᠰᠥᠨᠢ ᠶᠢᠨ ᠠᠵᠤ ᠠᠬᠤᠢ ᠶᠢᠨ ᠲᠥᠪᠯᠡᠷᠡᠯ ᠤᠨ ᠣᠷᠣᠨ ᠢ ᠪᠦᠬᠦ ᠬᠦᠴᠦᠨ ᠢᠶᠠᠷ ᠢᠶᠠᠨ ᠪᠠᠶᠢᠭᠤᠯᠵᠤ᠂ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠳᠡᠰ ᠳᠡᠪᠰᠢᠨ᠂ ᠪᠦᠯᠦᠭᠵᠢᠨ ᠤᠷᠤᠭᠰᠢᠯᠠᠬᠤ ᠶᠢ ᠬᠦᠴᠦᠯᠡᠨ ᠠᠬᠢᠭᠤᠯᠦᠨ᠎ᠡ᠃ ︽ᠤᠯᠤᠰ ᠤᠨ ᠳᠡᠰ ᠤᠨ ᠪᠦᠬᠦ ᠣᠷᠣᠨ ᠪᠦᠰᠡ ᠶᠢᠨ ᠵᠤᠭᠠᠴᠠᠯ ᠤᠨ ᠵᠢᠱᠢᠶ᠎ᠡ ᠦᠵᠡᠭᠦᠯᠬᠦ ᠲᠣᠭᠤᠷᠢᠭ︾᠎ ᠢ ᠡᠭᠦᠳᠦᠨ ᠪᠠᠶᠢᠭᠤᠯᠬᠤ ᠠᠴᠠ ᠭᠠᠷᠳᠠᠵᠤ᠂ ᠵᠢᠨᠢᠩ ᠤᠨ ᠬᠤᠪᠢᠰᠬᠠᠯᠲᠤ ᠳᠠᠶᠢᠯᠠᠯᠳᠤᠭᠠᠨ ᠤ ᠳᠤᠷᠠᠰᠬᠠᠯ ᠤᠨ ᠬᠦᠷᠢᠶᠡᠯᠡᠩ ᠤᠨ 5 A ᠲᠡᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠡᠬᠢᠯᠡᠭᠦᠯᠵᠦ᠂ ᠴᠠᠬᠠᠷ ᠦᠨᠳᠦᠰᠦᠲᠡᠨ ᠤ ᠵᠠᠩ ᠦᠢᠯᠡ ᠶᠢᠨ ᠮᠦᠽᠧᠢ ᠶᠢ ᠳᠡᠰ ᠳᠡᠪᠰᠢᠭᠦᠯᠦᠨ ᠥᠭᠡᠷᠡᠴᠢᠯᠡᠵᠦ᠂ ᠬᠤᠪᠢᠰᠬᠠᠯᠲᠤ ᠳᠠᠶᠢᠯᠠᠯᠳᠤᠭᠠᠨ ᠤ ᠳᠤᠷᠠᠰᠬᠠᠯ ᠤᠨ ᠬᠦᠷᠢᠶᠡᠯᠡᠩ ᠵᠢᠴᠢ ᠵᠢᠨᠢᠩ ᠤᠨ ᠳᠠᠶᠢᠯᠠᠯᠳᠤᠭᠠᠨ ᠤ ᠬᠠᠭᠤᠴᠢᠨ ᠪᠠᠭᠤᠷᠢ᠂ ᠰᠦᠢ ᠮᠧᠩ ᠴᠡᠷᠢᠭ ᠤᠨ ᠲᠣᠭᠤᠷᠢᠭ ᠤᠨ ᠰᠧᠯᠢᠩᠪᠦ᠋ ᠵᠡᠷᠭᠡ ᠬᠤᠪᠢᠰᠬᠠᠯᠲᠤ ᠦᠯᠡᠳᠡᠭᠳᠡᠯ ᠳᠤ ᠲᠦᠰᠢᠭᠯᠡᠨ᠂ ᠬᠤᠪᠢᠰᠬᠠᠯ ᠤᠨ ᠰᠤᠳᠤᠯᠤᠨ ᠰᠤᠷᠤᠯᠴᠠᠬᠤ ᠵᠤᠭᠠᠴᠠᠯ ᠤᠨ ᠵᠠᠮ ᠱᠤᠭᠤᠮ ᠢ ᠪᠦᠬᠦ ᠬᠦᠴᠦᠨ ᠢᠶᠠᠷ ᠪᠠᠶᠢᠭᠤᠯᠦᠨ᠎ᠡ᠃ ᠨᠡᠷᠡᠨ ᠭᠡᠷᠡᠯᠲᠦ ᠲᠠᠯ᠎ᠠ ᠨᠤᠲᠤᠭ ᠤᠨ ᠠᠶᠢᠯ ᠭᠡᠷ ᠲᠤ ᠬᠤᠨᠣᠭᠯᠠᠬᠤ ᠰᠠᠭᠤᠷᠢᠰᠢᠯ ᠳᠤ ᠲᠦᠰᠢᠭᠯᠡᠨ᠂ ᠨᠢᠭᠡ ᠪᠦᠯᠦᠭ ᠣᠨᠴᠠᠯᠢᠭᠲᠤ ᠠᠶᠢᠯ ᠭᠡᠷ ᠲᠤ ᠬᠤᠨᠣᠭᠯᠠᠬᠤ ᠰᠠᠭᠤᠷᠢᠰᠢᠯ ᠢ ᠲᠦᠷᠭᠡᠳᠬᠡᠨ ᠪᠠᠶᠢᠭᠤᠯᠵᠤ ︽ᠨᠢᠭᠡ ᠲᠣᠰᠬᠤᠨ ᠤ ᠨᠢᠭᠡ ᠦᠶᠯᠡᠳᠬᠦᠨ︾᠂ ︽ᠨᠢᠭᠡ ᠲᠣᠰᠬᠤᠨ ᠤ ᠨᠢᠭᠡ ᠦᠵᠡᠮᠵᠢᠳᠦ︾ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠤᠨ ᠵᠠᠮ ᠱᠤᠭᠤᠮ ᠢ ᠪᠥᠬᠦ ᠬᠦᠴᠦᠨ ᠎ ᠢᠶᠠᠷ ᠢᠶᠠᠨ  ᠴᠣᠭᠴᠠᠯᠠᠵᠤ᠂ ᠤᠮᠠᠷᠠᠲᠤ ᠶᠢᠨ ᠲᠠᠯ᠎ᠠ ᠨᠤᠲᠤᠭ  ᠵᠢᠴᠢ ᠳ᠋ᠠ ᠾᠧ ᠸᠠᠨ ᠣᠯᠠᠨ ᠤᠯᠤᠰ ᠤᠨ ᠴᠠᠰᠤᠨ ᠳᠤ ᠭᠤᠯᠭᠤᠬᠤ ᠲᠠᠯᠠᠪᠠᠢ ᠵᠡᠷᠭᠡ ᠡᠬᠢ ᠪᠠᠶᠠᠯᠢᠭ ᠲᠤ ᠲᠦᠰᠢᠭᠯᠡᠨ᠂ ᠵᠤᠨ ᠤ ᠤᠯᠠᠷᠢᠯ ᠤᠨ ᠲᠠᠯ᠎ᠠ ᠨᠤᠲᠤᠭ ᠤᠨ ᠵᠠᠩ ᠦᠢᠯᠡ ᠶᠢᠨ ᠵᠢᠭᠤᠯᠴᠢᠯᠠᠯ᠂ ᠡᠪᠦᠯ ᠤᠨ ᠤᠯᠠᠷᠢᠯ ᠤᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠤ ᠵᠢᠭᠤᠯᠴᠢᠯᠠᠯ ᠤᠨ ᠵᠠᠮ ᠱᠤᠭᠤᠮ ᠢ ᠪᠦᠬᠦ ᠬᠦᠴᠦᠨ ᠢᠶᠠᠷ ᠢᠶᠠᠨ ᠪᠠᠶᠢᠭᠤᠯᠦᠨ᠎ᠡ᠃ ︽ᠲᠠᠪᠤᠨ ᠣᠷᠳᠣᠨ ᠨᠢᠭᠡ ᠲᠠᠯᠠᠪᠤᠷ ᠨᠢᠭᠡ ᠲᠥᠪ︾᠎ ᠲᠤ ᠲᠦᠰᠢᠭᠯᠡᠨ᠂ ᠨᠢᠭᠡ ᠪᠦᠯᠦᠭ ᠨᠥᠯᠥᠭᠡᠯᠡᠬᠦ ᠬᠦᠴᠦᠨ ᠲᠠᠢ ᠴᠤᠭᠯᠠᠭᠠᠨ ᠦᠵᠡᠰᠬᠦᠯᠡᠩ ᠤᠨ ᠠᠵᠢᠯᠯᠠᠭ᠎ᠠ᠂ ᠪᠡᠶ᠎ᠡ ᠶᠢᠨ ᠲᠠᠮᠢᠷ ᠤᠨ ᠤᠷᠤᠯᠳᠤᠭᠠᠨ ᠢ ᠳᠠᠭᠠᠭᠠᠨ ᠡᠷᠬᠢᠯᠡᠵᠦ᠂ ᠲᠠᠯ᠎ᠠ ᠨᠤᠲᠤᠭ ᠤᠨ ᠴᠤᠭᠯᠠᠭᠠᠨ ᠦᠵᠡᠰᠬᠦᠯᠡᠩ ᠤᠨ ᠤᠷᠤᠯᠳᠤᠭᠠᠨ ᠤ ᠬᠤᠲᠠ ᠶᠢᠨ ᠨᠡᠷᠡᠲᠦ ᠲᠡᠮᠳᠡᠭᠲᠦ ᠶᠢ ᠪᠦᠬᠦ ᠲᠠᠯ᠎ᠠ ᠪᠠᠷ ᠪᠤᠢ ᠪᠣᠯᠭᠠᠨ᠎ᠠ᠃ ᠹᠦ᠋ ᠷᠦᠢ ᠡᠷᠡᠭᠦᠯᠵᠢᠯ ᠰᠤᠪᠢᠯᠠᠯᠲᠠ ᠶᠢ ᠪᠦᠬᠦᠯᠢ ᠴᠣᠭᠴᠠᠵᠢᠭᠤᠯᠬᠤ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠤᠯᠤᠰ ᠤᠨ ᠳᠣᠲᠣᠭᠠᠳᠤ ᠶᠢᠨ ᠨᠠᠷᠠᠲᠤ ᠡᠷᠡᠭᠦᠯᠵᠢᠯ ᠰᠤᠪᠢᠯᠠᠯᠲᠠ ᠶᠢᠨ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠪᠠᠶ ᠸᠠᠩ᠂  ᠤᠯᠠᠭᠠᠨ ᠨᠠᠭᠤᠷ᠂  ᠴᠠᠭᠠᠨ ᠨᠠᠭᠤᠷ ᠭᠤᠷᠪᠠᠨ ᠶᠡᠭᠡ ᠡᠷᠡᠭᠦᠯᠵᠢᠯ ᠰᠤᠪᠢᠯᠠᠯᠲᠠ ᠶᠢᠨ ᠣᠷᠣᠨ ᠢ ᠪᠥᠬᠦ ᠬᠦᠴᠦᠨ ᠢᠶᠠᠷ ᠢᠶᠠᠨ ᠪᠠᠶᠢᠭᠤᠯᠤᠨ᠂ ᠰᠣᠶᠣᠯ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ ᠦᠶᠯᠡᠰ ᠢ  ᠰᠢᠯᠢᠳᠡᠭᠵᠢᠭᠦᠯᠦᠨ ᠴᠣᠭᠴᠠᠵᠢᠭᠤᠯᠬᠤ ᠶᠢ ᠬᠦᠴᠦᠯᠡᠨ ᠠᠬᠢᠭᠤᠯᠦᠨ᠎ᠡ᠃       ︵ᠬᠤᠶᠠᠷ︶ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠬᠦᠴᠦᠨ ᠢᠶᠠᠷ ᠠᠬᠢᠭᠤᠯᠦᠨ᠎ᠡ᠃ ᠲᠠᠷᠢᠶᠠᠯᠠᠩ ᠠᠵᠤ ᠠᠬᠤᠢ ᠬᠥᠳᠡᠭᠡ ᠲᠣᠰᠬᠤᠨ ᠢ ᠤᠷᠢᠳ ᠢᠶᠠᠷ ᠬᠥᠭᠵᠢᠭᠦᠯᠬᠦ ᠴᠢᠭᠯᠡᠯᠲᠡ ᠶᠢ ᠪᠠᠷᠢᠮᠲᠠᠯᠠᠵᠤ᠂ ᠴᠢᠨᠠᠷᠯᠢᠭ᠂ ᠪᠦᠲᠦᠮᠵᠢᠲᠡᠢ᠂ ᠣᠷᠣᠰᠢᠨ ᠰᠠᠭᠤᠬᠤ ᠳᠤ ᠲᠣᠬᠢᠲᠠᠢ᠂ ᠦᠢᠯᠡᠰ ᠪᠤᠰᠬᠠᠬᠤ ᠳᠤ ᠲᠣᠬᠢᠷᠠᠮᠵᠢᠲᠠᠢ᠂ ᠲᠠᠷᠢᠶᠠᠴᠢᠳ ᠢ ᠪᠠᠶᠠᠵᠢᠭᠤᠯᠤᠨ ᠴᠢᠨᠡᠭᠡᠯᠢᠭᠵᠢᠭᠦᠯᠬᠦ ᠬᠥᠳᠡᠭᠡ ᠠᠵᠤ ᠠᠬᠤᠢ ᠶᠢ ᠪᠦᠬᠦ ᠲᠠᠯ᠎ᠠ ᠪᠠᠷ ᠠᠬᠢᠭᠤᠯᠦᠨ᠎ᠡ᠃ ᠬᠤᠲᠠ ᠶᠢᠨ ᠲᠡᠭᠦᠷᠭᠡ ᠶᠢᠨ ᠬᠡᠯᠪᠡᠷᠢ ᠶᠢᠨ ᠲᠠᠷᠢᠶᠠᠯᠠᠩ ᠢ ᠶᠡᠬᠡᠪᠡᠷ ᠬᠥᠭᠵᠢᠭᠦᠯᠦᠨ᠎ᠡ᠃ ᠬᠥᠳᠡᠭᠡ ᠲᠣᠰᠬᠤᠨ ᠤ ᠬᠠᠮᠲᠤ ᠶᠢᠨ ᠭᠠᠵᠠᠷ ᠰᠢᠷᠣᠶ᠂ ᠬᠥᠳᠡᠭᠡ ᠲᠣᠰᠬᠤᠨ ᠤ ᠣᠷᠣᠨ ᠰᠠᠭᠤᠴᠠ ᠶᠢᠨ ᠭᠠᠵᠠᠷ  ᠰᠢᠷᠦᠢ ᠶᠢᠨ ᠥᠮᠴᠢᠯᠡᠬᠦ ᠡᠷᠬᠡ ᠶᠢᠨ ᠲᠦᠷᠢᠮ ᠤᠨ ᠥᠭᠡᠷᠡᠴᠢᠯᠡᠯᠲᠡ ᠶᠢ ᠲᠦᠷᠭᠡᠳᠬᠡᠨ ᠲᠡᠭᠦᠯᠳᠡᠷᠵᠢᠭᠦᠯᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠪᠠ ᠠᠮᠤ ᠪᠤᠳᠠᠭᠠᠨ ᠤ ᠠᠮᠤᠷ ᠲᠦᠪᠰᠢᠨ ᠢ ᠪᠠᠳᠤᠯᠠᠬᠤ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ 1 ᠲᠦᠮᠡᠨ‌ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ ᠨᠢᠭᠡ ᠬᠤᠶᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠭᠦᠨᠵᠡᠭᠡᠢ ᠠᠬᠢᠭᠤᠯᠵᠤ᠂ ᠴᠢᠤᠸᠠᠨ ᠨᠤᠤ ᠮᠠᠯ ᠲᠡᠵᠢᠭᠡᠪᠦᠷᠢ ᠶᠢᠨ ᠠᠷᠠᠯᠵᠢᠶᠠᠨ ᠤ ᠵᠠᠬ᠎ᠠ ᠳᠡᠯᠭᠡᠭᠦᠷ ᠢ ᠡᠬᠢᠯᠡᠨ ᠬᠡᠷᠡᠭᠵᠢᠭᠦᠯᠵᠦ᠂ ᠭᠠᠵᠠᠷ ᠣᠷᠣᠨ ᠤ ᠪᠠᠶᠢᠳᠠᠯ ᠳᠠᠭᠠᠨ ᠲᠤᠬᠢᠷᠠᠭᠤᠯᠤᠨ  ᠪᠦᠷᠢᠨ ᠳᠦᠬᠦᠷ ᠲᠥᠬᠦᠭᠡᠷᠦᠮᠵᠢᠲᠦ ᠲᠠᠷᠢᠬᠤ᠂ ᠴᠢᠤᠸᠠᠨ ᠨᠥᠸᠧ ᠲᠡᠵᠢᠭᠡᠨ ᠦᠷᠡᠵᠢᠭᠦᠯᠬᠦ᠂ ᠵᠢᠷᠭᠤᠳᠤᠭᠠᠷ ᠰᠤᠮᠤ ᠶᠢᠨ ᠠᠮᠢ ᠠᠬᠤᠢ ᠶᠢᠨ ᠳᠡᠭᠦᠨ ᠴᠤᠭᠯᠠᠭᠤᠯᠬᠤ ᠲᠥᠷᠥᠯ ᠵᠦᠢᠯ ᠢ ᠪᠠᠶᠢᠭᠤᠯᠵᠤ᠂ ᠬᠥᠳᠡᠭᠡ ᠲᠣᠰᠬᠤᠨ ᠤ ᠵᠤᠭᠠᠴᠠᠯ ᠢᠶᠠᠷ ᠠᠴᠢᠶᠠᠯᠠᠪᠤᠷᠢ ᠪᠣᠯᠭᠠᠭᠰᠠᠨ᠂ ᠠᠮᠢ ᠠᠬᠤᠢ ᠶᠢᠨ ᠲᠠᠷᠢᠶᠠᠯᠠᠩ᠂ ᠵᠤᠭᠠᠴᠠᠯ ᠤᠨ ᠲᠠᠷᠢᠶᠠᠯᠠᠩ᠂ ᠳᠡᠭᠦᠨ ᠴᠤᠭᠯᠠᠭᠤᠯᠬᠤ ᠲᠠᠷᠢᠶᠠᠯᠠᠩ ᠢᠶᠠᠷ ᠭᠤᠣᠯ ᠪᠣᠯᠭᠠᠭᠰᠠᠨ ᠬᠤᠲᠠ ᠶᠢᠨ ᠳᠡᠭᠦᠷᠭᠡ ᠶᠢᠨ ᠣᠳᠣᠬᠢᠴᠢᠯᠠᠭᠰᠠᠨ ᠲᠠᠷᠢᠶᠠᠯᠠᠩ ᠤᠨ ᠬᠥᠭᠵᠢᠯᠲᠡ ᠶᠢᠨ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠦᠨ᠎ᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ  ᠦᠷᠭᠡᠳᠭᠡᠵᠦ᠂ ᠳᠠᠬᠢᠨ ᠶᠠᠳᠠᠭᠤᠷᠠᠬᠤ ᠠᠴᠠ ᠰᠡᠷᠭᠡᠶᠢᠯᠡᠬᠦ ᠬᠥᠳᠡᠯᠦᠩᠭᠦᠶ ᠬᠢᠨᠠᠨ ᠰᠢᠨᠵᠢᠯᠡᠯᠳᠡ ᠪᠠ ᠣᠨᠣᠪᠴᠢᠲᠠᠶ ᠪᠠᠷ ᠬᠠᠪᠰᠤᠷᠤᠨ ᠲᠡᠳᠬᠦᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠬᠦᠯᠵᠦ᠂ ᠰᠤᠷᠭᠠᠨ ᠬᠥᠮᠦᠵᠢᠯ᠂ ᠡᠮᠴᠢᠯᠡᠭᠡ᠂ ᠣᠷᠣᠨ ᠰᠠᠭᠤᠴᠠ᠂ ᠤᠤᠭᠤᠬᠤ ᠤᠰᠤᠨ ᠤ ᠠᠮᠤᠷ ᠲᠦᠪᠰᠢᠨ ᠵᠡᠷᠭᠡ ᠠᠷᠠᠳ ᠤᠨ ᠠᠮᠢᠳᠤᠷᠠᠯ ᠤᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠤᠨ᠂ ᠶᠠᠳᠠᠭᠤ ᠬᠦᠴᠢᠷᠳᠡᠯᠲᠡᠶ ᠡᠷᠦᠬᠡ ᠶᠢ  ᠶᠠᠳᠠᠭᠤ ᠠᠴᠠ ᠨᠢ ᠠᠩᠭᠢᠵᠢᠷᠠᠭᠤᠯᠤᠨ ᠳᠠᠬᠢᠨ ᠶᠠᠳᠠᠭᠤᠷᠠᠬᠤ ᠥᠬᠡᠶ ᠪᠠᠶᠢᠬᠤ ᠶᠢ ᠦᠨᠡᠨᠬᠦ ᠪᠠᠳᠤᠯᠠᠨ᠎ᠡ᠃ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠠᠴᠠ ᠠᠵᠤ ᠦᠶᠯᠡᠰ ᠢ ᠬᠥᠭᠵᠢᠭᠦᠯᠦᠨ ᠮᠠᠨᠳᠤᠭᠤᠯᠬᠤ ᠲᠡᠶᠢᠰᠢ ᠬᠤᠪᠢᠷᠠᠭᠤᠯᠬᠤ ᠶᠢ ᠲᠦᠷᠭᠡᠳᠬᠡᠵᠦ᠂ ᠬᠡᠷ ᠪᠦᠯᠢ ᠶᠢᠨ ᠲᠠᠷᠢᠶᠠᠯᠠᠩ ᠮᠠᠯᠵᠢᠯ ᠤᠨ ᠲᠠᠯᠠᠪᠠᠶ᠂ ᠬᠡᠷ ᠪᠦᠯᠢ ᠶᠢᠨ ᠬᠠᠮᠳᠤᠷᠠᠭᠰᠠᠨ ᠬᠤᠷᠰᠢᠶ᠎ᠠ ᠵᠡᠷᠭᠡ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠪᠤᠶᠢᠵᠢᠭᠤᠯᠤᠨ ᠪᠤᠵᠠᠭᠠᠶᠢᠷᠠᠭᠤᠯᠵᠤ᠂ ᠵᠢᠵᠢᠭ ᠲᠠᠷᠢᠶᠠᠴᠢᠨ ᠡᠷᠦᠬᠡ ᠶᠢ ᠠᠯᠬᠤᠮ ᠠᠯᠬᠤᠮ ᠢᠶᠠᠷ ᠣᠲᠣ ᠦᠶ᠎ᠡ ᠶᠢᠨ ᠲᠠᠷᠢᠶᠠᠯᠠᠩ ᠤᠨ ᠬᠥᠭᠵᠢᠯᠲᠡ ᠶᠢᠨ ᠵᠠᠮ ᠳᠤ ᠣᠷᠣᠭᠤᠯᠵᠤ᠂ ᠥᠷᠭᠡᠨ ᠣᠯᠠᠨ ᠲᠠᠷᠢᠶᠠᠴᠢᠨ ᠢ ᠪᠥᠬᠦ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠤᠭᠰᠠᠨ ᠤ ᠳᠠᠷᠠᠭ᠎ᠠ ᠦᠨᠡᠨ ᠬᠦ ᠨᠠᠩ ᠰᠠᠶᠢᠨ ᠰᠠᠶᠢᠬᠠᠨ ᠠᠮᠢᠳᠤᠷᠠᠯ ᠲᠠᠢ ᠪᠣᠯᠭᠠᠨ᠎ᠡ᠃ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠨᠥᠬᠦᠴᠡᠯ ᠢ ᠴᠡᠭᠴᠡᠯᠡᠨ ᠵᠠᠰᠠᠬᠤ ᠶᠢ ᠴᠢᠩᠭᠠᠳᠬᠠᠨ᠎ᠡ᠃ ᠮᠠᠯ ᠵᠢᠭᠦᠷᠲᠡᠨ ᠤ ᠢᠯᠭᠠᠳᠠᠰᠤ ᠶᠢ ᠡᠬᠢ ᠪᠠᠶᠠᠯᠢᠭᠵᠢᠭᠤᠯᠤᠨ ᠠᠰᠢᠭᠯᠠᠬᠤ ᠲᠥᠷᠦᠯ ᠵᠦᠢᠯ ᠢ ᠪᠠᠶᠢᠭᠤᠯᠤᠨ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠬᠥᠳᠡᠭᠡ ᠲᠣᠰᠬᠤᠨ ᠤ 380 ᠡᠷᠦᠬᠡ ᠶᠢᠨ ᠵᠣᠷᠯᠣᠩ ᠢ ᠰᠢᠨ᠎ᠡ ᠪᠠᠷ ᠪᠠᠶᠢᠭᠤᠯᠵᠤ᠂ 50 ᠺᠢᠯᠦᠮᠧᠲᠷ ᠬᠥᠳᠡᠭᠡ ᠲᠣᠰᠬᠤᠨ ᠤ ᠵᠠᠰᠠᠮᠠᠯ ᠵᠠᠮ ᠢ ᠵᠠᠰᠠᠵᠤ᠂ 19 ᠵᠠᠰᠠᠭ ᠵᠠᠬᠢᠷᠭᠠᠨ ᠤ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ ᠬᠡᠷᠡᠭᠵᠢᠭᠦᠯᠦᠨ᠂ 45 ᠲᠣᠰᠬᠤᠨ ︵ᠵᠠᠰᠠᠭ ᠵᠠᠬᠢᠷᠭᠠᠨ ᠤ ᠪᠣᠰᠤ︶᠎ ᠤ ᠨᠣᠭᠤᠭᠠᠷᠠᠭᠤᠯᠤᠯᠲᠠ ᠭᠤᠶᠤᠵᠢᠭᠤᠯᠤᠯᠲᠠ ᠶᠢᠨ ᠢᠨᠵᠧᠨᠧᠷᠢᠩ ᠢ ᠪᠡᠶᠡᠯᠡᠭᠦᠯᠵᠦ᠂ ᠦᠵᠡᠰᠬᠦᠯᠡᠩᠲᠦ ᠰᠠᠶᠢᠬᠠᠨ ᠲᠠᠭᠠᠯᠠᠮᠵᠢᠲᠠᠢ ᠲᠣᠰᠬᠤᠨ᠂ ᠵᠢᠱᠢᠶ᠎ᠡ ᠦᠵᠡᠭᠦᠯᠬᠦ ᠦᠵᠡᠰᠬᠦᠯᠡᠩᠲᠦ ᠬᠦᠷᠢᠶ᠎ᠡ ᠬᠠᠰᠢᠶ᠎ᠠ ᠎ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠵᠦ᠂ ᠣᠷᠣᠰᠢᠨ ᠰᠠᠭᠤᠬᠤ ᠳᠤ ᠲᠠᠭᠠᠯᠠᠮᠵᠢᠲᠠᠢ ᠦᠵᠡᠰᠬᠦᠯᠡᠩᠲᠦ ᠠᠮᠢ ᠠᠬᠤᠢ ᠶᠢᠨ ᠬᠥᠳᠡᠭᠡ ᠲᠣᠰᠬᠤᠨ ᠢ ᠬᠦᠴᠦᠯᠡᠨ ᠪᠠᠶᠢᠭᠤᠯᠦᠨ᠎ᠡ᠃        ︵ᠭᠤᠷᠪᠠ︶ ᠬᠤᠲᠠ ᠶᠢᠨ ᠴᠢᠳᠠᠮᠵᠢ ᠶᠢᠨ ᠴᠢᠨᠠᠷ ᠴᠢᠨᠰᠠᠭ᠎ᠠ ᠶᠢ ᠪᠦᠬᠦ ᠬᠦᠴᠦᠨ ᠢᠶᠠᠷ ᠳᠡᠭᠡᠭᠰᠢᠯᠡᠭᠦᠯᠦᠨ᠎ᠡ᠃ ᠭᠤᠴᠤ ᠨᠠᠷᠢᠯᠢᠭ ᠲᠣᠭᠤᠷᠢᠭ ᠢ ᠪᠠᠶᠢᠭᠤᠯᠬᠤ ᠶᠢ ᠪᠠᠷᠢᠮᠲᠠᠯᠠᠵᠤ᠂ ᠴᠠᠭ ᠦᠶ᠎ᠡ ᠶᠢ ᠳᠠᠭᠠᠭᠰᠠᠨ᠂ ᠪᠠᠭᠲᠠᠭᠠᠮᠵᠢᠲᠠᠢ᠂ ᠰᠢᠨ᠎ᠡ ᠶᠢ ᠡᠭᠦᠳᠦᠭᠰᠡᠨ᠂ ᠨᠡᠭᠡᠭᠡᠯᠲᠡᠲᠦ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠢ ᠬᠤᠲᠠ ᠶᠢᠨ ᠲᠦᠪ ᠢ ᠡᠷᠡᠰ ᠭᠤᠶᠢᠪᠢᠰᠢ ᠦᠭᠡᠢ ᠪᠠᠷ‌‍ᠪᠠᠶᠢᠭᠤᠯᠦᠨ᠎ᠡ᠃ ᠬᠤᠲᠠ ᠶᠢᠨ ᠰᠢᠨᠡᠴᠢᠯᠡᠯᠲᠡ ᠶᠢ ᠡᠮᠬᠢ ᠵᠢᠷᠤᠮ ᠲᠠᠢ ᠪᠠᠷ ᠠᠬᠢᠭᠤᠯᠦᠨ᠎ᠡ᠃ ᠬᠠᠭᠤᠴᠢᠨ ᠲᠣᠭᠤᠷᠢᠭ ᠤᠨ ᠰᠠᠭᠤᠷᠢ ᠲᠥᠬᠦᠭᠡᠷᠦᠮᠵᠢ᠂ ᠰᠢᠨ᠎ᠡ ᠲᠣᠭᠤᠷᠢᠭ ᠤᠨ ᠨᠡᠶᠢᠲᠡ ᠶᠢᠨ ᠦᠢᠯᠡᠴᠢᠯᠡᠭᠡ ᠶᠢ ᠲᠥᠬᠦᠷᠵᠢᠭᠦᠯᠬᠦ ᠶᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠵᠤ᠂ ᠨᠢᠩ ᠶᠤᠸᠠᠨ ᠵᠠᠮ ᠵᠡᠷᠭᠡ 23 ᠵᠤᠷᠪᠤᠰ ᠵᠠᠮ ᠤᠨ ᠪᠦᠲᠦᠭᠡᠨ ᠪᠠᠶᠢᠭᠤᠯᠤᠯᠲᠠ ᠵᠢᠴᠢ 167 ᠺᠢᠯᠦᠮᠧᠲᠷ ᠤᠨ ᠢᠯᠴᠢ ᠬᠠᠩᠭᠠᠬᠤ᠂ ᠤᠰᠤ ᠬᠠᠩᠭᠠᠬᠤ᠂ ᠪᠠᠶᠢᠭᠠᠯᠢ ᠶᠢᠨ ᠰᠢᠲᠠᠮᠠᠬᠠᠢ ᠬᠡᠢ᠂ ᠳᠤᠮᠳᠠᠬᠢ ᠤᠰᠤ ᠵᠡᠷᠭᠡ ᠬᠤᠭᠤᠯᠠᠢ ᠶᠢᠨ ᠲᠣᠣᠷ ᠢ ᠳᠡᠪᠢᠰᠦᠨ᠎ᠡ᠃ ᠬᠤᠲᠠ ᠶᠢᠨ ᠲᠦᠪ  ᠤᠨ ᠪᠠᠴᠢᠮ ᠪᠠᠶᠢᠳᠠᠯ ᠢ ᠠᠷᠭᠠᠴᠠᠬᠤ ᠤᠰᠤᠨ ᠤ ᠨᠦᠬᠦᠪᠦᠷᠢᠯᠡᠯᠳᠡ ᠵᠢᠴᠢ ᠰᠢᠩᠬᠤᠸᠠ ᠵᠡᠭᠡᠯᠢ ᠶᠢᠨ ᠤᠰᠤᠨ ᠤ ᠦᠢᠯᠡᠳᠪᠦᠷᠢ ᠶᠢ ᠥᠷᠭᠡᠳᠬᠡᠨ ᠪᠠᠶᠢᠭᠤᠯᠬᠤ ᠢᠨᠵᠧᠨᠧᠷᠢᠩ ᠢ ᠲᠦᠷᠭᠡᠳᠬᠡᠨ ᠠᠬᠢᠭᠤᠯᠵᠤ᠂ᠬᠤᠲᠠ ᠶᠢᠨ ᠲᠦᠪ ᠲᠣᠭᠤᠷᠢᠭ ᠤᠨ ᠬᠤᠶᠠᠳᠠᠬᠢ ᠤᠳᠠᠭᠠᠨ ᠤ ᠤᠰᠤ ᠬᠠᠩᠭᠠᠬᠤ ᠲᠥᠬᠦᠭᠡᠷᠦᠮᠵᠢ ᠶᠢ 140 ᠰᠠᠭᠤᠷᠢ ᠥᠭᠡᠷᠡᠴᠢᠯᠡᠵᠦ᠂ 18 ᠲᠦᠮᠡᠨ ᠤᠶᠤᠨᠲᠤ ᠤᠰᠤᠨ ᠬᠡᠮᠵᠢᠭᠦᠷ ᠢ ᠰᠣᠯᠢᠵᠤ᠂ ᠬᠤᠲᠠ ᠶᠢᠨ ᠲᠦᠪ ᠤᠨ ᠤᠰᠤ ᠬᠡᠷᠡᠭᠯᠡᠬᠦ ᠠᠮᠤᠷ ᠲᠦᠪᠰᠢᠨ ᠢ ᠪᠠᠲᠤᠯᠠᠨ᠎ᠡ᠃ ᠴᠢᠶᠣᠤ ᠰᠢ ᠶᠢᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ ᠶᠢ ᠰᠢᠨ᠎ᠡ ᠪᠠᠷ ᠪᠠᠶᠢᠭᠤᠯᠤᠨ᠂ ᠰᠢᠶᠣᠤ ᠳ᠋ᠦᠩ ᠲᠠᠨ ᠪᠤᠵᠠᠷ ᠤᠰᠤ ᠰᠢᠢᠳᠪᠦᠷᠢᠯᠡᠬᠦ ᠦᠢᠯᠡᠳᠪᠦᠷᠢ ᠶᠢ ᠥᠷᠭᠡᠳᠬᠡᠨ ᠪᠠᠶᠢᠭᠤᠯᠵᠤ᠂ 10 ᠰᠠᠭᠤᠷᠢ ᠪᠣᠷᠣᠭᠠᠨ ᠤ ᠤᠰᠤ ᠪᠠ ᠪᠣᠬᠢᠷ ᠤᠰᠤᠨ ᠤ ᠬᠥᠭᠡᠷᠭᠡ ᠶᠢᠨ ᠥᠷᠲᠡᠭᠡ ᠶᠢ ᠥᠭᠡᠷᠡᠴᠢᠯᠡᠨ ᠪᠠᠶᠢᠭᠤᠯᠦᠨ᠎ᠡ᠃ ᠱᠧᠩ ᠵᠢᠶᠠ ᠶᠢᠩ ᠤᠨ 220 kv ᠪᠠ ᠭᠤᠸᠠᠩ ᠮᠢᠩ᠂ ᠶᠦᠩ ᠠᠨ 110 kv ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠠᠶᠢᠭᠤᠯᠤᠨ ᠪᠦᠲᠦᠭᠡᠵᠦ ᠠᠰᠢᠭᠯᠠᠯᠲᠠ ᠳᠤ ᠣᠷᠣᠭᠤᠯᠬᠤ ᠶᠢ ᠲᠦᠯᠬᠢᠨ ᠠᠬᠢᠭᠤᠯᠵᠤ᠂ ᠬᠤᠲᠠ ᠶᠢᠨ ᠲᠦᠪ ᠤᠨ ᠴᠠᠬᠢᠯᠭᠠᠨ ᠬᠡᠷᠡᠭᠯᠡᠬᠦ ᠳᠠᠷᠤᠯᠲᠠ ᠶᠢ ᠤᠯᠠᠮ ᠨᠢᠭᠡ ᠠᠯᠬᠤᠮ ᠨᠠᠮᠳᠠᠭᠤᠯᠦᠨ᠎ᠡ᠃ ᠳᠤᠮᠳᠠᠳᠤ ᠤᠯᠤᠰ ᠤᠨ ᠰᠢᠲᠠᠭᠠᠯᠭ᠎ᠠ᠂ ᠲᠢᠶᠠᠨᠵᠢᠨ ᠤ ᠰᠢᠲᠠᠭᠠᠯᠭ᠎ᠠ ᠶᠢᠨ ᠺᠣᠮᠫᠠᠨᠢ ᠯᠤᠭ᠎ᠠ ᠶᠢᠨ ᠬᠠᠮᠲᠤᠷᠠᠯᠴᠠᠭᠠᠨ ᠤ ᠡᠷᠴᠢᠮ ᠢᠶᠠᠨ ᠴᠢᠩᠭᠠᠷᠠᠭᠤᠯᠵᠤ᠂ ᠪᠠᠶᠢᠭᠠᠯᠢ ᠶᠢᠨ ᠰᠢᠲᠠᠮᠠᠬᠠᠶ ᠬᠡᠶ ᠶᠢᠨ ᠡᠷᠦᠬᠡ ᠳᠤ ᠣᠷᠣᠬᠤ ᠨᠣᠷᠮ᠎ᠠ ᠶᠢ 60 % ᠪᠣᠯᠲᠠᠯ᠎ᠠ ᠳᠡᠭᠡᠭᠰᠢᠯᠡᠭᠦᠯᠦᠨ᠎ᠡ᠃ ᠬᠤᠲᠠ ᠶᠢᠨ ᠳᠦᠷᠢ ᠲᠥᠷᠬᠦ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠪᠥᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠴᠠ ᠭᠠᠷᠳᠠᠨ᠂ ᠬᠤᠲᠠ ᠶᠢᠨ ᠳᠦᠷᠢ ᠲᠥᠷᠬᠦ ᠶᠢ ᠴᠡᠭᠴᠡᠯᠡᠨ ᠵᠠᠰᠠᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠡᠭᠡᠯᠢ ᠭᠤᠳᠤᠮᠵᠢ ᠶᠢ ᠭᠤᠶᠣᠵᠢᠭᠤᠯᠬᠤ᠂ ᠵᠠᠷ ᠮᠡᠳᠡᠭᠡ ᠶᠢ ᠴᠡᠭᠴᠡᠯᠡᠬᠦ᠂ ᠲᠡᠷᠭᠡ ᠵᠣᠭᠰᠣᠭᠠᠬᠤ ᠶᠢ ᠡᠮᠬᠢ ᠵᠢᠷᠤᠮ ᠲᠠᠢ ᠪᠣᠯᠭᠠᠬᠤ ᠲᠤᠰᠬᠠᠶ ᠠᠵᠢᠯᠯᠠᠭ᠎ᠠ ᠶᠢ ᠶᠡᠭᠡ ᠪᠠᠷ ᠠᠬᠢᠭᠤᠯᠵᠤ᠂ ᠬᠠᠤᠯᠢ ᠵᠥᠷᠢᠴᠡᠭᠰᠡᠨ ᠪᠥᠲᠥᠭᠡᠨ ᠪᠠᠶᠢᠭᠤᠯᠤᠯᠲᠠ‌‍ᠪᠠ ᠳᠤᠷ᠎ᠠ ᠲᠠᠪᠠ ᠪᠠᠷ ᠢᠶᠠᠨ ᠵᠣᠭᠰᠣᠭᠠᠬᠤ ᠶᠢ ᠵᠠᠰᠠᠨ ᠴᠡᠭᠴᠡᠯᠡᠬᠦ ᠶᠢ ᠴᠢᠩᠭ᠎ᠠ ᠪᠠᠳᠤᠯᠠᠨ᠎ᠡ᠃ ᠬᠤᠲᠠ ᠶᠢᠨ ᠲᠥᠯᠥᠪᠵᠢᠭᠦᠯᠭᠡ ᠶᠢᠨ ᠶᠣᠰᠣᠭᠠᠷ᠂ ᠬᠤᠲᠠ ᠶᠢᠨ ᠲᠦᠪ ᠲᠣᠭᠤᠷᠢᠭ ᠤᠨ ᠪᠠᠶᠢᠰᠢᠩ ᠭᠡᠷ ᠢ ᠣᠨᠳᠣᠣ ᠭᠠᠵᠠᠷ ᠨᠡᠭᠦᠯᠭᠡᠬᠦ ᠶᠢ ᠠᠯᠬᠤᠮ ᠠᠯᠬᠤᠮ ᠢᠶᠠᠷ ᠲᠦᠯᠬᠢᠨ ᠠᠬᠢᠭᠤᠯᠵᠤ᠂ ᠥᠨᠳᠥᠷ ᠪᠠᠷᠢᠮᠵᠢᠶ᠎ᠠ ᠪᠠᠷ 86 ᠲᠦᠮᠡᠨ ᠲᠡᠭᠰᠢ ᠳᠥᠷᠪᠡᠯᠵᠢᠨ ᠮᠧᠲᠷ ᠤᠨ ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠬᠦ ᠡᠭᠦᠷᠭᠡ ᠶᠢ 93 ᠪᠡᠶᠡᠯᠡᠭᠦᠯᠵᠦ᠂ ᠰᠠᠭᠤᠭᠠᠯᠢ ᠠᠷᠠᠳ ᠤᠨ ᠣᠷᠣᠰᠢᠨ ᠰᠠᠭᠤᠬᠤ ᠨᠥᠬᠦᠴᠡᠯ ᠢ ᠦᠨᠡᠨᠬᠦ ᠰᠠᠶᠢᠵᠢᠷᠠᠭᠤᠯᠦᠨ᠎ᠡ᠃ ᠨᠡᠶᠢᠲᠡ ᠶᠢᠨ ᠵᠠᠮ ᠬᠠᠷᠢᠯᠴᠠᠭᠠᠨ ᠤ ᠦᠢᠯᠡᠰ ᠢ ᠲᠣᠭᠲᠠᠭᠤᠨ ᠢᠶᠠᠷ ᠬᠥᠭᠵᠢᠭᠦᠯᠵᠦ᠂ 10 ᠵᠤᠷᠪᠤᠰ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠢ ᠰᠢᠯᠢᠳᠡᠭᠵᠢᠭᠦᠯᠦᠨ ᠲᠣᠬᠢᠷᠠᠭᠤᠯᠵᠤ᠂ 200 ᠲᠡᠷᠭᠡ ᠬᠦᠯᠢᠶᠡᠬᠦ ᠦᠷᠳᠡᠭᠡ ᠶᠢ ᠰᠢᠨ᠎ᠡ ᠪᠠᠷ ᠪᠠᠶᠢᠭᠤᠯᠵᠤ᠂ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠨᠠᠩ ᠳᠥᠭᠦᠮ ᠪᠣᠯᠭᠠᠨ᠎ᠡ᠃ ᠨᠠᠨ ᠱᠠ ᠾᠧ ᠭᠤᠤᠯ ᠢ ᠶᠡᠷᠦᠩᠬᠡᠶᠢᠯᠡᠨ ᠵᠠᠰᠠᠬᠤ ᠠᠵᠢᠯ ᠢ ᠪᠥᠬᠦ ᠲᠠᠯ᠎ᠠ ᠪᠠᠷ ᠪᠡᠶᠡᠯᠡᠭᠦᠯᠵᠦ᠂ ᠬᠥᠮᠦᠨ ᠪᠠᠶᠢᠭᠠᠯᠢ ᠶᠢᠨ ᠡᠶ᠎ᠡ ᠵᠣᠬᠢᠴᠠᠯ ᠲᠠᠢ ᠬᠠᠮᠲᠤ ᠣᠷᠣᠰᠢᠬᠤ ᠪᠠ ᠬᠤᠲᠠ ᠶᠢᠨ ᠬᠤᠤᠰ ᠵᠠᠰᠠᠯᠲᠠ ᠶᠢᠨ ᠬᠡᠪ ᠳᠠᠭᠤᠷᠢᠶᠠᠯ ᠢ ᠬᠦᠴᠦᠯᠡᠨ ᠪᠣᠶ  ᠪᠣᠯᠭᠠᠨ᠎ᠡ᠃ ᠬᠤᠲᠠ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠨ᠎ᠡ᠃ ᠬᠤᠲᠠ ᠶᠢᠨ ᠬᠠᠮᠢᠶᠠᠷᠤᠯᠲᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠭᠤᠣᠯᠳᠠᠯᠭ᠎ᠠ ᠪᠠ ᠡᠬᠢ ᠪᠠᠶᠠᠯᠢᠭ ᠶᠢ ᠳᠠᠬᠢᠨ ᠦᠨᠳᠦᠰᠦᠨ ᠱᠠᠳᠤᠨ ᠳᠤ ᠰᠢᠯᠵᠢᠭᠦᠯᠵᠦ᠂ ᠪᠣᠭᠤᠮᠲᠠ ᠶᠢ ᠳᠠᠬᠢᠨ ᠤᠷᠢᠳᠴᠢᠯᠠᠭᠤᠯᠵᠤ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠠᠵᠢᠯ ᠢ ︽ᠲᠣᠭᠠᠨ ᠤ ᠬᠤᠪᠢᠷᠠᠯᠲᠠ︾᠎ ᠠᠴᠠ ︽ᠴᠢᠨᠠᠷ ᠤᠨ ᠬᠤᠪᠢᠷᠠᠯᠲᠠ︾ ᠲᠡᠰᠢ ᠳᠡᠰ ᠳᠡᠪᠰᠢᠭᠦᠯᠦᠨ᠎ᠡ᠃ ᠭᠤᠣᠯ ᠳᠡᠳ᠋ ᠵᠠᠮ ᠱᠤᠭᠤᠮ ᠤᠨ ︽ᠵᠡᠭᠡᠯᠢ ᠶᠢᠨ ᠳᠠᠷᠤᠭ᠎ᠠ ᠶᠢᠨ ᠳᠦᠷᠢᠮ︾᠂ ᠪᠣᠶᠢᠲᠠ ᠪᠦᠭᠯᠡᠬᠦᠦ ᠭᠤᠳᠤᠮᠵᠢ ᠶᠢᠨ ︽ᠭᠤᠳᠤᠮᠵᠢ ᠶᠢᠨ ᠳᠠᠷᠤᠭ᠎ᠠ ᠶᠢᠨ ᠳᠦᠷᠢᠮ︾ ᠪᠠ ᠠᠰᠠᠭᠤᠳᠠᠯ ᠢᠶᠠᠷ ᠳᠣᠪᠣᠶᠢᠮ᠎ᠠ ᠬᠡᠰᠡᠭ ᠤᠨ ︽ᠬᠡᠰᠡᠭ ᠤᠨ ᠳᠠᠷᠤᠭ᠎ᠠ ᠶᠢᠨ ᠳᠦᠷᠢᠮ︾᠎ ᠢ ᠪᠦᠬᠦ ᠲᠠᠯ᠎ᠠ ᠪᠠᠷ ᠬᠡᠷᠡᠭᠵᠢᠭᠦᠯᠵᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠥᠷᠲᠡᠭᠡ 35 ᠰᠠᠭᠤᠷᠢ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠨᠡᠶᠢᠲᠡ ᠶᠢᠨ ᠵᠣᠷᠯᠣᠩ 26 ᠰᠠᠭᠤᠷᠢ ᠶᠢ ᠰᠢᠨ᠎ᠡ ᠪᠠᠷ ᠪᠠᠶᠢᠭᠤᠯᠵᠤ᠂ ︽ᠠᠷᠠᠳ ᠲᠤ ᠳᠥᠭᠦᠮ ᠦᠵᠡᠭᠦᠯᠬᠦ‍ ᠨᠢᠭᠡ ᠮᠥᠴᠡ ᠶᠢᠨ ᠦᠢᠯᠡᠴᠢᠯᠡᠭᠡᠨ ᠤ ᠲᠣᠭᠤᠷᠢᠭ︾᠎ ᠢ ᠲᠡᠭᠦᠯᠳᠡᠷᠵᠢᠭᠦᠯᠵᠦ᠂ ᠰᠠᠭᠠᠳ ᠦᠭᠡᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠲᠠ ᠶᠢᠨ ᠦᠢᠯᠡᠴᠢᠯᠡᠭᠡᠨ ᠤ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠠᠳᠠᠯ ᠠᠬᠤᠶ ᠶᠢᠨ ᠦᠶᠯᠡᠴᠢᠯᠡᠭᠡᠨ ᠤ ᠬᠢᠷᠢ ᠬᠡᠮᠵᠢᠶ᠎ᠡ ᠶᠢ ᠶᠡᠬᠡᠬᠡᠨ ᠬᠦᠴᠦ ᠣᠷᠣᠭᠤᠯᠵᠤ ᠪᠠᠶᠢᠭᠠᠳ ᠳᠡᠭᠡᠭᠰᠢᠯᠡᠭᠦᠯᠦᠨ᠂ ᠬᠠᠮᠢᠶᠠᠷᠤᠯᠲᠠ ᠶᠢᠨ ᠵᠠᠭᠪᠤᠷ ᠲᠤ ᠥᠭᠡᠷᠡᠴᠢᠯᠡᠯᠲᠡ ᠬᠢᠵᠦ ᠰᠢᠨ᠎ᠡ ᠶᠢ ᠡᠭᠦᠳᠴᠦ᠂ ᠬᠠᠭᠤᠴᠢᠨ‌‍ᠰᠠᠭᠤᠭᠠᠯᠢ ᠲᠣᠭᠤᠷᠢᠭ ᠢ ᠥᠭᠡᠷᠡᠴᠢᠯᠡᠨ ᠰᠢᠨᠡᠳᠬᠡᠬᠦ ᠲᠠᠢ ᠬᠠᠮᠵᠢᠯᠴᠠᠨ᠂ ᠬᠠᠷᠢᠶ᠎ᠠ ᠣᠷᠣᠨ ᠤ ᠳᠣᠲᠣᠷᠠᠬᠢ ᠭᠠᠭᠴᠠ ᠴᠣᠭᠴᠠᠲᠤ ᠠᠰᠠᠷ᠂ ᠬᠠᠮᠢᠶᠠᠷᠬᠤ ᠪᠠᠨ ᠪᠤᠯᠢᠭᠰᠠᠨ‌ᠠᠰᠠᠷ᠂ ᠥᠮᠴᠢᠲᠡᠨ ᠤ ᠥᠪᠡᠰᠦᠪᠡᠨ ᠬᠠᠮᠢᠶᠠᠷᠬᠤ ᠠᠰᠠᠷ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠠᠷᠬᠠᠭ ᠬᠡᠮ ᠢ ᠭᠤᠤᠯᠳᠠᠯᠭ᠎ᠠ ᠲᠠᠢ ᠰᠢᠶᠳᠪᠦᠷᠢᠯᠡᠵᠦ᠂ ᠵᠢᠯ ᠤᠨ ᠳᠣᠲᠣᠷ᠎ᠠ ᠠᠳᠠᠯ ᠠᠬᠤᠶ ᠶᠢᠨ ᠬᠠᠮᠢᠶᠠᠷᠤᠯᠲᠠ ᠶᠢᠨ ᠬᠠᠮᠤᠷᠬᠤ ᠨᠣᠷᠮ᠎ᠠ ᠶᠢ 90 %᠎ ᠠᠴᠠ ᠳᠡᠭᠡᠭᠰᠢ ᠬᠦᠷᠲᠡᠯ᠎ᠡ ᠳᠡᠭᠡᠭᠰᠢᠯᠡᠭᠦᠯᠬᠦ ᠪᠠᠷ ᠴᠢᠷᠮᠠᠶᠢᠨ᠎ᠡ᠃ ᠠᠳᠠᠯ ᠠᠬᠤᠶ ᠶᠢᠨ ᠦᠶᠯᠡᠴᠢᠯᠡᠭᠡ ᠪᠠ ᠬᠤᠭ ᠨᠣᠪᠰᠢ ᠶᠢ ᠲᠥᠷᠥᠯ ᠬᠤᠪᠢᠶᠠᠬᠤ ᠦᠢᠯᠡᠴᠢᠯᠡᠭᠡ ᠶᠢ ᠬᠠᠮᠳᠤᠷᠤᠯᠴᠠᠭᠤᠯᠬᠤ ᠰᠢᠨ᠎ᠡ ᠵᠠᠭᠪᠤᠷ ᠢ ᠰᠦᠪᠡᠭᠴᠢᠯᠡᠵᠦ᠂ ᠬᠤᠭ ᠨᠣᠪᠰᠢ ᠶᠢ ᠲᠥᠷᠥᠯ ᠬᠤᠪᠢᠶᠠᠬᠤ ᠦᠢᠯᠡᠴᠢᠯᠡᠭᠡ ᠶᠢᠨ ᠨᠡᠶᠢᠳᠡᠮ ᠪᠦᠷᠬᠦᠯᠳᠡ ᠶᠢ ᠵᠢᠯ ᠤᠨ ᠳᠣᠲᠣᠷ᠎ᠠ ᠪᠡᠶᠡᠯᠡᠭᠦᠯᠦᠨ᠎ᠡ᠃ ︽ᠣᠯᠠᠨ ᠰᠦᠯᠵᠢᠶ᠎ᠡ ᠶᠢ ᠠᠭᠤᠰᠤᠯᠴᠠᠭᠤᠯᠬᠤ︾᠎ ᠶᠢ ᠭᠦᠨᠵᠡᠭᠡᠶᠢᠷᠡᠭᠦᠯᠵᠦ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ︽ᠲᠣᠮᠣ ᠳ᠋ᠠᠶᠢᠲ᠋ᠠ ᠨᠢᠭᠡ ᠵᠢᠷᠤᠭ︾᠎ ᠢᠶᠠᠷ ᠬᠤᠲᠠ ᠶᠢ ᠤᠶᠢᠯᠠᠭᠠᠬᠤ᠂ ︽ᠲᠣᠮᠣ ᠲᠠᠪᠴᠠᠩ ᠨᠢᠭᠡ ᠰᠦᠯᠵᠢᠶ᠎ᠡ︾᠎ ᠪᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ︽ᠲᠣᠮᠣ ᠡᠵᠡᠩᠨᠡᠯᠲᠡ ᠨᠢᠭᠡ ᠬᠡᠯᠬᠢᠶ᠎ᠡ︾ ᠦᠶᠯᠡᠴᠢᠯᠡᠭᠡᠨ ᠤ ᠠᠵᠤ ᠦᠶᠯᠡᠰ ᠢ ᠴᠢᠷᠮᠠᠶᠢᠨ ᠪᠡᠶᠡᠯᠡᠭᠦᠯᠦᠨ᠎ᠡ᠃      ︵ᠳᠥᠷᠪᠡ︶ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠡ ᠃ ᠥᠭᠡᠷᠡᠴᠢᠯᠡᠯᠲᠡ ᠪᠠᠷ ᠳᠣᠲᠣᠭᠠᠳᠤ ᠬᠦᠴᠦᠨ ᠢᠶᠠᠨ ᠨᠡᠮᠡᠭᠳᠡᠭᠦᠯᠬᠦ᠂ ᠨᠡᠭᠡᠭᠡᠯᠲᠡ ᠪᠠᠷ ᠭᠠᠳᠠᠭᠠᠳᠤ ᠬᠦᠴᠦᠨ ᠢ ᠠᠰᠢᠭᠯᠠᠬᠤ᠂ ᠰᠢᠨ᠎ᠡ ᠶᠢ ᠡᠭᠦᠳᠬᠦ ᠪᠠᠷ ᠠᠮᠢᠵᠢᠷᠠᠯ ᠤᠨ ᠬᠦᠴᠦᠨ ᠨᠡᠮᠡᠷᠢᠯᠡᠬᠦ ᠶᠢ ᠪᠠᠷᠢᠮᠲᠠᠯᠠᠵᠤ᠂ ᠴᠢᠨᠠᠷᠯᠢᠭ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠨ᠎ᠠ᠃ ᠭᠤᠣᠯᠳᠠᠯᠭ᠎ᠠ ᠲᠠᠢ ᠬᠦᠷᠢᠶᠡᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃ ︽ᠲᠠᠯᠪᠢᠵᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠎ ᠶᠢ ᠦᠷᠭᠦᠯᠵᠢᠯᠡᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠢ ᠪᠠᠷᠢᠮᠵᠢᠶᠠᠵᠢᠭᠤᠯᠤᠨ ᠥᠷᠭᠡᠳᠬᠡᠨ ᠪᠠᠶᠢᠭᠤᠯᠬᠤ ᠶᠢ ᠪᠡᠶᠡᠯᠡᠭᠦᠯᠵᠦ᠂ ︽ᠨᠢᠭᠡ ᠯᠡ ᠡᠭᠦᠳᠡ ᠪᠠᠷ ᠣᠷᠣᠬᠤ︾᠂ ︽ᠬᠠᠮᠤᠭ ᠣᠯᠠᠨ ᠳᠠᠭᠠᠨ ᠨᠢᠭᠡ ᠯᠡ ᠤᠳᠠᠭ᠎ᠠ ᠣᠴᠢᠬᠤ︾᠎ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ︽ᠢᠨ᠋ᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾᠎ ᠶᠢᠨ ᠥᠭᠡᠷᠡᠴᠢᠯᠡᠯᠲᠡ ᠶᠢ ᠲᠦᠷᠭᠡᠳᠬᠡᠵᠦ᠂ ︽ᠨᠢᠭᠡ ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠨᠡᠶᠢᠯᠡᠭᠦᠯᠦᠨ ᠬᠢᠨᠠᠨ ᠪᠠᠶᠢᠴᠠᠭᠠᠬᠤ᠂ ᠡᠷᠴᠢᠮᠵᠢᠭᠦᠯᠦᠨ ᠬᠢᠨᠠᠨ ᠵᠥᠪᠰᠢᠶᠡᠷᠡᠬᠦ᠂ ᠨᠢᠭᠡ ᠥᠷᠲᠡᠭᠡ ᠳᠤ ᠭᠦᠢᠴᠡᠳᠬᠡᠵᠦ ᠳᠠᠭᠤᠰᠬᠠᠬᠤ︾ ᠬᠢᠨᠠᠨ ᠵᠥᠪᠰᠢᠶᠡᠷᠡᠬᠦ ᠵᠠᠭᠪᠤᠷ ᠢ ᠪᠦᠬᠦ ᠬᠦᠴᠦᠨ ᠢᠶᠠᠷ ᠬᠡᠷᠡᠭᠵᠢᠭᠦᠯᠵᠦ ᠂ ︽ᠨᠢᠭᠡ ᠲᠠᠮᠠᠭ᠎ᠠ ᠪᠠᠷ ᠬᠢᠨᠠᠨ ᠵᠦᠪᠰᠢᠶᠡᠷᠴᠦ ᠬᠠᠮᠢᠶᠠᠷᠬᠤ︾᠎ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠪᠠᠯᠠ ᠣᠷᠣᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ ᠪᠠᠯᠠ ᠣᠷᠣᠭᠤᠯᠤᠯᠲᠠ ᠶᠢᠨ ᠲᠥᠷᠥᠯ ᠵᠦᠶᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠲᠥᠪᠯᠡᠷᠡᠭᠦᠯᠦᠨ ᠥᠷᠨᠢᠭᠦᠯᠵᠦ᠂ ᠠᠵᠤ ᠠᠬᠤᠶᠢᠯᠠᠯ ᠤᠨ ᠪᠠᠯᠠ ᠣᠷᠣᠭᠤᠯᠤᠯᠲᠠ ᠶᠢᠨ ᠲᠥᠷᠥᠯ ᠵᠦᠶᠯ ᠢ ᠬᠢᠨᠠᠨ ᠵᠥᠪᠰᠢᠶᠡᠷᠡᠬᠦ ᠳᠤ ᠨᠢᠭᠤᠷ ᠤᠴᠠᠷᠠᠬᠤ ᠥᠬᠡᠶ ᠪᠠᠶᠢᠬᠤ ᠶᠢ ᠠᠬᠢᠭᠤᠯᠦᠨ᠎ᠡ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠤᠯᠢᠮᠠᠭ ᠥᠮᠴᠢᠯᠡᠯ ᠤᠨ ᠳᠦᠷᠢᠮᠲᠦ ᠥᠭᠡᠷᠡᠴᠢᠯᠡᠯᠲᠡ ᠶᠢ ᠪᠥᠬᠦ ᠲᠠᠯ᠎ᠠ ᠪᠠᠷ ᠪᠡᠶᠡᠯᠡᠭᠦᠯᠵᠦ᠂ ᠲᠣᠭᠤᠷᠢᠭ ᠤᠨ ᠬᠠᠷᠢᠶ᠎ᠠ ᠪᠥᠬᠦᠶ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠪᠣᠳᠠᠲᠠᠶᠢᠵᠢᠭᠤᠯᠬᠤ᠂ ᠵᠠᠬ᠎ᠠ ᠳᠡᠯᠭᠡᠭᠦᠷᠴᠢᠯᠡᠨ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠪᠦᠲᠦᠮᠵᠢ ᠪᠠ ᠠᠰᠢᠭ ᠣᠯᠵᠠᠪᠤᠷᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢᠨ ᠭᠤᠷᠪᠠᠨ ᠵᠢᠯ ᠤᠨ ᠰᠢᠪᠲᠤᠯᠤᠯᠲᠠ ᠶᠢᠨ ᠠᠵᠢᠯᠯᠠᠭ᠎ᠠ ᠶᠢᠨ ᠡᠯ᠎ᠡ ᠵᠦᠶᠯ ᠤᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠨᠡᠮᠡᠭᠳᠡᠭᠦᠯᠦᠨ᠎ᠡ᠃ ᠰᠢᠶᠦᠩ ᠠᠨ ᠰᠢᠨ᠎ᠡ ᠲᠣᠭᠤᠷᠢᠭ ᠤᠨ ᠲᠥᠯᠥᠪᠵᠢᠭᠦᠯᠭᠡ ᠪᠦᠳᠦᠭᠡᠨ ᠪᠠᠶᠢᠭᠤᠯᠤᠯᠲᠠ᠂ ᠡᠪᠦᠯ ᠤᠨ ᠤᠯᠠᠷᠢᠯ ᠤᠨ ᠣᠯᠢᠮᠫᠢᠺ ᠤᠨ ᠲᠠᠮᠢᠷ ᠤᠨ ᠴᠤᠭᠯᠠᠭᠠᠨ ᠵᠡᠷᠭᠡ ᠴᠢᠬᠤᠯᠠ ᠶᠡᠭᠡ ᠠᠵᠠ ᠲᠣᠬᠢᠶᠠᠯ ᠢ ᠠᠮᠵᠢᠵᠤ᠂ ᠬᠡᠯᠬᠢᠶ᠎ᠠ ᠪᠠᠶᠢᠭᠤᠯᠬᠤ᠂ ᠤᠷᠲᠤᠳᠬᠠᠬᠤ᠂ ᠴᠢᠩᠭᠠᠳᠬᠠᠬᠤ᠂ ᠨᠥᠬᠦᠪᠥᠷᠢᠯᠡᠬᠦ ᠪᠠᠷ ᠬᠠᠷᠠᠯᠲᠠ ᠪᠣᠯᠭᠠᠵᠤ᠂ ᠪᠡᠭᠡᠵᠢᠩ ᠲᠢᠶᠠᠨᠵᠢᠨ ᠾᠧᠪᠸᠢ᠂ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠵᠡᠷᠭᠡ ᠭᠤᠣᠯᠳᠠᠯᠭ᠎ᠠ ᠲᠠᠢ ᠣᠷᠣᠨ ᠪᠦᠰᠡ ᠶᠢ ᠠᠩᠬᠠᠷᠴᠤ᠂ ᠬᠤᠳᠠᠯᠳᠤᠭ᠎ᠠ ᠪᠠᠷ ᠠᠷᠠᠯᠵᠢᠶᠠᠴᠢᠨ ᠤᠷᠢᠬᠤ᠂ ᠬᠠᠷᠠᠯᠲᠠ ᠲᠠᠢ ᠪᠠᠷ ᠠᠷᠠᠯᠵᠢᠶᠠᠴᠢᠨ ᠤᠷᠢᠬᠤ᠂ ᠪᠦᠬᠦ ᠠᠵᠢᠯᠳᠠᠨ ᠬᠦᠳᠡᠯᠦᠯᠴᠡᠨ ᠠᠷᠠᠯᠵᠢᠶᠠᠴᠢᠨ ᠤᠷᠢᠬᠤ ᠶᠢ ᠪᠦᠬᠦ ᠲᠠᠯ᠎ᠠ ᠪᠠᠷ ᠥᠷᠨᠢᠭᠦᠯᠵᠦ᠂ ᠮᠠᠨ ᠤ ᠲᠣᠭᠤᠷᠢᠭ ᠤᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠳᠤ ᠲᠤᠬᠢᠷᠠᠬᠤ ᠨᠢᠭᠡ ᠪᠦᠯᠦᠭ ᠲᠤᠮᠤ ᠲᠦᠷᠦᠯ ᠵᠦᠢᠯ᠂ ᠰᠠᠶᠢᠨ ᠲᠦᠷᠦᠯ ᠵᠦᠢᠯ ᠢ ᠲᠠᠭᠠᠨ ᠲᠣᠬᠢᠷᠠᠯᠴᠠᠵᠤ ᠭᠡᠷ᠎ᠡ ᠲᠣᠭᠲᠠᠳᠡᠯ᠎ᠡ ᠴᠢᠷᠮᠠᠶᠢᠵᠤ᠂ ᠮᠠᠨ ᠤ ᠲᠣᠭᠤᠷᠢᠭ ᠤᠨ ᠠᠵᠤ ᠦᠢᠯᠡᠰ ᠤᠨ ᠬᠥᠭᠵᠢᠯᠲᠡ ᠶᠢᠨ ᠬᠥᠨᠳᠡᠯᠡᠨ ᠢᠶᠠᠷ ᠰᠦᠷᠦᠭᠵᠢᠨ᠂ ᠭᠤᠯᠳᠤ ᠢᠶᠠᠷ ᠬᠡᠯᠬᠢᠶᠡᠵᠢᠬᠦ ᠶᠢ ᠠᠬᠢᠭᠤᠯᠦᠨ᠎ᠡ᠃ ᠦᠢᠯᠡᠴᠢᠯᠡᠭᠡᠨ ᠤ ᠦᠷ᠎ᠡ ᠪᠦᠲᠦᠮᠵᠢ ᠶᠢ ᠬᠦᠴᠦᠯᠡᠨ‌‍ᠲ᠋ᠡᠭᠡᠭᠰᠢᠯᠡᠭᠦᠯᠦᠨ᠎ᠡ᠃  ᠠᠵᠤ ᠦᠶᠯᠡᠰ ᠢ ᠲᠡᠳᠬᠦᠨ ᠳᠡᠮᠵᠢᠬᠦ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠭᠠᠶᠢᠯᠢ ᠬᠥᠩᠭᠡᠯᠡᠵᠦ ᠰᠦᠶᠳᠬᠡᠯ ᠪᠠᠭᠤᠷᠠᠭᠤᠯᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠠᠵᠤ ᠦᠶᠯᠡᠰ ᠤᠨ ᠬᠥᠭᠵᠢᠯᠲᠡ ᠳᠤ ᠨᠠᠩ ᠣᠯᠠᠨ ᠡᠯᠧᠮᠧᠨ᠋ᠲ ᠤᠨ ᠡᠬᠢ ᠪᠠᠶᠠᠯᠢᠭ ᠨᠡᠮᠡᠷᠢᠯᠡᠨ᠎ᠡ᠃ ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ᠂ ᠳᠤᠮᠳᠠ ᠪᠠᠭ᠎ᠠ ᠠᠵᠤ ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ᠂ ᠠᠵᠤ ᠠᠬᠤᠶᠢᠯᠠᠯ ᠤᠨ ᠪᠠᠯᠠ ᠬᠤᠷᠠᠮᠳᠤᠭᠤᠯᠬᠤ ᠥᠪᠡᠷ ᠤᠨ ᠥᠷᠲᠡᠭ ᠢ ᠪᠠᠭᠤᠷᠠᠭᠤᠯᠦᠨ᠎ᠡ᠃ ᠢᠲᠡᠭᠡᠮᠵᠢ ᠶᠢᠨ ᠬᠢᠨᠠᠯᠲᠠ ᠬᠠᠮᠢᠶᠠᠷᠤᠯᠲᠠ ᠪᠠ ︽ᠢᠨ᠋ᠲ᠋ᠧᠷ ᠰᠦᠯᠵᠢᠶ᠎ᠡ + ᠬᠢᠨᠠᠯᠲᠠ ᠬᠠᠮᠢᠶᠠᠷᠤᠯᠲᠠ︾᠎ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠶᠢᠨ ᠬᠤᠷᠢᠭ᠎ᠠ ᠴᠠᠭᠠᠵᠠ ᠲᠠᠢ ᠵᠦᠶᠯᠡᠰ ᠤᠨ ᠨᠠᠷᠢᠨ ᠬᠠᠭᠤᠳᠠᠰᠤ ᠶᠢ ᠴᠢᠩᠭ᠎ᠠ ᠬᠡᠷᠡᠭᠵᠢᠭᠦᠯᠵᠦ᠂ ᠴᠣᠩᠬᠤᠪᠴᠢ ᠨᠢᠭᠡᠴᠡ ᠶᠢᠨ ᠰᠤᠷᠲᠠᠯ ᠴᠡᠭᠴᠡᠯᠡᠯᠲᠡ ᠶᠢ ᠦᠷᠭᠦᠯᠵᠢᠯᠡᠨ ᠥᠷᠨᠢᠭᠦᠯᠵᠦ᠂ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠳᠣᠲᠣᠨᠣ ᠴᠢᠬᠡᠴᠢ ᠬᠠᠷᠢᠴᠠᠭ᠎ᠠ ᠶᠢ ᠢᠳᠡᠪᠬᠢᠲᠡᠶ ᠪᠠᠶᠢᠭᠤᠯᠤᠨ᠂ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠵᠤ᠂ ᠠᠵᠤ ᠠᠬᠤᠶᠢᠯᠠᠯᠲᠠᠨ ᠢ ᠰᠠᠨᠠᠭ᠎ᠠ ᠠᠮᠤᠷ ᠪᠠᠯᠠ ᠣᠷᠣᠭᠤᠯᠤᠨ᠂ ᠠᠳᠠᠯ ᠦᠶᠯᠡᠰ ᠪᠣᠰᠬᠠᠬᠤ ᠶᠢ ᠤᠷᠤᠭᠰᠢᠲᠠᠶ ᠬᠥᠭᠵᠢᠭᠦᠯᠦᠨ᠎ᠡ᠃ ᠡᠭᠦᠳᠦᠯᠳᠡ ᠶᠢᠨ ᠭᠤᠤᠯᠯᠠᠬᠤ ᠪᠠᠶᠢᠷᠢ ᠰᠠᠭᠤᠷᠢ ᠶᠢ ᠲᠣᠪᠣᠶᠢᠯᠭᠠᠨ᠎ᠡ᠃ ᠲᠣᠭᠤᠷᠢᠭ ‍ᠤᠨ‌‍ᠲ᠋ᠣᠲᠣᠷ᠎ᠠ ᠭᠠᠳᠠᠨᠠᠬᠢ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠯᠤᠭ᠎ᠠ ᠶᠢᠨ ᠬᠠᠷᠢᠯᠴᠠᠭ᠎ᠠ ᠶᠠᠪᠤᠯᠴᠠᠭ᠎ᠠ ᠪᠠᠨ ᠴᠢᠩᠭᠠᠳᠬᠠᠵᠤ᠂ ᠴᠢᠳᠠᠪᠤᠷᠢᠲᠠᠨ ᠤ ᠪᠣᠯᠪᠠᠰᠤᠷᠠᠯ᠂ ᠬᠤᠷᠠᠯ ᠦᠵᠡᠰᠬᠦᠯᠡᠩ ᠤᠨ ᠶᠠᠷᠢᠶᠠᠨ ᠤ ᠲᠠᠪᠴᠠᠩ᠂ ᠦᠷ᠎ᠡ ᠪᠦᠲᠦᠭᠡᠯ ᠢ ᠤᠯᠠᠷᠢᠭᠤᠯᠬᠤ ᠵᠡᠷᠭᠡ ᠲᠠᠯ᠎ᠠ ᠪᠠᠷ ᠭᠦᠨᠵᠡᠭᠡᠶ ᠬᠠᠮᠲᠤᠷᠠᠯᠴᠠᠵᠤ᠂ ᠡᠯ᠎ᠡ ᠲᠥᠷᠥᠯ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠬᠦᠴᠦᠨ ᠵᠦᠶᠯ ᠢ ᠣᠷᠢᠨ ᠮᠠᠨ ᠤ ᠲᠣᠭᠤᠷᠢᠭ ᠲᠤ ᠲᠥᠪᠯᠡᠷᠡᠭᠦᠯᠦᠨ᠎ᠡ᠃ ᠣᠷᠣᠨ ᠨᠤᠲᠤᠭ ᠤᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠵᠠᠬ᠎ᠠ ᠳᠡᠯᠭᠡᠭᠦᠷ᠂ ᠦᠶᠯᠡᠳᠬᠦᠨ᠂ ᠡᠵᠡᠩᠨᠡᠯᠲᠡ ᠶᠢᠨ ᠪᠠᠶᠢᠳᠠᠯ᠂ ᠬᠠᠮᠢᠶᠠᠷᠤᠯᠲᠠ ᠵᠡᠷᠭᠡ ᠲᠠᠯ᠎ᠠ ᠪᠠᠷ ᠲᠦᠷᠭᠡᠳᠬᠡᠨ ᠰᠢᠨ᠎ᠡ ᠶᠢ ᠡᠭᠦᠳᠴᠦ᠂ ᠠᠵᠤ ᠠᠬᠤᠶᠢᠯᠠᠯ ᠤᠨ ᠭᠤᠤᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠮᠠᠨ ᠤ ᠲᠣᠭᠤᠷᠢᠭ ᠤᠨ ᠠᠵᠤ ᠦᠶᠯᠡᠰ ᠤᠨ ᠪᠠᠶᠢᠷᠢ ᠲᠣᠭᠲᠠᠭᠠᠯᠲᠠ᠂ ᠠᠵᠤ ᠠᠬᠤᠶᠢᠯᠠᠯ ᠤᠨ ᠬᠡᠷᠡᠭᠴᠡᠭᠡ ᠱᠠᠭᠠᠷᠳᠠᠯᠭ᠎ᠠ᠂ ᠬᠤᠲᠠ ᠶᠢᠨ ᠬᠥᠭᠵᠢᠯᠲᠡ ᠳᠤ ᠨᠡᠶᠢᠴᠡᠬᠦ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠮᠠᠨ ᠤ ᠣᠷᠣᠨ ᠳᠤ ᠰᠠᠭᠤᠭ᠎ᠠ ᠶᠡᠭᠡ ᠳᠡᠭᠡᠳᠦ ᠰᠤᠷᠭᠠᠭᠤᠯᠢ ᠠᠴᠠ ᠲᠡᠭᠦᠰᠦᠭᠰᠡᠨ ︽ᠰᠢᠨ᠎ᠡ ᠬᠤᠲᠠ ᠶᠢᠨ ᠠᠷᠠᠳ︾ ᠪᠣᠯᠤᠨ ᠪᠠᠯᠠ ᠣᠷᠣᠭᠤᠯᠤᠨ ᠠᠵᠢᠯ ᠣᠯᠬᠤ ᠪᠠᠷ ᠢᠷᠡᠭᠰᠡᠨ ᠰᠢᠯᠢᠳᠡᠭ ︽ᠭᠠᠳᠠᠨ᠎ᠠ ᠠᠴᠠ ᠢᠷᠡᠭᠰᠡᠨ ᠡᠷᠦᠬᠡ︾᠎ ᠶᠢ ᠦᠯᠡᠳᠡᠭᠡᠵᠦ ᠬᠥᠭᠵᠢᠭᠦᠯᠦᠨ᠎ᠡ᠃        ︵ᠲᠠᠪᠤ︶ ᠠᠮᠢ ᠠᠬᠤᠶ ᠶᠢᠨ ᠪᠣᠯᠪᠠᠰᠤᠨ ᠤ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠴᠢᠩᠭᠠᠳᠬᠠᠨ᠎ᠠ ᠃ ᠠᠮᠢ ᠠᠬᠤᠶ ᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠪᠠᠷ ᠬᠥᠭᠵᠢᠭᠦᠯᠬᠦ ᠶᠢ ᠪᠠᠷᠢᠮᠲᠠᠯᠠᠵᠤ᠂ ᠣᠷᠴᠢᠨ ᠲᠣᠭᠤᠷᠢᠨ ᠤ ᠬᠠᠮᠠᠭᠠᠯᠠᠯᠲᠠ ᠶᠢ ᠠᠮᠢ ᠠᠬᠤᠶᠢᠵᠢᠭᠤᠯᠬᠤ᠂ ᠡᠬᠢ ᠪᠠᠶᠠᠯᠢᠭ ᠤ ᠠᠰᠢᠭᠯᠠᠯᠲᠠ ᠶᠢ ᠡᠷᠴᠢᠮᠵᠢᠭᠦᠯᠬᠦ᠂ ᠦᠶᠯᠡᠳᠪᠦᠷᠢᠯᠡᠯ ᠤᠨ ᠶᠠᠪᠤᠴᠠ ᠶᠢ ᠳᠣᠤᠷ᠎ᠠ ᠨᠡᠭᠦᠷᠡᠰᠦᠲᠥ᠋ᠷᠥᠭᠴᠢᠲᠦ ᠪᠣᠬᠢᠷᠲᠤᠯ ᠥᠬᠡᠶ ᠪᠠᠷ ᠬᠥᠭᠵᠢᠭᠦᠯᠬᠦ ᠪᠠᠶᠢᠷᠢᠰᠢᠯ ᠢ ᠴᠢᠷᠮᠠᠶᠢᠨ ᠪᠠᠶᠢᠭᠤᠯᠤᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠢ ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠲᠠᠶᠢᠨ ᠢ ᠰᠠᠶᠢᠲᠤᠷ ᠬᠢᠨ᠎ᠠ᠃ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠲᠦᠷᠦᠯ ᠵᠦᠢᠯ ᠤᠨ ᠡᠨᠧᠷᠭᠢ ᠶᠢᠨ ᠬᠤᠷᠣᠭᠳᠠᠭᠤᠯᠤᠯ᠂ ᠦᠢᠯᠡᠳᠬᠦᠨ ᠤ ᠦᠷᠲᠡᠭ ᠤᠨ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠤᠷᠢᠳ ᠢᠶᠠᠷ ᠲᠥᠰᠦᠪᠯᠡᠵᠦ ᠳᠠᠷᠠᠭ᠎ᠠ ᠨᠢ ᠡᠨᠧᠷᠭᠢ ᠬᠡᠷᠡᠭᠯᠡᠬᠦ ᠳᠦᠷᠢᠮ ᠢ ᠬᠡᠷᠡᠭᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠤᠨ ᠭᠦᠢᠴᠡᠳᠬᠡᠬᠦ ᠲᠤᠭ᠎ᠠ ᠶᠢ ᠵᠠᠩᠭᠢᠯᠠᠭ᠎ᠠ ᠶᠢᠨ ᠭᠠᠵᠠᠷ ᠲᠤᠨᠢ ᠬᠡᠷᠡᠭᠯᠡᠬᠦ ᠶᠢ ᠦᠨᠡᠨ ᠬᠦ ᠪᠠᠲᠤᠯᠠᠨ᠎ᠠ᠃ ᠳ᠋ᠦᠩ ᠶᠠᠩ ᠭᠤᠸᠠᠩ᠂ ᠬᠠᠶ ᠯᠢ  ᠬᠤᠸᠠ ᠴᠸᠡᠭ ᠪᠦᠸᠧ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠪᠣᠯᠭᠠᠬᠤ ᠴᠢᠭᠯᠡᠯ ᠳᠠᠰᠢ ᠲᠠᠰ ᠳᠡᠪᠰᠢᠭᠦᠯᠬᠦ ᠶᠢ ᠲᠦᠷᠭᠡᠳᠬᠡᠵᠦ᠂ ᠲᠣᠮᠣ ᠳ᠋ᠠᠶᠢᠲ᠋ᠠ᠂ ᠪᠠᠯ ᠴᠢᠯᠠᠭᠤ ᠵᠡᠷᠭᠡ ᠭᠤᠤᠯᠳᠠᠯᠭ᠎ᠠ ᠲᠠᠢ ᠡᠨᠧᠷᠭᠢ ᠬᠡᠷᠡᠭᠯᠡᠬᠦ ᠠᠵᠢᠯ ᠲᠥᠷᠥᠯ ᠤᠨ ᠡᠨᠧᠷᠭᠢ ᠶᠢᠨ ᠬᠤᠷᠣᠭᠳᠠᠭᠤᠯᠤᠯ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠤᠨ᠂ ᠨᠡᠷᠡᠨ ᠡᠨᠧᠷᠭᠢ᠂ ᠰᠠᠯᠬᠢᠨ ᠡᠨᠧᠷᠭᠢ ᠵᠡᠷᠭᠡ ᠪᠣᠬᠢᠷᠲᠤᠯ ᠥᠬᠡᠶ ᠡᠨᠧᠷᠭᠢ ᠶᠢᠨ ᠬᠡᠷᠡᠭᠯᠡᠯᠲᠡ ᠶᠢ ᠠᠬᠢᠭᠤᠯᠵᠤ᠂ ᠡᠨᠧᠷᠭᠢ ᠶᠢᠨ ᠬᠤᠷᠣᠭᠳᠠᠭᠤᠯᠤᠯ ‍ᠤᠨ‌ᠬᠤᠤᠰ ᠡᠵᠡᠮᠳᠡᠯ ᠤᠨ ᠬᠠᠷᠠᠯᠲᠠ ᠶᠢ ᠪᠥᠬᠦ ᠬᠦᠴᠦᠨ ᠢᠶᠠᠷ ᠢᠶᠠᠨ ᠪᠡᠶᠡᠯᠡᠭᠦᠯᠦᠨ᠎ᠡ᠃ ᠪᠥᠬᠦ ᠠᠷᠠᠳ ᠤᠨ ᠪᠣᠬᠢᠷᠲᠤᠯ ᠥᠬᠡᠶ ᠠᠵᠢᠯᠯᠠᠭ᠎ᠠ ᠶᠢ ᠬᠡᠷᠡᠭᠵᠢᠭᠦᠯᠵᠦ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠡᠨᠧᠷᠭᠢ ᠠᠷᠪᠢᠯᠠᠬᠤ ᠶᠢ ᠦᠷᠭᠦᠯᠵᠢᠯᠡᠨ ᠴᠢᠩᠭᠠᠳᠬᠠᠵᠤ᠂ ᠪᠣᠬᠢᠷᠲᠤᠯ ᠥᠬᠡᠶ ᠠᠮᠢᠳᠤᠷᠠᠯ᠂ ᠪᠣᠬᠢᠷᠲᠤᠯ ᠥᠬᠡᠶ ᠬᠡᠷ ᠪᠦᠯᠢ ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ᠬᠤᠲᠠ ᠶᠢᠨ ᠠᠷᠠᠳ ᠤᠨ ᠤᠬᠠᠮᠰᠠᠷ ᠠᠴᠠ ᠪᠠᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠣᠩᠭᠤᠬᠤ ᠶᠢ ᠰᠠᠨᠠᠭᠠᠴᠢᠯᠠᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠶᠯᠡᠳᠪᠦᠷᠢᠯᠡᠯ ᠠᠮᠢᠳᠤᠷᠠᠯ ᠤᠨ ᠰᠢᠨ᠎ᠡ ᠬᠡᠪ ᠰᠤᠷᠲᠠᠯ ᠢ ᠪᠣᠶ ᠪᠣᠯᠭᠠᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠶᠳᠪᠦᠷᠢᠯᠡᠬᠦ ᠲᠠᠶᠢᠨ ᠢ ᠰᠠᠶᠢᠲᠤᠷ ᠬᠢᠨ᠎ᠠ᠃ ᠮᠠᠰᠢᠨ ᠲᠡᠷᠭᠡ ᠰᠡᠯᠪᠢᠨ ᠵᠠᠰᠠᠬᠤ᠂ ᠰᠦᠷᠴᠢᠨ ᠵᠢᠷᠤᠭᠯᠠᠬᠤ᠂ ᠢᠳᠡᠭᠡᠨ ᠤᠮᠳᠠᠭᠠᠨ ᠵᠡᠷᠭᠡ ᠠᠮᠢᠳᠤᠷᠠᠯ ᠤᠨ ᠢᠷᠡᠯᠲᠡ ᠶᠢᠨ VOCs᠎ ᠤᠨ ᠵᠠᠰᠠᠯᠲᠠ ᠶᠢ ᠴᠢᠩᠭᠠᠳᠬᠠᠵᠤ᠂ ᠪᠠᠷᠢᠯᠭ᠎ᠠ ᠶᠢᠨ ᠭᠠᠵᠠᠷ ᠤᠨ ᠲᠣᠭᠤᠰᠣ ᠰᠢᠷᠣᠶ ᠶᠢ ᠵᠠᠰᠠᠬᠤ ︽ᠵᠢᠷᠭᠤᠭᠠᠨ ᠵᠠᠭᠤᠨ ᠬᠤᠪᠢ︾᠎ ᠶᠢᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠦᠨ᠂ ᠲᠥᠪ ᠬᠤᠲᠠ ᠲᠣᠭᠤᠷᠢᠭ ᠤᠨ ᠦᠯᠡᠳᠡᠭᠰᠡᠨ 1.2 ᠲᠦᠮᠡᠨ ᠡᠷᠦᠬᠡ ᠶᠢᠨ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠵᠠᠰᠠᠯᠲᠠ ᠶᠢ ᠲᠦᠷᠭᠡᠳᠬᠡᠨ ᠠᠬᠢᠭᠤᠯᠵᠤ᠂ ᠰᠢᠶᠠᠩ ᠪᠠᠯᠭᠠᠰᠤ ᠶᠢᠨ ᠬᠡᠷᠡᠯ ᠴᠡᠨᠡᠭ ᠢᠶᠠᠷ ᠳᠤᠯᠠᠭᠠᠯᠠᠬᠤ ᠲᠤᠷᠰᠢᠯᠲᠠ ᠶᠢᠨ ᠴᠢᠬ ᠤᠨ ᠠᠵᠢᠯ ᠢ ᠢᠳᠡᠪᠬᠢᠲᠡᠶ ᠥᠷᠨᠢᠭᠦᠯᠵᠦ᠂ ᠠᠭᠠᠷ ᠤᠨ ᠴᠢᠨᠠᠷ  ᠴᠢᠨᠰᠠᠭ᠎ᠠ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢᠨ ᠬᠠᠷᠢᠴᠠᠯ ᠢ 91.6%᠎ ᠠᠴᠠ ᠳᠡᠭᠡᠭᠰᠢ ᠳᠤ ᠲᠣᠭᠲᠠᠪᠤᠷᠢᠵᠢᠭᠤᠯᠬᠤ ᠶᠢ ᠦᠨᠡᠨᠬᠦ ᠪᠠᠲᠤᠯᠠᠨ᠎ᠠ᠃ ᠬᠥᠳᠡᠭᠡ ᠲᠣᠰᠬᠤᠨ ᠤ ᠠᠮᠢᠳᠤᠷᠠᠯ ᠤᠨ ᠪᠣᠬᠢᠷ ᠤᠰᠤ ᠶᠢ ᠵᠠᠰᠠᠬᠤ ᠶᠢ ᠯᠠᠪᠳᠠᠭᠤᠨ ᠢᠶᠠᠷ ᠠᠬᠢᠭᠤᠯᠵᠤ᠂ ᠬᠤᠲᠠ ᠪᠠᠯᠭᠠᠰᠤ ᠶᠢᠨ ᠪᠣᠬᠢᠷ ᠤᠰᠤ ᠶᠢ ᠬᠤᠷᠢᠶᠠᠨ ᠴᠤᠭᠯᠠᠭᠤᠯᠬᠤ ᠪᠠ ᠰᠢᠶᠳᠪᠦᠷᠢᠯᠡᠬᠦ ᠪᠡᠯᠡᠳᠬᠡᠮᠵᠢ ᠶᠢᠨ  ᠲᠣᠳᠠᠭᠳᠠᠯ ᠢ ᠲᠦᠷᠭᠡᠨ ᠨᠥᠬᠦᠪᠥᠷᠢᠯᠡᠵᠦ᠂ ᠪᠠᠶ ᠵᠢᠶᠠ ᠸᠠᠨ —   ᠽᠠᠨ ᠳ᠋ᠠ ᠲᠤᠰᠬᠤᠨ᠂ ᠪᠠᠶᠠᠨ᠂  ᠨᠠᠷᠠᠰᠤᠨ ᠵᠡᠷᠭᠡ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢ ᠴᠢᠩᠭᠠᠳᠬᠠᠵᠤ᠂ ᠲᠥᠪᠯᠡᠷᠡᠩᠭᠦᠶ ᠮᠠᠶ᠋ᠢᠭ ᠤᠨ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ ᠶᠢᠨ ᠣᠷᠣᠨ ᠤ ᠤᠰᠤᠨ ᠤ ᠴᠢᠨᠠᠷ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠶᠢ 100%᠎ ᠳᠤ ᠬᠦᠷᠦᠭᠦᠯᠬᠦ ᠶᠢ ᠦᠨᠡᠨᠬᠦ ᠪᠠᠲᠤᠯᠠᠨ᠎ᠠ᠃ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠭᠦᠨᠵᠡᠭᠡᠶ ᠲᠦᠯᠬᠢᠨ ᠠᠬᠢᠭᠤᠯᠵᠤ᠂ ᠪᠠᠷᠢᠯᠭ᠎ᠠ ᠶᠢᠨ ᠬᠤᠭ ᠨᠣᠪᠰᠢ᠂ ᠡᠮᠴᠢᠯᠡᠭᠡᠨ ᠤ ᠬᠠᠶᠠᠭᠳᠠᠮᠠᠯ ᠪᠣᠳᠠᠰ ᠢ ᠬᠠᠮᠢᠶᠠᠷᠤᠨ ᠡᠵᠡᠮᠳᠡᠬᠦ ᠪᠠ ᠮᠠᠯ ᠵᠢᠭᠦᠷᠲᠡᠨ ᠤ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠴᠢᠩᠭᠠᠳᠬᠠᠵᠤ᠂ ᠬᠥᠷᠥᠰᠥ ᠰᠢᠷᠣᠶ ᠶᠢᠨ ᠣᠷᠴᠢᠨ ᠠᠬᠤᠶ ᠶᠢᠨ ᠶᠠᠰᠤ ᠴᠢᠨᠠᠷ ᠤᠨ ᠲᠣᠭᠲᠠᠭᠤᠨ ᠢᠶᠠᠷ ᠰᠠᠶᠢᠵᠢᠷᠠᠬᠤ ᠶᠢ ᠦᠨᠡᠨ ᠬᠦ ᠪᠠᠲᠤᠯᠠᠨ᠎ᠠ᠃ ᠪᠣᠬᠢᠷᠲᠤᠯ ᠥᠬᠡᠶ ᠡᠬᠢ ᠪᠠᠶᠠᠯᠢᠭ ᠢ ᠬᠠᠮᠠᠭᠠᠯᠠᠬᠤ ᠲᠡᠶᠢᠨ ᠢ ᠰᠠᠶᠢᠲᠤᠷ ᠬᠢᠨ᠎ᠠ᠃ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ 5000 ᠮᠥ  ᠬᠥᠮᠦᠨ ᠤ ᠬᠦᠴᠦᠨ ᠢᠶᠠᠷ ᠣᠶᠢᠵᠢᠭᠤᠯᠬᠤ᠂ 5000 ᠮᠥ ᠮᠠᠭᠤᠳᠠᠭᠰᠠᠨ ᠣᠶ ᠶᠢ ᠵᠠᠰᠠᠨ ᠰᠡᠷᠭᠦᠭᠡᠬᠦ ᠢᠨᠵᠧᠨᠧᠷᠢᠩ ᠢ ᠪᠡᠶᠡᠯᠡᠭᠦᠯᠵᠦ᠂ ᠪᠣᠬᠢᠷᠲᠤᠯ ᠥᠬᠡᠶ ᠰᠠᠭᠤᠷᠢ ᠶᠢ ᠲᠠᠰᠤᠷᠠᠯᠲᠠ ᠥᠬᠡᠶ ᠪᠠᠬᠢᠵᠢᠭᠦᠯᠵᠦ᠂ ᠠᠮᠢ ᠠᠬᠤᠶ ᠶᠢᠨ ᠬᠠᠯᠬᠠᠪᠴᠢ ᠶᠢ ᠪᠠᠬᠢᠵᠢᠭᠦᠯᠦᠨ᠎ᠡ᠃  ᠨᠠᠷᠠᠰᠤᠨ ᠭᠤᠣᠯ᠂ ᠪᠠᠢ ᠴᠢᠤᠸᠠᠨ ᠱᠠᠨ ᠠᠭᠤᠯᠠᠨ ᠤ ᠦᠵᠡᠮᠵᠢ ᠶᠢᠨ ᠳᠡᠭᠡᠭᠰᠢᠯᠡᠯᠲᠡ ᠶᠢ ᠭᠦᠨᠵᠡᠭᠡᠢ ᠠᠬᠢᠭᠤᠯᠵᠤ᠂ ᠴᠢᠳᠠᠪᠬᠢ ᠶᠢᠨ ᠲᠥᠬᠦᠷᠵᠢᠭᠦᠯᠦᠯᠲᠡ ᠶᠢ ᠲᠡᠭᠦᠯᠳᠡᠷᠵᠢᠭᠦᠯᠵᠦ᠂ ᠡᠷᠬᠢᠨ ᠲᠣᠭᠤᠷᠢᠨ ᠤ ᠣᠷᠴᠢᠨ ᠲᠣᠭᠤᠷᠢᠨ ᠢ ᠰᠢᠯᠢᠳᠡᠭᠵᠢᠭᠦᠯᠵᠦ᠂ ᠰᠡᠯᠡᠭᠦᠴᠡᠯ ᠵᠤᠭᠠᠴᠠᠯ ᠵᠡᠷᠭᠡ ᠡᠵᠡᠩᠨᠡᠯᠲᠡ ᠶᠢᠨ ᠬᠡᠯᠪᠡᠷᠢ ᠶᠢ ᠣᠷᠣᠭᠤᠯᠤᠨ ᠠᠪᠴᠢᠷᠠᠵᠤ᠂ ᠤᠯᠠᠨ ᠲᠦᠮᠡᠨ ᠤ ᠰᠣᠶᠣᠯ ᠪᠡᠶ᠎ᠡ ᠶᠢᠨ ᠲᠠᠮᠢᠷ ᠰᠡᠯᠡᠭᠦᠴᠡᠯ᠂ ᠡᠷᠡᠭᠦᠯ ᠴᠢᠭᠢᠷᠠᠭ ᠪᠡᠶ᠎ᠡ ᠰᠤᠪᠢᠯᠠᠯᠲᠠ ᠶᠢᠨ ᠬᠡᠷᠡᠭᠴᠡᠭᠡ ᠶᠢ ᠨᠡᠩ ᠰᠠᠶᠢᠲᠤᠷ ᠬᠠᠩᠭᠠᠵᠤ᠂ ᠬᠥᠬᠡᠮᠳᠦᠭ ᠨᠣᠭᠤᠭᠠᠨ ᠠᠭᠤᠯᠠ ᠤᠰᠤ ᠶᠢ ᠦᠨᠡᠨᠬᠦ ᠦᠯᠡᠳᠡᠭᠡᠬᠦ ᠶᠢᠨ ᠬᠠᠮᠲᠤ ᠬᠤᠳᠠ ᠶᠢᠨ ᠠᠷᠠᠳ ᠲᠤ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠵᠢᠨ‌ᠦᠷ᠎ᠡ ᠪᠦᠲᠦᠭᠡᠯ ᠢ ᠡᠳ᠋ᠯᠡᠭᠦᠯᠦᠨ᠎ᠡ᠃                                ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠪᠥᠬᠦ ᠬᠦᠴᠦᠨ ᠢᠶᠠᠷ ᠨᠡᠮᠡᠭᠳᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠠᠷᠠᠳ ᠤᠨ ᠠᠮᠢᠳᠤᠷᠠᠯ ᠤᠨ ᠬᠠᠷᠢᠭᠤᠯᠲᠠ ᠶᠢᠨ ᠬᠠᠭᠤᠳᠠᠰᠤ ᠶᠢ ᠰᠠᠶᠢᠲᠤᠷ ᠬᠠᠷᠢᠭᠤᠯᠵᠤ᠂ ᠬᠥᠭᠵᠢᠯᠲᠡ ᠶᠢ ᠨᠡᠩ ᠳᠤᠯᠠᠭᠠᠨ᠂ ᠵᠣᠯ ᠵᠢᠷᠭᠠᠯ ᠢ ᠨᠡᠩ ᠴᠢᠨᠠᠷ ᠰᠠᠶᠢᠲᠠᠢ ᠪᠣᠯᠭᠠᠬᠤ ᠬᠡᠷᠡᠭᠲᠡᠢ᠃ ᠨᠡᠶᠢᠭᠡᠮ ᠤᠨ ᠪᠠᠲᠤᠯᠠᠭ᠎ᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ ᠨᠠᠷᠢᠯᠢᠭ ᠣᠨᠣᠴᠠᠲᠠᠶ ᠪᠠᠷ ᠬᠠᠪᠰᠤᠷᠤᠨ ᠲᠡᠳᠬᠦᠬᠦ ᠪᠠ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠠᠳᠠᠯ ᠦᠢᠯᠡᠰ ᠴᠣᠭᠴᠠᠯᠠᠬᠤ ᠶᠢ  ᠠᠬᠢᠭᠤᠯᠬᠤ ᠪᠠᠷ ᠠᠵᠢᠯ ᠣᠯᠭᠤᠯᠲᠠ ᠶᠢ ᠳᠠᠶᠢᠴᠢᠯᠠᠬᠤ᠂ ᠤᠯᠠᠨ ᠠᠷᠭ᠎ᠠ ᠵᠠᠮ ᠢᠶᠠᠷ ᠠᠮᠢᠳᠤᠯᠢᠭ ᠠᠵᠢᠯ ᠣᠯᠭᠤᠬᠤ ᠲᠣᠭᠲᠠᠴᠠ ᠶᠢ ᠪᠠᠶᠢᠭᠤᠯᠵᠤ᠂ ᠬᠤᠳᠠ ᠪᠠᠯᠭᠠᠰᠤᠨ ᠤ 3600 ᠬᠥᠮᠦᠨ ᠳᠤ ᠰᠢᠨ᠎ᠡ ᠪᠠᠷ ᠠᠵᠢᠯ ᠣᠯᠭᠤᠬᠤ᠂ ᠬᠥᠳᠡᠭᠡ ᠲᠣᠰᠬᠤᠨ ᠤ 16000 ᠬᠥᠳᠡᠯᠮᠦᠷᠢ ᠶᠢᠨ ᠬᠦᠴᠦᠨ ᠢ ᠰᠢᠯᠵᠢᠭᠦᠯᠦᠨ ᠠᠵᠢᠯ ᠣᠯᠭᠤᠬᠤ ᠪᠠᠷ ᠴᠢᠷᠮᠠᠶᠢᠵᠤ᠂ ᠬᠤᠳᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4.5%᠎ ᠶᠢᠨ ᠳᠣᠲᠣᠷ᠎ᠠ ᠬᠢᠵᠠᠭᠠᠷᠯᠠᠨ᠎ᠠ᠃ ᠪᠥᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠳᠠᠩᠰᠠᠯᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠬᠤᠳᠠᠯᠳᠤᠭᠠᠨ ᠤ ᠡᠮ ᠡᠮᠨᠡᠯᠭᠡ ᠶᠢᠨ ᠳᠠᠭᠠᠳᠬᠠᠯ ᠢ ᠵᠣᠷᠢᠭᠵᠢᠭᠤᠯᠤᠨ ᠬᠥᠭᠵᠢᠭᠦᠯᠵᠦ᠂ ᠨᠠᠰᠤᠵᠢᠯ ᠤᠨ ᠠᠰᠠᠷᠠᠮᠵᠢ᠂ ᠠᠵᠢᠯ ᠤᠨ ᠭᠡᠮᠲᠦᠯ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ ᠠᠵᠢᠯ ᠠᠯᠳᠠᠯᠲᠠ ᠶᠢᠨ ᠳᠠᠭᠠᠳᠬᠠᠯ ᠤᠨ ᠬᠠᠤᠯᠢ ᠪᠠᠷ ᠲᠣᠭᠲᠠᠭᠠᠭᠰᠠᠨ ᠠᠵᠢᠯᠲᠠᠨ ᠢ ᠪᠦᠬᠦᠨ ᠢ ᠨᠠᠰᠤᠵᠢᠯ ᠤᠨ ᠠᠰᠠᠷᠠᠮᠵᠢ ᠶᠢᠨ ᠮᠥᠩᠭᠦ᠂ ᠠᠵᠢᠯ ᠠᠯᠳᠠᠯᠲᠠ ᠶᠢᠨ ᠮᠥᠩᠭᠦ ᠪᠠ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠣᠨᠴᠠ ᠬᠦᠴᠢᠷᠳᠡᠯᠲᠡᠶ ᠬᠥᠮᠦᠰ ᠂ ᠵᠡᠮᠳᠡᠭᠴᠦᠳ᠂ ᠥᠨᠥᠴᠢᠨ ᠬᠡᠤᠬᠡᠳ ᠵᠡᠷᠭᠡ ᠬᠦᠴᠢᠷᠳᠡᠯᠲᠡᠶ ᠬᠠᠮᠲᠤᠯᠢᠭ ᠤᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠪᠠᠷ ᠠᠷᠭᠠᠴᠠᠵᠤ᠂ ᠦᠷᠡᠵᠢᠯ ᠤᠨ ᠰᠢᠨ᠎ᠡ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠲᠦᠯᠬᠢᠨ ᠠᠬᠢᠭᠤᠯᠤᠨ᠎ᠠ᠃ ᠣᠷᠣᠨ ᠰᠠᠭᠤᠴᠠ ᠶᠢᠨ ᠪᠠᠲᠤᠯᠠᠭ᠎ᠠ ᠶᠢᠨ ᠰᠢᠰᠲ᠋ᠧᠮ ᠢ ᠲᠦᠷᠭᠡᠪᠴᠢᠯᠡᠨ ᠲᠡᠭᠦᠯᠳᠡᠷᠵᠢᠭᠦᠯᠦᠨ᠎ᠡ᠃ ᠦᠯᠡᠳᠡᠭᠰᠡᠨ 2126 ᠢᠵᠢ ᠲᠥᠪᠬᠢᠨᠡᠭᠦᠯᠬᠦ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠪᠡᠶᠡᠯᠡᠭᠦᠯᠵᠦ᠂ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠤᠨ ᠰᠠᠭᠤᠭᠠᠯᠢ ᠠᠷᠠᠳ ᠤᠨ ︽ᠰᠢᠨ᠎ᠡ ᠣᠷᠣᠨ ᠰᠠᠭᠤᠴᠠ ᠶᠢᠨ ᠬᠦᠰᠡᠯ︾᠎ ᠢᠶᠠᠨ ᠡᠷᠲᠡᠬᠡᠨ ᠪᠡᠶᠡᠯᠡᠭᠦᠯᠬᠦ ᠶᠢ ᠦᠨᠡᠨ ᠬᠦ ᠪᠠᠲᠤᠯᠠᠨ᠎ᠠ᠃ ᠨᠠᠩ ᠶᠡᠭᠡ ᠤᠯᠤᠰ ᠲᠥᠷᠥ ᠶᠢᠨ ᠡᠭᠦᠷᠭᠡᠯᠡᠯ ᠪᠠ ᠰᠥᠰᠥ ᠵᠣᠷᠢᠭ ᠢᠶᠠᠷ ᠣᠯᠠᠨ ᠲᠦᠮᠡᠨ ᠢ ᠣᠯᠠᠨ ᠵᠢᠯ ᠭᠠᠴᠢᠭᠳᠠᠭᠤᠯᠵᠤ ᠪᠠᠶᠢᠭᠰᠠᠨ ︽ᠪᠤᠴᠠᠵᠤ ᠨᠡᠭᠦᠬᠦ ᠳᠤ ᠬᠦᠴᠢᠷ︾ ︽ᠣᠷᠣᠵᠤ ᠰᠠᠭᠤᠬᠤ ᠳᠤ ᠬᠦᠴᠢᠷ︾ ︽ᠦᠨᠡᠮᠯᠡᠯ ᠠᠪᠬᠤ ᠳᠤ ᠬᠦᠴᠢᠷ︾ ᠵᠡᠷᠭᠡ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠲᠡᠤᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠨ᠎ᠡ᠃ ᠤᠯᠠᠨ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢᠨ ᠪᠠᠲᠤᠯᠠᠭ᠎ᠠ ᠶᠢᠨ ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠨᠡᠩ ᠤᠯᠠᠨ ᠳᠤᠮᠳᠠ ᠳᠣᠣᠷ᠎ᠠ ᠣᠷᠣᠯᠭ᠎ᠠ ᠲᠠᠢ ᠭᠡᠷ ᠪᠦᠯᠢ ᠶᠢ ᠰᠠᠭᠤᠬᠤ ᠠᠴᠠ ᠣᠷᠣᠨ ᠰᠠᠭᠤᠴᠠ ᠲᠠᠢ ᠪᠣᠯᠭᠠᠨ᠎ᠠ᠃ ᠰᠤᠷᠭᠠᠨ ᠬᠥᠮᠦᠵᠢᠯ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠯᠠᠪᠳᠠᠭᠤᠨ ᠢᠶᠠᠷ ᠠᠬᠢᠭᠤᠯᠤᠨ᠎ᠠ᠃ ︽ᠬᠤᠶᠠᠷ ᠢ ᠪᠠᠭᠠᠰᠬᠠᠬᠤ︾ ᠲᠥᠷᠥ ᠶᠢᠨ ᠪᠣᠳᠣᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠠᠵᠢᠯ ᠮᠡᠷᠭᠡᠵᠢᠯ ᠤᠨ ᠳᠤᠮᠳᠠᠳᠤ ᠰᠤᠷᠭᠠᠭᠤᠯᠢ᠂ ᠴᠠᠬᠠᠷ  ᠰᠠᠭᠤᠷᠢᠰᠢᠯ ᠪᠠᠭ᠎ᠠ ᠰᠤᠷᠭᠠᠭᠤᠯᠢ᠂ ᠶᠢᠰᠦᠳᠦᠭᠡᠷ᠂ ᠠᠷᠪᠠᠨ ᠲᠠᠪᠤᠳᠤᠭᠠᠷ ᠬᠡᠤᠬᠡᠳ ᠤᠨ ᠴᠡᠴᠡᠷᠯᠢᠭ ᠵᠢᠴᠢ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠰᠠᠯᠬᠢ ᠪᠣᠷᠣᠭᠠᠨ ᠲᠠᠢ ᠪᠡᠶ᠎ᠡ ᠶᠢᠨ ᠲᠠᠮᠢᠷ ᠤᠨ ᠲᠠᠯᠠᠪᠠᠶ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠳᠤᠯᠤᠨ ᠰᠤᠷᠤᠯᠴᠠᠬᠤ  ᠦᠢᠯᠡᠳᠦᠯᠭᠡ ᠶᠢᠨ ᠠᠵᠢᠯᠯᠠᠭ᠎ᠠ ᠶᠢ ᠭᠦᠨᠵᠡᠭᠡᠶ ᠬᠡᠷᠡᠭᠵᠢᠭᠦᠯᠦᠨ᠂ ᠶᠣᠰᠣ ᠮᠣᠷᠠᠯ ᠣᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠪᠥᠬᠦ ᠲᠠᠯ᠎ᠠ ᠪᠠᠷ ᠬᠥᠭᠵᠢᠭᠰᠡᠨ ᠨᠡᠶᠢᠭᠡᠮ ᠵᠢᠷᠤᠮ ᠤᠨ ᠪᠥᠲᠥᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠶᠢ ᠬᠦᠴᠦᠯᠡᠨ ᠬᠥᠮᠦᠵᠢᠭᠦᠯᠦᠨ᠎ᠡ᠃ ᠣᠯᠠᠨ ᠲᠦᠮᠡᠨ ᠤ ᠡᠷᠡᠭᠦᠯ ᠮᠡᠨᠳᠦ ᠶᠢᠨ ᠬᠥᠳᠡᠯᠭᠡᠭᠡᠨ ᠤ ᠡᠯ᠎ᠡ ᠲᠥᠷᠥᠯ ᠤᠨ ᠪᠡᠯᠡᠳᠬᠡᠮᠵᠢ ᠎ ᠶᠢ ᠪᠥᠷᠢᠳᠦᠭᠦᠯᠦᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠶᠢᠨ ᠵᠢᠱᠢᠶ᠎ᠡ ᠦᠵᠡᠭᠦᠯᠬᠦ ᠲᠣᠭᠤᠷᠢᠭ ᠢ ᠴᠢᠷᠮᠠᠶᠢᠨ ᠡᠭᠦᠳᠬᠦ ᠬᠡᠷᠡᠭᠲᠡᠶ᠃  ᠬᠢᠲᠠᠳ ᠮᠣᠩᠭᠤᠯ  ᠡᠮᠨᠡᠯᠭᠡ ᠶᠢᠨ ᠬᠤᠷᠢᠶ᠎ᠠ ᠬᠢᠭᠡᠳ ᠹᠦ᠋ ᠷᠦᠢ ᠪᠦᠯᠦᠭᠯᠡᠯ ᠤᠨ ᠬᠠᠮᠲᠤᠷᠠᠯᠴᠠᠭ᠎ᠠ ᠶᠢ ᠲᠦᠷᠭᠡᠳᠬᠡᠨ ᠠᠬᠢᠭᠤᠯᠵᠤ᠂ ᠭᠤᠷᠪᠠᠳᠤᠭᠠᠷ ᠡᠮᠨᠡᠯᠭᠡ ᠶᠢᠨ ᠬᠤᠷᠢᠶ᠎ᠠ ᠬᠢᠭᠡᠳ ᠪᠡᠭᠡᠵᠢᠩ ᠤᠨ ᠴᠠᠩ ᠴᠦᠨ ᠲᠧᠩ ᠠᠨᠠᠭᠠᠬᠤ ᠤᠬᠠᠭᠠᠨ ᠤ ᠳᠡᠭᠡᠳᠦ ᠲᠠᠰ ᠤᠨ ᠴᠢᠳᠠᠪᠤᠷᠢᠲᠠᠨ ᠤ ᠬᠤᠯᠪᠣᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠂ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠵᠤ᠂ ᠡᠮᠨᠡᠯᠭᠡ ᠶᠢᠨ ᠬᠠᠮᠲᠤ ᠶᠢᠨ ᠴᠣᠭᠴᠠ ᠶᠢᠨ ᠫᠠᠶᠢᠰᠠ ᠡᠯᠭᠦᠨ ᠡᠵᠡᠩᠨᠡᠬᠦ ᠶᠢ ᠪᠡᠶᠡᠯᠡᠭᠦᠯᠵᠦ᠂ ᠵᠢᠷᠦᠬᠡᠨ ᠡᠮᠨᠡᠯᠭᠡ᠂ ᠳᠣᠲᠣᠷ ᠪᠥᠭᠡᠷ᠎ᠡ ᠶᠢᠨ ᠡᠮᠨᠡᠯᠭᠡ ᠵᠡᠷᠭᠡ 4 ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠨᠢᠭᠡᠨᠲᠡ ᠪᠣᠶ ᠪᠣᠯᠭᠠᠭᠰᠠᠨ ᠰᠠᠭᠤᠷᠢᠨ ᠳᠡᠭᠡᠷ᠎ᠡ ᠳᠠᠬᠢᠨ 2 ᠭᠤᠤᠯᠳᠠᠯᠭ᠎ᠠ ᠲᠠᠢ ᠰᠢᠨᠵᠢᠯᠡᠭᠡᠨ ᠤ ᠰᠠᠯᠠᠭ᠎ᠠ ᠶᠢ ᠪᠣᠶ ᠪᠣᠯᠭᠠᠵᠤ᠂ ᠣᠯᠠᠨ ᠲᠦᠮᠡᠨ ᠳᠤ ᠰᠢᠯᠢᠳᠡᠭ ᠡᠮᠴᠢᠯᠡᠭᠡᠨ ᠤ ᠦᠢᠯᠡᠴᠢᠯᠡᠭᠡ ᠬᠦᠷᠲᠡᠭᠡᠨ᠎ᠡ᠃     ︵ᠳᠣᠯᠤᠭ᠎ᠠ︶ ᠬᠦᠨᠳᠦ ᠶᠡᠭᠡ ᠲᠦᠭᠰᠢᠭᠦᠷᠢ ᠶᠢ ᠪᠥᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠨ᠎ᠠ᠃ ᠪᠠᠶᠢᠩᠭᠤᠵᠢᠭᠤᠯᠤᠭᠰᠠᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠵᠤ᠂ ︽ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠬᠦ᠂ ᠬᠥᠮᠦᠨ‌‍ᠪᠣᠳᠠᠰ ᠢ ᠬᠠᠮᠲᠤ ᠳᠤᠨᠢ ᠰᠡᠷᠭᠡᠶᠢᠯᠡᠬᠦ︾᠎ ᠶᠢ ᠪᠠᠷᠢᠮᠲᠠᠯᠠᠵᠤ᠂ ᠴᠢᠬᠤᠯᠠ ᠲᠠᠯᠠᠪᠤᠷ ᠭᠠᠵᠠᠷ ᠪᠠ ᠬᠥᠮᠦᠨ ᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠂ ︽ᠲᠦᠷᠪᠡᠨ ᠤᠷᠢᠳᠴᠢᠯᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠴᠠᠭ ᠲᠤᠬᠠᠶ ᠳᠤᠨᠢ ᠢᠯᠡᠷᠡᠭᠦᠯᠬᠦ᠂ ᠲᠦᠷᠭᠡᠨ ᠰᠢᠢᠳᠪᠦᠷᠢᠯᠡᠬᠦ᠂ ᠨᠠᠷᠢᠯᠢᠭ ᠣᠨᠣᠴᠠᠲᠠᠶ ᠪᠠᠷ ᠬᠠᠮᠢᠶᠠᠷᠤᠨ ᠡᠵᠡᠮᠳᠡᠬᠦ᠂ ᠪᠦᠲᠦᠮᠵᠢᠲᠡᠶ ᠪᠠᠷ ᠠᠪᠤᠷᠠᠨ ᠵᠠᠰᠠᠬᠤ ᠶᠢ ᠦᠨᠡᠨ ᠬᠦ ᠪᠠᠲᠤᠯᠠᠵᠤ᠂ ᠴᠤᠭᠯᠠᠷᠠᠯ ᠤᠨ ᠴᠢᠨᠠᠷᠲᠠᠶ ᠬᠢᠵᠢᠭ ᠤᠨ ᠪᠠᠶᠢᠳᠠᠯ ᠡᠭᠦᠰᠬᠦ ᠶᠢ ᠴᠢᠩᠭ᠎ᠠ ᠰᠡᠷᠭᠡᠶᠢᠯᠡᠨ᠎ᠡ᠃ ᠥᠷᠢ ᠥᠭᠴᠡᠭᠡ ᠶᠢᠨ ᠪᠦᠲᠦᠴᠡ ᠶᠢ ᠦᠷᠭᠦᠯᠵᠢᠯᠡᠨ ᠰᠢᠯᠢᠳᠡᠭᠵᠢᠭᠦᠯᠵᠦ᠂ ᠣᠨ ᠤ ᠥᠷᠢ‌ᠥᠭᠴᠡᠭᠡ ᠵᠢ‌ᠠᠷᠢᠯᠭᠠᠬᠤ ᠡᠭᠦᠷᠭᠡ ᠶᠢ ᠴᠠᠭ ᠤᠨ ᠳᠠᠷᠠᠭᠠᠯᠠᠯ ᠤᠨ ᠠᠬᠢᠴᠠ ᠪᠠᠷ ᠪᠡᠶᠡᠯᠡᠭᠦᠯᠦᠨ᠎ᠡ ᠃ ᠮᠥᠩᠭᠦᠨ ᠭᠦᠢᠯᠭᠡᠭᠡᠨ ᠤ ᠵᠠᠬ᠎ᠠ ᠳᠡᠯᠭᠡᠭᠦᠷ ᠤᠨ ᠬᠢᠨᠠᠯᠲᠠ‌ᠬᠠᠮᠢᠶᠠᠷᠤᠯᠲᠠ ᠶᠢ ᠴᠢᠩᠭᠠᠳᠬᠠᠵᠤ᠂ ᠮᠠᠭᠤ ᠰᠠᠨᠠᠭ᠎ᠠ ᠲᠠᠢ ᠪᠠᠷ ᠥᠷᠢ ᠥᠭᠴᠡᠭᠡ ᠠᠴᠠ ᠵᠠᠶᠢᠯᠠᠬᠤ᠂ ᠮᠥᠩᠭᠦᠨ ᠭᠦᠢᠯᠭᠡᠭᠡᠨ ᠤ ᠮᠡᠬᠡᠯᠡᠯ ᠬᠢᠬᠦ᠂ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠬᠤ ᠵᠡᠷᠭᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠶᠢ ᠦᠨᠡᠨ ᠬᠦ ᠰᠡᠷᠭᠡᠶᠢᠯᠡᠨ᠎ᠡ᠃ ᠠᠶᠤᠯᠭᠦᠢ ᠦᠢᠯᠡᠳᠪᠦᠷᠢᠯᠡᠯ ᠤᠨ ᠬᠥᠪᠴᠢ ᠶᠢ ᠴᠠᠭ ᠢᠮᠠᠭᠲᠠ ᠴᠢᠩᠭᠠᠷᠠᠭᠤᠯᠵᠤ᠂ ︽ᠭᠤᠷᠪᠠ ᠶᠢ ᠬᠠᠮᠢᠶᠠᠷᠬᠤ ᠭᠤᠷᠪᠠ ᠶᠢ ᠡᠷᠬᠡᠪᠰᠢ ᠠᠳᠬᠤᠬᠤ︾ ᠵᠠᠷᠴᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠬᠦᠨᠳᠦ ᠶᠡᠭᠡ ᠣᠨᠴᠠ ᠶᠡᠭᠡ ᠠᠳᠡᠯ ᠢ ᠡᠷᠡᠰ ᠰᠡᠷᠭᠡᠶᠢᠯᠡᠨ ᠬᠤᠷᠢᠭᠯᠠᠨ᠎ᠠ᠃ ᠤᠯᠤᠰ ᠤᠨ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠳᠣᠷ ᠬᠢᠨ᠎ᠡ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠬᠠᠤᠯᠢ ᠪᠠᠷ ᠵᠠᠰᠠᠬᠤ ᠰᠡᠳᠬᠢᠬᠦᠶ ᠪᠠ ᠠᠷᠭ᠎ᠠ ᠮᠠᠶ᠋ᠢᠭ ᠢ ᠬᠡᠷᠡᠭᠯᠡᠨ ᠱᠠᠰᠢᠨ ᠰᠤᠷᠲᠠᠬᠤᠨ ᠤ ᠬᠦᠷᠢᠶᠡᠨ ᠳᠠᠬᠢ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠨ᠎ᠡ᠃ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠠᠵᠢᠯ ᠤᠨ ᠵᠢᠯᠣᠭᠤᠳᠬᠤ ᠲᠠᠪᠴᠠᠩ ᠪᠠ ᠠᠪᠤᠷᠠᠨ ᠲᠤᠰᠠᠯᠠᠬᠤ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠠᠪᠤᠷᠠᠨ ᠲᠤᠰᠠᠯᠠᠬᠤ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ᠂ ᠪᠣᠳᠠᠲᠤ  ᠲᠠᠶᠢᠨ ᠤ ᠰᠣᠷᠢᠯᠲᠠ ᠶᠢ ᠴᠢᠩᠭᠠᠷᠠᠭᠤᠯᠵᠤ᠂ ᠭᠡᠨᠡᠳᠲᠡ ᠶᠢᠨ ᠬᠡᠷᠡᠭ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾᠎ ᠶᠢ ᠪᠠᠷᠢᠮᠲᠠᠯᠠᠨ ᠬᠥᠭᠵᠢᠭᠦᠯᠵᠦ᠂ ᠤᠯᠠᠨ ᠲᠦᠮᠡᠨ ᠤ ᠭᠤᠮᠣᠳᠠᠯ ᠲᠣᠭᠠᠴᠢᠬᠤ ᠠᠷᠭ᠎ᠠ ᠵᠠᠮ ᠢ ᠰᠢᠯᠤᠭᠤᠳᠬᠠᠨ ᠵᠢᠷᠤᠮᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠲᠦᠷᠢᠮ ᠢ ᠲᠡᠭᠦᠯᠳᠡᠷᠵᠢᠭᠦᠯᠵᠦ᠂ ᠤᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠨ᠎ᠠ᠃ ᠨᠡᠶᠢᠭᠡᠮ ᠤᠨ ᠠᠮᠤᠷ ᠲᠦᠪᠰᠢᠨ ᠤ ᠬᠤᠯᠪᠣᠭᠠᠯᠠᠨ‌‍ᠰᠡᠷᠭᠡᠶᠢᠯᠡᠵᠦ ᠡᠵᠡᠮᠳᠡᠬᠦ ᠪᠠ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠶ ᠠᠬᠢᠭᠤᠯᠵᠤ᠂ ᠬᠠᠷ᠎ᠠ ᠪᠦᠯᠦᠭᠲᠡᠨ‌ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ᠂ ᠲᠣᠭᠲᠠᠴᠠᠵᠢᠭᠤᠯᠤᠨ ᠥᠷᠨᠢᠭᠦᠯᠵᠦ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠣᠯᠠᠨ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠥᠬᠦ ᠬᠦᠴᠦᠨ ᠢᠶᠠᠷ ᠵᠶ᠋ᠠᠨ‌ᠬᠠᠮᠠᠭᠠᠯᠠᠨ᠎ᠠ᠃                                              ᠡᠭᠦᠨ ᠤ ᠬᠠᠮᠲᠤ᠂ ᠪᠢᠳᠡ‌ᠥᠩᠭᠡᠷᠡᠭᠰᠡᠨ ᠲᠠᠢ ᠪᠠᠨ ᠠᠳᠠᠯᠢ ᠪᠠᠷ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠦᠮᠦᠵᠢᠯ ᠢ ᠭᠦᠨᠵᠡᠭᠡᠶᠢᠷᠡᠭᠦᠯᠵᠦ ᠰᠢᠨ᠎ᠡ ᠴᠠᠭ ᠦᠶ᠎ᠡ ᠶᠢᠨ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠶᠢ ᠭᠦᠨᠵᠡᠭᠡᠶ‌ᠥᠷᠨᠢᠭᠦᠯᠵᠦ᠂ᠶᠠᠰᠤ‌‍ᠴᠢᠨᠠᠷ ᠢᠶᠠᠷ ᠲᠣᠭᠤᠷᠢᠭ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠲᠦᠷᠭᠡᠳᠬᠡᠨ᠂ ᠠᠵᠢᠯᠴᠢᠨ ᠤ ᠡᠪᠯᠡᠯ᠂ᠡᠪ ᠬᠠᠮᠲᠤ ᠵᠠᠯᠠᠭᠤᠴᠤᠳ ᠤᠨ ᠡᠪᠯᠡᠯ᠂ ᠡᠮᠡᠭᠲᠡᠶᠢᠴᠦᠳ ᠤᠨ ᠬᠤᠯᠪᠣᠭ᠎ᠠ᠂ ᠠᠵᠤ  ᠦᠢᠯᠡᠳᠪᠦᠷᠢ ᠬᠤᠳᠠᠯᠳᠤᠭᠠᠨ ᠤ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠵᠡᠷᠭᠡ ᠠᠷᠠᠳ ᠤᠨ ᠪᠦᠯᠬᠦᠮ ᠤᠨ ᠨᠡᠶᠢᠭᠡᠮ ᠤᠨ ᠵᠠᠰᠠᠯᠲᠠ ᠪᠠ ᠣᠯᠠᠨ ᠨᠡᠶᠢᠲᠡ ᠶᠢᠨ ᠦᠢᠯᠡᠴᠢᠯᠡᠭᠡ ᠳᠤ ᠥᠷᠭᠡᠨ ᠢᠶᠠᠷ ᠣᠷᠣᠯᠴᠠᠬᠤ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠬᠠᠮ ᠵᠠᠭᠤᠴᠢᠯᠠᠭᠤᠷ᠂ ᠲᠤᠭ᠎ᠠ ᠪᠦᠷᠢᠳᠬᠡᠯ᠂ ᠴᠠᠭ ᠠᠭᠤᠷ᠂ ᠲᠠᠩᠰᠠ ᠡᠪᠬᠡᠮᠡᠯ᠂ ᠵᠡᠮᠳᠡᠭᠴᠦᠳ᠂ ᠣᠷᠣᠨ ᠨᠤᠲᠤᠭ ᠤᠨ ᠣᠶᠢᠯᠠᠯᠭ᠎ᠠ ᠵᠡᠷᠭᠡ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠦᠢᠯᠡᠰ ᠤᠨ ᠢᠮᠠᠭᠲᠠ‌ᠵᠥ᠋ᠪ‌ᠣᠨᠣᠪᠴᠢᠲᠠᠶ‌ᠤᠯᠤᠰ‌‍ᠲ᠋ᠥ᠋ᠷᠥ ᠵᠢᠨ‌‍ᠴᠢᠭᠯᠡᠯ ᠵᠶ᠋ᠠᠷ‌‍ᠲ᠋ᠠᠰᠤᠷᠠᠯᠲᠠ‌ᠥᠬᠡᠶ‌ᠤᠷᠤᠭᠰᠢᠯᠠᠬᠤ ᠵᠢ‌ᠦᠨᠡᠨᠬᠦ ᠪᠠᠲᠤᠯᠠᠨ᠎ᠠ᠃ᠳᠥᠷᠪᠡ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ     ᠲᠥᠯᠥᠭᠡᠯᠡᠭᠴᠢᠳ ᠡ︕ ᠰᠢᠨ᠎ᠡ ᠡᠬᠢᠯᠡᠯᠲᠡ ᠳᠡᠭᠡᠷ᠎ᠡ ᠵᠣᠭᠰᠣᠵᠤ᠂ ᠰᠢᠨ᠎ᠡ ᠡᠭᠦᠷᠭᠡ ᠶᠢ ᠡᠭᠦᠷᠭᠡᠯᠡᠵᠦ᠂ ᠰᠢᠨ᠎ᠡ ᠬᠦᠰᠡᠯ ᠡᠷᠡᠮᠡᠯᠵᠡᠯ ᠢ ᠪᠡᠶᠡᠯᠡᠭᠦᠯᠬᠦ ᠳᠤ᠂ ᠪᠢᠳᠡ ᠨᠡᠩ ᠴᠢᠩᠭ᠎ᠠ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ᠂ ᠨᠡᠩ ᠴᠢᠩᠭ᠎ᠠ ᠠᠷᠭ᠎ᠠ  ᠬᠡᠮᠵᠢᠶ᠎ᠡ ᠪᠠᠷ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠡᠷᠡᠰ ᠭᠤᠶᠢᠪᠢᠰᠢ ᠦᠭᠡᠢ ᠴᠢᠩᠭᠠᠳᠬᠠᠵᠤ᠂ ︽ᠲᠠᠪᠤᠨ ᠬᠡᠯᠪᠡᠷᠢ ᠶᠢᠨ ᠵᠠᠰᠠᠭ ᠤᠨ ᠣᠷᠳᠣᠨ︾᠎ ᠢ ᠪᠠᠶᠢᠭᠤᠯᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ  ᠡᠭᠦᠷᠭᠡᠯᠡᠬᠦ ᠰᠢᠨ᠎ᠡ ᠴᠠᠭ ᠦᠶ᠎ᠡ ᠶᠢᠨ ᠵᠠᠰᠠᠭ ᠤᠨ ᠣᠷᠳᠣᠨ ᠤ  ᠪᠦᠬᠦᠨ ᠢ ᠢᠯᠠᠭᠴᠢ  ᠴᠡᠷᠢᠭ ᠠᠩᠭᠢ ᠶᠢ ᠪᠦᠬᠦ ᠬᠦᠴᠦᠨ ᠢᠶᠠᠷ ᠢᠶᠠᠨ ᠳᠠᠪᠲᠠᠨ‌‍ᠪᠣᠯᠪᠠᠰᠤᠷᠠᠭᠤᠯᠬᠤ‌‍ᠬᠡ᠊᠃                                                     ᠦᠨᠡᠨᠴᠢ ᠰᠢᠳᠤᠷᠭᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠶ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠣᠭᠤᠯᠵᠤ᠂ ︽ᠳᠥᠷᠪᠡᠨ ᠤᠬᠠᠮᠰᠠᠷ︾᠎ ᠢ ᠪᠠᠲᠤ ᠪᠤᠶ ᠪᠣᠯᠭᠠᠵᠤ᠂ ︽ᠳᠥᠷᠪᠡᠨ ᠢᠲᠡᠭᠡᠯ︾᠎ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠵᠡᠯ ᠰᠠᠨᠠᠭ᠎ᠠ ᠎ ᠪᠠᠨ ᠢᠮᠠᠭᠲᠠ ᠤᠯᠤᠰ ᠲᠦᠷᠦ ᠦᠢᠯᠡ ᠠᠵᠢᠯᠯᠠᠭ᠎ᠠ ᠳᠡᠭᠡᠷ᠎ᠡ ᠨᠢᠭᠡᠳᠭᠡᠵᠦ ᠂ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ  ᠬᠡᠮᠵᠢᠶ᠎ᠡ ᠪᠠᠷ ᠨᠢᠭᠡᠳᠦᠯᠲᠡᠢ ᠪᠠᠶᠢᠵᠤ᠂ ᠡᠯ᠎ᠡ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠵᠤ᠂ ᠪᠦᠬᠦ ᠲᠣᠭᠤᠷᠢᠭ ᠤᠨ ᠡᠯ᠎ᠡ ᠵᠦᠢᠯ ᠤᠨ ᠦᠢᠯᠡᠰ ᠵᠥᠪ ᠴᠢᠭᠯᠡᠯ ᠢᠶᠠᠷ᠂ ᠨᠡᠩ‌ᠥᠨᠳᠥᠷ‌ᠬᠠᠷᠠᠯᠲᠠ‌‍ᠲ᠋ᠡᠰᠢ‌ᠤᠷᠤᠭᠰᠢᠯᠠᠬᠤ ᠵᠢ‌‍ᠪᠠᠲᠤᠯᠠᠬᠤ‌‍ᠬᠡᠷᠡᠭᠲᠡᠢ᠃  ᠬᠠᠤᠯᠢ ᠪᠠᠷ ᠵᠠᠰᠠᠬᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠣᠨ᠎ᠠ᠃ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠪᠠᠷᠢᠮᠲᠠᠯᠠᠨ᠂ ︽ᠨᠠᠢᠮᠠᠳᠤᠭᠠᠷ ᠲᠠᠪᠤᠨ ᠵᠢᠯ︾᠎ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠭᠦᠨᠵᠡᠭᠡᠶ ᠥᠷᠨᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠤᠯᠠᠨ ᠨᠡᠶᠢᠲᠡ ᠶᠢ ᠣᠷᠣᠯᠴᠠᠭᠤᠯᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠶᠠᠷᠢᠯᠴᠠᠨ ᠲᠣᠭᠲᠠᠭᠠᠬᠤ ᠶᠢ ᠦᠨᠡᠨ ᠬᠦ ᠵᠠᠰᠠᠭ ᠵᠠᠬᠢᠷᠭᠠᠨ ᠤ ᠰᠢᠢᠳᠪᠦᠷᠢᠲᠣ ᠪᠤᠳᠤᠯᠭ᠎ᠠ ᠲᠣᠭᠲᠠᠭᠠᠬᠤ ᠬᠠᠤᠯᠢ ᠪᠠᠷ ᠲᠣᠭᠲᠠᠭᠠᠭᠰᠠᠨ ᠵᠢᠷᠤᠮ ᠪᠣᠯᠭᠠᠵᠤ᠂ ᠬᠠᠤᠯᠢ ᠪᠠᠷ ᠵᠠᠰᠠᠬᠤ ᠵᠣᠷᠢᠭ ᠰᠠᠨᠠᠭ᠎ᠠ ᠶᠢ ᠵᠠᠰᠠᠭ ᠤᠨ ᠣᠷᠳᠣᠨ ᠤ ᠠᠵᠢᠯ ᠤᠨ ᠭᠤᠭᠴᠤᠭ᠎ᠠ ᠨᠢᠭᠡᠪᠦᠷᠢ ᠳᠤ ᠨᠡᠪᠴᠢᠭᠦᠯᠦᠨ᠎ᠡ᠃ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠶᠡᠬᠡᠪᠡᠷ ᠠᠬᠢᠭᠤᠯᠵᠤ᠂ ᠲᠣᠭᠤᠷᠢᠭ ‍ᠤᠨ‌ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠲᠠᠯᠪᠢᠯᠲᠠ ᠶᠢ ᠬᠠᠤᠯᠢ ᠶᠣᠰᠣᠭᠠᠷ ᠬᠦᠯᠢᠶᠡᠵᠦ᠂ ᠲᠣᠭᠤᠷᠢᠭ ᠤᠨ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠲᠠᠯᠪᠢᠯᠲᠠ᠂ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠤᠯᠤᠰ ᠲᠥᠷᠥ ᠶᠢᠨ ᠬᠢᠨᠠᠯᠲᠠ ᠲᠠᠯᠪᠢᠯᠲᠠ ᠪᠠ ᠨᠡᠶᠢᠭᠡᠮ ᠤᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠡᠷᠬᠡ ᠶᠢ ᠲᠦᠷᠢᠮ ᠤᠨ ︽ᠰᠢᠩᠭᠡᠯᠢᠭ︾ᠳᠣᠲᠣᠷ᠎ᠠ᠂ᠬᠠᠤᠯᠢ ᠪᠠᠷ‌ᠵᠠᠰᠠᠬᠤ‌ᠵᠠᠮ ᠵᠶ᠋ᠠᠷ‌‍ᠶᠠᠪᠤᠭᠳᠠᠭᠤᠯᠤᠨ᠎ᠠ᠃  ᠪᠣᠳᠠᠲᠠᠶ ᠠᠵᠢᠯᠯᠠᠬᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ︽ᠦᠨᠡᠨ᠂ ᠪᠣᠳᠠᠲᠠᠶ ᠠᠵᠢᠯᠯᠠᠬᠤ᠂ ᠪᠣᠳᠠᠲᠠᠶ ᠠᠮᠵᠢᠯᠲᠠ ᠤᠯᠬᠤ︾ ᠠᠵᠢᠯ ᠤᠨ ᠤᠳᠤᠷᠢᠳᠤᠮᠵᠢ ᠶᠢ ᠪᠠᠷᠢᠮᠲᠠᠯᠠᠨ᠂ ︽ᠭᠤᠷᠪᠠᠨ   ᠡᠷᠡᠬᠡᠢ︾᠎  ᠵᠣᠷᠢᠭ ᠰᠠᠨᠠᠭ᠎ᠠ ᠶᠢ ᠡᠷᠡᠰ ᠭᠤᠶᠢᠪᠢᠰᠢ ᠥᠬᠡᠶ ᠪᠠᠳᠠᠷᠠᠭᠤᠯᠵᠤ᠂ ᠦᠵᠡᠯ ᠰᠠᠨᠠᠭᠠᠨ ᠤ ᠳᠠᠪᠲᠠᠯᠲᠠ᠂ ᠤᠯᠤᠰ ᠲᠥᠷᠥ ᠶᠢᠨ ᠳᠠᠪᠲᠠᠯᠲᠠ᠂ ᠦᠢᠯᠡᠳᠦᠯᠭᠡ ᠶᠢᠨ ᠳᠠᠪᠲᠠᠯᠲᠠ᠂ ᠲᠤᠰᠬᠠᠶ ᠮᠡᠷᠭᠡᠵᠢᠯ ᠤᠨ ᠪᠣᠯᠪᠠᠰᠤᠷᠠᠯ ᠢ ᠣᠷᠳᠣ ᠬᠤᠭᠤᠴᠠᠭ᠎ᠠ ᠪᠠᠷ ᠪᠠᠷᠢᠮᠲᠠᠯᠠᠨ ᠴᠢᠩᠭᠠᠳᠬᠠᠵᠤ᠂ ︽ᠨᠠᠢᠮᠠᠨ ᠵᠦᠢᠯ ᠤᠨ ᠡᠷᠲᠡᠮ ᠴᠢᠳᠠᠯ︾᠎ ᠶᠢ ᠬᠦᠴᠦᠯᠡᠨ ᠴᠢᠩᠭᠠᠳᠬᠠᠵᠤ᠂ ︽ᠲᠤᠯᠤᠭᠠᠨ ᠵᠦᠢᠯ ᠤᠨ ᠴᠢᠳᠠᠪᠤᠷᠢ︾᠎ ᠶᠢ ᠳᠡᠭᠡᠭᠰᠢᠯᠡᠭᠦᠯᠦᠨ᠎ᠡ᠃ ᠤᠷᠮᠠᠰᠢᠭᠤᠯᠤᠨ ᠵᠣᠷᠢᠭᠵᠢᠭᠤᠯᠬᠤ ᠲᠣᠭᠲᠠᠴᠠ ᠪᠠ ᠠᠯᠳᠠᠭ᠎ᠠ ᠪᠤᠷᠤᠭᠤ ᠶᠢ ᠠᠭᠤᠴᠢᠯᠠᠨ ᠪᠠᠭᠲᠠᠭᠠᠬᠤ ᠵᠠᠯᠠᠷᠠᠭᠤᠯᠬᠤ ᠲᠣᠭᠲᠠᠴᠠ ᠶᠢ ᠪᠦᠷᠢᠨᠰᠢᠬᠦᠯᠵᠤ᠂ ᠠᠵᠢᠯ ᠬᠢᠭᠰᠡᠳ ᠢ ᠵᠣᠷᠢᠭᠵᠢᠭᠤᠯᠵᠤ᠂ ᠡᠭᠦᠷᠭᠡ ᠡᠭᠦᠷᠭᠡᠯᠡᠭᠴᠢ ᠳᠤ ᠲᠦᠰᠢᠭ ᠲᠤᠯᠭᠠᠭᠤᠷᠢ ᠪᠣᠯᠬᠤ ᠬᠡᠷᠡᠭᠲᠡᠢ᠃ ᠦᠵᠡᠯ ᠰᠠᠨᠠᠭ᠎ᠠ ᠪᠠᠨ ᠴᠢᠯᠥᠭᠡᠯᠡᠬᠦ᠂ ᠰᠢᠨ᠎ᠡ ᠶᠢ ᠡᠭᠦᠳᠴᠦ ᠰᠢᠪᠲᠤᠯᠤᠯᠲᠠ ᠭᠠᠷᠭᠠᠬᠤ ᠶᠢ ᠪᠠᠷᠢᠮᠲᠠᠯᠠᠵᠤ᠂ ᠲᠡᠷᠢᠭᠦᠨ ᠤ ᠬᠢ ᠶᠢ ᠵᠣᠷᠢᠭᠲᠠᠢ ᠪᠠᠷ ᠡᠭᠦᠳᠬᠦ᠂ ᠲᠡᠷᠢᠭᠦᠨ ᠤ ᠬᠢ ᠶᠢ ᠡᠷᠡᠯᠬᠡᠭᠯᠡᠨ ᠲᠡᠮᠡᠴᠡᠬᠦ ᠠᠵᠢᠯ ᠦᠢᠯᠡᠰ ᠢᠶᠠᠨ ᠳᠡᠭᠡᠳᠦᠯᠡᠬᠦ ᠵᠣᠷᠢᠭ ᠰᠠᠨᠠᠭ᠎ᠠ ᠪᠠᠷ ᠪᠦᠬᠦ  ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ‌‍ᠰᠠᠶᠢᠲᠠᠢ‌‍ᠬᠥ᠋ᠭᠵᠢᠯᠲᠡ ᠵᠢ‌ᠯᠠᠪᠳᠠᠭᠤᠨ‌‍ᠪᠠᠲᠤᠲᠠᠢ‌ᠠᠬᠢᠭᠤᠯᠬᠤ‌‍ᠬᠡᠷᠡᠭᠲᠡᠢ᠃ᠦᠢᠯᠡᠴᠢᠯᠡᠬᠦ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠠᠷᠠᠳ ᠤᠨ ᠲᠥᠯᠥᠭᠡ ᠲᠦᠷᠦ ᠪᠠᠷᠢᠬᠤ ᠶᠢ ᠪᠠᠷᠢᠮᠲᠠᠯᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠦᠬᠦ ᠲᠠᠯ᠎ᠠ ᠪᠠᠷ ᠪᠠᠬᠢᠵᠢᠭᠦᠯᠵᠦ᠂ ᠠᠵᠢᠯ ᠤᠨ ᠬᠠᠷᠠᠭᠠᠰᠤ ᠪᠠᠨ ᠰᠠᠨᠠᠭᠠᠴᠢᠯᠠᠭ᠎ᠠ ᠠᠴᠠ ᠪᠠᠨ ᠬᠤᠪᠢᠷᠠᠭᠤᠯᠵᠤ᠂ ︽ᠤᠯᠠᠨ ᠲᠦᠮᠡᠨ ᠤ ᠰᠡᠳᠬᠢᠬᠦᠢ᠂ ᠠᠵᠤ ᠠᠬᠤᠶᠢᠯᠠᠯ ᠤᠨ ᠣᠶᠢᠯᠠᠭᠠᠯᠲᠠ︾᠎ ᠶᠢ ᠵᠠᠰᠠᠭ ᠤᠨ ᠣᠷᠳᠣᠨ ᠤ ᠵᠠᠰᠠᠯᠲᠠ ᠪᠠ ᠦᠢᠯᠡᠴᠢᠯᠡᠭᠡᠨ ᠤ ᠪᠦᠬᠦ ᠬᠡᠯᠬᠢᠶ᠎ᠡ ᠳᠤ ᠠᠭᠤᠰᠤᠯᠴᠠᠭᠤᠯᠵᠤ᠂ ᠤᠯᠠᠨ ᠲᠦᠮᠡᠨ ᠪᠠ ᠠᠵᠤ ᠠᠬᠤᠶᠢᠯᠠᠯ ᠤᠨ ᠲᠠᠯ᠎ᠠ ᠠᠴᠠ ᠠᠰᠠᠭᠤᠳᠠᠯ ᠢ ᠪᠣᠳᠣᠯᠬᠢᠯᠠᠬᠤ᠂ ᠤᠴᠢᠷ ᠶᠠᠪᠤᠳᠠᠯ ᠪᠦᠲᠦᠭᠡᠬᠦ᠂ ᠲᠦᠷᠦ ᠶᠢᠨ ᠪᠤᠳᠤᠯᠭ᠎ᠠ ᠲᠣᠭᠲᠠᠭᠠᠬᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠳᠤ ᠨᠡᠩ ᠤᠯᠠᠨ ᠣᠷᠣᠯᠴᠠᠵᠤ᠂ ᠫᠢᠶᠣᠣ ᠪᠠᠷ ᠪᠠᠲᠤᠯᠠᠭᠰᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠲᠡᠭᠦᠰ ᠠᠮᠵᠢᠯᠲᠠ ᠲᠠᠢ ᠪᠡᠶᠡᠯᠡᠭᠦᠯᠬᠦ ᠬᠡᠷᠡᠭᠲᠡᠢ᠃ ᠦᠨᠳᠦᠰᠦᠨ ᠱᠠᠲᠤᠨ ᠤ ᠳᠠᠷᠤᠯᠲᠠ ᠶᠢ ᠣᠶᠢᠯᠠᠭᠠᠵᠤ᠂ ᠦᠨᠳᠦᠰᠦᠨ ᠱᠠᠲᠤᠨ ᠤ ᠬᠦᠴᠢᠷᠳᠡᠯ ᠢ ᠬᠠᠯᠠᠮᠵᠢᠯᠠᠨ᠂ ᠦᠨᠳᠦᠰᠦᠨ ᠱᠠᠲᠤᠨ ᠤ ᠠᠵᠢᠯ ᠢ ᠳᠡᠮᠵᠢᠵᠦ᠂ ᠨᠡᠩ ᠤᠯᠠᠨ ᠡᠬᠢ ᠪᠠᠶᠠᠯᠢᠭ ᠪᠠ ᠬᠦᠴᠦᠨ ᠴᠢᠳᠠᠯ ᠤᠨ ᠦᠨᠳᠦᠰᠦᠨ ᠱᠠᠲᠤᠨ ᠳᠤ ᠭᠦᠨᠵᠡᠭᠡᠶᠢᠷᠡᠬᠦ ᠶᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠳᠤ ᠠᠵᠢᠯ ᠬᠢᠵᠦ ᠠᠳᠠᠯ ᠦᠢᠯᠡᠰ ᠴᠣᠭᠴᠠᠯᠠᠬᠤ ᠰᠠᠶᠢᠨ ᠰᠠᠶᠢᠬᠠᠨ ᠣᠷᠴᠢᠨ ᠨᠥᠬᠦᠴᠡᠯ ᠢ ᠴᠢᠷᠮᠠᠶᠢᠨ ᠪᠤᠢ‌‍ᠪᠣᠯᠭᠠᠵᠤ‌ᠥᠭᠭᠦᠨ᠎ᠡ᠃                                                ᠠᠷᠢᠭᠤᠨ ᠴᠢᠬᠡᠴᠢ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠤᠨ᠎ᠠ᠃ ᠠᠷᠢᠭᠤᠨ ᠴᠢᠬᠡᠴᠢ ᠪᠠᠷ ᠵᠠᠰᠠᠭ ᠪᠠᠷᠢᠬᠤ ᠶᠢ ᠪᠠᠷᠢᠮᠲᠠᠯᠠᠵᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ︽ᠨᠢᠭᠡ ᠠᠵᠢᠯ ᠤᠨ ᠪᠠᠶᠢᠷᠢ ᠳᠤ ᠬᠤᠶᠠᠷ ᠬᠠᠷᠢᠭᠤᠴᠠᠯᠭ᠎ᠠ ᠲᠠᠢ ᠪᠠᠶᠢᠬᠤ︾᠎ ᠶᠢ ᠪᠣᠳᠠᠲᠠᠶᠢᠵᠢᠭᠤᠯᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠵᠤ᠂ ︽ᠲᠦᠷᠪᠡᠨ ᠰᠤᠷᠲᠠᠯ︾᠎ ᠢ ᠡᠷᠡᠰ ᠡᠰᠡᠷᠭᠦᠴᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠨ᠎ᠡ᠃ ︽  ᠬᠦᠴᠢᠷ ᠠᠮᠢᠳᠣᠷᠠᠯ ᠢ ᠦᠩᠭᠡᠷᠡᠭᠡᠬᠦ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠶᠢ ᠴᠢᠩᠭ᠎ᠠ ᠬᠡᠷᠡᠭᠵᠢᠭᠦᠯᠵᠦ᠂ ᠪᠦᠷᠢᠯᠭᠡᠨ ᠰᠦᠢᠳᠬᠡᠬᠦ ᠶᠢ ᠡᠰᠡᠷᠭᠦᠴᠡᠵᠦ᠂ ᠲᠥᠰᠦᠪ ᠤᠨ ᠬᠠᠲᠠᠭᠤ ᠬᠢᠵᠠᠭᠠᠷᠯᠠᠯ ᠢ ᠴᠢᠩᠭᠠᠳᠬᠠᠵᠤ᠂ ᠵᠠᠰᠠᠭ ᠤᠨ ᠣᠷᠳᠣᠨ ᠤ ᠠᠷᠪᠢᠯᠠᠨ ᠭᠠᠮᠨᠠᠬᠤ ᠪᠠᠷ ᠠᠷᠠᠳ‌ᠤᠯᠠᠨ ‍ᠤ‌‍ᠰᠠᠶᠢᠨ‌‍ᠰᠠᠶᠢᠬᠠᠨ‌ᠠᠮᠢᠳᠤᠷᠠᠯ ᠢ‌ᠦᠨᠡᠨ‌‍ᠬᠦ‌‍ᠰᠣᠯᠢᠵᠤ‌ᠠᠪᠴᠢᠷᠠᠨ᠎ᠠ᠃                  ᠲᠥᠯᠥᠭᠡᠯᠡᠭᠴᠢᠳ ᠡ︕ ᠤᠯᠤᠰ ᠣᠷᠣᠨ ᠤ ᠨᠢᠭᠡᠳᠦᠯ᠂ ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠪᠣᠯ ᠮᠠᠨ ᠤ ᠡᠭᠦᠷᠭᠡᠯᠡᠵᠦ ᠪᠠᠶᠢᠭ᠎ᠠ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠮᠥᠨ᠃ ᠪᠢᠳᠡ ᠰᠢ ᠶᠢᠨ ᠫᠢᠩ ᠶᠡᠷᠦᠩᠬᠡᠶ‌‍ᠱᠦ᠋ᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠲᠠᠢ ᠬᠠᠷᠢᠴᠠᠭᠤᠯᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ︽ᠬᠥᠲᠥᠯᠪᠦᠷᠢ︾᠎ ᠶᠢ ᠪᠠᠲᠤ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠤ ᠪᠦᠳᠦᠭᠡᠨ ᠪᠠᠶᠢᠭᠤᠯᠤᠯᠲᠠ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠨᠡᠶᠢᠭᠡᠮ ᠵᠢᠷᠤᠮ ᠤᠨ ᠣᠳᠣᠬᠢᠴᠢᠯᠠᠯᠲᠠ ᠲᠡᠰᠢ ᠬᠠᠮᠲᠤᠪᠠᠷ ᠤᠷᠤᠭᠰᠢᠯᠠᠬᠤ ᠶᠢ ᠠᠬᠢᠭᠤᠯᠬᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ ᠢ ᠠᠬᠢᠭᠤᠯᠬᠤ᠂ ᠦᠨᠳᠦᠰᠦᠲᠡᠨ ᠤ ᠬᠡᠷᠡᠭ ᠶᠠᠪᠤᠳᠠᠯ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠵᠢᠨ‌ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠬᠦ ᠲᠠᠯ᠎ᠠ ᠪᠠᠷ  ᠡᠮᠦᠨ᠎ᠡ ᠣᠷᠣᠵᠣ᠂ ᠦᠯᠢᠬᠡᠷ ᠳᠠᠭᠤᠷᠢᠶᠠᠯ ᠪᠣᠯᠬᠤ ᠪᠠᠷ ᠴᠢᠷᠮᠠᠶᠢᠨ᠎ᠠ᠃ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠤᠯᠠᠨ ᠲᠦᠮᠡᠨ ᠤ ᠮᠡᠳᠡᠷᠡᠮᠵᠢ ᠶᠢ ᠲᠠᠰᠤᠷᠠᠯᠲᠠ ᠦᠭᠡᠢ ᠴᠢᠩᠭᠠᠳᠬᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠦᠬᠦ ᠲᠣᠭᠤᠷᠢᠭ ᠤᠨ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠡᠳᠬᠢᠯ ᠳᠤ ᠭᠦᠨ ᠦᠨᠳᠦᠰᠦᠯᠡᠭᠦᠯᠦᠨ᠎ᠡ᠃᠃        ᠲᠥᠯᠥᠭᠡᠯᠡᠭᠴᠢᠳ ᠡ︕ ᠰᠢᠨ᠎ᠡ ᠵᠢᠷᠤᠭ ᠲᠥᠰᠦᠪ ᠢ ᠪᠠᠷᠠᠯᠠᠵᠤ᠂ ᠰᠢᠨ᠎ᠡ ᠠᠶᠠᠨ ᠢᠶᠠᠨ ᠡᠬᠢᠯᠡᠭᠦᠯᠬᠦ ᠳᠤ ᠪᠢᠳᠡ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ ᠃ᠰᠢᠨ᠎ᠡ ᠬᠥᠭᠵᠢᠯᠲᠡ ᠶᠢ ᠡᠷᠢᠯᠬᠢᠯᠡᠵᠦ᠂ ᠰᠢᠨ᠎ᠡ ᠳᠠᠪᠠᠯᠲᠠ ᠶᠢ ᠪᠡᠶᠡᠯᠡᠭᠦᠯᠬᠦ ᠳᠤ ᠪᠢᠳᠡ ᠢᠲᠡᠭᠡᠯ ᠳᠦᠭᠦᠷᠡᠩ ᠪᠠᠶᠢᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠲᠣᠭᠤᠷᠢᠭ ‍ᠤᠨ‌ᠨᠠᠮ ᠤᠨ ᠬᠤᠷᠢᠶᠠᠨ ‍ᠤ‌‍ᠪᠠᠲᠤ ᠴᠢᠩᠭ᠎ᠠ ᠤᠳᠤᠷᠢᠳᠤᠯᠭ᠎ᠠ ᠶᠢᠨ ᠳᠣᠣᠷ᠎ᠠ ᠡᠷᠡᠯᠬᠡᠭᠯᠡᠨ ᠲᠡᠮᠡᠴᠡᠵᠦ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠨ᠂ᠢᠯᠠᠯᠲᠠ ᠵᠢᠨ‌ᠡᠷᠴᠢᠨ ᠳᠡᠭᠡᠷ᠎ᠡ ᠪᠠᠨ ᠰᠢᠨ᠎ᠡ ᠪᠠᠶᠢᠳᠠᠯ ᠢ ᠨᠡᠭᠡᠭᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ‍ᠤᠨ‌ᠬᠤᠷᠢᠳᠤᠭᠠᠷ ᠶᠡᠭᠡ ᠬᠤᠷᠠᠯ ‍ᠤᠨ‌ᠢᠯᠠᠯᠲᠠ ᠲᠠᠢ ᠪᠠᠷ ᠬᠤᠷᠠᠯᠳᠤᠬᠤ ᠶᠢ ᠤᠭᠲᠤᠵᠠᠭᠠᠶ᠎ᠠ︕        ᠤᠷᠴᠢᠭᠤᠯᠤᠭᠴᠢ᠄ ᠤᠳᠤᠩᠬᠤᠸᠠᠷ                       ᠪᠤᠤ ᠯᠢᠩ ᠶᠤᠸᠠᠨ                       ᠲᠤᠶᠠᠭ᠎ᠠ 
 
ᠢᠷᠡᠯᠲᠡ᠄ ᠵᠢᠨᠢᠩ ᠲᠤᠭᠤᠷᠢᠭ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000630号-2